ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠢ ᠪᠦᠬᠦ ᠬᠦᠴᠦ ᠪᠠᠷ ᠠᠬᠢᠭᠤᠯᠵᠦ᠂ ᠡᠬᠡ ᠤᠯᠤᠰ ᠤᠨ ᠤᠮᠠᠷᠠᠲᠦ ᠬᠢᠯᠢ ᠶᠢᠨ ᠪᠤᠬᠢᠷᠳᠤᠯ ᠦᠭᠡᠢ ᠠᠮᠢ ᠠᠬᠤᠢ ᠶᠢᠨ ᠠᠮᠦᠷ ᠲᠦᠪᠰᠢᠨ ᠤ ᠬᠠᠯᠬᠠᠪᠴᠢ ᠶᠢ ᠴᠤᠭᠴᠠᠯᠠᠨ ᠪᠠᠶᠢᠭᠤᠯᠤᠨ᠎ᠡ
ᠨᠡᠶᠢᠲᠡᠯᠡᠭᠰᠡᠨ ᠴᠠᠭ᠄
2018-10-16

     ᠰᠤᠷᠪᠤᠯᠵᠢᠯᠠᠭ᠎ᠠ ᠶᠢᠨ ᠬᠦᠨᠲᠦᠲᠦ ᠵᠤᠴᠢᠨ᠄ ᠬᠤᠰᠢᠭᠤᠨ ᠤ ᠤᠷᠴᠢᠨ ᠬᠠᠮᠠᠭᠠᠯᠠᠯᠲᠡ ᠶᠢᠨ ᠲᠤᠪᠴᠢᠶ᠎ᠡ ᠶᠢᠨ

ᠲᠠᠷᠤᠭ᠎ᠠ   ᠰᠦᠭᠡ

     ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2018 ᠤᠨ ᠤ 8 ᠰᠠᠷ᠎ᠡ ᠶᠢᠨ 31 ᠤ ᠡᠳᠤᠷ

     ᠬᠦᠲᠦᠯᠦᠭᠴᠢ᠄ ᠮᠠᠨ ᠤ ᠬᠤᠰᠢᠭᠤ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠡᠯ᠎ᠡ ᠪᠠᠷ

ᠪᠤᠳᠠᠳᠠᠢ ᠶᠠᠮᠠᠷ ᠠᠵᠢᠯ ᠬᠢᠭᠰᠡᠨ ᠪᠤᠢ︖

     ᠰᠦᠭᠡ᠄ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠲᠤᠰᠬᠠᠢ ᠰᠡᠳᠤᠪᠲᠦ ᠬᠤᠷᠡᠯ ᠢ ᠵᠤᠬᠢᠶᠠᠨ

ᠪᠠᠶᠢᠭᠤᠯᠤᠨ ᠬᠤᠷᠡᠯᠳᠤᠵᠦ᠂ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠤᠳᠣᠯᠤᠨ

ᠪᠠᠶᠢᠷᠢᠯᠠᠭᠤᠯᠵᠦ᠂ ︽ᠲᠠᠷᠬᠠᠨ ᠮᠤᠤᠮᠢᠩᠭᠠᠨ ᠬᠤᠰᠢᠭᠤᠨ ᠤ ᠬᠦᠨᠲᠦ ᠪᠤᠬᠢᠷᠳᠤᠯ ᠲᠠᠢ ᠴᠠᠭ ᠠᠭᠤᠷ ᠤᠨ ᠪᠠᠴᠢᠮ

ᠪᠠᠶᠢᠲᠡᠯ ᠢ ᠠᠷᠭᠠᠴᠠᠬᠤ ᠲᠦᠰᠦᠯ︾᠂ ︽ᠲᠠᠷᠬᠠᠨ ᠮᠤᠤᠮᠢᠩᠭᠠᠨ ᠬᠤᠰᠢᠭᠤᠨ ᠤ ᠠᠭᠠᠷ ᠮᠠᠨᠳᠡᠯ ᠤᠨ ᠪᠤᠬᠢᠷᠳᠤᠯ ᠢ

ᠶᠡᠷᠦᠩᠬᠡᠶᠢᠯᠡᠨ ᠵᠠᠰᠠᠬᠤ ᠲᠤᠬᠠᠢ ᠬᠡᠷᠡᠭᠵᠢᠭᠦᠯᠬᠦ ᠲᠦᠰᠦᠯ ︵2014—2017︶︾ ᠪᠤᠯᠤᠨ ︽ᠲᠠᠷᠬᠠᠨ

ᠮᠤᠤᠮᠢᠩᠭᠠᠨ ᠬᠤᠰᠢᠭᠤᠨ ᠤ 2017 ᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠵᠢᠷᠭᠤᠭᠠᠨ

ᠲᠦᠷᠦᠯ ᠤᠨ ᠠᠷᠭ᠎ᠠ ᠬᠡᠮᠵᠢᠶ᠎ᠡ︾ ᠶᠢ ᠵᠠᠰᠠᠯᠲᠡ ᠤᠷᠤᠭᠤᠯᠤᠨ ᠲᠡᠭᠦᠯᠲᠡᠷᠵᠢᠭᠦᠯᠵᠦ᠂ 2018 ᠤᠨ ᠤ ᠵᠢᠢ ᠳ᠋ᠦᠩ

ᠱᠦᠢᠨᠢ ᠶᠢᠨ ᠠᠭᠤᠷᠬᠠᠢ ᠶᠢᠨ ᠭᠠᠵᠠᠷ ᠢ ᠶᠡᠷᠦᠩᠭᠡᠶᠢᠯᠡᠨ ᠵᠠᠰᠠᠬᠤ᠂ ᠪᠠᠳᠤᠬᠠᠭᠠᠯᠭ᠎ᠠ ᠶᠢᠨ ᠪᠤᠬᠢᠷ ᠤᠰᠤ ᠰᠢᠢᠳᠪᠦᠷᠢᠯᠡᠬᠦ

ᠦᠢᠯᠡᠳᠪᠦᠷᠢ ᠶᠢᠨ ᠮᠡᠷᠭᠡᠵᠢᠯ ᠰᠠᠶᠢᠵᠢᠷᠠᠭᠤᠯᠬᠤ ᠵᠡᠷᠭᠡ ᠭᠤᠤᠯᠳᠠᠯᠭᠠᠲᠦ ᠲᠦᠷᠦᠯ ᠵᠦᠢᠯ ᠢ ᠡᠬᠢᠯᠡᠭᠦᠯᠵᠦ᠂ ᠠᠭᠠᠷ

ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠡᠯ᠎ᠡ ᠲᠦᠷᠦᠯ ᠤᠨ ᠠᠵᠢᠯ ᠢ ᠪᠠᠳᠤᠳᠠᠢ ᠠᠬᠢᠭᠤᠯᠪᠡ᠃

     ︽ᠤᠷᠴᠢᠨ ᠬᠠᠮᠠᠭᠠᠯᠠᠯᠲᠡ ᠶᠢᠨ ᠬᠤᠷᠴᠡ ᠰᠡᠯᠡᠮ᠎ᠡ︾᠂ ︽ᠪᠤᠬᠢᠷ ᠪᠤᠲᠠᠷᠬᠠᠢ︾ ᠠᠵᠦ ᠠᠬᠤᠶᠢᠯᠠᠯ ᠤᠨ ᠵᠠᠰᠠᠯᠲᠡ

ᠵᠡᠷᠭᠡ ᠰᠢᠷᠢᠰ ᠠᠵᠢᠯᠯᠠᠭ᠎ᠠ ᠶᠢ ᠦᠷᠨᠢᠭᠦᠯᠵᠦ᠂ ᠹᠦ᠋ ᠯᠧᠢ ᠢᠯᠴᠢ ᠶᠢᠨ ᠬᠦᠴᠦᠨ ᠤ ᠺᠤᠮᠫᠠᠨᠢ ᠶᠢᠨ ᠤᠷᠴᠢᠨ

ᠬᠠᠮᠠᠭᠠᠯᠠᠯᠲᠡ ᠶᠢᠨ ᠦᠭᠡᠷᠡᠴᠢᠯᠡᠯᠲᠡ ᠪᠡ ᠵᠢᠢ ᠳ᠋ᠦᠩ ᠱᠦᠢᠨᠢ ᠶᠢᠨ ᠦᠢᠯᠡᠳᠪᠦᠷᠢ ᠶᠢᠨ ᠲᠤᠭᠤᠰᠦ ᠰᠢᠷᠤᠢ ᠶᠢ

ᠠᠷᠢᠯᠭᠠᠨ ᠴᠡᠪᠡᠷᠰᠢᠭᠦᠯᠬᠦ ᠦᠭᠡᠷᠡᠴᠢᠯᠡᠯᠲᠡ ᠶᠢᠨ ᠲᠦᠷᠦᠯ ᠵᠦᠢᠯ ᠢ ᠪᠡᠶᠡᠯᠡᠭᠦᠯᠵᠦ᠂ 4 ᠰᠠᠭᠤᠷᠢ 10 ᠲᠣᠨ ᠤ

ᠠᠭᠤᠷᠰᠢᠯᠲᠠ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠬᠦᠸᠧᠯᠤ ᠶᠢ ᠪᠦᠬᠦᠨ ᠢ ᠨᠤᠷᠠᠭᠠᠵᠤ᠂ ᠠᠭᠠᠷ ᠤᠨ

ᠠᠦ᠋ᠲ᠋ᠤ᠋ ᠬᠢᠨᠠᠨ ᠬᠡᠮᠵᠢᠯᠲᠡ ᠶᠢᠨ ᠦᠷᠲᠡᠭᠡ 1 ᠶᠢ ᠪᠠᠶᠢᠭᠤᠯᠵᠦ᠂ 3 ᠠᠵᠦ ᠠᠬᠤᠶᠢᠯᠠᠯ ᠰᠦᠯᠵᠢᠶᠡᠨ ᠲᠡᠭᠡᠷ᠎ᠡ ᠬᠢᠨᠠᠨ

ᠡᠵᠡᠮᠰᠢᠬᠦ ᠲᠦᠭᠦᠭᠡᠷᠦᠮᠵᠢ ᠤᠭᠰᠠᠷᠠᠵᠦ᠂ ᠪᠤᠬᠢᠷᠳᠤᠯ ᠪᠤᠳᠠᠰ ᠤᠨ ᠬᠢᠨᠠᠨ ᠬᠡᠮᠵᠢᠭᠰᠡᠨ ᠲᠤᠭ᠎ᠠ ᠪᠠᠷᠢᠮᠲᠡ ᠶᠢ ᠴᠠᠭ

ᠲᠤᠬᠠᠢ ᠳᠤ ᠨᠢ ᠰᠦᠯᠵᠢᠶ᠎ᠡ ᠪᠠᠷ ᠲᠠᠮᠵᠢᠭᠤᠯᠬᠤ ᠶᠢ ᠪᠡᠶᠡᠯᠡᠭᠦᠯᠪᠡ᠃ ︽ᠭᠤᠷᠪᠠᠨ ᠲᠤᠭᠤᠰᠦ︾᠂ ︽ᠭᠤᠷᠪᠠᠨ

ᠰᠢᠲᠠᠭᠠᠯᠭ᠎ᠠ︾ ᠶᠢᠨ ᠬᠢᠨᠠᠨ ᠪᠠᠶᠢᠴᠠᠭᠠᠯᠲᠡ ᠶᠢ ᠴᠢᠩᠭᠠᠳᠬᠠᠵᠦ᠂ ᠤᠷᠴᠢᠨ ᠬᠠᠮᠠᠭᠠᠯᠠᠯᠲᠡ ᠶᠢᠨ ᠲᠤᠨᠤᠭ

ᠲᠦᠭᠦᠭᠡᠷᠦᠮᠵᠢ ᠶᠢᠨ ᠢᠵᠢ ᠪᠦᠷᠢᠯᠳᠤᠬᠦᠯᠬᠦ ᠶᠢ ᠠᠬᠢᠭᠤᠯᠵᠦ᠂ ᠵᠠᠮ ᠱᠦᠭᠦᠷᠲᠡᠬᠦ ᠮᠠᠰᠢᠨ ᠤ ᠬᠡᠷᠡᠭᠯᠡᠬᠦ ᠨᠤᠷᠮ᠎ᠡ ᠶᠢ

85% ᠠᠴᠠ ᠲᠡᠭᠡᠭᠰᠢ ᠪᠤᠯᠭᠠᠵᠦ᠂ ᠬᠠᠰᠢᠵᠦ ᠬᠦᠷᠢᠶᠡᠯᠡᠬᠦ᠂ ᠪᠦᠲᠡᠭᠡᠵᠦ ᠪᠦᠷᠬᠦᠭᠡᠬᠦ᠂ ᠨᠤᠭᠤᠭᠠᠷᠠᠭᠤᠯᠤᠯᠲᠡ ᠬᠢᠬᠦ

ᠵᠡᠷᠭᠡ ᠤᠯᠠᠨ ᠵᠦᠢᠯ ᠤᠨ ᠠᠷᠭ᠎ᠠ ᠪᠠᠷᠢᠯ ᠢᠶᠠᠷ ᠲᠠᠮᠵᠢᠨ ᠡᠯ᠎ᠡ ᠲᠦᠷᠦᠯ ᠤᠨ ᠪᠠᠷᠢᠯᠭ᠎ᠠ ᠶᠢᠨ ᠭᠠᠵᠠᠷ ᠪᠡ

ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠢᠯᠡ ᠪᠠᠷ ᠮᠠᠯᠳᠠᠬᠤ ᠲᠠᠯᠠᠪᠦᠷ᠂ ᠦᠯᠡᠲᠡᠭᠲᠡᠯ ᠬᠦᠲᠡᠷ ᠤᠨ

ᠬᠦᠮᠦᠷᠭᠡ᠂ ᠲᠦᠭᠦᠭᠡᠢ ᠮᠠᠲ᠋ᠧᠷᠢᠶᠡᠯ ᠤᠨ ᠤᠪᠤᠭ᠎ᠠ ᠵᠡᠷᠭᠡ ᠠᠮᠠᠷᠬᠠᠨ ᠪᠤᠬᠢᠷᠳᠤᠯ ᠡᠭᠦᠰᠭᠡᠬᠦ ᠭᠠᠵᠠᠷ ᠳᠤ ᠵᠠᠰᠠᠯᠲᠡ

ᠬᠢᠵᠦ᠂ ᠪᠠᠷᠢᠯᠭ᠎ᠠ ᠶᠢᠨ ᠭᠠᠵᠠᠷ᠂ ᠵᠠᠮ ᠵᠡᠭᠡᠯᠢ ᠵᠢᠴᠢ ᠦᠢᠯᠡᠳᠪᠦᠷᠢ ᠠᠭᠤᠷᠬᠠᠢ ᠶᠢᠨ ᠲᠤᠭᠤᠰᠦ ᠰᠢᠷᠤᠢ ᠲᠡᠭᠲᠡᠬᠦ ᠵᠡᠷᠭᠡ

ᠪᠤᠬᠢᠷᠳᠤᠯ ᠤᠨ ᠠᠰᠠᠭᠤᠲᠡᠯ ᠢ ᠪᠦᠲᠦᠮᠵᠢᠲᠠᠢ ᠰᠢᠢᠳᠪᠦᠷᠢᠯᠡᠪᠡ᠃

     ᠮᠠᠯᠵᠢᠬᠤ ᠲᠠᠷᠢᠶᠠᠯᠠᠬᠤ ᠤᠷᠤᠨ ᠤ ᠬᠤᠭ ᠨᠤᠪᠰᠢ᠂ ᠡᠰᠢ ᠰᠦᠷᠡᠯ ᠰᠢᠲᠠᠭᠠᠬᠤ ᠶᠢ ᠵᠠᠰᠠᠨ ᠴᠡᠭᠴᠡᠯᠡᠬᠦ

ᠬᠢᠨᠠᠯᠲᠡ ᠬᠠᠮᠢᠶᠠᠷᠤᠯᠲᠡ ᠶᠢᠨ ᠡᠷᠴᠢᠮ ᠢᠶᠠᠨ ᠴᠢᠩᠭᠠᠳᠬᠠᠵᠦ᠂ ᠬᠤᠭ ᠨᠤᠪᠰᠢ ᠪᠤᠯᠠᠰᠢᠯᠠᠬᠤ ᠭᠠᠵᠠᠷ ᠢ ᠰᠢᠨ᠎ᠡ ᠪᠠᠷ

ᠲᠦᠯᠦᠪᠯᠡᠨ ᠪᠠᠶᠢᠭᠤᠯᠵᠦ᠂ ᠬᠤᠭ ᠨᠤᠪᠰᠢ ᠲᠤᠷ᠎ᠡ ᠪᠠᠷ ᠬᠠᠶᠠᠬᠤ ᠠᠰᠠᠭᠤᠲᠡᠯ ᠢ ᠠᠯᠭᠤᠷ ᠢᠶᠠᠷ ᠰᠢᠢᠳᠪᠦᠷᠢᠯᠡᠵᠦ᠂

ᠲᠤᠰᠤ ᠬᠠᠳᠠᠭᠠᠯᠠᠬᠤ ᠬᠦᠮᠦᠷᠭᠡ᠂ ᠲᠤᠰᠤ ᠨᠡᠮᠡᠬᠦ ᠦᠷᠲᠡᠭᠡ ᠶᠢ ᠲᠦᠷᠢᠮᠵᠢᠭᠦᠯᠦᠨ ᠵᠠᠰᠠᠵᠦ᠂ 23 ᠲᠤᠰᠤ ᠨᠡᠮᠡᠬᠦ

ᠦᠷᠲᠡᠭᠡᠨ ᠤ ᠰᠢᠲᠠᠮᠠᠬᠠᠢ ᠬᠡᠢ ᠶᠢ ᠬᠤᠷᠢᠶᠠᠨ ᠠᠪᠬᠤ ᠠᠵᠢᠯ ᠢ ᠪᠡᠶᠡᠯᠡᠭᠦᠯᠵᠦ᠂ ᠭᠤᠤᠯᠯᠠᠬᠤ ᠠᠵᠦ ᠠᠬᠤᠶᠢᠯᠠᠯ ᠤᠨ

ᠲᠡᠭᠲᠡᠮᠡᠭᠡᠢ ᠤᠷᠭᠠᠨᠢᠭ ᠪᠤᠳᠠᠰ ᠤᠨ ᠵᠠᠰᠠᠯᠲᠡ ᠶᠢᠨ ᠬᠡᠮᠵᠢᠶ᠎ᠡ ᠶᠢ 100% ᠳᠤ ᠬᠦᠷᠪᠡ᠃ 2017 ᠤᠨ ᠤ ᠪᠦᠬᠦ

ᠵᠢᠯ ᠳᠡᠭᠡᠨ ᠬᠦᠬᠦᠷ ᠤᠨ ᠲᠠᠪᠬᠤᠷ ᠢᠰᠦᠯ ᠢ 50 ᠲᠤᠨ᠂ ᠠᠽᠤᠲ ᠤᠨ ᠢᠰᠦᠮᠡᠩ ᠢ 200 ᠲᠤᠨ᠂ ᠰᠢᠪᠲᠤᠷᠲᠦ

ᠠᠽᠤᠲ ᠢ 30 ᠲᠤᠨ᠂ ᠬᠢᠮᠢ ᠶᠢᠨ ᠬᠦᠴᠢᠯᠳᠦ᠋ᠷᠦᠭᠴᠢ ᠬᠡᠷᠡᠭᠰᠡᠬᠦ ᠬᠡᠮᠵᠢᠶ᠎ᠡ ᠶᠢ 50 ᠲᠤᠨ ᠪᠠᠭᠠᠰᠬᠠᠵᠦ᠂ ᠠᠭᠠᠷ ᠤᠨ

ᠴᠢᠨᠠᠷ ᠰᠠᠶᠢᠨ ᠡᠳᠦᠷ ᠤᠨ ᠲᠤᠭ᠎ᠠ ᠵᠢᠯ ᠪᠦᠷᠢ ᠳᠤᠮᠳᠠᠴᠢ ᠪᠠᠷ 328 ᠡᠳᠦᠷ ᠲᠤ ᠬᠦᠷᠴᠦ᠂ ᠵᠢᠯ ᠤᠨ ᠪᠤᠬᠢᠷᠳᠤᠯ

ᠪᠤᠳᠠᠰ ᠢ ᠭᠠᠳᠠᠭᠰᠢᠯᠠᠭᠤᠯᠬᠤ ᠬᠠᠷᠠᠯᠲᠡ ᠪᠡ ᠤᠷᠤᠨ ᠪᠦᠰᠡ ᠶᠢᠨ ᠤᠷᠴᠢᠨ ᠲᠤᠭᠤᠷᠢᠨ ᠤ ᠠᠭᠠᠷ ᠮᠠᠨᠳᠠᠯ ᠤᠨ

ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠡᠭᠦᠷᠭᠡ ᠬᠠᠷᠡᠯᠲᠡ ᠪᠠᠨ ᠠᠮᠵᠢᠯᠲᠡ ᠲᠠᠢ ᠪᠡᠶᠡᠯᠡᠭᠦᠯᠪᠡ᠃

     ᠬᠦᠲᠦᠯᠦᠭᠴᠢ᠄ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠡᠯ᠎ᠡ ᠪᠠᠷ ᠪᠤᠳᠠᠳᠠᠢ ᠶᠠᠮᠠᠷ ᠠᠵᠢᠯ ᠢ ᠬᠢᠭᠰᠡᠨ

ᠪᠤᠢ︖

     ᠰᠦᠭᠡ᠄ ᠮᠠᠨ ᠤ ᠬᠤᠰᠢᠭᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠡᠯ᠎ᠡ ᠪᠠᠷ

ᠦᠷᠨᠢᠭᠦᠯᠵᠦ᠂ ︽ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ︾ ᠶᠢ ᠴᠢᠩᠭ᠎ᠠ

ᠬᠡᠷᠡᠭᠵᠢᠭᠦᠯᠵᠦ᠂ ︽ᠲᠠᠷᠬᠠᠨ ᠮᠤᠤᠮᠢᠩᠭᠠᠨ ᠬᠤᠰᠢᠭᠤᠨ ᠤ ᠤᠰᠤᠨ ᠤ ᠪᠤᠬᠢᠷᠳᠤᠯ ᠢ ᠶᠡᠷᠦᠩᠬᠡᠶᠢᠯᠡᠨ ᠵᠠᠰᠠᠬᠤ ᠲᠤᠬᠠᠢ

ᠬᠡᠷᠡᠭᠵᠢᠭᠦᠯᠬᠦ ᠲᠦᠰᠦᠯ ︵2015—2020︶︾ ᠵᠡᠷᠭᠡ ᠤᠰᠤᠨ ᠰᠢᠰᠲ᠋ᠧᠮ ᠤᠨ 4 ᠲᠤᠰᠬᠠᠢ ᠲᠦᠯᠦᠪᠯᠡᠭᠡ ᠶᠢ

ᠲᠤᠭᠳᠠᠭᠠᠪᠡ᠃ ᠠᠶᠢᠪᠠᠭ᠎ᠠ ᠭᠤᠤᠯ᠂ ᠲᠠᠷᠭᠤᠨ ᠭᠤᠤᠯ ᠵᠡᠷᠭᠡ ᠶᠢᠨ ᠤᠷᠤᠰᠬᠠᠯ ᠳᠠᠭᠠᠦ ᠬᠦᠮᠦᠨ ᠠᠮᠠ ᠲᠦᠪᠯᠡᠷᠡᠭᠰᠡᠨ

ᠤᠷᠤᠨ ᠤ ᠭᠤᠤᠯ ᠮᠦᠷᠡᠨ ᠤ ᠵᠠᠰᠠᠯᠲᠡ ᠶᠢ ᠴᠢᠩᠭᠠᠳᠬᠠᠵᠦ᠂ ᠠᠶᠢᠪᠠᠭ᠎ᠠ ᠭᠤᠤᠯ ᠤᠨ ᠪᠠᠴᠢᠮ ᠪᠠᠶᠢᠳᠡᠯ ᠢ

ᠠᠷᠭᠠᠴᠠᠬᠤ ᠤᠰᠤᠨ ᠰᠤᠷᠪᠤᠯᠵᠢ᠂ ᠲᠠᠷᠭᠤᠨ ᠭᠤᠤᠯ ᠤᠨ ᠭᠤᠤᠯ ᠤᠨ ᠵᠠᠮ ᠤᠨ ᠵᠠᠰᠠᠯᠲᠡ ᠵᠡᠷᠭᠡ ᠢᠨᠵᠧᠨᠧᠷᠢᠩ ᠢ

ᠬᠡᠷᠡᠭᠵᠢᠭᠦᠯᠵᠦ᠂ 10 ᠺᠢᠯᠤᠮᠧᠲᠷ ᠤᠨ ᠠᠷᠢᠭᠤᠨ ᠴᠡᠪᠡᠷ ᠭᠤᠤᠯ ᠤᠨ ᠵᠠᠮ᠂ 10 ᠺᠢᠯᠤᠮᠧᠲᠷ ᠤᠨ ᠠᠮᠢ ᠠᠬᠤᠢ ᠶᠢᠨ

ᠬᠠᠮᠠᠭᠠᠯᠠᠯᠲᠡ ᠶᠢᠨ ᠪᠡᠯ ᠢ ᠵᠠᠰᠠᠵᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠢ ᠴᠢᠩᠭ᠎ᠠ

ᠬᠡᠷᠡᠭᠵᠢᠭᠦᠯᠵᠦ᠂ 4 ᠤᠰᠤᠨ ᠰᠤᠷᠪᠤᠯᠵᠢ ᠶᠢᠨ ᠬᠠᠮᠠᠭᠠᠯᠠᠯᠲᠡ ᠶᠢᠨ ᠤᠷᠤᠨ ᠳᠤ ᠲᠠᠮᠲᠡᠭ ᠢᠯᠡᠷᠭᠡᠶᠢᠯᠡᠯ ᠪᠤᠰᠬᠠᠵᠦ᠂

ᠪᠠᠳᠤᠬᠠᠭᠠᠯᠭ᠎ᠠ ᠪᠠᠯᠭᠠᠰᠤᠨ ᠤ ᠠᠮᠲᠡ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠡ ᠶᠢᠨ ᠤᠷᠤᠨ ᠳᠠᠬᠢ

ᠾᠧᠩ ᠯᠢ ᠲᠡᠵᠢᠭᠡᠨ ᠦᠷᠡᠵᠢᠭᠦᠯᠬᠦ ᠭᠠᠵᠠᠷ ᠢ ᠨᠡᠭᠦᠯᠭᠡᠨ ᠰᠢᠯᠵᠢᠭᠦᠯᠪᠡ᠃ ᠮᠠᠯᠵᠢᠬᠤ ᠲᠠᠷᠢᠶᠠᠯᠠᠬᠤ ᠤᠷᠤᠨ ᠤ

ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠠᠬᠢᠭᠤᠯᠵᠦ᠂ ᠬᠦᠲᠡᠭᠡ ᠲᠤᠰᠬᠤᠨ ᠤ ︽ᠲᠠᠪᠤᠨ

ᠡᠮᠬᠢ ᠵᠠᠮᠪᠠᠷᠠᠭ᠎ᠠ ᠦᠭᠡᠢ︾ ᠪᠠᠶᠢᠲᠡᠯ ᠢ ᠴᠢᠩᠭ᠎ᠠ ᠬᠢᠵᠠᠭᠠᠷᠯᠠᠵᠦ᠂ ᠭᠠᠵᠠᠷ ᠲᠡᠭᠡᠷᠡᠬᠢ ᠤᠰᠤ᠂ ᠭᠠᠵᠠᠷ ᠲᠤᠤᠷᠡᠬᠢ ᠤᠰᠤ

 ᠶᠢ ᠬᠠᠦᠯᠢ ᠪᠤᠰᠤ ᠪᠠᠷ ᠮᠠᠯᠳᠠᠬᠤ ᠵᠢᠴᠢ ᠤᠰᠤᠨ ᠤ ᠪᠤᠬᠢᠷᠳᠤᠯ ᠤᠨ ᠬᠡᠷᠡᠭ ᠡᠭᠦᠰᠬᠦ ᠢ ᠡᠷᠡᠰ ᠴᠠᠭᠠᠵᠠᠯᠠᠵᠦ᠂

ᠰᠢᠪᠡᠷᠬᠦ᠋ᠷᠢᠶ᠎ᠡ ᠪᠠᠯᠭᠠᠰᠤ᠂ ᠰᠢᠷᠡᠮᠦ᠋ᠷᠡᠨ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ ᠪᠦᠲᠦᠭᠡᠨ ᠪᠠᠶᠢᠭᠤᠯᠤᠯᠲᠡ ᠪᠡ

ᠰᠢᠨ᠎ᠡ ᠲᠠᠷᠬᠠᠨ ᠮᠤᠤᠮᠢᠩᠭᠠᠨ ᠤ ᠬᠤᠪᠤᠷ ᠰᠢᠷᠤᠢ ᠶᠢᠨ ᠬᠠᠶᠠᠭᠳᠠᠮᠠᠯ ᠤᠰᠤ ᠶᠢ ᠡᠬᠢ ᠪᠠᠶᠠᠯᠢᠭ ᠪᠤᠯᠭᠠᠨ ᠠᠰᠢᠭᠯᠠᠬᠤ

ᠲᠦᠷᠦᠯ ᠵᠦᠢᠯ ᠢ ᠬᠡᠷᠡᠭᠵᠢᠭᠦᠯᠵᠦ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠲᠤ ᠪᠤᠬᠢᠷ ᠤᠰᠤ

ᠰᠢᠢᠢᠳᠪᠦᠷᠢᠯᠡᠬᠦ ᠲᠦᠭᠦᠭᠡᠷᠦᠮᠵᠢ 4 ᠶᠢ ᠤᠭᠰᠠᠷᠡᠨ ᠠᠰᠢᠭᠯᠠᠯᠲᠡ ᠳᠤ ᠤᠷᠤᠭᠤᠯᠵᠦ᠂ ᠵᠢᠥᠢ ᠹᠧᠩ ᠬᠤᠪᠤᠷ ᠰᠢᠷᠤᠢ

 ᠶᠢᠨ ᠤᠰᠤᠨ ᠤ ᠪᠤᠬᠢᠷᠳᠤᠯ ᠦᠭᠡᠢ ᠶᠢ ᠪᠡᠶᠡᠯᠡᠭᠦᠯᠪᠡ᠃

     ᠬᠦᠲᠦᠯᠦᠭᠴᠢ᠄ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠡᠯ᠎ᠡ ᠪᠠᠷ ᠪᠤᠳᠠᠳᠠᠢ ᠶᠠᠮᠠᠷ

ᠠᠵᠢᠯ ᠬᠢᠭᠰᠡᠨ ᠪᠤᠢ︖

     ᠰᠦᠬᠡ᠄ ᠮᠠᠨ ᠤ ᠬᠤᠰᠢᠭᠤ ︽ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ

ᠲᠦᠯᠦᠪᠯᠡᠭᠡ︾ ᠶᠢ ᠪᠦᠬᠦ ᠲᠡᠯ᠎ᠡ ᠪᠠᠷ ᠬᠡᠷᠡᠭᠵᠢᠭᠦᠯᠬᠦ ᠪᠠᠷ ᠠᠵᠠ ᠲᠤᠬᠢᠶᠠᠯ ᠪᠤᠯᠭᠠᠨ᠂ ᠬᠦᠷᠦᠰᠦ ᠰᠢᠷᠤᠢ ᠶᠢᠨ

ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢᠶᠠᠨ ᠦᠳᠲᠡᠷ ᠲᠦᠷᠭᠡᠨ ᠡᠬᠢᠯᠡᠭᠦᠯᠵᠦ᠂ ︽ᠲᠠᠷᠬᠠᠨ ᠮᠤᠤᠮᠢᠩᠭᠠᠨ

ᠬᠤᠰᠢᠭᠤᠨ ᠤ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠰᠦᠯ︾ ᠢ

ᠲᠤᠭᠳᠠᠭᠠᠵᠦ᠂ ᠬᠦᠷᠦᠰᠦ ᠰᠢᠷᠤᠢ ᠶᠢᠨ ᠲᠤᠭᠳᠠᠭᠰᠡᠨ ᠬᠢᠨᠠᠯᠲᠡ ᠶᠢᠨ ᠴᠡᠭ ᠲᠤ ᠬᠢᠨᠠᠨ ᠪᠠᠶᠢᠴᠠᠭᠠᠯᠲᠡ ᠬᠢᠪᠡ᠃

ᠠᠭᠤᠷᠬᠠᠢ ᠶᠢᠨ ᠭᠠᠵᠠᠷ᠂ ᠵᠠᠰᠠᠮᠠᠯ ᠵᠠᠮ ᠲᠠᠭᠠᠦ ᠵᠢᠴᠢ ᠭᠤᠤᠯ ᠤᠨ ᠲᠠᠨᠩ ᠡᠷᠬᠢ ᠶᠢᠨ ᠤᠷᠴᠢᠨ ᠲᠤᠭᠤᠷᠢᠨ ᠤ

ᠵᠠᠰᠠᠯᠲᠡ ᠶᠢ ᠠᠬᠢᠭᠤᠯᠵᠦ᠂ ᠠᠵᠦ ᠠᠬᠤᠶᠢᠯᠠᠯ ᠤᠨ ᠶᠡᠷᠦᠩᠬᠡᠶᠢᠯᠡᠨ ᠵᠠᠰᠠᠬᠤ ᠲᠦᠰᠦᠯ ᠲᠤᠭᠳᠠᠭᠠᠬᠤ ᠶᠢ ᠰᠢᠮᠲᠠᠭᠤᠯᠵᠦ᠂

ᠤᠤᠯ ᠤᠨ ᠬᠠᠷ᠎ᠡ ᠤᠪᠤᠭ᠎ᠠ ᠶᠢᠨ ᠠᠭᠤᠷᠬᠠᠢ ᠶᠢᠨ ᠲᠤᠭᠤᠷᠢᠭ ᠤᠨ ᠦᠯᠡᠲᠡᠭᠲᠡᠯ ᠰᠢᠭᠠᠷᠤ ᠪᠤᠯᠤᠨ ᠪᠤᠰᠤᠳ 15

ᠭᠠᠵᠠᠷ ᠤᠨ ᠰᠢᠭᠠᠷᠤ ᠶᠢ ᠵᠠᠰᠠᠨ ᠴᠡᠭᠴᠡᠯᠡᠵᠦ᠂ ᠭᠤᠷᠪᠠᠲᠡᠬᠢ ᠠᠵᠦ ᠠᠬᠤᠶᠢᠯᠠᠯ ᠠᠴᠠ ᠬᠠᠷ᠎ᠡ ᠤᠪᠤᠭ᠎ᠠ ᠶᠢᠨ

ᠠᠭᠤᠷᠬᠠᠢ ᠶᠢᠨ ᠭᠠᠵᠠᠷ ᠤᠨ 36 ᠲᠦᠮᠡᠨ ᠲᠤᠨ ᠬᠠᠶᠠᠭᠳᠠᠮᠠᠯ ᠴᠢᠯᠠᠭᠤ ᠶᠢ ᠠᠷᠢᠯᠭᠠᠵᠦ᠂ 1500 ᠭᠠᠷᠤᠢ ᠰᠠᠭᠤᠷᠢ

ᠮᠤᠳᠤ ᠲᠠᠷᠢᠭᠰᠡᠨ ᠪᠠᠶᠢᠨ᠎ᠡ᠃ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠵᠠᠰᠠᠨ ᠴᠡᠭᠴᠡᠯᠡᠬᠦ ᠲᠤᠰᠬᠠᠢ

ᠰᠡᠳᠤᠪᠲᠦ ᠠᠵᠢᠯᠯᠠᠭ᠎ᠠ ᠦᠷᠨᠢᠭᠦᠯᠵᠦ᠂ ᠦᠮᠴᠢᠲᠡᠨ ᠦᠭᠡᠢ ᠠᠭᠤᠷᠬᠠᠢ᠂ ᠬᠤᠭ ᠨᠤᠪᠰᠢ ᠲᠤᠷ᠎ᠡ ᠪᠠᠷ ᠬᠠᠶᠠᠬᠤ᠂ ᠬᠠᠦᠯᠢ

ᠪᠤᠰᠤ ᠪᠠᠷ ᠬᠠᠶᠠᠭᠳᠠᠮᠠᠯ ᠭᠠᠳᠠᠭᠰᠢᠯᠠᠭᠤᠯᠬᠤ᠂ ᠬᠠᠶᠢᠷ ᠮᠠᠯᠲᠡᠨ ᠴᠢᠯᠠᠭᠤ ᠵᠦᠭᠡᠭᠡᠪᠦᠷᠢᠯᠡᠬᠦ ᠤᠷᠤᠨ ᠪᠦᠰᠡ ᠳᠤ

ᠴᠢᠭᠯᠡᠭᠦᠯᠦᠨ ᠲᠡᠭᠡᠷ᠎ᠡ ᠱᠠᠳᠤᠨ ᠤ ᠲᠤᠰᠬᠠᠢ ᠴᠡᠭᠴᠡᠯᠡᠯᠲᠡ ᠬᠢᠬᠦ᠂ ᠭᠠᠵᠠᠷ ᠰᠢᠷᠤᠢ ᠶᠢ ᠲᠠᠬᠢᠨ ᠬᠠᠭᠠᠯᠪᠤᠷᠢᠯᠠᠬᠤ

ᠲᠦᠷᠦᠯ ᠵᠦᠢᠯ ᠤᠨ ᠪᠡᠯᠡ ᠮᠦᠩᠭᠦ ᠶᠢ ᠲᠡᠮᠡᠴᠡᠨ ᠤᠯᠬᠤ ᠪᠠᠷ ᠲᠠᠮᠵᠢᠨ᠂ ᠵᠠᠰᠠᠨ ᠴᠡᠭᠴᠡᠯᠡᠬᠦ ᠠᠵᠢᠯ ᠢ ᠪᠦᠲᠦᠮᠵᠢᠲᠠᠢ

ᠡᠮᠬᠢ ᠲᠢᠭᠯᠢᠮ ᠲᠠᠢ ᠠᠬᠢᠭᠤᠯᠵᠦ᠂ 1.7 ᠲᠡᠭᠰᠢ ᠲᠦᠷᠪᠡᠯᠵᠢᠨ ᠺᠢᠯᠤᠮᠧᠲᠷ ᠠᠭᠤᠷᠬᠠᠢ ᠶᠢᠨ ᠭᠠᠵᠠᠷ ᠰᠢᠨᠵᠢᠯᠡᠭᠡᠨ ᠤ

ᠤᠷᠴᠢᠨ ᠲᠤᠭᠤᠷᠢᠨ ᠳᠤ ᠵᠠᠰᠠᠯᠲᠡ ᠬᠢᠵᠦ᠂ ᠵᠠᠰᠠᠯᠲᠡ ᠬᠢᠭᠰᠡᠨ ᠨᠤᠷᠮ᠎ᠡ ᠨᠢ 61% ᠳᠤ ᠬᠦᠷᠴᠦ᠂ ᠡᠯᠡᠰᠣᠨ

ᠰᠤᠷᠪᠤᠯᠵᠢ ᠶᠢᠨ ᠬᠤᠶᠠᠳᠡᠬᠢ ᠬᠤᠭᠤᠴᠠᠭᠠᠨ ᠤ ᠤᠷᠤᠰᠬᠠᠯ ᠤᠨ ᠤᠷᠤᠨ ᠢ ᠵᠠᠰᠠᠬᠤ ᠲᠦᠷᠦᠯ ᠵᠦᠢᠯ ᠢ ᠪᠡᠶᠡᠯᠡᠭᠦᠯᠵᠦ᠂

ᠤᠰᠤ ᠬᠦᠷᠦᠰᠦᠨ ᠤ ᠠᠯᠳᠠᠭᠳᠠᠯ ᠢ ᠰᠡᠷᠭᠡᠶᠢᠯᠡᠨ ᠵᠠᠰᠠᠬᠤ ᠲᠡᠯ᠎ᠡ ᠪᠠᠷ ᠠᠩᠬ᠎ᠠ ᠠᠮᠵᠢᠯᠲᠡ ᠤᠯᠪᠡ᠃

     ᠬᠦᠲᠦᠯᠦᠭᠴᠢ᠄ ᠮᠠᠨ ᠤ ᠬᠤᠰᠢᠭᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠤᠯᠬᠤ

ᠲᠠᠶᠢᠯᠠᠯᠳᠤᠭᠠᠨ ᠤ ᠲᠠᠷᠠᠭ᠎ᠠ ᠠᠯᠬᠤᠮ ᠤᠨ ᠠᠵᠢᠯ ᠢᠶᠠᠨ ᠬᠡᠷᠬᠢᠨ ᠲᠤᠬᠢᠷᠠᠭᠤᠯᠤᠭᠰᠡᠨ ᠪᠤᠢ︖

     ᠰᠦᠭᠡ᠄ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠤ ᠪᠠᠶᠢᠷᠢᠯᠠᠭᠤᠯᠤᠯᠲᠡ

 ᠶᠢ ᠦᠨᠳᠦᠰᠦᠯᠡᠨ᠂ ᠮᠠᠨ ᠤ ᠬᠤᠰᠢᠭᠤᠨ ᠤ ᠪᠤᠳᠠᠳᠦ ᠪᠠᠶᠢᠲᠡᠯ ᠲᠠᠢ ᠤᠶᠠᠯᠳᠤᠭᠤᠯᠤᠨ᠂ ︽ᠬᠦᠭᠡ ᠠᠭᠤᠯᠡ ᠬᠦᠭᠡᠮᠲᠦᠭ

ᠤᠰᠤ ᠪᠤᠯ ᠠᠯᠳᠠᠨ ᠠᠭᠤᠯᠡ ᠮᠦᠩᠭᠦᠨ ᠬᠠᠶᠢᠷᠬᠠᠨ︾ ᠬᠡᠭᠦ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠦ ᠪᠠᠬᠢ

ᠪᠤᠢ ᠪᠤᠯᠭᠠᠨ ᠪᠤᠳᠠᠳᠠᠶᠢᠵᠢᠭᠤᠯᠵᠦ᠂ ᠤᠮᠠᠷᠠᠲᠦ ᠬᠢᠯᠢ ᠶᠢᠨ ᠪᠤᠬᠢᠷᠳᠤᠯ ᠦᠭᠡᠢ ᠠᠮᠢ ᠠᠬᠤᠢ ᠶᠢᠨ ᠠᠮᠦᠷ ᠲᠦᠪᠰᠢᠨ ᠤ

ᠬᠠᠯᠬᠠᠪᠴᠢ ᠶᠢ ᠴᠤᠭᠴᠠᠯᠠᠨ ᠪᠠᠶᠢᠭᠤᠯᠬᠤ ᠪᠠᠷ ᠬᠠᠷᠠᠯᠲᠡ ᠪᠤᠯᠭᠠᠨ᠂ ᠠᠮᠢ ᠠᠬᠤᠢ ᠶᠢᠨ ᠪᠤᠯᠪᠠᠰᠤᠨ ᠢ ᠡᠭᠦᠳᠦᠨ

ᠪᠠᠶᠢᠭᠤᠯᠬᠤ ᠡᠷᠴᠢᠮ ᠢᠶᠠᠨ ᠪᠠᠳᠤᠳᠠᠢ ᠴᠢᠩᠭᠠᠳᠬᠠᠵᠦ᠂ ᠤᠷᠴᠢᠨ ᠲᠤᠭᠤᠷᠢᠨ ᠤ ᠲᠤᠪᠤᠶᠢᠮ᠎ᠡ ᠠᠰᠠᠭᠤᠲᠡᠯ ᠢ

ᠬᠦᠴᠦᠯᠡᠨ ᠰᠢᠢᠳᠪᠦᠷᠢᠯᠡᠵᠦ᠂ ᠠᠭᠠᠷ ᠮᠠᠨᠳᠡᠯ᠂ ᠤᠰᠤ᠂ ᠬᠦᠷᠦᠰᠦᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠡᠲᠡ

ᠰᠢᠪᠳᠤᠯᠬᠤ ᠲᠠᠶᠢᠯᠠᠯᠳᠤᠭᠠᠨ ᠢ ᠰᠠᠶᠢᠳᠤᠷ ᠠᠬᠢᠭᠤᠯᠵᠦ᠂ ᠬᠤᠭᠤᠴᠠᠭ᠎ᠠ ᠶᠤᠰᠤᠭᠠᠷ ᠪᠡᠶᠡᠯᠡᠭᠦᠯᠵᠦ᠂ ᠴᠢᠨᠡᠭᠡᠯᠢᠭ ᠨᠡᠶᠢᠭᠡᠮ

 ᠢ ᠪᠦᠬᠦ ᠲᠡᠯ᠎ᠡ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠡᠯᠲᠡ ᠶᠢ ᠤᠯᠬᠤ᠂ ︽ᠦᠵᠡᠰᠭᠦᠯᠡᠩᠲᠦ ᠰᠠᠶᠢᠬᠠᠨ

ᠦᠪᠦᠷ ᠮᠤᠩᠭᠤᠯ ᠢ ᠪᠦᠲᠦᠭᠡᠨ ᠪᠠᠶᠢᠭᠤᠯᠵᠦ᠂ ᠠᠭᠤᠤ ᠶᠡᠭᠡ ᠲᠤᠮᠳᠠᠲᠦ ᠶᠢᠨ ᠵᠡᠭᠦᠲᠦ ᠶᠢ ᠲᠡᠷᠭᠡᠯᠰᠢᠯᠡᠭᠦᠯᠬᠦ︾ ᠶᠢᠨ

ᠲᠠᠷᠬᠠᠨ ᠮᠤᠤᠮᠢᠩᠭᠠᠨ ᠤ ᠬᠠᠭᠤᠳᠠᠰᠦ ᠶᠢ ᠪᠢᠴᠢᠭᠯᠡᠬᠦ ᠳᠤ ᠪᠠᠲᠦ ᠪᠠᠬᠢ ᠰᠠᠭᠤᠷᠢ ᠶᠢ ᠲᠠᠯᠪᠢᠨ᠎ᠡ᠃

     ᠨᠢᠭᠡ᠂ ᠪᠤᠳᠠᠳᠠᠢ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠦᠰᠦᠯ ᠲᠤᠭᠳᠠᠭᠠᠵᠦ᠂ ᠠᠵᠢᠯ ᠤᠨ ᠠᠷᠭ᠎ᠠ

ᠬᠡᠮᠵᠢᠶ᠎ᠡ ᠶᠢ ᠰᠢᠯᠢᠲᠡᠭᠵᠢᠭᠦᠯᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠭᠡᠷᠡᠭᠵᠢᠭᠦᠯᠦᠯᠲᠡ ᠶᠢ

ᠴᠢᠩᠭᠠᠳᠬᠠᠵᠦ᠂ ᠠᠭᠠᠷ ᠮᠠᠨᠳᠡᠯ᠂ ᠤᠰᠤ᠂ ᠬᠦᠷᠦᠰᠦ ᠵᠡᠷᠭᠡ ᠶᠢᠨ ᠢᠵᠢ ᠲᠦᠯᠦᠪᠯᠡᠭᠡ ᠶᠢ ᠲᠡᠭᠦᠯᠲᠡᠷᠵᠢᠭᠦᠯᠵᠦ᠂

ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠤ ᠢᠯᠡᠯᠲᠡ ᠶᠢ ᠤᠯᠬᠤ ᠳᠤ ᠪᠠᠲᠤᠯᠠᠭ᠎ᠠ

