ᠬᠥᠳᠡᠭᠡ ᠲᠤᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠲᠡᠭᠡᠭᠰᠢᠯᠡᠬᠦᠯᠬᠦ ᠲᠤᠬᠠᠢ ᠠᠷᠪᠠᠨ ᠭᠤᠷᠪᠠᠨ ᠰᠠᠯᠠᠭ᠎ᠠ ᠮᠦᠴᠢᠷ ᠠᠵᠢᠯᠯᠠᠭᠠᠨ ᠤ ᠲᠦᠰᠤᠯ ᠨᠡᠶᠢᠳᠡᠯᠡᠪᠡ
ᠨᠡᠶᠢᠲᠡᠯᠡᠭᠰᠡᠨ ᠴᠠᠭ᠄
2018-10-24
     ᠦᠢᠷ᠎ᠠ ᠳᠤ᠂ ᠰᠤᠶᠤᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠬᠦᠯᠤᠯᠳᠡ ᠪᠠ ᠦᠭᠡᠷᠡᠴᠢᠯᠠᠯᠳᠠ  ᠶᠢᠨ ᠵᠦᠪᠯᠡᠯ ᠵᠡᠷᠭᠡ 13 ᠰᠠᠯᠠᠭ᠎ᠠ ᠮᠦᠴᠢᠷ ᠬᠠᠮᠳᠤᠷᠠᠨ ︽ᠬᠥᠳᠡᠭᠡ ᠲᠤᠰᠬᠤᠨ ᠤ ᠵᠢᠭᠤᠯᠴᠢᠯᠠᠯ ᠤᠨ ᠬᠥᠭᠵᠢᠯᠳᠡ  ᠶᠢᠨ ᠶᠠᠰᠤ ᠴᠢᠨᠠᠷ ᠢ ᠲᠡᠭᠡᠭᠰᠢᠯᠡᠬᠦᠯᠬᠦ ᠠᠵᠢᠯᠯᠠᠭᠠᠨ ᠤ ᠲᠦᠰᠤᠯ ︵2018—2020︶︾ ᠢ ᠨᠡᠶᠢᠳᠡᠯᠡᠪᠡ᠃ ᠬᠡᠰᠡᠭ ᠭᠠᠵᠠᠷ ᠤᠷᠤᠨ ᠤ ᠬᠥᠳᠡᠭᠡ ᠲᠤᠰᠬᠤᠨ ᠤ ᠵᠢᠭᠤᠯᠴᠢᠯᠠᠯ ᠤᠨ ᠦᠵᠡᠮᠵᠢ ᠶᠢᠨ ᠤᠷᠤᠨ ᠳᠤ ᠤᠷᠤᠬᠤ ᠵᠠᠮ ᠬᠠᠷᠢᠯᠴᠠᠭ᠎ᠠ ᠲᠦᠬᠦᠮ ᠦᠭᠡᠢ᠂ ᠲᠡᠷᠭᠡᠨ ᠵᠤᠬᠰᠤᠭᠠᠯ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠡ ᠠᠨᠠᠢ ᠪᠠᠶᠢᠬᠤ᠂ ᠬᠤᠭ ᠨᠤᠪᠰᠢ ᠪᠠ ᠪᠤᠬᠢᠷ ᠤᠰᠤ ᠵᠡᠷᠭᠡ ᠬᠥᠳᠡᠭᠡ ᠲᠤᠰᠬᠤᠨ ᠤ ᠤᠷᠤᠰᠢᠨ ᠰᠠᠭᠤᠬᠤ ᠤᠷᠴᠢᠨ ᠨᠦᠬᠦᠴᠡᠯ ᠵᠠᠰᠠᠭᠳᠠᠭᠰᠠᠨ ᠦᠭᠡᠢ ᠤᠷᠳᠤ ᠬᠤᠭᠤᠴᠠᠭ᠎ᠠ ᠪᠠᠷ ᠬᠠᠶᠠᠭᠳᠠᠵᠤ ᠪᠠᠶᠢᠬᠤ᠂ ᠬᠥᠳᠡᠭᠡ ᠲᠤᠰᠬᠤᠨ ᠤ ᠬᠤᠨᠤᠭ ᠪᠠᠭᠤᠳᠠᠯ᠂ ᠬᠥᠳᠡᠭᠡ ᠲᠤᠰᠬᠤᠨ ᠤ ᠤᠨᠴᠠᠯᠢᠭᠳᠤ ᠢᠳᠡᠭᠡᠨ ᠤᠮᠳᠠᠭᠠᠨ ᠵᠡᠷᠭᠡ ᠶᠢᠨ ᠴᠢᠨᠠᠷ ᠴᠢᠨᠰᠠᠭ᠎ᠠ ᠪᠠ ᠦᠢᠯᠡᠴᠢᠯᠡᠭᠡᠨ ᠤ ᠪᠠᠷᠢᠮᠵᠢᠶ᠎ᠠ ᠲᠡᠬᠦᠯᠳᠡᠷ ᠪᠤᠰᠤ᠂ ᠨᠡᠶᠢᠭᠡᠮ ᠤᠨ ᠬᠥᠷᠤᠩᠭᠡ ᠶᠢᠨ ᠬᠥᠳᠡᠭᠡ ᠲᠤᠰᠬᠤᠨ ᠤ ᠵᠢᠭᠤᠯᠴᠢᠯᠠᠯ ᠤᠨ ᠪᠠᠶᠢᠭᠤᠯᠤᠯᠳᠡ ᠳᠤ ᠤᠷᠤᠭᠤᠯᠤᠯᠳᠡ ᠬᠢᠬᠦ ᠢᠳᠡᠪᠬᠢᠵᠢᠯ ᠲᠤᠤᠷ᠎ᠠ ᠪᠠᠶᠢᠬᠤ᠂ ᠪᠡᠯᠡ ᠲᠤᠬᠢᠷᠠᠭᠤᠯᠬᠤ ᠳᠤ ᠨᠡᠯᠢᠶᠡᠳ ᠬᠥᠴᠢᠷᠳᠠᠢ ᠪᠠᠶᠢᠬᠤ ᠵᠡᠷᠭᠡ ᠠᠰᠠᠭᠤᠳᠠᠯ ᠳᠤ ᠴᠢᠭᠯᠡᠬᠦᠯᠤᠨ᠂ ︽ᠠᠵᠢᠯᠯᠠᠭᠠᠨ ᠤ ᠲᠦᠰᠤᠯ︾ ᠳᠤ ᠰᠢᠰᠲ᠋ᠧᠮ ᠲᠠᠢ ᠪᠠᠶᠢᠷᠢᠯᠠᠭᠤᠯᠤᠯᠳᠡ ᠬᠢᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号