| | | | ᠰᠤᠷᠪᠤᠯᠵᠢᠯᠠᠭ᠎ᠠ ᠶᠢᠨ ᠬᠦᠨᠲᠦᠲᠦ ᠵᠤᠴᠢᠨ᠄ ᠬᠤᠰᠢᠭᠤᠨ ᠤ ᠬᠦᠭᠵᠢᠭᠦᠯᠦᠯᠲᠡ ᠪᠡ ᠦᠭᠡᠷᠡᠴᠢᠯᠡᠯᠲᠡ ᠶᠢᠨ | ᠲᠤᠪᠴᠢᠶ᠎ᠡ ᠶᠢᠨ ᠲᠠᠷᠤᠭ᠎ᠠ ᠡᠷᠲᠡᠮᠲᠦ | ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2018 ᠤᠨ ᠤ 11 ᠰᠡᠷ᠎ᠡ ᠶᠢᠨ 30 ᠤ ᠡᠳᠤᠷ | ᠬᠦᠲᠦᠯᠦᠭᠴᠢ᠄ ᠮᠠᠨ ᠤ ᠬᠤᠰᠢᠭᠤᠨ ᠤ 2018 ᠤᠨ ᠤ ᠬᠤᠲᠡ ᠶᠢᠨ ᠲᠡᠰ ᠤᠨ ᠳ᠋ᠦᠩᠰᠢᠭᠤᠷ ᠲᠦᠭᠦᠷᠢᠭ | ᠠᠴᠠ ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠤᠨ ᠨᠠᠷᠢᠨ ᠪᠠᠶᠢᠲᠡᠯ ᠢ ᠲᠠᠨᠢᠯᠴᠠᠭᠤᠯᠬᠤ ᠪᠤᠯᠪᠠᠦ︖ | ᠡᠷᠲᠡᠮᠲᠦ᠄ ᠮᠠᠨ ᠤ ᠬᠤᠰᠢᠭᠤᠨ ᠤ 2018 ᠤᠨ ᠤ ᠬᠤᠲᠡ ᠶᠢᠨ ᠲᠡᠰ ᠤᠨ ᠳ᠋ᠦᠩᠰᠢᠭᠤᠷ ᠲᠦᠭᠦᠷᠢᠭ ᠠᠴᠠ | ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ 88 ᠪᠠᠶᠢᠵᠦ᠂ ᠶᠡᠷᠦᠩᠬᠡᠢ ᠪᠡᠯᠡ ᠤᠷᠤᠭᠤᠯᠤᠯᠲᠡ 274.16 | ᠳ᠋ᠦᠩᠰᠢᠭᠤᠷ ᠲᠦᠭᠦᠷᠢᠭ᠃ ᠡᠭᠦᠨ ᠳᠤ᠂ ᠪᠦᠲᠦᠭᠡᠨ ᠪᠠᠶᠢᠭᠤᠯᠤᠯᠲᠡ ᠶᠢᠨ ᠴᠠᠭ ᠬᠤᠭᠤᠴᠠᠭ᠎ᠠ ᠪᠠᠷ ᠨᠢ ᠬᠤᠪᠢᠶᠠᠪᠡᠯ᠂ | ᠦᠷᠭᠦᠯᠵᠢᠯᠡᠨ ᠪᠠᠶᠢᠭᠤᠯᠬᠤ ᠲᠦᠷᠦᠯ ᠵᠦᠢᠯ 48᠂ ᠰᠢᠨ᠎ᠡ ᠪᠠᠷ ᠪᠠᠶᠢᠭᠤᠯᠬᠤ ᠲᠦᠷᠦᠯ ᠵᠦᠢᠯ 40︔ ᠠᠵᠦ ᠦᠢᠯᠡᠰ | ᠢᠶᠠᠷ ᠨᠢ ᠬᠤᠪᠢᠶᠠᠪᠡᠯ᠂ ᠨᠢᠭᠡᠳᠤᠭᠡᠷ ᠠᠵᠦ ᠦᠢᠯᠡᠰ ᠤᠨ ᠲᠦᠷᠦᠯ ᠵᠦᠢᠯ 23᠂ ᠬᠤᠶᠠᠳᠤᠭᠠᠷ ᠠᠵᠦ ᠦᠢᠯᠡᠰ ᠤᠨ | ᠲᠦᠷᠦᠯ ᠵᠦᠢᠯ 25᠂ ᠭᠤᠷᠪᠠᠳᠤᠭᠠᠷ ᠠᠵᠦ ᠦᠢᠯᠡᠰ ᠤᠨ ᠲᠦᠷᠦᠯ ᠵᠦᠢᠯ 40︔ ᠪᠡᠯᠡ ᠤᠷᠤᠭᠤᠯᠤᠯᠲᠡ ᠶᠢᠨ | ᠬᠡᠮᠵᠢᠶ᠎ᠡ ᠠᠴᠠ ᠦᠵᠡᠪᠡᠯ᠂ 1—10 ᠳ᠋ᠦᠩᠰᠢᠭᠤᠷ ᠲᠦᠭᠦᠷᠢᠭ ᠤᠨ ᠲᠦᠷᠦᠯ ᠵᠦᠢᠯ 81᠂ 10 ᠳ᠋ᠦᠩᠰᠢᠭᠤᠷ | ᠲᠦᠭᠦᠷᠢᠭ ᠠᠴᠠ ᠲᠡᠭᠡᠭᠰᠢᠬᠢ ︵10 ᠳ᠋ᠦᠩᠰᠢᠭᠤᠷ ᠲᠦᠭᠦᠷᠢᠭ ᠢ ᠪᠠᠭᠳᠠᠭᠠᠨ᠎ᠡ︶ ᠲᠦᠷᠦᠯ ᠵᠦᠢᠯ 7 ᠪᠠᠶᠢᠨ᠎ᠡ᠃ | ᠬᠦᠳᠤᠯᠦᠭᠴᠢ᠄ 2018 ᠤᠨ ᠳᠤ ᠮᠠᠨ ᠤ ᠬᠤᠰᠢᠭᠤᠨ ᠤ ᠬᠤᠲᠡ ᠶᠢᠨ ᠲᠡᠰ ᠤᠨ ᠳ᠋ᠦᠩᠰᠢᠭᠤᠷ ᠲᠦᠭᠦᠷᠢᠭ | ᠠᠴᠠ ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠭᠦᠯᠦᠭᠰᠡᠨ᠂ ᠰᠡᠷᠭᠦᠭᠡᠭᠰᠡᠨ ᠪᠡ ᠭᠠᠷᠳᠠᠮ | ᠬᠦᠢᠴᠡᠳᠭᠡᠭᠰᠡᠨ ᠪᠠᠶᠢᠲᠡᠯ ᠶᠠᠮᠠᠷ ᠵᠡᠷᠭᠡ ᠪᠤᠢ︖ | ᠡᠷᠲᠡᠮᠲᠦ᠄ 11 ᠰᠡᠷ᠎ᠡ ᠶᠢᠨ ᠰᠡᠭᠦᠯᠴᠢ ᠪᠤᠯᠳᠡᠯ᠎ᠡ᠂ ᠨᠢᠭᠡᠨᠲᠡ ᠠᠵᠢᠯ ᠢᠶᠠᠨ ᠡᠬᠢᠯᠡᠭᠦᠯᠦᠭᠰᠡᠨ᠂ ᠰᠡᠷᠭᠦᠭᠡᠭᠰᠡᠨ | ᠲᠦᠷᠦᠯ ᠵᠦᠢᠯ 79᠂ ᠡᠬᠢᠯᠡᠭᠦᠯᠵᠦ ᠰᠡᠷᠭᠦᠭᠡᠭᠰᠡᠨ ᠨᠤᠷᠮ᠎ᠡ 89.77% ᠳᠤ ᠬᠦᠷᠪᠡ︔ ᠤᠳᠤᠬᠠᠨ ᠳᠤ ᠲᠦᠷᠦᠯ | ᠵᠦᠢᠯ ᠪᠠᠶᠢᠭᠤᠯᠬᠤ ᠭᠠᠷᠳᠠᠮ ᠢᠶᠠᠨ ᠬᠦᠢᠴᠡᠳᠭᠡᠭᠰᠡᠨ ᠨᠢ 74᠂ ᠬᠦᠴᠡᠳᠭᠡᠬᠦ ᠴᠢᠬᠤᠯᠡ ᠦᠭᠡᠢ ᠨᠢ 12 ᠲᠦᠷᠦᠯ | ᠵᠦᠢᠯ᠂ ᠬᠦᠢᠴᠡᠳᠭᠡᠳᠤᠢ ᠨᠢ 2 ᠲᠦᠷᠦᠯ ᠵᠦᠢᠯ ︵ᠰᠢᠨ᠎ᠡ ᠪᠠᠷ ᠪᠠᠶᠢᠭᠤᠯᠬᠤ ᠲᠦᠷᠦᠯ ᠵᠦᠢᠯ 2︶︔ ᠭᠠᠵᠠᠷ | ᠰᠤᠩᠭᠤᠬᠤ ᠰᠠᠨᠠᠯ ᠢ ᠬᠦᠢᠴᠡᠳᠭᠡᠭᠰᠡᠨ ᠨᠢ 51᠂ ᠬᠦᠢᠴᠡᠳᠭᠡᠬᠦ ᠴᠢᠬᠤᠯᠡ ᠦᠭᠡᠢ ᠨᠢ 31 ᠲᠦᠷᠦᠯ ᠵᠦᠢᠯ᠂ | ᠬᠦᠢᠴᠡᠳᠭᠡᠳᠤᠢ ᠨᠢ 6 ᠲᠦᠷᠦᠯ ᠵᠦᠢᠯ ︵ᠦᠷᠭᠦᠯᠵᠢᠯᠡᠨ ᠪᠠᠶᠢᠭᠤᠯᠬᠤ ᠲᠦᠷᠦᠯ ᠵᠦᠢᠯ 2᠂ ᠰᠢᠨ᠎ᠡ ᠪᠠᠷ ᠪᠠᠶᠢᠭᠤᠯᠬᠤ | ᠲᠦᠷᠦᠯ ᠵᠦᠢᠯ 4︶᠂ ᠭᠠᠵᠠᠷ ᠬᠡᠷᠡᠭᠯᠡᠬᠦ ᠰᠠᠨᠠᠯ ᠢ ᠬᠦᠢᠴᠡᠳᠭᠡᠭᠰᠡᠨ ᠨᠢ 54᠂ ᠬᠦᠢᠴᠡᠳᠭᠡᠬᠦ ᠴᠢᠬᠤᠯᠡ ᠦᠭᠡᠢ ᠨᠢ | 27 ᠲᠦᠷᠦᠯ ᠵᠦᠢᠯ᠂ ᠬᠦᠢᠴᠡᠳᠭᠡᠳᠤᠢ ᠨᠢ 7 ᠲᠦᠷᠦᠯ ᠵᠦᠢᠯ ︵ᠦᠷᠭᠦᠯᠵᠢᠯᠡᠨ ᠪᠠᠶᠢᠭᠤᠯᠬᠤ ᠲᠦᠷᠦᠯ ᠵᠦᠢᠯ 2᠂ | ᠰᠢᠨ᠎ᠡ ᠪᠠᠷ ᠪᠠᠶᠢᠭᠤᠯᠬᠤ ᠲᠦᠷᠦᠯ ᠵᠦᠢᠯ 5︶︔ ᠤᠷᠴᠢᠨ ᠲᠤᠭᠤᠷᠢᠨ ᠤ ᠦᠨᠡᠯᠡᠯᠲᠡ ᠶᠢᠨ ᠬᠢᠨᠠᠨ ᠵᠦᠪᠰᠢᠶᠡᠷᠡᠯ ᠢ | ᠬᠦᠢᠴᠡᠳᠭᠡᠭᠰᠡᠨ ᠨᠢ 51᠂ ᠬᠦᠢᠴᠡᠳᠭᠡᠬᠦ ᠴᠢᠬᠤᠯᠡ ᠦᠭᠡᠢ ᠨᠢ 26 ᠲᠦᠷᠦᠯ ᠵᠦᠢᠯ᠂ ᠬᠦᠢᠴᠡᠳᠭᠡᠳᠤᠢ ᠨᠢ 11 | ᠲᠦᠷᠦᠯ ᠵᠦᠢᠯ ︵ᠦᠷᠭᠦᠯᠵᠢᠯᠡᠨ ᠪᠠᠶᠢᠭᠤᠯᠬᠤ ᠲᠦᠷᠦᠯ ᠵᠦᠢᠯ 4᠂ ᠰᠢᠨ᠎ᠡ ᠪᠠᠷ ᠪᠠᠶᠢᠭᠤᠯᠬᠤ ᠲᠦᠷᠦᠯ ᠵᠦᠢᠯ 7︶᠃ | ᠬᠦᠲᠦᠯᠦᠭᠴᠢ᠄ 2018 ᠤᠨ ᠳᠤ ᠮᠠᠨ ᠤ ᠬᠤᠰᠢᠭᠤ ᠬᠤᠲᠡ ᠶᠢᠨ ᠲᠡᠰ ᠤᠨ ᠳ᠋ᠦᠩᠰᠢᠭᠤᠷ ᠲᠦᠭᠦᠷᠢᠭ | ᠠᠴᠠ ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠲᠦᠯᠬᠢᠨ ᠠᠬᠢᠭᠤᠯᠬᠤ | ᠲᠡᠯ᠎ᠡ ᠪᠠᠷ ᠶᠠᠮᠠᠷ ᠠᠷᠭ᠎ᠠ ᠬᠡᠮᠵᠢᠶ᠎ᠡ ᠠᠪᠤᠭᠰᠡᠨ ᠪᠤᠢ︖ | ᠡᠷᠲᠡᠮᠲᠦ᠄ ︵ᠨᠢᠭᠡ︶ ᠦᠨᠳᠦᠷ ᠪᠦᠲᠦᠮᠵᠢᠲᠠᠢ ᠲᠤᠭᠳᠠᠴᠡ ᠶᠢ ᠪᠠᠶᠢᠭᠤᠯᠵᠦ᠂ ᠲᠦᠷᠦᠯ ᠵᠦᠢᠯ ᠢ ᠲᠦᠯᠬᠢᠨ | ᠠᠬᠢᠭᠤᠯᠬᠤ ᠶᠢ ᠪᠠᠳᠤᠯᠡᠨ᠎ᠡ᠃ ᠡᠨᠡ ᠵᠢᠯ ᠠᠴᠠ ᠨᠠᠭᠠᠰᠢ᠂ ᠮᠠᠨ ᠤ ᠬᠤᠰᠢᠭᠤ ᠭᠤᠤᠯᠳᠠᠯᠭ᠎ᠠ ᠲᠠᠢ ᠲᠦᠷᠦᠯ ᠵᠦᠢᠯ ᠤᠨ | ᠪᠡᠯᠡ ᠤᠷᠤᠭᠤᠯᠤᠯᠲᠡ ᠶᠢᠨ ᠬᠠᠮᠢᠶᠠᠷᠤᠯᠲᠡ ᠶᠢᠨ ᠠᠷᠭ᠎ᠠ᠂ ᠭᠤᠤᠯᠳᠠᠯᠭ᠎ᠠ ᠲᠠᠢ ᠲᠦᠷᠦᠯ ᠵᠦᠢᠯ ᠤᠨ ᠠᠶᠦᠯ | ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ ᠵᠢᠴᠢ ᠲᠦᠷᠦᠯ ᠵᠦᠢᠯ ᠢ ᠬᠢᠨᠠᠨ ᠵᠦᠪᠰᠢᠶᠡᠷᠡᠬᠦ ᠶᠠᠪᠤᠴᠡ ᠶᠢᠨ ᠵᠢᠷᠤᠭ | ᠲᠦᠷᠰᠦ ᠢ ᠲᠤᠭᠳᠠᠭᠠᠵᠦ᠂ ᠠᠵᠢᠯ ᠤᠨ ᠡᠭᠦᠷᠭᠡ ᠲᠤᠰᠢᠶᠠᠯ᠂ ᠲᠦᠷᠢᠮ ᠲᠤᠭᠳᠠᠭᠠᠯ ᠢ ᠨᠠᠷᠢᠯᠢᠬᠵᠢᠭᠤᠯᠵᠦ᠂ ᠭᠠᠷᠠᠭ ᠲᠤ | ᠲᠤᠬᠢᠷᠠᠭᠤᠯᠬᠤ᠂ ᠰᠡᠷ᠎ᠡ ᠳᠤ ᠮᠡᠲᠡᠭᠡᠯᠡᠬᠦ᠂ ᠤᠯᠠᠷᠢᠯ ᠳᠤ ᠱᠠᠯᠠᠪᠳᠠᠭᠤᠯᠬᠤ᠂ ᠲᠡᠭᠡᠷ᠎ᠡ ᠲᠤᠤᠷ᠎ᠡ ᠱᠠᠳᠤᠨ ᠢᠶᠠᠷ ᠢᠶᠠᠨ | ᠵᠡᠷᠭᠡᠪᠡᠷ ᠠᠳᠬᠤᠵᠦ ᠬᠠᠮᠳᠤᠪᠡᠷ ᠬᠠᠮᠢᠶᠠᠷᠬᠤ ᠠᠵᠢᠯ ᠤᠨ ᠪᠠᠶᠢᠲᠡᠯ ᠢ ᠪᠦᠷᠢᠯᠳᠤᠭᠦᠯᠵᠦ᠂ ᠠᠵᠢᠯ ᠤᠨ ᠬᠠᠷᠢᠭᠤᠴᠠᠯᠭ᠎ᠠ | ᠪᠠᠨ ᠤᠯᠠᠮ ᠴᠢᠨᠠᠭᠰᠢᠲᠡ ᠨᠠᠷᠢᠯᠢᠭ ᠪᠤᠳᠠᠳᠠᠢ ᠨᠠᠶᠢᠳᠠᠪᠦᠷᠢᠵᠢᠭᠤᠯᠵᠦ᠂ ᠴᠢᠬᠤᠯᠡ ᠶᠡᠭᠡ ᠲᠦᠷᠦᠯ ᠵᠦᠢᠯ ᠢ ᠦᠳᠳᠡᠷ | ᠲᠦᠯᠬᠢᠨ ᠠᠬᠢᠭᠤᠯᠬᠤ ᠶᠢ ᠪᠠᠳᠤᠯᠡᠪᠡ᠃ | ︵ᠬᠤᠶᠠᠷ︶ ᠦᠨᠳᠦᠷ ᠲᠠᠪᠲᠠᠮᠵᠢᠲᠦ ᠲᠤᠬᠢᠷᠠᠭᠤᠯᠤᠯᠲᠡ ᠬᠢᠵᠦ᠂ ᠲᠦᠷᠦᠯ ᠵᠦᠢᠯ ᠢ ᠲᠦᠯᠬᠢᠨ ᠠᠬᠢᠭᠤᠯᠬᠤ ᠶᠢ | ᠴᠢᠩᠭᠠᠳᠬᠠᠨ᠎ᠡ᠃ 11 ᠰᠡᠷ᠎ᠡ ᠶᠢᠨ ᠰᠡᠭᠦᠯᠴᠢ ᠪᠤᠯᠳᠠᠯ᠎ᠡ᠂ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ | ᠲᠦᠷᠦᠯ ᠵᠦᠢᠯ ᠤᠨ ᠲᠤᠬᠢᠷᠠᠭᠤᠯᠤᠯᠲᠡ ᠶᠢᠨ ᠬᠤᠷᠡᠯ ᠢ ᠨᠡᠶᠢᠲᠡ 10 ᠤᠳᠠᠭ᠎ᠠ ᠬᠤᠷᠠᠯᠳᠤᠭᠤᠯᠵᠦ᠂ ᠬᠤᠲᠡ ᠶᠢᠨ | ᠤᠳᠤᠷᠢᠳᠤᠯᠭ᠎ᠠ ᠶᠢᠨ ᠬᠤᠷᠠᠯᠳᠤᠭᠤᠯᠤᠭᠰᠡᠨ ᠲᠦᠷᠦᠯ ᠵᠦᠢᠯ ᠤᠨ ᠲᠤᠬᠢᠷᠠᠭᠤᠯᠤᠯᠲᠡ ᠶᠢᠨ ᠬᠤᠷᠡᠯ ᠳᠤ ᠤᠷᠤᠯᠴᠠᠵᠦ᠂ | ᠬᠤᠰᠢᠭᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢ ᠲᠦᠯᠬᠢᠨ ᠠᠬᠢᠭᠤᠯᠬᠤ ᠲᠤᠬᠠᠢ 5 ᠤᠳᠠᠭ᠎ᠠ | ᠬᠠᠷᠢᠭᠤ ᠮᠡᠲᠡᠭᠦᠯᠦᠯᠲᠡ ᠬᠢᠵᠦ᠂ ᠬᠤᠰᠢᠭᠤᠨ ᠤ ᠬᠤᠪᠢᠳᠡᠨ ᠬᠠᠮᠢᠶᠠᠷᠬᠤ ᠤᠳᠤᠷᠢᠳᠤᠯᠭ᠎ᠠ ᠰᠠᠷ᠎ᠡ ᠪᠦᠷᠢ ᠨᠢᠭᠡ | ᠤᠳᠠᠭ᠎ᠠ ᠲᠦᠷᠦᠯ ᠵᠦᠢᠯ ᠤᠨ ᠬᠦᠴᠢᠷ ᠠᠰᠠᠭᠤᠳᠡᠯ ᠢ ᠰᠢᠢᠳᠪᠦᠷᠢᠯᠡᠬᠦ ᠲᠤᠰᠬᠠᠢ ᠰᠡᠳᠤᠪᠲᠦ ᠬᠤᠷᠡᠯ | ᠬᠤᠷᠠᠯᠳᠤᠭᠤᠯᠵᠦ᠂ 10 ᠰᠠᠷ᠎ᠡ ᠶᠢᠨ ᠦᠶᠡᠰ ᠬᠤᠷᠡᠯ ᠤᠨ ᠵᠤᠷᠢᠭ ᠰᠠᠨᠠᠭ᠎ᠠ ᠶᠢ ᠦᠨᠳᠦᠰᠦᠯᠡᠨ ᠭᠤᠤᠯᠳᠠᠯᠭ᠎ᠠ ᠲᠠᠢ | ᠲᠦᠷᠦᠯ ᠵᠦᠢᠯ ᠢ ᠲᠦᠯᠬᠢᠨ ᠠᠬᠢᠭᠤᠯᠬᠤ ᠮᠡᠲᠡᠭᠲᠡᠯ ᠤᠨ ᠲᠠᠩᠰᠡ ᠶᠢ ᠲᠤᠭᠳᠠᠭᠠᠵᠦ᠂ ᠡᠯ᠎ᠡ ᠲᠦᠷᠦᠯ ᠵᠦᠢᠯ ᠤᠨ | ᠪᠠᠶᠢᠭᠤᠯᠭ᠎ᠠ ᠶᠢᠨ ᠭᠠᠷᠳᠠᠮ ᠢᠶᠠᠨ ᠬᠦᠢᠴᠡᠳᠭᠡᠬᠦ᠂ ᠪᠠᠷᠢᠯᠭ᠎ᠠ ᠶᠢᠨ ᠠᠵᠢᠯ ᠢᠶᠠᠨ ᠡᠬᠢᠯᠡᠭᠦᠯᠬᠦ ᠶᠢ ᠱᠠᠯᠠᠪᠳᠠᠭᠤᠯᠤᠨ | ᠱᠠᠭᠠᠷᠳᠠᠵᠦ᠂ ᠤᠯᠠᠨ ᠬᠡᠯᠪᠡᠷᠢ ᠪᠠᠷ ᠲᠠᠮᠵᠢᠨ ᠠᠵᠢᠯ ᠤᠨ ᠲᠠᠷᠤᠯᠲᠡ ᠶᠢ ᠲᠠᠮᠵᠢᠭᠤᠯᠵᠦ᠂ ᠠᠵᠢᠯ ᠤᠨ ᠬᠠᠷᠢᠭᠤᠴᠠᠯᠭ᠎ᠠ | ᠶᠢ ᠪᠤᠳᠠᠳᠠᠶᠢᠵᠢᠭᠤᠯᠵᠦ᠂ ᠲᠦᠷᠦᠯ ᠵᠦᠢᠯ ᠢ ᠰᠠᠶᠢᠳᠤᠷ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠪᠤᠢ | ᠪᠤᠯᠭᠠᠬᠤ ᠶᠢᠨ ᠬᠠᠮᠲᠦ ᠠᠬᠤᠢ ᠲᠠᠯᠠᠪᠠᠢ ᠶᠢᠨ ᠵᠤᠬᠢᠴᠠᠭᠤᠯᠭ᠎ᠠ ᠶᠢᠨ ᠬᠤᠷᠡᠯ 10 ᠭᠠᠷᠤᠢ ᠤᠳᠠᠭ᠎ᠠ ᠬᠤᠷᠠᠯᠳᠤᠵᠦ᠂ | ᠲᠦᠷᠦᠯ ᠵᠦᠢᠯ ᠢ ᠲᠦᠯᠬᠢᠨ ᠠᠬᠢᠭᠤᠯᠬᠤ ᠶᠠᠪᠤᠴᠡ ᠳᠠᠬᠢ ᠬᠦᠴᠢᠷ᠂ ᠰᠠᠭᠠᠳ ᠪᠤᠯᠤᠨ ᠡᠮᠵᠡᠭ ᠠᠰᠠᠭᠤᠳᠡᠯ ᠢ | ᠪᠦᠲᠦᠮᠵᠢᠲᠠᠢ ᠰᠢᠢᠳᠪᠦᠷᠢᠯᠡᠪᠡ᠃ | ︵ᠭᠤᠷᠪᠡ︶ ᠠᠰᠠᠭᠤᠳᠡᠯ ᠢ ᠵᠠᠳᠠᠯᠤᠨ ᠰᠢᠢᠳᠪᠦᠷᠢᠯᠡᠵᠦ᠂ ᠲᠦᠷᠦᠯ ᠵᠦᠢᠯ ᠢ ᠲᠦᠯᠬᠢᠨ ᠠᠬᠢᠭᠤᠯᠬᠤ ