| | ᠲᠠᠷᠬᠠᠨ ᠮᠤᠤᠮᠢᠩᠭᠠᠨ ᠵᠠᠰᠠᠭ ᠲᠠᠷᠬᠠᠭᠠᠭᠰᠡᠨ ﹇2018﹈ 25 ᠳ᠋ᠤᠭᠠᠷ ᠲᠤᠭᠠᠲᠦ | | | ᠡ᠊ᠯ᠎ᠡ ᠰᠤᠮᠤ ᠰᠢᠶᠠᠩ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳ᠊ᠪᠦ᠋ᠷᠢ ᠶᠢᠨ | ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠤᠰᠢᠭᠤᠨ ᠤ ᠡᠯ᠎ᠡ ᠰᠢᠭᠤᠳ ᠬᠠᠷᠢᠶ᠎ᠡ ᠰᠠᠯᠠᠭ᠎ᠠ ᠮᠦᠴᠢᠷ᠂ | ᠪᠠᠶᠢᠭᠤᠯᠭ᠎ᠠ ᠨᠢᠭᠡᠴᠡ᠄ | ᠤᠳᠤ ᠵᠠᠰᠠᠯᠲᠡ ᠤᠷᠤᠭᠤᠯᠤᠭᠰᠡᠨ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ | ᠤᠨ ᠤᠷᠳᠤᠨ ᠤ ᠠᠵᠢᠯ ᠤᠨ ᠲᠦᠷᠢᠮ︾ ᠢ ᠲᠠ ᠤᠯᠠᠨ ᠳᠤ ᠲᠠᠷᠬᠠᠭᠠᠯ᠎ᠡ᠃ ᠲᠠᠷᠬᠠᠭᠠᠭᠰᠡᠨ ᠡᠳᠤᠷ ᠠᠴᠠ ᠡᠬᠢᠯᠡᠨ | ᠬᠡᠷᠡᠭᠵᠢᠭᠦᠯᠬᠦ ᠬᠡᠷᠡᠭᠲᠠᠢ᠃ | ᠤᠨᠴᠠᠭᠠᠶᠢᠯᠠᠨ ᠮᠡᠲᠡᠭᠲᠡᠪᠡ | | ᠲᠠᠷᠬᠠᠨ ᠮᠤᠤᠮᠢᠩᠭᠠᠨ ᠬᠤᠰᠢᠭᠤᠨ ᠤ | ᠠᠷᠡᠳ ᠤᠨ ᠵᠠᠰᠠᠭ ᠤᠨ ᠤᠷᠳᠤᠨ | 2018 ᠤᠨ ᠤ 9 ᠰᠡᠷ᠎ᠡ ᠶᠢᠨ 10 ᠤ ᠡᠳᠣᠷ | | | ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠵᠢᠯ ᠤᠨ | ᠲᠦᠷᠢᠮ | ︵2018 ᠤᠨ ᠤ 7 ᠰᠡᠷ᠎ᠡ ᠶᠢᠨ 10 ᠤ ᠡᠳᠤᠷ ᠬᠤᠰᠢᠭᠤᠨ ᠤ ᠵᠠᠰᠠᠭ ᠤᠨ ᠤᠷᠳᠤᠨ ᠤ | ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠡᠯ ᠲᠡᠭᠡᠷ᠎ᠡ ᠪᠠᠲᠤᠯᠠᠪᠡ︶ | | ᠨᠢᠭᠡᠳᠤᠭᠡᠷ ᠪᠦᠯᠦᠭ ᠶᠠᠷᠦᠩᠬᠡᠢ ᠵᠠᠷᠴᠢᠮ | ᠨᠢᠭᠡᠳᠤᠭᠡᠷ ᠵᠦᠢᠯ᠂ ᠦᠨᠳᠦᠰᠦᠨ ᠬᠠᠦᠯᠢ ᠪᠠᠷ ᠵᠠᠰᠠᠭ ᠪᠠᠷᠢᠬᠤ᠂ ᠬᠠᠦᠯᠢ ᠶᠤᠰᠤᠭᠠᠷ ᠵᠠᠰᠠᠭ ᠶᠠᠪᠤᠭᠤᠯᠬᠤ᠂ | ᠵᠠᠰᠠᠭ ᠢ ᠴᠢᠩᠭ᠎ᠠ ᠵᠠᠰᠠᠬᠤ ᠠᠵᠢᠯ ᠢ ᠪᠦᠬᠦ ᠲᠡᠯ᠎ᠡ ᠪᠠᠷ ᠠᠬᠢᠭᠤᠯᠵᠦ᠂ ᠬᠤᠰᠢᠭᠤᠨ ᠤ ᠵᠠᠰᠠᠭ ᠤᠨ ᠤᠷᠳᠤᠨ ᠤ | ᠤᠳᠤᠷᠢᠳᠤᠯᠭ᠎ᠠ ᠶᠢᠨ ᠪᠠᠶᠢᠭᠤᠯᠤᠯ ᠪᠡ ᠠᠵᠢᠯ ᠤᠨ ᠲᠤᠭᠳᠠᠴᠡ ᠶᠢ ᠲᠡᠭᠦᠯᠲᠡᠷᠵᠢᠭᠦᠯᠵᠦ᠂ ᠵᠠᠰᠠᠭ ᠤᠨ ᠤᠷᠳᠤᠨ ᠤ | ᠠᠵᠢᠯ ᠤᠨ ᠬᠠᠦᠯᠢᠵᠢᠯᠲᠡ᠂ ᠰᠢᠨᠵᠢᠯᠡᠬᠦ ᠤᠬᠠᠭᠠᠨᠴᠢᠯᠠᠯᠲᠡ᠂ ᠠᠷᠡᠳᠴᠢᠯᠠᠯᠲᠡ᠂ ᠲᠦᠷᠢᠮᠵᠢᠭᠦᠯᠦᠯᠲᠡ ᠶᠢ ᠬᠦᠨᠵᠡᠭᠡᠢ | ᠠᠬᠢᠭᠤᠯᠬᠤ ᠶᠢᠨ ᠲᠦᠯᠦᠭᠡ᠂ ︽ᠪᠦᠬᠦᠲᠡ ᠨᠠᠶᠢᠷᠠᠮᠳᠠᠬᠤ ᠲᠤᠮᠳᠠᠲᠦ ᠠᠷᠡᠳ ᠤᠯᠤᠰ ᠤᠨ ᠭᠠᠵᠠᠷ ᠤᠷᠤᠨ ᠤ ᠡᠯ᠎ᠡ | ᠱᠠᠳᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠪᠤᠯᠤᠨ ᠠᠷᠡᠳ ᠤᠨ ᠵᠠᠰᠠᠭ ᠤᠨ ᠤᠷᠳᠤᠨ ᠤ | ᠵᠤᠬᠢᠶᠠᠨ ᠪᠠᠶᠢᠭᠤᠯᠤᠯᠲᠡ ᠶᠢᠨ ᠬᠠᠦᠯᠢ︾ ᠵᠢᠴᠢ ᠬᠠᠮᠢᠶ᠎ᠡ ᠪᠦᠬᠦᠢ ᠲᠤᠭᠳᠠᠭᠠᠯ ᠢ ᠦᠨᠳᠦᠰᠦᠯᠡᠨ᠂ ︽ᠲᠦᠷᠦ ᠶᠢᠨ | ᠶᠠᠪᠤᠳᠡᠯ ᠤᠨ ᠬᠤᠷᠢᠶᠡᠨ ᠤ ᠠᠵᠢᠯ ᠤᠨ ᠲᠦᠷᠢᠮ︾᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠡᠳ ᠤᠨ ᠵᠠᠰᠠᠭ ᠤᠨ ᠤᠷᠳᠤᠨ ᠤ ᠠᠵᠢᠯ ᠤᠨ ᠲᠦᠷᠢᠮ︾ ᠪᠤᠯᠤᠨ ︽ᠪᠤᠭᠤᠲᠦ ᠬᠤᠲᠡ ᠶᠢᠨ ᠠᠷᠡᠳ ᠤᠨ ᠵᠠᠰᠠᠭ | ᠤᠨ ᠤᠷᠳᠤᠨ ᠤ ᠠᠵᠢᠯ ᠤᠨ ᠲᠦᠷᠢᠮ︾ ᠢᠶᠠᠷ ᠯᠠᠪᠯᠠᠯᠲᠡ ᠪᠤᠯᠭᠠᠨ᠂ ᠪᠤᠲᠠᠲᠠᠢ ᠲᠠᠢ ᠪᠠᠨ ᠤᠶᠠᠯᠳᠤᠭᠤᠯᠤᠨ ᠲᠤᠰ | ᠲᠦᠷᠢᠮ ᠢ ᠲᠤᠭᠳᠠᠭᠠᠪᠡ᠃ | ᠬᠤᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠨᠢ ᠬᠤᠰᠢᠭᠤᠨ ᠤ ᠨᠠᠮ ᠤᠨ ᠬᠤᠷᠢᠶᠡᠨ ᠤ | ᠤᠳᠤᠷᠢᠳᠤᠯᠭ᠎ᠠ ᠲᠤᠤᠷ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠦ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠳᠤᠭᠤᠯᠭ᠎ᠠ ᠪᠤᠯᠭᠠᠵᠦ᠂ ᠨᠠᠮ ᠤᠨ ᠦᠨᠳᠦᠰᠦᠨ ᠤᠨᠤᠯ᠂ ᠦᠨᠳᠦᠰᠦᠨ | ᠱᠤᠭᠤᠮ᠂ ᠦᠨᠳᠦᠰᠦᠨ ᠪᠤᠳᠤᠯᠭ᠎ᠠ ᠶᠢ ᠬᠢᠨᠠᠮᠠᠭᠠᠢ ᠲᠤᠭᠤᠰᠢᠯᠠᠭᠤᠯᠵᠦ᠂ ᠨᠠᠮ ᠤᠨ ᠪᠦᠬᠦ ᠲᠡᠯ᠎ᠡ ᠶᠢᠨ ᠤᠳᠤᠷᠢᠳᠤᠯᠭ᠎ᠠ | ᠶᠢ ᠪᠠᠷᠢᠮᠲᠠᠯᠠᠨ ᠴᠢᠩᠭᠠᠳᠬᠠᠵᠦ᠂ ᠦᠨᠳᠦᠰᠦᠨ ᠬᠠᠦᠯᠢ ᠪᠡ ᠬᠠᠦᠯᠢ ᠴᠠᠭᠠᠵᠡ ᠶᠢ ᠴᠢᠩᠭ᠎ᠠ ᠵᠢᠷᠦᠮᠯᠠᠵᠦ᠂ ᠵᠠᠰᠠᠭ ᠤᠨ | ᠤᠷᠳᠣᠨ ᠤ ᠡᠭᠦᠷᠭᠡ ᠴᠢᠳᠠᠪᠬᠢ ᠶᠢ ᠪᠦᠬᠦ ᠲᠡᠯ᠎ᠡ ᠪᠠᠷ ᠬᠦᠢᠴᠡᠳᠭᠡᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ | ᠬᠠᠦᠯᠢ ᠪᠠᠷ ᠵᠠᠰᠠᠬᠤ ᠵᠠᠰᠠᠭ ᠤᠨ ᠤᠷᠳᠤᠨ᠂ ᠰᠢᠨ᠎ᠡ ᠶᠢ ᠡᠭᠦᠳᠬᠦ ᠵᠠᠰᠠᠭ ᠤᠨ ᠤᠷᠳᠤᠨ᠂ ᠠᠷᠢᠭᠤᠨ ᠴᠢᠭᠡᠴᠢ ᠵᠠᠰᠠᠭ | ᠤᠨ ᠤᠷᠳᠤᠨ ᠪᠡ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠪᠦᠲᠦᠭᠡᠨ ᠪᠠᠶᠢᠭᠤᠯᠤᠨ᠎ᠡ᠃ | ᠭᠤᠷᠪᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠵᠠᠷᠴᠢᠮ ᠪᠤᠯ ᠠᠷᠡᠳ ᠤᠨ | ᠲᠦᠯᠦᠭᠡ ᠵᠠᠰᠠᠭ ᠪᠠᠷᠢᠬᠤ᠂ ᠬᠠᠦᠯᠢ ᠶᠤᠰᠤᠭᠠᠷ ᠵᠠᠰᠠᠭ ᠶᠠᠪᠤᠭᠤᠯᠬᠤ᠂ ᠦᠨᠡᠨ ᠠᠴᠠ ᠵᠦᠪ ᠢ ᠡᠷᠢᠬᠦ᠂ ᠠᠷᠡᠳᠴᠢᠯᠡᠯ | ᠢᠶᠠᠷ ᠢᠯᠡ ᠪᠤᠯᠭᠠᠬᠤ᠂ ᠪᠤᠳᠠᠲᠦ ᠠᠵᠢᠯᠯᠠᠭ᠎ᠠ ᠶᠢ ᠡᠷᠬᠢᠮᠯᠡᠬᠦ᠂ ᠠᠷᠢᠭᠤᠨ ᠴᠢᠭᠡᠴᠢ ᠪᠠᠶᠢᠬᠤ᠃ | ᠬᠤᠶᠠᠳᠤᠭᠠᠷ ᠪᠦᠯᠦᠭ ᠪᠦᠷᠢᠯᠳᠤᠭᠦᠨ ᠬᠡᠰᠢᠭᠦᠨ ᠤ ᠡᠭᠦᠷᠭᠡ ᠬᠠᠷᠢᠭᠤᠴᠠᠯᠭ᠎ᠠ | ᠲᠦᠷᠪᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠷᠢᠯᠳᠦᠭᠦᠨ ᠬᠡᠰᠢᠭᠦᠨ ᠳᠤ᠄ ᠬᠤᠰᠢᠭᠤᠨ | ᠲᠠᠷᠤᠭ᠎ᠠ᠂ ᠬᠤᠰᠢᠭᠤᠨ ᠲᠡᠳ᠋ ᠲᠠᠷᠤᠭ᠎ᠠ᠂ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠵᠢᠯ ᠤᠨ ᠰᠠᠯᠠᠭ᠎ᠠ | ᠮᠦᠴᠢᠷ ᠤᠨ ᠲᠤᠪᠴᠢᠶᠡᠨ ᠲᠠᠷᠤᠭ᠎ᠠ ︵ᠡᠷᠬᠢᠯᠡᠭᠴᠢ︶ ᠪᠠᠭᠳᠠᠨ᠎ᠡ᠃ | ᠲᠠᠪᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠬᠤᠰᠢᠭᠤᠨ ᠲᠠᠷᠤᠭ᠎ᠠ ᠶᠢᠨ ᠬᠠᠷᠢᠭᠤᠴᠠᠯᠭᠠᠲᠦ | ᠲᠦᠷᠢᠮ ᠢ ᠬᠡᠷᠡᠭᠵᠢᠭᠦᠯᠦᠨ᠎ᠡ᠃ ᠬᠤᠰᠢᠭᠤᠨ ᠲᠠᠷᠤᠭ᠎ᠠ ᠬᠤᠰᠢᠭᠤᠨ ᠤ ᠵᠠᠰᠠᠭ ᠤᠨ ᠤᠷᠳᠤᠨ ᠤ ᠪᠦᠬᠦ ᠲᠡᠯ᠎ᠡ ᠶᠢᠨ | ᠠᠵᠢᠯ ᠢ ᠤᠳᠤᠷᠢᠳᠦᠨ︔ ᠬᠤᠰᠢᠭᠤᠨ ᠲᠡᠳ᠋ ᠲᠠᠷᠤᠭ᠎ᠠ ᠨᠢ ᠬᠤᠰᠢᠭᠤᠨ ᠲᠠᠷᠤᠭ᠎ᠠ ᠳᠤ ᠬᠠᠷᠢᠭᠤᠴᠠᠵᠦ᠂ ᠬᠤᠰᠢᠭᠤᠨ | ᠲᠠᠷᠤᠭ᠎ᠠ ᠶᠢᠨ ᠠᠵᠢᠯ ᠢ ᠲᠡᠮᠵᠢᠨ᠎ᠡ᠃ | ᠬᠤᠰᠢᠭᠤᠨ ᠤ ᠵᠠᠰᠠᠭ ᠤᠨ ᠤᠷᠳᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠡ ᠶᠢᠨ ᠪᠠᠶᠢᠭᠤᠯᠤᠯ ᠢ | ᠪᠠᠶᠢᠭᠤᠯᠵᠦ᠂ ᠬᠤᠰᠢᠭᠤᠨ ᠤ ᠵᠠᠰᠠᠭ ᠤᠨ ᠤᠷᠳᠤᠨ ᠤ ᠪᠦᠷᠢᠯᠳᠦᠭᠦᠨ ᠬᠡᠰᠢᠭᠦᠨ ᠤ ᠡᠭᠦᠷᠭᠡ ᠬᠠᠷᠢᠭᠤᠴᠠᠯᠭ᠎ᠠ ᠶᠢ | ᠲᠤᠳᠤᠳᠬᠠᠵᠦ᠂ ᠨᠡᠶᠢᠭᠡᠮ ᠨᠠᠶᠢᠲᠡ ᠳᠤ ᠢᠯᠡ ᠪᠠᠷ ᠨᠡᠶᠢᠲᠡᠯᠡᠨ᠎ᠡ᠃ | ᠵᠢᠷᠭᠤᠳᠤᠭᠠᠷ ᠵᠦᠢᠯ᠂ ᠬᠤᠰᠢᠭᠤᠨ ᠲᠠᠷᠤᠭ᠎ᠠ ᠠᠴᠠ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ | ᠬᠤᠷᠡᠯ᠂ ᠬᠤᠰᠢᠭᠤᠨ ᠤ ᠪᠠᠶᠢᠩᠭᠤ ᠶᠢᠨ ᠬᠤᠷᠡᠯ ᠪᠡ ᠬᠤᠰᠢᠭᠤᠨ ᠲᠠᠷᠤᠭ᠎ᠠ ᠶᠢᠨ ᠠᠯᠪᠠᠨ ᠤ ᠬᠤᠷᠡᠯ ᠢ ᠡᠷᠬᠢᠯᠡᠨ | ᠬᠤᠷᠠᠯᠳᠤᠭᠤᠯᠵᠦ᠂ ᠬᠤᠰᠢᠭᠤᠨ ᠤ ᠵᠠᠰᠠᠭ ᠤᠨ ᠤᠷᠳᠤᠨ ᠤ ᠠᠵᠢᠯ ᠲᠤᠮᠳᠠᠬᠢ ᠴᠢᠬᠤᠯᠡ ᠶᠡᠭᠡ ᠬᠡᠷᠡᠭ ᠤᠴᠢᠷ ᠢ | ᠡᠷᠬᠡᠪᠰᠢ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ ᠪᠤᠶᠦ ᠪᠠᠷ ᠬᠤᠰᠢᠭᠤᠨ ᠤ ᠪᠠᠶᠢᠩᠭᠤ ᠶᠢᠨ | ᠬᠤᠷᠡᠯ᠂ ᠬᠤᠰᠢᠭᠤᠨ ᠲᠠᠷᠤᠭ᠎ᠠ ᠶᠢᠨ ᠠᠯᠪᠠᠨ ᠤ ᠬᠤᠷᠡᠯ ᠢᠶᠠᠷ ᠲᠠᠮᠵᠢᠨ ᠶᠠᠷᠢᠯᠴᠠᠨ ᠲᠤᠭᠳᠠᠭᠠᠨ᠎ᠡ᠃ ᠡᠳᠤᠷ ᠲᠤᠳᠤᠮ | ᠤᠨ ᠠᠵᠢᠯ ᠲᠤᠮᠳᠠᠬᠢ ᠴᠢᠬᠤᠯᠡ ᠠᠰᠠᠭᠤᠳᠡᠯ ᠪᠡ ᠬᠡᠨᠡᠳᠲᠡ ᠶᠢᠨ ᠬᠡᠷᠡᠭ ᠢ ᠬᠤᠰᠢᠭᠤᠨ ᠲᠠᠷᠤᠭ᠎ᠠ ᠬᠤᠪᠢᠳᠠᠨ | ᠬᠠᠮᠢᠶᠠᠷᠬᠤ ᠬᠤᠰᠢᠭᠤᠨ ᠲᠡᠳ᠋ ᠲᠠᠷᠤᠭ᠎ᠠ ᠳᠤ ᠨᠠᠶᠢᠲᠡᠨ ᠲᠤᠰᠬᠠᠢ ᠰᠡᠳᠤᠪᠲᠦ ᠬᠤᠷᠡᠯ ᠬᠤᠷᠠᠯᠳᠤᠵᠦ᠂ ᠰᠤᠳᠤᠯᠤᠨ | ᠰᠢᠢᠳᠪᠦᠷᠢᠯᠡᠬᠦ ᠶᠢᠨ ᠬᠠᠮᠲᠦ ᠬᠤᠰᠢᠭᠤᠨ ᠲᠠᠷᠤᠭ᠎ᠠ ᠳᠤ ᠮᠡᠲᠡᠭᠦᠯᠦᠨ᠎ᠡ᠃ | ᠲᠤᠯᠤᠳᠤᠭᠠᠷ ᠵᠦᠢᠯ᠂ ᠬᠤᠰᠢᠭᠤᠨ ᠲᠡᠳ᠋ ᠲᠠᠷᠤᠭ᠎ᠠ ᠠᠵᠢᠯ ᠤᠨ ᠬᠤᠪᠢᠶᠠᠷᠢᠯᠡᠯ ᠢᠶᠠᠷ ᠢᠶᠠᠨ ᠬᠤᠪᠢᠳᠠᠨ | ᠬᠠᠮᠢᠶᠠᠷᠬᠤ ᠠᠵᠢᠯ ᠢᠶᠠᠨ ᠬᠠᠷᠢᠭᠤᠴᠠᠵᠦ᠂ ᠬᠤᠰᠢᠭᠤᠨ ᠲᠠᠷᠤᠭ᠎ᠠ ᠶᠢᠨ ᠨᠠᠶᠢᠳᠠᠯᠭ᠎ᠠ ᠪᠠᠷ ᠪᠤᠰᠤᠳ ᠲᠡᠯ᠎ᠡ ᠶᠢᠨ ᠠᠵᠢᠯ | ᠪᠤᠶᠦ ᠲᠤᠰᠬᠠᠢ ᠡᠭᠦᠷᠭᠡ ᠶᠢ ᠬᠠᠷᠢᠭᠤᠴᠡᠨ ᠰᠢᠢᠳᠪᠦᠷᠢᠯᠡᠵᠦ᠂ ᠬᠤᠰᠢᠭᠤᠨ ᠲᠠᠷᠤᠭ᠎ᠠ ᠶᠢ ᠲᠦᠯᠦᠭᠡᠯᠡᠨ ᠭᠠᠳᠠᠭᠠᠲᠦ | ᠶᠠᠪᠤᠳᠡᠯ ᠤᠨ ᠠᠵᠢᠯᠯᠠᠭ᠎ᠠ ᠶᠢ ᠡᠷᠬᠢᠯᠡᠵᠦ ᠪᠤᠯᠤᠨ᠎ᠡ᠃ ᠠᠮᠦᠷ ᠲᠤᠭᠳᠠᠭᠤᠨ᠂ ᠴᠢᠭᠡᠴᠢ ᠵᠠᠰᠠᠭ ᠤᠨ ᠪᠦᠲᠦᠭᠡᠨ | ᠪᠠᠶᠢᠭᠤᠯᠤᠯᠲᠡ᠂ ᠪᠠᠴᠢᠮ ᠪᠠᠶᠢᠲᠡᠯ ᠢ ᠠᠷᠭᠠᠴᠠᠬᠤ᠂ ᠤᠷᠴᠢᠨ ᠬᠠᠮᠠᠭᠠᠯᠠᠯᠲᠡ᠂ ᠦᠵᠡᠯ ᠤᠬᠠᠮᠰᠠᠷ ᠤᠨ ᠬᠡᠯᠪᠡᠷᠢ ᠵᠡᠷᠭᠡ | ᠬᠡᠷᠡᠭ ᠤᠴᠢᠷ ᠲᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠵᠠᠷᠴᠢᠮ ᠢ | ᠬᠡᠷᠡᠭᠵᠢᠭᠦᠯᠦᠨ᠎ᠡ᠃ ᠬᠤᠰᠢᠭᠤᠨ ᠲᠡᠳ᠋ ᠲᠠᠷᠤᠭ᠎ᠠ ᠠᠵᠢᠯ ᠤᠨ ᠲᠤᠮᠲᠡᠬᠢ ᠴᠢᠬᠤᠯᠡ ᠪᠠᠶᠢᠲᠡᠯ ᠢᠶᠠᠨ ᠬᠤᠰᠢᠭᠤᠨ | ᠲᠠᠷᠤᠭ᠎ᠠ ᠳᠤ ᠴᠠᠭ ᠲᠤᠬᠠᠢ ᠳᠤ ᠨᠢ ᠮᠡᠲᠡᠭᠦᠯᠵᠦ᠂ ᠠᠰᠠᠭᠤᠲᠡᠯ ᠢ ᠰᠢᠢᠳᠪᠦᠷᠢᠯᠡᠬᠦ ᠰᠠᠨᠠᠭᠤᠯᠭ᠎ᠠ ᠲᠤᠷᠠᠳᠤᠨᠡ᠃ | ᠨᠠᠢᠮᠠᠳᠤᠭᠠᠷ ᠵᠦᠢᠯ᠂ ᠬᠤᠰᠢᠭᠤᠨ ᠲᠠᠷᠤᠭ᠎ᠠ ᠭᠠᠳᠠᠭᠰᠢ ᠶᠠᠪᠤᠵᠦ ᠰᠤᠷᠤᠯᠴᠠᠯᠭ᠎ᠠ᠂ ᠪᠤᠯᠪᠠᠰᠤᠷᠡᠯ ᠡᠰᠡᠭᠦᠯ᠎ᠡ | ᠰᠤᠷᠪᠤᠯᠵᠢᠯᠠᠭ᠎ᠠ ᠬᠢᠬᠦ ᠬᠤᠭᠤᠴᠠᠭᠠᠨ ᠳᠤ᠂ ᠬᠤᠰᠢᠭᠤᠨ ᠲᠠᠷᠤᠭ᠎ᠠ ᠶᠢᠨ ᠨᠠᠶᠢᠳᠠᠯᠭ᠎ᠠ ᠪᠠᠷ᠂ ᠪᠠᠶᠢᠩᠭᠤ ᠶᠢᠨ ᠬᠤᠰᠢᠭᠤᠨ | ᠲᠡᠳ᠋ ᠲᠠᠷᠤᠭ᠎ᠠ ᠵᠠᠰᠠᠭ ᠤᠨ ᠤᠷᠳᠤᠨ ᠤ ᠠᠵᠢᠯ ᠢ ᠡᠷᠬᠢᠯᠡᠵᠦ᠂ ᠤᠨᠴᠠᠭᠠᠢ ᠪᠠᠶᠢᠲᠡᠯ ᠳᠤ᠂ ᠬᠤᠰᠢᠭᠤᠨ ᠲᠠᠷᠤᠭ᠎ᠠ᠂ | ᠪᠠᠶᠢᠩᠭᠤ ᠶᠢᠨ ᠬᠤᠰᠢᠭᠤᠨ ᠲᠡᠳ᠋ ᠲᠠᠷᠤᠭ᠎ᠠ ᠬᠠᠮᠲᠦ ᠭᠠᠳᠠᠭᠰᠢ ᠶᠠᠪᠤᠭᠰᠡᠨ ᠬᠤᠭᠤᠴᠠᠭᠠᠨ ᠳᠤ᠂ ᠲᠡᠰ ᠲᠠᠷᠠᠭᠠᠯᠡᠯ | ᠢᠶᠠᠷ ᠪᠤᠰᠤᠳ ᠲᠡᠳ᠋ ᠲᠠᠷᠤᠭ᠎ᠠ ᠶᠢ ᠨᠠᠶᠢᠳᠠᠵᠦ ᠬᠤᠰᠢᠭᠤᠨ ᠤ ᠵᠠᠰᠠᠭ ᠤᠨ ᠤᠷᠳᠤᠨ ᠤ ᠠᠵᠢᠯ ᠢ ᠡᠷᠬᠢᠯᠡᠨ᠎ᠡ᠃ | ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ ᠨᠢ ᠬᠤᠰᠢᠭᠤᠨ | ᠲᠠᠷᠤᠭ᠎ᠠ ᠶᠢᠨ ᠤᠳᠤᠷᠢᠳᠤᠯᠭ᠎ᠠ ᠲᠤᠤᠷ᠎ᠡ᠂ ᠪᠠᠶᠢᠩᠭᠤ ᠶᠢᠨ ᠬᠤᠰᠢᠭᠤᠨ ᠲᠡᠳ᠋ ᠲᠠᠷᠤᠭ᠎ᠠ ᠶᠢ ᠬᠠᠮᠵᠢᠨ ᠬᠤᠰᠢᠭᠤᠨ ᠤ | ᠵᠠᠰᠠᠭ ᠤᠨ ᠤᠷᠳᠤᠨ ᠤ ᠡᠳᠤᠷ ᠲᠤᠳᠤᠮ ᠤᠨ ᠠᠵᠢᠯ ᠢ ᠰᠢᠢᠳᠪᠦᠷᠢᠯᠡᠨ᠎ᠡ᠃ | ᠠᠷᠪᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ ᠨᠢ ᠲᠤᠪᠴᠢᠶᠡᠨ | ᠲᠠᠷᠤᠭ᠎ᠠ ︵ᠡᠷᠬᠢᠯᠡᠭᠴᠢ︶ ᠶᠢᠨ ᠬᠠᠷᠢᠭᠤᠴᠠᠯᠭᠠᠲᠦ ᠲᠦᠷᠢᠮ ᠢ ᠬᠡᠷᠡᠭᠵᠢᠭᠦᠯᠵᠦ᠂ ᠲᠤᠰ ᠰᠠᠯᠠᠭ᠎ᠠ ᠮᠦᠴᠢᠷ ᠤᠨ ᠠᠵᠢᠯ | ᠢᠶᠠᠨ ᠤᠳᠤᠷᠢᠳᠤᠨᠡ᠃ | ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ ᠨᠢ ᠬᠠᠦᠯᠢ ᠴᠠᠭᠠᠵᠡ᠂ ᠵᠠᠰᠠᠭ | ᠵᠠᠬᠢᠷᠭᠠᠨ ᠤ ᠬᠠᠦᠯᠢ ᠲᠦᠷᠢᠮ ᠪᠤᠯᠤᠨ ᠬᠤᠰᠢᠭᠤᠨ ᠤ ᠵᠠᠰᠠᠭ ᠤᠨ ᠤᠷᠳᠤᠨ ᠤ ᠰᠢᠢᠳᠪᠦᠷᠢ᠂ ᠵᠠᠷᠯᠢᠭ ᠢ | ᠦᠨᠳᠦᠰᠦᠯᠡᠨ᠂ ᠡᠷᠭᠡ ᠶᠢᠨ ᠬᠠᠷᠢᠶᠡᠨ ᠳᠤ ᠪᠠᠨ ᠠᠵᠢᠯ ᠦᠷᠨᠢᠭᠦᠯᠦᠨ᠎ᠡ᠃ ᠬᠤᠰᠢᠭᠤᠨ ᠤ ᠲᠤᠭ᠎ᠠ ᠪᠦᠷᠢᠳᠭᠡᠯ ᠤᠨ | ᠲᠤᠪᠴᠢᠶ᠎ᠡ ᠨᠢ ᠬᠤᠰᠢᠭᠤᠨ ᠲᠠᠷᠤᠭ᠎ᠠ ᠶᠢᠨ ᠤᠳᠤᠷᠢᠳᠤᠯᠭ᠎ᠠ ᠲᠤᠤᠷ᠎ᠡ᠂ ᠬᠠᠦᠯᠢ ᠴᠠᠭᠠᠵᠡ ᠲᠦᠷᠢᠮ ᠲᠤᠭᠳᠠᠭᠠᠯ ᠤᠨ | ᠶᠤᠰᠤᠭᠠᠷ ᠬᠢᠨᠠᠨ ᠪᠤᠳᠤᠬᠤ ᠬᠢᠨᠠᠯᠲᠡ ᠲᠠᠯᠪᠢᠬᠤ ᠡᠭᠦᠷᠭᠡ ᠴᠢᠳᠠᠪᠬᠢ ᠪᠠᠨ ᠪᠡᠶ᠎ᠡ ᠪᠠᠨ ᠲᠠᠭᠠᠭᠠᠨ ᠬᠦᠢᠴᠡᠳᠭᠡᠵᠦ᠂ | ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠭᠦᠮ ᠪᠡ ᠬᠤᠪᠢ ᠬᠦᠮᠦᠨ ᠭᠠᠷ ᠲᠦᠷᠦᠵᠦ ᠪᠤᠯᠬᠤ | ᠦᠭᠡᠢ᠃ | ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠭᠡ | ᠲᠤᠰᠢᠶᠠᠯ ᠢᠶᠠᠨ ᠬᠦᠢᠴᠡᠳᠭᠡᠵᠦ᠂ ᠬᠠᠮᠵᠢᠯᠴᠠᠨ ᠵᠤᠬᠢᠴᠠᠯᠳᠤᠵᠦ᠂ ᠪᠦᠯᠬᠦᠮᠲᠡᠯ ᠨᠢᠭᠡᠳᠤᠯ ᠪᠡ ᠵᠠᠰᠠᠭ ᠵᠠᠷᠯᠢᠭ ᠤᠨ | ᠰᠠᠭᠠᠳ ᠦᠭᠡᠢ ᠪᠠᠶᠢᠬᠤ ᠶᠢ ᠪᠠᠳᠤᠳᠠᠢ ᠬᠠᠮᠠᠭᠠᠯᠠᠵᠦ᠂ ᠲᠡᠭᠡᠲᠦ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ | ᠪᠡ ᠬᠤᠰᠢᠭᠤ ᠨᠠᠮ ᠤᠨ ᠬᠤᠷᠢᠶᠡᠨ ᠡᠯ᠎ᠡ ᠲᠦᠷᠦᠯ ᠤᠨ ᠠᠵᠢᠯ ᠤᠨ ᠪᠠᠶᠢᠷᠢᠯᠠᠭᠤᠯᠤᠯᠲᠡ ᠶᠢ ᠡᠷᠡᠰ | ᠲᠤᠭᠤᠰᠢᠯᠠᠭᠤᠯᠤᠨ ᠨᠠᠶᠢᠳᠠᠪᠦᠷᠢᠵᠢᠭᠤᠯᠤᠨᠡ᠃ | ᠭᠤᠷᠪᠠᠳᠤᠭᠠᠷ ᠪᠦᠯᠦᠭ ᠬᠤᠰᠢᠭᠤᠨ ᠤ ᠵᠠᠰᠠᠭ ᠤᠨ ᠤᠷᠳᠤᠨ ᠤ ᠡᠭᠦᠷᠭᠡ ᠴᠢᠳᠠᠪᠬᠢ | ᠠᠷᠪᠠᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠰᠢᠨ᠎ᠡ ᠬᠦᠭᠵᠢᠯᠲᠡ ᠶᠢᠨ | ᠤᠶᠢᠯᠠᠭᠠᠭᠳᠠᠬᠤᠨ ᠢ ᠬᠦᠨᠵᠡᠭᠡᠢ ᠲᠤᠭᠤᠰᠢᠯᠠᠭᠤᠯᠤᠨ᠂ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠲᠤᠭᠤᠷᠢᠨ ᠳᠤ᠂ | ᠤᠳᠤᠬᠢᠴᠢᠯᠠᠭᠰᠡᠨ ᠠᠵᠦ ᠠᠬᠤᠢ ᠶᠢᠨ ᠰᠢᠰᠲ᠋ᠧᠮ ᠶᠢ ᠪᠠᠶᠢᠭᠤᠯᠵᠦ᠂ ᠠᠵᠦ ᠠᠬᠤᠢ ᠶᠢᠨ ᠲᠤᠬᠢᠷᠠᠭᠤᠯᠤᠯᠲᠡ᠂ ᠵᠠᠬ᠎ᠠ | ᠲᠡᠯᠭᠡᠭᠦᠷ ᠤᠨ ᠬᠢᠨᠠᠯᠲᠡ᠂ ᠨᠡᠶᠢᠭᠡᠮ ᠤᠨ ᠬᠠᠮᠢᠶᠠᠷᠤᠯᠲᠡ᠂ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠤᠷᠴᠢᠨ | ᠬᠠᠮᠠᠭᠠᠯᠠᠯᠲᠡ ᠶᠢᠨ ᠡᠭᠦᠷᠭᠡ ᠴᠢᠳᠠᠪᠬᠢ ᠪᠠᠨ ᠪᠦᠬᠦ ᠲᠡᠯ᠎ᠡ ᠪᠠᠷ ᠤᠨᠤᠪᠴᠢᠲᠠᠢ ᠭᠦᠢᠴᠡᠳᠭᠡᠵᠦ᠂ ᠵᠠᠰᠠᠭ ᠢ ᠴᠤᠮᠠᠳᠬᠠᠨ | ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠡᠷᠭᠡ ᠶᠢᠨ ᠵᠠᠭᠠᠭ ᠲᠤᠳᠤᠷᠬᠠᠢ᠂ ᠠᠵᠢᠯ ᠤᠨ ᠬᠤᠪᠢᠶᠠᠷᠢᠯᠠᠯ ᠵᠤᠬᠢᠰᠲᠠᠢ᠂ | ᠡᠷᠭᠡ ᠡᠭᠦᠷᠭᠡ ᠨᠢᠭᠡᠳᠤᠯᠲᠠᠢ᠂ ᠠᠵᠢᠯ ᠡᠷᠬᠢᠯᠲᠡ ᠪᠦᠲᠦᠮᠵᠢᠲᠠᠢ᠂ ᠬᠠᠦᠯᠢ ᠪᠠᠷ ᠵᠠᠰᠠᠬᠤ ᠪᠠᠲᠤᠯᠠᠭ᠎ᠠ ᠲᠠᠢ ᠪᠠᠶᠢᠭᠤᠯᠤᠮᠵᠢ | ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠪᠦᠷᠢᠯᠳᠤᠭᠦᠯᠵᠦ᠂ ᠰᠠᠶᠢᠨ ᠰᠠᠶᠢᠬᠠᠨ ᠬᠦᠭᠵᠢᠯᠲᠡ ᠶᠢᠨ ᠤᠷᠴᠢᠨ | ᠨᠦᠬᠦᠴᠡᠯ ᠢ ᠪᠦᠲᠦᠭᠡᠵᠦ᠂ ᠦᠨᠳᠦᠰᠤᠨ ᠳᠡᠭᠡᠨ ᠲᠡᠩᠴᠡᠭᠦᠷᠢᠲᠠᠢ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠦ᠂ | ᠨᠡᠶᠢᠭᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠠᠮᠠᠭᠠᠯᠠᠨ᠎ᠡ᠃ | ᠠᠷᠪᠠᠨ ᠬᠤᠶᠠᠳᠤᠭᠠᠷ ᠵᠦᠢᠯ᠂ ᠤᠯᠤᠰ᠂ ᠦᠪᠡᠷᠲᠡᠭᠡᠨ ᠵᠠᠰᠠᠬᠤ ᠤᠷᠤᠨ ᠪᠤᠯᠤᠨ ᠪᠤᠭᠤᠲᠦ ᠬᠤᠲᠡ ᠶᠢᠨ | ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠠᠵᠦ | ᠠᠬᠤᠢ ᠶᠢᠨ ᠬᠦᠭᠵᠢᠯᠲᠡ ᠶᠢᠨ ᠪᠠᠶᠢᠲᠡᠯ ᠤᠨ ᠮᠠᠭᠠᠳᠯᠠᠨ ᠰᠤᠳᠤᠯᠤᠯᠲᠡ ᠶᠢ ᠴᠢᠩᠭᠠᠳᠬᠠᠵᠦ᠂ ᠠᠵᠦ ᠠᠬᠤᠢ᠂ ᠬᠠᠦᠯᠢ | ᠴᠠᠭᠠᠵᠡ ᠶᠢᠨ ᠠᠷᠭ᠎ᠠ ᠪᠡᠷᠢᠯ ᠪᠡ ᠴᠢᠬᠤᠯᠡ ᠪᠦᠬᠦᠢ ᠵᠠᠰᠠᠭ ᠵᠠᠬᠢᠷᠭᠠᠨ ᠤ ᠠᠷᠭ᠎ᠠ ᠪᠡᠷᠢᠯ ᠢ ᠭᠤᠤᠯᠴᠢᠯᠠᠨ ᠬᠡᠷᠡᠭᠯᠡᠵᠦ᠂ | ᠠᠵᠦ ᠠᠬᠤᠢ ᠶᠢᠨ ᠡᠷᠬᠢᠯᠲᠡ ᠶᠢ ᠬᠦᠲᠦᠯᠦᠨ ᠲᠤᠬᠢᠷᠠᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠶᠠᠰᠦ ᠴᠢᠨᠠᠷ | ᠪᠡ ᠦᠷ᠎ᠡ ᠠᠰᠢᠭ ᠢ ᠲᠡᠭᠡᠭᠰᠢᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ᠂ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠡ ᠶᠢ ᠬᠠᠦᠯᠢ ᠶᠤᠰᠤᠭᠠᠷ | ᠡᠷᠴᠢᠮᠵᠢᠭᠦᠯᠵᠦ᠂ ᠡᠷᠭᠡ ᠲᠡᠭᠰᠢ ᠪᠠᠷ ᠵᠠᠬ᠎ᠠ ᠲᠡᠯᠭᠡᠭᠦᠷ ᠲᠤ ᠤᠷᠤᠬᠤ ᠶᠢ ᠠᠬᠢᠭᠤᠯᠵᠦ᠂ ᠬᠢᠨᠠᠯᠲᠡ ᠬᠠᠮᠢᠶᠠᠷᠤᠯᠲᠡ ᠶᠢᠨ | ᠰᠢᠰᠲ᠋ᠧᠮ ᠢ ᠲᠡᠭᠦᠯᠲᠡᠷᠵᠢᠭᠦᠯᠵᠦ᠂ ᠵᠠᠬ᠎ᠠ ᠲᠡᠯᠭᠡᠭᠦᠷ ᠤᠨ ᠬᠠᠦᠯᠢ ᠬᠡᠷᠡᠭᠵᠢᠭᠦᠯᠦᠯᠲᠡ ᠶᠢ ᠲᠦᠷᠢᠮᠵᠢᠭᠦᠯᠵᠦ᠂ ᠭᠠᠵᠠᠷ | ᠤᠷᠤᠨ ᠤ ᠵᠠᠬ᠎ᠠ ᠲᠡᠯᠭᠡᠭᠦᠷ ᠤᠨ ᠨᠢᠭᠡᠳᠤᠯᠲᠠᠢ ᠨᠡᠭᠡᠭᠡᠯᠲᠡ ᠲᠠᠢ᠂ ᠲᠦᠪ ᠭᠤᠤᠯᠴᠢ ᠪᠦᠭᠡᠳ ᠦᠨᠡᠨᠴᠢ ᠢᠲᠡᠭᠡᠮᠵᠢᠲᠠᠢ᠂ | ᠦᠷᠢᠰᠦᠯᠳᠤᠭᠡᠨ ᠲᠠᠢ ᠡᠮᠬᠢ ᠵᠢᠷᠦᠮ ᠲᠠᠢ ᠪᠠᠶᠢᠲᠡᠯ ᠢ ᠬᠠᠮᠠᠭᠠᠯᠠᠵᠦ᠂ ᠲᠦᠮᠡᠨ ᠤᠯᠠᠨ ᠢᠶᠠᠷ ᠢᠶᠠᠨ ᠦᠢᠯᠡᠰ ᠪᠤᠰᠬᠠᠨ | ᠰᠢᠨ᠎ᠡ ᠶᠢ ᠡᠭᠦᠳᠬᠦ ᠶᠢ ᠠᠬᠢᠭᠤᠯᠵᠦ᠂ ᠵᠠᠬ᠎ᠠ ᠲᠡᠯᠭᠡᠭᠦᠷ ᠤᠨ ᠠᠮᠢᠵᠢᠷᠡᠯ ᠤᠨ ᠬᠦᠴᠦᠨ ᠪᠡ ᠪᠦᠲᠦᠭᠡᠯᠴᠢ ᠴᠢᠳᠠᠪᠦᠷᠢ | ᠶᠢ ᠬᠦᠭᠵᠢᠭᠡᠨ᠎ᠡ᠃ | ᠠᠷᠪᠠᠨ ᠲᠦᠷᠪᠡᠳᠤᠭᠡᠷ ᠵᠦᠢᠯ᠂ ᠨᠡᠶᠢᠭᠡᠮ ᠤᠨ ᠬᠠᠮᠢᠶᠠᠷᠤᠯᠲᠡ ᠶᠢᠨ ᠪᠠᠶᠢᠭᠤᠯᠤᠯ ᠪᠡ ᠴᠢᠳᠠᠪᠦᠷᠢ ᠶᠢᠨ | ᠪᠦᠲᠦᠭᠡᠨ ᠪᠠᠶᠢᠭᠤᠯᠤᠯᠲᠡ ᠶᠢ ᠴᠢᠩᠭᠠᠳᠬᠠᠵᠦ᠂ ᠤᠯᠠᠨ ᠨᠡᠶᠢᠲᠡ ᠶᠢᠨ ᠠᠶᠦᠯᠭᠦᠢ ᠶᠢᠨ ᠰᠢᠰᠲ᠋ᠧᠮ᠂ ᠨᠡᠶᠢᠭᠡᠮ ᠤᠨ | ᠠᠮᠦᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ᠂ ᠪᠠᠴᠢᠮ ᠪᠠᠶᠢᠲᠡᠯ ᠢ ᠠᠷᠭᠠᠴᠠᠬᠤ ᠬᠠᠮᠢᠶᠠᠷᠤᠯᠲᠡ ᠶᠢᠨ | ᠰᠢᠰᠲ᠋ᠧᠮ᠂ ᠨᠡᠶᠢᠭᠡᠮ ᠤᠨ ᠵᠠᠰᠠᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠮᠲᠦ ᠪᠠᠷ ᠪᠠᠶᠢᠭᠤᠯᠬᠤ ᠬᠠᠮᠲᠦ ᠪᠠᠷ | ᠵᠠᠰᠠᠬᠤ ᠬᠠᠮᠲᠦ ᠪᠠᠷ ᠡᠳ᠋ᠯᠡᠬᠦ ᠨᠡᠶᠢᠭᠡᠮ ᠤ ᠵᠠᠰᠠᠯᠲᠡ ᠶᠢᠨ ᠪᠠᠶᠢᠷᠢᠰᠢᠯ ᠢ ᠴᠤᠭᠴᠠᠯᠠᠵᠦ᠂ ᠡᠬᠡ ᠤᠯᠤᠰ ᠤᠨ ᠤᠮᠠᠷᠠᠲᠦ | ᠬᠢᠯᠢ ᠶᠢᠨ ᠠᠮᠦᠷ ᠲᠤᠭᠳᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ | ᠠᠷᠪᠠᠨ ᠲᠠᠪᠤᠳᠤᠭᠠᠷ ᠵᠦᠢᠯ᠂ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠴᠢᠬᠤᠯᠴᠢᠯᠠᠵᠦ᠂ ᠤᠯᠠᠨ ᠨᠡᠶᠢᠲᠡ | ᠶᠢᠨ ᠲᠦᠷᠦ ᠶᠢᠨ ᠪᠤᠳᠤᠯᠭ᠎ᠠ ᠶᠢ ᠲᠡᠭᠦᠯᠲᠡᠷᠵᠢᠭᠦᠯᠵᠦ᠂ ᠵᠠᠰᠠᠭ ᠤᠨ ᠤᠷᠳᠤᠨ ᠭᠤᠤᠯᠯᠠᠨ ᠤᠳᠤᠷᠢᠳᠤᠭᠰᠡᠨ᠂ ᠨᠡᠶᠢᠭᠡᠮ | ᠨᠡᠶᠢᠲᠡ ᠪᠠᠷ ᠢᠶᠠᠨ ᠤᠷᠤᠯᠴᠠᠭᠰᠡᠨ᠂ ᠪᠦᠬᠦ ᠠᠷᠡᠳ ᠢ ᠬᠠᠮᠤᠷᠤᠭᠰᠡᠨ᠂ ᠲᠦᠭᠡᠮᠡᠯ ᠬᠠᠷᠠᠭᠠᠯᠵᠡᠯ ᠢ ᠬᠠᠮᠲᠦ ᠡᠳ᠋ᠯᠡᠭᠰᠡᠨ᠂ | ᠬᠤᠲᠡ ᠬᠦᠲᠡᠭᠡ ᠨᠢᠭᠡ ᠴᠤᠭᠴᠠᠵᠢᠭᠰᠡᠨ᠂ ᠦᠷᠬᠦᠯᠵᠢᠯᠡᠭᠰᠡᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠦᠷᠢ ᠶᠢ ᠲᠡᠭᠡᠭᠰᠢᠯᠡᠭᠦᠯᠵᠦ᠂ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠪᠤᠯᠬᠤ ᠶᠢ ᠠᠬᠢᠭᠤᠯᠤᠨ᠎ᠡ᠃ | ᠠᠷᠪᠠᠨ ᠵᠢᠷᠭᠤᠳᠤᠭᠠᠷ ᠵᠦᠢᠯ᠂ ᠬᠦᠭᠡ ᠠᠭᠤᠯᠡ ᠬᠦᠭᠡᠮᠳᠦᠭ ᠤᠰᠤ ᠪᠤᠯ ᠠᠯᠳᠠᠨ ᠠᠭᠤᠯᠡ ᠮᠦᠩᠭᠦᠨ | ᠬᠠᠶᠢᠷᠬᠠᠨ ᠬᠡᠬᠦ ᠦᠢᠯᠡᠭᠠᠬᠳᠠᠬᠤᠨ ᠢ ᠪᠠᠷᠢᠮᠳᠠᠯᠠᠵᠦ᠂ ᠠᠮᠢ ᠠᠬᠤᠢ ᠶᠢᠨ ᠤᠷᠴᠢᠨ ᠬᠠᠮᠠᠭᠠᠯᠠᠯᠲᠡ ᠶᠢ ᠴᠢᠩᠭᠠᠳᠬᠠᠵᠦ᠂ | ᠬᠠᠮᠤᠭ ᠴᠢᠩᠭ᠎ᠠ ᠬᠠᠮᠠᠭᠠᠯᠠᠯᠲᠡ ᠶᠢᠨ ᠲᠦᠷᠢᠮ ᠢ ᠬᠡᠷᠡᠭᠵᠢᠭᠦᠯᠵᠦ᠂ ᠵᠠᠰᠠᠭ ᠤᠨ ᠤᠷᠳᠤᠨ ᠭᠤᠤᠯᠯᠠᠨ ᠤᠳᠤᠷᠢᠳᠤᠭᠰᠡᠨ᠂ | ᠠᠵᠦ ᠠᠬᠤᠶᠢᠯᠡᠯ ᠢᠶᠠᠷ ᠪᠡᠶᠡᠴᠢ ᠴᠤᠭᠴᠡ ᠪᠤᠯᠭᠠᠭᠰᠡᠨ ᠨᠡᠶᠢᠭᠡᠮ ᠤᠨ ᠵᠤᠬᠢᠶᠠᠨ ᠪᠠᠶᠢᠭᠤᠯᠤᠯᠲᠡ ᠪᠤᠯᠤᠨ ᠤᠯᠠᠨ | ᠨᠡᠶᠢᠲᠡ ᠪᠠᠷ ᠢᠶᠠᠨ ᠬᠠᠮᠲᠦ ᠤᠷᠤᠯᠴᠠᠭᠰᠡᠨ ᠤᠷᠴᠢᠨ ᠲᠤᠭᠤᠷᠢᠨ ᠤ ᠵᠠᠰᠠᠯᠲᠡ ᠶᠢᠨ ᠰᠢᠰᠢᠲ᠋ᠧᠮ ᠢ ᠪᠠᠶᠢᠭᠤᠯᠵᠦ᠂ | ᠪᠤᠬᠢᠷᠳᠤᠯ ᠦᠭᠡᠢ ᠬᠦᠭᠵᠢᠯᠲᠡ ᠶᠢ ᠠᠬᠢᠭᠤᠯᠵᠦ᠂ ᠦᠵᠡᠰᠭᠦᠯᠡᠩᠲᠦ ᠰᠠᠶᠢᠬᠠᠨ ᠲᠠᠷᠬᠠᠨ ᠮᠤᠤᠮᠢᠩᠭᠠᠨ ᠢᠶᠠᠨ ᠪᠦᠲᠦᠭᠡᠨ | ᠪᠠᠶᠢᠭᠤᠯᠤᠨ᠎ᠡ᠃ | ᠠᠷᠪᠠᠨ ᠲᠤᠯᠤᠳᠤᠭᠠᠷ ᠵᠦᠢᠯ᠂ ︽ᠵᠠᠰᠠᠭ ᠢ ᠴᠤᠮᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ | ︽ᠢᠨᠲ᠋ᠧᠷ ᠰᠦᠯᠵᠢᠶ᠎ᠡ+ ᠵᠠᠰᠠᠭ ᠤᠨ ᠶᠠᠪᠤᠲᠡᠯ ᠤᠨ ᠦᠢᠯᠡᠴᠢᠯᠡᠭᠡ︾ ᠶᠢ ᠬᠦᠨᠵᠡᠭᠡᠢ ᠠᠬᠢᠭᠤᠯᠵᠦ᠂ ᠤᠴᠢᠷ ᠶᠠᠪᠤᠳᠡᠯ | ᠬᠦᠢᠴᠡᠳᠭᠡᠬᠦ ᠠᠯᠬᠤᠮ ᠲᠠᠷᠠᠭ᠎ᠠ᠂ ᠦᠢᠯᠡᠴᠢᠯᠡᠭᠡᠨ ᠤ ᠠᠷᠭ᠎ᠠ ᠬᠡᠯᠪᠡᠷᠢ ᠶᠢ ᠰᠢᠨᠡᠴᠢᠯᠡᠵᠦ᠂ ᠵᠠᠰᠠᠭ ᠵᠠᠬᠢᠷᠭᠠᠨ ᠤ ᠦᠷ᠎ᠡ | ᠪᠦᠲᠦᠮᠵᠢ ᠶᠢ ᠨᠡᠮᠡᠭᠲᠡᠭᠦᠯᠵᠦ᠂ ᠠᠷᠠᠯᠵᠢᠶ᠎ᠡ ᠡᠷᠬᠢᠯᠡᠬᠦ ᠤᠷᠴᠢᠨ ᠨᠦᠬᠦᠴᠡᠯ ᠢ ᠰᠢᠯᠢᠲᠡᠭᠵᠢᠭᠦᠯᠵᠦ᠂ ᠠᠵᠤ ᠠᠬᠤᠶᠢᠯᠠᠯ | ᠪᠡ ᠤᠯᠠᠨ ᠲᠦᠮᠡᠨ ᠤ ᠤᠴᠢᠷ ᠶᠠᠪᠤᠳᠡᠯ ᠬᠦᠢᠴᠡᠳᠭᠡᠬᠦ ᠳᠤ ᠲᠦᠭᠦᠮ ᠦᠵᠡᠭᠦᠯᠦᠨ᠎ᠡ᠃ | ᠲᠦᠷᠪᠡᠳᠤᠭᠡᠷ ᠪᠦᠯᠦᠭ ᠬᠠᠦᠯᠢ ᠶᠤᠰᠤᠭᠠᠷ ᠵᠠᠰᠠᠭ ᠶᠠᠪᠤᠭᠤᠯᠬᠤ | ᠠᠷᠪᠠᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ ᠮᠦᠴᠢᠷ | ᠬᠠᠦᠯᠢ ᠶᠤᠰᠤᠨ ᠤ ᠡᠭᠦᠷᠭᠡ ᠲᠤᠰᠢᠶᠠᠯ ᠢᠶᠠᠨ ᠵᠠᠪᠠᠯ ᠭᠦᠢᠴᠡᠳᠭᠡᠬᠦ᠂ ᠬᠠᠦᠯᠢ ᠪᠠᠷ ᠡᠷᠭᠡ ᠤᠯᠭᠤᠭᠰᠡᠨ ᠦᠭᠡᠢ ᠵᠦᠢᠯ | ᠢ ᠬᠢᠬᠦ ᠦᠭᠡᠢ ᠪᠠᠶᠢᠬᠤ ᠶᠢ ᠪᠠᠷᠢᠮᠳᠠᠯᠠᠵᠦ᠂ ᠦᠨᠳᠦᠰᠦᠨ ᠬᠠᠦᠯᠢ ᠪᠡ ᠬᠠᠦᠯᠢ ᠴᠠᠭᠠᠵᠡ ᠶᠢᠨ ᠡᠷᠭᠡ ᠰᠦᠷ ᠢ | ᠬᠠᠮᠠᠭᠠᠯᠠᠵᠦ᠂ ᠡᠭᠦᠷᠭᠡ ᠴᠢᠳᠠᠪᠬᠢ ᠨᠢ ᠰᠢᠨᠵᠢᠯᠡᠬᠦ ᠤᠬᠠᠭᠠᠨᠴᠢ᠂ ᠡᠷᠭᠡ ᠡᠭᠦᠷᠭᠡ ᠨᠢ ᠬᠠᠦᠯᠢᠵᠢᠬᠰᠠᠨ᠂ ᠬᠠᠦᠯᠢ | ᠬᠡᠷᠡᠭᠵᠢᠭᠦᠯᠬᠦ ᠨᠢ ᠴᠢᠩᠭ᠎ᠠ ᠲᠤᠳᠤᠷᠬᠠᠢ᠂ ᠲᠦᠪ ᠭᠤᠤᠯᠴᠢ ᠢᠯᠡ ᠲᠤᠳᠤ᠂ ᠠᠷᠢᠭᠤᠨ ᠴᠢᠭᠡᠴᠢ ᠦᠨᠳᠦᠷ ᠪᠦᠲᠦᠮᠵᠢ | ᠲᠠᠢ᠂ ᠬᠠᠦᠯᠢ ᠶᠢ ᠰᠠᠬᠢᠬᠤ᠂ ᠢᠲᠡᠭᠡᠮᠵᠢᠲᠠᠢ ᠪᠠᠶᠢᠬᠤ ᠬᠠᠦᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠵᠦ᠂ | ᠬᠠᠦᠯᠢ ᠶᠤᠰᠤᠭᠠᠷ ᠡᠷᠭᠡ ᠪᠠᠨ ᠬᠡᠷᠡᠭᠵᠢᠭᠦᠯᠦᠨ ᠡᠭᠦᠷᠭᠡ ᠪᠠᠨ ᠬᠦᠢᠴᠡᠳᠭᠡᠵᠦ᠂ ᠬᠠᠷᠢᠭᠤᠴᠠᠯᠭ᠎ᠠ ᠪᠠᠨ ᠡᠭᠦᠷᠭᠡᠯᠡᠨ᠎ᠡ᠃ | ᠠᠷᠪᠠᠨ ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠠᠵᠦ ᠠᠬᠤᠢ ᠨᠡᠶᠢᠭᠡᠮ ᠤᠨ ᠬᠦᠭᠵᠢᠯᠲᠡ | ᠶᠢᠨ ᠱᠠᠭᠠᠷᠳᠠᠯᠭ᠎ᠠ ᠢ ᠦᠨᠳᠦᠰᠦᠯᠡᠨ᠂ ᠵᠠᠰᠠᠭ ᠵᠠᠬᠢᠷᠭᠠᠨ ᠤ ᠲᠦᠷᠢᠮᠵᠢᠭᠰᠡᠨ ᠪᠢᠴᠢᠭ ᠮᠠᠲ᠋ᠧᠷᠢᠶᠡᠯ ᠢ ᠴᠠᠭ ᠲᠤ ᠨᠢ | ᠲᠤᠬᠢᠷᠠᠭᠤᠯᠤᠨ ᠲᠤᠭᠳᠠᠭᠠᠬᠤ᠂ ᠵᠠᠰᠠᠯᠲᠡ ᠤᠷᠤᠭᠤᠯᠬᠤ ᠪᠤᠶᠦ ᠬᠦᠴᠦᠨ ᠦᠭᠡᠢ ᠪᠤᠯᠭᠠᠨ᠎ᠡ᠃ ᠵᠠᠰᠠᠭ ᠵᠠᠬᠢᠷᠭᠠᠨ ᠤ | ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠢ ᠬᠡᠷᠡᠭᠵᠢᠭᠦᠯᠦᠭᠰᠡᠨ ᠤ ᠲᠠᠷᠠᠭ᠎ᠠ ᠦᠨᠡᠯᠡᠯᠲᠡ ᠬᠢᠵᠦ᠂ ᠠᠰᠠᠭᠤᠳᠡᠯ | ᠢᠯᠡᠷᠡᠪᠡᠯ ᠴᠠᠭ ᠲᠤᠬᠠᠢ ᠳᠤ ᠨᠢ ᠵᠠᠰᠠᠨ ᠲᠡᠭᠦᠯᠲᠡᠷᠵᠢᠭᠦᠯᠦᠨ᠎ᠡ᠃ | ᠬᠤᠷᠢᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠪᠡ ᠵᠠᠰᠠᠭ ᠤᠨ ᠤᠷᠳᠤᠨ ᠤ ᠠᠯᠪᠠᠨ ᠭᠡᠷ ᠤᠨ | ᠨᠡᠷ᠎ᠡ ᠪᠠᠷ ᠲᠠᠷᠬᠠᠭᠠᠭᠰᠡᠨ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠨᠢ ᠡᠷᠭᠡᠪᠰᠢ ᠵᠠᠰᠠᠭ ᠤᠨ ᠤᠷᠳᠤᠨ ᠤ | ᠬᠠᠦᠯᠢ ᠲᠦᠷᠢᠮ ᠤᠨ ᠠᠯᠪᠠᠨ ᠭᠡᠷ ᠤᠨ ᠬᠠᠦᠯᠢ ᠶᠤᠰᠤᠨ ᠤ ᠬᠢᠨᠠᠨ ᠪᠠᠶᠢᠴᠠᠭᠠᠯᠲᠡ ᠶᠢ ᠬᠦᠯᠢᠶᠡᠵᠦ᠂ ᠵᠠᠰᠠᠭ ᠤᠨ | ᠤᠷᠳᠤᠨ ᠤ ᠡᠯ᠎ᠡ ᠠᠵᠢᠯ ᠤᠨ ᠰᠠᠯᠠᠭ᠎ᠠ ᠮᠦᠴᠢᠷ ᠤᠨ ᠲᠤᠭᠳᠠᠭᠠᠭᠰᠡᠨ ᠲᠦᠷᠢᠮᠵᠢᠯ ᠤᠨ ᠴᠢᠨᠠᠷᠲᠠᠢ ᠪᠢᠴᠢᠭ | ᠮᠠᠲ᠋ᠧᠷᠢᠶᠡᠯ ᠨᠢ ᠡᠷᠭᠡᠪᠰᠢ ᠦᠨᠳᠦᠰᠦᠨ ᠬᠠᠦᠯᠢ᠂ ᠬᠠᠦᠯᠢ ᠴᠠᠭᠠᠵᠡ᠂ ᠬᠠᠦᠯᠢ ᠲᠦᠷᠢᠮ᠂ ᠲᠦᠷᠢᠮ ᠲᠤᠭᠳᠠᠭᠠᠯ ᠳᠤ | ᠨᠡᠶᠢᠴᠡᠵᠦ᠂ ᠬᠠᠦᠯᠢ ᠳᠤ ᠲᠤᠭᠳᠠᠭᠰᠡᠨ ᠡᠷᠭᠡ ᠶᠢᠨ ᠬᠢᠵᠠᠭᠠᠷ ᠪᠡ ᠠᠯᠬᠤᠮ ᠲᠠᠷᠠᠭ᠎ᠠ ᠶᠢ ᠵᠢᠷᠦᠮᠯᠠᠬᠤ ᠬᠡᠷᠡᠭᠲᠠᠢ᠃ | ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠨᠢ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ | ᠰᠢᠳᠭᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠰᠦᠢᠳᠭᠡᠯ ᠬᠤᠷᠢᠶᠠᠬᠤ ᠵᠡᠷᠭᠡ ᠬᠡᠷᠡᠭ ᠤᠴᠢᠷ ᠢ | ᠲᠤᠭᠳᠠᠭᠠᠵᠦ ᠪᠤᠯᠬᠤ ᠦᠭᠡᠢ᠂ ᠠᠷᠡᠳ ᠢᠷᠭᠡᠳ᠂ ᠬᠠᠦᠯᠢ ᠶᠢᠨ ᠡᠷᠭᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠡ | ᠶᠢᠨ ᠡᠭᠦᠷᠭᠡ ᠶᠢ ᠬᠠᠦᠯᠢ ᠪᠤᠰᠤ ᠪᠠᠷ ᠨᠡᠮᠡᠵᠦ ᠪᠤᠯᠬᠤ ᠦᠭᠡᠢ᠃ | ᠬᠤᠷᠢᠨ ᠨᠢᠭᠡᠳᠤᠭᠡᠷ ᠵᠦᠢᠯ᠂ ᠬᠤᠶᠠᠷ ᠪᠤᠶᠦ ᠬᠤᠶᠠᠷ ᠠᠴᠠ ᠲᠡᠭᠡᠭᠰᠢᠬᠢ ᠰᠠᠯᠠᠭ᠎ᠠ ᠮᠦᠴᠢᠷ ᠤᠨ ᠡᠷᠭᠡ ᠶᠢᠨ | ᠬᠦᠷᠢᠶᠠᠨ ᠳᠠᠬᠢ ᠬᠡᠷᠡᠭ ᠤᠴᠢᠷ ᠲᠡᠭᠡᠷ᠎ᠡ᠂ ᠬᠠᠮᠢᠶ᠎ᠡ ᠪᠦᠬᠦᠢ ᠰᠠᠯᠠᠭ᠎ᠠ ᠮᠦᠴᠢᠷ ᠤᠨ ᠰᠠᠨᠠᠯ ᠢ ᠬᠦᠢᠴᠡᠳ ᠰᠤᠨᠤᠰᠴᠦ᠂ | ᠬᠠᠮᠢᠶ᠎ᠡ ᠪᠦᠬᠦᠢ ᠰᠠᠯᠠᠭ᠎ᠠ ᠮᠦᠴᠢᠷ ᠬᠤᠯᠪᠤᠭᠠᠯᠠᠨ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠲᠤᠭᠳᠠᠭᠠᠵᠦ᠂ | ᠴᠢᠬᠤᠯᠠᠲᠠᠢ ᠦᠶ᠎ᠡ ᠳᠤ ᠬᠤᠰᠢᠭᠤᠨ ᠤ ᠵᠠᠰᠠᠭ ᠤᠨ ᠤᠷᠳᠤᠨ ᠠᠴᠠ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ | ᠲᠤᠭᠳᠠᠭᠠᠵᠦ᠂ ᠰᠢᠢᠳᠪᠦᠷᠢ ᠵᠠᠷᠯᠢᠭ ᠨᠡᠶᠢᠳᠡᠯᠡᠨ᠎ᠡ᠃ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠨᠢ ᠤᠯᠠᠨ | ᠲᠦᠮᠡᠨ ᠤ ᠠᠰᠢᠭ ᠲᠤᠰᠡ᠂ ᠨᠡᠶᠢᠭᠡᠮ ᠤᠨ ᠠᠩᠬᠠᠷᠤᠯ ᠢ ᠶᠡᠭᠡ ᠲᠠᠳᠠᠭᠰᠡᠨ ᠵᠢᠴᠢ ᠪᠤᠰᠤᠳ ᠴᠢᠬᠤᠯᠡ ᠬᠡᠷᠡᠭ ᠤᠴᠢᠷ | ᠲᠤ ᠬᠤᠯᠪᠤᠭᠳᠠᠬᠤ ᠳᠤ ᠬᠤᠰᠢᠭᠤᠨ ᠤ ᠵᠠᠰᠠᠭ ᠤᠨ ᠤᠷᠳᠤᠨ ᠠᠴᠠ ᠵᠢᠠᠭᠠᠪᠦᠷᠢ ᠠᠪᠬᠤ ᠬᠡᠷᠡᠭᠲᠠᠢ᠃ | ᠬᠤᠷᠢᠨ ᠬᠤᠶᠠᠳᠤᠭᠠᠷ ᠵᠦᠢᠯ᠂ ᠡᠯ᠎ᠡ ᠠᠵᠢᠯ ᠤᠨ ᠰᠠᠯᠠᠭ᠎ᠠ ᠮᠦᠴᠢᠷ ᠤᠨ ᠲᠤᠭᠳᠠᠭᠠᠭᠰᠡᠨ ᠲᠦᠷᠢᠮᠵᠢᠯ ᠤᠨ | ᠴᠢᠨᠠᠷᠲᠠᠢ ᠪᠢᠴᠢᠭ ᠮᠠᠲ᠋ᠧᠷᠢᠶᠡᠯ ᠢ ᠴᠠᠭ ᠲᠤᠬᠠᠢ ᠳᠤ ᠨᠢ ᠬᠤᠰᠢᠭᠤᠨ ᠤ ᠵᠠᠰᠠᠭ ᠤᠨ ᠤᠷᠳᠤᠨ ᠮᠡᠲᠡᠭᠦᠯᠦᠨ | ᠲᠠᠩᠰᠯᠡᠭᠤᠯᠵᠦ᠂ ᠬᠤᠰᠢᠭᠤᠨ ᠤ ᠵᠠᠰᠠᠭ ᠤᠨ ᠤᠷᠳᠤᠨ ᠤ ᠬᠠᠦᠯᠢ ᠲᠦᠷᠢᠮ ᠤᠨ ᠠᠯᠪᠠᠨ ᠭᠡᠷ ᠬᠢᠨᠠᠨ ᠪᠠᠶᠢᠴᠠᠭᠠᠬᠤ | ᠶᠢᠨ ᠬᠠᠮᠲᠦ ᠲᠤᠭᠳᠠᠭᠰᠡᠨ ᠬᠤᠭᠤᠴᠠᠭᠠᠨ ᠳᠤ ᠨᠡᠶᠢᠭᠡᠮ ᠨᠡᠶᠢᠲᠡ ᠳᠤ ᠭᠠᠷᠴᠠᠭ ᠢ ᠨᠢ ᠨᠡᠶᠢᠳᠡᠯᠡᠨ᠎ᠡ᠃ ᠬᠠᠦᠯᠢ | ᠴᠠᠭᠠᠵᠡ᠂ ᠬᠠᠦᠯᠢ ᠲᠦᠷᠢᠮ᠂ ᠲᠦᠷᠢᠮ ᠲᠤᠭᠳᠠᠭᠠᠯ ᠪᠤᠶᠦ ᠬᠤᠰᠢᠭᠤᠨ ᠤ ᠵᠠᠰᠠᠭ ᠤᠨ ᠤᠷᠳᠤᠨ ᠤ ᠰᠢᠢᠳᠪᠦᠷᠢ᠂ | ᠵᠠᠷᠯᠢᠭ ᠢ ᠵᠦᠷᠢᠴᠡᠭᠰᠡᠨ᠂ ᠠᠭᠤᠯᠭ᠎ᠠ ᠨᠢ ᠵᠤᠬᠢᠰ ᠦᠭᠡᠢ ᠪᠠᠶᠢᠬᠤ ᠰᠠᠯᠠᠭ᠎ᠠ ᠮᠦᠴᠢᠷ ᠤᠨ ᠲᠤᠭᠳᠠᠭᠠᠭᠰᠡᠨ ᠪᠢᠴᠢᠭ | ᠮᠠᠲ᠋ᠧᠷᠢᠶᠡᠯ ᠢ ᠬᠠᠦᠯᠢ ᠶᠤᠰᠤᠭᠠᠷ ᠵᠠᠷᠯᠢᠭᠲᠠᠨ ᠵᠠᠯᠠᠷᠠᠭᠤᠯᠬᠤ ᠪᠤᠶᠦ ᠵᠠᠰᠠᠭ ᠤᠨ ᠤᠷᠳᠤᠨ ᠠᠴᠠ ᠦᠭᠡᠷᠡᠴᠢᠯᠡᠵᠦ | ᠦᠭᠡᠶᠢᠰᠭᠡᠨ᠎ᠡ᠃ ᠬᠤᠰᠢᠭᠤᠨ ᠤ ᠵᠠᠰᠠᠭ ᠤᠨ ᠤᠷᠳᠤᠨ ᠤ ᠬᠠᠦᠯᠢ ᠲᠦᠷᠢᠮ ᠤᠨ ᠠᠯᠪᠠᠨ ᠭᠡᠷ ᠠᠴᠠ ᠵᠢᠯ ᠪᠦᠷᠢ ᠶᠢᠨ | ᠨᠢᠭᠡᠳᠤᠭᠡᠷ ᠤᠯᠠᠷᠢᠯ ᠳᠤ ᠲᠡᠭᠡᠷ᠎ᠡ ᠨᠢᠭᠡ ᠵᠢᠯ ᠤᠨ ᠲᠦᠷᠢᠮᠵᠢᠯ ᠶᠢᠨ ᠴᠢᠨᠠᠷᠲᠠᠢ ᠪᠢᠴᠢᠭ ᠮᠠᠲ᠋ᠧᠷᠢᠶᠡᠯ ᠤᠨ | ᠲᠤᠭᠳᠠᠭᠠᠭᠰᠡᠨ ᠪᠡ ᠲᠠᠩᠰᠠᠯᠠᠭᠤᠯᠤᠭᠰᠡᠨ ᠠᠵᠢᠯ ᠤᠨ ᠪᠠᠶᠢᠲᠡᠯ ᠢᠶᠠᠨ ᠬᠤᠰᠢᠭᠤᠨ ᠤ ᠵᠠᠰᠠᠭ ᠤᠨ ᠤᠷᠳᠤᠨ ᠳᠤ | ᠮᠡᠲᠡᠭᠦᠯᠦᠨ᠎ᠡ᠃ | ᠬᠤᠷᠢᠨ ᠭᠤᠷᠪᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠬᠠᠦᠯᠢ ᠴᠠᠭᠠᠵᠡ ᠶᠢᠨ ᠵᠦᠪᠯᠡᠭᠴᠢ | ᠶᠢᠨ ᠲᠦᠷᠢᠮ ᠢ ᠬᠡᠷᠡᠭᠵᠢᠭᠦᠯᠵᠦ᠂ ᠴᠢᠬᠤᠯᠡ ᠶᠡᠭᠡ ᠵᠠᠰᠠᠭ ᠵᠠᠬᠢᠷᠭᠠᠨ ᠤ ᠰᠢᠢᠳᠪᠦᠷᠢ ᠲᠤᠭᠳᠠᠭᠠᠬᠤ᠂ ᠬᠠᠦᠯᠢ ᠶᠤᠰᠤᠭᠠᠷ | ᠵᠠᠰᠠᠭ ᠶᠠᠪᠤᠭᠤᠯᠬᠤ ᠶᠢ ᠠᠬᠢᠭᠤᠯᠬᠤ ᠲᠡᠯ᠎ᠡ ᠳᠠᠬᠢ ᠢᠳᠡᠪᠬᠢ ᠦᠢᠯᠡᠳᠤᠯ ᠢ ᠬᠦᠢᠴᠡᠳ ᠪᠠᠳᠠᠷᠠᠭᠤᠯᠤᠨ᠎ᠡ᠃ | ᠬᠤᠷᠢᠨ ᠲᠦᠷᠪᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠳᠤ ᠬᠤᠯᠪᠤᠭᠳᠠᠭᠰᠡᠨ ᠵᠠᠰᠠᠭ | ᠵᠠᠬᠢᠷᠭᠠᠨ ᠤ ᠵᠠᠷᠭᠤ ᠶᠢᠨ ᠬᠡᠷᠡᠭ ᠲᠡᠭᠡᠷ᠎ᠡ᠂ ᠬᠠᠦᠯᠢ ᠲᠦᠷᠢᠮ ᠤᠨ ᠠᠯᠪᠠᠨ ᠭᠡᠷ ᠨᠢ ᠬᠠᠷᠢᠭᠤᠴᠠᠨ ᠬᠠᠮᠢᠶᠠᠷᠬᠤ ᠰᠠᠯᠠᠭ᠎ᠠ | ᠮᠦᠴᠢᠷ ᠪᠡ ᠲᠦᠷᠦᠯ ᠵᠦᠢᠯ ᠳᠤ ᠨᠢ ᠵᠤᠬᠢᠴᠠᠭᠰᠡᠨ ᠬᠠᠦᠯᠢ ᠴᠠᠭᠠᠵᠡ ᠶᠢᠨ ᠵᠦᠪᠯᠡᠭᠴᠢ ᠲᠠᠢ ᠬᠠᠮᠲᠦ ᠮᠠᠷᠭᠤᠬᠤ | ᠰᠠᠨᠠᠯ ᠤᠨ ᠪᠢᠴᠢᠭ ᠵᠡᠷᠭᠡ ᠬᠠᠦᠯᠢ ᠴᠠᠭᠠᠵᠡ ᠶᠢᠨ ᠪᠢᠴᠢᠭ ᠬᠠᠷ᠎ᠡ ᠶᠢ ᠬᠠᠦᠯᠢ ᠶᠤᠰᠤᠭᠠᠷ ᠲᠤᠷᠠᠳᠤᠨ ᠭᠠᠷᠭᠠᠬᠤ ᠶᠢᠨ | ᠬᠠᠮᠲᠦ ᠵᠠᠷᠭᠤ ᠳᠤ ᠬᠠᠷᠢᠭᠤᠴᠠᠬᠤ ᠲᠤᠬᠠᠢ ᠪᠤᠳᠠᠳᠦ ᠠᠵᠢᠯ ᠢ ᠵᠤᠬᠢᠶᠠᠨ ᠪᠠᠶᠢᠭᠤᠯᠤᠨ᠎ᠡ᠃ | ᠬᠤᠷᠢᠨ ᠲᠠᠪᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠨᠢ ᠡᠯ᠎ᠡ ᠵᠦᠢᠯ ᠤᠨ ᠬᠡᠨᠡᠳᠲᠡ ᠶᠢᠨ ᠬᠡᠷᠡᠭ ᠢ ᠠᠷᠭᠠᠴᠠᠬᠤ ᠲᠤᠭᠳᠠᠴᠡ ᠶᠢ ᠬᠠᠦᠯᠢ ᠶᠤᠰᠤᠭᠠᠷ ᠪᠠᠶᠢᠭᠤᠯᠤᠨ | ᠪᠦᠷᠢᠨᠰᠢᠭᠦᠯᠵᠦ᠂ ᠤᠯᠠᠨ ᠨᠡᠶᠢᠲᠡ ᠶᠢᠨ ᠲᠦᠭᠰᠢᠭᠦᠷᠢ ᠶᠢ ᠠᠷᠭᠠᠴᠠᠬᠤ ᠪᠡ ᠬᠡᠨᠡᠳᠲᠡ ᠶᠢᠨ ᠬᠡᠷᠡᠭ ᠢ ᠰᠢᠢᠳᠪᠦᠷᠢᠯᠡᠬᠦ | ᠴᠢᠳᠠᠪᠦᠷᠢ ᠪᠠᠨ ᠲᠡᠭᠡᠭᠰᠢᠯᠡᠭᠦᠯᠦᠨ᠎ᠡ᠃ | ᠲᠠᠪᠤᠳᠤᠭᠠᠷ ᠪᠦᠯᠦᠭ ᠰᠢᠨᠵᠢᠯᠡᠬᠦ ᠤᠬᠠᠭᠠᠨᠴᠢ ᠠᠷᠡᠳᠴᠢᠯᠡᠯ ᠤᠨ ᠰᠢᠢᠳᠪᠦᠷᠢᠲᠦ ᠪᠤᠳᠤᠯᠭ᠎ᠠ | ᠬᠤᠷᠢᠨ ᠵᠢᠷᠭᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠨᠢ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠪᠡ ᠲᠤᠭᠳᠠᠭᠠᠯ ᠵᠠᠷᠴᠢᠮ ᠢ ᠲᠡᠭᠦᠯᠲᠡᠷᠵᠢᠭᠦᠯᠵᠦ᠂ ᠤᠯᠠᠨ | ᠨᠡᠶᠢᠲᠡ ᠶᠢᠨ ᠤᠷᠤᠯᠴᠠᠬᠤ᠂ ᠮᠡᠷᠭᠡᠵᠢᠯᠲᠡᠳ ᠤᠨ ᠨᠤᠳᠠᠯᠠᠬᠤ᠂ ᠠᠶᠦᠯ ᠲᠦᠭᠰᠢᠭᠦᠷᠢ ᠶᠢ ᠰᠢᠯᠭᠠᠨ ᠦᠨᠡᠯᠡᠬᠦ᠂ ᠬᠠᠦᠯᠢ | ᠶᠤᠰᠤᠨ ᠤ ᠬᠢᠨᠠᠨ ᠪᠠᠶᠢᠴᠠᠭᠠᠯᠲᠡ ᠪᠤᠯᠤᠨ ᠬᠠᠮᠲᠦ ᠨᠡᠶᠢᠲᠡ ᠪᠠᠷ ᠢᠶᠠᠨ ᠶᠠᠷᠢᠯᠴᠠᠨ ᠲᠤᠭᠳᠠᠭᠠᠬᠤ ᠪᠠᠷ ᠴᠢᠬᠤᠯᠡ ᠶᠡᠭᠡ | ᠰᠢᠢᠳᠪᠦᠷᠢᠲᠦ ᠪᠤᠳᠤᠯᠭ᠎ᠠ ᠶᠢᠨ ᠵᠠᠶᠢᠯᠠᠰᠢ ᠦᠭᠡᠢ ᠶᠠᠪᠤᠴᠡ ᠪᠤᠯᠭᠠᠵᠦ᠂ ᠰᠢᠢᠳᠪᠦᠷᠢᠲᠦ ᠪᠤᠳᠤᠯᠭ᠎ᠠ ᠶᠢᠨ ᠲᠦᠷᠢᠮ | ᠰᠢᠨᠵᠢᠯᠡᠬᠦ ᠤᠬᠠᠭᠠᠨᠴᠢ᠂ ᠶᠠᠪᠤᠴᠡ ᠵᠤᠬᠢᠰᠲᠠᠢ᠂ ᠠᠯᠬᠤᠮ ᠲᠠᠷᠠᠭ᠎ᠠ ᠢᠯᠡ ᠲᠤᠳᠤ᠂ ᠬᠠᠷᠢᠭᠤᠴᠠᠯᠭ᠎ᠠ ᠲᠤᠳᠤᠷᠬᠠᠢ | ᠪᠠᠶᠢᠬᠤ ᠶᠢ ᠪᠠᠳᠤᠯᠡᠨ᠎ᠡ᠃ | ᠬᠤᠷᠢᠨ ᠲᠤᠯᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠨᠢ ᠴᠢᠬᠤᠯᠡ ᠶᠡᠭᠡ ᠭᠡᠷᠡᠭ ᠤᠴᠢᠷ᠂ ᠭᠤᠤᠯᠯᠠᠬᠤ ᠺᠠᠳ᠋ᠷ ᠤᠨ ᠲᠤᠮᠢᠯᠠᠬᠤ ᠪᠡ ᠪᠠᠭᠤᠯᠭᠠᠬᠤ᠂ ᠴᠢᠬᠤᠯᠡ ᠶᠡᠭᠡ | ᠲᠦᠷᠦᠯ ᠵᠦᠢᠯ ᠤᠨ ᠲᠤᠬᠢᠷᠠᠭᠤᠯᠤᠯᠲᠡ᠂ ᠶᠡᠭᠡ ᠬᠡᠮᠵᠢᠶᠠᠨ ᠤ ᠪᠡᠯᠡ ᠮᠦᠩᠭᠦ ᠬᠡᠷᠡᠭᠯᠡᠬᠦ ᠬᠡᠷᠡᠭ ᠤᠴᠢᠷ ᠲᠤ ᠰᠢᠢᠳᠪᠦᠷᠢ | ᠲᠤᠭᠳᠠᠭᠠᠬᠤ᠂ ᠬᠡᠷᠡᠭᠵᠢᠭᠦᠯᠬᠦ ᠪᠡ ᠬᠢᠨᠠᠯᠲᠡ ᠲᠠᠯᠪᠢᠬᠤ ᠠᠵᠢᠯ ᠢ ᠡᠷᠴᠢᠮᠵᠢᠭᠦᠯᠵᠦ᠂ ︽ᠭᠤᠷᠪᠠᠨ ᠴᠢᠬᠤᠯᠡ ᠨᠢᠭᠡ ᠶᠡᠭᠡ︾ | ᠬᠡᠷᠡᠭ ᠤᠴᠢᠷ ᠤᠨ ᠰᠢᠢᠳᠪᠦᠷᠢᠲᠦ ᠪᠤᠳᠤᠯᠭ᠎ᠠ ᠶᠢ ᠬᠤᠷᠡᠯ ᠢᠶᠠᠷ ᠲᠠᠮᠵᠢᠨ ᠬᠠᠮᠲᠦ ᠪᠠᠷ ᠰᠤᠳᠤᠯᠤᠨ ᠲᠤᠭᠳᠠᠭᠠᠨ᠎ᠡ᠃ | ᠬᠤᠰᠢᠭᠤᠨ ᠲᠡᠳ᠋ ᠲᠠᠷᠤᠭ᠎ᠠ ᠬᠤᠰᠢᠭᠤ ᠵᠠᠰᠠᠭ ᠤᠨ ᠤᠷᠳᠤᠨ ᠢ ᠲᠦᠯᠦᠭᠡᠯᠡᠨ ᠬᠡᠷ᠎ᠡ᠂ ᠬᠡᠯᠡᠯᠴᠡᠭᠡᠷ ᠵᠡᠷᠭᠡ | ᠪᠢᠴᠢᠭ ᠮᠠᠲ᠋ᠧᠷᠢᠶᠡᠯ ᠢ ᠲᠤᠭᠳᠠᠬᠤ ᠳᠤ᠂ ︽ᠭᠤᠷᠪᠠᠨ ᠴᠢᠬᠤᠯᠡ ᠨᠢᠭᠡ ᠶᠡᠭᠡ︾ ᠬᠡᠷᠡᠭ ᠤᠴᠢᠷ ᠲᠤ ᠬᠤᠯᠪᠤᠭᠳᠠᠭᠰᠡᠨ ᠢ | ᠨᠢ᠂ ᠤᠷᠢᠳᠠᠪᠡᠷ ᠬᠤᠷᠡᠯ ᠢᠶᠠᠷ ᠲᠠᠮᠵᠢᠨ ᠬᠠᠮᠲᠦ ᠪᠠᠷ ᠰᠤᠳᠤᠯᠤᠨ ᠲᠤᠭᠳᠠᠭᠠᠬᠤ ᠶᠢᠨ ᠬᠠᠮᠲᠦ ᠬᠤᠰᠢᠭᠤᠨ ᠲᠠᠷᠤᠭ᠎ᠠ | ᠪᠠᠷ ᠵᠦᠪᠰᠢᠶᠡᠷᠡᠭᠦᠯᠦᠨ᠎ᠡ᠃ | ᠬᠤᠷᠢᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠠᠵᠢᠯ ᠤᠨ ᠰᠠᠯᠠᠭ᠎ᠠ ᠮᠦᠴᠢᠷ | ᠤᠨ ᠬᠤᠰᠢᠭᠤ ᠵᠠᠰᠠᠭ ᠤᠨ ᠤᠷᠳᠤᠨ ᠠᠴᠠ ᠵᠢᠭᠠᠪᠦᠷᠢ ᠠᠪᠴᠦ ᠲᠤᠭᠳᠠᠭᠠᠬᠤ ᠴᠢᠬᠤᠯᠡ ᠶᠡᠭᠡ ᠬᠡᠷᠡᠭ ᠤᠴᠢᠷ ᠲᠤ | ᠤᠷᠢᠳᠠᠪᠡᠷ ᠬᠦᠨᠵᠡᠭᠡᠢ ᠪᠠᠶᠢᠴᠠᠭᠠᠨ ᠰᠤᠳᠤᠯᠤᠯᠲᠡ ᠬᠢᠵᠦ᠂ ᠰᠤᠳᠤᠯᠭᠠᠨ ᠬᠢᠬᠦ ᠪᠡ ᠵᠦᠪᠯᠡᠯᠭᠡ ᠦᠭᠬᠦ ᠪᠠᠶᠢᠭᠤᠯᠤᠮᠵᠢ | ᠵᠡᠷᠭᠡ ᠠᠴᠠ ᠬᠠᠦᠯᠢ ᠶᠤᠰᠤᠨ ᠤ᠂ ᠰᠢᠨᠵᠢᠯᠡᠬᠦ ᠤᠬᠠᠭᠠᠨᠴᠢ᠂ ᠬᠡᠷᠡᠭᠵᠢᠭᠦᠯᠦᠰᠢᠲᠠᠢ ᠪᠡ ᠡᠵᠡᠮᠳᠠᠵᠦ ᠪᠤᠯᠬᠤᠶᠢᠴᠡ | ᠦᠨᠡᠯᠡᠯᠲᠡ ᠨᠤᠳᠠᠯᠠᠯᠲᠡ ᠬᠢᠨ᠎ᠡ︔ ᠬᠠᠮᠢᠶ᠎ᠡ ᠪᠦᠬᠦᠢ ᠰᠠᠯᠠᠭ᠎ᠠ ᠮᠦᠴᠢᠷ ᠲᠤ ᠬᠤᠯᠪᠤᠭᠳᠠᠭᠰᠡᠨ ᠢ ᠨᠢ ᠰᠠᠶᠢᠳᠤᠷ | ᠵᠦᠪᠲᠡᠯᠴᠡᠨᠡ︔ ᠤᠯᠠᠨ ᠨᠡᠶᠢᠲᠡ ᠶᠢᠨ ᠴᠢᠬᠤᠯᠡ ᠶᠡᠭᠡ ᠡᠷᠭᠡ ᠠᠰᠢᠭ᠂ ᠨᠡᠶᠢᠭᠡᠮ ᠤᠨ ᠠᠮᠦᠷ ᠲᠤᠭᠳᠠᠭᠤᠨ ᠤ | ᠠᠰᠠᠭᠤᠳᠡᠯ ᠠᠮᠠᠷᠬᠠᠨ ᠡᠭᠦᠰᠬᠦ ᠬᠡᠷᠡᠭ ᠤᠴᠢᠷ ᠲᠤ᠂ ᠨᠡᠶᠢᠭᠡᠮ ᠤᠨ ᠠᠮᠦᠷ ᠲᠤᠭᠳᠠᠭᠤᠨ ᠤ ᠲᠦᠭᠰᠢᠭᠦᠷᠢ ᠶᠢᠨ | ᠦᠨᠡᠯᠡᠯᠲᠡ ᠬᠢᠵᠦ᠂ ᠰᠤᠨᠤᠰᠬᠠᠯ ᠬᠢᠬᠦ ᠵᠡᠷᠭᠡ ᠤᠯᠠᠨ ᠵᠦᠢᠯ ᠤᠨ ᠬᠡᠯᠪᠡᠷ ᠪᠠᠷ ᠲᠠᠮᠵᠢᠨ ᠡᠯ᠎ᠡ ᠡᠲᠡᠭᠡᠳ ᠤᠨ ᠰᠠᠨᠠᠯ ᠢ | ᠰᠤᠨᠤᠰᠤᠨᠡ᠃ ᠲᠡᠭᠡᠷ᠎ᠡ ᠲᠤᠷᠠᠳᠤᠭᠰᠡᠨ ᠶᠠᠪᠤᠴᠡ ᠶᠢ ᠦᠩᠭᠡᠷᠡᠭᠡᠭᠰᠡᠨ ᠦᠭᠡᠢ ᠴᠢᠬᠤᠯᠡ ᠶᠡᠭᠡ ᠬᠡᠷᠡᠭ ᠤᠴᠢᠷ ᠢ | ᠬᠤᠰᠢᠭᠤ ᠵᠠᠰᠠᠭ ᠤᠨ ᠤᠷᠳᠤᠨ ᠠᠴᠠ ᠰᠤᠳᠤᠯᠬᠤ ᠵᠢᠭᠠᠪᠦᠷᠢ ᠠᠪᠴᠦ ᠪᠤᠯᠬᠤ ᠦᠭᠡᠢ᠃ | ᠴᠢᠬᠤᠯᠡ ᠶᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ ᠶᠠᠪᠤᠴᠡ ᠳᠤ᠂ ᠮᠡᠲᠡᠭᠡ ᠵᠠᠨᠬᠢ ᠶᠢ ᠮᠡᠲᠡᠭᠦᠯᠦᠨ | ᠬᠦᠷᠭᠡᠬᠦ ᠪᠡ ᠬᠠᠷᠢᠭᠤ ᠲᠤᠰᠬᠠᠬᠤ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ ᠬᠡᠷᠡᠭᠵᠢᠭᠦᠯᠵᠦ ᠪᠠᠶᠢᠭ᠎ᠠ | ᠪᠠᠶᠢᠲᠡᠯ ᠢ ᠴᠠᠭ ᠲᠤᠬᠠᠢ ᠳᠤ ᠨᠢ ᠮᠦᠷᠲᠡᠨ᠂ ᠠᠰᠢᠭ ᠲᠤᠰᠡ ᠳᠤ ᠬᠤᠯᠪᠤᠭᠳᠠᠬᠤ ᠡᠲᠡᠭᠡᠳ ᠪᠡ ᠨᠡᠶᠢᠭᠡᠮ ᠨᠡᠶᠢᠲᠡ | ᠶᠢᠨ ᠰᠢᠢᠳᠪᠦᠷᠢᠲᠦ ᠪᠤᠳᠤᠯᠭ᠎ᠠ ᠶᠢᠨ ᠬᠡᠷᠡᠭᠵᠢᠭᠦᠯᠦᠯᠲᠡ ᠳᠠᠬᠢ ᠰᠠᠨᠠᠯ ᠰᠠᠨᠠᠭᠤᠯᠭ᠎ᠠ ᠶᠢ ᠤᠶᠢᠯᠠᠭᠠᠵᠦ᠂ | ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠦᠬᠦ ᠲᠡᠯ᠎ᠡ ᠪᠠᠷ ᠦᠨᠡᠯᠡᠵᠦ᠂ ᠴᠠᠭ ᠲᠤᠬᠠᠢ ᠳᠤ ᠨᠢ ᠵᠤᠬᠢᠴᠠᠭᠤᠯᠤᠨ | ᠲᠡᠭᠦᠯᠲᠡᠷᠵᠢᠭᠦᠯᠦᠨ᠎ᠡ᠃ | ᠬᠤᠷᠢᠨ ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠴᠢᠬᠤᠯᠡ ᠶᠡᠭᠡ ᠰᠢᠢᠳᠪᠦᠷᠢᠲᠦ | ᠪᠤᠳᠤᠯᠭ᠎ᠠ ᠲᠤᠭᠳᠠᠭᠠᠬᠤ ᠠᠴᠠ ᠡᠮᠦᠨ᠎ᠡ᠂ ᠱᠠᠭᠠᠷᠳᠠᠯᠭ᠎ᠠ ᠪᠠᠨ ᠦᠨᠳᠦᠰᠦᠯᠡᠨ ᠰᠠᠭᠤᠲᠡᠯ ᠤᠨ ᠬᠤᠷᠡᠯ ᠬᠤᠷᠠᠯᠳᠤᠬᠤ | ᠵᠡᠷᠭᠡ ᠬᠡᠯᠪᠡᠷᠢ ᠪᠠᠷ ᠲᠠᠮᠵᠢᠨ ᠠᠵᠦ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠦ ᠬᠦᠮᠦᠰ᠂ | ᠤᠯᠠᠨ ᠲᠦᠮᠡᠨ ᠤ ᠵᠤᠬᠢᠶᠠᠨ ᠪᠠᠶᠢᠭᠤᠯᠤᠯᠲᠡ᠂ ᠮᠡᠷᠭᠡᠵᠢᠯᠲᠡᠨ ᠪᠤᠯᠤᠨ ᠠᠬᠠᠮᠠᠳᠴᠤᠳ ᠤᠨ ᠰᠠᠨᠠᠯ ᠰᠠᠨᠠᠭᠤᠯᠭ᠎ᠠ ᠶᠢ | ᠬᠢᠨᠠᠮᠠᠭᠠᠢ ᠰᠤᠨᠤᠰᠤᠨᠡ᠃ | ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠡ᠂ ᠤᠯᠤᠰ | ᠲᠦᠷᠦ ᠶᠢᠨ ᠵᠦᠪᠯᠡᠯᠭᠡᠨ ᠪᠤᠯᠤᠨ ᠬᠤᠰᠢᠭᠤᠨ ᠤ ᠠᠷᠡᠳ ᠤᠨ ᠲᠦᠯᠦᠭᠡᠯᠡᠭᠴᠢᠳ ᠪᠡ ᠤᠯᠤᠰ ᠲᠦᠷᠦ ᠶᠢᠨ | ᠵᠦᠪᠯᠡᠯᠭᠡᠨ ᠤ ᠬᠡᠰᠢᠭᠦᠳ ᠠᠴᠠ ᠰᠢᠢᠳᠪᠦᠷᠢᠲᠦ ᠪᠤᠳᠤᠯᠭ᠎ᠠ ᠳᠤ ᠲᠤᠷᠠᠳᠤᠭᠰᠡᠨ ᠴᠢᠬᠤᠯᠡ ᠵᠦᠪᠯᠡᠯᠭᠡ ᠶᠢ ᠨᠠᠷᠢᠨ | ᠬᠢᠨᠠᠮᠠᠭᠠᠢ ᠰᠤᠳᠤᠯᠵᠦ᠂ ᠲᠤᠭᠳᠠᠭᠰᠡᠨ ᠴᠠᠭ ᠬᠤᠭᠤᠴᠠᠭᠠᠨ ᠳᠤ ᠬᠠᠷᠢᠭᠤᠯᠲᠡ ᠦᠭᠬᠦ ᠬᠡᠷᠡᠭᠲᠠᠢ᠃ | ᠭᠤᠴᠢᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠲᠤᠭᠳᠠᠭᠠᠭᠰᠡᠨ ᠴᠢᠬᠤᠯᠡ ᠰᠢᠢᠳᠪᠦᠷᠢᠲᠦ | ᠪᠤᠳᠤᠯᠭ᠎ᠠ ᠶᠢ ᠲᠤᠭᠳᠠᠭᠠᠯ ᠶᠤᠰᠤᠭᠠᠷ ᠬᠤᠰᠢᠭᠤ ᠨᠠᠮ ᠤᠨ ᠬᠤᠷᠢᠶᠡᠨ ᠤ ᠪᠠᠶᠢᠩᠭᠤ ᠶᠢᠨ ᠬᠤᠷᠢᠶ᠎ᠡ ᠠᠴᠠ ᠵᠢᠠᠭᠠᠪᠦᠷᠢ | ᠠᠪᠴᠦ ᠬᠢᠨᠠᠨ ᠲᠤᠭᠳᠠᠭᠠᠵᠦ᠂ ᠬᠠᠦᠯᠢ ᠶᠤᠰᠤᠭᠠᠷ ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ | ᠵᠢᠴᠢ ᠪᠠᠶᠢᠩᠭᠤ ᠶᠢᠨ ᠬᠤᠷᠢᠶ᠎ᠡ ᠳᠤ ᠮᠡᠲᠡᠭᠦᠯᠵᠦ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠳᠤ ᠮᠡᠲᠡᠭᠦᠯᠬᠦ | ᠶᠢᠨ ᠬᠠᠮᠲᠦ ᠵᠦᠪᠳᠡᠯᠴᠡᠨ᠎ᠡ᠃ | ᠵᠢᠷᠭᠤᠳᠤᠭᠠᠷ ᠪᠦᠯᠦᠭ ᠵᠠᠰᠠᠭ ᠤᠨ ᠶᠠᠪᠤᠳᠡᠯ ᠢ ᠢᠯᠡ ᠪᠤᠯᠭᠠᠬᠤ | ᠭᠤᠴᠢᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠢᠯᠡ ᠲᠤᠳᠤᠷᠬᠠᠢ ᠪᠠᠶᠢᠬᠤ ᠶᠢ ᠵᠠᠰᠠᠭ ᠤᠨ ᠤᠷᠳᠤᠨ ᠤᠨ ᠠᠵᠢᠯ ᠤᠨ ᠦᠨᠳᠦᠰᠦᠨ ᠲᠦᠷᠢᠮ ᠪᠤᠯᠭᠠᠵᠦ᠂ | ᠢᠯᠡ ᠪᠤᠯᠭᠠᠬᠤ ᠶᠢ ᠬᠡᠪ ᠤᠨ ᠪᠠᠶᠢᠲᠡᠯ ᠳᠤ ᠪᠠᠶᠢᠯᠭᠠᠬᠤ ᠶᠢ ᠪᠠᠷᠢᠮᠳᠠᠯᠠᠨ᠂ ᠵᠠᠰᠠᠭ ᠤᠨ ᠤᠷᠳᠤᠨ ᠤ ᠮᠡᠲᠡᠭᠡ ᠵᠠᠩᠬᠢ ᠶᠢ | ᠢᠯᠡ ᠪᠠᠷ ᠨᠡᠶᠢᠲᠡᠯᠡᠬᠦ ᠬᠦᠲᠦᠯᠪᠦᠷᠢ ᠪᠡ ᠭᠠᠷᠴᠠᠭ ᠢ ᠲᠤᠭᠳᠠᠭᠰᠡᠨ ᠬᠤᠭᠤᠴᠠᠭ᠎ᠠ ᠲᠠᠢ ᠨᠡᠶᠢᠳᠡᠯᠡᠵᠦ᠂ ᠵᠠᠰᠠᠭ ᠤᠨ | ᠤᠷᠳᠤᠨ ᠤ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠤᠨ ᠤ ᠲᠦᠯᠦᠪᠯᠡᠭᠡ ᠪᠡ ᠭᠤᠤᠯ ᠠᠵᠢᠯ ᠢ ᠲᠤᠷᠠᠳᠤᠨ | ᠭᠠᠷᠭᠠᠵᠦ᠂ ᠰᠢᠢᠳᠪᠦᠷᠢ᠂ ᠬᠡᠷᠡᠭᠵᠢᠭᠦᠯᠦᠯᠲᠡ᠂ ᠬᠠᠮᠢᠶᠠᠷᠤᠯᠲᠡ᠂ ᠦᠢᠯᠡᠴᠢᠯᠡᠭᠡ᠂ ᠦᠷ᠎ᠡ ᠳ᠋ᠦᠩ ᠤᠨ ᠢᠯᠡ ᠪᠠᠷ | ᠨᠡᠶᠢᠲᠡᠯᠡᠬᠦ ᠪᠡ ᠭᠤᠤᠯᠳᠠᠯᠭᠠᠲᠦ ᠤᠷᠤᠨ ᠪᠦᠰᠡ ᠶᠢᠨ ᠮᠡᠲᠡᠭᠡ ᠵᠠᠩᠬᠢ ᠶᠢᠨ ᠢᠯᠡ ᠪᠤᠯᠭᠠᠬᠤ ᠶᠢ ᠠᠬᠢᠭᠤᠯᠵᠦ᠂ ᠢᠯᠡ | ᠪᠤᠯᠭᠠᠬᠤ ᠪᠠᠷ ᠭᠤᠶᠤᠴᠢᠯᠠᠭᠰᠡᠨ ᠳᠤ ᠢᠳᠡᠪᠬᠢᠲᠠᠢ ᠬᠠᠷᠢᠭᠤᠯᠲᠡ ᠦᠭᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯᠳᠤᠭᠠᠨ ᠪᠡ | ᠪᠠᠶᠢᠩᠭᠤ ᠶᠢᠨ ᠬᠤᠷᠡᠯ ᠳᠤ ᠶᠠᠷᠢᠯᠴᠠᠵᠦ ᠲᠤᠭᠳᠠᠭᠠᠭᠰᠡᠨ ᠬᠡᠷᠡᠭ ᠶᠠᠪᠤᠳᠡᠯ᠂ ᠵᠠᠰᠠᠭ ᠤᠨ ᠤᠷᠳᠤᠨ ᠵᠢᠴᠢ ᠡᠯ᠎ᠡ ᠠᠵᠢᠯ | ᠤᠨ ᠰᠠᠯᠠᠭ᠎ᠠ ᠮᠦᠴᠢᠷ ᠠᠴᠠ ᠲᠤᠭᠳᠠᠭᠠᠭᠰᠡᠨ ᠰᠢᠢᠳᠪᠦᠷᠢᠲᠦ ᠪᠤᠳᠤᠯᠭ᠎ᠠ ᠪᠡ ᠠᠷᠭ᠎ᠠ ᠬᠡᠮᠵᠢᠶ᠎ᠡ ᠶᠢ᠂ ᠬᠠᠦᠯᠢ | ᠶᠤᠰᠤᠭᠠᠷ ᠨᠢᠭᠤᠴᠡ ᠶᠢ ᠬᠠᠮᠠᠭᠠᠯᠠᠬᠤ ᠠᠴᠠ ᠭᠠᠳᠠᠨ᠎ᠡ᠂ ᠴᠠᠭ ᠲᠤᠬᠠᠢ ᠳᠤ ᠨᠢ ᠢᠯᠡ ᠪᠠᠷ ᠨᠡᠶᠢᠲᠡᠯᠡᠨ᠎ᠡ᠃ | ᠭᠤᠴᠢᠨ ᠭᠤᠷᠪᠠᠳᠤᠭᠠᠷ ᠵᠦᠢᠯ᠂ ᠤᠯᠠᠨ ᠨᠡᠶᠢᠲᠡ ᠶᠢᠨ ᠡᠷᠭᠡ ᠠᠰᠢᠭ ᠪᠡ ᠠᠰᠢᠭ ᠲᠤᠰᠡ ᠲᠤ | ᠬᠤᠯᠪᠤᠭᠳᠠᠭᠰᠡᠨ᠂ ᠨᠡᠶᠢᠭᠡᠮ ᠨᠡᠶᠢᠲᠡ ᠳᠤ ᠦᠷᠭᠡᠨ ᠢᠶᠠᠷ ᠮᠡᠲᠡᠷᠡᠭᠳᠡᠭᠰᠡᠨ ᠪᠡ ᠨᠡᠶᠢᠭᠡᠮ ᠤᠨ ᠠᠩᠬᠠᠷᠤᠯ ᠢ ᠲᠠᠳᠠᠭᠰᠡᠨ | ᠵᠦᠢᠯᠡᠰ ᠵᠢᠴᠢ ᠬᠠᠦᠯᠢ ᠴᠠᠭᠠᠵᠡ᠂ ᠬᠠᠦᠯᠢ ᠲᠦᠷᠢᠮ ᠪᠡ ᠲᠦᠷᠢᠮ ᠲᠤᠭᠳᠠᠭᠠᠯ ᠢᠶᠠᠷ ᠢᠯᠡ ᠪᠤᠯᠭᠠᠬᠤ ᠴᠢᠬᠤᠯᠠᠲᠠᠢ | ᠵᠦᠢᠯᠡᠰ ᠨᠢ ᠪᠦᠷ ᠵᠠᠰᠠᠭ ᠤᠨ ᠤᠷᠳᠤᠨ ᠤ ᠠᠯᠪᠠᠨ ᠮᠡᠲᠡᠭᠡ᠂ ᠵᠠᠰᠠᠭ ᠤᠨ ᠤᠷᠳᠤᠨ ᠤ ᠰᠦᠯᠵᠢᠶ᠎ᠡ᠂ ᠰᠤᠨᠢᠨ ᠮᠡᠲᠡᠭᠡ | ᠨᠡᠶᠢᠲᠡᠯᠡᠬᠦ ᠬᠤᠷᠡᠯ ᠵᠢᠴᠢ ᠰᠤᠨᠢᠨ ᠰᠡᠳᠭᠦᠯ᠂ ᠷᠠᠳᠢᠤ᠋ ᠲᠧᠯᠸᠢᠰ᠂ ᠲᠤᠤᠷ ᠰᠦᠯᠵᠢᠶ᠎ᠡ ᠵᠡᠷᠭᠡ ᠬᠡᠯᠪᠡᠷᠢ ᠪᠠᠷ ᠲᠠᠮᠵᠢᠨ | ᠬᠠᠦᠯᠢ ᠶᠤᠰᠤᠭᠠᠷ᠂ ᠴᠠᠭ ᠲᠤᠬᠠᠢ ᠳᠤ ᠨᠢ᠂ ᠪᠦᠬᠦ ᠲᠡᠯ᠎ᠡ ᠪᠠᠷ᠂ ᠵᠦᠪ ᠤᠨᠤᠪᠴᠢᠲᠠᠢ ᠪᠠᠷ ᠨᠡᠶᠢᠭᠡᠮ ᠨᠡᠶᠢᠲᠡ ᠳᠤ ᠢᠯᠡ | ᠪᠠᠷ ᠨᠡᠶᠢᠳᠡᠯᠡᠨ᠎ᠡ᠃ | ᠭᠤᠴᠢᠨ ᠲᠦᠷᠪᠡᠳᠤᠭᠡᠷ ᠵᠦᠢᠯ᠂ ᠵᠠᠰᠠᠭ ᠤᠨ ᠤᠷᠳᠤᠨ ᠤ ᠰᠦᠯᠵᠢᠶᠠᠨ ᠤ ᠪᠦᠲᠦᠭᠡᠨ ᠪᠠᠶᠢᠭᠤᠯᠤᠯᠲᠡ ᠶᠢ | ᠴᠢᠩᠭᠠᠳᠬᠠᠵᠦ᠂ ᠪᠤᠯᠤᠩ ᠤᠨ ᠵᠢᠷᠤᠭ ᠲᠦᠯᠦᠪᠯᠡᠭᠡ ᠶᠢ ᠰᠢᠯᠢᠳᠡᠭᠵᠢᠭᠦᠯᠵᠦ᠂ ᠠᠭᠤᠯᠭ᠎ᠠ ᠶᠢ ᠨᠢ ᠪᠠᠳᠤᠯᠠᠵᠦ᠂ ᠮᠡᠲᠡᠭᠡ | ᠵᠠᠩᠬᠢ ᠶᠢ ᠢᠯᠡ ᠪᠤᠯᠭᠠᠬᠤ᠂ ᠰᠦᠯᠵᠢᠶᠡᠨ ᠲᠡᠭᠡᠷ᠎ᠡ ᠤᠴᠢᠷ ᠬᠦᠢᠴᠡᠳᠭᠡᠬᠦ᠂ ᠤᠯᠠᠨ ᠨᠡᠶᠢᠲᠡ ᠪᠠᠷ ᠢᠶᠠᠨ ᠤᠷᠤᠯᠴᠠᠬᠤ | ᠶᠢ ᠲᠤᠪᠤᠶᠢᠯᠭᠠᠵᠦ᠂ ᠠᠵᠦ ᠠᠬᠤᠶᠢᠯᠠᠯ ᠪᠡ ᠤᠯᠠᠨ ᠨᠡᠶᠢᠲᠡ ᠳᠤ ︽ᠨᠢᠭᠡ ᠯᠡ ᠦᠷᠲᠡᠭᠡᠨ ᠳᠤ ᠭᠦᠢᠴᠡᠳᠭᠡᠬᠦ︾ ᠵᠠᠰᠠᠭ | ᠤᠨ ᠶᠠᠪᠤᠳᠡᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠡ᠃ | ᠭᠤᠴᠢᠨ ᠲᠠᠪᠤᠳᠤᠭᠠᠷ ᠵᠦᠢᠯ᠂ ᠰᠤᠨᠢᠨ ᠮᠡᠲᠡᠭᠡ ᠨᠡᠶᠢᠲᠡᠯᠡᠭᠴᠢ ᠶᠢᠨ ᠲᠦᠷᠢᠮ ᠢ ᠲᠡᠭᠦᠯᠲᠡᠷᠵᠢᠭᠦᠯᠵᠦ᠂ ᠵᠠᠰᠠᠭ | ᠤᠨ ᠶᠠᠪᠤᠳᠡᠯ ᠤᠨ ᠴᠢᠬᠤᠯᠡ ᠰᠤᠨᠢᠨ ᠮᠡᠲᠡᠭᠡ ᠶᠢ ᠴᠠᠭ ᠲᠤᠬᠠᠢ ᠳᠤ ᠨᠢ ᠨᠡᠶᠢᠳᠡᠯᠡᠵᠦ᠂ ᠬᠤᠰᠢᠭᠤᠨ ᠤ ᠵᠠᠰᠠᠭ ᠤᠨ | ᠤᠷᠳᠤᠨ ᠠᠴᠠ ᠴᠢᠬᠤᠯᠡ ᠶᠡᠭᠡ ᠵᠦᠢᠯᠡᠰ᠂ ᠬᠡᠨᠡᠳᠲᠡ ᠶᠢᠨ ᠬᠡᠷᠡᠭ᠂ ᠨᠡᠶᠢᠭᠡᠮ ᠨᠡᠶᠢᠲᠡ ᠪᠠᠷ ᠢᠶᠠᠨ ᠠᠩᠬᠠᠷᠴᠦ ᠪᠠᠶᠢᠭ᠎ᠠ | ᠬᠠᠯᠠᠮᠰᠢᠯ ᠠᠰᠠᠭᠤᠳᠡᠯ ᠢ ᠰᠢᠢᠳᠪᠦᠷᠢᠯᠡᠭᠰᠡᠨ ᠪᠠᠶᠢᠲᠡᠯ ᠢ ᠮᠡᠲᠡᠭᠡᠯᠡᠵᠦ᠂ ᠨᠡᠶᠢᠭᠡᠮ ᠤᠨ ᠶᠠᠷᠢᠶ᠎ᠡ ᠬᠡᠯᠡᠯᠴᠡᠭᠡ ᠶᠢ | ᠬᠦᠲᠦᠯᠦᠨ ᠵᠢᠯᠤᠭᠤᠳᠴᠦ᠂ ᠤᠯᠠᠨ ᠲᠦᠮᠡᠨ ᠤ ᠬᠠᠯᠠᠮᠵᠢᠯᠠᠯ ᠳᠤ ᠬᠠᠷᠢᠭᠤᠯᠲᠡ ᠦᠭᠭᠦ ᠬᠡᠷᠡᠭᠲᠠᠢ᠃ | ᠲᠤᠯᠤᠳᠤᠭᠠᠷ ᠪᠦᠯᠦᠭ ᠬᠢᠨᠠᠯᠲᠡ ᠲᠠᠯᠪᠢᠬᠤ ᠲᠦᠷᠢᠮ | ᠭᠤᠴᠢᠨ ᠵᠢᠷᠭᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠨᠢ ᠬᠤᠰᠢᠭᠤᠨ ᠤ ᠠᠷᠡᠳ ᠤᠨ | ᠲᠦᠯᠦᠭᠡᠯᠡᠭᠴᠢᠳ ᠤᠨ ᠶᠡᠭᠡ ᠬᠤᠷᠡᠯ ᠵᠢᠴᠢ ᠪᠠᠶᠢᠩᠭᠤ ᠶᠢᠨ ᠬᠤᠷᠢᠶᠡᠨ ᠤ ᠬᠢᠨᠠᠯᠲᠡ ᠶᠢ ᠤᠬᠠᠮᠰᠠᠷ ᠠᠴᠠ ᠪᠠᠨ | ᠬᠦᠯᠢᠶᠠᠨ ᠠᠪᠴᠦ᠂ ᠠᠵᠢᠯ ᠤᠨ ᠮᠡᠲᠡᠭᠦᠯᠦᠯᠲᠡ ᠬᠢᠨᠠᠮᠠᠭᠠᠢ ᠬᠢᠵᠦ᠂ ᠯᠠᠪᠯᠠᠨ ᠠᠰᠠᠭᠤᠬᠤ ᠪᠡ ᠲᠤᠯᠭᠠᠨ ᠠᠰᠠᠭᠤᠬᠤ ᠶᠢ | ᠬᠦᠯᠢᠶᠠᠵᠦ᠂ ᠵᠠᠰᠠᠭ ᠤᠨ ᠤᠷᠳᠤᠨ ᠤ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠢ ᠬᠠᠦᠯᠢ ᠶᠤᠰᠤᠭᠠᠷ | ᠲᠠᠩᠰᠠᠯᠠᠵᠦ᠂ ᠬᠠᠦᠯᠢ ᠬᠡᠷᠡᠭᠵᠢᠭᠦᠯᠦᠨ ᠪᠠᠶᠢᠴᠠᠭᠠᠬᠤ ᠶᠢ ᠬᠦᠯᠢᠶᠡᠨ᠎ᠡ᠃ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠭᠰᠡᠨ ᠬᠢᠨᠠᠯᠲᠡ ᠶᠢ ᠬᠦᠯᠢᠶᠠᠨ ᠠᠪᠴᠦ᠂ ᠰᠠᠨᠠᠯ ᠪᠡ ᠰᠠᠨᠠᠭᠤᠯᠭ᠎ᠠ ᠶᠢ ᠬᠢᠴᠢᠶᠠᠩᠭᠦᠶᠢᠯᠡᠨ | ᠰᠤᠨᠤᠰᠤᠨᠡ᠃ | ᠭᠤᠴᠢᠨ ᠲᠤᠯᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠤᠨ ᠠᠯᠪᠠᠨ ᠠᠵᠢᠯᠲᠡᠳ ᠬᠠᠮᠢᠶ᠎ᠡ ᠪᠦᠬᠦᠢ ᠬᠠᠦᠯᠢ ᠴᠠᠭᠠᠵᠡ ᠶᠢᠨ ᠲᠤᠭᠳᠠᠭᠠᠯ ᠶᠤᠰᠤᠭᠠᠷ᠂ ᠤᠯᠤᠰ ᠤᠨ | ᠬᠢᠨᠠᠯᠲᠡ ᠲᠠᠯᠪᠢᠬᠤ ᠪᠠᠶᠢᠭᠤᠯᠤᠮᠵᠢ ᠶᠢᠨ ᠬᠢᠨᠠᠯᠲᠡ ᠶᠢ ᠤᠬᠠᠮᠰᠡᠷ ᠠᠴᠠ ᠪᠠᠨ ᠬᠦᠯᠢᠶᠠᠨ ᠠᠪᠤᠨ᠎ᠡ᠃ ᠬᠤᠰᠢᠭᠤᠨ ᠤ | ᠵᠠᠰᠠᠭ ᠤᠨ ᠤᠷᠳᠤᠨ ᠤ ᠡᠯ᠎ᠡ ᠠᠵᠢᠯ ᠤᠨ ᠰᠠᠯᠠᠭ᠎ᠠ ᠮᠦᠴᠢᠷ ᠨᠢ ᠬᠠᠮᠢᠶ᠎ᠡ ᠪᠦᠬᠦᠢ ᠬᠠᠦᠯᠢ ᠴᠠᠭᠠᠵᠡ ᠶᠢᠨ ᠲᠤᠭᠳᠠᠭᠠᠯ | ᠶᠤᠰᠤᠭᠠᠷ᠂ ᠠᠷᠡᠳ ᠤᠨ ᠰᠢᠭᠦᠬᠦ ᠬᠤᠷᠢᠶᠠᠨ ᠤ ᠬᠠᠦᠯᠢ ᠶᠤᠰᠤᠭᠠᠷ ᠬᠡᠷᠡᠭᠵᠢᠭᠦᠯᠬᠦ ᠬᠢᠨᠠᠯᠲᠡ ᠶᠢ ᠤᠬᠠᠮᠰᠡᠷ ᠠᠴᠠ ᠪᠠᠨ | ᠬᠦᠯᠢᠶᠠᠨ ᠠᠪᠴᠦ᠂ ᠵᠠᠰᠠᠭ ᠵᠠᠬᠢᠷᠭᠠᠨ ᠤ ᠬᠠᠷᠢᠭᠤ ᠵᠠᠭᠠᠯᠳᠤᠯᠭ᠎ᠠ ᠶᠢᠨ ᠠᠵᠢᠯ ᠢ ᠰᠠᠶᠢᠳᠤᠷ ᠬᠢᠵᠦ᠂ ᠠᠷᠠᠳ ᠤᠨ | ᠰᠢᠭᠦᠭᠦ ᠬᠤᠷᠢᠶᠡᠨ ᠠᠴᠠ ᠲᠤᠭᠳᠠᠭᠠᠭᠰᠡᠨ ᠬᠦᠴᠦᠨ ᠲᠠᠢ ᠪᠤᠯᠤᠭᠰᠡᠨ ᠰᠢᠭᠦᠨ ᠲᠠᠰᠤᠯᠤᠯᠲᠡ ᠶᠢ ᠬᠦᠨᠳᠦᠳᠭᠡᠬᠦ | ᠲᠠᠭᠠᠤ ᠤᠬᠠᠮᠰᠡᠷ ᠠᠴᠠ ᠪᠠᠨ ᠬᠦᠢᠴᠡᠳᠭᠡᠵᠦ᠂ ᠬᠢᠨᠠᠨ ᠪᠤᠳᠤᠯᠲᠡ ᠵᠡᠷᠭᠡ ᠰᠠᠯᠠᠭ᠎ᠠ ᠮᠦᠴᠢᠷ ᠤᠨ ᠬᠢᠨᠠᠯᠲᠡ ᠶᠢ ᠬᠠᠮᠲᠦ | ᠳᠤ ᠨᠢ ᠬᠦᠯᠢᠶᠡᠨ᠎ᠡ᠃ ᠬᠢᠨᠠᠯᠲᠡ ᠲᠠᠯᠪᠢᠬᠤ ᠬᠤᠭᠤᠴᠠᠭᠠᠨ ᠳᠤ ᠢᠯᠡᠷᠡᠭᠰᠡᠨ ᠠᠰᠠᠭᠤᠳᠡᠯ ᠢ ᠬᠢᠨᠠᠮᠠᠭᠠᠢ ᠵᠠᠰᠠᠨ | ᠴᠡᠭᠴᠡᠯᠡᠬᠦ ᠶᠢᠨ ᠬᠠᠮᠲᠦ ᠬᠤᠰᠢᠭᠤᠨ ᠤ ᠵᠠᠰᠠᠭ ᠤᠨ ᠤᠷᠳᠤᠨ ᠳᠤ ᠮᠡᠲᠡᠭᠦᠯᠦᠨ᠎ᠡ᠃ | ᠭᠤᠴᠢᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠨᠢ ᠵᠠᠰᠠᠭ ᠵᠠᠬᠢᠷᠭᠠᠨ ᠤ ᠲᠠᠬᠢᠨ ᠵᠦᠪᠯᠡᠬᠦ ᠬᠠᠦᠯᠢ ᠶᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠲᠠᠬᠢᠨ | ᠵᠦᠪᠯᠡᠬᠦ ᠶᠢ ᠵᠢᠯᠤᠭᠤᠳᠤᠨ ᠬᠢᠨᠠᠯᠲᠡ ᠲᠠᠯᠪᠢᠵᠦ᠂ ᠬᠠᠦᠯᠢ ᠶᠢ ᠵᠦᠷᠢᠴᠡᠭᠰᠡᠨ ᠪᠤᠶᠦ ᠵᠦᠢ ᠪᠤᠰᠤ ᠵᠠᠰᠠᠭ ᠵᠠᠬᠢᠷᠭᠠᠨ ᠤ | ᠠᠵᠢᠯᠯᠠᠭ᠎ᠠ ᠶᠢ ᠵᠠᠯᠠᠷᠠᠭᠤᠯᠵᠦ᠂ ᠬᠠᠦᠯᠢ ᠶᠤᠰᠤᠭᠠᠷ ᠴᠠᠭ ᠲᠤᠬᠠᠢ ᠳᠤ ᠨᠢ ᠵᠠᠰᠠᠭ ᠵᠠᠬᠢᠷᠭᠠᠨ ᠤ ᠮᠠᠷᠭᠤᠯᠳᠤᠭᠠᠨ ᠢ | ᠰᠢᠢᠳᠪᠦᠷᠢᠯᠡᠨ᠎ᠡ᠃ | ᠭᠤᠴᠢᠨ ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠨᠢ ᠨᠡᠶᠢᠭᠡᠮ ᠨᠡᠶᠢᠲᠡ ᠶᠢᠨ ᠪᠡ ᠰᠤᠨᠢᠨ ᠮᠡᠲᠡᠭᠡᠨ ᠤ ᠶᠠᠷᠢᠶ᠎ᠡ ᠬᠡᠯᠡᠯᠴᠡᠭᠡᠨ ᠤ ᠬᠢᠨᠠᠯᠲᠡ ᠶᠢ ᠬᠦᠯᠢᠶᠠᠵᠦ᠂ | ᠬᠠᠮᠢᠶ᠎ᠡ ᠪᠦᠬᠦᠢ ᠪᠠᠶᠢᠲᠡᠯ ᠢ ᠨᠠᠷᠢᠨ ᠬᠢᠨᠠᠮᠠᠭᠠᠢ ᠪᠠᠶᠢᠴᠠᠭᠠᠨ ᠬᠠᠷᠭᠤᠭᠤᠯᠵᠦ᠂ ᠴᠠᠭ ᠲᠤᠬᠠᠢ ᠳᠤ ᠨᠢ ᠬᠠᠦᠯᠢ ᠶᠤᠰᠤᠭᠠᠷ | ᠰᠢᠢᠳᠪᠦᠷᠢᠯᠡᠨ ᠰᠠᠶᠢᠵᠢᠷᠠᠭᠤᠯᠵᠦ᠂ ᠴᠢᠬᠤᠯᠡ ᠶᠡᠭᠡ ᠠᠰᠠᠭᠤᠳᠡᠯ ᠢ ᠰᠢᠢᠳᠪᠦᠷᠢᠯᠡᠭᠰᠡᠨ ᠦᠷ᠎ᠡ ᠳ᠋ᠦᠩ ᠢ ᠨᠡᠶᠢᠭᠡᠮ | ᠨᠡᠶᠢᠲᠡ ᠳᠤ ᠢᠯᠡ ᠪᠠᠷ ᠨᠡᠶᠢᠲᠡᠯᠡᠨ᠎ᠡ᠃ | ᠲᠦᠴᠢᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ ᠮᠦᠴᠢᠷ ᠨᠢ | ᠵᠠᠬᠢᠲᠡᠯ ᠰᠤᠷᠪᠤᠯᠵᠢᠯᠠᠭ᠎ᠠ ᠶᠢᠨ ᠠᠵᠢᠯ ᠢ ᠴᠢᠬᠤᠯᠴᠢᠯᠠᠨ ᠦᠵᠡᠵᠦ᠂ ᠵᠠᠬᠢᠲᠡᠯ ᠰᠤᠷᠪᠤᠯᠵᠢᠯᠠᠭ᠎ᠠ ᠶᠢᠨ ᠲᠦᠷᠢᠮ ᠢ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠪᠠᠨ ᠢᠯᠡᠳᠭᠡᠬᠦ᠂ ᠠᠰᠢᠭ ᠲᠤᠰᠡ ᠪᠠᠨ | ᠵᠤᠬᠢᠴᠠᠭᠤᠯᠬᠤ᠂ ᠡᠷᠭᠡ ᠠᠰᠢᠭ ᠢᠶᠠᠨ ᠪᠠᠳᠤᠯᠠᠬᠤ ᠠᠷᠭ᠎ᠠ ᠵᠠᠮ ᠢ ᠰᠠᠭᠠᠳ ᠦᠭᠡᠢ ᠵᠢᠷᠦᠮᠵᠢᠬᠤᠨ ᠪᠤᠯᠭᠠᠵᠦ᠂ | ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠵᠢᠴᠢ ᠡᠯ᠎ᠡ ᠠᠵᠢᠯ ᠤᠨ ᠰᠠᠯᠠᠭ᠎ᠠ ᠮᠦᠴᠢᠷ ᠤᠨ | ᠬᠠᠷᠢᠭᠤᠴᠠᠯᠭᠠᠲᠡᠨᠳ ᠤᠯᠠᠨ ᠨᠡᠶᠢᠲᠡ ᠶᠢᠨ ᠶᠠᠪᠤᠭᠤᠯᠤᠭᠰᠡᠨ ᠵᠠᠬᠢᠲᠡᠯ ᠢ ᠲᠤᠰ ᠪᠡᠶ᠎ᠡ ᠪᠠᠷ ᠢᠶᠠᠨ ᠤᠩᠰᠢᠨ | ᠵᠦᠪᠰᠢᠶᠡᠷᠡᠵᠦ᠂ ᠠᠰᠠᠭᠤᠳᠡᠯ ᠤᠨ ᠲᠤᠭᠤᠷᠢᠨ ᠳᠤ ᠰᠤᠷᠪᠤᠯᠵᠢᠯᠠᠭ᠎ᠠ ᠬᠢᠵᠦ᠂ ᠴᠢᠬᠤᠯᠡ ᠶᠡᠭᠡ ᠵᠠᠬᠢᠲᠡᠯ ᠰᠤᠷᠪᠤᠯᠵᠢᠯᠠᠭ᠎ᠠ | ᠶᠢᠨ ᠠᠰᠠᠭᠤᠳᠡᠯ ᠢ ᠱᠠᠯᠠᠪᠳᠠᠭᠤᠯᠤᠨ ᠰᠢᠢᠳᠪᠦᠷᠢᠯᠡᠨ᠎ᠡ᠃ | ᠲᠦᠴᠢᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠨᠢ ᠠᠵᠢᠯ ᠤᠨ ᠬᠠᠷᠢᠭᠤᠴᠠᠯᠭᠠᠲᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢᠨ | ᠬᠠᠮᠢᠶᠠᠷᠤᠯᠲᠡ ᠪᠡ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠡᠬᠦ ᠶᠢ ᠡᠷᠴᠢᠮᠵᠢᠭᠦᠯᠵᠦ᠂ ᠴᠢᠬᠤᠯᠡ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠡ ᠶᠢ ᠨᠠᠶᠢᠳᠠᠪᠦᠷᠢᠵᠢᠭᠤᠯᠬᠤ᠂ ᠰᠠᠯᠠᠭ᠎ᠠ ᠮᠦᠴᠢᠷ ᠤᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ᠂ ᠭᠤᠤᠯᠳᠠᠯᠭᠠᠲᠦ ᠠᠵᠢᠯ ᠢ ᠠᠬᠢᠭᠤᠯᠬᠤ ᠵᠢᠴᠢ ᠲᠤᠰ ᠪᠡᠶ᠎ᠡ ᠶᠢᠨ ᠪᠠᠶᠢᠴᠠᠭᠠᠯᠲᠡ | ᠵᠡᠷᠭᠡ ᠲᠡᠯ᠎ᠡ ᠳᠠᠬᠢ ᠰᠢᠯᠭᠠᠨ ᠦᠨᠡᠯᠡᠯᠲᠡ ᠶᠢ ᠴᠢᠩᠭᠠᠳᠬᠠᠵᠦ᠂ ᠤᠷᠮᠠᠰᠢᠭᠤᠯᠬᠤ ᠪᠡ ᠬᠢᠵᠠᠭᠠᠷᠯᠠᠬᠤ᠂ ᠠᠯᠳᠠᠭ᠎ᠠ | ᠪᠤᠷᠤᠭᠤ ᠶᠢ ᠠᠭᠤᠴᠢᠯᠠᠬᠤ ᠪᠡ ᠵᠠᠯᠠᠷᠠᠭᠤᠯᠬᠤ ᠲᠤᠭᠳᠠᠴᠡ ᠶᠢ ᠪᠦᠷᠢᠨᠰᠢᠭᠦᠯᠵᠦ᠂ ᠬᠠᠷᠢᠭᠤᠴᠠᠯᠭ᠎ᠠ ᠨᠡᠭᠡᠮᠵᠢᠯᠡᠬᠦ ᠶᠢ | ᠴᠢᠩᠭᠠᠳᠬᠠᠵᠦ᠂ ᠵᠠᠰᠠᠭ ᠤᠨ ᠤᠷᠳᠤᠨ ᠤ ᠢᠲᠡᠭᠡᠭᠦᠯᠬᠦ ᠬᠦᠴᠦᠨ ᠪᠡ ᠬᠦᠢᠴᠡᠳᠭᠡᠬᠦ ᠬᠦᠴᠦᠨ ᠢ ᠲᠡᠭᠡᠭᠰᠢᠯᠡᠭᠦᠯᠦᠨ᠎ᠡ᠃ | ᠨᠠᠢᠮᠠᠳᠤᠭᠠᠷ ᠪᠦᠯᠦᠭ ᠬᠤᠷᠡᠯ ᠤᠨ ᠲᠦᠷᠢᠮ | ᠲᠦᠴᠢᠨ ᠬᠤᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠪᠦᠬᠦᠲᠡ ᠬᠤᠷᠡᠯ᠂ ᠪᠠᠶᠢᠩᠭᠤ ᠶᠢᠨ | ᠬᠤᠷᠡᠯ᠂ ᠬᠤᠰᠢᠭᠤᠨ ᠲᠠᠷᠤᠭ᠎ᠠ ᠶᠢᠨ ᠠᠯᠪᠠᠨ ᠤ ᠬᠤᠷᠡᠯ ᠪᠡ ᠲᠤᠰᠬᠠᠢ ᠰᠡᠳᠤᠪᠲᠦ ᠬᠤᠷᠡᠯ ᠤᠨ ᠲᠦᠷᠢᠮ ᠢ | ᠬᠡᠷᠡᠭᠵᠢᠭᠦᠯᠦᠨ᠎ᠡ᠃ | ᠲᠦᠴᠢᠨ ᠭᠤᠷᠪᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ ᠨᠢ ᠬᠤᠰᠢᠭᠤᠨ | ᠲᠠᠷᠤᠭ᠎ᠠ᠂ ᠬᠤᠰᠢᠭᠤᠨ ᠲᠡᠳ᠋ ᠲᠠᠷᠤᠭ᠎ᠠ ᠪᠤᠯᠤᠨ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠰᠠᠯᠠᠭ᠎ᠠ | ᠮᠦᠴᠢᠷ ᠤᠨ ᠭᠤᠤᠯ ᠬᠠᠷᠢᠭᠤᠴᠠᠯᠭᠠᠲᠠᠳ ᠢᠶᠠᠷ ᠪᠦᠷᠢᠯᠳᠤᠵᠦ᠂ ᠬᠤᠰᠢᠭᠤᠨ ᠲᠠᠷᠤᠭ᠎ᠠ ᠵᠤᠬᠢᠶᠠᠨ ᠪᠠᠶᠢᠭᠤᠯᠤᠨ | ᠡᠷᠬᠢᠯᠡᠵᠦ᠂ ᠵᠠᠷᠴᠢᠮ ᠲᠡᠭᠡᠷ᠎ᠡ ᠪᠠᠨ ᠬᠠᠭᠠᠰ ᠵᠢᠯ ᠳᠤ ᠨᠢᠭᠡ ᠤᠳᠠᠭ᠎ᠠ ᠬᠤᠷᠡᠯᠳᠤᠨᠡ᠃ ᠬᠤᠰᠢᠭᠤᠨ ᠤ ᠵᠠᠰᠠᠭ ᠤᠨ | ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ ᠰᠤᠯᠡ ᠤᠷᠤᠯᠴᠠᠵᠦ᠂ ᠱᠠᠭᠠᠷᠳᠠᠯᠭ᠎ᠠ ᠪᠠᠨ ᠦᠨᠳᠦᠰᠦᠯᠡᠨ ᠬᠠᠮᠢᠶ᠎ᠡ | ᠪᠦᠬᠦᠢ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ | ᠬᠠᠮᠢᠶᠠᠷᠤᠯᠲᠡ ᠶᠢᠨ ᠵᠦᠪᠯᠡᠯ᠂ ᠬᠠᠮᠢᠶ᠎ᠡ ᠪᠦᠬᠦᠢ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠡᠳ ᠰᠤᠯᠡ ᠤᠷᠤᠯᠴᠠᠨ᠎ᠡ᠃ | ᠭᠤᠤᠯ ᠡᠭᠦᠷᠭᠡ ᠨᠢ ᠲᠤᠤᠷᠡᠬᠢ ᠮᠡᠲᠦ᠄ | ︵ᠨᠢᠭᠡ︶ ᠲᠡᠭᠡᠲᠦ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠡ ᠬᠤᠰᠢᠭᠤ ᠨᠠᠮ ᠤᠨ ᠬᠤᠷᠢᠶᠡᠨ | ᠤ ᠴᠢᠬᠤᠯᠡ ᠵᠢᠭᠠᠪᠦᠷᠢ᠂ ᠰᠢᠢᠳᠪᠦᠷᠢ ᠪᠤᠯᠤᠨ ᠬᠤᠷᠡᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠤᠨᠡ︔ | ︵ᠬᠤᠶᠠᠷ︶ ᠬᠤᠰᠢᠭᠤᠨ ᠤ ᠵᠠᠰᠠᠭ ᠤᠨ ᠤᠷᠳᠤᠨ ᠤ ᠠᠵᠢᠯ ᠤ ᠲᠤᠮᠳᠡᠬᠢ ᠴᠢᠬᠤᠯᠡ ᠶᠡᠭᠡ ᠵᠦᠢᠯᠡᠰ ᠢ | ᠶᠠᠷᠢᠯᠴᠠᠨ ᠲᠤᠭᠳᠠᠭᠠᠨ᠎ᠡ︔ | ︵ᠭᠤᠷᠪᠡ︶ ᠪᠠᠶᠢᠲᠡᠯ ᠢ ᠮᠡᠲᠡᠭᠡᠯᠡᠵᠦ᠂ ᠵᠠᠳᠠᠯᠤᠨ ᠰᠢᠨᠵᠢᠯᠡᠵᠦ᠂ ᠬᠤᠰᠢᠭᠤᠨ ᠤ ᠵᠠᠰᠠᠭ ᠤᠨ ᠤᠷᠳᠤᠨ ᠤ ᠭᠤᠤᠯ | ᠠᠵᠢᠯ ᠢ ᠲᠤᠬᠢᠷᠠᠭᠤᠯᠤᠨ ᠪᠠᠶᠢᠷᠢᠰᠢᠯᠠᠭᠤᠯᠤᠨᠡ︔ | ︵ᠲᠦᠷᠪᠡ︶ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ ᠠᠴᠠ ᠬᠢᠨᠠᠨ ᠲᠤᠭᠳᠠᠭᠠᠬᠤ ᠪᠤᠰᠤᠳ | ᠵᠦᠢᠯᠡᠰ ᠢ ᠶᠠᠷᠢᠯᠴᠠᠨ ᠲᠤᠭᠳᠠᠭᠠᠨ᠎ᠡ᠃ | ᠲᠦᠴᠢᠨ ᠲᠦᠷᠪᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠨᠢ | ᠬᠤᠰᠢᠭᠤᠨ ᠲᠠᠷᠤᠭ᠎ᠠ᠂ ᠬᠤᠰᠢᠭᠤᠨ ᠲᠡᠳ᠋ ᠲᠠᠷᠤᠭ᠎ᠠ᠂ ᠵᠠᠰᠠᠭ ᠤᠨ ᠤᠷᠳᠤᠨ ᠤ ᠠᠯᠪᠠᠨ ᠭᠡᠷ ᠶᠢᠨ ᠡᠬᠢᠯᠡᠭᠴᠢ ᠪᠠᠷ | ᠪᠦᠷᠢᠯᠳᠦᠵᠦ᠂ ᠬᠤᠰᠢᠭᠤᠨ ᠲᠠᠷᠤᠭ᠎ᠠ ᠠᠴᠠ ᠵᠤᠬᠢᠶᠠᠨ ᠪᠠᠶᠢᠭᠤᠯᠤᠨ ᠡᠷᠬᠢᠯᠡᠵᠦ᠂ ᠶᠡᠷᠦ ᠳᠡᠭᠡᠨ ᠨᠢᠭᠡ ᠰᠠᠷ᠎ᠡ ᠳᠤ ᠨᠢᠭᠡ | ᠤᠳᠠᠭ᠎ᠠ ᠬᠤᠷᠡᠯᠳᠤᠵᠦ᠂ ᠴᠢᠬᠤᠯᠠᠲᠠᠢ ᠦᠶ᠎ᠡ ᠳᠤ ᠲᠦᠷ ᠴᠠᠭ ᠬᠤᠷᠠᠯᠳᠤᠭᠤᠯᠵᠦ ᠪᠤᠯᠤᠨ᠎ᠡ᠃ ᠬᠤᠰᠢᠭᠤᠨ ᠤ ᠵᠠᠰᠠᠭ | ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ᠂ ᠬᠠᠦᠯᠢ ᠴᠠᠭᠠᠵᠡ ᠶᠢᠨ ᠠᠯᠪᠠᠨ ᠭᠡᠷ ᠤᠨ ᠡᠷᠬᠢᠯᠡᠭᠴᠢ ᠬᠤᠷᠡᠯ | ᠳᠤ ᠰᠤᠯᠡ ᠤᠷᠤᠯᠴᠠᠵᠦ᠂ ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ | ᠬᠤᠷᠢᠶᠠᠨ ᠤ ᠲᠡᠳ᠋ ᠡᠷᠬᠢᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠶᠢ ᠤᠷᠢᠵᠦ ᠰᠤᠯᠠ | ᠤᠷᠤᠯᠴᠠᠭᠤᠯᠤᠨ᠎ᠡ᠃ ᠬᠡᠷᠡᠭᠴᠡᠭᠡ ᠪᠠᠨ ᠦᠨᠳᠦᠰᠦᠯᠡᠨ ᠬᠠᠮᠢᠶ᠎ᠡ ᠪᠦᠬᠦᠢ ᠰᠤᠮᠤ ᠰᠢᠶᠠᠩ ᠪᠠᠯᠭᠠᠰᠤᠨ ᠤ ᠵᠠᠰᠠᠭ ᠤᠨ | ᠤᠷᠳᠤᠨ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠠᠮᠢᠶ᠎ᠡ ᠪᠦᠬᠦᠢ | ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠡᠳ ᠤᠨ ᠰᠤᠯᠡ ᠤᠷᠤᠯᠴᠠᠬᠤ ᠶᠢ ᠲᠤᠬᠢᠷᠠᠭᠤᠯᠤᠨ᠎ᠡ᠃ ᠭᠤᠤᠯ ᠡᠭᠦᠷᠭᠡ ᠨᠢ | ᠲᠤᠤᠷᠡᠬᠢ ᠮᠡᠲᠦ᠄ | ︵ᠨᠢᠭᠡ︶ ᠲᠡᠭᠡᠲᠦ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠡ ᠬᠤᠰᠢᠭᠤ ᠨᠠᠮ ᠤᠨ ᠬᠤᠷᠢᠶᠡᠨ | ᠤ ᠴᠢᠬᠤᠯᠡ ᠶᠡᠭᠡ ᠵᠢᠭᠠᠪᠦᠷᠢ᠂ ᠰᠢᠢᠳᠪᠦᠷᠢ ᠪᠡ ᠬᠤᠷᠡᠯ ᠤᠨ ᠵᠤᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠦ᠂ | ᠨᠠᠶᠢᠳᠠᠪᠦᠷᠢᠵᠢᠭᠤᠯᠬᠤ ᠰᠠᠨᠠᠯ ᠲᠤᠷᠠᠳᠤᠨᠡ︔ | ︵ᠬᠤᠶᠠᠷ︶ ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠵᠢᠴᠢ ᠪᠠᠶᠢᠩᠭᠤ ᠶᠢᠨ | ᠬᠤᠷᠢᠶᠡᠨ ᠠᠴᠠ ᠵᠢᠭᠠᠪᠦᠷᠢ ᠠᠪᠴᠦ ᠬᠢᠨᠠᠨ ᠵᠦᠪᠯᠡᠬᠦ ᠮᠡᠲᠡᠭᠦᠯᠦᠯᠲᠡ ᠶᠢ ᠶᠠᠷᠢᠯᠴᠠᠨ ᠲᠤᠭᠳᠠᠭᠠᠨ᠎ᠡ︔ | ︵ᠭᠤᠷᠪᠡ︶ ᠦᠭᠡᠷᠡᠴᠢᠯᠡᠯᠲᠡ ᠶᠢᠨ ᠵᠦᠢᠯᠡᠰ ᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠠᠷᠭ᠎ᠠ ᠬᠡᠮᠵᠢᠶ᠎ᠡ ᠶᠢ | ᠶᠠᠷᠢᠯᠴᠠᠨ ᠲᠤᠭᠳᠠᠭᠠᠨ᠎ᠡ︔ | ︵ᠲᠦᠷᠪᠡ︶ ᠬᠤᠰᠢᠭᠤᠨ ᠤ ᠵᠠᠰᠠᠭ ᠤᠨ ᠤᠷᠳᠤᠨ ᠠᠴᠠ ᠨᠡᠶᠢᠲᠡᠯᠡᠭᠰᠡᠨ ᠴᠢᠬᠤᠯᠡ ᠲᠦᠷᠢᠮᠵᠢᠯ ᠤᠨ ᠴᠢᠨᠠᠷᠲᠠᠢ | ᠪᠢᠴᠢᠭ ᠮᠠᠲ᠋ᠧᠷᠢᠶᠡᠯ ᠢ ᠬᠢᠨᠠᠨ ᠵᠦᠪᠯᠡᠨ᠎ᠡ︔ | ︵ᠲᠠᠪᠦ︶ ᠬᠤᠰᠢᠭᠤᠨ ᠤ ᠵᠠᠰᠠᠭ ᠤᠨ ᠤᠷᠳᠤᠨ ᠤ ᠡᠳᠤᠷ ᠲᠤᠳᠤᠮ ᠤᠨ ᠠᠵᠢᠯ ᠤᠨ ᠲᠤᠮᠲᠡ ᠪᠦᠬᠦ ᠲᠡᠯ᠎ᠡ | ᠶᠢᠨ ᠠᠵᠢᠯ ᠳᠤ ᠬᠤᠯᠪᠤᠭᠳᠠᠬᠤ ᠵᠢᠴᠢ ᠨᠢᠭᠡᠳᠤᠯᠲᠠᠢ ᠲᠦᠪᠯᠡᠷᠡᠭᠦᠯᠦᠨ ᠲᠤᠬᠢᠷᠠᠭᠤᠯᠬᠤ ᠴᠢᠬᠤᠯᠡ ᠵᠦᠢᠯᠡᠰ ᠢ | ᠰᠤᠳᠤᠯᠤᠨ ᠲᠤᠭᠳᠠᠭᠠᠨ᠎ᠡ︔ | ︵ᠵᠢᠷᠭᠤᠭ᠎ᠠ︶ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠲᠤᠮᠲᠡ ᠠᠰᠣᠷᠦ ᠶᠡᠭᠡ ᠤᠯᠠᠨ ᠨᠡᠶᠢᠲᠡ | ᠶᠢᠨ ᠠᠰᠢᠭ ᠲᠤᠰᠡ᠂ ᠡᠷᠭᠡ ᠠᠰᠢᠭ ᠵᠡᠷᠭᠡ ᠲᠡᠯ᠎ᠡ ᠳᠤ ᠬᠤᠯᠪᠤᠭᠳᠠᠬᠤ ᠴᠢᠬᠤᠯᠡ ᠵᠦᠢᠯᠡᠰ ᠢ ᠰᠤᠳᠤᠯᠤᠨ | ᠲᠤᠭᠳᠠᠭᠠᠨ᠎ᠡ᠃ | ᠲᠦᠴᠢᠨ ᠲᠠᠪᠤᠳᠤᠭᠠᠷ ᠵᠦᠢᠯ᠂ ᠬᠤᠰᠢᠭᠤᠨ ᠲᠠᠷᠤᠭ᠎ᠠ ᠶᠢᠨ ᠠᠯᠪᠠᠨ ᠤ ᠠᠵᠢᠯ ᠤᠨ ᠬᠤᠷᠡᠯ ᠨᠢ ᠬᠤᠰᠢᠭᠤᠨ | ᠲᠠᠷᠤᠭ᠎ᠠ᠂ ᠬᠤᠰᠢᠭᠤᠨ ᠲᠡᠳ᠋ ᠲᠠᠷᠤᠭ᠎ᠠ ᠪᠠᠷ ᠪᠦᠷᠢᠯᠳᠤᠵᠦ᠂ ᠬᠤᠰᠢᠭᠤᠨ ᠲᠠᠷᠤᠭ᠎ᠠ ᠡᠷᠬᠢᠯᠡᠨ ᠬᠤᠷᠠᠯᠳᠤᠭᠤᠯᠵᠦ᠂ | ᠲᠤᠭᠳᠠᠮᠠᠯ ᠪᠤᠰᠦ ᠬᠤᠭᠤᠴᠠᠭ᠎ᠠ ᠲᠠᠢ ᠬᠤᠷᠡᠯᠳᠤᠨᠡ᠃ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠤᠷᠳᠤᠨ ᠤ | ᠠᠯᠪᠠᠨ ᠭᠡᠷ ᠤᠨ ᠡᠷᠬᠢᠯᠡᠭᠴᠢ᠂ ᠲᠡᠳ᠋ ᠡᠷᠬᠢᠯᠡᠭᠴᠢ ᠪᠡ ᠬᠠᠮᠢᠶ᠎ᠡ ᠪᠦᠬᠦᠢ ᠰᠤᠮᠤ ᠰᠢᠶᠠᠩ ᠪᠠᠯᠭᠠᠰᠤᠨ ᠤ ᠵᠠᠰᠠᠭ ᠤᠨ | ᠤᠷᠳᠤᠨ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠠᠮᠢᠶ᠎ᠡ ᠪᠦᠬᠦᠢ | ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠡᠳ ᠤᠨ ᠰᠤᠯᠡ ᠤᠷᠤᠯᠴᠠᠬᠤ ᠶᠢ ᠲᠤᠬᠢᠷᠠᠭᠤᠯᠵᠦ ᠪᠤᠯᠤᠨ᠎ᠡ᠃ ᠭᠤᠤᠯ | ᠡᠭᠦᠷᠭᠡ ᠨᠢ ᠲᠤᠤᠷᠡᠬᠢ ᠮᠡᠲᠦ᠄ | ︵ᠨᠢᠭᠡ︶ ᠬᠤᠰᠢᠭᠤᠨ ᠤ ᠵᠠᠰᠠᠭ ᠤᠨ ᠤᠷᠳᠤᠨ ᠤ ᠡᠳᠤᠷ ᠲᠤᠳᠤᠮ ᠤᠨ ᠠᠵᠢᠯ ᠤᠨ ᠲᠤᠮᠲᠡ ᠪᠦᠬᠦ ᠲᠡᠯ᠎ᠡ | ᠶᠢᠨ ᠠᠵᠢᠯ ᠳᠤ ᠬᠤᠯᠪᠤᠭᠳᠠᠬᠤ ᠵᠢᠴᠢ ᠨᠢᠭᠡᠳᠤᠯᠲᠠᠢ ᠲᠦᠪᠯᠡᠷᠡᠭᠦᠯᠦᠨ ᠲᠤᠬᠢᠷᠠᠭᠤᠯᠬᠤ ᠴᠢᠬᠤᠯᠡ ᠠᠵᠢᠯ ᠪᠡ | ᠴᠢᠬᠤᠯᠡ ᠶᠡᠭᠡ ᠵᠦᠢᠯᠡᠰ ᠢ ᠰᠤᠳᠤᠯᠤᠨ ᠲᠤᠭᠳᠠᠭᠠᠨ᠎ᠡ︔ | ︵ᠬᠤᠶᠠᠷ︶ ᠡᠯ᠎ᠡ ᠰᠤᠮᠤ ᠰᠢᠶᠠᠩ ᠪᠠᠯᠭᠠᠰᠤ᠂ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠵᠢᠴᠢ ᠬᠤᠯᠪᠤᠭᠳᠡᠯ | ᠪᠦᠬᠦᠢ ᠲᠡᠯ᠎ᠡ ᠶᠢᠨ ᠴᠢᠬᠤᠯᠡ ᠠᠵᠢᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠦ᠂ ᠡᠯ᠎ᠡ ᠰᠤᠮᠤ ᠰᠢᠶᠠᠩ ᠪᠠᠯᠭᠠᠰᠤ᠂ | ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠶᠢᠨ ᠵᠢᠭᠠᠪᠦᠷᠢ ᠠᠪᠬᠤ ᠴᠢᠬᠤᠯᠡ ᠵᠦᠢᠯᠡᠰ ᠢ ᠰᠤᠳᠣᠯᠣᠨ ᠲᠤᠭᠳᠠᠭᠠᠨ᠎ᠡ︔ | ︵ᠭᠤᠷᠪᠡ︶ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ᠂ ᠪᠠᠶᠢᠩᠭᠤ ᠶᠢᠨ ᠬᠤᠷᠡᠯ ᠳᠤ | ᠲᠡᠪᠰᠢᠭᠦᠯᠵᠦ ᠶᠠᠷᠢᠯᠴᠠᠬᠤ ᠴᠢᠬᠤᠯᠡᠲᠠᠢ ᠵᠦᠢᠯᠡᠰ ᠢ ᠰᠣᠳᠤᠯᠤᠨᠡ︔ | ︵ᠲᠦᠷᠪᠡ︶ ᠬᠤᠰᠢᠭᠤᠨ ᠲᠠᠷᠤᠭ᠎ᠠ ᠪᠤᠶᠦ ᠪᠠᠶᠢᠩᠭᠤ ᠶᠢᠨ ᠲᠡᠳ᠋ ᠲᠠᠷᠤᠭ᠎ᠠ ᠶᠢᠨ ᠲᠤᠷᠠᠳᠤᠭᠰᠡᠨ ᠴᠢᠬᠤᠯᠡ | ᠵᠦᠢᠯᠡᠰ ᠵᠢᠴᠢ ᠲᠡᠭᠡᠷ᠎ᠡ ᠲᠤᠷᠠᠳᠤᠭᠰᠡᠨ ᠬᠤᠶᠠᠷ ᠲᠠᠷᠤᠭ᠎ᠠ ᠠᠴᠠ ᠢᠯᠡᠭᠦᠦ ᠬᠤᠰᠢᠭᠤᠨ ᠲᠡᠳ᠋ ᠲᠠᠷᠤᠭ᠎ᠠ ᠶᠢᠨ | ᠨᠢᠭᠡᠳᠤᠯᠲᠠᠢ ᠲᠦᠯᠦᠪᠯᠡᠨ ᠰᠢᠢᠳᠪᠦᠷᠢᠯᠡᠬᠦ ᠠᠵᠢᠯ ᠢ ᠶᠠᠷᠢᠯᠴᠠᠨ ᠰᠤᠳᠤᠯᠤᠨᠡ︔ | ︵ᠲᠠᠪᠤ︶ ᠬᠤᠰᠢᠭᠤᠨ ᠲᠠᠷᠤᠭ᠎ᠠ ᠶᠢᠨ ᠠᠯᠪᠠᠨ ᠠᠵᠢᠯ ᠤᠨ ᠬᠤᠷᠡᠯ ᠠᠴᠠ ᠰᠢᠢᠳᠪᠦᠷᠢᠯᠡᠬᠦ ᠴᠢᠬᠤᠯᠡᠲᠠᠢ ᠪᠤᠰᠤᠳ | ᠵᠦᠢᠯᠡᠰ ᠢ ᠶᠠᠷᠢᠯᠴᠠᠨ ᠰᠤᠳᠤᠯᠤᠨᠡ︔ | ᠲᠦᠴᠢᠨ ᠵᠢᠷᠭᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠲᠤᠰᠬᠠᠢ ᠰᠡᠳᠤᠪᠲᠦ ᠬᠤᠷᠡᠯ ᠨᠢ | ᠬᠤᠰᠢᠭᠤᠨ ᠤ ᠪᠠᠶᠢᠩᠭᠤ ᠶᠢᠨ ᠲᠡᠳ᠋ ᠲᠠᠷᠤᠭ᠎ᠠ᠂ ᠬᠤᠰᠢᠭᠤᠨ ᠲᠡᠳ᠋ ᠲᠠᠷᠤᠭ᠎ᠠ ᠨᠢ ᠬᠤᠰᠢᠭᠤᠨ ᠲᠠᠷᠤᠭ᠎ᠠ ᠶᠢᠨ | ᠨᠠᠶᠢᠳᠠᠯᠭ᠎ᠠ ᠪᠠᠷ ᠪᠤᠶᠦ ᠠᠵᠢᠯ ᠤᠨ ᠬᠤᠪᠢᠶᠠᠷᠢᠯᠡᠯ ᠶᠤᠰᠤᠭᠠᠷ ᠡᠷᠬᠢᠯᠡᠨ ᠬᠤᠷᠠᠯᠳᠤᠭᠤᠯᠵᠦ᠂ ᠲᠤᠭᠳᠠᠮᠠᠯ ᠪᠤᠰᠤ | ᠬᠤᠭᠤᠴᠠᠭ᠎ᠠ ᠲᠠᠢ ᠬᠤᠷᠠᠯᠳᠤᠨᠡ᠃ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠤᠷᠳᠤᠨ ᠤ ᠠᠯᠪᠠᠨ ᠭᠡᠷ ᠤᠨ | ᠡᠷᠬᠢᠯᠡᠭᠴᠢ᠂ ᠲᠡᠳ᠋ ᠡᠷᠬᠢᠯᠡᠭᠴᠢ ᠪᠡ ᠬᠠᠮᠢᠶ᠎ᠡ ᠪᠦᠬᠦᠢ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠪᠠᠷᠠᠭᠤᠨ | ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠠᠮᠢᠶ᠎ᠡ ᠪᠦᠬᠦᠢ ᠪᠠᠶᠢᠭᠤᠯᠭ᠎ᠠ ᠶᠢᠨ ᠭᠤᠤᠯ | ᠬᠠᠷᠢᠭᠤᠴᠠᠯᠭᠠᠲᠡᠳ ᠤᠨ ᠰᠤᠯᠡ ᠤᠷᠤᠯᠴᠠᠬᠤ ᠶᠢ ᠲᠤᠬᠢᠷᠠᠭᠤᠯᠵᠦ ᠪᠤᠯᠤᠨ᠎ᠡ᠃ ᠭᠤᠤᠯ ᠡᠭᠦᠷᠭᠡ ᠨᠢ ᠲᠤᠤᠷᠡᠬᠢ ᠮᠡᠲᠦ᠄ | ︵ᠨᠢᠭᠡ︶ ᠬᠤᠰᠢᠭᠤᠨ ᠤ ᠪᠠᠶᠢᠩᠭᠤ ᠶᠢᠨ ᠲᠡᠳ᠋ ᠲᠠᠷᠤᠭ᠎ᠠ᠂ ᠬᠤᠰᠢᠭᠤᠨ ᠲᠡᠳ᠋ ᠲᠠᠷᠤᠭ᠎ᠠ ᠶᠢᠨ ᠬᠤᠪᠢᠳᠠᠨ | ᠬᠠᠮᠢᠶᠠᠷᠬᠤ ᠬᠠᠷᠢᠶᠡᠨ ᠳᠠᠬᠢ ᠨᠢᠭᠡᠲᠦᠯᠲᠠᠢ ᠲᠦᠯᠦᠪᠯᠡᠨ ᠵᠤᠬᠢᠴᠠᠭᠤᠯᠬᠤ ᠵᠦᠢᠯᠡᠰ ᠢ ᠰᠤᠳᠤᠯᠤᠨ ᠰᠢᠢᠳᠪᠦᠷᠢᠯᠡᠨ᠎ᠡ︔ | ︵ᠬᠤᠶᠠᠷ︶ ᠬᠤᠰᠢᠭᠤᠨ ᠤ ᠵᠠᠰᠠᠭ ᠤᠨ ᠤᠷᠳᠤᠨ ᠠᠴᠠ ᠨᠢᠭᠡᠨᠲᠡ ᠲᠤᠭᠳᠠᠭᠠᠵᠦ᠂ ᠵᠤᠬᠢᠶᠠᠨ ᠪᠠᠶᠢᠭᠤᠯᠵᠦ | ᠬᠡᠷᠡᠭᠵᠢᠭᠦᠯᠬᠦ ᠬᠡᠵᠦ ᠪᠠᠶᠢᠭ᠎ᠠ ᠵᠦᠢᠯᠡᠰ ᠢ ᠰᠤᠳᠤᠯᠤᠨ ᠰᠢᠢᠳᠪᠦᠷᠢᠯᠡᠨ᠎ᠡ︔ | ︵ᠭᠤᠷᠪᠡ︶ ᠬᠤᠪᠢᠳᠠᠨ ᠬᠠᠮᠢᠶᠠᠷᠬᠤ ᠠᠵᠢᠯ ᠤᠨ ᠲᠤᠮᠳᠡᠬᠢ ᠴᠢᠬᠤᠯᠡ ᠬᠦᠲᠡᠯᠭᠡᠭᠡᠨ ᠪᠡ ᠴᠢᠬᠤᠯᠡ ᠶᠡᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢᠨ ᠵᠤᠬᠢᠴᠠᠭᠤᠯᠤᠨ ᠬᠡᠷᠡᠭᠵᠢᠭᠦᠯᠬᠦ ᠴᠢᠬᠤᠯᠠᠲᠠᠢ ᠵᠦᠢᠯᠡᠰ ᠢ | ᠰᠤᠳᠤᠯᠤᠨ ᠰᠢᠢᠳᠪᠦᠷᠢᠯᠡᠨ᠎ᠡ︔ | ︵ᠲᠦᠷᠪᠡ︶ ᠶᠠᠮᠠᠷ ᠨᠢᠭᠡᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠠᠨᠠᠯ ᠢ ᠰᠣᠳᠣᠯᠣᠨᠡ︔ | ︵ᠲᠠᠪᠤ︶ ᠲᠡᠭᠡᠲᠦ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠡ ᠬᠤᠰᠢᠭᠤ ᠨᠠᠮ ᠤᠨ ᠬᠤᠷᠢᠶᠡᠨ | ᠤ ᠤᠳᠤᠷᠢᠳᠤᠯᠭ᠎ᠠ ᠶᠢᠨ ᠵᠢᠭᠠᠪᠦᠷᠢ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠰᠠᠨᠠᠯ ᠢ ᠰᠤᠳᠤᠯᠤᠨ | ᠰᠢᠢᠳᠪᠦᠷᠢᠯᠡᠨ᠎ᠡ︔ | ︵ᠵᠢᠷᠭᠤᠭ᠎ᠠ︶ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ᠂ ᠪᠠᠶᠢᠩᠭᠤ ᠶᠢᠨ ᠬᠤᠷᠡᠯ᠂ | ᠬᠤᠰᠢᠭᠤᠨ ᠲᠠᠷᠤᠭ᠎ᠠ ᠶᠢᠨ ᠠᠯᠪᠠᠨ ᠠᠵᠢᠯ ᠤᠨ ᠬᠤᠷᠡᠯ ᠵᠡᠷᠭᠡ ᠴᠢᠬᠤᠯᠡ ᠬᠤᠷᠡᠯ ᠳᠤ ᠲᠡᠪᠰᠢᠭᠦᠯᠬᠦ ᠵᠦᠪᠯᠡᠬᠦ ᠰᠡᠳᠤᠪ | ᠪᠡ ᠰᠠᠨᠠᠯ ᠢ ᠰᠣᠳᠣᠯᠤᠨᠡ︔ | ︵ᠲᠤᠯᠤᠭ᠎ᠠ︶ ᠬᠤᠰᠢᠭᠤᠨ ᠤ ᠵᠠᠰᠠᠭ ᠤᠨ ᠤᠷᠳᠤᠨ ᠤ ᠲᠤᠰᠬᠠᠢ ᠰᠡᠳᠤᠪᠲᠦ ᠬᠤᠷᠡᠯ ᠠᠴᠠ ᠰᠢᠢᠳᠪᠦᠷᠢᠯᠡᠬᠦ | ᠴᠢᠬᠤᠯᠡᠲᠠᠢ ᠪᠤᠰᠤᠳ ᠵᠦᠢᠯᠡᠰ ᠢ ᠰᠤᠳᠣᠯᠤᠨᠡ︔ | ᠲᠦᠴᠢᠨ ᠲᠤᠯᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ ᠠᠴᠠ ᠵᠢᠭᠠᠪᠦᠷᠢ | ᠠᠪᠴᠦ ᠵᠦᠪᠯᠡᠬᠦ ᠰᠡᠳᠤᠪ ᠢ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠪᠤᠶᠦ ᠬᠤᠰᠢᠭᠤᠨ | ᠲᠠᠷᠤᠭ᠎ᠠ ᠠᠴᠠ ᠲᠤᠭᠳᠠᠭᠠᠨ᠎ᠡ︔ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠪᠡ ᠬᠤᠰᠢᠭᠤᠨ | ᠲᠠᠷᠤᠭ᠎ᠠ ᠶᠢᠨ ᠠᠯᠪᠠᠨ ᠠᠵᠢᠯ ᠤᠨ ᠬᠤᠷᠡᠯ ᠠᠴᠠ ᠵᠢᠭᠠᠪᠦᠷᠢ ᠠᠪᠴᠦ ᠵᠦᠪᠯᠡᠬᠦ ᠰᠡᠳᠤᠪ ᠢ ᠬᠤᠪᠢᠳᠡᠨ ᠬᠠᠮᠢᠶᠠᠷᠬᠤ | ᠬᠤᠰᠢᠭᠤᠨ ᠲᠡᠳ᠋ ᠲᠠᠷᠤᠭ᠎ᠠ᠂ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ ᠵᠤᠬᠢᠴᠠᠭᠤᠯᠬᠤ ᠪᠤᠶᠦ ᠬᠢᠨᠠᠨ | ᠬᠠᠷᠭᠤᠭᠤᠯᠤᠭᠰᠡᠨ ᠤ ᠲᠠᠷᠠᠭ᠎ᠠ ᠪᠠᠶᠢᠩᠭᠤ ᠶᠢᠨ ᠬᠤᠰᠢᠭᠤᠨ ᠲᠡᠳ᠋ ᠲᠠᠷᠤᠭ᠎ᠠ᠂ ᠬᠤᠰᠢᠭᠤᠨ ᠲᠠᠷᠤᠭ᠎ᠠ ᠳᠤ ᠮᠡᠲᠡᠭᠦᠯᠵᠦ | ᠲᠤᠭᠳᠠᠭᠠᠨ᠎ᠡ︔ ᠬᠤᠰᠢᠭᠤᠨ ᠤ ᠵᠠᠰᠠᠭ ᠤᠨ ᠤᠷᠳᠤᠨ ᠤ ᠲᠤᠰᠬᠠᠢ ᠰᠡᠳᠤᠪᠲᠦ ᠬᠤᠷᠡᠯ ᠠᠴᠠ ᠵᠢᠭᠠᠪᠦᠷᠢ ᠠᠪᠴᠦ | ᠵᠦᠪᠯᠡᠬᠦ ᠰᠡᠳᠤᠪ ᠢ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ᠂ ᠬᠤᠪᠢᠳᠡᠨ ᠬᠠᠮᠢᠶᠠᠷᠬᠤ | ᠲᠡᠳ᠋ ᠡᠷᠬᠢᠯᠡᠭᠴᠢ ᠵᠤᠬᠢᠴᠠᠭᠤᠯᠬᠤ ᠪᠤᠶᠦ ᠬᠢᠨᠠᠨ ᠬᠠᠷᠭᠤᠭᠤᠯᠤᠭᠰᠡᠨ ᠤ ᠲᠠᠷᠠᠭ᠎ᠠ ᠬᠤᠪᠢᠳᠠᠨ ᠬᠠᠮᠢᠶᠠᠷᠬᠤ ᠬᠤᠰᠢᠭᠤᠨ | ᠲᠠᠳ᠋ ᠲᠠᠷᠤᠭ᠎ᠠ ᠲᠤ ᠮᠡᠳᠡᠭᠦᠯᠵᠦ ᠲᠤᠭᠳᠠᠭᠠᠨ᠎ᠡ᠃ | ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ᠂ ᠪᠠᠶᠢᠩᠭᠤ ᠶᠢᠨ ᠬᠤᠷᠡᠯ᠂ ᠬᠤᠰᠢᠭᠤᠨ ᠲᠠᠷᠤᠭ᠎ᠠ | ᠶᠢᠨ ᠠᠯᠪᠠᠨ ᠠᠵᠢᠯ ᠤᠨ ᠬᠤᠷᠡᠯ ᠪᠡ ᠲᠤᠰᠬᠠᠢ ᠰᠡᠳᠤᠪᠲᠦ ᠬᠤᠷᠡᠯ ᠤᠨ ᠪᠢᠴᠢᠭ ᠮᠠᠲ᠋ᠧᠷᠢᠶᠡᠯ ᠢ ᠵᠦᠪᠯᠡᠬᠦ ᠰᠡᠳᠤᠪ | ᠤᠨ ᠬᠠᠷᠢᠭᠤ ᠮᠡᠲᠡᠭᠦᠯᠦᠯᠲᠡ ᠬᠢᠬᠦ ᠰᠠᠯᠠᠭ᠎ᠠ ᠮᠦᠴᠢᠷ ᠠᠴᠠ ᠲᠦᠷᠦᠭᠦᠯᠡᠨ᠂ ᠬᠠᠮᠢᠶ᠎ᠡ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠨ ᠲᠤᠭᠤᠷᠪᠢᠨ ᠪᠢᠴᠢᠨ᠎ᠡ᠃ ᠬᠤᠷᠡᠯ ᠤᠨ ᠮᠠᠲ᠋ᠧᠷᠢᠶᠡᠯ ᠨᠢ ᠵᠦᠪᠯᠡᠬᠦ ᠰᠡᠳᠦᠪ ᠤᠨ ᠪᠠᠶᠢᠲᠡᠯ ᠪᠡ ᠡᠯ᠎ᠡ ᠲᠡᠯ᠎ᠡ | ᠶᠢᠨ ᠰᠠᠨᠠᠯ ᠢ ᠪᠦᠷᠢᠨ ᠬᠦᠢᠴᠡᠳ ᠵᠦᠪ ᠤᠨᠤᠪᠴᠢᠲᠠᠢ ᠲᠤᠰᠬᠠᠬᠤ ᠬᠡᠷᠡᠭᠲᠠᠢ ᠪᠦᠬᠡᠳ ᠪᠤᠳᠠᠳᠦ ᠠᠰᠠᠭᠤᠳᠡᠯ ᠢ | ᠰᠢᠢᠳᠪᠦᠷᠢᠯᠡᠬᠦ ᠶᠢ ᠴᠢᠬᠤᠯᠴᠢᠯᠠᠵᠦ᠂ ᠬᠠᠨᠳᠤᠯᠭᠠᠲᠦ ᠴᠢᠨᠠᠷ᠂ ᠵᠢᠯᠤᠭᠤᠳᠤᠭᠴᠢ ᠴᠢᠨᠠᠷ᠂ ᠪᠤᠯᠤᠮᠵᠢᠲᠦ ᠴᠢᠨᠠᠷ ᠪᠡ ᠠᠯᠤᠰ | ᠭᠡᠲᠦ ᠶᠢᠨ ᠠᠴᠢ ᠬᠤᠯᠪᠤᠭᠳᠡᠯ ᠢ ᠲᠤᠪᠤᠶᠢᠯᠭᠠᠨᠡ᠃ ᠲᠦᠷᠢᠮᠵᠢᠭᠰᠡᠨ ᠪᠢᠴᠢᠭ ᠮᠠᠲ᠋ᠧᠷᠢᠶᠡᠯ ᠳᠤ ᠠᠪᠴᠦ ᠬᠡᠯᠡᠪᠡᠯ᠂ | ᠪᠦᠷᠢᠨ ᠭᠦᠢᠴᠡᠳ ᠪᠦᠭᠡᠳ ᠨᠤᠷᠱᠢᠭᠤᠨ ᠪᠤᠰᠤ᠂ ᠯᠤᠬᠢᠭ ᠴᠢᠨᠠᠷ ᠢᠶᠠᠷ ᠴᠢᠩᠭ᠎ᠠ᠂ ᠵᠦᠢᠯ ᠵᠤᠷᠪᠦᠰ ᠨᠢ ᠲᠤᠳᠤᠷᠬᠠᠢ | ᠪᠤᠳᠠᠲᠠᠢ᠂ ᠦᠭᠡ ᠦᠭᠦᠯᠡᠪᠦᠷᠢ ᠨᠢ ᠵᠦᠪ ᠤᠨᠤᠪᠴᠢᠲᠠᠢ ᠲᠤᠪᠴᠢ ᠠᠪᠰᠠᠷᠬᠠᠨ ᠪᠠᠶᠢᠬᠤ ᠬᠡᠷᠡᠭᠲᠠᠢ᠃ ᠬᠤᠰᠢᠭᠤᠨ ᠤ | ᠵᠠᠰᠠᠭ ᠤᠨ ᠤᠷᠳᠤᠨ ᠤ ᠠᠯᠪᠠᠨ ᠭᠡᠷ ᠨᠢ ᠬᠢᠨᠠᠨ ᠬᠠᠷᠭᠤᠭᠤᠯᠬᠤ ᠠᠵᠢᠯ ᠢ ᠴᠢᠩᠭ᠎ᠠ ᠡᠵᠡᠮᠰᠢᠵᠦ᠂ ᠵᠦᠪᠯᠡᠬᠦ ᠰᠡᠳᠤᠪ | ᠤᠨ ᠪᠤᠯᠪᠠᠰᠤᠷᠠᠩᠭᠤᠢ ᠮᠦᠷᠲᠡᠭᠡᠨ ᠬᠤᠷᠡᠯ ᠤᠨ ᠰᠢᠢᠳᠪᠦᠷᠢᠲᠦ ᠪᠤᠳᠤᠯᠭ᠎ᠠ ᠳᠤ ᠠᠰᠢᠭᠲᠠᠢ ᠪᠠᠶᠢᠬᠤ ᠶᠢ ᠪᠠᠳᠤᠯᠡᠨ᠎ᠡ᠃ | ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ᠂ ᠪᠠᠶᠢᠩᠭᠤ ᠶᠢᠨ ᠬᠤᠷᠡᠯ ᠤᠨ ᠵᠤᠬᠢᠶᠠᠨ | ᠪᠠᠶᠢᠭᠤᠯᠬᠤ ᠠᠵᠢᠯ ᠢ ᠵᠠᠰᠠᠭ ᠤᠨ ᠤᠷᠳᠤᠨ ᠤᠨ ᠠᠯᠪᠠᠨ ᠭᠡᠷ ᠠᠴᠠ ᠬᠠᠷᠢᠭᠤᠴᠠᠵᠦ᠂ ᠵᠦᠪᠡᠯᠡᠬᠦ ᠰᠡᠳᠦᠪ ᠪᠡ ᠪᠢᠴᠢᠭ | ᠮᠠᠲ᠋ᠧᠷᠢᠶᠡᠯ ᠢ ᠬᠤᠷᠡᠯ ᠡᠬᠢᠯᠡᠬᠦ ᠠᠴᠠ ᠡᠮᠦᠨ᠎ᠡ ᠬᠤᠷᠡᠯ ᠳᠤ ᠤᠷᠤᠯᠴᠠᠭᠰᠡᠳ ᠲᠤ ᠬᠦᠷᠭᠡᠵᠦ᠂ ᠬᠤᠰᠢᠭᠤᠨ ᠲᠠᠷᠤᠭ᠎ᠠ | ᠶᠢᠨ ᠠᠯᠪᠠᠨ ᠠᠵᠢᠯ ᠤᠨ ᠬᠤᠷᠡᠯ ᠪᠡ ᠬᠤᠰᠢᠭᠤᠨ ᠤ ᠵᠠᠰᠠᠭ ᠤᠨ ᠤᠷᠳᠤᠨ ᠤ ᠲᠤᠰᠬᠠᠢ ᠰᠡᠳᠤᠪᠲᠦ ᠬᠤᠷᠡᠯ ᠨᠢ | ᠠᠵᠢᠯ ᠲᠦᠷᠦᠯ ᠢᠶᠠᠷ ᠨᠢ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ | ᠲᠦᠴᠢᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠪᠡ ᠬᠠᠮᠢᠶ᠎ᠡ | ᠪᠦᠬᠦᠢ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ | ᠬᠠᠮᠢᠶᠠᠷᠤᠯᠲᠡ ᠶᠢᠨ ᠵᠦᠪᠯᠡᠯ᠂ ᠰᠠᠯᠠᠭ᠎ᠠ ᠮᠦᠴᠢᠷ ᠪᠠᠶᠢᠭᠤᠯᠭ᠎ᠠ ᠶᠢᠨ ᠬᠠᠷᠢᠭᠤᠴᠠᠯᠭᠠᠲᠡᠳ ᠨᠢ ᠬᠤᠰᠢᠭᠤᠨ ᠤ ᠵᠠᠰᠠᠭ | ᠤᠨ ᠤᠷᠳᠤᠨ ᠤ ᠪᠦᠬᠦᠲᠡ ᠬᠤᠷᠡᠯ᠂ ᠪᠠᠶᠢᠩᠭᠤ ᠶᠢᠨ ᠬᠤᠷᠡᠯ᠂ ᠬᠤᠰᠢᠭᠤᠨ ᠲᠠᠷᠤᠭ᠎ᠠ ᠶᠢᠨ ᠠᠯᠪᠠᠨ ᠠᠵᠢᠯ ᠤᠨ | ᠬᠤᠷᠡᠯ ᠳᠤ ᠤᠷᠤᠯᠴᠠᠵᠦ ᠲᠡᠶᠢᠯᠬᠦ ᠦᠭᠡᠢ ᠪᠤᠯ᠂ ᠬᠤᠷᠡᠯ ᠡᠷᠬᠢᠯᠡᠭᠴᠢ ᠠᠴᠠ ᠴᠢᠯᠦᠭᠡ ᠭᠤᠶᠦᠬᠤ ᠬᠡᠷᠡᠭᠲᠠᠢ︔ ᠪᠤᠰᠤᠳ | ᠬᠦᠮᠦᠰ ᠨᠢ ᠤᠷᠤᠯᠴᠠᠬᠤ ᠪᠤᠶᠦ ᠰᠤᠯᠡ ᠤᠷᠤᠯᠴᠠᠵᠦ ᠲᠠᠶᠢᠯᠬᠦ ᠦᠭᠡᠢ ᠪᠤᠯ᠂ ᠬᠤᠰᠢᠭᠤᠨ ᠤ ᠵᠠᠰᠠᠭ ᠤᠨ ᠤᠷᠳᠤᠨ ᠤ | ᠠᠯᠪᠠᠨ ᠭᠡᠷ ᠤᠨ ᠡᠷᠬᠢᠯᠡᠭᠴᠢ ᠠᠴᠠ ᠴᠢᠯᠦᠭᠡ ᠭᠤᠶᠦᠬᠤ ᠬᠡᠷᠡᠭᠲᠠᠢ᠃ ᠬᠤᠰᠢᠭᠤᠨ ᠤ ᠵᠠᠰᠠᠭ ᠤᠨ ᠤᠷᠳᠤᠨ ᠤ ᠠᠯᠪᠠᠨ | ᠭᠡᠷ ᠠᠴᠠ ᠡᠯ᠎ᠡ ᠲᠦᠷᠦᠯ ᠤᠨ ᠬᠤᠷᠡᠯ ᠤᠨ ᠪᠠᠶᠢᠲᠡᠯ ᠢ ᠲᠤᠭᠳᠠᠭᠰᠡᠨ ᠬᠤᠭᠤᠴᠠᠭ᠎ᠠ ᠲᠠᠢ ᠮᠡᠲᠡᠭᠡᠯᠡᠨᠡ᠃ | ᠲᠦᠴᠢᠨ ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠬᠦᠲᠡ ᠬᠤᠷᠡᠯ᠂ ᠪᠠᠶᠢᠩᠭᠤ ᠶᠢᠨ | ᠬᠤᠷᠡᠯ᠂ ᠬᠤᠰᠢᠭᠤᠨ ᠲᠠᠷᠤᠭ᠎ᠠ ᠶᠢᠨ ᠠᠯᠪᠠᠨ ᠠᠵᠢᠯ ᠤᠨ ᠬᠤᠷᠡᠯ ᠪᠡ ᠲᠤᠰᠬᠠᠢ ᠰᠡᠳᠤᠪᠲᠦ ᠬᠤᠷᠡᠯ ᠤᠨ ᠲᠤᠪᠴᠢ ᠶᠢ | ᠬᠤᠷᠡᠯ ᠡᠷᠬᠢᠯᠡᠭᠴᠢ ᠠᠴᠠ ᠭᠠᠷ ᠤᠨ ᠦᠰᠦᠭ ᠵᠢᠷᠤᠨ ᠲᠠᠷᠬᠠᠭᠠᠵᠦ᠂ ᠡᠭᠦᠨ ᠳᠤ᠂ ᠵᠠᠰᠠᠭ ᠤᠨ ᠤᠷᠳᠤᠨ ᠤ ᠲᠤᠰᠬᠠᠢ | ᠰᠡᠳᠤᠪᠲᠦ ᠬᠤᠷᠡᠯ ᠤᠨ ᠰᠤᠳᠤᠯᠤᠨ ᠶᠠᠷᠢᠯᠴᠠᠭᠰᠡᠨ ᠵᠦᠢᠯᠡᠰ ᠨᠢ ︽ᠭᠤᠷᠪᠠᠨ ᠴᠢᠬᠤᠯᠡ ᠨᠢᠭᠡ ᠶᠡᠭᠡ︾ ᠳᠤ | ᠬᠤᠯᠪᠤᠭᠳᠠᠭᠰᠡᠨ ᠪᠠᠶᠢᠪᠡᠯ᠂ ᠬᠤᠰᠢᠭᠤᠨ ᠲᠠᠷᠤᠭ᠎ᠠ ᠳᠤ ᠮᠡᠲᠡᠭᠦᠯᠵᠦ ᠵᠦᠪᠰᠢᠶᠠᠷᠡᠭᠰᠡᠨ ᠤ ᠲᠠᠷᠠᠭ᠎ᠠ ᠭᠠᠷ ᠤᠨ ᠦᠰᠦᠭ | ᠵᠢᠷᠤᠵᠦ ᠲᠠᠷᠬᠠᠭᠠᠨᠡ᠃ | ᠲᠠᠪᠢᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠲᠦᠷᠦᠯ ᠤᠨ ᠬᠤᠷᠡᠯ ᠤᠨ ᠶᠠᠷᠢᠯᠴᠠᠨ | ᠲᠤᠭᠳᠠᠭᠠᠭᠰᠡᠨ ᠵᠦᠢᠯᠡᠰ ᠢ ᠢᠯᠡ ᠪᠠᠷ ᠮᠡᠲᠡᠭᠡᠯᠡᠵᠦ ᠪᠤᠯᠬᠤ ᠶᠢ ᠨᠢ ᠲᠤᠭᠳᠠᠭᠠᠯ ᠶᠤᠰᠤᠭᠠᠷ ᠮᠡᠲᠡᠭᠡᠯᠡᠨᠡ᠃ | ᠲᠠᠪᠢᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠪᠡ ᠡᠯ᠎ᠡ ᠠᠵᠢᠯ ᠤᠨ ᠰᠠᠯᠠᠭ᠎ᠠ ᠮᠦᠴᠢᠷ | ᠤᠨ ᠠᠵᠢᠯ ᠤᠨ ᠬᠤᠷᠡᠯ ᠤᠨ ᠬᠡᠪᠴᠢᠶ᠎ᠡ ᠶᠢ ᠬᠢᠵᠠᠭᠠᠷᠯᠠᠵᠦ᠂ ᠬᠢᠨᠠᠨ ᠵᠦᠪᠰᠢᠶᠡᠷᠡᠬᠦ ᠶᠢ ᠡᠷᠴᠢᠮᠵᠢᠭᠦᠯᠵᠦ᠂ ᠲᠤᠭ᠎ᠠ | ᠬᠡᠮᠵᠢᠶ᠎ᠡ ᠶᠢ ᠪᠠᠭᠠᠰᠬᠠᠵᠦ᠂ ᠶᠠᠰᠦ ᠴᠢᠨᠠᠷ ᠢ ᠲᠡᠭᠡᠭᠰᠢᠯᠡᠭᠦᠯᠬᠦ ᠬᠡᠷᠡᠭᠲᠠᠢ᠃ ᠰᠠᠯᠠᠭ᠎ᠠ ᠮᠦᠴᠢᠷ ᠠᠴᠠ ᠡᠷᠬᠢᠯᠡᠨ | ᠬᠤᠷᠠᠯᠳᠤᠭᠤᠯᠬᠤ ᠬᠤᠷᠡᠯ ᠢ ᠬᠤᠰᠢᠭᠤ ᠵᠠᠰᠠᠭ ᠤᠨ ᠤᠷᠳᠤᠨ ᠪᠡ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ | ᠪᠠᠷ ᠬᠤᠷᠠᠯᠳᠤᠭᠤᠯᠵᠦ ᠪᠤᠯᠬᠤ ᠦᠭᠡᠢ᠃ ᠵᠠᠰᠠᠭ ᠤᠨ ᠤᠷᠳᠤᠨ ᠠᠴᠠ ᠬᠤᠷᠠᠯᠳᠤᠭᠤᠯᠬᠤ ᠨᠢᠭᠡᠳᠤᠮᠡᠯ ᠹᠷᠤᠨᠲ ᠤᠨ | ᠠᠵᠢᠯ ᠤᠨ ᠬᠤᠷᠡᠯ᠂ ᠡᠩ ᠤᠨ ᠪᠠᠶᠢᠲᠡᠯ ᠲᠤᠤᠷ᠎ᠡ ᠬᠤᠰᠢᠭᠤᠨ ᠲᠡᠳ᠋ ᠲᠠᠷᠤᠭ᠎ᠠ ᠤᠷᠤᠯᠴᠠᠨ᠎ᠡ᠃ ᠡᠯ᠎ᠡ ᠰᠠᠯᠠᠭ᠎ᠠ | ᠮᠦᠴᠢᠷ ᠪᠡ ᠡᠯ᠎ᠡ ᠨᠢᠭᠡᠳᠤᠮᠡᠯ ᠹᠷᠤᠨᠲ ᠤᠨ ᠠᠵᠢᠯ ᠤᠨ ᠬᠤᠷᠡᠯ ᠨᠢ ᠶᠡᠷᠦ ᠳᠡᠭᠡᠨ ᠰᠤᠮᠤ ᠰᠢᠶᠠᠩ ᠪᠠᠯᠭᠠᠰᠤᠨ ᠤ | ᠭᠤᠤᠯ ᠬᠠᠷᠢᠭᠤᠴᠠᠯᠭᠠᠳᠠᠳ ᠢ ᠤᠷᠢᠵᠦ ᠤᠷᠤᠯᠴᠠᠭᠤᠯᠬᠤ ᠦᠭᠡᠢ᠂ ᠤᠷᠢᠬᠤ ᠴᠢᠬᠤᠯᠡ ᠲᠠᠢ ᠦᠶ᠎ᠡ ᠳᠤ᠂ ᠬᠤᠰᠢᠭᠤᠨ | ᠲᠠᠷᠤᠭ᠎ᠠ ᠳᠤ ᠮᠡᠲᠡᠭᠦᠯᠵᠦ ᠵᠦᠪᠰᠢᠶᠡᠷᠡᠭᠦᠯᠦᠨ᠎ᠡ᠃ ᠡᠯ᠎ᠡ ᠲᠦᠷᠦᠯ ᠤᠨ ᠬᠤᠷᠡᠯ ᠨᠢ ᠪᠡᠯᠡᠳᠭᠡᠯ ᠠᠵᠢᠯ ᠢᠶᠠᠨ ᠰᠠᠶᠢᠳᠤᠷ | ᠬᠢᠵᠦ᠂ ᠪᠤᠳᠠᠳᠦ ᠠᠰᠠᠭᠤᠳᠡᠯ ᠢ ᠰᠢᠢᠳᠪᠦᠷᠢᠯᠡᠬᠦ ᠶᠢ ᠴᠢᠬᠤᠯᠴᠢᠯᠡᠨᠡ᠃ | ᠶᠢᠰᠦᠳᠤᠭᠡᠷ ᠪᠦᠯᠦᠭ ᠠᠯᠪᠠᠨ ᠪᠢᠴᠢᠭ ᠤᠨ ᠭᠦᠢᠴᠡᠳᠭᠡᠯ ᠪᠡ ᠠᠯᠪᠠᠨ ᠲᠠᠮᠠᠭ᠎ᠠ ᠶᠢᠨ ᠬᠠᠮᠢᠶᠠᠷᠤᠯᠲᠡ | ᠲᠠᠪᠢᠨ ᠬᠤᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠪᠡ ᠡᠯ᠎ᠡ ᠠᠵᠢᠯ ᠤᠨ ᠰᠠᠯᠠᠭ᠎ᠠ ᠮᠦᠴᠢᠷ | ᠨᠢ ᠠᠯᠪᠠᠨ ᠪᠢᠴᠢᠭ ᠢ ᠡᠷᠬᠡᠪᠰᠢ ︽ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠪᠢᠴᠢᠭ ᠮᠠᠲ᠋ᠧᠷᠢᠶᠡᠯ ᠢ | ᠰᠢᠢᠳᠪᠦᠷᠢᠯᠡᠬᠦ ᠠᠵᠢᠯ ᠤᠨ ᠲᠦᠷᠢᠮ︾ ᠤᠨ ᠲᠤᠭᠳᠠᠭᠠᠯ ᠶᠤᠰᠤᠭᠠᠷ ᠬᠦᠢᠴᠡᠳᠭᠡᠬᠦ ᠬᠡᠷᠡᠭᠲᠠᠢ᠂ ᠠᠯᠪᠠᠨ ᠪᠢᠴᠢᠭ | ᠶᠠᠪᠤᠭᠤᠯᠬᠤ ᠲᠦᠷᠢᠮ ᠲᠤᠭᠳᠠᠭᠠᠯ ᠪᠡ ᠠᠯᠬᠤᠮ ᠲᠠᠷᠠᠭ᠎ᠠ ᠶᠢ ᠴᠢᠩᠭ᠎ᠠ ᠵᠢᠷᠦᠮᠯᠡᠵᠦ᠂ ᠨᠢᠭᠡᠳᠤᠯᠲᠠᠢ ᠰᠢᠰᠲ᠋ᠧᠮᠵᠢᠭᠦᠯᠬᠦ᠂ | ᠵᠤᠬᠢᠰᠲᠠᠢ ᠬᠤᠪᠢᠶᠠᠷᠢᠯᠠᠬᠤ᠂ ᠪᠢᠲᠡᠭᠦᠦ ᠡᠷᠬᠢᠯᠳᠤᠭᠦᠯᠬᠦ᠂ ᠠᠮᠦᠷ ᠲᠦᠪᠰᠢᠨ ᠢ ᠪᠠᠳᠤᠯᠠᠨ ᠨᠢᠭᠤᠴᠡ ᠶᠢ ᠬᠠᠮᠠᠭᠠᠯᠠᠬᠤ᠂ | ᠴᠠᠭ ᠢ ᠪᠠᠷᠢᠮᠳᠠᠯᠠᠨ ᠵᠦᠪ ᠤᠨᠤᠪᠴᠢᠲᠠᠢ ᠪᠠᠶᠢᠬᠤ ᠶᠢ ᠪᠠᠳᠤᠯᠠᠨ᠎ᠡ᠃ | ᠲᠠᠪᠢᠨ ᠭᠤᠷᠪᠠᠳᠤᠭᠠᠷ ᠵᠦᠢᠯ᠂ ᠲᠡᠭᠡᠲᠦ ᠱᠠᠳᠤᠨ ᠤ ᠠᠯᠪᠠᠨ ᠪᠠᠶᠢᠭᠤᠯᠭ᠎ᠠ᠂ ᠠᠳᠠᠯᠢ ᠱᠠᠳᠣᠨ ᠤ ᠠᠯᠪᠠᠨ | ᠪᠠᠶᠢᠭᠤᠯᠭ᠎ᠠ᠂ ᠲᠤᠤᠷᠡᠲᠦ ᠱᠠᠳᠤᠨ ᠤ ᠠᠯᠪᠠᠨ ᠪᠠᠶᠢᠭᠤᠯᠭ᠎ᠠ ᠵᠡᠷᠭᠡ ᠶᠢᠨ ᠬᠤᠰᠢᠭᠤᠨ ᠤ ᠵᠠᠰᠠᠭ ᠤᠨ ᠤᠷᠳᠤᠨ ᠳᠤ | ᠬᠦᠷᠭᠡᠬᠦ ᠠᠯᠪᠠᠨ ᠪᠢᠴᠢᠭ ᠢ ᠵᠠᠰᠠᠭ ᠤᠨ ᠤᠷᠳᠤᠨ ᠤ ᠠᠯᠪᠠᠨ ᠭᠡᠷ ᠠᠴᠠ ᠬᠠᠷᠢᠭᠤᠴᠠᠨ ᠭᠦᠢᠴᠡᠳᠭᠡᠵᠦ᠂ | ᠬᠤᠷᠢᠶᠠᠮᠵᠢᠯᠠᠵᠦ ᠲᠠᠩᠰᠠᠯᠠᠭᠰᠠᠨ ᠤ ᠲᠠᠷᠠᠭ᠎ᠠ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠠᠵᠢᠯ | ᠤᠨ ᠬᠤᠪᠢᠶᠠᠷᠢᠯᠡᠯ ᠢᠶᠠᠷ ᠨᠢ ᠮᠡᠲᠡᠭᠦᠯᠦᠨ ᠵᠦᠪᠰᠢᠶᠡᠷᠡᠭᠦᠯᠬᠦ ᠶᠢᠨ ᠬᠠᠮᠲᠦ ᠬᠡᠷᠡᠭᠴᠡᠭᠡ ᠪᠠᠨ ᠦᠨᠳᠦᠰᠦᠯᠡᠨ ᠵᠠᠰᠠᠭ ᠤᠨ | ᠤᠷᠳᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠯᠵᠢᠭᠦᠯᠦᠨ ᠪᠤᠰᠤᠳ ᠤᠳᠤᠷᠢᠳᠤᠯᠭ᠎ᠠ ᠪᠠᠷ ᠬᠠᠷᠭᠤᠭᠤᠯᠤᠨ | ᠵᠦᠪᠰᠢᠶᠡᠷᠡᠭᠦᠯᠦᠨ᠎ᠡ᠃ ᠠᠯᠪᠠᠨ ᠪᠢᠴᠢᠭ ᠲᠠᠮᠵᠢᠭᠤᠯᠤᠨ ᠵᠦᠪᠰᠢᠶᠡᠷᠡᠭᠦᠯᠬᠦ ᠨᠢ ᠵᠠᠷᠴᠢᠮ ᠲᠡᠭᠡᠷ᠎ᠡ ᠪᠠᠨ ᠵᠠᠰᠠᠭ ᠤᠨ | ᠤᠷᠳᠤᠨ ᠤ ᠤᠳᠤᠷᠢᠳᠤᠯᠭ᠎ᠠ ᠶᠢᠨ ᠵᠢᠬᠰᠠᠭᠠᠯᠲᠡ ᠪᠠᠷ ᠨᠢ ᠶᠠᠪᠤᠭᠳᠠᠵᠦ᠂ ᠶᠡᠷᠦ ᠶᠢᠨ ᠪᠠᠶᠢᠲᠡᠯ ᠲᠤᠤᠷ᠎ᠡ ᠬᠦᠨᠲᠡᠯᠡᠨ | ᠲᠠᠮᠵᠢᠭᠤᠯᠬᠤ ᠦᠭᠡᠢ᠂ ᠰᠢᠭᠤᠳ ᠬᠦᠷᠭᠡᠬᠦ ᠦᠭᠡᠢ᠃ | ᠲᠠᠪᠢᠨ ᠲᠦᠷᠪᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠵᠦᠪᠰᠢᠶᠠᠷᠡᠭᠰᠡᠨ | ᠪᠤᠶᠦ ᠭᠠᠷ ᠤᠨ ᠦᠰᠦᠭ ᠵᠢᠷᠤᠭᠰᠡᠨ ᠠᠯᠪᠠᠨ ᠪᠢᠴᠢᠭ ᠨᠢ ᠰᠠᠨᠠᠯ ᠢᠶᠠᠨ ᠲᠤᠳᠤᠷᠬᠠᠢ ᠪᠢᠴᠢᠭᠯᠡᠵᠦ᠂ ᠴᠤᠬᠤᠵᠦ | ᠦᠵᠡᠭᠰᠡᠨ ᠪᠤᠶᠦ ᠭᠠᠷ ᠤᠨ ᠦᠰᠦᠭ ᠵᠢᠷᠤᠭᠰᠡᠨ ᠪᠠᠶᠢᠪᠡᠯ ᠵᠦᠪᠰᠢᠶᠠᠷᠡᠭᠰᠡᠨ ᠢᠶᠠᠷ ᠪᠤᠳᠤᠨ᠎ᠡ︔ ᠪᠠᠶᠢᠭᠤᠯᠤᠮᠵᠢ | ᠤᠷᠤᠨ ᠲᠤᠭ᠎ᠠ᠂ ᠴᠢᠬᠤᠯᠡ ᠶᠡᠭᠡ ᠪᠡᠯᠡ ᠮᠦᠩᠭᠦᠨ ᠤ ᠬᠤᠪᠢᠶᠠᠷᠢᠯᠠᠨ ᠠᠰᠢᠭᠯᠠᠬᠤ᠂ ᠴᠢᠬᠤᠯᠡ ᠲᠦᠷᠦ ᠶᠢᠨ ᠪᠤᠳᠤᠯᠭ᠎ᠠ | ᠶᠢ ᠲᠤᠭᠳᠠᠭᠠᠨ ᠨᠡᠶᠢᠲᠡᠯᠡᠬᠦ᠂ ᠴᠢᠬᠤᠯᠡ ᠶᠡᠭᠡ ᠬᠦᠲᠡᠯᠭᠡᠭᠡᠨ ᠢ ᠲᠤᠬᠢᠷᠠᠭᠤᠯᠬᠤ ᠵᠡᠷᠭᠡ ᠳᠤ ᠬᠤᠯᠪᠤᠭᠳᠠᠭᠰᠡᠨ | ᠶᠡᠷᠦᠩᠬᠡᠶᠢᠯᠡᠭᠰᠡᠨ ᠴᠢᠨᠠᠷ ᠲᠠᠢ᠂ ᠪᠦᠬᠦ ᠲᠠᠯᠠᠲᠦ ᠴᠢᠨᠠᠷ ᠲᠠᠢ ᠴᠢᠬᠤᠯᠡ ᠶᠡᠭᠡ ᠵᠦᠢᠯᠡᠰ ᠢ ᠡᠷᠭᠡᠪᠰᠢ ᠬᠤᠰᠢᠭᠤᠨ | ᠲᠠᠷᠤᠭ᠎ᠠ ᠳᠤ ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃ | ᠲᠠᠪᠢᠨ ᠲᠠᠪᠤᠳᠤᠭᠠᠷ ᠵᠦᠢᠯ᠂ ᠤᠯᠤᠰ᠂ ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠲᠡ ᠶᠢᠨ ᠵᠠᠰᠠᠭ ᠤᠨ | ᠤᠷᠳᠤᠨ ᠤ ᠰᠦᠯᠵᠢᠶᠠᠨ ᠳᠤ ᠢᠯᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠢᠩᠭᠢᠨᠢ ᠠᠯᠪᠠᠨ ᠪᠢᠴᠢᠭ ᠤᠨ | ᠭᠦᠢᠴᠡᠳᠭᠡᠯ ᠢᠶᠠᠷ ᠦᠵᠡᠨ᠎ᠡ᠃ ᠢᠯᠡ ᠪᠠᠷ ᠨᠡᠶᠢᠲᠡᠯᠡᠭᠰᠡᠨ ᠪᠤᠶᠦ ᠬᠡᠪᠯᠡᠨ ᠲᠠᠷᠬᠠᠭᠠᠭᠰᠡᠨ ᠲᠦᠷᠦ ᠶᠢᠨ ᠪᠤᠳᠤᠯᠭ᠎ᠠ | ᠶᠢᠨ ᠴᠢᠨᠠᠷᠲᠠᠢ ᠪᠢᠴᠢᠭ ᠮᠠᠲ᠋ᠧᠷᠢᠶᠡᠯ ᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ | ᠪᠤᠶᠦ ᠲᠡᠳ᠋ ᠡᠷᠬᠢᠯᠡᠭᠴᠢ ᠮᠡᠲᠡᠭᠦᠯᠦᠨ ᠵᠦᠪᠰᠢᠶᠡᠷᠡᠭᠦᠯᠬᠦ ᠰᠠᠨᠠᠯ ᠲᠤᠷᠠᠳᠴᠦ᠂ ᠬᠤᠪᠢᠳᠡᠨ ᠬᠠᠮᠢᠶᠠᠷᠬᠤ ᠬᠤᠰᠢᠭᠤᠨ | ᠲᠡᠳ᠋ ᠲᠠᠷᠤᠭ᠎ᠠ ᠠᠵᠢᠯ ᠤᠨ ᠬᠤᠪᠢᠶᠠᠷᠢᠯᠡᠯ ᠢᠶᠠᠨ ᠦᠨᠳᠦᠰᠦᠯᠡᠨ ᠪᠤᠳᠠᠳᠠᠢ ᠰᠠᠨᠠᠯ ᠢᠶᠠᠨ ᠭᠠᠷ ᠤᠨ ᠦᠰᠦᠭ ᠵᠢᠷᠤᠵᠦ | ᠵᠦᠪᠰᠢᠶᠡᠷᠡᠭᠰᠡᠨ ᠤ ᠲᠠᠷᠠᠭ᠎ᠠ ᠬᠤᠰᠢᠭᠤᠨ ᠲᠠᠷᠤᠭ᠎ᠠ ᠳᠤ ᠮᠡᠲᠡᠭᠦᠯᠦᠨ ᠵᠦᠪᠰᠢᠶᠡᠷᠡᠭᠦᠯᠦᠨ᠎ᠡ᠃ | ᠲᠠᠪᠢᠨ ᠵᠢᠷᠭᠤᠳᠤᠭᠠᠷ ᠵᠦᠢᠯ᠂ ᠡᠯ᠎ᠡ ᠰᠤᠮᠤ ᠰᠢᠶᠠᠩ ᠪᠠᠯᠭᠠᠰᠦ᠂ ᠪᠠᠷᠠᠭᠤᠨ ᠠᠵᠦ ᠦᠢᠯᠡᠳᠪᠦᠷᠢ ᠶᠢᠨ | ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢ ᠠᠯᠪᠠᠨ ᠪᠢᠴᠢᠭ ᠤᠨ | ᠬᠠᠦᠯᠢ ᠲᠦᠷᠢᠮ ᠳᠤ ᠨᠡᠶᠢᠴᠡᠭᠰᠡᠨ ᠬᠢᠨᠠᠨ ᠪᠠᠶᠢᠴᠠᠭᠠᠯᠲᠡ ᠶᠢ ᠤᠯᠠᠮ ᠴᠢᠨᠠᠭᠰᠢᠲᠡ ᠴᠢᠩᠭᠠᠳᠬᠠᠵᠦ᠂ ᠬᠤᠰᠢᠭᠤᠨ ᠤ | ᠵᠠᠰᠠᠭ ᠤᠨ ᠣᠷᠳᠤᠨ ᠳᠤ ᠮᠡᠲᠡᠭᠦᠯᠦᠨ ᠬᠦᠷᠭᠡᠭᠰᠡᠨ ᠠᠯᠪᠠᠨ ᠪᠢᠴᠢᠭ ᠪᠤᠯᠭᠠᠨ ᠢ ᠭᠤᠤᠯ ᠬᠠᠷᠢᠭᠤᠴᠠᠯᠭᠠᠲᠡᠨ ᠠᠴᠠ | ᠭᠠᠷ ᠤᠨ ᠦᠰᠦᠭ ᠵᠢᠷᠦᠵᠦ ᠶᠠᠪᠤᠭᠤᠯᠬᠤ ᠪᠦᠭᠡᠳ ᠲᠡᠮᠵᠢᠯᠭᠡ ᠶᠢᠨ ᠴᠢᠨᠠᠷᠲᠠᠢ ᠪᠢᠴᠢᠭ ᠮᠠᠲ᠋ᠧᠷᠢᠶᠡᠯ ᠢ ᠭᠦᠢᠴᠡᠳ | ᠪᠡᠯᠡᠳᠭᠡᠬᠦ ᠬᠡᠷᠡᠭᠲᠠᠢ᠃ ᠮᠡᠲᠡᠭᠦᠯᠦᠯᠲᠡ ᠮᠡᠲᠦ ᠶᠢᠨ ᠠᠯᠪᠠᠨ ᠪᠢᠴᠢᠭ ᠲᠤ ᠵᠢᠭᠠᠪᠦᠷᠢ ᠠᠪᠬᠤ ᠵᠦᠢᠯᠡᠰ ᠠᠭᠤᠯᠤᠭᠳᠠᠵᠦ | ᠪᠤᠯᠬᠤ ᠦᠭᠡᠢ︔ ᠵᠢᠭᠠᠪᠦᠷᠢ ᠠᠪᠬᠤ ᠲᠦᠷᠦᠯ ᠤᠨ ᠠᠯᠪᠠᠨ ᠪᠢᠴᠢᠭ ᠪᠤᠯ ᠨᠢᠭᠡ ᠵᠦᠢᠯᠡᠰ ᠨᠢᠭᠡ ᠪᠢᠴᠢᠭ᠂ ᠬᠠᠮᠢᠶ᠎ᠡ | ᠪᠦᠬᠦᠢ ᠲᠦᠷᠦ ᠶᠢᠨ ᠪᠤᠳᠤᠯᠭ᠎ᠠ ᠶᠢᠨ ᠦᠨᠳᠦᠰᠦᠯᠡᠯ ᠢ ᠲᠠᠭᠠᠯᠳᠤᠭᠤᠯᠤᠯ ᠤᠨ ᠬᠡᠯᠪᠡᠷᠢ ᠪᠠᠷ ᠶᠠᠪᠤᠭᠤᠯᠤᠨᠡ︔ ᠵᠠᠰᠠᠭ | ᠤᠨ ᠤᠷᠳᠤᠨ ᠤ ᠤᠳᠤᠷᠢᠳᠤᠯᠭ᠎ᠠ ᠠᠴᠠ ᠲᠠᠭᠠᠭᠠᠯᠭᠠᠭᠰᠡᠨ ᠵᠦᠢᠯᠡᠰ ᠪᠤᠯᠤᠨ ᠡᠷᠭᠡᠪᠰᠢ ᠰᠢᠭᠤᠳ ᠮᠡᠲᠡᠭᠦᠯᠬᠦ | ᠴᠢᠬᠤᠯᠡ ᠲᠠᠢ ᠲᠡᠰ ᠨᠢᠭᠤᠴᠡ ᠵᠦᠢᠯᠡᠰ ᠠᠴᠠ ᠭᠠᠳᠠᠨ᠎ᠡ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ | ᠬᠤᠪᠢ ᠬᠦᠮᠦᠨ ᠳᠤ ᠠᠯᠪᠠᠨ ᠪᠢᠴᠢᠭ ᠢ ᠰᠢᠭᠤᠳ ᠮᠡᠲᠡᠭᠦᠯᠦᠨ ᠬᠦᠷᠭᠡᠵᠦ ᠪᠤᠯᠬᠤ ᠦᠭᠡᠢ︔ ᠬᠠᠮᠢᠶ᠎ᠡ ᠪᠦᠬᠦᠢ | ᠲᠤᠭᠳᠠᠭᠠᠯ ᠳᠤ ᠨᠡᠶᠢᠴᠡᠬᠦ ᠦᠭᠡᠢ ᠶᠢ ᠨᠢ ᠠᠯᠪᠠᠨ ᠪᠢᠴᠢᠭ ᠮᠡᠲᠡᠭᠦᠯᠦᠭᠰᠡᠨ ᠪᠠᠶᠢᠭᠤᠯᠭ᠎ᠠ ᠳᠤ ᠨᠢ ᠪᠤᠴᠠᠭᠠᠨ | ᠶᠠᠪᠤᠭᠤᠯᠤᠨᠡ᠃ | ᠲᠠᠪᠢᠨ ᠲᠤᠯᠤᠳᠤᠭᠠᠷ ᠵᠦᠢᠯ᠂ ᠡᠯ᠎ᠡ ᠰᠤᠮᠤ ᠰᠢᠶᠠᠩ ᠪᠠᠯᠭᠠᠰᠦ᠂ ᠡᠯ᠎ᠡ ᠰᠠᠯᠠᠭ᠎ᠠ ᠮᠦᠴᠢᠷ ᠨᠢ ᠬᠤᠰᠢᠭᠤᠨ ᠤ | ᠵᠠᠰᠠᠭ ᠤᠨ ᠤᠷᠳᠤᠨ ᠪᠤᠶᠦ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠠᠯᠪᠠᠨ ᠪᠢᠴᠢᠭ ᠬᠡᠪᠯᠡᠨ | ᠲᠠᠷᠬᠠᠭᠠᠬᠤ ᠳᠤ ᠤᠷᠤᠯᠠᠨ ᠲᠤᠭᠤᠷᠪᠢᠭᠰᠡᠨ ᠡᠬᠡ ᠪᠢᠴᠢᠭ ᠢᠶᠠᠨ ᠲᠡᠪᠰᠢᠭᠦᠯᠬᠦ ᠦᠶ᠎ᠡ ᠳᠤ ᠠᠯᠪᠠᠨ ᠪᠢᠴᠢᠭ | ᠲᠠᠷᠬᠠᠭᠠᠬᠤ ᠤᠴᠢᠷ ᠰᠢᠯᠲᠠᠭᠠᠨ᠂ ᠠᠬᠤᠢ ᠪᠠᠶᠢᠲᠡᠯ ᠪᠡ ᠬᠠᠮᠢᠶ᠎ᠡ ᠪᠦᠬᠦᠢ ᠲᠤᠳᠤᠷᠬᠠᠶᠢᠯᠠᠯᠲᠡ ᠶᠢᠨ ᠮᠠᠲ᠋ᠧᠷᠢᠶᠡᠯ ᠢᠶᠠᠨ | ᠬᠠᠮᠲᠦ ᠳᠤ ᠨᠢ ᠮᠡᠲᠡᠭᠦᠯᠦᠨ ᠬᠦᠷᠭᠡᠵᠦ᠂ ᠢᠯᠡ ᠪᠠᠷ ᠰᠠᠨᠠᠯ ᠬᠤᠷᠢᠶᠠᠬᠤ ᠪᠠᠶᠢᠲᠡᠯ ︵ᠬᠠᠦᠯᠢ ᠶᠤᠰᠤᠭᠠᠷ ᠨᠢᠭᠤᠴᠡ ᠶᠢ | ᠬᠠᠮᠠᠭᠠᠯᠠᠬᠤ ᠶᠢ ᠲᠤᠳᠤᠷᠬᠠᠶᠢᠯᠠᠵᠦ ᠦᠭᠭᠦ ᠴᠢᠬᠤᠯᠡ ᠲᠠᠢ︶᠂ ᠰᠠᠯᠠᠭ᠎ᠠ ᠮᠦᠴᠢᠷ ᠤᠨ ᠲᠤᠳᠤᠭᠠᠳᠤᠬᠢ ᠬᠠᠦᠯᠢ ᠲᠦᠷᠢᠮ | ᠳᠤ ᠨᠡᠶᠢᠴᠡᠭᠰᠡᠨ ᠬᠢᠨᠠᠨ ᠪᠠᠶᠢᠴᠠᠭᠠᠯᠲᠡ ᠶᠢᠨ ᠪᠠᠶᠢᠲᠡᠯ᠂ ᠲᠦᠷᠦ ᠶᠢᠨ ᠪᠤᠳᠤᠯᠭ᠎ᠠ ᠨᠡᠶᠢᠲᠡᠯᠡᠬᠦ ᠦᠨᠡᠯᠡᠯᠲᠡ ᠶᠢᠨ | ᠪᠠᠶᠢᠲᠡᠯ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠲᠦᠰᠦᠯ ᠪᠡ ᠮᠠᠲ᠋ᠧᠷᠢᠶᠡᠯ ᠵᠢᠴᠢ ᠶᠠᠷᠢᠶ᠎ᠡ ᠬᠡᠯᠡᠯᠴᠡᠭᠡ ᠶᠢ | ᠠᠷᠭᠠᠴᠠᠬᠤ ᠲᠦᠰᠦᠯ ᠵᠡᠷᠭᠡ ᠶᠢ ᠲᠠᠭᠠᠯᠳᠤᠭᠤᠯᠵᠦ᠂ ᠠᠯᠪᠠᠨ ᠪᠢᠴᠢᠭ ᠢ ᠢᠯᠡ ᠪᠤᠯᠭᠠᠬᠤ ᠰᠢᠨᠵᠢ ᠴᠢᠨᠠᠷ ᠤᠨ ᠲᠤᠬᠠᠢ | ᠲᠤᠳᠤᠷᠬᠠᠢ ᠰᠠᠨᠠᠭᠤᠯᠭ᠎ᠠ ᠲᠤᠷᠠᠳᠬᠤ ᠶᠢᠨ ᠬᠠᠮᠲᠦ᠂ ᠤᠴᠢᠷ ᠰᠢᠯᠳᠠᠭᠠᠨ ᠢᠶᠠᠨ ᠲᠤᠳᠤᠷᠬᠠᠶᠢᠯᠠᠨᠡ᠃ ᠪᠤᠰᠤᠳ ᠰᠠᠯᠠᠭ᠎ᠠ | ᠮᠦᠴᠢᠷ ᠤᠨ ᠡᠷᠭᠡ ᠲᠤᠰᠢᠶᠠᠯ ᠳᠤ ᠬᠤᠯᠪᠤᠭᠳᠠᠬᠤ ᠶᠢ ᠡᠷᠭᠡᠪᠰᠢ ᠰᠠᠨᠠᠭᠠᠴᠢᠯᠠᠭ᠎ᠠ ᠠᠴᠠ ᠪᠠᠨ ᠬᠠᠮᠢᠶ᠎ᠡ ᠪᠦᠬᠦᠢ | ᠰᠠᠯᠠᠭ᠎ᠠ ᠮᠦᠴᠢᠷ ᠲᠠᠢ ᠬᠦᠢᠴᠡᠳ ᠵᠦᠪᠳᠡᠯᠴᠠᠵᠦ᠂ ᠭᠤᠤᠯᠯᠠᠨ ᠡᠷᠬᠢᠯᠡᠭᠰᠡᠨ ᠪᠠᠶᠢᠭᠤᠯᠭ᠎ᠠ ᠶᠢᠨ ᠭᠤᠤᠯ | ᠬᠠᠷᠢᠭᠤᠴᠠᠯᠭᠠᠳᠠᠨ ᠠᠴᠠ ᠬᠠᠮᠢᠶ᠎ᠡ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠲᠠᠢ ᠬᠠᠮᠲᠦ ᠪᠠᠷ ᠭᠠᠷ ᠤᠨ | ᠦᠰᠦᠭ ᠵᠢᠷᠤᠬᠤ ᠪᠤᠶᠦ ᠬᠤᠯᠪᠤᠭᠠᠯᠠᠨ ᠬᠤᠰᠢᠭᠤᠨ ᠤ ᠵᠠᠰᠠᠭ ᠤᠨ ᠤᠷᠳᠤᠨ ᠳᠤ ᠮᠡᠲᠡᠭᠦᠯᠵᠦ ᠬᠢᠨᠠᠨ | ᠵᠦᠪᠰᠢᠶᠠᠷᠡᠭᠦᠯᠦᠨᠡ᠃ ᠰᠠᠯᠠᠭ᠎ᠠ ᠮᠦᠴᠢᠷ ᠤᠨ ᠬᠤᠭᠤᠷᠤᠨᠲᠦ ᠪᠠᠨ ᠵᠦᠷᠢᠯᠳᠤᠭᠡᠨ ᠡᠭᠦᠰᠪᠡᠯ᠂ ᠭᠤᠤᠯᠯᠠᠨ ᠡᠷᠬᠢᠯᠡᠭᠰᠡᠨ | ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠰᠠᠨᠠᠭᠠᠴᠢᠯᠠᠭ᠎ᠠ ᠠᠴᠠ ᠪᠠᠨ ᠤᠷᠢᠳᠡᠪᠡᠷ ᠵᠦᠪᠳᠡᠯᠴᠠᠵᠦ᠂ | ᠵᠦᠪᠲᠡᠯᠴᠡᠭᠰᠡᠨ ᠴᠦ ᠰᠠᠨᠠᠯ ᠨᠢᠭᠡᠳᠬᠦ ᠦᠭᠡᠢ ᠪᠤᠯ᠂ ᠭᠤᠤᠯᠯᠠᠨ ᠡᠷᠬᠢᠯᠡᠭᠰᠡᠨ ᠰᠠᠯᠠᠭ᠎ᠠ ᠮᠦᠴᠢᠷ ᠤᠨ | ᠬᠠᠷᠢᠭᠤᠴᠠᠯᠭᠠᠲᠡᠨ ᠭᠠᠷ ᠤᠨ ᠦᠰᠦᠭ ᠵᠢᠷᠤᠵᠦ ᠬᠤᠰᠢᠭᠤᠨ ᠤ ᠵᠠᠰᠠᠭ ᠤᠨ ᠤᠷᠳᠤᠨ ᠳᠤ ᠮᠡᠲᠡᠭᠦᠯᠵᠦ | ᠰᠢᠢᠳᠪᠦᠷᠢᠯᠡᠨ᠎ᠡ᠃ | ᠲᠠᠪᠢᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠲᠤᠭᠳᠠᠭᠠᠭᠰᠡᠨ ᠲᠦᠷᠢᠮᠵᠢᠯ ᠤᠨ | ᠴᠢᠨᠠᠷᠲᠠᠢ ᠪᠢᠴᠢᠭ ᠮᠠᠲ᠋ᠧᠷᠢᠶᠡᠯ᠂ ᠨᠡᠶᠢᠲᠡᠯᠡᠭᠰᠡᠨ ᠵᠠᠷᠯᠢᠭ᠂ ᠬᠤᠲᠡ ᠶᠢᠨ ᠵᠠᠰᠠᠭ ᠤᠨ ᠤᠷᠳᠤᠨ ᠳᠤ ᠮᠡᠲᠡᠭᠦᠯᠦᠨ | ᠬᠦᠷᠭᠡᠭᠰᠡᠨ ᠠᠯᠪᠠᠨ ᠪᠢᠴᠢᠭ᠂ ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠪᠤᠶᠦ ᠪᠠᠶᠢᠩᠭᠤ | ᠶᠢᠨ ᠬᠤᠷᠢᠶ᠎ᠡ ᠳᠤ ᠲᠤᠰᠢᠶᠠᠭᠰᠡᠨ ᠵᠦᠪᠯᠡᠬᠦ ᠰᠡᠳᠤᠪ ᠢ ᠬᠤᠰᠢᠭᠤᠨ ᠲᠠᠷᠤᠭ᠎ᠠ ᠭᠠᠷ ᠤᠨ ᠦᠰᠦᠭ ᠵᠢᠷᠤᠵᠦ | ᠶᠠᠪᠤᠭᠤᠯᠤᠨᠡ᠃ | ᠲᠠᠪᠢᠨ ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠨᠡᠷ᠎ᠡ ᠪᠠᠷ ᠲᠡᠭᠰᠢ ᠶᠠᠪᠤᠭᠤᠯᠬᠤ | ᠠᠯᠪᠠᠨ ᠪᠢᠴᠢᠭ᠂ ᠲᠤᠷᠤᠭᠰᠢ ᠶᠠᠪᠤᠭᠤᠯᠬᠤ ᠠᠯᠪᠠᠨ ᠪᠢᠴᠢᠭ ᠢ ᠬᠤᠪᠢᠳᠡᠨ ᠬᠠᠮᠢᠶᠠᠷᠬᠤ ᠬᠤᠰᠢᠭᠤᠨ ᠲᠡᠳ᠋ ᠲᠠᠷᠤᠭ᠎ᠠ | ᠭᠠᠷ ᠤᠨ ᠦᠰᠦᠭ ᠵᠢᠷᠤᠵᠦ ᠶᠠᠪᠤᠭᠤᠯᠤᠨᠡ᠃ ᠬᠤᠶᠠᠷ ᠠᠴᠠ ᠲᠡᠭᠡᠭᠰᠢᠬᠢ ᠲᠡᠳ᠋ ᠲᠠᠷᠤᠭ᠎ᠠ ᠶᠢᠨ ᠬᠤᠪᠢᠳᠠᠨ | ᠬᠠᠮᠢᠶᠠᠷᠬᠤ ᠠᠵᠢᠯ ᠳᠤ ᠬᠤᠯᠪᠤᠭᠳᠠᠭᠰᠡᠨ ᠠᠯᠪᠠᠨ ᠪᠢᠴᠢᠭ ᠢ ᠬᠠᠮᠢᠶ᠎ᠡ ᠪᠦᠬᠦᠢ ᠬᠤᠰᠢᠭᠤᠨ ᠲᠡᠳ᠋ ᠲᠠᠷᠤᠭ᠎ᠠ | ᠬᠠᠮᠲᠦᠷᠡᠨ ᠬᠢᠨᠠᠭᠰᠡᠨ ᠤ ᠲᠠᠷᠠᠭ᠎ᠠ ᠭᠠᠷ ᠤᠨ ᠦᠰᠦᠭ ᠵᠢᠷᠤᠵᠦ ᠶᠠᠪᠤᠭᠤᠯᠤᠨᠡ᠃ ᠡᠭᠦᠨ ᠤ ᠲᠤᠳᠤᠷ᠎ᠡ᠂ | ᠶᠡᠷᠦᠩᠬᠡᠶᠢᠯᠡᠭᠰᠡᠨ ᠴᠢᠨᠠᠷ ᠲᠠᠢ᠂ ᠪᠦᠬᠦ ᠲᠠᠯᠠᠲᠦ ᠴᠢᠨᠠᠷᠲᠠᠢ ᠴᠢᠬᠤᠯᠡ ᠶᠡᠭᠡ ᠵᠦᠢᠯᠡᠰ ᠳᠤ ᠪᠠᠭᠳᠠᠬᠤ ᠶᠢ ᠨᠢ ᠬᠤᠪᠢᠳᠠᠨ | ᠬᠠᠮᠢᠶᠠᠷᠬᠤ ᠬᠤᠰᠢᠭᠤᠨ ᠲᠡᠳ᠋ ᠲᠠᠷᠤᠭ᠎ᠠ ᠬᠢᠨᠠᠨ ᠬᠠᠷᠭᠤᠭᠤᠯᠤᠭᠰᠡᠨ ᠤ ᠲᠠᠷᠠᠭ᠎ᠠ ᠬᠤᠰᠢᠭᠤᠨ ᠲᠠᠷᠤᠭ᠎ᠠ ᠪᠤᠶᠦ | ᠪᠠᠶᠢᠩᠭᠤ ᠶᠢᠨ ᠬᠤᠰᠢᠭᠤᠨ ᠲᠡᠳ᠋ ᠲᠠᠷᠤᠭ᠎ᠠ ᠭᠠᠷ ᠤᠨ ᠦᠰᠦᠭ ᠵᠢᠷᠤᠵᠦ ᠶᠠᠪᠤᠭᠤᠯᠤᠨᠡ᠃ ᠤᠨᠴᠠ ᠴᠢᠬᠤᠯᠡ | ᠵᠦᠢᠯᠡᠰ ᠢ ᠬᠤᠰᠢᠭᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠡᠯ ᠪᠤᠶᠦ ᠬᠤᠰᠢᠭᠤᠨ ᠲᠠᠷᠤᠭ᠎ᠠ ᠶᠢᠨ | ᠠᠯᠪᠠᠨ ᠠᠵᠢᠯ ᠤᠨ ᠬᠤᠷᠡᠯ ᠲᠡᠭᠡᠷ᠎ᠡ ᠶᠠᠷᠢᠯᠴᠠᠨ ᠪᠠᠳᠤᠯᠠᠵᠦ᠂ ᠬᠤᠰᠢᠭᠤᠨ ᠲᠠᠷᠤᠭ᠎ᠠ ᠪᠤᠶᠦ ᠪᠠᠶᠢᠩᠭᠤ ᠶᠢᠨ | ᠬᠤᠰᠢᠭᠤᠨ ᠲᠡᠳ᠋ ᠲᠠᠷᠤᠭ᠎ᠠ ᠭᠠᠷ ᠤᠨ ᠦᠰᠦᠭ ᠵᠢᠷᠤᠵᠦ ᠶᠠᠪᠤᠭᠤᠯᠤᠨᠡ᠃ | ᠵᠢᠷᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠨᠡᠷ᠎ᠡ ᠪᠠᠷ ᠠᠯᠪᠠᠨ ᠪᠢᠴᠢᠭ | ᠲᠠᠷᠬᠠᠭᠠᠬᠤ ᠳᠤ᠂ ᠡᠩ ᠤᠨ ᠪᠠᠶᠢᠲᠡᠯ ᠳᠤ ᠬᠤᠪᠢᠳᠠᠨ ᠬᠠᠮᠢᠶᠠᠷᠬᠤ ᠬᠤᠰᠢᠭᠤᠨ ᠲᠡᠳ᠋ ᠲᠠᠷᠤᠭ᠎ᠠ ᠪᠤᠶᠦ ᠠᠯᠪᠠᠨ ᠭᠡᠷ | ᠤᠨ ᠡᠷᠬᠢᠯᠡᠭᠴᠢ ᠭᠠᠷ ᠤᠨ ᠦᠰᠦᠭ ᠵᠢᠷᠤᠵᠦ ᠲᠠᠷᠬᠠᠭᠠᠨᠡ᠃ ᠡᠭᠦᠨ ᠤ ᠲᠤᠳᠤᠷ᠎ᠡ᠂ ᠶᠡᠷᠦᠩᠬᠡᠶᠢᠯᠡᠭᠰᠡᠨ ᠴᠢᠨᠠᠷ᠂ ᠪᠦᠬᠦ | ᠲᠡᠯᠡᠲᠦ ᠴᠢᠨᠠᠷ ᠲᠠᠢ ᠴᠢᠬᠤᠯᠡ ᠶᠡᠭᠡ ᠵᠦᠢᠯᠡᠰ ᠲᠤ ᠬᠤᠯᠪᠤᠭᠳᠠᠭᠰᠡᠨ ᠢ ᠨᠢ ᠬᠤᠪᠢᠳᠠᠨ ᠬᠠᠮᠢᠶᠠᠷᠬᠤ ᠬᠤᠰᠢᠭᠤᠨ | ᠲᠡᠳ᠋ ᠲᠠᠷᠤᠭ᠎ᠠ ᠪᠤᠶᠦ ᠠᠯᠪᠠᠨ ᠭᠡᠷ ᠤᠨ ᠡᠷᠬᠢᠯᠡᠭᠴᠢ ᠬᠢᠨᠠᠨ ᠵᠦᠪᠰᠢᠶᠠᠷᠡᠭᠰᠡᠨ ᠤ ᠲᠠᠷᠠᠭ᠎ᠠ ᠬᠤᠰᠢᠭᠤᠨ ᠲᠠᠷᠤᠭ᠎ᠠ | ᠪᠤᠶᠦ ᠪᠠᠶᠢᠩᠭᠤ ᠶᠢᠨ ᠬᠤᠰᠢᠭᠤᠨ ᠲᠡᠳ᠋ ᠲᠠᠷᠤᠭ᠎ᠠ ᠭᠠᠷ ᠤᠨ ᠦᠰᠦᠭ ᠵᠢᠷᠦᠵᠦ ᠲᠠᠷᠭᠠᠬᠠᠨᠡ᠃ | ᠵᠢᠷᠠᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠪᠢᠴᠢᠭ ᠨᠢ ᠲᠤᠭᠳᠠᠭᠰᠡᠨ | ᠬᠤᠭᠤᠴᠠᠭᠠᠨ ᠳᠤ ᠬᠦᠢᠴᠡᠳᠭᠡᠵᠦ ᠲᠠᠭᠤᠰᠬᠠᠬᠤ ᠲᠦᠷᠢᠮ ᠢ ᠬᠡᠷᠡᠭᠵᠢᠭᠦᠯᠵᠦ᠂ ᠡᠩ ᠤᠨ ᠠᠯᠪᠠᠨ ᠪᠢᠴᠢᠭ ᠢ ᠵᠠᠷᠴᠢᠮ | ᠲᠡᠭᠡᠷ᠎ᠡ ᠪᠠᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠬᠤᠷᠢᠶᠠᠨ ᠲᠠᠩᠰᠠᠯᠠᠭᠰᠡᠨ ᠤ ᠲᠠᠷᠠᠭ᠎ᠠ 10 | ᠠᠵᠢᠯᠯᠠᠬᠤ ᠡᠳᠤᠷ ᠤᠨ ᠲᠤᠳᠤᠷ᠎ᠡ ᠬᠢᠨᠠᠨ ᠵᠦᠪᠰᠢᠶᠡᠷᠡᠵᠦ ᠭᠠᠷ ᠤᠨ ᠦᠰᠦᠭ ᠵᠢᠷᠤᠨᠡ᠂ ᠪᠠᠴᠢᠮ ᠠᠯᠪᠠᠨ ᠪᠢᠴᠢᠭ | ᠪᠤᠯ ᠭᠠᠷᠳᠠᠭᠰᠡᠨ ᠲᠠᠷᠤᠢ ᠳᠤ ᠨᠢ ᠭᠦᠢᠴᠡᠳᠭᠡᠨ᠎ᠡ︔ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ | ᠴᠤᠬᠤᠯᠠᠪᠦᠷᠢ ᠶᠢᠨ ᠰᠠᠨᠠᠯ ᠢ 2 ᠠᠵᠢᠯᠯᠠᠬᠤ ᠡᠳᠤᠷ ᠤᠨ ᠲᠤᠳᠤᠷ᠎ᠡ ᠲᠠᠭᠠᠭᠠᠯᠭᠠᠨ ᠭᠦᠢᠴᠡᠳᠭᠡᠪᠡᠯ ᠵᠤᠬᠢᠨ᠎ᠡ︔ ᠬᠠᠮᠢᠶ᠎ᠡ | ᠪᠦᠬᠦᠢ ᠰᠠᠯᠠᠭ᠎ᠠ ᠮᠦᠴᠢᠷ ᠲᠤ ᠰᠠᠨᠠᠯ ᠲᠤᠷᠠᠳᠤᠭᠰᠡᠨ ᠠᠯᠪᠠᠨ ᠪᠢᠴᠢᠭ ᠢ ᠡᠩ ᠤᠨ ᠪᠠᠶᠢᠲᠡᠯ ᠳᠤ 3 ᠠᠵᠢᠯᠯᠠᠬᠤ | ᠡᠳᠤᠷ ᠤᠨ ᠲᠤᠳᠤᠷ᠎ᠡ ᠬᠠᠷᠢᠭᠤ ᠦᠭᠴᠦ᠂ ᠪᠠᠴᠢᠮ ᠠᠯᠪᠠᠨ ᠪᠢᠴᠢᠭ ᠢ ᠬᠤᠰᠢᠭᠤᠨ ᠤ ᠵᠠᠰᠠᠭ ᠤᠨ ᠤᠷᠳᠤᠨ ᠤ | ᠠᠯᠪᠠᠨ ᠭᠡᠷ ᠤᠨ ᠱᠠᠭᠠᠷᠳᠠᠭᠰᠡᠨ ᠬᠤᠭᠤᠴᠠᠭ᠎ᠠ ᠶᠤᠰᠤᠭᠠᠷ ᠬᠠᠷᠢᠭᠤ ᠦᠭᠭᠦᠨ᠎ᠡ᠃ OA ᠬᠠᠮᠵᠢᠯᠴᠠᠨ ᠠᠵᠢᠯᠯᠠᠬᠤ | ᠰᠢᠰᠲ᠋ᠧᠮ ᠤᠨ ᠬᠡᠷᠡᠭᠯᠡᠯᠲᠡ ᠪᠡ ᠬᠠᠮᠢᠶᠠᠷᠤᠯᠲᠡ ᠶᠢ ᠴᠢᠩᠭᠠᠳᠬᠠᠵᠦ᠂ ᠠᠯᠪᠠᠨ ᠪᠢᠴᠢᠭ ᠤᠨ ᠭᠦᠢᠴᠡᠳᠭᠡᠬᠦ ᠦᠷ᠎ᠡ | ᠪᠦᠲᠦᠮᠵᠢ ᠶᠢ ᠲᠡᠭᠡᠭᠰᠢᠯᠡᠭᠦᠯᠦᠨ᠎ᠡ᠃ | ᠵᠢᠷᠠᠨ ᠬᠤᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ ᠮᠦᠴᠢᠷ | ᠨᠢ ᠠᠯᠪᠠᠨ ᠪᠢᠴᠢᠭ ᠢ ᠴᠤᠮᠠᠳᠬᠠᠨ᠂ ᠪᠢᠴᠢᠭ ᠮᠠᠲ᠋ᠧᠷᠢᠶᠡᠯ ᠢ ᠬᠢᠨᠠᠨ ᠬᠠᠷᠭᠤᠭᠤᠯᠬᠤ ᠶᠢ ᠴᠢᠩᠭᠠᠳᠬᠠᠵᠦ᠂ ᠬᠠᠦᠯᠢ | ᠴᠠᠭᠠᠵᠡ ᠬᠠᠦᠯᠢ ᠲᠦᠷᠢᠮ ᠪᠤᠶᠦ ᠲᠡᠭᠡᠲᠦ ᠱᠠᠳᠤᠨ ᠤ ᠲᠦᠷᠦ ᠶᠢᠨ ᠪᠤᠳᠤᠯᠭ᠎ᠠ ᠶᠢᠨ ᠪᠢᠴᠢᠭ ᠮᠡᠲ᠋ᠧᠷᠢᠶᠡᠯ ᠲᠤ | ᠨᠢᠭᠡᠨᠲᠡ ᠲᠤᠳᠤᠷᠬᠠᠢ ᠲᠤᠭᠳᠠᠭᠠᠭᠰᠡᠨ᠂ ᠪᠤᠳᠠᠳᠦ ᠠᠭᠤᠯᠭ᠎ᠠ ᠦᠭᠡᠢ᠂ ᠲᠠᠷᠬᠠᠭᠠᠪᠠᠴᠦ ᠪᠤᠯᠬᠤ ᠡᠰᠡ ᠲᠠᠷᠬᠠᠭᠠᠭᠰᠡᠨ | ᠴᠦ ᠪᠤᠯᠬᠤ ᠪᠢᠴᠢᠭ ᠮᠠᠲ᠋ᠧᠷᠢᠶᠡᠯ ᠢ ᠲᠠᠷᠬᠠᠭᠠᠵᠦ ᠪᠤᠯᠬᠤ ᠦᠭᠡᠢ︔ ᠰᠠᠯᠠᠭ᠎ᠠ ᠮᠦᠴᠢᠷ ᠤᠨ ᠡᠷᠭᠡ ᠶᠢᠨ ᠬᠡᠪᠴᠢᠶᠠᠨ | ᠳᠤ ᠪᠠᠶᠢᠭ᠎ᠠ ᠬᠡᠷᠡᠭ ᠶᠠᠪᠤᠳᠡᠯ ᠢ ᠰᠠᠯᠠᠭ᠎ᠠ ᠮᠦᠴᠢᠷ ᠠᠴᠠ ᠦᠪᠡᠰᠤᠪᠡᠨ ᠠᠯᠪᠠᠨ ᠪᠢᠴᠢᠭ ᠲᠡᠷᠬᠠᠭᠠᠬᠤ ᠪᠤᠶᠦ | ᠬᠤᠯᠪᠤᠭᠠᠯᠠᠨ ᠲᠠᠷᠬᠠᠭᠠᠵᠦ᠂ ᠬᠤᠰᠢᠭᠤᠨ ᠤ ᠵᠠᠰᠠᠭ ᠤᠨ ᠤᠷᠳᠤᠨ ᠠᠴᠠ ᠴᠤᠬᠤᠯᠠᠪᠦᠷᠢᠯᠠᠨ ᠲᠠᠮᠵᠢᠭᠤᠯᠬᠤ ᠪᠤᠶᠦ | ᠵᠠᠰᠠᠭ ᠤᠨ ᠤᠷᠳᠤᠨ ᠤ ᠠᠯᠪᠠᠨ ᠭᠡᠷ ᠠᠴᠠ ᠲᠠᠮᠵᠢᠭᠤᠯᠤᠨ ᠲᠠᠷᠬᠠᠭᠠᠬᠤ ᠬᠡᠷᠡᠭ ᠦᠭᠡᠢ︔ ᠠᠭᠤᠯᠭ᠎ᠠ ᠶᠢᠨ ᠲᠡᠯ᠎ᠡ ᠪᠠᠷ | ᠠᠳᠠᠯᠢᠪᠳᠤᠷ ᠠᠯᠪᠠᠨ ᠪᠢᠴᠢᠭ ᠢ ᠨᠢᠭᠡᠳᠤᠯᠲᠠᠢ ᠲᠦᠯᠦᠪᠯᠡᠨ ᠬᠤᠷᠢᠶᠠᠩᠭᠤᠶᠢᠯᠠᠵᠦ᠂ ᠨᠢᠭᠡᠳᠭᠡᠵᠦ ᠪᠤᠯᠬᠤ ᠶᠢ ᠨᠢ | ᠴᠢᠳᠠᠬᠤ ᠶᠢᠨ ᠬᠢᠷᠢ ᠪᠠᠷ ᠨᠢᠭᠡᠳᠭᠡᠨ᠎ᠡ︔ ᠲᠠᠭᠠᠯᠳᠤᠬᠤ ᠲᠦᠷᠦᠯ᠂ ᠠᠵᠢᠯ ᠤᠨ ᠬᠤᠪᠢᠶᠠᠷᠢᠯᠠᠯ ᠤᠨ ᠲᠦᠰᠦᠯ ᠵᠡᠷᠭᠡ | ᠪᠢᠴᠢᠭ ᠮᠠᠲ᠋ᠧᠷᠢᠶᠡᠯ ᠢ ᠵᠠᠷᠴᠢᠮ ᠲᠡᠭᠡᠷ᠎ᠡ ᠪᠠᠨ ᠪᠢᠴᠢᠭ ᠮᠠᠲ᠋ᠧᠷᠢᠶᠡᠯ ᠳᠤ ᠨᠢᠭᠡᠳᠭᠡᠨ ᠤᠷᠤᠭᠤᠯᠬᠤ ᠪᠤᠶᠦ | ᠲᠠᠭᠠᠯᠳᠤᠭᠤᠯᠤᠯ ᠤᠨ ᠬᠡᠯᠪᠡᠷᠢ ᠪᠠᠷ ᠲᠠᠷᠬᠠᠭᠠᠵᠦ᠂ ᠲᠤᠰᠠᠭᠠᠷ ᠨᠢ ᠲᠠᠷᠬᠠᠭᠠᠬᠤ ᠴᠢᠬᠤᠯᠡ ᠦᠭᠡᠢ᠃ | ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠰᠠᠯᠠᠭ᠎ᠠ ᠮᠦᠴᠢᠷ ᠪᠢᠴᠢᠭ ᠮᠠᠲ᠋ᠧᠷᠢᠶᠡᠯ ᠨᠡᠶᠢᠲᠡᠯᠡᠬᠦ ᠳᠤ᠂ | ᠠᠰᠠᠭᠤᠳᠡᠯ ᠤᠨ ᠤᠳᠤᠷᠢᠳᠤᠮᠵᠢ ᠶᠢ ᠪᠠᠷᠢᠮᠳᠠᠯᠠᠵᠦ᠂ ᠪᠠᠶᠢᠴᠠᠭᠠᠨ ᠰᠤᠳᠤᠯᠵᠦ ᠨᠤᠳᠠᠯᠠᠯᠲᠡ ᠭᠠᠷᠭᠠᠵᠦ᠂ ᠪᠤᠳᠠᠳᠠᠢ ᠲᠠᠢ | ᠨᠡᠶᠢᠴᠡᠬᠦ ᠮᠦᠷᠲᠡᠭᠡᠨ ᠠᠰᠠᠭᠤᠳᠡᠯ ᠢ ᠰᠢᠢᠳᠪᠦᠷᠢᠯᠡᠵᠦ ᠲᠡᠶᠢᠯᠭᠦ ᠪᠤᠳᠠᠳᠦ ᠠᠷᠭ᠎ᠠ᠂ ᠬᠠᠳᠠᠭᠤ ᠠᠷᠭ᠎ᠠ᠂ ᠰᠢᠨ᠎ᠡ ᠠᠷᠭ᠎ᠠ | ᠶᠢ ᠲᠤᠷᠠᠳᠴᠦ᠂ ᠬᠠᠨᠳᠤᠯᠭᠠᠲᠦ ᠴᠢᠨᠠᠷ ᠪᠡ ᠬᠡᠷᠡᠭᠵᠢᠭᠦᠯᠵᠦ ᠪᠤᠯᠬᠤᠶᠢᠴᠡ ᠴᠢᠨᠠᠷ ᠢ ᠳᠤᠪᠤᠶᠢᠯᠭᠠᠵᠦ᠂ ᠦᠰᠦᠭ ᠤᠨ | ᠬᠠᠭᠤᠳᠠᠰᠦ ᠲᠤᠭ᠎ᠠ ᠶᠢ ᠴᠢᠩᠭ᠎ᠠ ᠬᠢᠵᠠᠭᠠᠷᠯᠠᠵᠦ᠂ ᠠᠯᠪᠠᠨ ᠪᠢᠴᠢᠭ ᠤᠨ ᠪᠤᠳᠠᠳᠠᠢ ᠲᠤᠰᠠᠲᠠᠢ ᠪᠠᠶᠢᠬᠤ ᠶᠢ ᠪᠠᠳᠤᠯᠠᠨ᠎ᠡ᠃ | ᠵᠢᠷᠠᠨ ᠭᠤᠷᠪᠠᠳᠤᠭᠠᠷ ᠵᠦᠢᠯ᠂ ᠠᠯᠪᠠᠨ ᠪᠢᠴᠢᠭ ᠢ ᠭᠦᠢᠴᠡᠳᠭᠡᠵᠦ ᠲᠠᠭᠤᠰᠬᠠᠭᠰᠡᠨ ᠤ ᠲᠠᠷᠠᠭ᠎ᠠ᠂ ᠬᠤᠰᠢᠭᠤᠨ | ᠤ ᠵᠠᠰᠠᠭ ᠤᠨ ᠤᠷᠳᠤᠨ ᠤ ᠠᠯᠪᠠᠨ ᠭᠡᠷ ᠨᠢ ᠴᠠᠭ ᠲᠤᠬᠠᠢ ᠳᠤ ᠨᠢ ᠡᠮᠬᠢᠳᠭᠡᠨ ᠲᠠᠩᠰᠠᠯᠠᠵᠦ᠂ ᠬᠤᠵᠢᠮ ᠪᠠᠶᠢᠴᠠᠭᠠᠨ | ᠦᠵᠡᠬᠦ ᠳᠤ ᠲᠦᠭᠦᠮ ᠦᠵᠡᠭᠦᠯᠦᠨ᠎ᠡ᠃ | ᠵᠢᠷᠠᠨ ᠲᠦᠷᠪᠡᠳᠤᠭᠡᠷ ᠵᠦᠢᠯ᠂ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ | ᠣᠷᠳᠤᠨ︾ ᠤ ᠲᠠᠮᠠᠭ᠎ᠠ ᠶᠢ ᠬᠡᠷᠡᠭᠯᠡᠬᠦ ᠳᠤ᠂ ᠬᠤᠰᠢᠭᠤᠨ ᠲᠠᠷᠤᠭ᠎ᠠ ᠪᠡ ᠪᠠᠶᠢᠩᠭᠤ ᠶᠢᠨ ᠬᠤᠰᠢᠭᠤᠨ ᠲᠡᠳ᠋ ᠲᠠᠷᠤᠭ᠎ᠠ | ᠠᠴᠠ ᠬᠢᠨᠠᠨ ᠵᠦᠪᠰᠢᠶᠡᠷᠡᠨ᠎ᠡ︔ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ | ᠣᠷᠳᠤᠨ ᠤ ᠠᠯᠪᠠᠨ ᠭᠡᠷ︾ ᠤᠨ ᠲᠠᠮᠠᠭ᠎ᠠ ᠶᠢ ᠬᠡᠷᠡᠭᠯᠡᠬᠦ ᠳᠤ᠂ ᠠᠵᠢᠯ ᠤᠨ ᠠᠭᠤᠯᠭ᠎ᠠ ᠪᠠᠨ ᠦᠨᠳᠦᠰᠦᠯᠡᠨ ᠬᠤᠰᠢᠭᠤᠨ | ᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ᠂ ᠬᠤᠰᠢᠭᠤᠨ ᠲᠡᠳ᠋ ᠲᠠᠷᠤᠭ᠎ᠠ᠂ ᠬᠤᠰᠢᠭᠤᠨ ᠲᠠᠷᠤᠭ᠎ᠠ ᠠᠴᠠ | ᠲᠤᠰ ᠲᠤᠰ ᠬᠢᠨᠠᠨ ᠵᠦᠪᠰᠢᠶᠡᠷᠡᠨ᠎ᠡ︔ ︽ᠲᠤᠮᠳᠠᠲᠦ ᠤᠯᠤᠰ ᠤᠨ ᠡᠪ ᠬᠠᠮᠲᠦ ᠨᠠᠮ ᠤᠨ ᠲᠠᠷᠬᠠᠨ ᠮᠤᠤᠮᠢᠩᠭᠠᠨ | ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ ᠣᠷᠳᠤᠨ ᠤ ᠨᠠᠮ ᠤᠨ ᠲᠤᠭᠤᠶᠢᠯᠠᠩ︾ ᠤᠨ ᠲᠠᠮᠠᠭ᠎ᠠ ᠶᠢ | ᠬᠡᠷᠡᠭᠯᠡᠬᠦ ᠳᠤ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠱᠦᠵᠢ ᠪᠤᠶᠦ ᠲᠡᠳ᠋ ᠱᠦᠵᠢ ᠬᠢᠨᠠᠨ | ᠵᠦᠪᠰᠢᠶᠡᠷᠡᠨ᠎ᠡ᠃ ᠬᠤᠰᠢᠭᠤᠨ ᠲᠠᠷᠤᠭ᠎ᠠ ᠪᠤᠶᠦ ᠬᠤᠰᠢᠭᠤᠨ ᠲᠡᠳ᠋ ᠲᠠᠷᠤᠭ᠎ᠠ ᠶᠢᠨ ᠭᠠᠷ ᠤᠨ ᠦᠰᠦᠭ ᠤᠨ ᠲᠠᠮᠠᠭ᠎ᠠ | ᠶᠢ ᠬᠡᠷᠡᠭᠯᠡᠬᠦ ᠳᠤ᠂ ᠬᠤᠰᠢᠭᠤᠨ ᠲᠠᠷᠤᠭ᠎ᠠ ᠪᠤᠶᠦ ᠬᠤᠰᠢᠭᠤᠨ ᠲᠡᠳ᠋ ᠲᠠᠷᠤᠭ᠎ᠠ ᠠᠴᠠ ᠬᠢᠨᠠᠨ ᠵᠦᠪᠰᠢᠶᠡᠷᠡᠨ᠎ᠡ᠃ | ᠬᠤᠰᠢᠭᠤᠨ ᠤ ᠵᠠᠰᠠᠭ ᠤᠨ ᠤᠷᠳᠤᠨ ᠪᠡ ᠵᠠᠰᠠᠭ ᠤᠨ ᠤᠷᠳᠤᠨ ᠤ ᠠᠯᠪᠠᠨ ᠭᠡᠷ ᠤᠨ ᠡᠯ᠎ᠡ ᠲᠦᠷᠦᠯ ᠤᠨ ᠲᠠᠮᠠᠭ᠎ᠠ ᠶᠢ | ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠠᠴᠠ ᠲᠤᠰᠬᠠᠢ ᠬᠦᠮᠦᠨ ᠲᠤᠬᠢᠷᠠᠭᠤᠯᠤᠨ ᠬᠠᠮᠢᠶᠠᠷᠴᠦ | ᠭᠦᠢᠴᠡᠳᠭᠡᠨ᠎ᠡ᠃ | ᠠᠷᠪᠠᠳᠤᠭᠠᠷ ᠪᠦᠯᠦᠭ ᠱᠠᠯᠠᠪᠳᠠᠭᠤᠯᠤᠨ ᠪᠠᠶᠢᠴᠠᠭᠠᠯᠲᠡ ᠶᠢ ᠨᠡᠶᠢᠳᠠᠪᠦᠷᠢᠵᠢᠭᠤᠯᠤᠨᠡ | ᠵᠢᠷᠠᠨ ᠲᠠᠪᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠲᠡᠭᠡᠲᠦ ᠱᠠᠳᠤᠨ ᠤ ᠨᠠᠮ ᠤᠨ ᠬᠤᠷᠢᠶ᠎ᠡ᠂ | ᠵᠠᠰᠠᠭ ᠤᠨ ᠤᠷᠳᠤᠨ ᠪᠡ ᠬᠤᠰᠢᠭᠤ ᠨᠠᠮ ᠤᠨ ᠬᠤᠷᠢᠶ᠎ᠡ ᠵᠠᠰᠠᠭ ᠤᠨ ᠤᠷᠳᠤᠨ ᠤ ᠴᠢᠬᠤᠯᠡ ᠶᠡᠭᠡ ᠰᠢᠢᠳᠪᠦᠷᠢ | ᠪᠠᠶᠢᠷᠢᠯᠠᠭᠤᠯᠤᠯᠲᠡ ᠵᠢᠴᠢ ᠭᠤᠤᠯᠯᠠᠬᠤ ᠠᠵᠢᠯ ᠤᠨ ᠪᠠᠶᠢᠷᠢᠯᠠᠭᠤᠯᠤᠯᠲᠡ ᠳᠤ ᠱᠠᠯᠠᠪᠳᠠᠭᠤᠯᠤᠨ ᠪᠠᠶᠢᠴᠠᠭᠠᠬᠤ ᠲᠦᠷᠢᠮ | ᠢ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠦᠨ ᠤ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳᠪᠦᠷᠢ ᠶᠢᠨ | ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠡᠯ᠎ᠡ ᠰᠠᠯᠠᠭ᠎ᠠ ᠮᠦᠴᠢᠷ ᠨᠢ ᠬᠤᠰᠢᠭᠤᠨ ᠤ ᠵᠠᠰᠠᠭ ᠤᠨ ᠤᠷᠳᠤᠨ ᠤ | ᠪᠠᠶᠢᠷᠢᠯᠠᠭᠤᠯᠤᠭᠰᠡᠨ ᠠᠵᠢᠯ ᠢ ᠨᠠᠶᠢᠳᠠᠪᠦᠷᠢᠵᠢᠭᠤᠯᠬᠤ ᠬᠠᠷᠢᠭᠤᠴᠠᠯᠭ᠎ᠠ ᠲᠠᠢ᠃ ᠠᠵᠢᠯᠯᠠᠬᠤ ᠶᠠᠪᠤᠴᠡ ᠨᠢ ᠵᠤᠬᠢᠴᠠᠩᠭᠤᠢ᠂ | ᠬᠠᠷᠢᠭᠤᠴᠠᠯᠭ᠎ᠠ ᠨᠢ ᠲᠤᠳᠤᠷᠬᠠᠢ᠂ ᠬᠠᠷᠢᠭᠤ ᠲᠤᠰᠬᠠᠯ ᠨᠢ ᠤᠨᠤᠪᠴᠢᠲᠠᠢ ᠠᠵᠢᠯ ᠤᠨ ᠲᠤᠭᠳᠠᠴᠡ ᠶᠢ ᠤᠯᠠᠮ | ᠴᠢᠨᠠᠬᠰᠢᠲᠡ ᠪᠦᠷᠢᠨᠰᠢᠭᠦᠯᠦᠨ ᠲᠡᠭᠦᠯᠲᠡᠷᠵᠭᠦᠯᠵᠦ᠂ ᠪᠠᠶᠢᠩᠭᠤᠵᠢᠭᠰᠡᠨ ᠱᠠᠯᠠᠪᠳᠠᠭᠤᠯᠤᠨ ᠪᠠᠶᠢᠴᠠᠭᠠᠬᠤ ᠬᠠᠷᠢᠭᠤᠴᠠᠯᠭ᠎ᠠ | ᠨᠡᠭᠡᠮᠵᠢᠯᠡᠬᠦ ᠲᠤᠭᠳᠠᠴᠡ ᠪᠡ ᠵᠦᠪ ᠴᠢᠭᠯᠡᠯ ᠢᠶᠠᠷ ᠵᠤᠷᠢᠭᠵᠢᠭᠤᠯᠬᠤ ᠲᠤᠭᠳᠠᠴᠡ ᠶᠢ ᠪᠠᠶᠢᠭᠤᠯᠤᠨ ᠪᠦᠷᠢᠨᠰᠢᠭᠦᠯᠵᠦ᠂ | ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠦᠨᠳᠦᠷ ᠪᠦᠲᠦᠮᠵᠢᠲᠠᠢ᠂ ᠡᠯ᠎ᠡ ᠲᠦᠷᠦᠯ ᠤᠨ ᠰᠢᠢᠳᠪᠦᠷᠢ | ᠪᠠᠶᠢᠷᠢᠯᠠᠭᠤᠯᠤᠯᠲᠡ ᠪᠦᠲᠦᠮᠵᠢᠲᠠᠢ ᠨᠠᠶᠢᠳᠠᠪᠦᠷᠵᠢᠭᠤᠯᠬᠤ ᠶᠢ ᠪᠠᠳᠤᠯᠡᠨ᠎ᠡ᠃ | ᠵᠢᠷᠠᠨ ᠵᠢᠷᠭᠤᠳᠤᠭᠠᠷ ᠵᠦᠢᠯ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ᠨᠢ ᠲᠠᠷᠤᠢ ᠲᠡᠭᠡᠲᠦ | ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠪᠡ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠭᠤᠤᠯ ᠪᠤᠯᠬᠤ ᠰᠢᠢᠳᠪᠦᠷᠢ ᠪᠠᠶᠢᠷᠢᠯᠠᠭᠤᠯᠤᠯᠲᠡ᠂ ᠭᠤᠤᠯ ᠪᠤᠯᠬᠤ ᠠᠵᠢᠯ ᠤᠨ ᠪᠠᠶᠢᠷᠢᠯᠠᠭᠤᠯᠤᠯᠲᠡ ᠵᠢᠴᠢ ᠬᠤᠰᠢᠭᠤᠨ | ᠤ ᠵᠠᠰᠠᠭ ᠤᠨ ᠤᠷᠳᠤᠨ ᠤ ᠬᠤᠷᠡᠯ ᠤᠨ ᠰᠢᠢᠳᠪᠦᠷᠢ ᠶᠢᠨ ᠴᠢᠬᠤᠯᠡ ᠵᠦᠢᠯᠡᠰ ᠢ ᠨᠠᠶᠢᠳᠠᠪᠦᠷᠢᠵᠢᠭᠤᠯᠤᠭᠰᠡᠨ ᠪᠠᠶᠢᠲᠡᠯ︔ | ᠬᠤᠰᠢᠭᠤᠨ ᠤ ᠤᠳᠤᠷᠢᠳᠤᠯᠭ᠎ᠠ ᠶᠢᠨ ᠴᠤᠬᠤᠯᠠᠪᠤᠷᠢᠯᠠᠨ ᠲᠠᠭᠠᠭᠠᠯᠭᠠᠭᠰᠡᠨ ᠵᠦᠢᠯᠡᠰ ᠢ ᠨᠠᠶᠢᠳᠠᠪᠦᠷᠢᠵᠢᠭᠤᠯᠭᠰᠡᠨ | ᠪᠠᠶᠢᠲᠡᠯ︔ ᠬᠤᠰᠢᠭᠤᠨ ᠤ ᠠᠷᠡᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠰᠠᠨᠠᠭᠤᠯᠭ᠎ᠠ᠂ ᠤᠯᠤᠰ ᠲᠦᠷᠦ | ᠶᠢᠨ ᠵᠦᠪᠯᠡᠯᠭᠡᠨ ᠤ ᠭᠡᠰᠢᠭᠦᠨ ᠤ ᠰᠠᠨᠠᠯ ᠵᠦᠪᠯᠡᠯᠭᠡ ᠶᠢ ᠭᠦᠢᠴᠡᠳᠭᠡᠭᠰᠡᠨ ᠪᠠᠶᠢᠲᠡᠯ︔ ᠤᠯᠠᠨ ᠲᠦᠮᠡᠨ ᠨᠡᠶᠢᠲᠡᠮ | ᠠᠩᠬᠠᠷᠤᠯ ᠲᠠᠯᠪᠢᠵᠦ᠂ ᠨᠡᠶᠢᠭᠡᠮ ᠨᠡᠶᠢᠲᠡ ᠪᠠᠷ ᠠᠩᠬᠠᠷᠴᠦ ᠪᠦᠬᠦᠢ ᠬᠠᠯᠠᠮᠰᠢᠯ᠂ ᠬᠦᠴᠢᠷ ᠠᠰᠠᠭᠤᠳᠡᠯ ᠢ | ᠰᠢᠢᠳᠪᠦᠷᠢᠯᠡᠭᠰᠡᠨ ᠪᠠᠶᠢᠲᠡᠯ ᠵᠡᠷᠭᠡ᠃ ᠬᠤᠰᠢᠭᠤᠨ ᠤ ᠵᠠᠰᠠᠭ ᠤᠨ ᠤᠷᠳᠤᠨ ᠤ ᠨᠡᠷ᠎ᠡ ᠪᠠᠷ ᠦᠷᠨᠢᠭᠦᠯᠦᠭᠰᠡᠨ | ᠱᠠᠯᠠᠪᠳᠠᠭᠤᠯᠤᠨ ᠪᠠᠶᠢᠴᠠᠭᠠᠬᠤ ᠠᠵᠢᠯ ᠢ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠵᠢᠷᠠᠨ ᠲᠤᠯᠤᠳᠤᠭᠠᠷ ᠵᠦᠢᠯ᠂ ᠱᠠᠯᠠᠪᠳᠠᠭᠤᠯᠤᠨ ᠪᠠᠶᠢᠴᠠᠭᠠᠬᠤ ᠠᠵᠢᠯ ᠨᠢ ᠭᠤᠤᠯᠳᠠᠭᠤ ᠪᠤᠳᠠᠳᠦ ᠦᠷ᠎ᠡ | ᠪᠦᠲᠦᠮᠵᠢ ᠶᠢ ᠴᠢᠬᠤᠯᠴᠢᠯᠠᠵᠦ᠂ ᠬᠠᠷᠢᠭᠤᠴᠠᠯᠭᠠᠲᠦ ᠲᠦᠷᠢᠮ᠂ ᠰᠢᠯᠭᠠᠨ ᠦᠨᠡᠯᠡᠬᠦ ᠲᠦᠷᠢᠮ ᠪᠡ ᠮᠡᠲᠡᠭᠡᠯᠡᠯ ᠤᠨ | ᠲᠦᠷᠢᠮ ᠢ ᠬᠡᠷᠡᠭᠵᠢᠭᠦᠯᠦᠨ᠎ᠡ᠃ ᠮᠦᠷᠲᠡᠨ ᠪᠠᠶᠢᠴᠠᠭᠠᠬᠤ᠂ ᠪᠤᠳᠠᠳᠦ ᠭᠠᠵᠠᠷ ᠤᠨ ᠪᠠᠶᠢᠴᠠᠭᠠᠯᠲᠡ ᠬᠢᠬᠦ᠂ ᠨᠢᠭᠤᠴᠡ ᠪᠠᠷ | ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠢ ᠬᠡᠷᠡᠭᠯᠡᠨ᠂ ᠪᠦᠬᠦ ᠲᠡᠯ᠎ᠡ ᠪᠠᠷ᠂ ᠬᠦᠨᠵᠡᠭᠡᠢ ᠤᠨᠤᠪᠴᠢᠲᠠᠢ ᠪᠠᠷ | ᠪᠠᠶᠢᠲᠡᠯ ᠢ ᠤᠶᠢᠯᠠᠭᠠᠵᠦ᠂ ᠰᠠᠨᠠᠯ ᠵᠦᠪᠯᠡᠯᠭᠡ ᠲᠤᠷᠠᠳᠴᠦ᠂ ᠴᠠᠭ ᠲᠤᠬᠠᠢ ᠳᠤ ᠨᠢ ᠵᠦᠪ ᠤᠨᠤᠪᠴᠢᠲᠠᠢ ᠬᠠᠷᠢᠭᠤ | ᠲᠤᠰᠬᠠᠯ ᠭᠠᠷᠭᠠᠨ᠎ᠡ᠃ | ᠵᠢᠷᠠᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠷᠢᠯᠳᠤᠭᠦᠨ ᠭᠡᠰᠢᠭᠦᠨ ᠨᠠᠮ ᠤᠨ | ᠰᠠᠬᠢᠯᠭ᠎ᠠ ᠪᠠᠲᠦ ᠲᠦᠷᠢᠮ ᠲᠤᠭᠳᠠᠭᠠᠯ ᠢ ᠴᠢᠩᠭ᠎ᠠ ᠵᠢᠷᠤᠮᠯᠠᠵᠦ᠂ ︽ᠲᠦᠷᠪᠡᠨ ᠤᠬᠠᠮᠰᠠᠷ︾ ᠢ ᠪᠠᠲᠦ ᠪᠠᠬᠢ ᠪᠤᠢ | ᠪᠤᠯᠭᠠᠵᠦ᠂ ︽ᠲᠦᠷᠪᠡᠨ ᠢᠲᠡᠭᠡᠯ︾ ᠢ ᠡᠷᠡᠰ ᠪᠠᠲᠦ ᠪᠠᠷᠢᠮᠳᠠᠯᠠᠵᠦ᠂ ᠦᠵᠡᠯ ᠰᠠᠨᠠᠭ᠎ᠠ᠂ ᠤᠯᠤᠰ ᠲᠦᠷᠦ᠂ ᠦᠢᠯᠡ | ᠠᠵᠢᠯᠯᠠᠭ᠎ᠠ ᠲᠡᠭᠡᠷ᠎ᠡ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠡᠨ ᠨᠠᠮ ᠤᠨ ᠲᠦᠪ ᠬᠤᠷᠢᠶ᠎ᠡ ᠲᠠᠢ | ᠲᠡᠭᠡᠲᠦ ᠬᠡᠮᠵᠢᠶ᠎ᠡ ᠪᠠᠷ ᠨᠢᠭᠡᠳᠴᠦ᠂ ᠨᠠᠮ ᠤᠨ ᠲᠦᠪ ᠬᠤᠷᠢᠶᠠᠨ ᠤ ᠡᠷᠬᠡ ᠰᠦᠷ ᠪᠡ ᠲᠦᠪᠯᠡᠷᠡᠩᠭᠦᠢ ᠨᠢᠭᠡᠲᠤᠯᠲᠠᠢ | ᠤᠳᠤᠷᠢᠳᠤᠯᠭ᠎ᠠ ᠶᠢ ᠭᠤᠶᠢᠪᠢᠰᠢ ᠦᠭᠡᠢ ᠬᠠᠮᠠᠭᠠᠯᠠᠨ᠎ᠡ᠃ | ᠠᠷᠪᠠᠨ ᠨᠢᠭᠡᠳᠤᠭᠡᠷ ᠪᠦᠯᠦᠭ ᠠᠵᠢᠯ ᠤᠨ ᠰᠠᠬᠢᠯᠭ᠎ᠠ ᠪᠠᠲᠦ | ᠵᠢᠷᠠᠨ ᠶᠢᠰᠦᠳᠦᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠷᠢᠯᠳᠤᠭᠦᠨ ᠬᠡᠰᠢᠭᠦᠨ ᠨᠠᠮ ᠪᠡ | ᠤᠯᠤᠰ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ | ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ ᠵᠠᠰᠠᠭ ᠤᠨ ᠤᠷᠳᠤᠨ᠂ ᠪᠤᠭᠤᠲᠦ ᠬᠤᠲᠡ ᠶᠢᠨ ᠨᠠᠮ ᠤᠨ | ᠬᠤᠷᠢᠶ᠎ᠡ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶᠡᠨ ᠤ ᠰᠢᠢᠳᠪᠦᠷᠢ ᠪᠠᠶᠢᠷᠢᠯᠠᠭᠤᠯᠤᠯᠲᠡ ᠶᠢ | ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠵᠠᠷᠯᠢᠭ ᠢ ᠵᠠᠪᠠᠯ ᠲᠠᠭᠠᠵᠦ᠂ ᠴᠠᠭᠠᠵᠠᠯᠠᠬᠤ ᠵᠦᠢᠯᠡᠰ ᠢ ᠯᠡᠪ ᠬᠢᠬᠦ ᠦᠭᠡᠢ᠃ | ᠬᠤᠰᠢᠭᠤᠨ ᠤ ᠵᠠᠰᠠᠭ ᠤᠨ ᠣᠷᠳᠤᠨ ᠠᠴᠠ ᠬᠤᠲᠡ ᠶᠢᠨ ᠵᠠᠰᠠᠭ ᠤᠨ ᠣᠷᠳᠤᠨ ᠪᠡ ᠬᠤᠰᠢᠭᠤᠨ ᠤ ᠨᠠᠮ ᠤᠨ | ᠬᠤᠷᠢᠶᠡᠨ ᠳᠤ ᠵᠢᠯ ᠪᠦᠷᠢ ᠨᠢᠭᠡ ᠤᠳᠠᠭᠠᠨ ᠤ ᠪᠦᠬᠦ ᠲᠡᠯ᠎ᠡ ᠶᠢᠨ ᠠᠵᠢᠯ ᠤᠨ ᠬᠠᠷᠢᠭᠤ ᠮᠡᠲᠡᠭᠦᠯᠦᠯᠲᠡ ᠬᠢᠵᠦ᠂ | ᠬᠠᠮᠢᠶ᠎ᠡ ᠪᠦᠬᠦᠢ ᠲᠤᠭᠳᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠤᠨ᠂ ᠬᠤᠲᠡ | ᠶᠢᠨ ᠵᠠᠰᠠᠭ ᠤᠨ ᠤᠷᠳᠤᠨ ᠪᠡ ᠬᠤᠰᠢᠭᠤᠨ ᠤ ᠨᠠᠮ ᠤᠨ ᠬᠤᠷᠢᠶᠡᠨ ᠤ ᠴᠢᠬᠤᠯᠡ ᠰᠢᠢᠳᠪᠦᠷᠢ ᠶᠢ | ᠨᠠᠶᠢᠳᠠᠪᠦᠷᠵᠢᠭᠤᠯᠤᠭᠰᠡᠨ ᠵᠡᠷᠭᠡ ᠪᠠᠶᠢᠲᠡᠯ ᠳᠤ ᠴᠠᠭ ᠲᠤᠬᠠᠢ ᠳᠤ ᠨᠢ ᠲᠤᠰᠬᠠᠢ ᠮᠡᠲᠡᠭᠦᠯᠦᠯᠲᠡ ᠬᠢᠵᠦ᠂ ᠬᠦᠨᠲᠦ | ᠨᠤᠴᠢᠲᠠᠢ ᠬᠡᠨᠡᠳᠲᠡ ᠶᠢᠨ ᠬᠡᠷᠡᠭ᠂ ᠬᠦᠨᠲᠦ ᠴᠢᠬᠤᠯᠡ ᠠᠰᠠᠭᠤᠳᠡᠯ ᠲᠤ ᠲᠤᠯᠭᠠᠷᠠᠪᠡᠯ᠂ ᠴᠠᠭ ᠲᠤᠬᠠᠢ ᠳᠤ ᠨᠢ | ᠬᠤᠰᠢᠭᠤ ᠨᠠᠮ ᠤᠨ ᠬᠤᠷᠢᠶᠠᠨ ᠳᠤ ᠮᠡᠲᠡᠭᠦᠯᠵᠦ ᠵᠢᠭᠠᠪᠦᠷᠢ ᠠᠪᠦᠨᠡ᠃ | ᠲᠠᠯᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠷᠢᠯᠳᠤᠭᠦᠨ ᠭᠡᠰᠢᠭᠦᠨ ᠬᠤᠰᠢᠭᠤ ᠵᠠᠰᠠᠭ | ᠤᠨ ᠤᠷᠳᠤᠨ ᠤ ᠰᠢᠢᠳᠪᠦᠷᠢ ᠶᠢ ᠡᠷᠬᠡᠪᠰᠢ ᠡᠷᠡᠰ ᠬᠡᠷᠡᠭᠵᠢᠭᠦᠯᠵᠦ᠂ ᠠᠳᠠᠯᠢ ᠪᠤᠰᠦ ᠰᠠᠨᠠᠯ ᠲᠠᠢ ᠪᠤᠯ ᠬᠤᠰᠢᠭᠤᠨ ᠤ | ᠵᠠᠰᠠᠭ ᠤᠨ ᠤᠷᠳᠤᠨ ᠤ ᠲᠤᠳᠤᠭᠠᠲᠦ ᠪᠠᠨ ᠰᠠᠨᠠᠯ ᠢᠶᠠᠨ ᠲᠤᠷᠠᠳᠴᠦ᠂ ᠲᠠᠬᠢᠨ ᠰᠢᠢᠳᠪᠦᠷᠢ ᠭᠠᠷᠭᠠᠬᠤ ᠠᠴᠠ ᠡᠮᠦᠨ᠎ᠡ | ᠵᠠᠰᠠᠭ ᠤᠨ ᠤᠷᠳᠤᠨ ᠤ ᠰᠢᠢᠳᠪᠦᠷᠢ ᠶᠢ ᠵᠦᠷᠢᠴᠡᠬᠦ ᠶᠡᠷᠢᠶ᠎ᠡ ᠬᠡᠯᠡᠯᠴᠡᠭᠡ ᠪᠡ ᠦᠢᠯᠡ ᠠᠵᠢᠯᠯᠠᠭ᠎ᠠ ᠡᠭᠦᠰᠭᠡᠵᠦ ᠪᠤᠯᠬᠤ | ᠦᠭᠡᠢ︔ ᠬᠤᠪᠢ ᠬᠦᠮᠦᠨ ᠬᠤᠰᠢᠭᠤᠨ ᠤ ᠵᠠᠰᠠᠭ ᠤᠨ ᠤᠷᠳᠤᠨ ᠢ ᠲᠦᠯᠦᠭᠡᠯᠡᠨ ᠶᠠᠷᠢᠶ᠎ᠡ ᠲᠠᠯᠪᠢᠬᠤ ᠪᠤᠶᠦ ᠪᠢᠴᠢᠭ | ᠮᠠᠲ᠋ᠧᠷᠢᠶᠡᠯ ᠲᠠᠷᠬᠠᠭᠠᠬᠤ ᠳᠤ᠂ ᠬᠤᠰᠢᠭᠤᠨ ᠤ ᠵᠠᠰᠠᠭ ᠤᠨ ᠤᠷᠳᠤᠨ ᠠᠴᠠ ᠰᠤᠳᠤᠯᠤᠨ ᠲᠤᠭᠳᠠᠭᠠᠭᠰᠡᠨ ᠦᠭᠡᠢ | ᠬᠦᠨᠲᠦ ᠴᠢᠬᠤᠯᠡ ᠠᠰᠠᠭᠤᠳᠡᠯ ᠵᠢᠴᠢ ᠬᠡᠷᠡᠭ ᠶᠠᠪᠤᠳᠡᠯ ᠤᠨ ᠲᠤᠬᠠᠢ ᠴᠢᠬᠤᠯᠡ ᠶᠠᠷᠢᠶ᠎ᠡ ᠪᠤᠶᠦ ᠪᠢᠴᠢᠭ ᠮᠠᠲ᠋ᠧᠷᠢᠶᠡᠯ | ᠳᠤ ᠬᠤᠯᠪᠤᠭᠳᠠᠬᠤ ᠳᠤ᠂ ᠡᠷᠭᠡᠪᠰᠢ ᠬᠤᠰᠢᠭᠤᠨ ᠤ ᠵᠠᠰᠠᠭ ᠤᠨ ᠤᠷᠳᠤᠨ ᠤ ᠵᠦᠪᠰᠢᠶᠠᠷᠡᠯ ᠢ ᠤᠯᠬᠤ ᠬᠡᠷᠡᠭᠲᠠᠢ᠃ | ᠲᠠᠯᠠᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤᠨ ᠪᠦᠷᠢᠯᠳᠤᠭᠦᠨ ᠭᠡᠰᠢᠭᠦᠨ ᠴᠢᠯᠦᠭᠡ | ᠭᠤᠶᠤᠴᠢᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠬᠤᠰᠢᠭᠤᠨ ᠲᠠᠷᠤᠭ᠎ᠠ᠂ ᠬᠤᠰᠢᠭᠤᠨ ᠲᠡᠳ᠋ ᠲᠠᠷᠤᠭ᠎ᠠ ᠪᠤᠯᠤᠨ | ᠡᠯ᠎ᠡ ᠠᠵᠢᠯ ᠤᠨ ᠰᠠᠯᠠᠭ᠎ᠠ ᠮᠦᠴᠢᠷ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠲᠡ ᠶᠢᠨ | ᠵᠦᠪᠯᠡᠯ ᠤᠨ ᠭᠤᠤᠯ ᠬᠠᠷᠢᠭᠤᠴᠠᠯᠭᠠᠲᠡᠳ ᠭᠠᠳᠠᠭᠠᠲᠦ ︵ᠬᠢᠯᠢ︶ ᠳᠤ ᠭᠠᠷᠴᠦ ᠠᠶᠢᠯᠴᠢᠯᠠᠬᠤ ᠳᠤ᠂ ᠭᠠᠳᠠᠭᠠᠲᠦ ᠶᠠᠪᠤᠳᠡᠯ | ᠤᠨ ᠠᠵᠢᠯ ᠤᠨ ᠬᠠᠮᠢᠶ᠎ᠡ ᠪᠦᠬᠦᠢ ᠲᠦᠷᠢᠮ ᠲᠤᠭᠳᠠᠭᠠᠯ ᠶᠤᠰᠤᠭᠠᠷ ᠮᠡᠲᠡᠭᠦᠯᠦᠨ ᠵᠦᠪᠰᠢᠶᠠᠷᠡᠭᠦᠯᠬᠦ ᠪᠡ ᠴᠢᠯᠦᠭᠡ | ᠭᠤᠶᠦᠵᠦ ᠮᠡᠲᠡᠭᠦᠯᠬᠦ ᠲᠦᠷᠢᠮ ᠢ ᠬᠡᠷᠡᠭᠵᠢᠭᠦᠯᠦᠨ᠎ᠡ᠃ ᠬᠤᠰᠢᠭᠤᠨ ᠲᠡᠳ᠋ ᠲᠠᠷᠤᠭ᠎ᠠ ᠪᠤᠯᠤᠨ ᠵᠠᠰᠠᠭ ᠤᠨ ᠤᠷᠳᠤᠨ ᠤ | ᠡᠯ᠎ᠡ ᠠᠵᠢᠯ ᠤᠨ ᠰᠠᠯᠠᠭ᠎ᠠ ᠮᠦᠴᠢᠷ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠲᠡ ᠶᠢᠨ | ᠵᠦᠪᠯᠡᠯ ᠤᠨ ᠭᠤᠤᠯ ᠬᠠᠷᠢᠭᠤᠴᠠᠯᠭᠠᠲᠡᠳ ᠬᠤᠰᠢᠭᠤᠨ ᠠᠴᠠ ᠤᠨᠳᠤᠤ ᠭᠠᠵᠠᠷ ᠶᠠᠪᠤᠬᠤ ᠳᠤ᠂ ᠡᠷᠬᠡᠪᠰᠢ ᠤᠷᠢᠳᠡᠪᠡᠷ | ᠬᠤᠰᠢᠭᠤᠨ ᠲᠠᠷᠤᠭ᠎ᠠ ᠠᠴᠠ ᠵᠢᠭᠠᠪᠦᠷᠢ ᠠᠪᠴᠦ᠂ ᠵᠦᠪᠰᠢᠶᠠᠷᠡᠭᠰᠡᠨ ᠤ ᠲᠠᠷᠠᠭ᠎ᠠ ᠰᠠᠶ᠋ᠢ ᠶᠠᠪᠤᠵᠦ ᠪᠤᠯᠤᠨ᠎ᠡ᠃ ᠴᠢᠯᠦᠭᠡᠨ | ᠤ ᠬᠤᠭᠤᠴᠠᠭ᠎ᠠ ᠲᠠᠭᠤᠰᠴᠦ ᠬᠠᠷᠢᠵᠦ ᠢᠷᠡᠭᠰᠡᠨ ᠤ ᠲᠠᠷᠠᠭ᠎ᠠ ᠴᠠᠭ ᠲᠤᠬᠠᠢ ᠳᠤ ᠨᠢ ᠴᠢᠯᠦᠭᠡ ᠪᠠᠨ ᠲᠠᠶᠢᠯᠠᠬᠤ ᠪᠤᠶᠦ | ᠬᠠᠷᠢᠭᠤ ᠮᠡᠲᠡᠭᠦᠯᠦᠯᠲᠡ ᠬᠢᠵᠦ᠂ ᠴᠢᠬᠤᠯᠡ ᠠᠰᠠᠭᠤᠳᠡᠯ ᠪᠠᠶᠢᠪᠡᠯ ᠬᠤᠰᠢᠭᠤᠨ ᠲᠠᠷᠤᠭ᠎ᠠ ᠳᠤ ᠮᠡᠲᠡᠭᠦᠯᠦᠨ᠎ᠡ᠃ | ᠬᠤᠰᠢᠭᠤᠨ ᠤ ᠵᠠᠰᠠᠭ ᠤᠨ ᠤᠷᠳᠤᠨ ᠤᠳᠤᠷᠢᠳᠤᠯᠭ᠎ᠠ ᠶᠢᠨ ᠠᠵᠢᠯ ᠤᠨ AB ᠪᠠᠶᠢᠷᠢ ᠶᠢᠨ ᠲᠦᠷᠢᠮ ᠢ | ᠬᠡᠷᠡᠭᠵᠢᠭᠦᠯᠦᠨ᠎ᠡ᠃ AB ᠪᠠᠶᠢᠷᠢ ᠶᠢᠨ ᠤᠳᠤᠷᠢᠳᠤᠯᠭ᠎ᠠ ᠶᠢᠨ ᠨᠢᠭᠡ ᠨᠢ ᠭᠠᠳᠠᠭᠰᠢ ᠭᠠᠷᠤᠭᠰᠡᠨ ᠪᠤᠶᠦ ᠠᠮᠠᠷᠠᠯᠲᠡ | ᠠᠪᠤᠭᠰᠡᠨ ᠦᠶ᠎ᠡ ᠳᠤ᠂ ᠨᠦᠬᠦᠭᠡ ᠨᠢ ᠡᠭᠦᠷᠭᠡ ᠬᠠᠷᠢᠭᠤᠴᠠᠯᠭ᠎ᠠ ᠶᠢ ᠨᠢ ᠤᠷᠤᠯᠠᠨ ᠭᠦᠢᠴᠡᠳᠭᠡᠨ᠎ᠡ᠃ | ᠲᠠᠯᠠᠨ ᠬᠤᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤᠨ ᠪᠦᠷᠢᠯᠳᠤᠭᠦᠨ ᠭᠡᠰᠢᠭᠦᠨ ᠪᠦᠬᠦ | ᠤᠯᠤᠰ ᠤᠨ ᠪᠤᠶᠦ ᠪᠦᠬᠦ ᠤᠷᠤᠨ ᠤ ᠴᠢᠨᠠᠷᠲᠠᠢ᠂ ᠪᠦᠬᠦ ᠬᠤᠲᠡ ᠶᠢᠨ ᠴᠢᠨᠠᠷᠲᠠᠢ ᠬᠤᠷᠡᠯ ᠳᠤ ᠤᠷᠤᠯᠴᠠᠵᠦ᠂ ᠬᠤᠷᠡᠯ | ᠲᠠᠭᠤᠰᠤᠭᠰᠡᠨ ᠤ ᠲᠠᠷᠠᠭ᠎ᠠ ᠬᠤᠰᠢᠭᠤᠨ ᠲᠡᠳ᠋ ᠲᠠᠷᠤᠭ᠎ᠠ ᠡᠷᠬᠡᠪᠰᠢ ᠬᠤᠰᠢᠭᠤᠨ ᠲᠠᠷᠤᠭ᠎ᠠ ᠳᠤ ᠬᠤᠷᠡᠯ ᠳᠤ | ᠤᠷᠤᠯᠴᠠᠭᠰᠡᠨ ᠪᠠᠶᠢᠲᠡᠯ ᠢᠶᠠᠨ ᠬᠠᠷᠢᠭᠤ ᠮᠡᠲᠡᠭᠦᠯᠦᠨ᠂ ᠠᠵᠢᠯ ᠤᠨ ᠰᠠᠯᠠᠭ᠎ᠠ ᠮᠦᠴᠢᠷ ᠤᠨ ᠡᠷᠬᠢᠯᠡᠭᠴᠢ᠂ ᠲᠤᠪᠴᠢᠶᠠᠨ | ᠲᠠᠷᠤᠭ᠎ᠠ ᠡᠷᠬᠡᠪᠰᠢ ᠬᠤᠪᠢᠲᠡᠨ ᠬᠠᠮᠢᠶᠠᠷᠬᠤ ᠬᠤᠰᠢᠭᠤᠨ ᠲᠡᠳ᠋ ᠲᠠᠷᠤᠭ᠎ᠠ ᠳᠤ ᠪᠠᠨ ᠬᠤᠷᠡᠯ ᠳᠤ ᠤᠷᠤᠯᠴᠠᠭᠰᠡᠨ | ᠪᠠᠶᠢᠲᠡᠯ ᠢᠶᠠᠨ ᠬᠠᠷᠢᠭᠤ ᠮᠡᠲᠡᠭᠦᠯᠦᠨ᠎ᠡ᠃ | ᠲᠠᠯᠠᠨ ᠭᠤᠷᠪᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠰᠠᠯᠠᠭ᠎ᠠ ᠮᠦᠴᠢᠷ ᠠᠵᠢᠯ | ᠤᠨ ᠲᠤᠮᠳᠠᠬᠢ ᠴᠢᠬᠤᠯᠡ ᠵᠦᠢᠯᠡᠰ ᠢ ᠲᠤᠭᠳᠠᠭᠠᠬᠤ ᠳᠤ᠂ ᠤᠷᠢᠳᠠᠪᠡᠷ ᠬᠤᠪᠢᠶᠠᠨ ᠬᠠᠮᠢᠶᠠᠷᠬᠤ ᠬᠤᠰᠢᠭᠤᠨ ᠲᠡᠳ᠋ | ᠲᠠᠷᠤᠭ᠎ᠠ ᠠᠴᠠ ᠵᠢᠭᠠᠪᠦᠷᠢ ᠠᠪᠴᠦ᠂ ᠲᠤᠭᠳᠠᠭᠰᠡᠨ ᠬᠤᠭᠤᠴᠠᠭ᠎ᠠ ᠲᠠᠢ ᠬᠤᠰᠢᠭᠤᠨ ᠲᠡᠳ᠋ ᠲᠠᠷᠤᠭ᠎ᠠ ᠳᠤ ᠠᠵᠢᠯ ᠤᠨ | ᠮᠡᠲᠡᠭᠦᠯᠦᠯᠲᠡ ᠬᠢᠵᠦ᠂ ᠴᠢᠬᠤᠯᠡ ᠶᠡᠭᠡ ᠵᠦᠢᠯᠡᠰ ᠢ ᠬᠤᠰᠢᠭᠤᠨ ᠲᠡᠳ᠋ ᠲᠠᠷᠤᠭ᠎ᠠ ᠠᠴᠠ ᠬᠤᠰᠢᠭᠤᠨ ᠲᠠᠷᠤᠭ᠎ᠠ ᠳᠤ | ᠮᠡᠲᠡᠭᠦᠯᠦᠨ᠎ᠡ᠃ | ᠲᠠᠯᠠᠨ ᠲᠦᠷᠪᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠡᠯ᠎ᠡ ᠠᠵᠢᠯ ᠤᠨ ᠰᠠᠯᠠᠭ᠎ᠠ ᠮᠦᠴᠢᠷ | ᠵᠠᠰᠠᠭ ᠤᠨ ᠤᠷᠳᠤᠨ ᠤ ᠴᠢᠬᠤᠯᠡ ᠶᠡᠭᠡ ᠠᠵᠢᠯ ᠤᠨ ᠪᠠᠶᠢᠷᠢᠯᠠᠭᠤᠯᠤᠯᠲᠡ᠂ ᠠᠵᠦ ᠠᠬᠤᠢ ᠨᠡᠶᠢᠭᠡᠮ ᠤᠨ ᠬᠦᠭᠵᠢᠯᠲᠡ | ᠶᠢᠨ ᠴᠢᠬᠤᠯᠡ ᠠᠰᠠᠭᠤᠳᠡᠯ ᠳᠤ ᠬᠤᠯᠪᠤᠭᠳᠠᠬᠤ ᠮᠡᠲᠡᠭᠡ ᠵᠠᠩᠬᠢ ᠶᠢ ᠨᠡᠶᠢᠲᠡᠯᠡᠬᠦ ᠳᠤ ᠴᠢᠩᠭ᠎ᠠ ᠨᠢᠮᠪᠠᠢ ᠬᠢᠨᠠᠨ | ᠲᠤᠭᠳᠠᠭᠠᠵᠦ᠂ ᠬᠦᠨᠲᠦ ᠴᠢᠬᠤᠯᠡ ᠪᠠᠶᠢᠲᠡᠯ ᠢ ᠴᠠᠭ ᠲᠤᠬᠠᠢ ᠳᠤ ᠨᠢ ᠬᠤᠰᠢᠭᠤᠨ ᠤ ᠵᠠᠰᠠᠭ ᠤᠨ ᠤᠷᠳᠤᠨ ᠳᠤ | ᠮᠡᠲᠡᠭᠦᠯᠦᠨ᠎ᠡ᠃ | ᠲᠠᠯᠠᠨ ᠲᠠᠪᠤᠳᠤᠭᠠᠷ ᠵᠦᠢᠯ᠂ ᠬᠦᠨᠲᠦ ᠴᠢᠬᠤᠯᠡ ᠪᠠᠶᠢᠲᠡᠯ᠂ ᠬᠦᠨᠲᠦ ᠬᠡᠴᠡᠭᠦᠦ ᠠᠮᠦᠷ ᠲᠦᠪᠰᠢᠨ ᠤ ᠬᠡᠨᠡᠲᠡᠯ᠂ | ᠤᠨᠴᠠ ᠬᠡᠴᠡᠭᠦᠦ ᠡᠷᠡᠭᠦᠦ ᠶᠢᠨ ᠬᠡᠷᠡᠭ᠂ ᠬᠦᠨᠲᠦ ᠴᠢᠬᠤᠯᠡ ᠭᠠᠮᠰᠢᠭ ᠬᠢᠵᠢᠭ ᠵᠡᠷᠭᠡ ᠪᠠᠴᠢᠮ ᠪᠠᠶᠢᠲᠡᠯ ᠳᠤ | ᠲᠤᠯᠭᠠᠷᠠᠭᠰᠡᠨ ᠦᠶ᠎ᠡ ᠳᠤ ᠬᠠᠮᠢᠶ᠎ᠡ ᠪᠦᠬᠦᠢ ᠰᠠᠯᠠᠭ᠎ᠠ ᠮᠦᠴᠢᠷ ᠪᠡ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠡᠨ | ᠴᠠᠭ ᠲᠤᠬᠠᠢ ᠳᠤ ᠨᠢ ᠰᠢᠢᠳᠪᠦᠷᠢᠯᠡᠵᠦ᠂ ᠲᠤᠭᠳᠠᠭᠠᠭᠰᠡᠨ ᠴᠠᠭ ᠬᠤᠭᠤᠴᠠᠭ᠎ᠠ ᠪᠡ ᠱᠠᠭᠠᠷᠳᠠᠯᠭ᠎ᠠ ᠶᠤᠰᠤᠭᠠᠷ | ᠬᠤᠰᠢᠭᠤᠨ ᠤ ᠵᠠᠰᠠᠭ ᠤᠨ ᠤᠷᠳᠤᠨ ᠳᠤ ᠮᠡᠲᠡᠭᠦᠯᠦᠨ᠎ᠡ᠃ | ᠲᠠᠯᠠᠨ ᠵᠢᠷᠭᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤᠨ ᠪᠦᠷᠢᠯᠳᠤᠭᠦᠨ ᠭᠡᠰᠢᠭᠦᠨ ᠨᠢᠭᠤᠴᠡ | ᠶᠢ ᠬᠠᠮᠠᠭᠠᠯᠠᠬᠤ ᠪᠡ ᠭᠠᠳᠠᠭᠠᠲᠦ ᠶᠠᠪᠤᠳᠡᠯ ᠤᠨ ᠰᠠᠭᠢᠯᠭ᠎ᠠ ᠪᠠᠲᠦ ᠶᠢ ᠴᠢᠩᠭ᠎ᠠ ᠵᠢᠷᠦᠮᠯᠠᠵᠦ᠂ ᠤᠯᠤᠰ ᠤᠨ ᠨᠢᠭᠤᠴᠡ᠂ | ᠠᠵᠢᠯ ᠤᠨ ᠨᠢᠭᠤᠴᠡ ᠪᠤᠶᠦ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠡ ᠳᠤ ᠡᠵᠡᠮᠰᠢᠭᠰᠡᠨ ᠬᠤᠳᠠᠯᠳᠤᠭᠠᠨ ᠤ | ᠨᠢᠭᠤᠴᠡ ᠵᠡᠷᠭᠡ ᠶᠢ ᠯᠡᠪᠡᠷᠡᠭᠦᠯᠬᠦ ᠶᠢ ᠡᠷᠡᠰ ᠴᠠᠭᠠᠵᠠᠯᠠᠵᠦ᠂ ᠤᠯᠤᠰ ᠤᠷᠤᠨ ᠤ ᠠᠮᠦᠷ ᠲᠦᠪᠰᠢᠨ᠂ ᠢᠷᠠᠭᠤ ᠠᠯᠳᠠᠷ | ᠪᠡ ᠠᠰᠢᠭ ᠲᠤᠰᠡ ᠶᠢ ᠡᠷᠡᠰ ᠬᠠᠮᠠᠭᠠᠯᠠᠨ᠎ᠡ᠃ | ᠠᠷᠪᠠᠨ ᠬᠤᠶᠠᠳᠤᠭᠠᠷ ᠪᠦᠯᠦᠭ ᠴᠢᠭᠡᠴᠢ ᠵᠠᠰᠠᠭ ᠪᠡ ᠬᠡᠪ ᠰᠤᠷᠲᠡᠯ ᠤᠨ ᠪᠦᠲᠦᠭᠡᠨ ᠪᠠᠶᠢᠭᠤᠯᠤᠯᠲᠡ | ᠲᠠᠯᠠᠨ ᠲᠤᠯᠤᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠪᠤᠯᠤᠨ | ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠲᠡ᠂ ᠬᠤᠰᠢᠭᠤᠨ ᠤ ᠬᠠᠮᠢᠶ᠎ᠡ ᠪᠦᠬᠦᠢ ᠱᠠᠭᠠᠷᠳᠠᠯᠭ᠎ᠠ ᠶᠢ ᠡᠷᠡᠰ | ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠤᠯᠠᠨ ᠲᠦᠮᠡᠨ ᠲᠠᠢ ᠨᠢᠬᠲᠡ ᠬᠠᠷᠢᠯᠴᠠᠵᠦ᠂ ᠴᠢᠭᠡᠴᠢ | ᠵᠠᠰᠠᠭ ᠪᠡ ᠬᠡᠪ ᠰᠤᠷᠲᠡᠯ ᠤᠨ ᠪᠦᠲᠦᠭᠡᠨ ᠪᠠᠶᠢᠭᠤᠯᠤᠯᠲᠡ ᠶᠢ ᠲᠠᠰᠤᠷᠠᠯᠲᠡ ᠦᠭᠡᠢ ᠴᠢᠩᠭᠠᠳᠬᠠᠨ᠎ᠡ᠃ | ᠲᠠᠯᠠᠨ ᠨᠠᠢᠮᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ | ᠮᠦᠴᠢᠷ ᠡᠳ᠋ ᠤᠨ ᠵᠠᠰᠠᠭ ᠤᠨ ᠰᠠᠬᠢᠯᠭ᠎ᠠ ᠪᠠᠲᠦ ᠶᠢ ᠴᠢᠩᠭ᠎ᠠ ᠬᠡᠷᠡᠭᠵᠢᠭᠦᠯᠵᠦ᠂ ᠰᠢᠷᠭᠠᠭᠤ ᠬᠠᠳᠠᠭᠤᠵᠢᠯᠲᠠᠢ ᠲᠠᠮᠠᠴᠡᠵᠦ᠂ | ᠠᠵᠢᠯᠴᠢ ᠪᠤᠷᠤᠭᠵᠢᠭᠤᠨ ᠪᠠᠶᠢᠵᠦ᠂ ᠠᠯᠪᠠᠯᠠᠬᠤ ᠭᠡᠷ᠂ ᠠᠯᠪᠠᠯᠠᠬᠤ ᠲᠡᠷᠭᠡ ᠶᠢᠨ ᠲᠡᠯ᠎ᠡ ᠳᠠᠬᠢ ᠲᠤᠭᠳᠠᠭᠠᠯ ᠢ ᠴᠢᠩᠭ᠎ᠠ | ᠬᠡᠷᠡᠭᠵᠢᠭᠦᠯᠵᠦ᠂ ᠠᠯᠪᠠᠨ ᠵᠠᠷᠤᠳᠡᠯ ᠢ ᠴᠢᠩᠭ᠎ᠠ ᠬᠢᠵᠠᠭᠠᠷᠯᠠᠵᠦ᠂ ᠡᠯ᠎ᠡ ᠲᠦᠷᠦᠯ ᠤᠨ ᠬᠤᠷᠡᠯ᠂ ᠶᠠᠷᠢᠯᠴᠠᠭᠠᠨ ᠤ ᠲᠠᠪᠴᠠᠩ᠂ | ᠪᠠᠶᠠᠷ ᠶᠤᠰᠤᠯᠡᠯ᠂ ᠨᠠᠶᠢᠷ ᠲᠤᠷᠠᠰᠬᠠᠯ ᠤᠨ ᠬᠦᠳᠡᠯᠭᠡᠭᠡᠨ ᠢ ᠴᠢᠩᠭ᠎ᠠ ᠬᠢᠵᠠᠭᠠᠷᠯᠠᠵᠦ᠂ ᠠᠯᠪᠠᠨ ᠶᠠᠪᠤᠳᠡᠯ ᠤᠨ ᠬᠦᠯᠢᠶᠠᠨ | ᠵᠤᠴᠢᠯᠠᠬᠤ ᠠᠵᠢᠯ ᠢ ᠦᠭᠡᠷᠡᠴᠢᠯᠡᠨ ᠲᠦᠷᠢᠮᠵᠢᠭᠦᠯᠵᠦ᠂ ᠠᠷᠪᠢᠯᠠᠨ ᠭᠠᠮᠨᠠᠬᠤ ᠮᠠᠶ᠋ᠢᠭ ᠢ ᠪᠠᠶᠢᠭᠤᠯᠭ᠎ᠠ ᠶᠢ ᠪᠦᠲᠦᠭᠡᠨ | ᠪᠠᠶᠢᠭᠤᠯᠤᠨ᠎ᠡ᠃ | ᠲᠠᠯᠠᠨ ᠶᠢᠰᠦᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ ᠮᠦᠴᠢᠷ | ᠨᠠᠮ ᠢ ᠪᠦᠬᠦ ᠲᠡᠯ᠎ᠡ ᠪᠠᠷ ᠴᠢᠩᠭ᠎ᠠ ᠵᠠᠰᠠᠬᠤ ᠪᠡᠶᠡᠴᠢ ᠴᠤᠭᠴᠡ ᠶᠢᠨ ᠬᠠᠷᠢᠭᠤᠴᠠᠯᠭ᠎ᠠ ᠪᠠᠨ ᠪᠠᠳᠤᠲᠠᠢ ᠬᠦᠢᠴᠡᠳᠭᠡᠵᠦ᠂ | ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠬᠦᠢᠴᠡᠳᠭᠡᠬᠦ︾ ᠱᠠᠭᠠᠷᠳᠠᠯᠭ᠎ᠠ ᠶᠤᠰᠤᠭᠠᠷ ᠠᠵᠢᠯ ᠤᠨ | ᠬᠡᠪᠴᠢᠶᠡᠨ ᠲᠤᠳᠤᠷ᠎ᠡ ᠨᠠᠮ ᠤᠨ ᠰᠤᠷᠲᠡᠯ ᠠᠷᠢᠭᠤᠨ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠡ ᠶᠢ | ᠶᠡᠷᠦᠩᠬᠡᠶᠢᠯᠡᠨ ᠬᠠᠷᠢᠭᠤᠴᠠᠨ᠎ᠡ᠃ ᠤᠳᠤᠷᠢᠳᠬᠤ ᠺᠠᠳ᠋ᠷ ᠤᠨ ᠴᠢᠬᠤᠯᠡ ᠶᠡᠭᠡ ᠬᠡᠷᠡᠭ ᠤᠴᠢᠷ ᠤᠨ ᠬᠠᠷᠢᠭᠤ ᠮᠡᠲᠡᠭᠦᠯᠬᠦ | ᠲᠦᠷᠢᠮ ᠢ ᠴᠢᠩᠭ᠎ᠠ ᠬᠡᠷᠡᠭᠵᠢᠭᠦᠯᠵᠦ᠂ ᠡᠷᠬᠡ ᠲᠤᠰᠢᠶᠠᠯ ᠤᠨ ᠨᠦᠯᠦᠭᠡ ᠪᠠᠨ ᠠᠰᠢᠭᠯᠠᠨ ᠬᠤᠪᠢ ᠪᠡᠶ᠎ᠡ ᠳᠤ ᠪᠠᠨ ᠪᠤᠶᠦ | ᠤᠨᠴᠠᠭᠠᠢ ᠬᠠᠷᠢᠴᠠᠭ᠎ᠠ ᠲᠠᠢ ᠬᠦᠮᠦᠨ ᠳᠤ ᠬᠠᠦᠯᠢ ᠪᠤᠰᠤ ᠠᠰᠢᠭ ᠲᠤᠰᠡ ᠤᠯᠭᠤᠵᠦ ᠪᠤᠯᠬᠤ ᠦᠭᠡᠢ︔ ᠬᠠᠦᠯᠢ | ᠲᠦᠷᠢᠮ ᠢ ᠵᠦᠷᠢᠴᠠᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠠᠵᠢᠯᠯᠠᠭ᠎ᠠ ᠳᠤ ᠭᠠᠷ ᠲᠦᠷᠦᠬᠦ ᠪᠤᠶᠦ ᠬᠠᠷᠰᠢᠯᠠᠵᠦ | ᠪᠤᠯᠬᠤ ᠦᠭᠡᠢ︔ ᠤᠶᠢᠷ᠎ᠡ ᠲᠦᠷᠦᠯ ᠪᠡ ᠬᠠᠵᠠᠭᠤᠳᠡᠬᠢ ᠠᠵᠢᠯᠲᠡᠨ ᠤ ᠬᠦᠮᠦᠵᠢᠯ ᠬᠠᠮᠢᠶᠠᠷᠤᠯᠲᠡ ᠪᠠᠨ ᠴᠢᠩᠭᠠᠳᠬᠠᠵᠦ᠂ | ᠤᠨᠴᠡ ᠪᠠᠶᠢᠷᠢ ᠰᠠᠭᠤᠷᠢ ᠪᠠᠨ ᠠᠰᠢᠭᠯᠠᠨ ᠬᠤᠪᠢ ᠶᠢᠨ ᠠᠰᠢᠭ ᠤᠯᠵᠦ᠂ ᠤᠨᠴᠡ ᠡᠷᠭᠡ ᠶᠠᠪᠤᠭᠤᠯᠵᠦ ᠪᠤᠯᠬᠤ ᠦᠭᠡᠢ᠃ | | ᠨᠠᠶᠠᠳᠤᠭᠠᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠪᠦᠷᠢᠯᠳᠤᠭᠦᠨ ᠭᠡᠰᠢᠭᠦᠨ ᠰᠢ ᠶᠢᠨ ᠫᠢᠩ | ᠶᠡᠷᠦᠩᠬᠡᠢ ᠱᠦᠵᠢ ᠶᠢᠨ ︽ᠪᠦᠬᠦ ᠨᠠᠮ ᠢᠶᠠᠷ ᠢᠶᠠᠨ ᠨᠢᠭᠡ ᠤᠳᠠᠭᠠᠨ ᠤ ᠶᠡᠭᠡ ᠰᠤᠷᠤᠯᠴᠠᠯᠭ᠎ᠠ ᠬᠢᠬᠦ︾ ᠲᠤᠬᠠᠢ ᠴᠢᠬᠤᠯᠡ | ᠵᠢᠭᠠᠪᠦᠷᠢ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠦ᠂ ᠰᠤᠷᠤᠯᠴᠠᠬᠤ ᠲᠠᠭᠤᠷᠢᠶᠠᠯ ᠪᠤᠯᠵᠦ᠂ ᠬᠤᠰᠢᠭᠤᠨ | ᠤ ᠵᠠᠰᠠᠭ ᠤᠨ ᠤᠷᠳᠤᠨ ᠵᠢᠴᠢ ᠡᠯ᠎ᠡ ᠠᠵᠢᠯ ᠤᠨ ᠰᠠᠯᠠᠭ᠎ᠠ ᠮᠦᠴᠢᠷ ᠰᠤᠷᠤᠯᠴᠠᠬᠤ ᠮᠠᠶ᠋ᠢᠭ ᠤᠨ ᠪᠠᠶᠢᠭᠤᠯᠭ᠎ᠠ ᠶᠢᠨ | ᠪᠦᠲᠦᠭᠡᠨ ᠪᠠᠶᠢᠭᠤᠯᠤᠯᠲᠡ ᠶᠢ ᠠᠬᠢᠭᠤᠯᠤᠨ᠎ᠡ᠃ | ᠨᠠᠶᠠᠨ ᠨᠢᠭᠡᠳᠤᠭᠡᠷ ᠵᠦᠢᠯ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠨᠦᠬᠦᠷ ᠰᠢ ᠶᠢᠨ | ᠫᠢᠩ ᠶᠡᠷᠦᠩᠬᠡᠢ ᠱᠦᠵᠢ ᠶᠢᠨ ︽ᠪᠦᠬᠦ ᠨᠠᠮ ᠢᠶᠠᠷ ᠢᠶᠠᠨ ᠪᠠᠶᠢᠴᠠᠭᠠᠨ ᠰᠤᠳᠤᠯᠤᠯᠲᠡ ᠬᠢᠬᠦ ᠬᠡᠪ ᠰᠤᠷᠲᠡᠯ ᠢ ᠶᠡᠭᠡ ᠪᠠᠷ | ᠮᠠᠨᠳᠤᠭᠤᠯᠬᠤ︾ ᠲᠤᠬᠠᠢ ᠴᠢᠬᠤᠯᠡ ᠵᠢᠭᠠᠪᠦᠷᠢ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠦ᠂ ᠲᠦᠷᠦᠭᠦᠯᠡᠨ | ᠦᠨᠳᠦᠰᠦᠨ ᠱᠠᠳᠤᠨ ᠳᠤ ᠬᠦᠨᠵᠡᠭᠡᠶᠢᠷᠡᠵᠦ ᠪᠠᠶᠢᠴᠠᠭᠠᠨ ᠰᠤᠳᠤᠯᠤᠯᠲᠡ ᠬᠢᠵᠦ᠂ ᠵᠢᠯ ᠪᠦᠷᠢ ᠦᠨᠳᠦᠰᠦᠨ ᠱᠠᠳᠤᠨ ᠳᠤ | ᠪᠠᠭᠤᠬᠤ ᠬᠤᠭᠤᠴᠠᠭ᠎ᠠ 60 ᠬᠤᠨᠤᠭ ᠠᠴᠠ ᠪᠠᠭ᠎ᠠ ᠪᠠᠶᠢᠵᠦ ᠪᠤᠯᠬᠤ ᠦᠭᠡᠢ᠂ ᠠᠵᠢᠯ ᠤᠨ ᠪᠤᠳᠠᠲᠦ ᠪᠠᠶᠢᠲᠡᠯ ᠢᠶᠠᠨ | ᠦᠨᠳᠦᠰᠦᠯᠡᠨ ᠬᠠᠮᠤᠭ ᠪᠠᠭ᠎ᠠ ᠳᠤ ᠪᠠᠨ 1 ᠬᠤᠪᠢ ᠪᠠᠶᠢᠴᠠᠭᠠᠨ ᠰᠤᠳᠤᠯᠤᠯᠲᠡ ᠬᠢᠭᠰᠡᠨ ᠮᠡᠲᠡᠭᠦᠯᠦᠯᠲᠡ ᠪᠢᠴᠢᠬᠦ | ᠬᠡᠷᠡᠭᠲᠠᠢ᠃ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠯ | ᠨᠠᠶᠠᠨ ᠬᠤᠶᠠᠳᠤᠭᠠᠷ ᠪᠦᠯᠦᠭ᠂ ᠲᠤᠰ ᠲᠦᠷᠢᠮ ᠢ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ | ᠠᠯᠪᠠᠨ ᠭᠡᠷ ᠬᠠᠷᠢᠭᠤᠴᠡᠨ ᠲᠠᠶᠢᠯᠤᠮᠵᠢ ᠬᠢᠨ᠎ᠡ᠃ | ᠨᠠᠶᠠᠨ ᠭᠤᠷᠪᠠᠳᠤᠭᠠᠷ ᠵᠦᠢᠯ᠂ ᠲᠤᠰ ᠲᠦᠷᠢᠮ ᠢ ᠨᠡᠶᠢᠲᠡᠯᠡᠭᠰᠡᠨ ᠡᠳᠤᠷ ᠠᠴᠠ ᠡᠬᠢᠯᠡᠨ ᠬᠡᠷᠡᠭᠵᠢᠭᠦᠯᠬᠦ ᠶᠢᠨ | ᠲᠠᠭᠠᠦ 2014 ᠤᠨ ᠤ 3 ᠰᠡᠷ᠎ᠡ ᠶᠢᠨ 4 ᠤ ᠡᠳᠤᠷ ᠵᠠᠰᠠᠯᠲᠡ ᠤᠷᠤᠭᠤᠯᠵᠦ ᠲᠤᠭᠳᠠᠭᠠᠭᠰᠡᠨ ︽ᠲᠠᠷᠬᠠᠨ | ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠵᠢᠯ ᠤᠨ ᠲᠦᠷᠢᠮ︾ ᠢ ᠬᠦᠴᠦᠨ | ᠦᠭᠡᠢ ᠪᠤᠯᠭᠠᠨ᠎ᠡ᠃ | | | |