| | ᠡᠯ᠎ᠡ ᠰᠤᠮᠤ ᠰᠢᠶᠠᠩ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳᠪᠦᠷᠢ ᠶᠢᠨ | ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠤᠰᠢᠭᠤᠨ ᠤ ᠡᠯ᠎ᠡ ᠰᠢᠭᠤᠳ ᠬᠠᠷᠢᠶ᠎ᠡ ᠰᠠᠯᠠᠭ᠎ᠠ ᠮᠦᠴᠢᠷ | ᠪᠠᠶᠢᠭᠤᠯᠭ᠎ᠠ᠂ ᠡᠯ᠎ᠡ ᠠᠵᠢᠯ ᠦᠢᠯᠡᠰ ᠤᠨ ᠨᠢᠭᠡᠴᠡ᠄ | ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠡᠯ ᠤᠨ ᠬᠤᠷᠢᠶ᠎ᠡ᠂ ᠦᠪᠡᠷᠲᠡᠭᠡᠨ ᠵᠠᠰᠠᠬᠤ ᠤᠷᠤᠨ᠂ ᠪᠤᠭᠤᠲᠦ | ᠬᠤᠲᠡ ᠶᠢᠨ ᠰᠢᠢᠳᠪᠦᠷᠢ ᠪᠠᠶᠢᠷᠢᠯᠠᠭᠤᠯᠤᠯᠲᠡ ᠵᠢᠴᠢ ᠢᠯᠡ ᠵᠠᠰᠠᠭ ᠤᠨ ᠠᠵᠢᠯ ᠢ ᠪᠦᠬᠦ ᠲᠡᠯ᠎ᠡ ᠪᠠᠷ ᠠᠬᠢᠭᠤᠯᠬᠤ | ᠪᠢᠴᠢᠭ ᠮᠠᠲ᠋ᠧᠷᠢᠶᠡᠯ ᠤᠨ ᠱᠠᠭᠠᠷᠳᠠᠯᠭ᠎ᠠ ᠶᠤᠰᠤᠭᠠᠷ᠂ ᠴᠢᠬᠤᠯᠡ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ | ᠶᠢ ᠬᠢᠨᠠᠨ ᠵᠦᠪᠰᠢᠶᠡᠷᠡᠬᠦ ᠪᠡ ᠬᠡᠷᠡᠭᠵᠢᠭᠦᠯᠬᠦ᠂ ᠤᠯᠠᠨ ᠨᠡᠶᠢᠲᠡ ᠶᠢᠨ ᠡᠬᠢ ᠪᠠᠶᠠᠯᠢᠭ ᠢ ᠲᠤᠬᠢᠷᠠᠭᠤᠯᠬᠤ᠂ ᠨᠡᠶᠢᠭᠡᠮ | ᠨᠡᠶᠢᠳᠡ ᠶᠢᠨ ᠠᠰᠠᠷᠠᠮᠵᠢ ᠶᠢᠨ ᠦᠢᠯᠡᠰ ᠢ ᠪᠦᠲᠦᠭᠡᠨ ᠪᠠᠶᠢᠭᠤᠯᠬᠤ ᠬᠦᠷᠢᠶ᠎ᠡ ᠬᠡᠪᠴᠢᠶᠡᠨ ︵ᠲᠤᠤᠷ᠎ᠡ ᠲᠦᠭᠦᠮᠴᠢᠯᠡᠭᠡᠳ | ᠭᠤᠷᠪᠠᠨ ᠶᠡᠭᠡ ᠬᠡᠪᠴᠢᠶ᠎ᠡ ᠭᠡᠨ᠎ᠡ︶ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠠᠷ ᠨᠡᠶᠢᠲᠡᠯᠡᠬᠦ ᠶᠢ | ᠤᠯᠠᠮ ᠨᠢᠭᠡ ᠠᠯᠬᠤᠮ ᠠᠬᠢᠭᠤᠯᠬᠤ ᠶᠢᠨ ᠲᠦᠯᠦᠭᠡ᠂ ᠡᠯ᠎ᠡ ᠬᠠᠮᠢᠶ᠎ᠡ ᠪᠦᠭᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ | ᠨᠢ ᠬᠡᠪ ᠤᠨ ᠪᠠᠶᠢᠲᠡᠯ ᠳᠤ ᠢᠯᠡ ᠪᠠᠷ ᠨᠡᠶᠢᠲᠡᠯᠡᠬᠦ᠂ ᠤᠨᠴᠠᠭᠠᠢ ᠪᠠᠶᠢᠲᠡᠯ ᠳᠤ ᠦᠯᠦ ᠨᠡᠶᠢᠳᠡᠯᠡᠬᠦ ᠶᠢ ᠪᠠᠷᠢᠮᠳᠠᠯᠠᠵᠦ᠂ | ︽ᠪᠦᠬᠦᠲᠡ ᠨᠠᠶᠢᠷᠠᠮᠳᠠᠬᠤ ᠲᠤᠮᠳᠠᠲᠦ ᠠᠷᠠᠳ ᠤᠯᠤᠰ ᠤᠨ ᠵᠠᠰᠠᠭ ᠤᠨ ᠤᠷᠳᠤᠨ ᠤ ᠮᠡᠲᠡᠭᠡ ᠵᠠᠩᠬᠢ ᠶᠢ ᠢᠯᠡ ᠪᠠᠷ | ᠨᠡᠶᠢᠳᠡᠯᠡᠬᠦ ᠲᠦᠷᠢᠮ ᠲᠤᠭᠳᠠᠭᠠᠯ︾ ᠤᠨ ᠬᠠᠮᠢᠶ᠎ᠡ ᠪᠦᠬᠦᠢ ᠲᠤᠭᠳᠠᠭᠠᠯ ᠵᠢᠴᠢ ︽ᠬᠡᠨ ᠵᠦᠪᠰᠢᠶᠡᠷᠡᠪᠡᠯ᠂ ᠬᠡᠨ ᠨᠡᠶᠢᠲᠡᠯᠡᠬᠦ︔ | ᠬᠡᠨ ᠬᠡᠷᠡᠭᠵᠢᠭᠦᠯᠪᠡᠯ᠂ ᠬᠡᠨ ᠨᠡᠶᠢᠲᠡᠯᠡᠬᠦ︔ ᠬᠡᠨ ᠨᠠᠶᠢᠷᠠᠭᠤᠯᠪᠡᠯ᠂ ᠬᠡᠨ ᠨᠡᠶᠢᠲᠡᠯᠡᠬᠦ︾ ᠵᠠᠷᠴᠢᠮ ᠵᠢᠴᠢ ᠭᠤᠷᠪᠠᠨ ᠶᠡᠭᠡ | ᠬᠡᠪᠴᠢᠶᠡᠨ ᠳᠠᠬᠢ ᠵᠠᠰᠠᠭ ᠤᠨ ᠤᠷᠳᠤᠨ ᠤ ᠮᠡᠲᠡᠭᠡ ᠵᠠᠩᠬᠢ ᠶᠢ ᠢᠯᠡ ᠪᠠᠷ ᠨᠡᠶᠢᠳᠡᠯᠡᠬᠦ ᠨᠠᠷᠢᠨ ᠲᠠᠩᠰᠡ ᠶᠢᠨ | ᠠᠭᠤᠯᠭ᠎ᠠ ᠶᠢ ᠴᠢᠩᠭ᠎ᠠ ᠵᠢᠷᠤᠮᠯᠠᠨ᠂ ᠵᠠᠰᠠᠭ ᠤᠨ ᠤᠷᠳᠤᠨ ᠤ ᠮᠡᠳᠡᠭᠡ ᠵᠠᠩᠬᠢ ᠪᠤᠢ ᠪᠤᠯᠤᠭᠰᠡᠨ ᠡᠰᠡᠭᠦᠯ᠎ᠡ | ᠦᠬᠡᠷᠡᠴᠢᠯᠡᠨ ᠬᠤᠪᠢᠷᠠᠭᠰᠡᠨ ᠡᠳᠤᠷ ᠠᠴᠠ ᠡᠬᠢᠯᠡᠨ 20 ᠠᠵᠢᠯᠯᠠᠬᠤ ᠡᠳᠤᠷ ᠤᠨ ᠲᠤᠳᠤᠷ᠎ᠡ ᠢᠯᠡ ᠪᠠᠷ ᠨᠡᠶᠢᠳᠡᠯᠡᠬᠦ | ᠬᠡᠷᠡᠭᠲᠠᠢ︔ ᠲᠤᠭᠳᠠᠭᠰᠡᠨ ᠶᠤᠰᠤᠭᠠᠷ ᠢᠯᠡ ᠪᠤᠯᠭᠠᠬᠤ ᠪᠠᠷ ᠭᠤᠶᠤᠴᠢᠯᠠᠭᠰᠡᠨ ᠮᠡᠲᠡᠭᠡ ᠵᠠᠩᠬᠢ ᠶᠢ ᠬᠠᠦᠯᠢ ᠳᠤ | ᠲᠤᠭᠳᠠᠭᠠᠭᠰᠡᠨ ᠡᠳᠤᠷ ᠬᠤᠭᠤᠴᠠᠭᠠᠨ ᠳᠤ ᠭᠤᠶᠤᠴᠢᠯᠠᠭᠴᠢ ᠡᠳᠡᠭᠡᠳ ᠲᠤ ᠬᠠᠷᠢᠭᠤᠯᠲᠡ ᠦᠭᠭᠦ ᠬᠡᠷᠡᠭᠲᠠᠢ︔ ᠵᠠᠰᠠᠭ | ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠢ ᠵᠠᠰᠠᠭ ᠵᠠᠬᠢᠷᠭᠠᠨ ᠤ ᠰᠢᠢᠳᠪᠦᠷᠢ ᠭᠠᠷᠭᠠᠭᠰᠡᠨ ᠡᠳᠤᠷ | ᠠᠴᠠ ᠡᠬᠢᠯᠡᠨ 7 ᠠᠵᠢᠯᠯᠠᠬᠤ ᠡᠳᠤᠷ ᠤᠨ ᠲᠤᠳᠤᠷ᠎ᠡ ᠰᠦᠯᠵᠢᠶᠡᠨ ᠲᠡᠭᠡᠷ᠎ᠡ ᠢᠯᠡ ᠪᠠᠷ ᠨᠡᠶᠢᠳᠡᠯᠡᠬᠦ ᠬᠡᠷᠡᠭᠲᠠᠢ᠃ | ᠡᠯ᠎ᠡ ᠬᠠᠮᠢᠶ᠎ᠡ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠨᠢ ᠵᠠᠰᠠᠭ ᠤᠨ ᠤᠷᠳᠤᠨ ᠤ ᠠᠯᠪᠠᠨ | ᠮᠡᠲᠡᠭᠡ᠂ ᠵᠠᠰᠠᠭ ᠤᠨ ᠤᠷᠳᠤᠨ ᠤ ᠰᠦᠯᠵᠢᠶ᠎ᠡ᠂ ᠰᠣᠨᠢᠨ ᠮᠡᠲᠡᠭᠡᠨ ᠤ ᠵᠠᠭᠤᠴᠢᠯᠠᠭᠤᠷ ᠤᠨ ᠲᠠᠪᠴᠠᠩ᠂ ᠰᠤᠨᠢᠨ ᠮᠡᠳᠡᠭᠡ | ᠨᠡᠶᠢᠲᠡᠯᠡᠬᠦ ᠬᠤᠷᠡᠯ ᠵᠡᠷᠭᠡ ᠪᠠᠷ ᠲᠠᠮᠵᠢᠨ ᠡᠯ᠎ᠡ ᠲᠦᠷᠦᠯ ᠤᠨ ᠮᠡᠲᠡᠭᠡ ᠵᠠᠩᠬᠢ ᠶᠢ ᠴᠠᠭ ᠲᠤᠬᠠᠢ ᠳᠤ ᠨᠢ ᠨᠡᠶᠢᠲᠡᠯᠡᠵᠦ᠂ | ᠪᠦᠬᠦ ᠤᠯᠤᠰ ᠤᠨ ᠪᠡᠯᠡ ᠤᠷᠤᠭᠤᠯᠤᠯᠲᠡ ᠶᠢᠨ ᠲᠦᠷᠦᠯ ᠵᠦᠢᠯ ᠤᠨ ᠰᠦᠯᠵᠢᠶᠡᠨ ᠵᠦᠪᠰᠢᠶᠡᠷᠡᠯ ᠬᠠᠮᠢᠶᠠᠷᠤᠯᠲᠡ ᠶᠢᠨ | ᠲᠠᠪᠴᠠᠩ᠂ ᠪᠦᠬᠦ ᠤᠯᠤᠰ ᠤᠨ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠠᠪᠴᠠᠩ᠂ | ︽ᠢᠲᠡᠭᠡᠮᠵᠢᠲᠦ ᠲᠤᠮᠳᠠᠲᠦ ᠤᠯᠤᠰ︾ ᠰᠦᠯᠵᠢᠶ᠎ᠡ ᠵᠡᠷᠭᠡ ᠶᠢ ᠬᠦᠢᠴᠡᠳ ᠠᠰᠢᠭᠯᠠᠨ᠂ ᠭᠤᠷᠪᠠᠨ ᠶᠡᠭᠡ ᠬᠡᠪᠴᠢᠶᠡᠨ | ᠳᠠᠬᠢ ᠮᠡᠲᠡᠭᠡ ᠵᠠᠩᠬᠢ ᠶᠢ ᠬᠠᠮᠲᠦ ᠪᠠᠷ ᠡᠳ᠋ᠯᠡᠭᠦ ᠪᠦᠭᠡᠳ ᠢᠯᠡ ᠪᠠᠷ ᠨᠡᠶᠢᠲᠡᠯᠡᠵᠦ᠂ ᠵᠠᠰᠠᠭ ᠤᠨ ᠶᠠᠪᠤᠳᠡᠯ ᠤᠨ ᠰᠢᠨ᠎ᠡ | ᠵᠠᠭᠤᠴᠢᠯᠠᠭᠤᠷ᠂ ᠰᠤᠨᠢᠨ ᠮᠡᠲᠡᠭᠡᠨ ᠤ ᠵᠠᠭᠤᠴᠢᠯᠠᠭᠤᠷ᠂ ᠭᠠᠷ ᠤᠳᠠᠰᠤᠨ ᠤ ᠤᠬᠤᠷ ᠮᠡᠲᠡᠭᠡ᠂ ᠠᠯᠪᠠᠨ ᠵᠠᠷ ᠤᠨ ᠪᠤᠯᠤᠩ᠂ | ᠤᠬᠠᠭᠤᠯᠭ᠎ᠠ ᠶᠢᠨ ᠭᠠᠷ ᠠᠪᠤᠯᠭ᠎ᠠ᠂ ᠵᠠᠰᠠᠭ ᠤᠨ ᠶᠠᠪᠤᠳᠡᠯ ᠤᠨ ᠦᠢᠯᠡᠴᠢᠯᠡᠭᠡᠨ ᠤ ᠲᠠᠪᠴᠠᠩ ᠵᠡᠷᠭᠡ ᠨᠢᠭᠡᠨᠲᠡ | ᠬᠡᠷᠡᠭᠯᠡᠵᠦ ᠪᠠᠶᠢᠭ᠎ᠠ ᠠᠴᠢᠶᠠᠯᠠᠭᠴᠢ ᠪᠡ ᠠᠷᠭ᠎ᠠ ᠬᠡᠯᠪᠡᠷᠢ ᠶᠢ ᠤᠯᠠᠮ ᠠᠮᠢᠳᠤᠯᠢᠭ ᠬᠡᠷᠡᠭᠯᠡᠵᠦ᠂ ᠠᠷᠠᠳ ᠤᠯᠠᠨ ᠤ | ᠤᠯᠵᠦ ᠦᠵᠡᠬᠦ᠂ ᠦᠵᠡᠵᠦ ᠤᠶᠢᠯᠠᠭᠠᠬᠤ ᠶᠢ ᠪᠠᠳᠤᠯᠠᠵᠦ᠂ ᠤᠯᠠᠨ ᠲᠦᠮᠡᠨ ᠤ ᠠᠩᠬᠠᠷᠴᠦ ᠪᠠᠶᠢᠭ᠎ᠠ ᠵᠦᠢᠯ ᠳᠤ ᠴᠠᠭ | ᠲᠤᠬᠠᠢ ᠳᠤ ᠨᠢ ᠬᠠᠷᠢᠭᠤ ᠲᠤᠰᠬᠠᠯ ᠦᠭᠭᠦ ᠬᠡᠷᠡᠭᠲᠠᠢ᠃ | ᠡᠯ᠎ᠡ ᠬᠠᠮᠢᠶ᠎ᠡ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠨᠢ ᠭᠤᠷᠪᠠᠨ ᠶᠡᠭᠡ ᠬᠡᠪᠴᠢᠶᠡᠨ ᠤ ᠵᠠᠰᠠᠭ | ᠤᠨ ᠤᠷᠳᠤᠨ ᠤ ᠮᠡᠲᠡᠭᠡ ᠵᠠᠩᠬᠢ ᠶᠢ ᠢᠯᠡ ᠪᠠᠷ ᠨᠡᠶᠢᠳᠡᠯᠡᠬᠦ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠴᠢᠯᠠᠵᠦ᠂ | ᠤᠳᠤᠷᠢᠳᠤᠯᠭ᠎ᠠ ᠪᠠᠨ ᠴᠢᠩᠭᠠᠳᠬᠠᠵᠦ᠂ ᠡᠭᠦᠷᠭᠡ ᠬᠠᠷᠠᠯᠲᠡ ᠪᠠᠨ ᠨᠠᠶᠢᠳᠠᠪᠦᠷᠢᠵᠢᠭᠤᠯᠵᠦ᠂ ᠢᠯᠡ ᠵᠠᠰᠠᠭ ᠤᠨ ᠠᠵᠢᠯ ᠢ | ᠪᠦᠲᠦᠮᠵᠢᠲᠠᠢ ᠠᠳᠬᠤᠵᠦ᠂ 8 ᠰᠠᠷ᠎ᠡ ᠶᠢᠨ 31 ᠠᠴᠠ ᠡᠮᠦᠨ᠎ᠡ ᠪᠠᠶᠢᠭᠤᠯᠭ᠎ᠠ ᠶᠢᠨ ᠮᠡᠲᠡᠭᠡ ᠵᠠᠩᠬᠢ ᠶᠢ ᠢᠯᠡ ᠪᠠᠷ | ᠨᠡᠶᠢᠲᠡᠯᠡᠬᠦ ᠠᠷᠭ᠎ᠠ ᠬᠡᠯᠪᠡᠷᠢ ᠪᠠᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ 332 ᠲᠠᠰᠤᠭ ᠲᠤ | ᠬᠦᠷᠭᠡᠬᠦ ᠬᠡᠷᠡᠭᠲᠠᠢ᠃ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠭᠤᠤᠯᠳᠠᠭᠤ ᠭᠤᠷᠪᠠᠨ ᠶᠡᠭᠡ | ᠬᠡᠪᠴᠢᠶᠡᠨ ᠳᠠᠬᠢ ᠮᠡᠲᠡᠭᠡ ᠵᠠᠩᠬᠢ ᠶᠢ ᠢᠯᠡ ᠪᠠᠷ ᠨᠡᠶᠢᠲᠡᠯᠡᠭᠰᠡᠨ ᠪᠠᠶᠢᠲᠡᠯ᠂ ᠮᠡᠲᠡᠭᠡ ᠵᠠᠩᠬᠢ ᠶᠢᠨ ᠬᠦᠴᠦᠨ ᠲᠠᠢ | ᠬᠤᠭᠤᠴᠠᠭ᠎ᠠ᠂ ᠢᠯᠡ ᠪᠠᠷ ᠨᠡᠶᠢᠲᠡᠯᠡᠭᠰᠡᠨ ᠲᠠᠪᠴᠠᠩ ᠤᠨ ᠬᠠᠮᠠᠭᠠᠯᠠᠯᠲᠡ ᠵᠡᠷᠭᠡ ᠶᠢ ᠬᠠᠭᠠᠰ ᠵᠢᠯ ᠳᠤ ᠨᠢᠭᠡ ᠤᠳᠠᠭ᠎ᠠ | ᠪᠠᠶᠢᠴᠠᠭᠠᠨ᠎ᠡ︔ ᠡᠯ᠎ᠡ ᠰᠠᠯᠠᠭ᠎ᠠ ᠮᠦᠴᠢᠷ ᠨᠢ ᠬᠠᠭᠠᠰ ᠵᠢᠯ ᠪᠦᠷᠢ ᠶᠢᠨ ᠠᠵᠢᠯ ᠤᠨ ᠠᠬᠢᠴᠡ ᠶᠢᠨ ᠪᠠᠶᠢᠲᠡᠯ ᠢᠶᠠᠨ | ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠲᠤ ᠮᠡᠲᠡᠭᠦᠯᠵᠦ᠂ ᠠᠵᠢᠯ ᠢ ᠪᠦᠲᠦᠮᠵᠢᠲᠠᠢ ᠠᠬᠢᠭᠤᠯᠵᠦ᠂ | ᠢᠯᠡᠳᠲᠡ ᠠᠮᠵᠢᠯᠲᠡ ᠤᠯᠤᠭᠰᠡᠨ ᠪᠠᠶᠢᠭᠤᠯᠭ᠎ᠠ ᠪᠡ ᠬᠤᠪᠢ ᠬᠦᠮᠦᠨ ᠳᠤ᠂ ᠲᠤᠭᠳᠠᠭᠠᠯ ᠶᠤᠰᠤᠭᠠᠷ ᠬᠦᠬᠢᠬᠦᠯᠦᠯ | ᠬᠦᠷᠲᠡᠭᠡᠵᠦ᠂ ᠬᠠᠮᠢᠶ᠎ᠡ ᠪᠦᠬᠦᠢ ᠲᠤᠭᠳᠠᠭᠠᠯ ᠱᠠᠭᠠᠷᠳᠠᠯᠭ᠎ᠠ ᠶᠤᠰᠤᠭᠠᠷ ᠡᠭᠦᠷᠭᠡ ᠪᠠᠨ ᠦᠯᠦ ᠬᠦᠢᠴᠡᠳᠭᠡᠭᠰᠡᠳ ᠢ | ᠵᠠᠷᠯᠠᠨ ᠰᠢᠭᠦᠮᠵᠢᠯᠡᠬᠦ ᠶᠢᠨ ᠬᠠᠮᠲᠦ ᠪᠦᠬᠦ ᠵᠢᠯ ᠤᠨ ᠠᠵᠢᠯ ᠤᠨ ᠪᠦᠲᠦᠮᠵᠢ ᠶᠢᠨ ᠦᠨᠡᠯᠡᠯᠲᠡ ᠳᠤ ᠢᠯᠡᠷᠡᠭᠦᠯᠦᠨ᠎ᠡ᠃ | | ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ | ᠠᠷᠡᠳ ᠤᠨ ᠵᠠᠰᠠᠭ ᠤᠨ ᠤᠷᠳᠤᠨ ᠤ ᠠᠯᠪᠠᠨ ᠭᠡᠷ | 2018 ᠤᠨ ᠤ 7 ᠰᠡᠷ᠎ᠡ ᠶᠢᠨ 19 ᠤ ᠡᠳᠤᠷ | | | ᠲᠠᠷᠬᠠᠨ ᠮᠤᠤᠮᠢᠩᠭᠠᠨ ᠬᠤᠰᠢᠭᠤᠨ ᠤ ᠴᠢᠬᠤᠯᠡ ᠶᠡᠭᠡ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠤᠨ | ᠬᠢᠨᠠᠯᠲᠡ ᠵᠦᠪᠰᠢᠶᠡᠷᠡᠯ ᠪᠡ ᠬᠡᠷᠡᠭᠵᠢᠭᠦᠯᠦᠯᠲᠡ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠡ᠂ | ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠡ ᠳᠠᠬᠢ ᠵᠠᠰᠠᠭ ᠤᠨ ᠤᠷᠳᠤᠨ ᠤ | ᠮᠡᠲᠡᠭᠡ ᠵᠠᠩᠬᠢ ᠶᠢ ᠢᠯᠡ ᠪᠠᠷ ᠨᠡᠶᠢᠳᠡᠯᠡᠬᠦ ᠨᠠᠷᠢᠨ ᠲᠠᠩᠰᠡ | ᠨᠢᠭᠡ᠂ ᠴᠢᠬᠤᠯᠡ ᠶᠡᠭᠡ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠤᠨ ᠬᠢᠨᠠᠯᠲᠡ ᠵᠦᠪᠰᠢᠶᠡᠷᠡᠯ ᠪᠡ | ᠬᠡᠷᠡᠭᠵᠢᠭᠦᠯᠦᠯᠲᠡ ᠳᠠᠬᠢ ᠵᠠᠰᠠᠭ ᠤᠨ ᠤᠷᠳᠤᠨ ᠤ ᠮᠡᠳᠡᠭᠡ ᠵᠠᠩᠬᠢ ᠶᠢ ᠢᠯᠡ ᠪᠠᠷ ᠨᠡᠶᠢᠲᠡᠯᠡᠬᠦ ᠨᠠᠷᠢᠨ ᠲᠠᠩᠰᠡ | ᠴᠢᠬᠤᠯᠡ ᠶᠡᠭᠡ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠭᠡᠳᠡᠭ ᠨᠢ ᠬᠠᠮᠢᠶ᠎ᠡ ᠪᠦᠬᠦᠢ ᠲᠦᠷᠢᠮ | ᠲᠤᠭᠳᠠᠭᠠᠯ ᠶᠤᠰᠤᠭᠠᠷ ᠵᠠᠰᠠᠭ ᠤᠨ ᠤᠷᠳᠤᠨ ᠠᠴᠠ ᠬᠢᠨᠠᠨ ᠵᠦᠪᠰᠢᠶᠠᠷᠡᠭᠰᠡᠨ᠂ ᠠᠵᠦ ᠠᠬᠤᠢ ᠨᠡᠶᠢᠭᠡᠮ ᠤᠨ | ᠬᠦᠭᠵᠢᠯᠲᠡ ᠳᠤ ᠠᠰᠢᠭᠲᠠᠢ᠂ ᠠᠷᠠᠳ ᠤᠨ ᠠᠮᠢᠳᠤᠷᠡᠯ ᠢ ᠰᠠᠶᠢᠵᠢᠷᠠᠭᠤᠯᠬᠤ ᠳᠤ ᠴᠢᠬᠤᠯᠡ ᠮᠦᠷᠲᠡᠭᠡᠨ ᠰᠢᠭᠤᠳ | ᠨᠦᠯᠦᠭᠡ ᠲᠠᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢᠨ ᠲᠦᠷᠦᠯ ᠵᠦᠢᠯ ︵ᠬᠠᠷᠢ ᠶᠢᠨ ᠪᠡᠯᠡ | ᠤᠷᠤᠭᠤᠯᠤᠯᠲᠡ ᠶᠢᠨ ᠲᠦᠷᠦᠯ ᠵᠦᠢᠯ ᠪᠤᠯᠤᠨ ᠬᠠᠷᠢ ᠶᠢᠨ ᠲᠤᠰᠠᠯᠠᠮᠵᠢ ᠶᠢᠨ ᠲᠦᠷᠦᠯ ᠵᠦᠢᠯ ᠢ ᠪᠠᠭᠳᠠᠭᠠᠬᠤ ᠦᠭᠡᠢ︶ | ᠢ ᠵᠢᠭᠠᠵᠦ ᠪᠠᠶᠢᠨ᠎ᠡ᠃ | ᠴᠢᠬᠤᠯᠡ ᠶᠡᠭᠡ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠢ ᠬᠢᠨᠠᠨ ᠵᠦᠪᠰᠢᠶᠡᠷᠡᠬᠦ ᠪᠡ ᠬᠡᠷᠡᠭᠵᠢᠭᠦᠯᠬᠦ | ᠶᠠᠪᠤᠴᠡ ᠳᠤ᠂ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠮᠡᠳᠡᠭᠡ ᠵᠠᠩᠬᠢ᠂ ᠬᠢᠨᠠᠨ ᠵᠦᠪᠰᠢᠶᠡᠷᠡᠭᠰᠡᠨ ᠦᠷ᠎ᠡ ᠳ᠋ᠦᠩ ᠤᠨ | ᠲᠤᠬᠠᠢ ᠮᠡᠳᠡᠭᠡ ᠵᠠᠩᠬᠢ᠂ ᠲᠠᠭᠠᠭᠠᠴᠢᠯᠠᠯᠲᠡ ᠵᠠᠷᠯᠠᠬᠤ ᠲᠠᠭᠠᠭᠠᠴᠢᠯᠠᠯᠲᠡ ᠳᠤ ᠤᠷᠤᠯᠴᠠᠬᠤ ᠮᠡᠲᠡᠭᠡ ᠵᠠᠩᠬᠢ᠂ ᠭᠠᠵᠠᠷ | ᠰᠢᠷᠤᠢ ᠲᠠᠳᠠᠪᠦᠷᠢᠯᠠᠬᠤ ᠮᠡᠲᠡᠭᠡ ᠵᠠᠩᠬᠢ᠂ ᠴᠢᠬᠤᠯᠡ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠳᠡᠭᠡ ᠵᠠᠩᠬᠢ᠂ | ᠪᠠᠷᠢᠯᠭ᠎ᠠ ᠶᠢᠨ ᠠᠵᠢᠯ ᠲᠠᠢ ᠬᠤᠯᠪᠤᠭᠲᠡᠯ ᠪᠦᠬᠦᠢ ᠮᠡᠳᠡᠭᠡ ᠵᠠᠩᠬᠢ᠂ ᠶᠠᠰᠦ ᠴᠢᠨᠠᠷ ᠤᠨ ᠠᠶᠦᠯᠭᠦᠢ ᠶᠢᠨ ᠬᠢᠨᠠᠯᠲᠡ | ᠬᠠᠮᠢᠶᠠᠷᠤᠯᠲᠡ ᠶᠢᠨ ᠮᠡᠲᠡᠭᠡ ᠵᠠᠩᠬᠢ᠂ ᠪᠠᠷᠢᠯᠭ᠎ᠠ ᠲᠠᠭᠤᠰᠬᠤ ᠲᠠᠢ ᠬᠤᠯᠪᠤᠭᠲᠡᠯ ᠪᠦᠬᠦᠢ ᠮᠡᠲᠡᠭᠡ ᠵᠠᠩᠬᠢ ᠵᠡᠷᠭᠡ 8 | ᠲᠦᠷᠦᠯ ᠤᠨ ᠮᠡᠲᠡᠭᠡ ᠵᠠᠩᠬᠢ ᠶᠢ ᠭᠤᠤᠯᠳᠠᠯᠭ᠎ᠠ ᠲᠠᠢ ᠨᠡᠶᠢᠲᠡᠯᠡᠬᠦ ᠬᠡᠷᠡᠭᠲᠠᠢ᠃ ᠭᠤᠤᠯᠳᠠᠭᠤ ᠲᠤᠤᠷᠠᠬᠢ ᠮᠡᠲᠦ᠄ | 1.ᠬᠢᠨᠠᠨ ᠵᠦᠪᠰᠢᠶᠡᠷᠡᠬᠦ ᠦᠢᠯᠡᠴᠢᠯᠡᠭᠡᠨ ᠤ ᠮᠡᠲᠡᠭᠡ ᠵᠠᠩᠬᠢ᠄ ᠭᠤᠶᠤᠴᠢᠯᠠᠬᠤ ᠱᠠᠭᠠᠷᠳᠠᠯᠭ᠎ᠠ᠂ ᠭᠤᠶᠤᠴᠢᠯᠠᠬᠤ | ᠮᠠᠲ᠋ᠧᠷᠢᠶᠡᠯ ᠤᠨ ᠨᠠᠷᠢᠨ ᠲᠠᠩᠰᠡ᠂ ᠬᠢᠨᠠᠨ ᠵᠦᠪᠰᠢᠶᠠᠷᠡᠬᠦ ᠠᠯᠬᠤᠮ ᠲᠠᠷᠠᠭ᠎ᠠ᠂ ᠬᠢᠨᠠᠨ ᠵᠦᠪᠰᠢᠶᠡᠷᠡᠬᠦ ᠴᠠᠭ | ᠬᠤᠭᠤᠴᠠᠭ᠎ᠠ᠂ ᠬᠦᠢᠴᠡᠳᠭᠡᠬᠦ ᠪᠠᠶᠢᠭᠤᠯᠭ᠎ᠠ ᠶᠢᠨ ᠬᠠᠷᠢᠯᠴᠠᠬᠤ ᠬᠡᠯᠪᠡᠷᠢ᠂ ᠬᠢᠨᠠᠯᠲᠡ ᠲᠠᠯᠪᠢᠬᠤ ᠢᠯᠡᠴᠢᠯᠡᠨ ᠮᠡᠲᠡᠭᠦᠯᠬᠦ | ᠬᠡᠯᠪᠡᠷᠢ ᠵᠡᠷᠭᠡ᠃ ︵ᠬᠤᠰᠢᠭᠤᠨ ᠤ ᠬᠦᠭᠵᠢᠯᠲᠡ ᠦᠭᠡᠷᠡᠴᠢᠯᠡᠯᠲᠡ ᠶᠢᠨ ᠲᠤᠪᠴᠢᠶ᠎ᠡ ᠲᠦᠷᠦᠭᠦᠯᠡᠨ | ᠨᠠᠶᠢᠳᠠᠪᠦᠷᠢᠵᠢᠭᠤᠯᠤᠨᠡ︶ | 2. ᠬᠢᠨᠠᠨ ᠵᠦᠪᠰᠢᠶᠡᠷᠡᠭᠰᠡᠨ ᠦᠷ᠎ᠡ ᠳ᠋ᠦᠩ ᠤᠨ ᠲᠤᠬᠠᠢ ᠮᠡᠲᠡᠭᠡ ᠵᠠᠩᠬᠢ᠄ ᠲᠦᠷᠦᠯ ᠵᠦᠢᠯ ᠤᠨ ᠰᠠᠨᠠᠭᠤᠯᠭ᠎ᠠ | ᠶᠢᠨ ᠪᠢᠴᠢᠭ ᠢ ᠬᠢᠨᠠᠨ ᠵᠦᠪᠰᠢᠶᠠᠷᠡᠭᠰᠡᠨ ᠦᠷ᠎ᠡ ᠳ᠋ᠦᠩ᠂ ᠬᠡᠷᠡᠭᠵᠢᠭᠦᠯᠦᠰᠢᠲᠠᠢ ᠰᠤᠳᠤᠯᠭᠠᠨ ᠤ ᠮᠡᠲᠡᠭᠦᠯᠦᠯᠲᠡ ᠶᠢ | ᠬᠢᠨᠠᠨ ᠵᠦᠪᠰᠢᠶᠡᠷᠡᠭᠰᠡᠨ ᠦᠷ᠎ᠡ ᠳ᠋ᠦᠩ᠂ ᠠᠩᠬ᠎ᠠ ᠠᠯᠬᠤᠮ ᠤᠨ ᠵᠢᠷᠤᠭ ᠲᠦᠯᠦᠪᠯᠡᠭᠡ ᠪᠢᠴᠢᠭ ᠮᠠᠲ᠋ᠧᠷᠢᠶᠡᠯ ᠢ ᠬᠢᠨᠠᠨ | ᠵᠦᠪᠰᠢᠶᠡᠷᠡᠭᠰᠡᠨ ᠦᠷ᠎ᠡ ᠳ᠋ᠦᠩ᠂ ᠲᠦᠷᠦᠯ ᠵᠦᠢᠯ ᠤᠨ ᠬᠢᠨᠠᠨ ᠵᠦᠪᠰᠢᠶᠡᠷᠡᠭᠦᠯᠦᠭᠰᠡᠨ ᠦᠷ᠎ᠡ ᠳ᠋ᠦᠩ᠂ ᠡᠨᠧᠷᠬᠢ | ᠠᠷᠪᠢᠯᠠᠬᠤ ᠬᠢᠨᠠᠯᠲᠡ ᠪᠠᠶᠢᠴᠠᠭᠠᠯᠲᠡ ᠶᠢᠨ ᠦᠷ᠎ᠡ ᠳ᠋ᠦᠩ᠂ ᠤᠷᠴᠢᠨ ᠲᠤᠭᠤᠷᠢᠨ ᠤ ᠨᠦᠯᠦᠭᠡᠨ ᠤ ᠦᠨᠡᠯᠡᠯᠲᠡ ᠶᠢ | ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠡᠯ᠂ ᠪᠦᠲᠦᠭᠡᠨ ᠪᠠᠶᠢᠭᠤᠯᠤᠯᠲᠡ ᠳᠤ ᠬᠡᠷᠡᠭᠯᠡᠬᠦ ᠭᠠᠵᠠᠷ ᠤᠨ ᠲᠦᠯᠦᠪᠯᠡᠭᠡ ᠶᠢ | ᠬᠢᠨᠠᠨ ᠵᠦᠪᠰᠢᠶᠡᠷᠡᠭᠰᠡᠨ ᠦᠷ᠎ᠡ ᠳ᠋ᠦᠩ᠂ ᠪᠦᠲᠦᠭᠡᠨ ᠪᠠᠶᠢᠭᠤᠯᠤᠯᠲᠡ ᠶᠢᠨ ᠢᠨᠵᠧᠨᠧᠷᠢᠩ ᠤᠨ ᠲᠦᠯᠦᠪᠯᠡᠭᠡᠲᠦ ᠲᠦᠷᠦᠯ | ᠢ ᠬᠢᠨᠠᠨ ᠵᠦᠪᠰᠢᠶᠡᠷᠡᠭᠰᠡᠨ ᠦᠷ᠎ᠡ ᠳ᠋ᠦᠩ᠂ ᠪᠠᠷᠢᠯᠭ᠎ᠠ ᠡᠬᠢᠯᠡᠭᠦᠯᠬᠦ ︵ᠠᠵᠢᠯ ᠡᠬᠢᠯᠡᠭᠦᠯᠬᠦ ᠮᠡᠲᠡᠭᠦᠯᠦᠯᠲᠡ︶ ᠶᠢ ᠬᠢᠨᠠᠨ | ᠵᠦᠪᠰᠢᠶᠡᠷᠡᠭᠰᠡᠨ ᠦᠷ᠎ᠡ ᠳ᠋ᠦᠩ᠂ ᠲᠠᠭᠠᠭᠠᠴᠢᠯᠠᠯᠲᠡ ᠵᠡᠷᠯᠠᠬᠤ ᠤᠴᠢᠷ ᠶᠠᠪᠤᠳᠡᠯ ᠢ ᠬᠢᠨᠠᠨ ᠵᠦᠪᠰᠢᠶᠡᠷᠡᠭᠰᠡᠨ ᠦᠷ᠎ᠡ | ᠳ᠋ᠦᠩ᠂ ᠤᠰᠤ ᠶᠢ ᠠᠰᠠᠭᠯᠠᠬᠤ ᠵᠦᠪᠰᠢᠶᠡᠷᠡᠯ᠂ ᠤᠰᠤ ᠬᠦᠷᠦᠰᠦ ᠶᠢ ᠬᠠᠮᠠᠭᠠᠯᠠᠬᠤ ᠲᠦᠰᠦᠯ᠂ ᠦᠶᠡᠷ ᠤᠨ ᠨᠦᠯᠦᠭᠡᠨ | ᠤ ᠦᠨᠡᠯᠡᠯᠲᠡ ᠵᠡᠷᠭᠡ ᠤᠰᠤ ᠲᠠᠢ ᠬᠤᠯᠪᠤᠭᠳᠠᠭᠰᠡᠨ ᠶᠠᠪᠤᠳᠡᠯ ᠢ ᠬᠢᠨᠠᠨ ᠵᠦᠪᠰᠢᠶᠡᠷᠡᠭᠰᠡᠨ ᠦᠷ᠎ᠡ ᠳ᠋ᠦᠩ ᠵᠡᠷᠭᠡ᠃ | ︵ᠬᠤᠰᠢᠭᠤᠨ ᠤ ᠬᠦᠭᠵᠢᠯᠲᠡ ᠦᠭᠡᠷᠡᠴᠢᠯᠡᠯᠲᠡ ᠶᠢᠨ ᠲᠤᠪᠴᠢᠶ᠎ᠡ᠂ ᠤᠷᠤᠨ ᠰᠠᠭᠤᠴᠡ ᠪᠡ ᠬᠤᠲᠡ ᠬᠦᠲᠡᠭᠡ ᠶᠢᠨ | ᠲᠦᠯᠦᠪᠯᠡᠭᠡᠲᠦ ᠪᠦᠲᠦᠭᠡᠨ ᠪᠠᠶᠢᠭᠤᠯᠤᠯᠲᠡ ᠶᠢᠨ ᠲᠤᠪᠴᠢᠶ᠎ᠡ ᠵᠢᠴᠢ ᠴᠢᠬᠤᠯᠡ ᠶᠡᠭᠡ ᠲᠦᠷᠦᠯ ᠵᠦᠢᠯ ᠢ ᠬᠡᠷᠡᠭᠵᠢᠭᠦᠯᠬᠦ | ᠪᠠᠶᠢᠭᠤᠯᠭ᠎ᠠ ᠲᠤᠰ ᠪᠦᠷᠢ ᠬᠠᠷᠢᠭᠤᠴᠠᠨ ᠨᠠᠶᠢᠳᠠᠪᠦᠷᠢᠵᠢᠭᠤᠯᠤᠨᠡ︶ | 3. ᠲᠠᠭᠠᠭᠠᠴᠢᠯᠠᠯᠲᠡ ᠵᠠᠷᠯᠠᠬᠤ ᠲᠠᠭᠠᠭᠠᠴᠢᠯᠠᠯᠲᠡ ᠳᠤ ᠤᠷᠤᠯᠴᠠᠬᠤ ᠮᠡᠲᠡᠭᠡ ᠵᠠᠩᠬᠢ᠄ ᠬᠢᠷᠢ ᠬᠡᠮ ᠤᠨ | ᠲᠦᠰᠦᠪ ᠤᠨ ᠠᠯᠪᠠᠨ ᠵᠠᠷ᠂ ᠲᠠᠭᠠᠭᠠᠴᠢᠯᠠᠯᠲᠡ ᠵᠠᠷᠯᠠᠬᠤ ᠠᠯᠪᠠᠨ ᠵᠠᠷ᠂ ᠲᠠᠭᠠᠭᠠᠴᠢᠯᠠᠯᠲᠡ ᠳᠤ ᠢᠯᠠᠭᠰᠡᠨ ᠵᠢᠱᠢᠭᠰᠡᠳ | ᠤᠨ ᠠᠯᠪᠠᠨ ᠵᠠᠷ᠂ ᠲᠠᠭᠠᠭᠠᠴᠢᠯᠠᠯᠲᠡ ᠳᠤ ᠢᠯᠠᠭᠰᠡᠨ ᠦᠷ᠎ᠡ ᠳ᠋ᠦᠩ ᠤᠨ ᠠᠯᠪᠠᠨ ᠵᠠᠷ᠂ ᠬᠡᠷ᠎ᠡ ᠲᠤᠭᠳᠠᠭᠰᠡᠨ ᠵᠢᠴᠢ | ᠬᠡᠷᠡᠭᠵᠢᠭᠦᠯᠦᠭᠰᠡᠨ ᠪᠠᠶᠢᠲᠡᠯ ᠵᠡᠷᠭᠡ᠃ ︵ᠬᠤᠰᠢᠭᠤᠨ ᠤ ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ | ᠲᠦᠪ ᠬᠠᠷᠢᠭᠤᠴᠠᠨ ᠨᠠᠶᠢᠳᠠᠪᠦᠷᠢᠵᠢᠭᠤᠯᠤᠨᠡ︶ | 4. ᠭᠠᠵᠠᠷ ᠰᠢᠷᠤᠢ ᠲᠠᠳᠠᠪᠦᠷᠢᠯᠠᠬᠤ ᠮᠡᠲᠡᠭᠡ ᠵᠠᠩᠬᠢ᠄ ᠭᠠᠵᠠᠷ ᠰᠢᠷᠤᠢ ᠲᠠᠳᠠᠪᠦᠷᠢᠯᠡᠬᠤ ᠮᠡᠲᠡᠭᠳᠡᠬᠦ ᠪᠢᠴᠢᠭ | ᠵᠢᠴᠢ ᠭᠠᠵᠠᠷ ᠰᠢᠷᠤᠢ ᠲᠠᠳᠠᠪᠦᠷᠢᠯᠠᠬᠤ ᠶᠢ ᠮᠡᠲᠡᠭᠦᠯᠦᠨ ᠵᠦᠪᠰᠢᠶᠡᠷᠡᠭᠦᠯᠬᠦ ᠠᠴᠠ ᠡᠮᠦᠨᠡᠬᠢ ᠶᠠᠪᠤᠴᠡ ᠶᠢ ᠬᠦᠢᠴᠡᠳᠭᠡᠬᠦ | ᠲᠤᠬᠠᠢ ᠬᠠᠮᠢᠶ᠎ᠡ ᠪᠦᠬᠦᠢ ᠬᠡᠷᠡᠴᠢ ᠮᠠᠲ᠋ᠧᠷᠢᠶᠡᠯ᠂ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠳᠤ ᠬᠡᠷᠡᠭᠯᠡᠬᠦ | ᠭᠠᠵᠠᠷ ᠰᠢᠷᠤᠢ ᠶᠢᠨ ᠲᠤᠳᠤᠷᠬᠠᠶᠢᠯᠠᠯᠲᠡ ᠶᠢᠨ ᠪᠢᠴᠢᠭ᠂ ᠲᠠᠷᠢᠶᠠᠨ ᠭᠠᠵᠠᠷ ᠢ ᠰᠢᠯᠵᠢᠭᠦᠯᠦᠨ ᠬᠡᠷᠡᠭᠯᠡᠬᠦ ᠲᠦᠰᠦᠯ᠂ | ᠲᠠᠷᠢᠶᠠᠨ ᠭᠠᠵᠠᠷ ᠢ ᠨᠦᠬᠦᠪᠦᠷᠢᠯᠡᠬᠦ ᠲᠦᠰᠦᠯ᠂ ᠭᠠᠵᠠᠷ ᠰᠢᠷᠤᠢ ᠲᠠᠳᠠᠪᠦᠷᠢᠯᠡᠬᠤ ᠲᠦᠰᠦᠯ᠂ ᠭᠠᠵᠠᠷ ᠰᠢᠷᠤᠢ ᠬᠠᠩᠭᠠᠬᠤ | ᠲᠦᠰᠦᠯ᠂ ᠬᠡᠷᠡᠭᠵᠢᠭᠦᠯᠦᠯᠲᠡ ᠲᠤᠮᠳᠠᠬᠢ ᠭᠠᠵᠠᠷ ᠰᠢᠷᠤᠢ ᠲᠠᠳᠠᠪᠦᠷᠢᠯᠠᠬᠤ ᠠᠯᠪᠠᠨ ᠵᠠᠷ᠂ ᠭᠠᠵᠠᠷ ᠰᠢᠷᠤᠢ ᠲᠠᠳᠠᠪᠦᠷᠢᠯᠠᠬᠤ | ᠨᠦᠬᠦᠪᠦᠷᠢ ᠤᠯᠭᠤᠵᠦ ᠲᠦᠪᠬᠢᠨᠡᠭᠦᠯᠬᠦ ᠲᠦᠰᠦᠯ ᠤᠨ ᠠᠯᠪᠠᠨ ᠵᠡᠷ ᠵᠡᠷᠭᠡ᠃ ︵ᠬᠤᠰᠢᠭᠤᠨ ᠤ ᠤᠯᠤᠰ ᠤᠨ ᠭᠠᠵᠠᠷ | ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ ᠬᠠᠷᠢᠭᠤᠴᠠᠨ ᠨᠠᠶᠢᠳᠠᠪᠦᠷᠢᠵᠢᠭᠤᠯᠤᠨᠡ︶ | 5. ᠴᠢᠬᠤᠯᠡ ᠶᠡᠭᠡ ᠵᠢᠷᠤᠭ ᠲᠦᠯᠦᠪᠯᠡᠭᠡ ᠶᠢ ᠬᠤᠪᠢᠷᠠᠭᠤᠯᠬᠤ ᠮᠡᠲᠡᠭᠡ ᠵᠠᠩᠬᠢ᠄ ᠲᠦᠷᠦᠯ ᠵᠦᠢᠯ ᠤᠨ ᠵᠢᠷᠤᠭ | ᠲᠦᠯᠦᠪᠯᠡᠭᠡ ᠶᠢ ᠬᠤᠪᠢᠷᠠᠭᠤᠯᠬᠤ ᠤᠴᠢᠷ ᠰᠢᠯᠳᠠᠭᠠᠨ᠂ ᠭᠤᠤᠯ ᠠᠭᠤᠯᠭ᠎ᠠ᠂ ᠦᠨᠳᠦᠰᠦᠯᠡᠯ᠂ ᠬᠢᠨᠠᠨ ᠵᠦᠪᠰᠢᠶ᠋ᠷᠡᠭᠰᠡᠨ | ᠪᠠᠶᠢᠭᠤᠯᠭ᠎ᠠ᠂ ᠬᠤᠪᠢᠷᠠᠭᠤᠯᠤᠭᠰᠡᠨ ᠦᠷ᠎ᠡ ᠳ᠋ᠦᠩ ᠵᠡᠷᠭᠡ᠃ ︵ᠬᠤᠰᠢᠭᠤᠨ ᠤ ᠬᠦᠭᠵᠢᠯᠲᠡ ᠪᠡ ᠦᠭᠡᠷᠡᠴᠢᠯᠡᠯᠲᠡ ᠶᠢᠨ | ᠲᠤᠪᠴᠢᠶ᠎ᠡ ᠵᠢᠴᠢ ᠴᠢᠬᠤᠯᠡ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠶᠢᠭᠤᠯᠭ᠎ᠠ ᠲᠤᠰ ᠪᠦᠷᠢ ᠬᠠᠷᠢᠭᠤᠴᠠᠨ | ᠨᠡᠶᠢᠳᠡᠪᠦᠷᠢᠵᠢᠭᠤᠯᠤᠨᠡ︶ | 6. ᠪᠠᠷᠢᠯᠭ᠎ᠠ ᠶᠢᠨ ᠠᠵᠢᠯ ᠲᠠᠢ ᠬᠤᠯᠪᠤᠭᠲᠡᠯ ᠪᠦᠬᠦᠢ ᠮᠡᠳᠡᠭᠡ ᠵᠠᠩᠬᠢ᠄ ᠲᠦᠷᠦᠯ ᠵᠦᠢᠯ ᠤᠨ ᠬᠠᠦᠯᠢ ᠶᠢᠨ | ᠡᠷᠭᠡᠲᠡᠨ ᠵᠢᠴᠢ ᠭᠤᠤᠯ ᠬᠠᠷᠢᠭᠤᠴᠠᠯᠭᠠᠳᠡᠨ ᠤ ᠮᠡᠲᠡᠭᠡ ᠵᠠᠩᠬᠢ᠂ ᠵᠢᠷᠤᠭ ᠲᠦᠯᠦᠪᠯᠡᠭᠡ᠂ ᠪᠠᠷᠢᠯᠭ᠎ᠠ ᠶᠢᠨ ᠠᠵᠢᠯ᠂ ᠬᠢᠨᠠᠨ | ᠬᠠᠮᠢᠶᠠᠷᠬᠤ ᠪᠠᠶᠢᠭᠤᠯᠭ᠎ᠠ ᠵᠢᠴᠢ ᠭᠤᠤᠯ ᠬᠠᠷᠢᠭᠤᠴᠠᠯᠭᠠᠲᠡᠨ᠂ ᠲᠦᠷᠦᠯ ᠵᠦᠢᠯ ᠤᠨ ᠬᠠᠷᠢᠭᠤᠴᠠᠯᠭᠠᠲᠡᠨ ᠤ ᠮᠡᠲᠡᠭᠡ | ᠵᠠᠩᠬᠢ᠂ ᠬᠢᠷᠢ ᠬᠡᠮ ᠤᠨ ᠪᠠᠶᠢᠲᠡᠯ᠂ ᠪᠠᠷᠢᠯᠭ᠎ᠠ ᠶᠢᠨ ᠠᠵᠢᠯ ᠡᠷᠬᠢᠯᠡᠬᠦ ᠪᠠᠶᠢᠭᠤᠯᠭ᠎ᠠ ᠶᠢᠨ ᠲᠦᠷᠦᠯ ᠵᠦᠢᠯ ᠤᠨ | ᠬᠠᠮᠢᠶᠠᠷᠤᠯᠲᠡ ᠶᠢᠨ ᠪᠠᠶᠢᠭᠤᠯᠤᠮᠵᠢ᠂ ᠠᠵᠢᠯ ᠤᠨ ᠡᠭᠦᠷᠭᠡ ᠬᠠᠷᠢᠭᠤᠴᠠᠯᠭ᠎ᠠ᠂ ᠭᠤᠤᠯ ᠪᠤᠯᠬᠤ ᠬᠠᠮᠢᠶᠠᠷᠤᠯᠲᠡ ᠶᠢᠨ | ᠲᠦᠷᠢᠮ᠂ ᠪᠠᠷᠢᠯᠭ᠎ᠠ ᠶᠢᠨ ᠬᠤᠭᠤᠴᠠᠭᠠᠨ ᠳᠠᠬᠢ ᠤᠷᠴᠢᠨ ᠬᠠᠮᠠᠭᠠᠯᠠᠯᠲᠡ ᠶᠢ ᠨᠠᠶᠢᠳᠠᠪᠦᠷᠢᠵᠢᠭᠤᠯᠭᠰᠡᠨ ᠪᠠᠶᠢᠲᠡᠯ ᠵᠡᠷᠭᠡ᠃ | ︵ᠴᠢᠬᠤᠯᠡ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠶᠢᠭᠤᠯᠭ᠎ᠠ ᠬᠠᠷᠢᠭᠤᠴᠠᠨ ᠨᠠᠶᠢᠳᠠᠪᠦᠷᠢᠵᠢᠭᠤᠯᠤᠨᠡ︶ | 7. ᠶᠠᠰᠦ ᠴᠢᠨᠠᠷ ᠤᠨ ᠠᠶᠦᠯᠭᠦᠢ ᠶᠢ ᠬᠢᠨᠠᠨ ᠬᠠᠮᠢᠶᠠᠷᠬᠤ ᠮᠡᠲᠡᠭᠡ ᠵᠠᠩᠬᠢ᠄ ᠢᠨᠵᠧᠨᠧᠷᠢᠩ ᠤᠨ ᠶᠠᠰᠦ ᠴᠢᠨᠠᠷ | ᠤᠨ ᠠᠶᠦᠯᠭᠦᠢ ᠶᠢ ᠬᠢᠨᠠᠨ ᠬᠠᠮᠢᠶᠠᠷᠬᠤ ᠪᠠᠶᠢᠭᠤᠯᠤᠮᠵᠢ ᠵᠢᠴᠢ ᠬᠠᠷᠢᠯᠴᠠᠬᠤ ᠬᠡᠯᠪᠡᠷᠢ᠂ ᠶᠠᠰᠦ ᠴᠢᠨᠠᠷ ᠤᠨ ᠠᠶᠦᠯᠭᠦᠢ | ᠶᠢᠨ ᠵᠠᠰᠠᠭ ᠵᠠᠬᠢᠷᠭᠠᠨ ᠤ ᠰᠢᠳᠭᠡᠯ ᠤᠯᠭᠤᠬᠤ ᠪᠠᠶᠢᠲᠡᠯ ᠵᠡᠷᠭᠡ᠃ ︵ᠬᠤᠰᠢᠭᠤᠨ ᠤ ᠤᠷᠤᠨ ᠰᠠᠭᠤᠴᠡ ᠪᠡ ᠬᠤᠲᠡ | ᠬᠦᠲᠡᠭᠡ ᠶᠢᠨ ᠲᠦᠯᠦᠪᠯᠡᠭᠡᠲᠦ ᠪᠦᠲᠦᠭᠡᠨ ᠪᠠᠶᠢᠭᠤᠯᠤᠯᠲᠡ ᠶᠢᠨ ᠲᠤᠪᠴᠢᠶ᠎ᠡ ᠬᠠᠷᠢᠭᠤᠴᠡᠨ ᠨᠠᠶᠢᠳᠠᠪᠦᠷᠢᠵᠢᠭᠤᠯᠤᠨᠡ︶ | 8. ᠪᠠᠷᠢᠯᠭ᠎ᠠ ᠲᠠᠭᠤᠰᠬᠤ ᠲᠠᠢ ᠬᠤᠯᠪᠤᠭᠳᠠᠯ ᠪᠦᠬᠦᠢ ᠮᠡᠲᠡᠭᠡ ᠵᠠᠩᠬᠢ᠄ ᠪᠠᠷᠢᠯᠭ᠎ᠠ ᠲᠠᠭᠤᠰᠤᠭᠠᠳ ᠰᠢᠯᠭᠠᠨ | ᠬᠤᠷᠢᠶᠠᠬᠤ ᠴᠠᠭ ᠬᠤᠭᠤᠴᠠᠭ᠎ᠠ᠂ ᠪᠠᠷᠢᠯᠭ᠎ᠠ ᠲᠠᠭᠤᠰᠤᠭᠠᠳ ᠲᠠᠩᠰᠠᠯᠠᠭᠤᠯᠬᠤ ᠴᠠᠭ ᠬᠤᠭᠤᠴᠠᠭ᠎ᠠ᠂ ᠲᠠᠩᠰᠠᠯᠠᠬᠤ ᠨᠤᠮᠧᠷ | ᠲᠠᠷᠠᠭᠠᠯᠠᠯ᠂ ᠲᠠᠩᠰᠠᠯᠠᠬᠤ ᠰᠠᠯᠠᠭ᠎ᠠ ᠮᠦᠴᠢᠷ᠂ ᠠᠰᠢᠭᠯᠠᠯᠲᠡ ᠳᠤ ᠤᠷᠤᠭᠤᠯᠬᠤ ᠴᠠᠭ ᠬᠤᠭᠤᠴᠠᠭ᠎ᠠ᠂ ᠪᠠᠷᠢᠯᠭ᠎ᠠ | ᠲᠠᠭᠤᠰᠤᠭᠰᠡᠨ ᠲᠦᠰᠦᠪ ᠤᠨ ᠭᠦᠢᠴᠡᠳᠭᠡᠯ ᠢ ᠬᠢᠨᠠᠨ ᠪᠤᠳᠤᠬᠤ ᠪᠠᠶᠢᠭᠤᠯᠭ᠎ᠠ᠂ ᠬᠢᠨᠠᠨ ᠪᠤᠳᠤᠭᠰᠡᠨ ᠳ᠋ᠦᠩᠨᠡᠯᠲᠡ᠂ ᠡᠳ᠋ | ᠤᠨ ᠵᠠᠰᠠᠭ ᠤᠨ ᠲᠦᠰᠦᠪ ᠤᠨ ᠬᠦᠢᠴᠡᠳᠭᠡᠯ ᠤᠨ ᠪᠡᠯᠡ ᠮᠦᠩᠭᠦᠨ ᠤ ᠲᠤᠭ᠎ᠠ ᠬᠡᠮᠵᠢᠶ᠎ᠡ ᠵᠡᠷᠭᠡ᠃ ︵ᠴᠢᠬᠤᠯᠡ ᠶᠡᠭᠡ | ᠲᠦᠷᠦᠯ ᠵᠦᠢᠯ ᠢ ᠬᠡᠷᠡᠭᠵᠢᠭᠦᠯᠬᠦ ᠪᠠᠶᠢᠭᠤᠯᠭ᠎ᠠ ᠬᠠᠷᠢᠭᠤᠴᠠᠨ ᠨᠠᠶᠢᠳᠠᠪᠦᠷᠢᠵᠢᠭᠤᠯᠤᠨᠡ︶ | ᠬᠤᠶᠠᠷ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠡ ᠳᠠᠬᠢ ᠵᠠᠰᠠᠭ ᠤᠨ ᠤᠷᠳᠤᠨ ᠤ | ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠨᠠᠷᠢᠨ ᠲᠠᠩᠰᠡ | ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠡ᠂ ᠭᠤᠤᠯᠳᠠᠭᠤ ᠪᠠᠳᠤᠯᠠᠭ᠎ᠠ ᠶᠢᠨ ᠴᠢᠨᠠᠷᠲᠠᠢ | ᠤᠷᠤᠨ ᠰᠠᠭᠤᠴᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠡ᠂ ᠪᠠᠳᠤᠯᠠᠭ᠎ᠠ ᠶᠢᠨ ᠴᠢᠨᠠᠷᠲᠠᠢ ᠤᠷᠤᠨ | ᠰᠠᠭᠤᠴᠡ ᠶᠢᠨ ᠬᠤᠪᠢᠶᠠᠷᠢᠯᠠᠯᠲᠡ᠂ ᠤᠯᠤᠰ ᠤᠨ ᠦᠮᠴᠢᠯᠠᠯᠲᠦ ᠭᠠᠵᠠᠷ ᠰᠢᠷᠤᠢ ᠶᠢᠨ ᠬᠡᠷᠡᠭᠯᠡᠯᠲᠡ ᠶᠢᠨ ᠡᠷᠭᠡ ᠪᠡ | ᠠᠭᠤᠷᠬᠠᠢ ᠶᠢᠨ ᠦᠢᠯᠡᠰ ᠤᠨ ᠡᠷᠭᠡ ᠪᠠᠨ ᠨᠠᠶᠢᠲᠡᠨ ᠰᠢᠯᠵᠢᠭᠦᠯᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ | ᠤᠯᠤᠰ ᠤᠨ ᠡᠳ᠋ ᠬᠦᠷᠦᠩᠭᠡ ᠶᠢᠨ ᠦᠮᠴᠢᠯᠡᠬᠦ ᠡᠷᠭᠡ ᠶᠢᠨ ᠰᠤᠯᠢᠯᠴᠠᠭ᠎ᠠ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠡ ᠶᠢᠨ ᠲᠦᠷᠦᠯ ᠵᠦᠢᠯ ᠤᠨ ᠲᠠᠭᠠᠭᠠᠴᠢᠯᠠᠯᠲᠡ ᠵᠠᠷᠯᠠᠬᠤ ᠲᠠᠭᠠᠭᠠᠴᠢᠯᠠᠯᠲᠡ ᠳᠤ ᠤᠷᠤᠯᠴᠠᠬᠤ ᠵᠡᠷᠭᠡ | ᠨᠡᠶᠢᠭᠡᠮ ᠨᠡᠶᠢᠲᠡ ᠶᠢᠨ ᠠᠩᠬᠠᠷᠤᠯ ᠢ ᠲᠡᠭᠡᠲᠦ ᠬᠡᠮᠵᠢᠶ᠎ᠡ ᠪᠠᠷ ᠲᠠᠳᠠᠵᠦ᠂ ᠬᠠᠮᠲᠦ ᠪᠠᠷ ᠦᠮᠴᠢᠯᠡᠬᠦ ᠴᠢᠨᠠᠷ᠂ ᠨᠡᠶᠢᠲᠡ ᠶᠢᠨ | ᠠᠰᠠᠷᠠᠮᠵᠢ ᠶᠢᠨ ᠴᠢᠨᠠᠷ ᠲᠠᠢ᠂ ᠠᠵᠦ ᠠᠬᠤᠢ ᠨᠡᠶᠢᠭᠡᠮ ᠤᠨ ᠬᠦᠭᠵᠢᠯᠲᠡ᠂ ᠠᠷᠡᠳ ᠤᠨ ᠠᠮᠢᠳᠤᠷᠡᠯ ᠢ ᠰᠠᠶᠢᠵᠢᠷᠠᠭᠤᠯᠬᠤ | ᠳᠤ ᠴᠢᠬᠤᠯᠡ ᠮᠦᠷᠲᠡᠭᠡᠨ ᠰᠢᠭᠤᠳ ᠨᠦᠯᠦᠭᠡ ᠲᠠᠢ ᠤᠯᠠᠨ ᠨᠡᠶᠢᠲᠡ ᠶᠢᠨ ᠡᠬᠢ ᠪᠠᠶᠠᠯᠢᠭ ᠤᠨ ᠬᠤᠪᠢᠶᠠᠷᠢᠯᠠᠯᠲᠡ ᠶᠢᠨ | ᠤᠴᠢᠷ ᠶᠠᠪᠤᠳᠡᠯ ᠪᠠᠭᠳᠠᠨ᠎ᠡ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ ᠤᠷᠤᠨ ᠪᠦᠰᠡ᠂ ᠠᠵᠢᠯ ᠦᠢᠯᠡᠰ | ᠤᠨ ᠤᠨᠴᠠᠯᠢᠭ ᠢᠶᠠᠨ ᠦᠨᠳᠦᠰᠦᠯᠡᠨ᠂ ᠲᠤᠬᠠᠢ ᠶᠢᠨ ᠭᠠᠵᠠᠷ ᠤᠷᠤᠨ᠂ ᠲᠤᠬᠠᠶᠢᠯᠠᠭᠰᠡᠨ ᠠᠵᠢᠯ ᠤᠨ ᠤᠯᠠᠨ ᠨᠡᠶᠢᠲᠡ | ᠶᠢᠨ ᠡᠬᠢ ᠪᠠᠶᠠᠯᠢᠭ ᠤᠨ ᠲᠤᠬᠢᠷᠠᠭᠤᠯᠤᠯᠲᠡ ᠳᠠᠬᠢ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠬᠦᠷᠢᠶ᠎ᠡ ᠬᠡᠪᠴᠢᠶ᠎ᠡ | ᠪᠠᠨ ᠤᠯᠠᠮ ᠢᠶᠠᠷ ᠲᠤᠳᠤᠳᠬᠠᠵᠦ᠂ ᠢᠯᠡ ᠪᠠᠷ ᠨᠡᠶᠢᠲᠡᠯᠡᠬᠦ ᠬᠡᠷᠡᠭ ᠶᠠᠪᠤᠳᠡᠯ᠂ ᠤᠴᠢᠷ ᠠᠭᠤᠯᠭ᠎ᠠ᠂ ᠴᠠᠭ ᠬᠤᠭᠤᠴᠠᠭ᠎ᠠ᠂ | ᠠᠷᠭ᠎ᠠ ᠬᠡᠯᠪᠡᠷᠢ᠂ ᠬᠠᠷᠢᠭᠤᠴᠠᠯᠭ᠎ᠠ ᠶᠢᠨ ᠪᠡᠶᠡᠴᠢ ᠴᠤᠭᠴᠡ᠂ ᠬᠢᠨᠠᠨ ᠬᠠᠮᠢᠶᠠᠷᠬᠤ ᠠᠷᠭ᠎ᠠ ᠵᠠᠮ ᠵᠡᠷᠭᠡ ᠶᠢ | ᠰᠠᠨᠠᠭᠠᠴᠢᠯᠠᠭ᠎ᠠ ᠠᠴᠠ ᠪᠠᠨ ᠢᠯᠡ ᠪᠠᠷ ᠨᠡᠶᠢᠲᠡᠯᠡᠬᠦ ᠨᠠᠷᠢᠨ ᠲᠠᠩᠰᠡᠨ ᠳᠤ ᠤᠷᠤᠭᠤᠯᠬᠤ ᠬᠡᠷᠡᠭᠲᠠᠢ᠃ | 1. ᠤᠷᠤᠨ ᠰᠠᠭᠤᠴᠡ ᠶᠢᠨ ᠪᠠᠳᠤᠯᠠᠭ᠎ᠠ ᠶᠢᠨ ᠲᠡᠯ᠎ᠡ ᠪᠠᠷ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ | ᠳᠤ᠂ ᠭᠤᠤᠯᠳᠠᠭᠤ ᠬᠤᠲᠡ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠡ ᠶᠢᠨ ᠢᠨᠵᠧᠨᠧᠷᠢᠩ ᠤᠨ | ᠲᠦᠯᠦᠪᠯᠡᠭᠡᠲᠦ ᠪᠦᠲᠦᠭᠡᠨ ᠪᠠᠶᠢᠭᠤᠯᠤᠯᠲᠡ ᠶᠢᠨ ᠲᠦᠰᠦᠯ᠂ ᠪᠦᠲᠦᠭᠡᠨ ᠪᠠᠶᠢᠭᠤᠯᠤᠯᠲᠡ ᠶᠢᠨ ᠤᠨ ᠤ ᠲᠦᠯᠦᠪᠯᠡᠭᠡ | ᠶᠢᠨ ᠮᠡᠲᠡᠭᠡ ᠵᠠᠩᠬᠢ ︵ᠪᠦᠲᠦᠭᠡᠨ ᠪᠠᠶᠢᠭᠤᠯᠤᠯᠲᠡ ᠶᠢᠨ ᠲᠦᠯᠦᠪᠯᠡᠭᠡᠲᠦ ᠡᠭᠦᠷᠭᠡ ᠶᠢᠨ ᠬᠡᠮᠵᠢᠶ᠎ᠡ᠂ ᠲᠦᠯᠦᠪᠯᠡᠭᠡᠲᠦ | ᠲᠦᠷᠦᠯ ᠵᠦᠢᠯ ᠤᠨ ᠮᠡᠲᠡᠭᠡ ᠵᠠᠩᠬᠢ᠂ ᠲᠦᠯᠦᠪᠯᠡᠭᠡᠲᠦ ᠤᠷᠤᠨ ᠰᠠᠭᠤᠴᠡ ᠶᠢᠨ ᠶᠠᠩᠵᠦ ᠬᠡᠯᠪᠡᠷᠢ ᠪᠠᠭᠳᠡᠨ᠎ᠡ︶᠂ | ᠪᠦᠲᠦᠭᠡᠨ ᠪᠠᠶᠢᠭᠤᠯᠤᠯᠲᠡ ᠶᠢᠨ ᠲᠦᠯᠦᠪᠯᠡᠭᠡ ᠶᠢ ᠪᠡᠶᠡᠯᠡᠭᠦᠯᠦᠭᠰᠡᠨ ᠪᠠᠶᠢᠲᠡᠯ ᠤᠨ ᠮᠡᠲᠡᠭᠡ ᠵᠠᠩᠬᠢ ︵ᠲᠦᠯᠦᠪᠯᠡᠭᠡᠲᠦ | ᠡᠭᠦᠷᠭᠡ ᠶᠢ ᠪᠡᠶᠡᠯᠡᠭᠦᠯᠦᠭᠰᠡᠨ ᠠᠬᠢᠴᠡ᠂ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠦᠨᠳᠦᠰᠦᠨ ᠮᠡᠲᠡᠭᠡ ᠵᠠᠩᠬᠢ᠂ | ᠪᠠᠷᠢᠯᠭ᠎ᠠ ᠲᠠᠭᠤᠰᠤᠭᠰᠡᠨ ᠲᠦᠷᠦᠯ ᠵᠦᠢᠯ ᠤᠨ ᠦᠨᠳᠦᠰᠦᠨ ᠮᠡᠲᠡᠭᠡ ᠵᠠᠩᠬᠢ᠂ ᠢᠵᠢ ᠪᠦᠷᠢᠯᠳᠤᠭᠦᠯᠦᠭᠰᠡᠨ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢᠨ ᠪᠠᠶᠢᠲᠡᠯ ᠪᠠᠭᠳᠡᠨ᠎ᠡ︶᠂ ᠬᠦᠲᠡᠭᠡ ᠲᠤᠰᠬᠤᠨ ᠤ ᠠᠶᠦᠯᠲᠠᠢ ᠬᠡᠷ | ᠪᠠᠶᠢᠰᠢᠩ ᠢ ᠦᠭᠡᠷᠡᠴᠢᠯᠠᠨ ᠰᠢᠨᠡᠳᠭᠡᠬᠦ ᠬᠠᠮᠢᠶ᠎ᠡ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠪᠠᠶᠢᠲᠡᠯ ᠤᠨ ᠮᠡᠲᠡᠭᠡ ᠵᠠᠩᠬᠢ ︵ᠬᠦᠲᠡᠭᠡ ᠲᠤᠰᠬᠤᠨ ᠤ ᠠᠶᠦᠯᠲᠠᠢ ᠬᠡᠷ ᠪᠠᠶᠢᠰᠢᠩ ᠢ | ᠦᠭᠡᠷᠡᠴᠢᠯᠠᠨ ᠰᠢᠨᠡᠳᠭᠡᠬᠦ ᠲᠦᠷᠦ ᠶᠢᠨ ᠪᠤᠳᠤᠯᠭ᠎ᠠ᠂ ᠬᠤᠯᠪᠤᠭᠲᠡᠯ ᠪᠦᠬᠦᠢ ᠡᠲᠡᠭᠡᠳ ᠢ ᠮᠠᠭᠠᠳᠯᠠᠨ ᠲᠤᠭᠳᠠᠭᠠᠬᠤ | ᠶᠠᠪᠤᠴᠡ᠂ ᠨᠦᠬᠦᠪᠦᠷᠢ ᠮᠦᠩᠭᠦ ᠬᠤᠪᠢᠶᠠᠷᠢᠯᠠᠬᠤ᠂ ᠦᠭᠡᠷᠡᠴᠢᠯᠡᠨ ᠰᠢᠨᠡᠳᠭᠡᠭᠰᠡᠨ ᠦᠷ᠎ᠡ ᠳ᠋ᠦᠩ ᠪᠠᠭᠳᠠᠨ᠎ᠡ︶ ᠶᠢ ᠢᠯᠡ | ᠪᠠᠷ ᠨᠡᠶᠢᠲᠡᠯᠡᠬᠦ ᠬᠡᠷᠡᠭᠲᠠᠢ︔ ᠤᠷᠤᠨ ᠰᠠᠭᠤᠴᠡ ᠶᠢᠨ ᠬᠤᠪᠢᠶᠠᠷᠢᠯᠠᠯᠲᠡ ᠳᠤ᠂ ᠭᠤᠤᠯᠳᠠᠭᠤ ᠪᠠᠲᠤᠯᠠᠭ᠎ᠠ ᠶᠢᠨ ᠴᠢᠨᠠᠷᠲᠠᠢ | ᠤᠷᠤᠨ ᠰᠠᠭᠤᠴᠡ ᠶᠢᠨ ᠬᠤᠪᠢᠶᠠᠷᠢᠯᠠᠯᠲᠡ ᠶᠢᠨ ᠲᠦᠷᠦ ᠶᠢᠨ ᠪᠤᠳᠤᠯᠭ᠎ᠠ᠂ᠬᠤᠪᠢᠶᠠᠷᠢᠯᠠᠬᠤ ᠡᠲᠡᠭᠡᠳ᠂ ᠬᠤᠪᠢᠶᠠᠷᠢᠯᠠᠬᠤ | ᠭᠡᠷ ᠪᠠᠶᠢᠰᠢᠩ ᠤᠨ ᠢᠷᠡᠯᠲᠡ᠂ ᠬᠤᠪᠢᠶᠠᠷᠢᠯᠠᠬᠤ ᠠᠯᠬᠤᠮ ᠲᠠᠷᠠᠭ᠎ᠠ᠂ ᠬᠤᠪᠢᠶᠠᠷᠢᠯᠠᠬᠤ ᠶᠠᠪᠤᠴᠡ᠂ ᠬᠤᠪᠢᠶᠠᠷᠢᠯᠠᠭᠰᠡᠨ | ᠦᠷ᠎ᠡ ᠳ᠋ᠦᠩ ᠵᠡᠷᠭᠡ ᠮᠡᠳᠡᠭᠡ ᠵᠠᠩᠬᠢ ᠶᠢ ᠢᠯᠡ ᠪᠠᠷ ᠨᠡᠶᠢᠲᠡᠯᠡᠬᠦ ᠬᠡᠷᠡᠭᠲᠠᠢ᠃ ︵ᠬᠤᠰᠢᠭᠤᠨ ᠤ ᠤᠷᠤᠨ ᠰᠠᠭᠤᠴᠡ ᠪᠡ | ᠬᠤᠲᠡ ᠬᠦᠲᠡᠭᠡ ᠶᠢᠨ ᠲᠦᠯᠦᠪᠯᠡᠭᠡᠲᠦ ᠪᠦᠲᠦᠭᠡᠨ ᠪᠠᠶᠢᠭᠤᠯᠤᠯᠲᠡ ᠶᠢᠨ ᠲᠤᠪᠴᠢᠶ᠎ᠡ ᠲᠦᠷᠦᠭᠦᠯᠠᠨ | ᠨᠠᠶᠢᠳᠠᠪᠤᠷᠢᠵᠢᠭᠤᠯᠤᠨ᠎ᠡ︶ | 2. ᠤᠯᠤᠰ ᠤᠨ ᠦᠮᠴᠢᠯᠠᠯᠲᠦ ᠭᠠᠵᠠᠷ ᠰᠢᠷᠤᠢ ᠶᠢ ᠬᠡᠷᠡᠭᠯᠡᠬᠦ ᠡᠷᠭᠡ ᠶᠢ ᠨᠠᠶᠢᠲᠡᠨ ᠰᠢᠯᠵᠢᠭᠦᠯᠬᠦ ᠲᠡᠯ᠎ᠡ ᠪᠠᠷ᠂ | ᠭᠤᠤᠯᠳᠠᠭᠤ ᠭᠠᠵᠠᠷ ᠰᠢᠷᠤᠢ ᠶᠢᠨ ᠬᠠᠩᠭᠠᠯᠭ᠎ᠠ ᠶᠢᠨ ᠲᠦᠯᠦᠪᠯᠡᠭᠡ᠂ ᠨᠡᠶᠢᠲᠡᠨ ᠰᠢᠯᠵᠢᠭᠦᠯᠬᠦ ᠠᠯᠪᠠᠨ ᠵᠠᠷ᠂ ᠨᠡᠶᠢᠲᠡᠨ | ᠰᠢᠯᠵᠢᠭᠦᠯᠦᠭᠰᠡᠨ ᠠᠯᠪᠠᠨ ᠵᠠᠷ᠂ ᠬᠠᠩᠭᠠᠯᠭ᠎ᠠ ᠶᠢᠨ ᠦᠷ᠎ᠡ ᠳ᠋ᠦᠩ ᠵᠡᠷᠭᠡ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ | ᠬᠡᠷᠡᠭᠲᠠᠢ᠃ ︵ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ ᠲᠦᠷᠦᠭᠦᠯᠡᠨ | ᠨᠠᠶᠢᠳᠠᠪᠦᠷᠢᠵᠢᠭᠤᠯᠤᠨᠡ︶ | 3. ᠠᠭᠤᠷᠬᠠᠢ ᠶᠢᠨ ᠦᠢᠯᠡᠰ ᠤᠨ ᠡᠷᠭᠡ ᠶᠢ ᠨᠡᠶᠢᠲᠡᠨ ᠰᠢᠯᠵᠢᠭᠦᠯᠬᠦ ᠲᠡᠯ᠎ᠡ ᠪᠠᠷ᠂ ᠭᠤᠤᠯᠳᠠᠭᠤ ᠡᠷᠭᠡ ᠪᠠᠨ | ᠨᠠᠶᠢᠲᠡᠨ ᠰᠢᠯᠵᠢᠭᠦᠯᠬᠦ ᠠᠯᠪᠠᠨ ᠵᠠᠷ ᠠᠯᠪᠠᠨ ᠮᠡᠲᠡᠭᠡ᠂ ᠬᠢᠨᠠᠨ ᠵᠦᠪᠰᠢᠶᠡᠷᠡᠭᠰᠡᠨ ᠦᠷ᠎ᠡ ᠳ᠋ᠦᠩ ᠤᠨ ᠮᠡᠲᠡᠭᠡ ᠵᠠᠩᠬᠢ᠂ | ᠲᠦᠷᠦᠯ ᠵᠦᠢᠯ ᠤᠨ ᠮᠡᠲᠡᠭᠡ ᠵᠠᠩᠬᠢ ᠵᠡᠷᠭᠡ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠬᠡᠷᠡᠭᠲᠠᠢ᠃ ︵ᠬᠤᠰᠢᠭᠤᠨ ᠤ | ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ ᠲᠦᠷᠦᠭᠦᠯᠡᠨ ᠨᠠᠶᠢᠳᠠᠪᠦᠷᠢᠵᠢᠭᠤᠯᠤᠨᠡ︶ | 4. ᠵᠠᠰᠠᠭ ᠤᠨ ᠤᠷᠳᠤᠨ ᠤ ᠬᠤᠳᠠᠯᠳᠤᠨ ᠠᠪᠬᠤ ᠲᠡᠯ᠎ᠡ ᠪᠠᠷ᠂ ᠭᠤᠤᠯᠳᠠᠭᠤ ᠬᠤᠳᠠᠯᠳᠤᠨ ᠠᠪᠬᠤ ᠲᠦᠷᠦᠯ | ᠵᠦᠢᠯ ᠤᠨ ᠠᠯᠪᠠᠨ ᠵᠠᠷ᠂ ᠬᠤᠳᠠᠯᠳᠤᠨ ᠠᠪᠬᠤ ᠪᠢᠴᠢᠭ ᠮᠠᠲ᠋ᠧᠷᠢᠶᠡᠯ᠂ ᠬᠤᠳᠠᠯᠳᠤᠨ ᠠᠪᠬᠤ ᠲᠦᠰᠦᠪ ᠤᠨ ᠵᠤᠭᠤᠰ | ᠤᠨ ᠲᠤᠭ᠎ᠠ ᠬᠡᠮᠵᠢᠶ᠎ᠡ᠂ ᠬᠤᠳᠠᠯᠳᠤᠨ ᠠᠪᠬᠤ ᠦᠷ᠎ᠡ ᠳ᠋ᠦᠩ᠂ ᠬᠤᠳᠠᠯᠳᠤᠨ ᠠᠪᠬᠤ ᠭᠡᠷ᠎ᠡ ᠵᠡᠷᠭᠡ ᠬᠤᠳᠠᠯᠳᠤᠨ ᠠᠪᠬᠤ | ᠲᠦᠷᠦᠯ ᠵᠦᠢᠯ ᠤᠨ ᠮᠡᠲᠡᠭᠡ ᠵᠠᠩᠬᠢ᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠵᠠᠭᠠᠯᠳᠤᠯᠭ᠎ᠠ ᠪᠤᠯᠤᠨ ᠬᠢᠨᠠᠨ | ᠪᠠᠶᠢᠴᠠᠭᠠᠯᠲᠡ᠂ ᠲᠦᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ᠂ | ᠬᠠᠦᠯᠢ ᠶᠢ ᠵᠦᠷᠢᠴᠡᠵᠦ ᠢᠲᠡᠭᠡᠯ ᠠᠯᠳᠠᠭᠰᠡᠨ ᠦᠢᠯᠡ ᠠᠵᠢᠯᠯᠠᠭ᠎ᠠ ᠶᠢ ᠲᠡᠮᠳᠡᠭᠯᠡᠭᠰᠡᠨ ᠵᠡᠷᠭᠡ ᠮᠡᠲᠡᠭᠡ ᠵᠠᠩᠬᠢ ᠶᠢ | ᠢᠯᠡ ᠪᠠᠷ ᠨᠡᠶᠢᠲᠡᠯᠡᠬᠦ ᠬᠡᠷᠡᠭᠲᠠᠢ᠃ ︵ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠡ᠂ ᠤᠯᠠᠨ ᠨᠡᠶᠢᠲᠡ ᠶᠢᠨ ᠡᠬᠢ | ᠪᠠᠶᠠᠯᠢᠭ ᠤᠨ ᠰᠤᠯᠢᠯᠴᠠᠭᠠᠨ ᠤ ᠲᠦᠪ ᠲᠦᠷᠦᠭᠦᠯᠡᠨ ᠨᠠᠶᠢᠳᠠᠪᠦᠷᠢᠵᠢᠭᠤᠯᠤᠨᠡ︶ | 5. ᠤᠯᠤᠰ ᠤᠨ ᠡᠳ᠋ ᠬᠦᠷᠦᠩᠭᠡ ᠶᠢᠨ ᠦᠮᠴᠢᠯᠡᠬᠦ ᠡᠷᠭᠡ ᠶᠢᠨ ᠰᠤᠯᠢᠯᠴᠠᠭᠠᠨ ᠤ ᠲᠡᠯ᠎ᠡ ᠪᠠᠷ᠂ ᠬᠤᠳᠠᠯᠳᠤᠭᠠᠨ | ᠤ ᠨᠢᠭᠤᠴᠡ ᠳᠤ ᠬᠤᠯᠪᠤᠭᠳᠠᠬᠤ ᠠᠴᠠ ᠭᠠᠳᠠᠨ᠎ᠡ᠂ ᠭᠤᠤᠯᠳᠠᠭᠤ ᠡᠳ᠋ ᠬᠦᠷᠦᠩᠭᠡ ᠶᠢᠨ ᠦᠮᠴᠢᠯᠡᠬᠦ ᠡᠷᠭᠡ ᠶᠢᠨ | ᠰᠤᠯᠢᠯᠴᠠᠭᠠᠨ ᠤ ᠰᠢᠢᠳᠪᠦᠷᠢ ᠵᠢᠴᠢ ᠬᠢᠨᠠᠨ ᠵᠦᠪᠰᠢᠶᠡᠷᠡᠭᠰᠡᠨ ᠮᠡᠲᠡᠭᠡ ᠵᠠᠩᠬᠢ᠂ ᠰᠤᠯᠢᠯᠴᠠᠭᠠᠨ ᠤ ᠲᠦᠷᠦᠯ ᠵᠦᠢᠯ ᠤᠨ | ᠮᠡᠲᠡᠭᠡ ᠵᠠᠩᠬᠢ᠂ ᠰᠢᠯᠵᠢᠭᠦᠯᠦᠨ ᠦᠭᠬᠦ ᠦᠨᠡᠬᠠᠩᠰᠢ᠂ ᠰᠤᠯᠢᠯᠴᠠᠭᠠᠨ ᠤ ᠦᠨ᠎ᠡ ᠬᠠᠩᠰᠢ᠂ ᠬᠠᠮᠢᠶ᠎ᠡ ᠪᠦᠬᠦᠢ ᠵᠠᠭᠤᠴᠢ | ᠪᠠᠶᠢᠭᠤᠯᠤᠮᠵᠢ ᠶᠢᠨ ᠬᠢᠨᠠᠨ ᠪᠤᠳᠤᠭᠰᠡᠨ ᠦᠷ᠎ᠡ ᠳ᠋ᠦᠩ ᠵᠡᠷᠭᠡ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠬᠡᠷᠡᠭᠲᠠᠢ᠃ | ︵ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠡ ᠲᠦᠷᠦᠭᠦᠯᠡᠨ ᠨᠡᠶᠢᠳᠠᠪᠦᠷᠢᠵᠢᠭᠤᠯᠤᠨᠡ︶ | 6. ᠢᠨᠵᠧᠨᠧᠷᠢᠩ ᠤᠨ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠤᠨ ᠲᠠᠭᠠᠭᠠᠴᠢᠯᠠᠯᠲᠡ ᠵᠠᠷᠯᠠᠬᠤ | ᠲᠠᠭᠠᠭᠠᠴᠢᠯᠠᠯᠲᠡ ᠳᠤ ᠤᠷᠤᠯᠴᠠᠬᠤ ᠲᠡᠯ᠎ᠡ ᠪᠠᠷ᠂ ᠭᠤᠤᠯᠳᠠᠭᠤ ᠬᠠᠦᠯᠢ ᠶᠤᠰᠤᠭᠠᠷ ᠡᠷᠬᠡᠪᠰᠢ ᠲᠠᠭᠠᠭᠠᠴᠢᠯᠠᠯᠲᠡ ᠵᠠᠷᠯᠠᠬᠤ | ᠴᠢᠬᠤᠯᠠᠲᠠᠢ ᠲᠦᠷᠦᠯ ᠵᠦᠢᠯ ᠤᠨ ᠬᠢᠨᠠᠨ ᠵᠦᠪᠰᠢᠶᠡᠷᠡᠭᠰᠡᠨ ᠲᠠᠩᠰᠠᠯᠠᠯ ᠤᠨ ᠮᠡᠲᠡᠭᠡ ᠵᠠᠩᠬᠢ᠂ ᠵᠠᠬ᠎ᠠ ᠲᠡᠯᠭᠡᠭᠦᠷ ᠤᠨ | ᠭᠤᠤᠯ ᠴᠤᠭᠴᠡ ᠶᠢᠨ ᠢᠲᠡᠭᠡᠮᠵᠢ ᠵᠡᠷᠭᠡ ᠮᠡᠲᠡᠭᠡ ᠵᠠᠩᠬᠢ᠂ ᠤᠯᠤᠰ ᠤᠨ ᠨᠢᠭᠤᠴᠡ᠂ ᠬᠤᠳᠠᠯᠳᠤᠭᠠᠨ ᠤ ᠨᠢᠭᠤᠴᠡ ᠳᠤ | ᠬᠤᠯᠪᠤᠭᠳᠠᠬᠤ ᠠᠴᠠ ᠪᠤᠰᠤᠳ ᠲᠠᠭᠠᠭᠠᠴᠢᠯᠠᠯᠲᠡ ᠵᠠᠷᠯᠠᠬᠤ ᠠᠯᠪᠠᠨ ᠵᠠᠷ ︵ᠲᠠᠭᠠᠭᠠᠴᠢᠯᠠᠯᠲᠡ ᠵᠠᠷᠯᠠᠬᠤ ᠨᠦᠬᠦᠴᠡᠯ᠂ | ᠲᠦᠷᠦᠯ ᠵᠦᠢᠯ ᠤᠨ ᠲᠤᠪᠴᠢ ᠪᠠᠶᠢᠲᠡᠯ ᠪᠤᠯᠤᠨ ᠲᠠᠭᠠᠭᠠᠴᠢᠯᠠᠯᠲᠡ ᠵᠠᠷᠯᠠᠬᠤ ᠬᠦᠷᠢᠶ᠎ᠡ ᠬᠡᠪᠴᠢᠶ᠎ᠡ᠂ ᠲᠠᠭᠠᠭᠠᠴᠢᠯᠠᠯᠲᠡ | ᠳᠤ ᠤᠷᠤᠯᠴᠠᠬᠤ ᠬᠢᠷᠢ ᠬᠡᠮ ᠨᠦᠬᠦᠴᠡᠯ ᠱᠠᠭᠠᠷᠳᠠᠯᠭ᠎ᠠ᠂ ᠲᠠᠭᠠᠭᠠᠴᠢᠯᠠᠯᠲᠡ ᠵᠠᠷᠯᠠᠬᠤ ᠪᠢᠴᠢᠭ ᠮᠠᠲ᠋ᠧᠷᠢᠶᠡᠯ ᠬᠦᠷᠲᠡᠬᠦ᠂ | ᠲᠠᠭᠠᠭᠠᠴᠢᠯᠠᠯᠲᠡ ᠳᠤ ᠤᠷᠤᠯᠴᠠᠬᠤ ᠪᠢᠴᠢᠭ ᠮᠠᠲ᠋ᠧᠷᠢᠶᠡᠯ ᠲᠡᠪᠰᠢᠭᠦᠯᠬᠦ ᠵᠡᠷᠭᠡ ᠪᠠᠭᠳᠡᠨ᠎ᠡ︶᠂ ᠲᠠᠭᠠᠭᠠᠴᠢᠯᠠᠯᠲᠡ ᠳᠤ | ᠢᠯᠠᠭᠰᠡᠨ ᠵᠢᠱᠢᠭᠰᠡᠳ ︵ᠵᠢᠱᠢᠭᠰᠡᠳ ᠤᠨ ᠲᠡᠰ ᠲᠠᠷᠠᠭᠠᠯᠠᠯ᠂ ᠤᠪᠤᠭ ᠨᠡᠷ᠎ᠡ᠂ ᠲᠠᠭᠠᠭᠠᠴᠢᠯᠠᠭᠰᠡᠨ ᠦᠨ᠎ᠡ ᠬᠠᠩᠰᠢ᠂ | ᠵᠢᠱᠢᠭᠰᠡᠳ ᠤᠨ ᠲᠠᠭᠠᠭᠠᠴᠢᠯᠠᠯᠲᠡ ᠳᠤ ᠤᠷᠤᠯᠴᠠᠬᠤ ᠪᠢᠴᠢᠭ ᠮᠠᠲ᠋ᠧᠷᠢᠶᠡᠯ ᠳᠤ ᠲᠠᠭᠯᠠᠭᠰᠡᠨ ᠬᠢᠷᠢ ᠬᠡᠮ ᠨᠦᠬᠦᠴᠡᠯ | ᠴᠢᠳᠠᠪᠦᠷᠢ᠂ ᠠᠳᠠᠯᠢ ᠪᠤᠰᠤ ᠰᠠᠨᠠᠯ ᠲᠤᠷᠠᠳᠤᠭᠰᠡᠨ ᠠᠷᠭ᠎ᠠ ᠬᠡᠯᠪᠡᠷᠢ ᠵᠡᠷᠭᠡ ᠪᠠᠭᠳᠡᠨ᠎ᠡ︶᠂ ᠲᠠᠭᠠᠭᠠᠴᠢᠯᠠᠯᠲᠡ ᠳᠤ | ᠢᠯᠠᠭᠰᠡᠨ ᠦᠷ᠎ᠡ ᠳ᠋ᠦᠩ᠂ ᠬᠡᠷ᠎ᠡ ᠲᠤᠭᠳᠠᠬᠤ ᠵᠢᠴᠢ ᠬᠡᠷᠡᠭᠵᠢᠭᠦᠯᠬᠦ ᠵᠡᠷᠭᠡ ᠮᠡᠲᠡᠭᠡ ᠵᠠᠩᠬᠢ ᠪᠦᠬᠦᠨ ᠢ ᠨᠡᠶᠢᠭᠡᠮ | ᠨᠡᠶᠢᠲᠡ ᠳᠤ ᠢᠯᠡ ᠪᠠᠷ ᠨᠡᠶᠢᠲᠡᠯᠡᠬᠦ ᠶᠤᠰᠤᠳᠠᠢ᠃ ︵ᠤᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠪ | ᠲᠦᠷᠦᠭᠦᠯᠡᠨ ᠨᠠᠶᠢᠳᠠᠪᠦᠷᠢᠵᠢᠭᠤᠯᠤᠨᠡ︶ | ᠭᠤᠷᠪᠡ᠂ ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠡ ᠳᠠᠬᠢ ᠵᠠᠰᠠᠭ ᠤᠨ | ᠤᠷᠳᠤᠨ ᠤ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠨᠠᠷᠢᠨ ᠲᠠᠩᠰᠡ | ᠡᠯ᠎ᠡ ᠬᠠᠮᠢᠶ᠎ᠡ ᠪᠦᠬᠦᠢ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠨᠢ ᠨᠡᠶᠢᠭᠡᠮ ᠨᠡᠶᠢᠲᠡ ᠶᠢᠨ ᠠᠩᠬᠠᠷᠤᠯ ᠢ | ᠲᠡᠭᠡᠲᠦ ᠬᠡᠮᠵᠢᠶ᠎ᠡ ᠪᠠᠷ ᠲᠠᠳᠠᠵᠦ ᠪᠠᠶᠢᠭ᠎ᠠ᠂ ᠨᠡᠶᠢᠲᠡ ᠶᠢᠨ ᠠᠰᠠᠷᠠᠮᠵᠢ ᠶᠢᠨ ᠦᠩᠭᠡ ᠪᠤᠳᠤᠭ ᠢᠶᠠᠷ ᠬᠦᠨ ᠪᠠᠶᠢᠬᠤ | ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠪᠠᠷ ᠭᠤᠤᠯᠳᠠᠯᠭ᠎ᠠ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ | ᠪᠠᠬᠢᠯᠡᠯᠲᠡ ᠰᠢᠪᠳᠤᠯᠬᠤ ᠠᠵᠢᠯ ᠢ ᠠᠬᠢᠭᠤᠯᠬᠤ᠂ ᠨᠡᠶᠢᠭᠡᠮ ᠤᠨ ᠲᠤᠰᠠᠯᠠᠮᠵᠢ ᠪᠤᠯᠤᠨ ᠨᠡᠶᠢᠭᠡᠮ ᠤᠨ ᠠᠰᠠᠷᠠᠮᠵᠢ᠂ | ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠂ ᠤᠷᠴᠢᠨ ᠬᠠᠮᠠᠭᠠᠯᠠᠯᠲᠡ᠂ ᠭᠠᠢ ᠭᠠᠮᠰᠢᠭ ᠤᠨ | ᠲᠤᠰᠠᠯᠠᠮᠵᠢ᠂ ᠤᠯᠠᠨ ᠨᠡᠶᠢᠲᠡ ᠶᠢᠨ ᠰᠤᠶᠤᠯ ᠪᠡᠶ᠎ᠡ ᠶᠢᠨ ᠲᠠᠮᠢᠷ ᠵᠡᠷᠭᠡ ᠬᠦᠷᠢᠶ᠎ᠡ ᠬᠡᠪᠴᠢᠶᠡᠨ ᠳᠠᠬᠢ ᠵᠠᠰᠠᠭ ᠤᠨ | ᠤᠷᠳᠤᠨ ᠤ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠶᠢᠨ ᠬᠠᠮᠲᠦ ᠤᠷᠤᠨ ᠪᠦᠰᠡ᠂ ᠠᠵᠢᠯ ᠲᠦᠷᠦᠯ ᠤᠨ | ᠤᠨᠴᠠᠯᠢᠭ ᠢᠶᠠᠨ ᠦᠨᠳᠦᠰᠦᠯᠡᠨ᠂ ᠲᠤᠬᠠᠢ ᠶᠢᠨ ᠭᠠᠵᠠᠷ ᠤᠷᠤᠨ᠂ ᠲᠤᠬᠠᠶᠢᠯᠠᠭᠰᠡᠨ ᠠᠵᠢᠯ ᠤᠨ ᠨᠡᠶᠢᠭᠡᠮ ᠨᠡᠶᠢᠲᠡ | ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠡ ᠳᠠᠬᠢ ᠭᠤᠤᠯᠳᠠᠯᠭ᠎ᠠ ᠲᠠᠢ ᠨᠡᠶᠢᠲᠡᠯᠡᠬᠦ ᠴᠢᠬᠤᠯᠡ ᠲᠠᠢ | ᠵᠠᠰᠠᠭ ᠤᠨ ᠤᠷᠳᠤᠨ ᠤ ᠪᠤᠰᠤᠳ ᠮᠡᠲᠡᠭᠡ ᠵᠠᠩᠬᠢ ᠶᠢ ᠤᠯᠠᠮ ᠨᠢᠭᠡ ᠠᠯᠬᠤᠮ ᠲᠤᠳᠤᠷᠬᠠᠶᠢᠯᠠᠵᠦ᠂ ᠮᠡᠲᠡᠭᠡ ᠵᠠᠩᠬᠢ | ᠶᠢᠨ ᠢᠯᠡ ᠪᠤᠯᠭᠠᠬᠤ ᠬᠦᠷᠢᠶ᠎ᠡ ᠬᠡᠪᠴᠢᠶ᠎ᠡ ᠶᠢ ᠲᠠᠰᠤᠷᠠᠯᠲᠡ ᠦᠭᠡᠢ ᠦᠷᠭᠡᠳᠭᠡᠬᠦ ᠬᠡᠷᠡᠭᠲᠠᠢ᠃ | 1. ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠰᠢᠪᠳᠤᠯᠬᠤ ᠲᠡᠯ᠎ᠡ ᠪᠠᠷ᠂ ︽ᠬᠡᠨ ᠢ ᠲᠡᠳᠭᠦᠭᠦ᠂ ᠬᠡᠨ | ᠲᠡᠳᠭᠦᠭᠦ᠂ ᠶᠠᠭᠠᠬᠢᠵᠦ ᠲᠡᠳᠭᠦᠭᠦ᠂ ᠬᠡᠷᠬᠢᠨ ᠶᠠᠳᠠᠭᠤ ᠠᠴᠠ ᠠᠩᠬᠢᠵᠢᠷᠠᠭᠤᠯᠬᠤ︾ ᠶᠢᠨ ᠲᠤᠭᠤᠷᠢᠨ ᠳᠤ᠂ ᠤᠨᠢᠨ ᠲᠡᠭᠡᠷ᠎ᠡ | ᠨᠢ ᠶᠠᠳᠠᠭᠤ ᠶᠢ ᠲᠡᠳᠭᠦᠭᠦ᠂ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠮᠡᠲᠡᠭᠡ ᠵᠠᠩᠬᠢ ᠶᠢᠨ ᠢᠯᠡ ᠪᠠᠷ | ᠨᠡᠶᠢᠳᠡᠯᠡᠬᠦ ᠠᠵᠢᠯ ᠢ ᠰᠠᠶᠢᠳᠤᠷ ᠬᠢᠬᠦ ᠬᠡᠷᠡᠭᠲᠠᠢ᠃ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ᠂ ᠲᠦᠰᠦᠯ | ᠲᠦᠯᠦᠪᠯᠡᠭᠡ᠂ ᠲᠦᠷᠦᠯ ᠵᠦᠢᠯ ᠤᠨ ᠨᠡᠷᠡᠶᠢᠳᠤᠯ᠂ ᠪᠡᠯᠡ ᠮᠦᠩᠭᠦᠨ ᠤ ᠢᠷᠡᠯᠲᠡ᠂ ᠬᠡᠷᠡᠭᠵᠢᠭᠦᠯᠬᠦ ᠴᠠᠭ ᠬᠤᠭᠤᠴᠠᠭ᠎ᠠ᠂ | ᠲᠦᠰᠦᠪ ᠬᠠᠷᠠᠯᠲᠡ᠂ ᠬᠡᠷᠡᠭᠵᠢᠭᠦᠯᠦᠭᠰᠡᠨ ᠦᠷ᠎ᠡ ᠳ᠋ᠦᠩ᠂ ᠬᠡᠷᠡᠭᠵᠢᠭᠦᠯᠦᠭᠰᠡᠨ ᠪᠠᠶᠢᠭᠤᠯᠭ᠎ᠠ ᠵᠢᠴᠢ ᠬᠠᠷᠢᠭᠤᠴᠠᠯᠭᠠᠳᠠᠨ᠂ | ᠢᠯᠡᠴᠢᠯᠡᠨ ᠮᠡᠲᠡᠭᠦᠯᠬᠦ ᠤᠳᠠᠰᠦ᠂ ᠪᠠᠶᠢᠴᠠᠭᠠᠨ ᠰᠢᠯᠭᠠᠭᠰᠡᠨ ᠦᠷ᠎ᠡ ᠳ᠋ᠦᠩ ᠵᠡᠷᠭᠡ ᠮᠡᠲᠡᠭᠡ ᠵᠠᠩᠬᠢ ᠢ ᠴᠠᠭ ᠲᠤᠬᠠᠢ | ᠳᠤ ᠨᠢ ᠨᠡᠶᠢᠭᠡᠮ ᠨᠡᠶᠢᠲᠡ ᠳᠤ ᠢᠯᠡ ᠪᠠᠷ ᠨᠡᠶᠢᠳᠡᠯᠡᠬᠦ ᠬᠡᠷᠡᠭᠲᠠᠢ᠃ ᠮᠡᠷᠭᠡᠵᠢᠯ ᠤᠨ ᠠᠷᠭ᠎ᠠ ᠠᠪᠴᠢᠯ ᠢ ᠬᠡᠷᠡᠭᠯᠡᠨ ᠢᠯᠡ | ᠪᠠᠷ ᠨᠡᠶᠢᠳᠡᠯᠡᠭᠰᠡᠨ ᠮᠡᠲᠡᠭᠡ ᠵᠠᠩᠬᠢ ᠶᠢ ᠬᠠᠶᠢᠨ ᠡᠷᠢᠵᠦ᠂ ᠪᠠᠶᠢᠴᠠᠭᠠᠨ ᠲᠤᠳᠤᠯᠠᠵᠦ᠂ ᠬᠡᠷᠡᠭᠯᠡᠵᠦ ᠠᠰᠢᠭᠯᠠᠬᠤ ᠶᠢ | ᠪᠡᠶᠡᠯᠡᠭᠦᠯᠵᠦ᠂ ᠨᠡᠶᠢᠭᠡᠮ ᠨᠡᠶᠢᠲᠡ ᠶᠢᠨ ᠡᠯ᠎ᠡ ᠡᠲᠡᠭᠡᠳ ᠤᠨ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠲᠡ ᠰᠢᠪᠳᠤᠯᠬᠤ | ᠠᠵᠢᠯ ᠳᠤ ᠤᠷᠤᠯᠴᠠᠬᠤ ᠳᠤ ᠦᠢᠯᠡᠴᠢᠯᠡᠭᠡ ᠬᠠᠩᠭᠠᠵᠦ᠂ ᠤᠯᠠᠨ ᠲᠦᠮᠡᠨ ᠤ ᠬᠢᠨᠠᠯᠲᠡ ᠲᠠᠯᠪᠢᠬᠤ ᠳᠤ ᠲᠦᠭᠦᠮ | ᠦᠵᠡᠭᠦᠯᠬᠦ ᠬᠡᠷᠡᠭᠲᠠᠢ᠃ ︵ᠬᠤᠰᠢᠭᠤᠨ ᠤ ᠶᠠᠳᠠᠭᠤ ᠶᠢ ᠲᠡᠳᠭᠦᠭᠦ ᠠᠯᠪᠠᠨ ᠭᠡᠷ ᠬᠠᠷᠢᠭᠤᠴᠡᠨ ᠨᠠᠶᠢᠳᠠᠪᠦᠷᠢᠵᠢᠭᠤᠯᠤᠨᠡ︶ | 2. ᠨᠡᠶᠢᠭᠡᠮ ᠤᠨ ᠲᠤᠰᠠᠯᠠᠮᠵᠢ ᠪᠡ ᠠᠰᠠᠷᠠᠮᠵᠢ ᠶᠢᠨ ᠲᠡᠯ᠎ᠡ ᠪᠠᠷ᠂ ᠭᠤᠤᠯᠳᠠᠭᠤ ᠬᠤᠲᠡ ᠬᠦᠲᠡᠭᠡ ᠶᠢᠨ | ᠲᠤᠤᠷ᠎ᠡ ᠤᠷᠤᠯᠭ᠎ᠠ ᠲᠠᠢ᠂ ᠤᠨᠴᠡ ᠶᠠᠳᠠᠭᠤ ᠬᠦᠴᠢᠷᠲᠠᠯᠲᠠᠢ ᠬᠦᠮᠦᠰ ᠢ ᠠᠪᠤᠷᠠᠨ ᠲᠤᠰᠠᠯᠠᠵᠦ ᠠᠰᠠᠷᠡᠨ ᠲᠡᠵᠢᠭᠡᠬᠦ᠂ | ᠭᠠᠮᠰᠢᠭᠳᠠᠭᠰᠡᠳ ᠢ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠲᠤᠰᠠᠯᠠᠮᠵᠢ᠂ ᠰᠤᠷᠭᠠᠨ ᠬᠦᠮᠦᠵᠢᠯ ᠤᠨ ᠲᠤᠰᠠᠯᠠᠮᠵᠢ᠂ | ᠤᠷᠤᠨ ᠰᠠᠭᠤᠴᠡ ᠶᠢᠨ ᠲᠤᠰᠠᠯᠠᠮᠵᠢ᠂ ᠠᠵᠢᠯ ᠤᠯᠭᠤᠯᠲᠡ ᠶᠢᠨ ᠲᠤᠰᠠᠯᠠᠮᠵᠢ᠂ ᠲᠦᠷ ᠴᠠᠭ ᠤᠨ ᠲᠤᠰᠠᠯᠠᠮᠵᠢ | ᠦᠵᠡᠭᠦᠯᠬᠦ᠂ ᠨᠠᠰᠤᠳᠠᠶᠢᠴᠤᠳ ᠤᠨ ᠠᠰᠠᠷᠠᠮᠵᠢ᠂ ᠵᠡᠮᠲᠡᠭᠴᠤᠳ ᠤᠨ ᠠᠰᠠᠷᠠᠮᠵᠢ᠂ ᠬᠡᠦᠭᠡᠳ ᠪᠠᠭᠠᠴᠤᠳ ᠤᠨ ᠠᠰᠠᠷᠠᠮᠵᠢ᠂ | ᠦᠨᠦᠴᠢᠨ ᠬᠡᠦᠭᠡᠳ ᠤᠨ ᠦᠨᠳᠦᠰᠦᠨ ᠠᠮᠢᠳᠤᠷᠡᠯ ᠤᠨ ᠪᠠᠳᠤᠯᠠᠭ᠎ᠠ᠂ ᠲᠦᠯᠦᠪᠯᠡᠭᠡᠲᠦ ᠦᠷᠡᠵᠢᠯ ᠤᠨ ᠤᠨᠴᠡ | ᠬᠦᠴᠢᠷᠲᠠᠯᠲᠠᠢ ᠬᠡᠷ ᠪᠦᠯᠢ ᠶᠢ ᠲᠠᠮᠵᠢᠨ ᠲᠡᠳᠭᠦᠭᠦ ᠵᠡᠷᠭᠡ ᠶᠠᠪᠤᠳᠡᠯ ᠤᠨ ᠲᠤᠭᠤᠷᠢᠨ ᠳᠤ᠂ ᠠᠪᠤᠷᠡᠨ ᠲᠤᠰᠠᠯᠠᠬᠤ | ᠡᠲᠡᠭᠡᠳ᠂ ᠠᠪᠤᠷᠡᠨ ᠲᠤᠰᠠᠯᠠᠬᠤ ᠪᠠᠷᠢᠮᠵᠢᠶ᠎ᠡ ᠶᠢ ᠲᠤᠭᠳᠠᠭᠠᠬᠤ᠂ ᠠᠰᠠᠷᠠᠮᠵᠢ ᠶᠢᠨ ᠨᠦᠬᠦᠪᠦᠷᠢ ᠭᠤᠶᠤᠴᠢᠯᠠᠨ ᠤᠯᠬᠤ | ᠵᠢᠴᠢ ᠭᠤᠶᠤᠴᠢᠯᠠᠨ ᠵᠦᠪᠰᠢᠶᠡᠷᠡᠭᠦᠯᠬᠦ ᠶᠠᠪᠤᠴᠡ ᠵᠡᠷᠭᠡ ᠬᠠᠮᠢᠶ᠎ᠡ ᠪᠦᠬᠦᠢ ᠲᠦᠷᠦ ᠶᠢᠨ ᠪᠤᠳᠤᠯᠭ᠎ᠠ ᠶᠢ ᠪᠦᠬᠦ ᠲᠡᠯ᠎ᠡ | ᠪᠠᠷ ᠢᠯᠡ ᠪᠠᠷ ᠨᠡᠶᠢᠲᠡᠯᠡᠵᠦ᠂ ᠨᠡᠶᠢᠲᠡᠯᠡᠬᠦ ᠠᠷᠭ᠎ᠠ ᠬᠡᠯᠪᠡᠷ ᠪᠠᠨ ᠭᠠᠵᠠᠷ ᠤᠷᠤᠨ ᠤ ᠪᠠᠶᠢᠲᠡᠯ ᠳᠤ ᠨᠢ ᠲᠤᠬᠢᠷᠠᠭᠤᠯᠤᠨ᠂ | ᠤᠴᠢᠷ ᠶᠠᠪᠤᠳᠡᠯ ᠳᠤ ᠨᠢ ᠲᠤᠬᠢᠷᠠᠭᠤᠯᠤᠨ᠂ ᠢᠯᠡ ᠪᠠᠷ ᠨᠡᠶᠢᠲᠡᠯᠡᠬᠦ ᠶᠢᠨ ᠪᠤᠳᠠᠳᠦ ᠠᠰᠢᠭ᠂ ᠬᠢᠵᠠᠭᠠᠷ ᠱᠣᠭᠤᠮ ᠤᠨ | ᠡᠷᠭᠡ ᠲᠡᠭᠰᠢ ᠶᠢ ᠬᠠᠮᠠᠭᠠᠯᠠᠬᠤ ᠶᠢ ᠪᠠᠳᠤᠯᠠᠬᠤ ᠶᠢᠨ ᠬᠠᠮᠲᠦ ᠬᠠᠮᠢᠶ᠎ᠡ ᠪᠦᠬᠦᠢ ᠬᠦᠮᠦᠰ ᠤᠨ ᠬᠤᠪᠢ ᠶᠢᠨ ᠨᠢᠭᠤᠴᠡ | ᠶᠢ ᠬᠠᠮᠠᠭᠠᠯᠠᠬᠤ ᠬᠡᠷᠡᠭᠲᠠᠢ᠃ ︵ᠬᠤᠰᠢᠭᠤᠨ ᠤ ᠠᠷᠡᠳ ᠤᠨ ᠶᠠᠪᠤᠳᠡᠯ ᠤᠨ ᠲᠤᠪᠴᠢᠶ᠎ᠡ᠂ ᠰᠤᠷᠭᠠᠨ ᠬᠦᠮᠦᠵᠢᠯ ᠤᠨ | ᠲᠤᠪᠴᠢᠶ᠎ᠡ᠂ ᠡᠷᠡᠭᠦᠯ ᠬᠠᠮᠠᠭᠠᠯᠠᠯ ᠪᠡ ᠲᠦᠯᠦᠪᠯᠡᠭᠡᠲᠦ ᠦᠷᠡᠵᠢᠯ ᠤᠨ ᠲᠤᠪᠴᠢᠶ᠎ᠡ᠂ ᠤᠷᠤᠨ ᠰᠠᠭᠤᠴᠡ ᠪᠡ ᠬᠤᠲᠡ | ᠬᠦᠲᠡᠭᠡ ᠶᠢᠨ ᠲᠦᠯᠦᠪᠯᠡᠭᠡᠲᠦ ᠪᠦᠲᠦᠭᠡᠨ ᠪᠠᠶᠢᠭᠤᠯᠤᠯᠲᠡ ᠶᠢᠨ ᠲᠤᠪᠴᠢᠶ᠎ᠡ ᠵᠡᠷᠭᠡ ᠰᠠᠯᠠᠭ᠎ᠠ ᠮᠦᠴᠢᠷ ᠲᠦᠷᠦᠭᠦᠯᠡᠨ | ᠨᠠᠶᠢᠳᠠᠪᠦᠷᠢᠵᠢᠭᠤᠯᠤᠨᠡ︶ | 3. ᠰᠤᠷᠭᠠᠨ ᠬᠦᠮᠦᠵᠢᠯ ᠤᠨ ᠲᠡᠯ᠎ᠡ ᠪᠠᠷ᠂ ᠠᠷᠡᠳ ᠲᠦᠮᠡᠨ ᠰᠡᠳᠬᠢᠯ ᠬᠠᠨᠤᠮᠵᠢ ᠲᠠᠢ ᠰᠤᠷᠭᠠᠨ ᠬᠦᠮᠦᠵᠢᠯ ᠢ | ᠡᠷᠬᠢᠯᠡᠵᠦ᠂ ᠰᠤᠷᠭᠠᠨ ᠬᠦᠮᠦᠵᠢᠯ ᠤᠨ ᠮᠡᠲᠡᠭᠡ ᠵᠠᠩᠬᠢ ᠶᠢᠨ ᠢᠯᠡ ᠪᠠᠷ ᠨᠡᠶᠢᠲᠡᠯᠡᠬᠦ ᠡᠷᠴᠢᠮ ᠢ ᠤᠯᠠᠮ ᠢᠶᠠᠷ | ᠴᠢᠩᠭᠠᠷᠠᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ | ᠤᠨᠴᠠᠭᠠᠢ ᠰᠤᠷᠭᠠᠨ ᠬᠦᠮᠦᠵᠢᠯ᠂ ᠲᠤᠰᠬᠠᠢ ᠮᠡᠷᠭᠡᠵᠢᠯ ᠤᠨ ᠰᠤᠷᠭᠠᠨ ᠬᠦᠮᠦᠵᠢᠯ᠂ ᠲᠡᠭᠡᠲᠦ ᠵᠡᠷᠭᠡ ᠶᠢᠨ ᠰᠤᠷᠭᠠᠨ | ᠬᠦᠮᠦᠵᠢᠯ ᠵᠡᠷᠭᠡ ᠲᠡᠯ᠎ᠡ ᠳᠠᠬᠢ ᠮᠡᠲᠡᠭᠡ ᠵᠠᠩᠬᠢ ᠢ ᠢᠯᠡ ᠪᠠᠷ ᠨᠡᠶᠢᠲᠡᠯᠡᠬᠦ ᠶᠢ ᠤᠨᠴᠠᠯᠠᠨ ᠰᠠᠶᠢᠳᠤᠷ ᠬᠢᠬᠦ ᠬᠡᠷᠡᠭᠲᠠᠢ᠃ | ᠠᠰᠢᠭ ᠲᠤᠰᠡ ᠶᠢᠨ ᠰᠢᠭᠤᠳ ᠬᠠᠷᠢᠴᠠᠭ᠎ᠠ ᠲᠠᠢ᠂ ᠪᠤᠳᠠᠳᠦ ᠵᠦᠷᠢᠴᠡᠯ ᠲᠤᠪᠤᠶᠢᠮ᠎ᠡ ᠬᠡᠷᠡᠭ ᠤᠴᠢᠷ ᠲᠤ ᠴᠢᠭᠯᠡᠭᠦᠯᠦᠨ᠂ | ᠬᠠᠮᠢᠶ᠎ᠡ ᠪᠦᠬᠦᠢ ᠲᠦᠷᠦ ᠶᠢᠨ ᠪᠤᠳᠤᠯᠭ᠎ᠠ᠂ ᠬᠦᠭᠵᠢᠯᠲᠡ ᠶᠢᠨ ᠲᠦᠯᠦᠪᠯᠡᠭᠡ᠂ ᠠᠯᠪᠠᠨ ᠵᠠᠷᠤᠲᠡᠯ ᠤᠨ ᠤᠷᠤᠭᠤᠯᠤᠯᠲᠡ | ᠪᠡ ᠬᠡᠷᠡᠭᠯᠡᠯᠲᠡ᠂ ᠶᠠᠳᠠᠭᠤ ᠬᠦᠴᠢᠷᠲᠠᠯᠲᠠᠢ ᠰᠤᠷᠤᠭᠴᠢᠳ ᠢ ᠲᠤᠰᠠᠯᠠᠬᠤ ᠠᠵᠢᠯ ᠢ ᠬᠡᠷᠡᠭᠵᠢᠭᠦᠯᠦᠭᠰᠡᠨ ᠪᠠᠶᠢᠲᠡᠯ ᠵᠡᠷᠭᠡ | ᠮᠡᠲᠡᠭᠡ ᠵᠠᠩᠬᠢ ᠶᠢ ᠭᠤᠤᠯᠳᠠᠯᠭ᠎ᠠ ᠲᠠᠢ ᠢᠯᠡ ᠪᠠᠷ ᠨᠡᠶᠢᠲᠡᠯᠡᠬᠦ ᠬᠡᠷᠡᠭᠲᠠᠢ᠃ ᠠᠯᠪᠠᠨ ᠵᠢᠷᠦᠮ ᠤᠨ ᠰᠤᠷᠭᠠᠨ ᠬᠦᠮᠦᠵᠢᠯ | ᠤᠨ ᠰᠤᠷᠭᠠᠭᠤᠯᠢ ᠵᠠᠪᠰᠡᠷᠲᠠᠬᠤ ᠶᠢ ᠪᠦᠲᠦᠮᠵᠢᠲᠠᠢ ᠬᠤᠷᠢᠭᠯᠠᠬᠤ᠂ ᠰᠢᠶᠠᠨ ᠤ ᠲᠡᠰ ᠤᠨ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠲᠡᠩᠴᠡᠭᠦᠷᠢᠲᠠᠢ ᠬᠦᠭᠵᠢᠯᠲᠡ ᠶᠢ ᠠᠬᠢᠭᠤᠯᠬᠤ ᠵᠡᠷᠭᠡ ᠠᠵᠢᠯ ᠤᠨ ᠠᠬᠢᠴᠡ ᠶᠢᠨ ᠪᠠᠶᠢᠲᠡᠯ ᠢ ᠢᠯᠡ | ᠪᠠᠷ ᠨᠡᠶᠢᠲᠡᠯᠡᠵᠦ᠂ ᠠᠷᠡᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠬᠡᠮ᠂ ᠶᠠᠰᠦ ᠴᠢᠨᠠᠷ᠂ | ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ ᠪᠤᠯᠤᠨ ᠤᠷᠤᠯᠭ᠎ᠠ ᠵᠠᠷᠤᠲᠡᠯ ᠵᠡᠷᠭᠡ ᠮᠡᠲᠡᠭᠡ ᠵᠠᠩᠬᠢ ᠶᠢ ᠢᠯᠡ ᠪᠠᠷ | ᠨᠡᠶᠢᠲᠡᠯᠡᠬᠦ ᠬᠡᠷᠡᠭᠲᠠᠢ᠃ ︵ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠡ ᠲᠦᠷᠦᠭᠦᠯᠡᠨ ᠨᠠᠶᠢᠳᠠᠪᠦᠷᠢᠵᠢᠭᠤᠯᠤᠨᠡ︶ | 4. ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠡᠯ᠎ᠡ ᠪᠠᠷ᠂ ᠠᠷᠡᠳ ᠤᠯᠠᠨ ᠤ ᠤᠯᠠᠨ ᠨᠡᠶᠢᠲᠡ ᠶᠢᠨ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠲᠡᠯ ᠢ ᠮᠡᠲᠡᠬᠦ ᠡᠷᠭᠡ ᠶᠢ ᠪᠠᠳᠤᠯᠠᠵᠦ᠂ ᠬᠦᠨᠲᠦ ᠶᠡᠭᠡ ᠬᠢᠵᠢᠭ ᠡᠪᠡᠳᠴᠢᠨ ᠢ | ᠰᠡᠷᠭᠡᠶᠢᠯᠡᠨ ᠬᠤᠷᠢᠭᠯᠠᠬᠤ᠂ ᠤᠯᠤᠰ ᠤᠨ ᠡᠭᠡᠯᠢᠯᠡᠭᠡ ᠶᠢᠨ ᠲᠦᠯᠦᠪᠯᠡᠭᠡ᠂ ᠨᠡᠶᠢᠲᠡ ᠶᠢᠨ ᠡᠷᠡᠭᠦᠯ ᠮᠠᠨᠲᠦ ᠶᠢᠨ ᠬᠡᠨᠡᠳᠲᠡ | ᠶᠢᠨ ᠬᠡᠷᠡᠭ᠂ ᠬᠠᠯᠳᠠᠪᠦᠷᠢᠲᠦ ᠡᠪᠡᠳᠴᠢᠨ ᠤ ᠪᠠᠶᠢᠲᠡᠯ ᠵᠢᠴᠢ ᠰᠡᠷᠭᠡᠶᠢᠯᠡᠨ ᠬᠤᠷᠢᠭᠯᠠᠬᠤ ᠵᠡᠷᠭᠡ ᠮᠡᠲᠡᠭᠡ ᠵᠠᠩᠬᠢ ᠶᠢ | ᠭᠤᠤᠯᠴᠢᠯᠠᠨ ᠢᠯᠡ ᠪᠠᠷ ᠨᠡᠶᠢᠲᠡᠯᠡᠵᠦ᠂ ᠡᠮᠡᠭᠲᠡᠶᠢᠴᠤᠳ᠂ ᠨᠠᠰᠦᠨ ᠳᠤ ᠦᠯᠦ ᠬᠦᠷᠦᠭᠰᠡᠳ᠂ ᠨᠠᠰᠤᠳᠠᠶᠢᠴᠤᠳ ᠵᠡᠷᠭᠡ | ᠤᠨᠴᠠᠭᠠᠢ ᠬᠠᠯᠠᠮᠵᠢᠯᠠᠬᠤ ᠴᠢᠬᠤᠯᠡ ᠲᠠᠢ ᠬᠦᠮᠦᠰ ᠪᠡ ᠬᠦᠲᠡᠭᠡ ᠲᠤᠰᠬᠤᠨ᠂ ᠦᠢᠯᠡᠳᠪᠦᠷᠢ ᠠᠭᠤᠷᠬᠠᠢ ᠠᠵᠦ | ᠠᠬᠤᠶᠢᠯᠠᠯ ᠵᠡᠷᠭᠡ ᠭᠤᠤᠯᠳᠠᠯᠭᠠᠲᠦ ᠤᠷᠤᠨ ᠪᠦᠰᠡ ᠳᠤ ᠴᠢᠭᠯᠡᠭᠦᠯᠦᠨ᠂ ᠲᠤᠰᠬᠠᠢ ᠰᠡᠳᠤᠪᠲᠦ ᠡᠷᠡᠭᠦᠯ ᠮᠡᠨᠲᠦ ᠶᠢᠨ | ᠰᠢᠨᠵᠢᠯᠡᠬᠦ ᠮᠡᠷᠭᠡᠵᠢᠯ ᠤᠨ ᠬᠦᠮᠦᠵᠢᠯ ᠲᠦᠭᠡᠮᠡᠯᠵᠢᠭᠦᠯᠵᠦ᠂ ᠤᠳᠤ ᠦᠶ᠎ᠡ ᠶᠢᠨ ᠠᠨᠠᠭᠠᠬᠤ ᠤᠬᠠᠭᠠᠨ ᠤ ᠮᠡᠲᠡᠯᠭᠡ ᠪᠠᠷ | ᠠᠷᠡᠳ ᠤᠯᠠᠨ ᠳᠤ ᠡᠷᠡᠭᠦᠯ ᠮᠡᠨᠲᠦ ᠶᠢᠨ ᠦᠢᠯᠡᠴᠢᠯᠡᠭᠡ ᠬᠠᠩᠭᠠᠨ᠎ᠡ᠃ ᠬᠢᠵᠢᠭ ᠡᠪᠡᠳᠴᠢᠨ ᠤ ᠪᠠᠴᠢᠮ ᠪᠠᠶᠢᠲᠡᠯ ᠢ | ᠠᠷᠭᠠᠴᠠᠬᠤ ᠲᠤᠰᠠᠯᠠᠮᠵᠢ᠂ ᠡᠷᠡᠭᠦᠯ ᠮᠡᠨᠲᠦ ᠪᠠᠷ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ | ᠨᠠᠶᠢᠳᠠᠪᠦᠷᠢᠵᠢᠭᠤᠯᠬᠤ ᠪᠠᠶᠢᠲᠡᠯ ᠢ ᠢᠯᠡ ᠪᠠᠷ ᠨᠡᠶᠢᠲᠡᠯᠡᠬᠦ ᠠᠵᠢᠯ ᠢ ᠰᠠᠶᠢᠳᠤᠷ ᠬᠢᠵᠦ᠂ ᠮᠡᠲᠡᠭᠡ ᠵᠠᠩᠬᠢ ᠶᠢ ᠢᠯᠡ | ᠪᠤᠯᠭᠠᠬᠤ ᠠᠷᠭ᠎ᠠ ᠪᠡᠷᠢᠯ ᠢ ᠠᠰᠢᠭᠯᠠᠨ ᠡᠷᠡᠭᠦᠯ ᠮᠡᠨᠲᠦ ᠶᠢᠨ ᠬᠢᠨᠠᠯᠲᠡ ᠶᠢ ᠴᠢᠩᠭᠠᠳᠬᠠᠨ᠎ᠡ᠃ ᠢᠲᠡᠭᠡᠨ ᠤᠮᠳᠠᠭᠠᠨ ᠤ | ᠠᠶᠦᠯᠭᠦᠢ ᠶᠢᠨ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠶᠢ ᠬᠦᠨᠵᠡᠭᠡᠶᠢᠷᠡᠭᠦᠯᠵᠦ᠂ ᠠᠵᠦ ᠠᠬᠤᠶᠢᠯᠠᠯ ᠤᠨ ︽ᠬᠠᠷ᠎ᠡ | ᠲᠠᠩᠰᠡ︾ ᠶᠢᠨ ᠲᠦᠷᠢᠮ ᠢ ᠲᠡᠭᠦᠯᠲᠡᠷᠵᠢᠭᠦᠯᠦᠨ ᠲᠡᠯᠭᠡᠷᠡᠭᠦᠯᠵᠦ᠂ ᠬᠠᠦᠯᠢ ᠶᠢ ᠵᠦᠷᠢᠴᠡᠭᠰᠡᠳ ᠢ ᠴᠢᠩᠭ᠎ᠠ ᠰᠢᠳᠭᠡᠵᠦ᠂ | ᠠᠷᠡᠳ ᠣᠯᠠᠨ ᠤ ᠠᠶᠦᠯᠭᠦᠢ ᠢᠲᠡᠭᠡᠨ ᠤᠮᠳᠠᠭᠠᠨ ᠡᠳ᠋ᠯᠡᠬᠦ ᠶᠢ ᠪᠠᠳᠤᠯᠠᠬᠤ ᠬᠡᠷᠡᠭᠲᠠᠢ᠃ | 5. ᠤᠷᠴᠢᠨ ᠬᠠᠮᠠᠭᠠᠯᠠᠯᠲᠡ ᠶᠢᠨ ᠲᠡᠯ᠎ᠡ ᠪᠠᠷ᠂ ᠨᠡᠶᠢᠭᠡᠮ ᠨᠡᠶᠢᠲᠡ ᠶᠢᠨ ᠠᠩᠬᠠᠷᠤᠯ ᠢ ᠦᠷᠭᠡᠨ ᠢᠶᠠᠷ ᠲᠠᠳᠠᠵᠦ | ᠪᠠᠶᠢᠭ᠎ᠠ ᠠᠭᠠᠷ ᠮᠠᠨᠳᠡᠯ ᠤᠨ ᠪᠤᠬᠢᠷᠳᠤᠯ ᠢ ᠰᠡᠷᠭᠡᠶᠢᠯᠡᠨ ᠵᠠᠰᠠᠬᠤ᠂ ᠤᠰᠤᠨ ᠤ ᠪᠤᠬᠢᠷᠳᠤᠯ ᠢ ᠰᠡᠷᠭᠡᠶᠢᠯᠡᠨ ᠵᠠᠰᠠᠬᠤ᠂ | ᠬᠦᠷᠦᠰᠦ ᠰᠢᠷᠤᠢ ᠶᠢᠨ ᠪᠤᠬᠢᠷᠳᠤᠯ ᠢ ᠬᠠᠮᠢᠶᠠᠷᠤᠨ ᠡᠵᠡᠮᠲᠡᠬᠦ ᠪᠡ ᠵᠠᠰᠠᠨ ᠰᠡᠷᠭᠦᠭᠡᠬᠦ ᠵᠡᠷᠭᠡ ᠮᠡᠲᠡᠭᠡ ᠵᠠᠩᠬᠢ ᠶᠢ ᠢᠯᠡ | ᠪᠠᠷ ᠨᠡᠶᠢᠲᠡᠯᠡᠬᠦ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠵᠦ᠂ ᠤᠷᠴᠢᠨ ᠲᠤᠭᠤᠷᠢᠨ ᠤ ᠪᠤᠬᠢᠷᠳᠤᠯ ᠢ | ᠰᠡᠷᠭᠡᠶᠢᠯᠡᠨ ᠵᠠᠰᠠᠬᠤ ᠪᠡ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ᠂ ᠬᠡᠷᠡᠭᠵᠢᠭᠦᠯᠬᠦ ᠦᠷ᠎ᠡ ᠪᠦᠲᠦᠮᠵᠢ᠂ ᠪᠤᠬᠢᠷᠳᠤᠯ ᠤᠨ ᠡᠬᠢ ᠶᠢ ᠬᠢᠨᠠᠨ ᠬᠡᠮᠵᠢᠬᠦ ᠵᠢᠴᠢ ᠪᠤᠬᠢᠷᠳᠤᠯ | ᠪᠤᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠤᠨ | ᠤᠷᠴᠢᠨ ᠲᠤᠭᠤᠷᠢᠨ ᠢ ᠨᠦᠯᠦᠭᠡᠯᠡᠬᠦ ᠦᠨᠡᠯᠡᠯᠲᠡ ᠶᠢ ᠬᠢᠨᠠᠨ ᠵᠦᠪᠰᠢᠶᠡᠷᠡᠬᠦ᠂ ᠬᠦᠨᠲᠦ ᠨᠤᠴᠢᠲᠠᠢ ᠤᠷᠴᠢᠨ ᠲᠤᠭᠤᠷᠢᠨ | ᠤ ᠪᠤᠬᠢᠷᠳᠤᠯ ᠪᠡ ᠠᠮᠢ ᠠᠬᠤᠢ ᠶᠢᠨ ᠡᠪᠲᠡᠭᠲᠡᠯ ᠢ ᠪᠠᠶᠢᠴᠠᠭᠠᠨ ᠰᠢᠢᠳᠪᠦᠷᠢᠯᠡᠬᠦ᠂ ᠤᠷᠴᠢᠨ ᠬᠠᠮᠠᠭᠠᠯᠠᠯᠲᠡ ᠶᠢ ᠬᠠᠦᠯᠢ | ᠶᠤᠰᠤᠭᠠᠷ ᠬᠢᠨᠠᠨ ᠬᠠᠮᠢᠶᠠᠷᠬᠤ᠂ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠮᠡᠲᠡᠭᠡ ᠵᠠᠩᠬᠢ ᠶᠢ ᠭᠤᠤᠯᠳᠠᠯᠭ᠎ᠠ ᠲᠠᠢ | ᠢᠯᠡ ᠪᠠᠷ ᠨᠡᠶᠢᠲᠡᠯᠡᠬᠦ ᠬᠡᠷᠡᠭᠲᠠᠢ᠃ ᠶᠠᠭᠡᠩᠬᠢ ᠬᠡᠪᠴᠢᠶᠡᠨ ᠳᠠᠬᠢ ᠬᠦᠨᠲᠦ ᠪᠤᠬᠢᠷᠳᠤᠯ ᠲᠠᠢ ᠴᠠᠭ ᠠᠭᠤᠷ ᠤᠨ | ᠤᠷᠢᠳᠴᠢᠯᠠᠭᠰᠡᠨ ᠮᠡᠲᠡᠭᠡ ᠶᠢ ᠴᠠᠭ ᠲᠤᠬᠠᠢ ᠳᠤ ᠨᠢ ᠨᠡᠶᠢᠲᠡᠯᠡᠵᠦ᠂ ᠬᠦᠨᠲᠦ ᠪᠤᠬᠢᠷᠳᠤᠯ ᠲᠠᠢ ᠴᠠᠭ ᠠᠭᠤᠷ ᠤᠨ | ᠬᠤᠭᠤᠴᠠᠭᠠᠨ ᠳᠠᠬᠢ ᠮᠡᠲᠡᠭᠡ ᠵᠠᠩᠬᠢ ᠨᠡᠶᠢᠲᠡᠯᠡᠬᠦ᠂ ᠶᠠᠷᠢᠶ᠎ᠡ ᠬᠡᠯᠡᠯᠴᠡᠭᠡᠨ ᠤ ᠤᠳᠤᠷᠢᠳᠤᠮᠵᠢ ᠵᠡᠷᠭᠡ ᠠᠵᠢᠯ ᠢ | ᠨᠢᠭᠡᠲᠤᠯᠲᠠᠢ ᠲᠦᠯᠦᠪᠯᠡᠨ ᠰᠠᠶᠢᠳᠤᠷ ᠬᠢᠵᠦ᠂ ᠤᠷᠴᠢᠨ ᠬᠠᠮᠠᠭᠠᠯᠠᠯᠲᠡ ᠶᠢᠨ ᠮᠡᠲᠡᠭᠡ ᠵᠠᠩᠬᠢ ᠶᠢ ᠠᠯᠪᠠᠳᠠᠯᠭ᠎ᠠ ᠶᠢᠨ | ᠴᠢᠨᠠᠷᠲᠠᠢ ᠨᠡᠶᠢᠲᠡᠯᠡᠬᠦ ᠲᠦᠷᠢᠮ ᠢ ᠪᠦᠷᠢᠨᠰᠢᠭᠦᠯᠬᠦ ᠬᠡᠷᠡᠭᠲᠠᠢ᠃ | 6. ᠭᠠᠢ ᠭᠠᠮᠰᠢᠭ ᠠᠴᠠ ᠠᠪᠤᠷᠠᠨ ᠲᠤᠰᠠᠯᠠᠬᠤ ᠲᠡᠯ᠎ᠡ ᠪᠠᠷ᠂ ᠪᠠᠶᠢᠭᠠᠯᠢ ᠶᠢᠨ ᠭᠠᠢ ᠭᠠᠮᠰᠢᠭ᠂ ᠬᠦᠨᠲᠦ | ᠨᠤᠴᠢᠲᠠᠢ ᠠᠲᠡᠯ᠂ ᠤᠯᠠᠨ ᠨᠡᠶᠢᠲᠡ ᠶᠢᠨ ᠡᠷᠡᠭᠦᠯ ᠮᠡᠨᠲᠦ ᠶᠢᠨ ᠬᠡᠷᠡᠭ ᠵᠡᠷᠭᠡ ᠭᠡᠨᠡᠳᠲᠡ ᠶᠢᠨ ᠬᠡᠷᠡᠭ ᠶᠠᠪᠤᠳᠡᠯ ᠤᠨ | ᠪᠡᠴᠢᠮ ᠪᠠᠶᠢᠲᠡᠯ ᠢ ᠠᠷᠭᠠᠴᠠᠬᠤ ᠪᠡ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠲᠤᠰᠠᠯᠠᠮᠵᠢ ᠦᠵᠡᠭᠦᠯᠬᠦ ᠪᠡ ᠡᠷᠡᠭᠦᠯ | ᠬᠠᠮᠠᠭᠠᠯᠠᠯ ᠤᠨ ᠬᠢᠵᠢᠭ ᠢ ᠰᠡᠷᠭᠡᠶᠢᠯᠡᠬᠦ᠂ ᠡᠭᠦᠰᠦᠮᠡᠯ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠤᠨ | ᠪᠠᠶᠢᠲᠡᠯ ᠵᠢᠴᠢ ᠬᠦᠲᠡᠯᠦᠩᠭᠦᠢ ᠮᠡᠲᠡᠭᠡ ᠵᠠᠩᠬᠢ ᠶᠢ ᠴᠠᠭ ᠲᠤᠬᠠᠢ ᠳᠤ ᠨᠢ ᠤᠨᠤᠪᠴᠢᠲᠠᠢ ᠨᠡᠶᠢᠲᠡᠯᠡᠬᠦ ᠬᠡᠷᠡᠭᠲᠠᠢ᠃ | ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠮᠡᠲᠡᠭᠡ ᠵᠠᠩᠬᠢ᠂ ᠲᠤᠰᠠᠯᠠᠮᠵᠢ ᠶᠢᠨ | ᠵᠤᠭᠤᠰ ᠮᠦᠩᠭᠦ ᠡᠳ᠋ ᠪᠤᠳᠠᠰ ᠪᠤᠯᠤᠨ ᠬᠠᠨᠳᠢᠪᠯᠠᠭᠰᠡᠨ ᠵᠤᠭᠤᠰ ᠮᠦᠩᠭᠦ ᠪᠡ ᠡᠳ᠋ ᠪᠤᠳᠠᠰ ᠤᠨ ᠲᠤᠭ᠎ᠠ ᠬᠡᠮᠵᠢᠶ᠎ᠡ᠂ | ᠬᠡᠷᠡᠭᠯᠡᠭᠰᠡᠨ ᠪᠠᠶᠢᠲᠡᠯ᠂ ᠠᠪᠤᠷᠠᠨ ᠲᠤᠰᠠᠯᠠᠬᠤ ᠡᠲᠡᠭᠡᠳ ᠵᠢᠴᠢ ᠬᠦᠷᠲᠡᠭᠰᠡᠨ ᠲᠤᠰᠠᠯᠠᠮᠵᠢ ᠶᠢᠨ ᠵᠤᠭᠤᠰ ᠮᠦᠩᠭᠦ ᠪᠡ | ᠡᠳ᠋ ᠪᠤᠳᠠᠰ ᠤᠨ ᠲᠤᠭ᠎ᠠ ᠬᠡᠮᠵᠢᠶ᠎ᠡ᠂ ᠭᠠᠮᠰᠢᠭ ᠤᠨ ᠲᠠᠷᠠᠭ᠎ᠠ ᠲᠠᠬᠢᠨ ᠪᠠᠶᠢᠭᠤᠯᠬᠤ ᠠᠵᠢᠯ ᠤᠨ ᠠᠬᠢᠴᠡ ᠵᠡᠷᠭᠡ ᠮᠡᠲᠡᠭᠡ | ᠵᠠᠩᠬᠢ ᠶᠢ ᠴᠠᠭ ᠲᠤᠬᠠᠢ ᠳᠤ ᠨᠢ ᠢᠯᠡ ᠪᠠᠷ ᠨᠡᠶᠢᠲᠡᠯᠡᠬᠦ ᠬᠡᠷᠡᠭᠲᠠᠢ᠃ ︵ᠬᠤᠰᠢᠭᠤᠨ ᠤ ᠵᠠᠰᠠᠭ ᠤᠨ ᠤᠷᠳᠤᠨ᠂ ᠡᠷᠡᠭᠦᠯ | ᠬᠠᠮᠠᠭᠠᠯᠠᠯ ᠪᠡ ᠲᠦᠯᠦᠪᠯᠡᠭᠡᠲᠦ ᠦᠷᠡᠵᠢᠯ ᠤᠨ ᠲᠤᠪᠴᠢᠶ᠎ᠡ᠂ ᠠᠷᠡᠳ ᠤᠨ ᠶᠠᠪᠤᠳᠡᠯ ᠤᠨ ᠲᠤᠪᠴᠢᠶ᠎ᠡ᠂ ᠵᠠᠬ᠎ᠠ ᠲᠡᠯᠭᠡᠭᠦᠷ | ᠶᠢᠨ ᠬᠢᠨᠠᠯᠲᠡ ᠬᠠᠮᠢᠶᠠᠷᠤᠯᠲᠡ ᠶᠢᠨ ᠲᠤᠪᠴᠢᠶ᠎ᠡ ᠲᠦᠷᠦᠭᠦᠯᠡᠨ ᠨᠠᠶᠢᠳᠠᠪᠦᠷᠢᠵᠢᠭᠤᠯᠤᠨᠡ︶ | 7. ᠤᠯᠠᠨ ᠨᠡᠶᠢᠲᠡ ᠶᠢᠨ ᠰᠤᠶᠤᠯ ᠪᠡᠶ᠎ᠡ ᠶᠢᠨ ᠲᠠᠮᠢᠷ ᠤᠨ ᠲᠡᠯ᠎ᠡ ᠪᠠᠷ᠂ ᠤᠯᠠᠨ ᠨᠡᠶᠢᠲᠡ ᠶᠢᠨ ᠰᠤᠶᠤᠯ ᠪᠡᠶ᠎ᠡ | ᠶᠢᠨ ᠲᠠᠮᠢᠷ ᠤᠨ ᠦᠢᠯᠡᠴᠢᠯᠡᠭᠡᠨ ᠤ ᠤᠯᠠᠨ ᠨᠡᠶᠢᠲᠡᠴᠢ ᠴᠢᠨᠠᠷ᠂ ᠠᠳᠠᠯᠢ ᠲᠡᠭᠰᠢ ᠴᠢᠨᠠᠷ᠂ ᠲᠦᠭᠦᠮ ᠲᠦᠲᠡ ᠴᠢᠨᠠᠷ | ᠲᠡᠭᠡᠷ᠎ᠡ ᠰᠠᠭᠤᠷᠢᠯᠠᠵᠦ᠂ ᠤᠯᠠᠨ ᠨᠡᠶᠢᠲᠡ ᠶᠢᠨ ᠰᠤᠶᠤᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠳᠤᠯᠠᠭ᠎ᠠ ᠶᠢᠨ | ᠲᠦᠷᠦ ᠶᠢᠨ ᠪᠤᠳᠤᠯᠭ᠎ᠠ᠂ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠡ᠂ ᠡᠳ᠋ ᠤᠨ ᠵᠠᠰᠠᠭ ᠤᠨ ᠪᠡᠯᠡ | ᠤᠷᠤᠭᠤᠯᠤᠯᠲᠡ ᠪᠡ ᠬᠡᠷᠡᠭᠯᠡᠯᠲᠡ᠂ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠪᠡ ᠬᠡᠷᠡᠭᠯᠡᠯᠲᠡ᠂ ᠵᠠᠰᠠᠭ | ᠤᠨ ᠤᠷᠳᠤᠨ ᠤᠯᠠᠨ ᠨᠡᠶᠢᠲᠡ ᠶᠢᠨ ᠰᠤᠶᠤᠯ ᠪᠡᠶ᠎ᠡ ᠶᠢᠨ ᠲᠠᠮᠢᠷ ᠤᠨ ᠦᠢᠯᠡᠴᠢᠯᠡᠭᠡ ᠶᠢ ᠬᠤᠳᠠᠯᠳᠤᠨ ᠠᠪᠬᠤ | ᠵᠢᠬᠰᠠᠭᠠᠯᠲᠡ᠂ ᠠᠵᠢᠯ ᠤᠨ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠵᠡᠷᠭᠡ ᠮᠡᠲᠡᠭᠡ ᠵᠠᠩᠬᠢ ᠶᠢ ᠢᠯᠡ ᠪᠠᠷ | ᠨᠡᠶᠢᠲᠡᠯᠡᠬᠦ ᠶᠢ ᠬᠦᠴᠦᠯᠡᠨ ᠠᠬᠢᠭᠤᠯᠬᠤ ᠬᠡᠷᠡᠭᠲᠠᠢ᠃ ᠰᠤᠶᠤᠯ ᠤᠨ ᠦᠪ ᠤᠨ ᠬᠠᠮᠠᠭᠠᠯᠠᠯᠲᠡ᠂ ᠤᠯᠠᠨ ᠨᠡᠶᠢᠲᠡ ᠶᠢᠨ | ᠰᠤᠶᠤᠯ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠨᠠᠷᠡᠰ ᠤᠨ ᠵᠢᠬᠰᠠᠭᠠᠯᠲᠡ᠂ ᠨᠡᠶᠢᠲᠡ ᠶᠢᠨ ᠠᠰᠠᠷᠠᠮᠵᠢ ᠶᠢᠨ | ᠰᠤᠶᠤᠯ ᠤᠨ ᠦᠢᠯᠡᠴᠢᠯᠡᠭᠡᠨ ᠤ ᠬᠦᠲᠡᠯᠭᠡᠭᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠯᠠᠨ ᠨᠡᠶᠢᠲᠡ ᠶᠢᠨ ᠪᠡᠶ᠎ᠡ | ᠶᠢᠨ ᠲᠠᠮᠢᠷ ᠤᠨ ᠤᠷᠤᠯᠳᠤᠭᠠᠨ ᠪᠡ ᠬᠦᠲᠡᠯᠭᠡᠭᠡᠨ᠂ ᠬᠠᠨᠳᠢᠪ ᠤᠨ ᠵᠤᠭᠤᠰ ᠮᠦᠩᠭᠦ ᠪᠡ ᠡᠳ᠋ ᠪᠤᠳᠠᠰ ᠢ ᠬᠠᠮᠢᠶᠠᠷᠤᠨ | ᠬᠡᠷᠡᠭᠯᠡᠬᠦ ᠵᠡᠷᠭᠡ ᠪᠠᠶᠢᠲᠡᠯ ᠢ ᠢᠯᠡ ᠪᠠᠷ ᠨᠡᠶᠢᠲᠡᠯᠡᠬᠦ ᠬᠡᠷᠡᠭᠲᠠᠢ᠃ ︵ᠬᠤᠰᠢᠭᠤᠨ ᠤ ᠰᠤᠶᠤᠯ ᠪᠡᠶ᠎ᠡ ᠶᠢᠨ ᠲᠠᠮᠢᠷ ᠷᠠᠳᠢᠤ᠋ | ᠲᠧᠯᠸᠢᠰ ᠤᠨ ᠲᠤᠪᠴᠢᠶ᠎ᠡ ᠲᠦᠷᠦᠭᠦᠯᠡᠨ ᠨᠠᠶᠢᠳᠠᠪᠦᠷᠢᠵᠢᠭᠤᠯᠤᠨᠡ︶ | | | | |