ᠬᠦᠲᠡᠭᠡ ᠲᠤᠰᠬᠤᠨ ᠤ ᠵᠤᠭᠠᠴᠡᠯ ᠳᠤ 10 ᠰᠢᠨ᠎ᠡ ᠡᠵᠡᠩᠨᠡᠯᠲᠡ ᠶᠢᠨ ᠬᠡᠯᠪᠡᠷᠢ ᠢᠯᠡᠷᠡᠪᠡ
ᠨᠡᠶᠢᠲᠡᠯᠡᠭᠰᠡᠨ ᠴᠠᠭ᠄
2018-11-21
     ᠬᠦᠲᠡᠭᠡ ᠲᠤᠰᠬᠤᠨ ᠤ ᠵᠤᠭᠠᠴᠠᠯ ᠪᠤᠯ ᠮᠠᠨ ᠤ ᠤᠯᠤᠰ ᠤᠨ ᠵᠤᠭᠠᠴᠡᠯ ᠤᠨ ᠦᠢᠯᠡᠰ ᠤᠨ ᠬᠦᠭᠵᠢᠯᠲᠡ ᠶᠢᠨ ᠰᠢᠨ᠎ᠡ ᠬᠠᠯᠠᠮᠰᠢᠯ ᠴᠡᠭ ᠪᠤᠯᠤᠨ᠎ᠡ᠃ ᠰᠢᠨ᠎ᠡ ᠴᠠᠭ ᠦᠶ᠎ᠡ ᠳᠤ ᠲᠠᠪᠰᠢᠨ ᠤᠷᠤᠭᠰᠡᠨ ᠤ ᠲᠠᠷᠠᠭ᠎ᠠ ᠮᠠᠨ ᠤ ᠤᠯᠤᠰ ᠤᠨ ᠬᠦᠲᠡᠭᠡ ᠲᠤᠰᠬᠤᠨ ᠤ ᠵᠤᠭᠠᠴᠡᠯ ᠳᠤ 10 ᠰᠢᠨ᠎ᠡ ᠡᠵᠡᠩᠨᠡᠯᠲᠡ ᠶᠢᠨ ᠬᠡᠯᠪᠡᠷᠢ ᠢᠯᠡᠷᠡᠭᠰᠡᠨ ᠪᠠᠶᠢᠨ᠎ᠡ᠃     1. ᠤᠯᠤᠰ ᠤᠨ ᠲᠠᠷᠢᠶᠠᠯᠠᠩ ᠤᠨ ᠴᠡᠴᠡᠷᠯᠢᠭ      ᠡᠶᠢᠮᠦᠷᠬᠦ ᠴᠡᠴᠡᠷᠯᠢᠭ ᠨᠢ ᠤᠯᠠᠩᠬᠢ ᠳᠠᠭᠠᠨ ᠤᠯᠠᠮᠵᠢᠯᠠᠯᠲᠦ ᠲᠠᠷᠢᠶᠠᠯᠠᠩ ᠦᠢᠯᠡᠳᠪᠦᠷᠢᠯᠡᠯ ᠤᠨ ᠰᠤᠶᠤᠯ ᠤᠨ ᠦᠵᠡᠭᠦᠯᠭᠡ ᠶᠢᠨ ᠲᠤᠭᠤᠷᠢᠭ᠂ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠲᠤᠭᠤᠷᠢᠭ᠂ ᠦᠨᠳᠦᠰᠦᠲᠡᠨ ᠤ ᠵᠠᠩ ᠦᠢᠯᠡ ᠶᠢ ᠪᠠᠶᠡᠳᠠᠨ ᠤᠶᠢᠯᠠᠭᠠᠬᠤ ᠲᠤᠭᠤᠷᠢᠭ ᠵᠡᠷᠭᠡ ᠭᠤᠷᠪᠠᠨ ᠶᠡᠭᠡ ᠲᠤᠭᠤᠷᠢᠭ ᠢᠶᠠᠷ ᠪᠦᠷᠢᠯᠳᠦᠭᠰᠡᠨ ᠪᠠᠶᠢᠳᠠᠭ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠱᠠᠨᠳᠦ᠋ᠩ ᠮᠤᠵᠢ ᠶᠢᠨ ᠼᠠᠩ ᠱᠠᠨ ᠳᠠᠬᠢ ᠯᠠᠨ ᠯᠢᠩ ᠤᠯᠤᠰ ᠤᠨ ᠲᠠᠷᠢᠶᠠᠯᠠᠩ ᠤᠨ ᠴᠡᠴᠡᠷᠯᠢᠭ᠂ ᠾᠧᠨᠠᠨ ᠮᠤᠵᠢ ᠶᠢᠨ ᠵᠦᠩ ᠮᠧᠦ ᠤᠯᠤᠰ ᠤᠨ ᠲᠠᠷᠢᠶᠠᠯᠠᠩ  ᠤᠨ ᠴᠡᠴᠡᠷᠯᠢᠭ     2. ᠵᠤᠭ᠎ᠠ ᠰᠡᠯᠡᠭᠦᠴᠡᠯ ᠤᠨ ᠲᠠᠷᠢᠶᠠᠯᠠᠩ ᠮᠠᠯᠵᠢᠯ ᠤᠨ ᠲᠠᠯᠠᠪᠠᠢ      ᠲᠠᠷᠤᠢ ᠬᠤᠲᠡ ᠶᠢᠨ ᠠᠷᠡᠳ ᠲᠤ ᠠᠮᠦᠷ ᠲᠦᠪᠰᠢᠨ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠳᠡᠭᠦᠨ ᠬᠠᠩᠭᠠᠵᠦ᠂ ᠬᠤᠲᠡ ᠶᠢᠨ ᠬᠦᠮᠦᠰ ᠤᠨ ᠬᠦᠲᠡᠭᠡ ᠲᠤᠰᠬᠤᠨ ᠤ ᠠᠮᠢᠳᠤᠷᠡᠯ ᠳᠤ ᠪᠠᠶᠠᠲᠡᠨ ᠤᠷᠤᠯᠴᠠᠬᠤ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠵᠤᠭᠠᠴᠡᠯ ᠤᠨ ᠶᠡᠷᠦᠩᠬᠡᠶᠢᠯᠡᠭᠰᠡᠨ ᠴᠤᠭᠴᠡ ᠪᠤᠯᠤᠨ᠎ᠡ᠃      ᠲᠦᠯᠦᠭᠡᠯᠡᠭᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠲᠠᠶᠢᠸᠠᠨ ᠤ ᠵᠤᠭ᠎ᠠ ᠰᠡᠯᠡᠭᠦᠴᠡᠯ ᠤᠨ ᠲᠠᠷᠢᠶᠠᠯᠠᠩ ᠤᠨ ᠲᠠᠯᠠᠪᠠᠢ᠂ ᠾᠧᠪᠧᠢ ᠶᠢᠨ ᠵᠢᠶᠦ᠋ᠨ ᠯᠧ ᠪᠤᠤ ᠰᠢᠯᠢᠳᠡᠭ ᠮᠠᠯᠵᠢᠯ ᠤᠨ ᠲᠠᠯᠠᠪᠠᠢ     3. ᠬᠦᠳᠡᠭᠡ ᠲᠤᠰᠬᠤᠨ ᠤ ᠪᠠᠭᠤᠴᠡ      ᠬᠦᠲᠡᠭᠡ ᠲᠤᠰᠬᠤᠨ ᠤ ᠪᠠᠭᠤᠴᠡ ᠨᠢ ᠤᠳᠤᠬᠠᠨ ᠳᠤ ᠶᠠᠭ ᠰᠠᠶᠢᠬᠠᠨ ᠤᠯᠠᠨ ᠤᠯᠤᠰ ᠲᠠᠢ ᠵᠤᠯᠭᠠᠯᠴᠠᠵᠦ᠂ ᠦᠪᠡᠷ ᠤᠨ ᠮᠠᠰᠢᠨ ᠢᠶᠠᠷ ᠢᠶᠠᠨ ᠵᠤᠭᠠᠴᠠᠬᠤ ᠵᠤᠭᠠᠴᠠᠭᠰᠡᠳ ᠤᠨ ᠱᠠᠭᠠᠷᠳᠠᠯᠭ᠎ᠠ ᠶᠢ ᠬᠠᠩᠭᠠᠵᠦ ᠪᠠᠶᠢᠨ᠎ᠡ᠃ ᠲᠠᠷᠡ ᠨᠢ ᠲᠡᠯᠡᠭᠡᠢ ᠶᠢᠨ ᠬᠡᠪᠴᠢᠶᠡᠨ ᠳᠤ ᠲᠡᠯᠭᠡᠷᠡᠵᠦ ᠪᠠᠶᠢᠭ᠎ᠠ ᠨᠢᠭᠡ ᠵᠦᠢᠯ ᠤᠨ ᠰᠢᠨ᠎ᠡ ᠮᠠᠶ᠋ᠢᠭ ᠤᠨ ᠵᠤᠭᠠᠴᠡᠯ ᠤᠨ ᠬᠡᠯᠪᠡᠷᠢ ᠪᠤᠯᠤᠨ᠎ᠡ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠴᠧᠩᠳᠦ᠋ ᠶᠢᠨ ᠳ᠋ᠦ᠋ ᠵᠢᠶᠠᠩ ᠶᠠᠨ ᠤ ᠶᠢᠨ ᠳ᠋ᠢ ᠭᠧ ᠦᠪᠡᠷ ᠤᠨ ᠮᠠᠰᠢᠨ ᠢᠶᠠᠷ ᠢᠶᠠᠨ ᠵᠤᠭᠠᠴᠠᠬᠤ ᠪᠠᠭᠤᠴᠡ᠂ ᠪᠡᠭᠡᠵᠢᠩ ᠤᠨ ᠹᠧᠩ ᠲᠠᠢ ᠲᠤᠭᠤᠷᠢᠭ ᠤᠨ ︽ᠲᠤᠤ ᠬᠤᠸᠠ ᠱᠧᠨ ᠴᠦ᠋︾ ᠮᠠᠰᠢᠨ ᠲᠡᠷᠭᠡ ᠶᠢᠨ ᠪᠠᠭᠤᠴᠡ      4. ᠬᠦᠲᠡᠭᠡ ᠲᠤᠰᠬᠤᠨ ᠤ ᠡᠳ᠋ᠯᠡᠩ      ᠡᠷᠡᠭᠦᠯᠵᠢᠯ ᠰᠤᠪᠢᠯᠠᠯᠲᠡ ᠵᠤᠭ᠎ᠠ ᠰᠡᠯᠡᠭᠦᠴᠡᠯ ᠢᠶᠠᠷ ᠤᠨᠴᠠᠯᠢᠭ ᠪᠤᠯᠭᠠᠭᠰᠡᠨ ᠲᠡᠭᠡᠲᠦ ᠲᠡᠰ ᠤᠨ ᠵᠤᠭᠠᠴᠡᠯ ᠤᠨ ᠡᠵᠡᠩᠨᠡᠯᠲᠡ ᠶᠢᠨ ᠬᠡᠯᠪᠡᠷᠢ ᠪᠤᠯᠤᠨ᠎ᠡ᠃ ᠢᠷᠡᠭᠡᠳᠤᠢ ᠳᠤ᠂ ᠵᠤᠭ᠎ᠠ ᠰᠡᠯᠡᠭᠦᠴᠡᠯ ᠤᠨ ᠡᠳ᠋ᠯᠡᠩ ᠨᠢ ᠬᠦᠲᠡᠭᠡ ᠲᠤᠰᠬᠤᠨ ᠤ ᠵᠤᠭᠠᠴᠡᠯ ᠤᠨ ᠲᠡᠰ ᠲᠡᠪᠰᠢᠯᠲᠡ᠂ ᠬᠦᠭᠵᠢᠯᠲᠡ ᠶᠢ ᠲᠠᠭᠠᠭᠤᠯᠬᠤ ᠴᠢᠬᠤᠯᠡ ᠪᠦᠲᠦᠭᠲᠡᠭᠦᠨ ᠪᠤᠯᠬᠤ ᠶᠤᠮ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠴᠦᠩᠴᠢᠩ ᠤᠨ ᠶᠢᠨ ᠹᠦᠸᠧ ᠱᠠᠨ ᠬᠢᠲᠡᠳ ᠡᠮ ᠤᠨ ᠡᠳ᠋ᠯᠡᠩ᠂ ᠱᠠᠩᠬᠠᠢ ᠶᠢᠨ ᠴᠢᠩ ᠹᠦ᠋ ᠰᠢᠶᠦ᠋ᠨ ᠮᠧᠩ ᠶᠦᠸᠠᠨ ᠬᠦᠷᠢᠶᠠᠯᠠᠩ      5. ᠬᠦᠲᠡᠭᠡ ᠲᠤᠰᠬᠤᠨ ᠤ ᠮᠦᠽᠧᠢ/ ᠤᠷᠠᠯᠢᠭ ᠤᠨ ᠲᠤᠰᠬᠤᠨ      ᠤᠷᠠᠯᠢᠭ ᠤᠨ ᠲᠤᠰᠬᠤᠨ ᠬᠡᠲᠡᠭ ᠨᠢ ᠤᠷᠠᠯᠠᠭᠴᠢᠳ ᠤᠨ ᠵᠤᠬᠢᠶᠠᠨ ᠪᠦᠲᠦᠭᠡᠬᠦ ᠳᠤ ᠴᠠᠭ᠂ ᠤᠷᠤᠨ ᠵᠠᠢ ᠶᠢᠨ ᠲᠡᠯ᠎ᠡ ᠪᠠᠷ ᠲᠠᠮᠵᠢᠯᠭᠡ ᠬᠠᠩᠭᠠᠵᠦ᠂ ᠤᠷᠠᠯᠠᠭᠴᠢᠳ ᠲᠤ ᠨᠢᠭᠡᠨ ᠴᠢᠯᠦᠭᠡᠲᠠᠢ ᠰᠡᠳᠬᠢᠨ ᠪᠤᠳᠤᠵᠦ ᠵᠤᠬᠢᠶᠠᠨ ᠪᠦᠲᠦᠭᠡᠬᠦ ᠰᠠᠶᠢᠨ ᠰᠠᠶᠢᠬᠠᠨ ᠤᠷᠴᠢᠨ ᠲᠤᠭᠤᠷᠢᠨ ᠬᠠᠩᠭᠠᠳᠠᠭ᠃ ᠡᠨᠡ ᠬᠦ ᠵᠤᠭᠠᠴᠡᠯ ᠤᠨ ᠬᠡᠯᠪᠡᠷᠢ ᠨᠢ ᠭᠠᠳᠠᠭᠠᠲᠦ ᠳᠤ ᠮᠠᠰᠢ ᠬᠦᠷᠢᠶᠠᠯᠠᠯ ᠲᠠᠢ ᠪᠠᠶᠢᠳᠠᠭ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠬᠦᠢᠵᠧᠦ ᠮᠤᠵᠢ ᠶᠢᠨ ᠰᠥᠸᠧ ᠭᠠ ᠮᠢᠶᠤᠤ ᠦᠨᠳᠦᠰᠦᠲᠡᠨ ᠤ ᠠᠮᠢ ᠠᠬᠤᠢ ᠶᠢᠨ ᠮᠦᠽᠧᠢ᠂ ᠵᠧᠵᠢᠶᠠᠩ ᠮᠤᠵᠢ ᠶᠢᠨ ᠳ᠋ᠦᠩ ᠶᠠᠩ ᠬᠤᠸᠠ ᠶᠤᠸᠠᠨ ᠲᠤᠰᠬᠤᠨ ᠤ ᠲᠤᠮᠳᠠᠲᠦ ᠤᠯᠤᠰ ᠤᠨ ᠬᠦᠲᠡᠭᠡ ᠲᠤᠰᠬᠤᠨ ᠤ ᠮᠦᠽᠧᠢ     6. ᠬᠤᠲᠡ ᠶᠢᠨ ᠠᠷᠡᠳ ᠤᠨ ᠲᠠᠷᠢᠶᠠᠯᠠᠩ ᠤᠨ ᠬᠦᠷᠢᠶᠠᠯᠠᠩ      ᠲᠠᠷᠤᠢ ᠲᠠᠷᠢᠶᠠᠴᠢᠳ ᠬᠤᠲᠡ ᠶᠢᠨ ᠢᠷᠭᠡᠳ ᠲᠤ ᠲᠠᠷᠢᠶᠠᠨ ᠭᠠᠵᠠᠷ ᠬᠠᠩᠭᠠᠵᠦ᠂ ᠲᠠᠷᠢᠶᠠᠯᠠᠬᠤ ᠳᠤ ᠬᠠᠪᠰᠤᠷᠴᠦ᠂ ᠬᠤᠲᠡ ᠶᠢᠨ ᠢᠷᠭᠡᠳ ᠬᠤᠷᠢᠶᠠᠯᠲᠡ ᠶᠢ ᠨᠢ ᠦᠮᠴᠢᠯᠡᠬᠦ‍ ᠨᠢᠭᠡ ᠵᠦᠢᠯ ᠤᠨ ᠡᠵᠡᠩᠨᠡᠯᠲᠡ ᠶᠢᠨ ᠬᠡᠯᠪᠡᠷᠢ ᠮᠦᠨ᠃ ᠬᠤᠲᠡ ᠶᠢᠨ ᠢᠷᠭᠡᠳ ᠡᠭᠦᠨ ᠤ ᠲᠤᠮᠲᠡ ᠠᠴᠠ ᠲᠠᠷᠢᠶᠠᠯᠠᠩ ᠦᠢᠯᠡᠳᠪᠦᠷᠢᠯᠡᠯ ᠳᠤ ᠪᠠᠶᠡᠲᠡᠨ ᠤᠷᠤᠯᠴᠠᠵᠦ᠂ ᠬᠦᠲᠡᠭᠡ ᠲᠤᠰᠬᠤᠨ ᠤ ᠠᠮᠢᠳᠤᠷᠡᠯ ᠦᠢᠯᠡᠳᠪᠦᠷᠢᠯᠡᠯ ᠢ ᠤᠶᠢᠯᠠᠭᠠᠳᠠᠭ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠪᠡᠭᠡᠵᠢᠩ ᠤᠨ ᠰᠢᠶᠤᠤ ᠮᠤᠤ ᠯᠢᠥᠢ ᠬᠤᠲᠡ  ᠶᠢᠨ ᠢᠷᠭᠡᠳ ᠤᠨ ᠲᠠᠷᠢᠶᠠᠯᠠᠩ ᠤᠨ ᠬᠦᠷᠢᠶᠡᠯᠡᠩ᠂ ᠭᠤᠸᠠᠩᠳᠦ᠋ᠩ ᠮᠤᠵᠢ ᠶᠢᠨ ᠳ᠋ᠦᠩ ᠺᠧᠩ ᠲᠠᠷᠢᠶᠠᠯᠠᠩ ᠤᠨ ᠬᠦᠷᠢᠶᠡᠯᠡᠩ      7. ᠲᠡᠭᠡᠲᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠤᠨ ᠬᠦᠷᠢᠶᠠᠯᠠᠩ/ ᠰᠤᠷᠭᠠᠨ ᠬᠦᠮᠦᠵᠢᠯ ᠤᠨ ᠲᠠᠷᠢᠶᠠᠯᠠᠩ ᠤᠨ ᠬᠦᠷᠢᠶᠡᠯᠡᠩ      ᠲᠡᠭᠡᠲᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠨᠢ ᠲᠡᠭᠡᠲᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠢ ᠬᠦᠭᠵᠢᠭᠦᠯᠵᠦ᠂ ᠵᠢᠱᠢᠶ᠎ᠡ ᠦᠵᠡᠭᠦᠯᠦᠨ ᠲᠠᠭᠠᠭᠤᠯᠳᠠᠭ᠃ ᠰᠤᠷᠭᠠᠨ ᠬᠦᠮᠦᠵᠢᠯ ᠤᠨ ᠲᠠᠷᠢᠶᠠᠯᠠᠩ ᠨᠢ ᠬᠦᠮᠦᠰ ᠢ ᠲᠠᠷᠢᠶᠠᠯᠠᠩ ᠦᠢᠯᠡᠳᠪᠦᠷᠢᠯᠠᠯ ᠳᠤ ᠤᠷᠤᠯᠴᠠᠭᠤᠯᠵᠦ᠂ ᠠᠵᠤ ᠦᠢᠯᠡᠰ ᠪᠡ ᠰᠤᠷᠭᠠᠨ ᠬᠦᠮᠦᠵᠢᠯ ᠢ ᠠᠭᠤᠰᠤᠯᠴᠠᠭᠤᠯᠤᠨ ᠬᠦᠭᠵᠢᠭᠦᠯᠵᠦ ᠪᠠᠶᠢᠭ᠎ᠠ ᠨᠢᠭᠡ ᠵᠦᠢᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠤᠯᠤᠨ᠎ᠡ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠱᠧᠨ᠋ᠵᠧᠨ ᠤ ᠲᠠᠢ ᠺᠦᠩ ᠲᠠᠷᠢᠶᠠᠯᠠᠩ ᠤᠨ ᠬᠦᠷᠢᠶᠠᠯᠡᠩ᠂ ᠱᠠᠨᠳᠦ᠋ᠩ ᠮᠤᠵᠢ ᠶᠢᠨ ᠱᠧᠦ ᠭᠤᠸᠠᠩ ᠬᠤᠲᠡ ᠶᠢᠨ ᠢᠲᠡᠰᠢᠨ ᠨᠤᠭᠤᠭ᠎ᠠ ᠶᠢᠨ ᠲᠡᠭᠡᠲᠦ ᠰᠢᠨᠵᠢᠯᠡᠬᠦ ᠤᠬᠠᠭᠠᠨ ᠤ ᠵᠢᠱᠢᠶ᠎ᠡ ᠦᠵᠡᠭᠦᠯᠬᠦ ᠬᠦᠷᠢᠶᠡᠯᠡᠩ      8. ᠬᠦᠲᠡᠭᠡ ᠲᠤᠰᠬᠤᠨ ᠤ ᠢᠷᠭᠡᠳ ᠤᠨ ᠰᠠᠭᠤᠷᠢᠰᠢᠯ      ᠢᠷᠭᠡᠳ ᠤᠨ ᠰᠠᠭᠤᠷᠢᠰᠢᠯ ᠲᠤᠳᠤᠷ᠎ᠡ ᠭᠤᠤᠯᠳᠠᠭᠤ ᠲᠠᠷᠢᠶᠠᠯᠠᠩ ᠤᠨ ᠬᠦᠷᠢᠶᠡᠯᠡᠩ ᠲᠠᠢ ᠢᠷᠭᠡᠳ ᠤᠨ ᠰᠠᠭᠤᠷᠢᠰᠢᠯ᠂ ᠤᠯᠠᠮᠵᠢᠯᠠᠯᠲᠦ ᠪᠠᠷᠢᠯᠭ᠎ᠠ ᠲᠠᠢ ᠢᠷᠭᠡᠳ ᠤᠨ ᠰᠠᠭᠤᠷᠢᠰᠢᠯ᠂ ᠦᠵᠡᠮᠵᠢ ᠰᠤᠨᠢᠷᠬᠠᠬᠤ ᠢᠷᠭᠡᠳ ᠤᠨ ᠰᠠᠭᠤᠷᠢᠰᠢᠯ᠂ ᠲᠠᠯᠠᠢ ᠶᠢᠨ ᠦᠵᠡᠮᠵᠢ ᠲᠠᠢ ᠢᠷᠭᠡᠳ ᠤᠨ ᠰᠠᠭᠤᠷᠢᠰᠢᠯ᠂ ᠤᠷᠠᠯᠢᠭ ᠰᠤᠶᠤᠯ ᠤᠨ ᠢᠷᠭᠡᠳ ᠤᠨ ᠰᠠᠭᠤᠷᠢᠰᠢᠯ ᠵᠡᠷᠭᠡ ᠪᠠᠭᠳᠠᠳᠠᠭ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠶᠦᠨᠨᠠᠨ ᠮᠤᠵᠢ ᠶᠢᠨ ᠳ᠋ᠠ ᠯᠢ ᠶᠢᠨ ᠶᠦᠨ ᠾᠧ ᠵᠦ ᠢᠷᠭᠡᠳ ᠤᠨ ᠰᠠᠭᠤᠷᠢᠰᠢᠯ᠂ ᠱᠧᠨ᠋ᠵᠧᠨ ᠤ ᠴᠢ ᠰᠢᠶᠠᠩ ᠢ ᠬᠤᠤ ᠢᠷᠭᠡᠳ ᠤᠨ ᠰᠠᠭᠤᠷᠢᠰᠢᠯ      9. ᠭᠠᠳᠠᠭᠠᠲᠦ ᠶᠢᠨ ᠬᠦᠮᠦᠨ ᠤ ᠡᠷᠬᠢᠯᠡᠭᠰᠡᠨ ᠵᠤᠭᠠᠴᠠᠭᠰᠡᠳ ᠢ ᠬᠦᠯᠢᠶᠠᠨ ᠠᠪᠬᠤ ᠴᠢᠭ᠋      ᠭᠠᠳᠠᠭᠠᠲᠦ ᠶᠢᠨ ᠬᠦᠮᠦᠨ ᠤ ᠡᠷᠬᠢᠯᠡᠭᠰᠡᠨ ᠬᠦᠲᠡᠭᠡ ᠲᠤᠰᠬᠤᠨ ᠤ ᠬᠦᠯᠢᠶᠠᠨ ᠠᠪᠬᠤ ᠴᠢᠭ᠋ ᠨᠢ ᠡᠬᠡ ᠪᠠᠶᠢᠭᠠᠯᠢ ᠶᠢ ᠬᠦᠨᠳᠦᠳᠭᠡᠨ᠂ ᠲᠤᠤᠷ᠎ᠡ ᠨᠡᠭᠦᠷᠡᠰᠦᠳᠦ᠋ᠷᠦᠭᠴᠢᠲᠦ ᠠᠮᠢᠳᠤᠷᠡᠯ ᠤᠨ ᠤᠶᠢᠯᠠᠭᠠᠭᠳᠠᠬᠤᠨ ᠲᠠᠢ ᠪᠤᠯᠬᠤᠷ᠂ ᠶᠡᠭᠡ ᠬᠡᠮᠵᠢᠶᠡᠨ ᠤ ᠭᠠᠳᠠᠭᠠᠲᠦ ᠶᠢᠨ ᠬᠦᠮᠦᠰ ᠪᠡ ᠬᠤᠲᠡ ᠶᠢᠨ ᠬᠦᠮᠦᠰ ᠤᠨ ᠲᠤᠮᠲᠡ ᠮᠠᠰᠢ ᠬᠦᠷᠢᠶᠠᠯᠠᠯ ᠲᠠᠢ ᠪᠠᠶᠢᠲᠠᠭ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠮᠦᠸᠧ ᠭᠠᠨ ᠱᠠᠨ ᠠᠭᠤᠯᠡ ᠶᠢᠨ ᠯᠦᠸᠧ ᠰᠢᠨ ᠬᠦ᠋ ᠬᠦᠯᠢᠶᠠᠨ ᠠᠪᠬᠤ ᠴᠢᠭ᠋      10. ᠰᠤᠶᠤᠯ ᠤᠨ ᠡᠭᠦᠲᠦᠯᠲᠡ ᠶᠢᠨ ᠲᠠᠷᠢᠶᠠᠯᠠᠩ ᠤᠨ ᠬᠦᠷᠢᠶᠡᠯᠡᠩ      ᠲᠠᠷᠤᠢ ᠲᠠᠷᠢᠶᠠᠯᠠᠩ ᠳᠤ ᠰᠠᠭᠤᠷᠢᠯᠠᠵᠦ᠂ ᠡᠭᠦᠲᠦᠯᠲᠡ ᠪᠠᠷ ᠭᠤᠤᠯ ᠪᠤᠯᠭᠠᠵᠦ᠂ ᠰᠤᠶᠤᠯ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠪᠡ ᠡᠭᠦᠲᠦᠯᠲᠡ ᠲᠠᠢ ᠠᠵᠦ ᠦᠢᠯᠡᠰ ᠢ ᠠᠭᠤᠰᠬᠠᠭᠰᠡᠨ ᠲᠠᠷᠢᠶᠠᠯᠠᠩ ᠤᠨ ᠬᠦᠷᠢᠶᠡᠯᠡᠩ ᠪᠤᠯᠤᠨ᠎ᠡ᠃      ᠲᠦᠯᠦᠭᠡᠯᠡᠬᠦ ᠴᠢᠨᠠᠷᠲᠠᠢ ᠵᠤᠭᠠᠴᠡᠯ ᠤᠨ ᠦᠵᠡᠮᠵᠢ ᠶᠢᠨ ᠤᠷᠤᠨ᠄ ᠪᠡᠭᠡᠵᠢᠩ ᠤᠨ ᠯᠠᠨ ᠳ᠋ᠢᠶᠤᠤ ᠡᠳ᠋ᠯᠡᠩ᠂ ᠭᠤᠸᠠᠩᠰᠢ ᠶᠢᠨ ᠪᠧᠢ ᠬᠠᠢ ᠠᠮᠢ ᠠᠬᠤᠢ ᠶᠢᠨ ᠲᠠᠷᠢᠶᠠᠯᠠᠩ ᠤᠨ ᠬᠦᠷᠢᠶᠡᠯᠡᠩ
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号