ᠬᠠᠩᠭᠠᠨ᠎ᠡ᠃

     ᠬᠤᠶᠠᠷ᠂ ᠤᠷᠤᠨ ᠪᠠᠶᠢᠷᠢ ᠪᠠᠨ ᠵᠦᠪ ᠤᠨᠤᠰᠢᠯᠠᠵᠦ᠂ ᠤᠷᠴᠢᠨ ᠬᠠᠮᠠᠭᠠᠯᠠᠯᠲᠡ ᠶᠢᠨ ︽ᠨᠠᠮ ᠵᠠᠰᠠᠭ ᠬᠠᠮᠲᠦ

ᠬᠠᠷᠢᠭᠤᠴᠠᠯᠭ᠎ᠠ ᠡᠭᠦᠷᠭᠡᠯᠡᠵᠦ᠂ ᠨᠢᠭᠡ ᠠᠵᠢᠯ ᠤᠨ ᠪᠠᠶᠢᠷᠢ ᠲᠡᠭᠡᠷ᠎ᠡ ᠬᠤᠶᠠᠷ ᠬᠠᠷᠢᠭᠤᠴᠠᠯᠭ᠎ᠠ ᠡᠭᠦᠷᠭᠡᠯᠡᠬᠦ︾

ᠱᠠᠭᠠᠷᠳᠠᠯᠭ᠎ᠠ ᠶᠢ ᠡᠷᠴᠢᠮᠲᠠᠢ ᠲᠤᠭᠤᠰᠢᠯᠠᠭᠤᠯᠵᠦ᠂ ᠲᠦᠪ ᠤᠨ ᠤᠷᠴᠢᠨ ᠬᠠᠮᠠᠭᠠᠯᠠᠯᠲᠡ ᠶᠢᠨ ᠬᠢᠨᠠᠨ ᠪᠠᠶᠢᠴᠠᠭᠠᠯᠲᠡ᠂

ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠬᠠᠮᠭᠠᠯᠠᠯᠲᠡ ᠶᠢᠨ ᠶᠡᠭᠡ ᠪᠠᠶᠢᠴᠠᠭᠠᠯᠲᠡ ᠵᠢᠴᠢ ᠪᠦᠬᠦ

ᠬᠤᠲᠡ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠤ ᠬᠠᠷᠢᠭᠤ ᠲᠤᠰᠬᠠᠯ ᠤᠨ

ᠠᠰᠠᠭᠤᠲᠡᠯ ᠢ ᠵᠠᠰᠠᠨ ᠴᠡᠭᠴᠡᠯᠡᠬᠦ ᠠᠷᠭ᠎ᠠ ᠬᠡᠮᠵᠢᠶ᠎ᠡ ᠶᠢ ᠪᠠᠲᠤᠲᠠᠢ ᠨᠠᠶᠢᠳᠠᠪᠦᠷᠢᠵᠢᠭᠤᠯᠵᠦ᠂ ᠠᠰᠠᠭᠤᠳᠡᠯ ᠤᠨ ᠨᠠᠷᠢᠨ

ᠲᠠᠩᠰᠡ ᠶᠢᠨ ᠲᠦᠷᠢᠮ ᠢ ᠬᠡᠷᠡᠭᠵᠢᠭᠦᠯᠦᠨ᠂ ᠡᠯ᠎ᠡ ᠲᠦᠷᠦᠯ ᠤᠨ ᠬᠠᠷᠢᠭᠤ ᠲᠤᠰᠬᠠᠯ ᠤᠨ ᠠᠰᠠᠭᠤᠲᠡᠯ ᠢ ᠵᠠᠰᠠᠨ

ᠴᠡᠭᠴᠡᠯᠡᠬᠦ ᠡᠭᠦᠷᠭᠡ ᠶᠢ ᠪᠡᠶᠡᠯᠡᠭᠦᠯᠦᠨ᠎ᠡ᠃

     ᠭᠤᠷᠪᠡ᠂ ︽ᠪᠤᠭᠤᠲᠦ ᠬᠤᠲᠡ ᠶᠢᠨ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ

ᠲᠦᠯᠦᠪᠯᠡᠭᠡ ︵2018—2020︶︾ ᠶᠤᠰᠤᠭᠠᠷ᠂ ᠮᠠᠨ ᠤ ᠬᠤᠰᠢᠭᠤᠨ ᠤ ᠪᠤᠳᠠᠳᠠᠢ ᠲᠠᠢ ᠤᠶᠠᠯᠳᠤᠭᠤᠯᠤᠨ᠂

︽ᠲᠠᠷᠬᠠᠨ ᠮᠤᠤᠮᠢᠩᠭᠠᠨ ᠬᠤᠰᠢᠭᠤᠨ ᠤ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ

ᠲᠦᠯᠦᠪᠯᠡᠭᠡ ︵2018—2020︶︾ ᠶᠢ ᠲᠤᠭᠳᠠᠭᠠᠵᠦ᠂ ᠬᠦᠭᠡ ᠤᠭᠳᠠᠷᠭᠤᠢ ᠶᠢᠨ ᠬᠠᠮᠠᠭᠠᠯᠠᠯᠲᠡ ᠶᠢᠨ ᠲᠠᠶᠢᠨ ᠢ

ᠡᠬᠢᠯᠡᠭᠦᠯᠦᠨ᠎ᠡ᠃ ᠲᠤᠭᠤᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠵᠦ᠂

︽ᠪᠤᠬᠢᠷ ᠪᠤᠲᠠᠷᠬᠠᠢ︾ ᠠᠵᠦ ᠠᠬᠤᠶᠢᠯᠠᠯ ᠵᠢᠴᠢ ᠪᠦᠯᠦᠭᠯᠡᠯ ᠢ ᠪᠦᠬᠦ ᠲᠡᠯ᠎ᠡ ᠪᠠᠷ ᠪᠠᠶᠢᠴᠠᠭᠠᠨ ᠴᠡᠭᠴᠡᠯᠡᠵᠦ᠂ ᠲᠦᠭᠦᠮ

ᠪᠦᠲᠦᠴᠡᠲᠦ ᠤᠷᠤᠨ ᠰᠠᠭᠤᠴᠡ ᠶᠢ ᠦᠭᠡᠷᠡᠴᠢᠯᠡᠨ ᠰᠢᠨᠡᠳᠭᠡᠬᠦ ᠢᠨᠵᠧᠨᠧᠷᠢᠩ ᠢ ᠲᠦᠷᠭᠡᠳᠭᠡᠵᠦ᠂ ᠴᠡᠪᠡᠷ ᠠᠷᠢᠭᠤᠨ

ᠡᠨᠧᠷᠬᠢ ᠶᠢᠨ ᠰᠤᠷᠪᠤᠯᠵᠢ ᠪᠠᠷ ᠢᠯᠴᠢ ᠬᠠᠩᠭᠠᠬᠤ ᠠᠵᠢᠯ ᠢ ᠠᠬᠢᠭᠤᠯᠵᠦ᠂ ᠠᠵᠢᠯ ᠲᠦᠷᠦᠯ ᠤᠨ ᠬᠤᠯᠪᠤᠭᠠᠯᠠᠨ

ᠬᠢᠵᠠᠭᠠᠷᠯᠠᠬᠤ ᠶᠢ ᠴᠢᠩᠭᠠᠳᠬᠠᠵᠦ᠂ ᠵᠠᠮ ᠵᠡᠭᠡᠯᠢ᠂ ᠪᠠᠷᠢᠯᠭ᠎ᠠ ᠶᠢᠨ ᠭᠠᠵᠠᠷ᠂ ᠢᠯᠡ ᠠᠭᠤᠷᠬᠠᠢ ᠶᠢᠨ ᠭᠠᠵᠠᠷ᠂ ᠡᠰᠢ

ᠰᠦᠷᠡᠯ ᠰᠢᠲᠠᠭᠠᠬᠤ ᠵᠡᠷᠭᠡ ᠶᠢ ᠶᠡᠷᠦᠩᠬᠡᠶᠢᠯᠡᠨ ᠬᠢᠨᠠᠨ ᠬᠠᠮᠢᠶᠠᠷᠴᠦ᠂ ᠵᠠᠰᠠᠨ ᠴᠡᠭᠴᠡᠯᠡᠵᠦ᠂ ᠤᠷᠴᠢᠨ ᠲᠤᠭᠤᠷᠢᠨ ᠤ

ᠠᠭᠠᠷ ᠤᠨ ᠪᠠᠶᠢᠲᠡᠯ ᠤᠨ ᠴᠢᠨᠠᠷ ᠴᠢᠨᠰᠠᠭ᠎ᠠ ᠶᠢ ᠤᠷᠢᠳᠴᠢᠯᠠᠨ ᠮᠡᠲᠡᠭᠡᠯᠡᠬᠦ ᠰᠢᠰᠲ᠋ᠧᠮ ᠪᠤᠯᠤᠨ ᠬᠦᠨᠲᠦ ᠪᠤᠬᠢᠷᠳᠤᠯ

 ᠲᠠᠢ ᠴᠠᠭ ᠠᠭᠤᠷ ᠤᠨ ᠪᠠᠴᠢᠮ ᠪᠠᠶᠢᠲᠡᠯ ᠢ ᠠᠷᠭᠠᠴᠠᠬᠤ ᠲᠦᠰᠦᠪ ᠢ ᠤᠯᠠᠮ ᠨᠢᠭᠡ ᠠᠯᠬᠤᠮ ᠲᠡᠭᠦᠯᠲᠡᠷᠵᠢᠭᠦᠯᠦᠨ᠎ᠡ︔

ᠪᠠᠷᠠᠭᠤᠨ ᠠᠵᠦ ᠦᠢᠯᠡᠳᠪᠦᠷᠢ ᠶᠢᠨ ᠭᠡᠷᠡᠯ ᠴᠠᠬᠢᠯᠭᠠᠨ ᠢᠶᠠᠷ ᠲᠦᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ᠂

ᠠᠭᠠᠷ ᠤᠨ ᠪᠠᠶᠢᠲᠡᠯ ᠤᠨ ᠠᠦ᠋ᠲ᠋ᠤ᠋ ᠬᠢᠨᠠᠨ ᠬᠡᠮᠵᠢᠬᠦ ᠦᠷᠲᠡᠭᠡᠨ ᠤ ᠰᠦᠯᠵᠢᠶᠡᠨ ᠲᠡᠭᠡᠷ᠎ᠡ ᠭᠦᠢᠴᠡᠳᠭᠡᠬᠦ ᠪᠡ ᠲᠠᠷᠬᠠᠨ

ᠮᠤᠤᠮᠢᠩᠭᠠᠨ ᠬᠤᠰᠢᠭᠤᠨ ᠤ ᠹᠦ᠋ ᠯᠧᠢ ᠢᠯᠴᠢ ᠶᠢᠨ ᠬᠦᠴᠦᠨ ᠤ ᠢᠯᠴᠢ ᠶᠢᠨ ᠡᠬᠢ ᠰᠤᠷᠪᠤᠯᠵᠢ ᠶᠢᠨ ᠦᠢᠯᠡᠳᠪᠦᠷᠢ

 ᠶᠢ ᠦᠷᠭᠡᠳᠭᠡᠨ ᠪᠠᠶᠢᠭᠤᠯᠬᠤ ᠭᠤᠷᠪᠠᠨ ᠲᠦᠷᠦᠯ ᠤᠨ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ

ᠢᠨᠵᠧᠨᠧᠷᠢᠩ ᠢ ᠪᠡᠶᠡᠯᠡᠭᠦᠯᠵᠦ᠂ ᠪᠦᠬᠦ ᠬᠤᠰᠢᠭᠤᠨ ᠤ ᠠᠭᠠᠷ ᠤᠨ ᠰᠠᠶᠢᠨ ᠴᠢᠨᠠᠷ ᠲᠠᠢ ᠡᠳᠤᠷ ᠤᠨ ᠲᠤᠭᠠᠨ ᠤ

ᠬᠠᠷᠢᠴᠡᠯ ᠢ 90% ᠠᠴᠠ ᠲᠡᠭᠡᠭᠰᠢ ᠬᠦᠷᠭᠡᠵᠦ᠂ PM 2.5 ᠪᠦᠬᠦᠨ ᠢᠶᠠᠷ ᠢᠶᠠᠨ ᠪᠠᠷᠢᠮᠵᠢᠶ᠎ᠡ ᠳᠤ ᠬᠦᠷᠬᠦ ᠶᠢ

ᠪᠠᠳᠤᠯᠠᠨ᠎ᠡ᠃

     ᠲᠦᠷᠪᠡ᠂ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠤᠰᠤᠨ ᠤ ᠪᠤᠬᠢᠷᠳᠤᠯ ᠢ ᠶᠡᠷᠦᠩᠬᠡᠶᠢᠯᠡᠨ

ᠵᠠᠰᠠᠬᠤ ᠲᠤᠬᠠᠢ ᠬᠡᠷᠡᠭᠵᠢᠭᠦᠯᠬᠦ ᠲᠦᠰᠦᠯ ︵2015— 2020︶︾ ᠶᠤᠰᠤᠭᠠᠷ᠂ ︽ᠲᠠᠷᠬᠠᠨ ᠮᠤᠤᠮᠢᠩᠭᠠᠨ

ᠬᠤᠯᠪᠤᠭᠠᠲᠦ ᠬᠤᠰᠢᠭᠤᠨ ᠤ 2018 ᠤᠨ ᠤ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠲᠤᠬᠠᠢ

ᠬᠡᠷᠡᠭᠵᠢᠭᠦᠯᠬᠦ ᠲᠦᠰᠦᠯ︾ ᠢ ᠲᠤᠭᠳᠠᠭᠠᠨ᠎ᠡ᠃ ᠭᠤᠤᠯ ᠮᠦᠷᠡᠨ ᠤ ᠲᠠᠷᠤᠭ᠎ᠠ ᠶᠢᠨ ᠠᠵᠢᠯ ᠤᠨ ᠲᠦᠷᠢᠮ ᠢ ᠪᠠᠳᠤᠲᠠᠢ

ᠬᠡᠷᠡᠭᠵᠢᠭᠦᠯᠵᠦ᠂ ᠰᠢᠨ᠎ᠡ ᠲᠠᠷᠬᠠᠨ ᠮᠤᠤᠮᠢᠩᠭᠠᠨ ᠤ ᠬᠤᠪᠤᠷ ᠰᠢᠷᠤᠢ ᠶᠢᠨ ᠪᠤᠬᠢᠷ ᠤᠰᠤ ᠶᠢ ᠡᠬᠢ ᠰᠤᠷᠪᠤᠯᠵᠢ ᠪᠤᠯᠭᠠᠨ

ᠠᠰᠢᠭᠯᠠᠬᠤ ᠲᠦᠷᠦᠯ ᠵᠦᠢᠯ᠂ ᠪᠠᠳᠤᠬᠠᠭᠠᠯᠭ᠎ᠠ ᠶᠢᠨ ᠠᠮᠢ ᠠᠬᠤᠢ ᠶᠢᠨ ᠦᠵᠡᠮᠦᠷᠢ ᠶᠢᠨ ᠢᠨᠵᠧᠨᠧᠷᠢᠩ ᠪᠤᠯᠤᠨ

ᠪᠠᠳᠤᠬᠠᠭᠠᠯᠭ᠎ᠠ ᠶᠢᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠴᠢᠲᠠᠮᠵᠢ ᠶᠢ ᠨᠡᠮᠡᠭᠲᠡᠭᠦᠯᠬᠦ ᠭᠤᠷᠪᠠᠨ

ᠲᠦᠷᠦᠯ ᠤᠨ ᠤᠰᠣᠨ ᠤ ᠪᠤᠬᠢᠷᠳᠤᠯ ᠢ ᠰᠡᠷᠭᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠪᠠᠳᠤᠬᠠᠭᠠᠯᠭ᠎ᠠ ᠵᠡᠷᠭᠡ

4 ᠭᠠᠵᠠᠷ ᠤᠨ ᠤᠮᠲᠡ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠡᠳᠤᠷ ᠲᠤᠳᠤᠮ ᠤᠨ ᠬᠢᠨᠠᠨ ᠪᠠᠶᠢᠴᠠᠭᠠᠯᠲᠡ

 ᠪᠠᠨ ᠴᠢᠩᠭᠠᠳᠬᠠᠵᠦ᠂ ᠬᠠᠮᠠᠭᠠᠯᠠᠯᠲᠡ ᠶᠢᠨ ᠤᠷᠤᠨ ᠤ ᠬᠡᠪᠴᠢᠶᠡᠨ ᠳᠤ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ

 ᠶᠢ ᠬᠢᠵᠠᠭᠠᠷᠯᠠᠵᠦ᠂ ᠤᠮᠲᠡ ᠤᠰᠤᠨ ᠤ ᠠᠮᠦᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠨᠡᠮᠡᠭᠲᠡᠭᠦᠯᠵᠦ᠂

ᠰᠠᠭᠤᠷᠢ ᠲᠦᠭᠦᠭᠡᠷᠦᠮᠵᠢ ᠶᠢᠨ ᠲᠤᠳᠠᠭᠤᠲᠡᠯ ᠢ ᠨᠦᠬᠦᠪᠦᠷᠢᠯᠡᠵᠦ᠂ ᠬᠤᠲᠡ ᠪᠠᠯᠭᠠᠰᠤ ᠪᠤᠯᠤᠨ ᠠᠵᠦ ᠦᠢᠯᠡᠳᠪᠦᠷᠢ

 ᠶᠢᠨ ᠲᠤᠭᠤᠷᠢᠭ ᠤᠨ ᠪᠤᠬᠢᠷ ᠤᠰᠤ ᠶᠢ ᠰᠢᠢᠳᠪᠦᠷᠢᠯᠡᠬᠦ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠪᠡ

ᠦᠭᠡᠷᠡᠴᠢᠯᠡᠯᠲᠡ ᠶᠢ ᠠᠬᠢᠭᠤᠯᠵᠦ᠂ ᠪᠤᠬᠢᠷ ᠤᠰᠤᠨ ᠰᠢᠰᠲ᠋ᠧᠮ ᠢ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢ

ᠵᠤᠬᠢᠶᠠᠨ ᠪᠠᠶᠢᠭᠤᠯᠤᠨ ᠦᠷᠨᠢᠭᠦᠯᠵᠦ᠂ ᠬᠤᠲᠡ ᠶᠢᠨ ᠪᠤᠬᠢᠷ ᠤᠰᠤᠨ ᠰᠢᠰᠲ᠋ᠧᠮ ᠤᠨ ᠵᠠᠰᠠᠯᠲᠡ ᠶᠢ ᠢᠯᠡᠳᠲᠡ

ᠰᠠᠶᠢᠵᠢᠷᠠᠭᠤᠯᠵᠦ᠂ ᠤᠰᠤ ᠶᠢ ᠴᠡᠪᠡᠷᠰᠢᠭᠦᠯᠬᠦ ᠠᠵᠢᠯᠯᠠᠭ᠎ᠠ ᠶᠢ ᠦᠷᠨᠢᠭᠦᠯᠬᠦ ᠳᠤ ᠪᠠᠲᠦ ᠪᠠᠬᠢ ᠰᠠᠭᠤᠷᠢ ᠶᠢ

ᠪᠠᠶᠢᠭᠤᠯᠤᠨ᠎ᠡ᠃

     ᠲᠠᠪᠦ᠂ ︽ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ︾ ᠶᠢ ᠪᠦᠬᠦ

ᠲᠡᠯ᠎ᠡ ᠪᠠᠷ ᠨᠠᠶᠢᠳᠠᠪᠦᠷᠢᠵᠢᠭᠤᠯᠵᠦ᠂ ᠬᠦᠷᠦᠰᠦ ᠰᠢᠷᠤᠢ ᠶᠢᠨ ᠪᠤᠬᠢᠷᠳᠤᠯ ᠢ ᠵᠠᠰᠠᠨ ᠰᠡᠷᠭᠦᠭᠡᠬᠦ᠂ ᠭᠤᠤᠯᠳᠠᠯᠭᠠᠲᠦ ᠤᠷᠤᠨ

ᠪᠦᠰᠡ ᠶᠢᠨ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠲᠠᠷᠢᠶᠠᠨ ᠭᠠᠵᠠᠷ ᠢ ᠪᠤᠬᠢᠷᠳᠤᠭᠤᠯᠬᠤ

ᠲᠦᠭᠰᠢᠭᠦᠷᠢ ᠶᠢ ᠪᠠᠶᠢᠴᠠᠭᠠᠨ ᠴᠡᠭᠴᠡᠯᠡᠬᠦ ᠲᠤᠰᠬᠠᠢ ᠠᠵᠢᠯᠯᠠᠭ᠎ᠠ ᠦᠷᠨᠢᠭᠦᠯᠵᠦ᠂ ᠪᠦᠬᠦ ᠤᠯᠤᠰ ᠤᠨ ᠬᠤᠶᠠᠳᠠᠬᠢ

ᠤᠳᠠᠭᠠᠨ ᠤ ᠪᠤᠬᠢᠷᠳᠤᠯ ᠤᠨ ᠡᠬᠢ ᠶᠢᠨ ᠨᠡᠶᠢᠲᠡᠮ ᠪᠠᠶᠢᠴᠠᠭᠠᠯᠲᠡ ᠪᠠᠷ ᠲᠤᠬᠢᠶᠠᠯ ᠪᠤᠯᠭᠠᠨ᠂ ᠬᠦᠷᠦᠰᠦ ᠰᠢᠷᠤᠢ ᠶᠢᠨ

ᠪᠤᠬᠢᠷᠳᠤᠯ ᠤᠨ ᠪᠠᠶᠢᠲᠡᠯ ᠳᠤ ᠨᠠᠷᠢᠨ ᠪᠠᠶᠢᠴᠠᠭᠠᠯᠲᠡ ᠬᠢᠵᠦ᠂ ᠬᠦᠷᠦᠰᠦ ᠰᠢᠷᠤᠢ ᠶᠢᠨ ᠪᠤᠬᠢᠷᠳᠤᠯ ᠤᠨ ᠲᠦᠭᠰᠢᠭᠦᠷᠢ ᠶᠢ

ᠬᠠᠮᠢᠶᠠᠷᠤᠨ ᠬᠢᠵᠠᠭᠠᠷᠯᠠᠵᠦ᠂ ᠲᠠᠷᠢᠶᠠᠨ ᠭᠠᠵᠠᠷ ᠢ  ᠬᠦᠨᠲᠦ ᠨᠤᠴᠢᠲᠠᠢ ᠪᠤᠬᠢᠷᠳᠤᠭᠤᠯᠬᠤ ᠶᠢ ᠴᠢᠩᠭ᠎ᠠ ᠬᠠᠮᠢᠶᠠᠷᠴᠦ᠂

ᠲᠠᠷᠢᠶᠠᠯᠠᠩ ᠤᠨ ᠪᠦᠲᠦᠴᠡ ᠶᠢᠨ ᠲᠤᠬᠢᠷᠠᠭᠤᠯᠤᠯᠲᠡ ᠪᠡ ᠲᠠᠷᠢᠶᠠᠯᠠᠬᠤ ᠶᠢ ᠵᠤᠭᠰᠤᠭᠠᠵᠦ ᠤᠢ ᠮᠤᠲᠦ ᠲᠠᠷᠢᠬᠤ ᠶᠢ

ᠠᠬᠢᠭᠤᠯᠤᠨ᠎ᠡ︔ ᠬᠠᠳᠠᠭᠤ ᠪᠡᠶᠡᠲᠦ ᠬᠠᠶᠠᠭᠳᠠᠮᠠᠯ ᠪᠤᠳᠠᠰ ᠤᠨ ᠪᠤᠬᠢᠷᠳᠤᠯ ᠤᠨ ᠬᠢᠨᠠᠨ ᠪᠠᠶᠢᠴᠠᠭᠠᠯᠲᠡ ᠶᠢ

ᠴᠢᠩᠭᠠᠳᠬᠠᠵᠦ᠂ ᠤᠤᠯ ᠶᠢᠨ ᠬᠠᠷ᠎ᠡ ᠤᠪᠤᠭ᠎ᠠ ᠶᠢᠨ ᠬᠠᠶᠠᠭᠳᠠᠮᠠᠯ ᠴᠢᠯᠠᠭᠤ ᠶᠢ ᠰᠢᠢᠳᠪᠦᠷᠢᠯᠡᠬᠦ ᠠᠵᠢᠯ ᠢ

ᠦᠷᠭᠦᠯᠵᠢᠯᠠᠨ ᠦᠷᠨᠢᠭᠦᠯᠵᠦ᠂ ᠠᠶᠤᠯ ᠲᠠᠢ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠴᠢᠳᠠᠪᠦᠷᠢ ᠶᠢ ᠲᠡᠭᠡᠭᠰᠢᠯᠡᠭᠦᠯᠵᠦ᠂

ᠠᠶᠤᠯ ᠲᠠᠢ ᠬᠠᠶᠠᠭᠳᠠᠮᠠᠯ ᠪᠤᠳᠠᠰ ᠢ ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠰᠢᠢᠳᠪᠦᠷᠢᠯᠡᠬᠦ ᠪᠦᠬᠦ ᠶᠠᠪᠤᠴᠡ

 ᠳᠠᠬᠢ ᠬᠢᠨᠠᠨ ᠬᠠᠮᠢᠶᠠᠷᠤᠯᠲᠡ ᠶᠢ ᠪᠡᠶᠡᠯᠡᠭᠦᠯᠦᠨ᠎ᠡ︔ ᠮᠠᠯᠵᠢᠬᠤ ᠲᠠᠷᠢᠶᠠᠯᠠᠬᠤ ᠤᠷᠤᠨ ᠤ ᠲᠦᠪᠯᠡᠷᠡᠨ ᠵᠠᠯᠭᠠᠯᠳᠤᠭᠰᠡᠨ

ᠬᠡᠰᠡᠭ ᠤᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ ᠬᠦᠲᠡᠭᠡ ᠲᠤᠰᠬᠤᠨ

 ᠤ ᠬᠤᠭ ᠨᠤᠪᠰᠢ ᠶᠢ ᠲᠤᠬᠠᠢ ᠶᠢᠨ ᠭᠠᠵᠠᠷ ᠲᠤ ᠨᠢ ᠲᠦᠷᠦᠯ ᠬᠤᠪᠢᠶᠠᠨ᠂ ᠡᠬᠢ ᠪᠠᠶᠠᠯᠢᠭ ᠪᠤᠯᠭᠠᠨ ᠠᠰᠢᠭᠯᠠᠬᠤ ᠶᠢ

ᠠᠬᠢᠭᠤᠯᠵᠦ᠂ ᠲᠠᠷᠢᠶᠠᠯᠠᠩ ᠤᠨ ᠪᠦᠲᠦᠭᠲᠡᠭᠦᠨ ᠤ ᠶᠡᠰᠦ ᠴᠢᠨᠠᠷ ᠪᠤᠯᠤᠨ ᠰᠠᠭᠤᠷᠢᠰᠢᠬᠤ ᠤᠷᠴᠢᠨ ᠤ ᠠᠶᠦᠯᠭᠦᠢ ᠶᠢ

ᠪᠠᠳᠤᠯᠠᠨ᠎ᠡ᠃

     ᠵᠢᠷᠭᠤᠭ᠎ᠠ᠂ ᠲᠤᠤᠷ ᠰᠦᠯᠵᠢᠶ᠎ᠡ᠂ ᠷᠡᠳᠢᠣ᠋ ᠲᠧᠯᠸᠢᠰ᠂ ᠰᠤᠨᠢᠨ ᠰᠡᠳᠭᠦᠯ ᠵᠡᠷᠭᠡ ᠵᠠᠭᠤᠴᠢᠯᠠᠭᠤᠷ ᠪᠠᠷ ᠲᠠᠮᠵᠢᠨ

ᠪᠤᠬᠢᠷᠳᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠳᠤᠯᠬᠤ ᠲᠠᠶᠢᠯᠠᠯᠳᠤᠭᠠᠨ ᠤ ᠡᠯ᠎ᠡ ᠲᠦᠷᠦᠯ ᠤᠨ ᠠᠵᠢᠯ ᠤᠨ

ᠤᠬᠠᠭᠤᠯᠭ᠎ᠠ ᠶᠢ ᠰᠠᠶᠢᠳᠤᠷ ᠬᠢᠵᠦ᠂ ᠤᠯᠠᠨ ᠨᠡᠶᠢᠲᠡ ᠶᠢᠨ ᠬᠠᠮᠲᠦ ᠪᠠᠷ ᠤᠷᠤᠯᠴᠠᠬᠤ ᠤᠬᠢ ᠰᠠᠶᠢᠨ ᠤᠷᠴᠢᠨ

ᠪᠠᠶᠢᠲᠡᠯ ᠢ ᠪᠤᠢ ᠪᠤᠯᠭᠠᠨ᠎ᠡ᠃

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号