ᠪᠡᠶ᠎ᠡ ᠶᠢᠨ ᠲᠠᠮᠢᠷ ᠤᠨ ᠵᠤᠭᠠᠴᠡᠯ ᠤᠨ 6 ᠰᠢᠨ᠎ᠡ ᠡᠵᠡᠩᠨᠡᠯᠲᠡ ᠶᠢᠨ ᠬᠡᠯᠪᠡᠷᠢ
ᠨᠡᠶᠢᠲᠡᠯᠡᠭᠰᠡᠨ ᠴᠠᠭ᠄
2018-11-21
     ᠤᠶᠢᠷ᠎ᠡ ᠶᠢᠨ ᠠᠷᠪᠠᠭᠠᠳ ᠵᠢᠯ ᠳᠤ᠂ ᠮᠠᠨ ᠤ ᠤᠯᠤᠰ ᠤᠨ ᠪᠠᠶ᠎ᠡ ᠲᠠᠮᠢᠷ ᠤᠨ ᠵᠤᠭᠠᠴᠡᠯ ᠤᠨ ᠬᠦᠭᠵᠢᠯᠲᠡ ᠨᠢ ᠬᠦᠮᠦᠰ ᠤᠨ ᠠᠩᠬᠠᠷᠤᠯ ᠢ ᠲᠠᠳᠠᠵᠦ᠂ ᠨᠡᠩ ᠤᠯᠠᠨ ᠵᠤᠭᠠᠴᠡᠯ ᠤᠨ ᠡᠯᠧᠮᠧᠨ᠋ᠲ ᠪᠡᠶ᠎ᠡ ᠶᠢᠨ ᠲᠠᠮᠢᠷ ᠤᠨ ᠵᠤᠭᠠᠴᠡᠯ ᠤᠨ ᠡᠵᠡᠩᠨᠡᠯᠲᠡ ᠶᠢᠨ ᠬᠡᠯᠪᠡᠷᠢ ᠳᠤ ᠠᠭᠤᠰᠤᠨ ᠤᠷᠤᠵᠦ᠂ ᠪᠡᠶ᠎ᠡ ᠶᠢᠨ ᠲᠠᠮᠢᠷ ᠤᠨ ᠵᠤᠭᠠᠴᠡᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠢ ᠪᠤᠯᠭᠠᠭᠰᠡᠨ ᠶᠤᠮ᠃ ᠪᠡᠶ᠎ᠡ ᠶᠢᠨ ᠲᠠᠮᠢᠷ ᠤᠨ ᠵᠤᠭᠠᠴᠡᠯ ᠢ ᠬᠦᠭᠵᠢᠭᠦᠯᠬᠦ ᠠᠷᠭ᠎ᠠ ᠠᠪᠴᠠᠯ ᠵᠡᠷᠭᠡ ᠶᠢ ᠦᠨᠳᠦᠰᠦᠯᠡᠵᠦ᠂ ᠮᠠᠨ ᠤ ᠤᠯᠤᠰ ᠤᠨ ᠪᠠᠶ᠎ᠡ ᠶᠢᠨ ᠲᠠᠮᠢᠷ ᠤᠨ ᠵᠤᠭᠠᠴᠡᠯ ᠤᠨ ᠡᠵᠡᠩᠨᠡᠯᠲᠡ ᠶᠢᠨ ᠬᠡᠯᠪᠡᠷᠢ ᠶᠢ ᠲᠤᠤᠷᠡᠬᠢ 6 ᠲᠦᠷᠦᠯ ᠵᠦᠢᠯ ᠳᠤ ᠠᠩᠭᠢᠯᠠᠵᠦ ᠪᠤᠯᠤᠨ᠎ᠡ᠄     1. ᠪᠡᠶ᠎ᠡ ᠶᠢᠨ ᠲᠠᠮᠢᠷ ᠤᠨ ᠭᠤᠤᠯ ᠰᠠᠳᠤᠪᠲᠦ ᠴᠡᠴᠡᠷᠯᠢᠭ      ᠪᠡᠶ᠎ᠡ ᠶᠢᠨ ᠲᠠᠮᠢᠷ ᠤᠨ ᠭᠤᠤᠯ ᠰᠡᠳᠤᠪᠲᠦ ᠴᠡᠴᠡᠷᠯᠢᠭ ᠪᠤᠯ ᠤᠳᠤ ᠦᠶ᠎ᠡ ᠶᠢᠨ ᠴᠡᠴᠡᠷᠯᠢᠭ ᠤᠨ ᠨᠢᠭᠡ ᠲᠦᠷᠦᠯ ᠪᠤᠯᠤᠨ᠎ᠡ᠃ ᠲᠡᠷᠡ ᠨᠢ ᠪᠠᠶ᠎ᠡ ᠶᠢᠨ ᠲᠠᠮᠢᠷ ᠢᠶᠠᠷ ᠭᠤᠤᠯ ᠰᠡᠳᠤᠪ ᠪᠤᠯᠭᠠᠵᠦ᠂ ᠬᠦᠮᠦᠰ ᠲᠤ ᠲᠤᠰᠬᠠᠢ ᠮᠡᠷᠭᠡᠵᠢᠯ  ᠤᠨ᠂ ᠠᠮᠦᠷ ᠲᠦᠪᠰᠢᠨ᠂ ᠲᠠᠮᠢᠷ ᠤᠨ ᠪᠤᠯᠪᠠᠰᠤᠷᠡᠯ ᠬᠢᠬᠦ ᠳᠤ ᠲᠤᠬᠢᠷᠠᠭᠰᠡᠨ᠂ ᠵᠤᠭᠠᠴᠠᠨ ᠰᠡᠯᠡᠭᠦᠴᠡᠵᠦ ᠦᠵᠡᠮᠵᠢ ᠰᠤᠨᠢᠷᠬᠠᠬᠤ ᠤᠷᠴᠢᠨ ᠲᠤᠭᠤᠷᠢᠨ ᠬᠠᠩᠭᠠᠳᠠᠭ ᠪᠠᠶᠢᠨ᠎ᠡ᠃      ᠡᠶᠢᠮᠦᠷᠬᠦ ᠴᠡᠴᠡᠷᠯᠢᠭ ᠨᠢ ᠤᠯᠠᠩᠬᠢ ᠳᠠᠭᠠᠨ ᠪᠡᠶ᠎ᠡ ᠶᠢᠨ ᠲᠠᠮᠢᠷ ᠤᠨ ᠲᠤᠭᠤᠷᠢᠭ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠭᠤᠷᠢᠭ᠂ ᠦᠵᠡᠮᠵᠢ ᠰᠤᠨᠢᠷᠬᠠᠬᠤ ᠲᠤᠭᠤᠷᠢᠭ ᠵᠡᠷᠭᠡ ᠭᠤᠷᠪᠠᠨ ᠬᠡᠰᠡᠭ ᠢᠶᠠᠷ ᠪᠦᠷᠢᠯᠳᠦᠳᠡᠭ᠃ ᠪᠡᠶ᠎ᠡ ᠶᠢᠨ ᠲᠠᠮᠢᠷ ᠤᠨ ᠲᠤᠭᠤᠷᠢᠭ ᠲᠤ ᠨᠢ ᠤᠯᠠᠩᠬᠢ ᠳᠠᠭᠠᠨ ᠬᠦᠯ ᠪᠦᠮᠪᠦᠭᠡ᠂ ᠲᠤᠤᠷ ᠪᠦᠮᠪᠦᠭᠡ᠂ ᠦᠳᠦᠨ ᠪᠦᠮᠪᠦᠭᠡ ᠵᠡᠷᠭᠡ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠲᠠᠯᠠᠪᠦᠷ ᠢ ᠲᠤᠬᠢᠷᠠᠭᠤᠯᠳᠠᠭ᠃ ᠡᠨᠡ ᠭᠤᠷᠪᠠᠨ ᠭᠡᠰᠡᠭ ᠤᠨ ᠲᠤᠳᠤᠷ᠎ᠡ ᠦᠵᠡᠮᠵᠢ ᠰᠤᠨᠢᠷᠬᠠᠬᠤ ᠲᠤᠭᠤᠷᠢᠭ ᠨᠢ ᠪᠡᠶ᠎ᠡ ᠶᠢᠨ ᠲᠠᠮᠢᠷ ᠤᠨ ᠭᠤᠤᠯ ᠰᠡᠳᠤᠪᠲᠦ ᠴᠡᠴᠡᠷᠯᠢᠭ ᠤᠨ ᠢᠶᠠᠨ ᠭᠤᠤᠯ ᠦᠵᠡᠮᠵᠢ ᠶᠢᠨ ᠬᠡᠰᠡᠭ ᠪᠤᠯᠤᠨ᠎ᠡ᠃ ᠭᠤᠤᠯᠳᠠᠭᠤ ᠪᠠᠶᠢᠭᠠᠯᠢ ᠶᠢᠨ ᠦᠵᠡᠮᠵᠢ ᠪᠡ ᠪᠡᠶ᠎ᠡ ᠶᠢᠨ ᠲᠠᠮᠢᠷ ᠢ ᠠᠭᠤᠰᠬᠠᠵᠦ᠂ ᠬᠦᠮᠦᠰ ᠤᠨ ᠦᠵᠡᠮᠵᠢ ᠰᠤᠨᠢᠷᠬᠠᠬᠤ ᠶᠢᠨ ᠲᠠᠭᠠᠦ ᠲᠠᠮᠢᠷ ᠤᠨ ᠬᠦᠲᠡᠯᠭᠡᠭᠡᠨ ᠳᠤ ᠤᠷᠤᠯᠴᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠳᠠᠭ᠃      2. ᠲᠡᠭᠡᠲᠦ ᠵᠡᠷᠭᠡ ᠶᠢᠨ ᠪᠡᠶ᠎ᠡ ᠶᠢᠨ ᠲᠠᠮᠢᠷ ᠤᠨ ᠺᠯᠦ᠋ᠪ      ᠲᠡᠭᠡᠲᠦ ᠵᠡᠷᠭᠡ ᠶᠢᠨ ᠪᠡᠶ᠎ᠡ ᠶᠢᠨ ᠲᠠᠮᠢᠷ ᠤᠨ ᠺᠯᠦ᠋ᠪ ᠪᠤᠯ ᠨᠢᠭᠡ ᠵᠦᠢᠯ ᠤᠨ ᠪᠡᠶ᠎ᠡ ᠶᠢᠨ ᠲᠠᠮᠢᠷ ᠤᠨ ᠠᠵᠦ ᠦᠢᠯᠡᠰ ᠤᠨ ᠪᠤᠳᠠᠲᠦ ᠴᠤᠭᠴᠡ ᠪᠤᠯᠤᠨ᠎ᠡ᠃ ᠳ᠋ᠠᠩ ᠲᠦᠷᠦᠯ ︵ᠵᠢᠱᠢᠶᠡᠯᠡᠪᠡᠯ ᠬᠦᠯ ᠪᠦᠮᠪᠦᠭᠡ ᠶᠢᠨ ᠺᠯᠦ᠋ᠪ︶ ᠪᠡ ᠶᠡᠷᠦᠩᠬᠡᠶᠢᠯᠡᠭᠰᠡᠨ ᠲᠦᠷᠦᠯ ︵ᠵᠢᠱᠢᠶᠡᠯᠡᠪᠡᠯ ᠤᠯᠤᠰ ᠤᠨ ᠪᠠᠳᠤᠯᠠᠨ ᠬᠠᠮᠠᠭᠠᠯᠠᠯᠲᠡ ᠶᠢᠨ ᠺᠯᠦ᠋ᠪ︶ ᠬᠡᠬᠦ ᠬᠤᠶᠠᠷ ᠲᠦᠷᠦᠯ ᠪᠠᠶᠢᠳᠠᠭ ᠪᠦᠭᠡᠳ ᠪᠤᠯᠪᠠᠰᠤᠷᠡᠯ ᠤᠨ ᠲᠠᠯᠠᠪᠠᠢ᠂ ᠲᠤᠨᠤᠭ ᠲᠦᠭᠦᠭᠡᠷᠦᠮᠵᠢ ᠪᠡ ᠮᠡᠷᠭᠡᠵᠢᠯ ᠤᠨ ᠵᠢᠯᠤᠭᠤᠳᠤᠭᠴᠢ ᠢᠵᠢ ᠪᠦᠷᠢᠳᠦᠭᠰᠡᠨ ᠪᠠᠶᠢᠳᠠᠭ᠃      ᠲᠡᠭᠡᠲᠦ ᠵᠡᠷᠭᠡ ᠶᠢᠨ ᠪᠡᠶ᠎ᠡ ᠶᠢᠨ ᠲᠠᠮᠢᠷ ᠤᠨ ᠺᠯᠦ᠋ᠪ ᠨᠢ ᠪᠡᠶ᠎ᠡ ᠶᠢᠨ ᠲᠠᠮᠢᠷ ᠤᠨ ᠵᠤᠭᠠᠴᠡᠯ ᠤᠨ ᠬᠦᠭᠵᠢᠯᠲᠡ  ᠳᠤ ᠵᠢᠱᠢᠶ᠎ᠡ ᠦᠵᠡᠭᠦᠯᠵᠦ᠂ ᠲᠡᠭᠦᠨ ᠢ ᠤᠳᠤᠷᠢᠳᠤᠨ ᠲᠠᠭᠠᠭᠤᠯᠳᠠᠭ᠃ ᠪᠡᠶ᠎ᠡ ᠶᠢᠨ ᠲᠠᠮᠢᠷ ᠤᠨ ᠲᠤᠨᠤᠭ ᠲᠦᠭᠦᠭᠡᠷᠦᠮᠵᠢ ᠪᠡ ᠲᠠᠮᠢᠷ ᠤᠨ ᠬᠦᠲᠡᠯᠭᠡᠭᠡᠨ ᠤ ᠲᠠᠯᠠᠪᠦᠷ ᠪᠠᠶᠢᠳᠠᠭ ᠠᠴᠠ ᠭᠠᠳᠠᠨ᠎ᠡ᠂ ᠪᠠᠰᠡ ᠵᠤᠭ᠎ᠠ ᠰᠡᠯᠡᠭᠦᠴᠡᠯ ᠤᠨ ᠭᠠᠵᠠᠷ᠂ ᠬᠤᠨᠤᠭ ᠪᠠᠭᠤᠳᠡᠯ ᠤᠨ ᠭᠠᠵᠠᠷ᠂ ᠦᠵᠮᠡᠵᠢ ᠰᠤᠨᠢᠷᠬᠠᠬᠤ ᠭᠠᠵᠠᠷ ᠵᠡᠷᠭᠡ ᠢᠵᠢ ᠪᠦᠷᠢᠳᠴᠦ᠂ ᠪᠡᠶ᠎ᠡ ᠶᠢᠨ ᠲᠠᠮᠢᠷ ᠤᠨ ᠵᠤᠭ᠎ᠠ ᠰᠡᠯᠡᠭᠦᠴᠡᠯ ᠢ ᠨᠢᠭᠡ ᠴᠤᠭᠴᠠᠵᠢᠭᠤᠯᠤᠭᠰᠡᠨ ᠤᠨᠴᠠᠯᠢᠭ ᠲᠠᠢ᠃      3. ᠪᠡᠶ᠎ᠡ ᠶᠢᠨ ᠲᠠᠮᠢᠷ ᠤᠨ ᠵᠤᠭᠠᠴᠡᠯ ᠤᠨ ᠵᠢᠵᠢᠭ ᠪᠠᠯᠭᠠᠰᠦ      ᠪᠡᠶ᠎ᠡ ᠶᠢᠨ ᠲᠠᠮᠢᠷ ᠤᠨ ᠵᠤᠭᠠᠴᠡᠯ ᠤᠨ ᠵᠢᠵᠢᠭ ᠪᠠᠯᠭᠠᠰᠦ ᠶᠢ ᠵᠤᠭ᠎ᠠ ᠰᠡᠯᠡᠭᠦᠴᠡᠯ ᠤᠨ ᠮᠠᠶ᠋ᠢᠭ ᠤᠨ᠂ ᠪᠠᠷᠲᠠᠭ᠎ᠠ ᠲᠤᠭᠤᠯᠬᠤ ᠮᠠᠶ᠋ᠢᠭ ᠤᠨ᠂ ᠡᠷᠡᠭᠦᠯᠵᠢᠯ ᠰᠤᠪᠢᠯᠠᠯᠲᠡ ᠶᠢᠨ ᠮᠠᠶ᠋ᠢᠭ ᠤᠨ ᠬᠡᠵᠦ ᠤᠯᠠᠨ ᠲᠦᠷᠦᠯ ᠳᠤ ᠬᠤᠪᠢᠶᠠᠵᠦ ᠪᠤᠯᠤᠨ᠎ᠡ᠃ ᠮᠠᠨ ᠤ ᠤᠯᠤᠰ ᠲᠤ᠂ ᠵᠢᠭᠠᠰᠦ ᠬᠦᠬᠢᠲᠡᠬᠦ᠂ ᠠᠭᠤᠯᠡ ᠠᠪᠠᠷᠢᠬᠤ᠂ ᠮᠦᠰᠦᠨ ᠳᠤ ᠲᠡᠰᠢᠬᠦ᠂ ᠤᠩᠭᠤᠴᠡ ᠰᠡᠯᠢᠬᠦ᠂ ᠭᠤᠯᠹ ᠪᠦᠮᠪᠦᠭᠡ ᠨᠠᠭᠠᠳᠬᠤ᠂ ᠬᠡᠬᠡᠷ᠎ᠡ ᠬᠤᠨᠤᠭᠯᠠᠬᠤ᠂ ᠡᠯᠡᠰᠦ ᠮᠠᠩᠬᠠᠨ ᠳᠤ ᠪᠠᠷᠳᠠᠭ᠎ᠠ ᠲᠤᠭᠤᠯᠬᠤ᠂ ᠶᠤᠭ᠎ᠠ ᠬᠢᠬᠦ ᠵᠡᠷᠭᠡ ᠪᠠᠶᠠᠯᠢᠭ ᠤᠯᠠᠨ ᠠᠵᠢᠯᠯᠭ᠎ᠠ ᠲᠠᠢ ᠵᠤᠭᠠᠴᠡᠯ ᠤᠨ ᠵᠢᠵᠢᠭ ᠪᠠᠯᠭᠠᠰᠦ ᠨᠤᠭᠤᠳ ᠪᠠᠶᠢᠳᠠᠭ᠃      ᠡᠶᠢᠮᠦᠷᠬᠦ ᠵᠢᠵᠢᠭ ᠪᠠᠯᠭᠠᠰᠦ ᠨᠢ ᠲᠠᠮᠢᠷ ᠤᠨ ᠲᠠᠯᠠᠪᠦᠷ ᠤᠨ ᠪᠦᠲᠦᠭᠡᠨ ᠪᠠᠶᠢᠭᠤᠯᠤᠯᠲᠡ ᠶᠢ ᠲᠦᠢᠯ ᠢᠶᠠᠷ ᠠᠩᠬᠠᠷᠴᠦ᠂ ᠪᠠᠶᠢᠭᠠᠯᠢ ᠶᠢᠨ ᠦᠵᠡᠮᠵᠢ ᠪᠡ ᠪᠡᠶ᠎ᠡ ᠶᠢᠨ ᠲᠠᠮᠢᠷ ᠤᠨ ᠲᠤᠨᠤᠭ ᠲᠦᠭᠦᠭᠡᠷᠦᠮᠵᠢ ᠶᠢ ᠠᠭᠤᠰᠤᠯᠴᠠᠭᠤᠯᠤᠨ ᠵᠤᠭᠠᠴᠠᠭᠰᠡᠳ ᠲᠤ ᠨᠢᠭᠡᠨ ᠰᠡᠯᠡᠭᠦᠴᠡᠵᠦ ᠵᠤᠭᠠᠴᠠᠬᠤ ᠪᠡᠶ᠎ᠡ ᠴᠢᠬᠢᠷᠠᠭᠵᠢᠭᠤᠯᠬᠤ ᠰᠠᠶᠢᠨ ᠰᠠᠶᠢᠬᠠᠨ ᠤᠷᠴᠢᠨ ᠲᠤᠭᠤᠷᠢᠨ ᠢ ᠬᠠᠩᠭᠠᠳᠠᠭ᠃      4. ᠪᠡᠶ᠎ᠡ ᠶᠢᠨ ᠲᠠᠮᠢᠷ ᠤᠨ ᠵᠤᠭ᠎ᠠ ᠰᠡᠯᠡᠭᠦᠴᠡᠯ ᠤᠨ ᠶᠡᠷᠦᠩᠬᠡᠶᠢᠯᠡᠭᠰᠡᠨ ᠴᠤᠭᠴᠡ      ᠪᠡᠶ᠎ᠡ ᠶᠢᠨ ᠲᠠᠮᠢᠷ ᠤᠨ ᠵᠤᠭ᠎ᠠ ᠰᠡᠯᠡᠭᠦᠴᠡᠯ ᠤᠨ ᠶᠡᠷᠦᠩᠬᠡᠶᠢᠯᠡᠭᠰᠡᠨ ᠴᠤᠭᠴᠡ ᠪᠤᠯ ᠪᠡᠶ᠎ᠡ ᠶᠢᠨ ᠲᠠᠮᠢᠷ ᠢᠶᠠᠷ ᠭᠤᠤᠯ ᠡᠯᠧᠮᠧᠨ᠋ᠲ ᠪᠤᠯᠭᠠᠵᠦ᠂ ᠬᠤᠷᠡᠯ ᠴᠤᠭᠯᠠᠭᠠᠨ᠂ ᠵᠤᠭ᠎ᠠ ᠰᠡᠯᠡᠭᠦᠴᠡᠯ᠂ ᠬᠤᠨᠤᠭ ᠪᠠᠭᠤᠳᠡᠯ᠂ ᠬᠤᠭᠤᠯᠡ ᠤᠮᠲᠡ ᠵᠡᠷᠭᠡ ᠶᠢ ᠨᠢᠭᠡ ᠴᠤᠭᠴᠠᠵᠢᠭᠤᠯᠤᠭᠰᠡᠨ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠬᠡᠯᠪᠡᠷᠢ ᠪᠤᠯᠤᠨ᠎ᠡ᠃      ᠪᠡᠶ᠎ᠡ ᠶᠢᠨ ᠲᠠᠮᠢᠷ ᠤᠨ ᠵᠤᠭ᠎ᠠ ᠰᠡᠯᠡᠭᠦᠴᠡᠯ ᠤᠨ ᠶᠡᠷᠦᠩᠬᠡᠶᠢᠯᠡᠭᠰᠡᠨ ᠴᠤᠭᠴᠡ ᠨᠢ ᠬᠤᠳᠠᠯᠳᠤᠭᠠᠨ ᠤ ᠬᠡᠯᠪᠡᠷᠢ  ᠶᠢᠨ᠂ ᠭᠡᠷ ᠪᠦᠯᠢ ᠶᠢᠨ ᠬᠡᠯᠪᠡᠷᠢ ᠶᠢᠨ᠂ ᠶᠡᠷᠦᠩᠬᠡᠶᠢᠯᠡᠭᠰᠡᠨ ᠬᠡᠯᠪᠡᠷᠢ ᠶᠢᠨ ᠭᠡᠵᠦ ᠭᠤᠷᠪᠠᠨ ᠲᠦᠷᠦᠯ ᠪᠠᠶᠢᠳᠠᠭ᠃ ᠪᠡᠶ᠎ᠡ  ᠶᠢᠨ ᠲᠠᠮᠢᠷ ᠪᠡ ᠵᠤᠭ᠎ᠠ ᠰᠡᠯᠡᠭᠦᠴᠡᠯ ᠢᠶᠠᠷ ᠭᠤᠤᠯ ᠡᠯᠧᠮᠧᠨ᠋ᠲ ᠪᠤᠯᠭᠠᠵᠦ᠂ ᠵᠤᠭᠠᠴᠠᠭᠰᠡᠳ ᠤᠨ ᠬᠤᠷᠡᠯ ᠴᠤᠭᠯᠠᠭᠠᠨ ᠡᠷᠬᠢᠯᠡᠬᠦ᠂ ᠬᠡᠷ ᠪᠦᠯᠢ ᠪᠠᠷ ᠢᠶᠠᠨ ᠵᠤᠭᠠᠴᠠᠬᠤ᠂ ᠪᠡᠶ᠎ᠡ ᠶᠢᠨ ᠲᠠᠮᠢᠷ ᠤᠨ ᠬᠦᠲᠡᠯᠭᠡᠭᠡᠨ ᠳᠤ ᠤᠷᠤᠯᠴᠠᠬᠤ ᠵᠡᠷᠭᠡ ᠱᠠᠭᠠᠷᠳᠠᠯᠭ᠎ᠠ ᠳᠤ ᠨᠡᠶᠢᠴᠡᠭᠦᠯᠦᠨ᠂ ᠮᠤᠷᠢᠨ ᠮᠡᠷᠭᠡᠵᠢᠯ᠂ ᠡᠭᠴᠡ ᠨᠢᠰᠭᠡᠯ᠂ ᠪᠦᠵᠢᠭ᠂ ᠶᠤᠭ᠎ᠠ᠂ ᠲᠠᠶᠢᠺᠠᠨᠳᠤᠤ ᠵᠡᠷᠭᠡ ᠪᠡᠶ᠎ᠡ  ᠶᠢᠨ ᠲᠠᠮᠢᠷ ᠤᠨ ᠲᠦᠷᠦᠯ ᠵᠦᠢᠯ ᠢ ᠢᠵᠢ ᠲᠦᠬᠦᠷᠵᠢᠭᠦᠯᠦᠭᠰᠡᠨ ᠪᠠᠶᠢᠳᠠᠭ᠃      5. ᠲᠤᠰᠬᠠᠢ ᠮᠡᠷᠭᠡᠵᠢᠯ ᠤᠨ ᠤᠷᠤᠯᠳᠤᠭᠠᠨ      ᠪᠡᠶ᠎ᠡ ᠶᠢᠨ ᠲᠠᠮᠢᠷ ᠤᠨ ᠲᠤᠰᠬᠠᠢ ᠮᠡᠷᠭᠡᠵᠢᠯ ᠤᠨ ᠤᠷᠤᠯᠳᠤᠭᠠᠨ ᠪᠤᠯ ᠲᠠᠮᠢᠷ ᠤᠨ ᠲᠦᠷᠦᠯ ᠵᠦᠢᠯ ᠢᠶᠠᠷ ᠭᠤᠤᠯ ᠠᠭᠤᠯᠭ᠎ᠠ ᠪᠤᠯᠭᠠᠵᠦ᠂ ᠨᠢᠭᠡᠳᠤᠯᠲᠠᠢ ᠲᠦᠷᠢᠮ ᠢᠶᠠᠷ ᠶᠠᠪᠤᠭᠳᠠᠬᠤ ᠲᠤᠰᠬᠠᠢ ᠮᠡᠷᠭᠡᠵᠢᠯ ᠤᠨ ᠲᠠᠮᠢᠷᠴᠢᠳ ᠪᠤᠶᠦ ᠪᠡᠶ᠎ᠡ ᠶᠢᠨ ᠲᠠᠮᠢᠷ ᠤᠨ ᠲᠤᠭᠤᠶᠢᠯᠠᠩ ᠤᠨ ᠬᠤᠭᠤᠷᠤᠨᠳᠤᠬᠢ ᠤᠷᠤᠯᠳᠤᠭᠠᠨ ᠲᠡᠮᠡᠴᠡᠭᠡᠨ ᠪᠤᠯᠤᠨ᠎ᠡ᠃      ᠨᠡᠶᠢᠭᠡᠮ ᠤᠨ ᠬᠦᠭᠵᠢᠯᠲᠡ ᠪᠡ ᠪᠡᠶ᠎ᠡ ᠶᠢᠨ ᠲᠠᠮᠢᠷ ᠤᠨ ᠬᠦᠲᠡᠯᠭᠡᠭᠡᠨ ᠤ ᠪᠦᠬᠦ ᠲᠡᠯᠡᠭᠡᠢ ᠳᠠᠬᠢ ᠨᠦᠯᠦᠭᠡ ᠶᠢᠨ ᠦᠷᠭᠡᠵᠢᠬᠦ ᠶᠢ ᠲᠠᠭᠠᠯᠳᠤᠵᠦ᠂ ᠤᠷᠤᠯᠳᠤᠭᠠᠨ ᠤ ᠬᠡᠪᠴᠢᠶᠡᠵᠢᠯ ᠨᠢ ᠡᠳᠤᠷ ᠢᠷᠡᠭᠦᠶ᠎ᠡ ᠨᠡᠮᠡᠭᠳᠡᠵᠦ᠂ ᠤᠷᠤᠯᠳᠤᠭᠠᠨ ᠤ ᠲᠦᠷᠦᠯ ᠵᠦᠢᠯ ᠨᠢ ᠲᠠᠰᠤᠷᠠᠯᠲᠡ ᠦᠭᠡᠢ ᠤᠯᠠᠰᠢᠷᠡᠨ᠂ ᠤᠷᠤᠯᠳᠤᠭᠠᠨ ᠤ ᠬᠢᠷᠢ ᠲᠦᠪᠰᠢᠨ ᠨᠢ ᠴᠦ ᠲᠠᠰᠤᠷᠠᠯᠲᠡ ᠦᠭᠡᠢ ᠲᠡᠭᠡᠭᠰᠢᠯᠡᠵᠦ᠂ ᠤᠯᠢᠮᠫᠢᠺ ᠤᠨ ᠲᠠᠮᠢᠷ ᠤᠨ ᠬᠦᠲᠡᠯᠭᠡᠭᠡᠨ ᠢᠶᠠᠷ ᠭᠤᠤᠯ ᠪᠤᠯᠭᠠᠭᠰᠡᠨ ᠤᠳᠤ ᠦᠶ᠎ᠡ ᠶᠢᠨ ᠪᠡᠶ᠎ᠡ  ᠶᠢᠨ ᠲᠠᠮᠢᠷ ᠪᠤᠯᠵᠦ ᠪᠦᠷᠢᠯᠳᠦᠭᠰᠡᠨ ᠪᠠᠶᠢᠨ᠎ᠡ᠃     6. ᠪᠡᠶ᠎ᠡ ᠶᠢᠨ ᠲᠠᠮᠢᠷ ᠵᠤᠭ᠎ᠠ ᠰᠡᠯᠡᠭᠦᠴᠡᠯ ᠤᠨ ᠪᠠᠶᠠᠷ ᠨᠠᠶᠢᠷ ᠤᠨ ᠠᠵᠢᠯᠯᠠᠭ᠎ᠠ      ᠪᠡᠶ᠎ᠡ ᠶᠢᠨ ᠲᠠᠮᠢᠷ ᠵᠤᠭ᠎ᠠ ᠰᠡᠯᠡᠭᠦᠴᠡᠯ ᠤᠨ ᠪᠠᠶᠠᠷ ᠨᠠᠶᠢᠷ ᠤᠨ ᠠᠵᠢᠯᠯᠠᠭ᠎ᠠ ᠪᠤᠯ ᠪᠡᠶ᠎ᠡ ᠶᠢᠨ ᠲᠠᠮᠢᠷ ᠤᠨ ᠵᠤᠭᠠᠴᠡᠯ ᠤᠨ ᠤᠨᠴᠠᠭᠠᠢ ᠨᠢᠭᠡᠨ ᠬᠡᠯᠪᠡᠷᠢ ᠪᠤᠯᠤᠨ᠎ᠡ᠃ ᠡᠯ᠎ᠡ ᠲᠦᠷᠦᠯ ᠤᠨ ᠤᠯᠠᠨ ᠲᠦᠮᠡᠨᠴᠢᠯᠡᠭᠰᠡᠨ ᠲᠠᠮᠢᠷ ᠤᠨ ᠤᠷᠤᠯᠳᠤᠭᠠᠨ ᠪᠡ ᠦᠨᠳᠦᠰᠦᠲᠡᠨ ᠤ ᠤᠨᠴᠠᠯᠢᠬᠲᠦ ᠪᠡᠶ᠎ᠡ ᠶᠢᠨ ᠲᠠᠮᠢᠷ ᠤᠨ ᠪᠠᠶᠠᠷ ᠨᠠᠶᠢᠷ ᠢᠶᠠᠷ ᠠᠭᠤᠯᠭ᠎ᠠ ᠪᠠᠨ ᠪᠤᠯᠭᠠᠭᠰᠡᠨ ᠲᠤᠰᠬᠠᠢ ᠲᠦᠷᠦᠯ ᠤᠨ ᠪᠠᠶ᠎ᠡ ᠶᠢᠨ ᠲᠠᠮᠢᠷ ᠤᠨ ᠵᠤᠭᠠᠴᠡᠯ ᠤᠨ ᠪᠦᠲᠦᠭᠡᠭᠲᠡᠭᠦᠨ ᠪᠤᠯᠤᠨ᠎ᠡ᠃      ᠵᠤᠭᠠᠴᠡᠯ ᠤᠨ ᠦᠵᠡᠮᠵᠢ ᠶᠢᠨ ᠤᠷᠤᠨ ᠨᠤᠭᠤᠳ ᠨᠢ ᠪᠡᠶ᠎ᠡ ᠶᠢᠨ ᠲᠠᠮᠢᠷ ᠵᠤᠭ᠎ᠠ ᠰᠡᠯᠡᠭᠦᠴᠡᠯ ᠤᠨ ᠪᠠᠶᠠᠷ ᠨᠠᠶᠢᠷ  ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠬᠤ ᠪᠠᠷ ᠲᠠᠮᠵᠢᠨ᠂ ᠵᠤᠭᠠᠴᠠᠯ ᠤᠨ ᠨᠡᠷ᠎ᠡ ᠠᠯᠳᠠᠷᠰᠢᠯ ᠢᠶᠠᠨ ᠲᠡᠭᠡᠭᠰᠢᠯᠡᠭᠦᠯᠵᠦ᠂ ᠵᠤᠭᠠᠴᠡᠯ ᠤᠨ ᠦᠢᠡᠯᠴᠢᠯᠡᠭᠡᠨ ᠤ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠪᠠᠨ ᠠᠬᠢᠭᠤᠯᠵᠦ᠂ ᠲᠠᠮᠢᠷᠴᠢᠳ ᠪᠡ ᠵᠤᠭᠠᠴᠠᠭᠰᠡᠳ ᠢ ᠲᠠᠳᠠᠵᠦ᠂ ᠵᠤᠭᠠᠴᠡᠯ ᠤᠨ ᠦᠢᠯᠡᠰ᠂ ᠬᠤᠭᠤᠯᠡ ᠤᠮᠲᠡ ᠶᠢᠨ ᠦᠢᠯᠡᠰ᠂ ᠬᠤᠨᠤᠭ ᠪᠠᠭᠤᠳᠡᠯ ᠤᠨ ᠦᠢᠯᠡᠰ ᠵᠡᠷᠭᠡ ᠳᠤ ᠠᠷᠠᠯᠵᠢᠶᠠᠨ ᠤ ᠲᠤᠬᠢᠶᠠᠯ ᠤᠯᠭᠤᠵᠦ ᠦᠭᠲᠡᠭ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号