ᠲᠠᠷᠬᠠᠨ ᠮᠤᠤᠮᠢᠩᠭᠠᠨ ᠬᠤᠰᠢᠭᠤᠨ ᠤ ᠲᠠᠩᠰᠠᠯᠠᠭᠤᠯᠤᠭᠰᠡᠨ ᠲᠠᠸᠠᠷ ᠤᠨ ᠲᠡᠮᠲᠡᠭ 176 ᠪᠤᠯᠪᠡ
ᠨᠡᠶᠢᠲᠡᠯᠡᠭᠰᠡᠨ ᠴᠠᠭ᠄
2018-11-28
               ᠨᠢᠭᠡ ᠪᠦᠯᠦᠭ ᠨᠦᠯᠦᠭᠡᠯᠡᠬᠦ ᠬᠦᠴᠦᠨ ᠪᠡ ᠦᠷᠢᠰᠤᠯᠳᠤᠬᠦ ᠬᠦᠴᠦᠨ ᠢᠶᠠᠷ ᠴᠢᠩᠭ᠎ᠠ ᠲᠠᠸᠠᠷ ᠤᠨ ᠨᠠᠷᠡᠲᠦ ᠲᠡᠮᠲᠡᠭ ᠢ ᠡᠭᠦᠳᠴᠦ᠂ ᠲᠠᠷᠬᠠᠨ ᠮᠤᠤᠮᠢᠩᠭᠠᠨ ᠬᠤᠰᠢᠭᠤᠨ ᠤ ᠲᠠᠸᠠᠷ ᠤᠨ ᠲᠡᠮᠲᠡᠭ ᠤᠨ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤᠲᠠᠢ ᠠᠬᠢᠭᠤᠯᠬᠤ ᠡᠭᠦᠲᠡᠨ ᠠᠴᠠ᠂ ᠤᠳᠤ ᠪᠤᠯᠳᠠᠯ᠎ᠡ ᠪᠦᠬᠦ ᠬᠤᠰᠢᠭᠤᠨ ᠤ 133 ᠡᠷᠦᠭᠡ ᠵᠠᠬ᠎ᠠ ᠲᠡᠯᠭᠡᠭᠦᠷ ᠤᠨ ᠪᠡᠶᠡᠲᠦ ᠴᠤᠭᠴᠡ ᠶᠢᠨ ᠬᠦᠴᠦᠨ ᠪᠦᠬᠦᠢ ᠲᠠᠩᠰᠠᠯᠠᠭᠤᠯᠤᠭᠰᠡᠨ ᠲᠠᠸᠠᠷ ᠤᠨ ᠲᠡᠮᠲᠡᠭ 176 ᠪᠤᠯᠵᠦ᠂ ᠡᠭᠦᠨ ᠤ ᠲᠤᠳᠤᠷ᠎ᠡ ᠲᠠᠷᠢᠶᠠᠯᠠᠩ ᠤᠨ ᠪᠦᠲᠦᠭᠲᠡᠭᠦᠨ ᠮᠠᠯ ᠤᠨ ᠠᠰᠢᠭ ᠰᠢᠮ᠎ᠡ ᠳᠤ ᠬᠤᠯᠪᠤᠭᠳᠠᠭᠰᠡᠨ ᠲᠠᠸᠠᠷ ᠤᠨ ᠲᠡᠮᠲᠡᠭ 133᠂ ᠭᠠᠵᠠᠷ ᠵᠦᠢ ᠶᠢᠨ ᠪᠡᠯᠭᠡ ᠲᠡᠮᠲᠡᠭ ᠤᠨ ᠰᠢᠨᠵᠢ ᠲᠠᠢ ᠲᠠᠸᠠᠷ ᠤᠨ ᠲᠡᠮᠳᠡᠭ 2᠂ ᠬᠠᠮᠲᠦ ᠨᠡᠶᠢᠲᠡ  ᠶᠢᠨ ᠲᠠᠸᠠᠷ ᠤᠨ ᠲᠡᠮᠲᠡᠭ 1᠂ ᠪᠤᠰᠤᠳ ᠲᠦᠷᠦᠯ ᠤᠨ ᠲᠠᠸᠠᠷ ᠤᠨ ᠲᠡᠮᠲᠡᠭ 42 ᠪᠠᠶᠢᠨ᠎ᠡ᠃ 176 ᠲᠠᠸᠠᠷ ᠤᠨ ᠲᠡᠮᠲᠡᠭ ᠤᠨ ᠲᠤᠳᠤᠷ᠎ᠡ ︽ᠲᠠᠷᠬᠠᠨ ᠮᠤᠤᠮᠢᠩᠭᠠᠨ ᠤ ᠬᠤᠨᠢᠨ ᠤ ᠮᠢᠬ᠎ᠠ︾᠂ ︽ᠲᠠᠷᠬᠠᠨ ᠮᠤᠤᠮᠢᠩᠭᠠᠨ ᠤ ᠲᠦᠮᠦᠰᠦ︾᠂ ︽ᠪᠠᠭ᠎ᠠ ᠤᠩᠭᠤᠨ ᠤ ᠰᠠᠷᠢᠮᠰᠠᠭ︾ ᠨᠢ ᠤᠯᠤᠰ ᠤᠨ ᠭᠠᠵᠠᠷ ᠵᠦᠢ ᠶᠢᠨ ᠪᠡᠯᠭᠡ ᠲᠡᠮᠲᠡᠭ ᠤᠨ ᠬᠠᠮᠠᠭᠠᠯᠠᠯᠲᠡ ᠶᠢᠨ ᠪᠦᠲᠦᠭᠲᠡᠭᠦᠨ ᠢᠶᠠᠷ ᠦᠨᠡᠯᠡᠭᠲᠡᠭᠰᠡᠨ ᠪᠠᠶᠢᠨ᠎ᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号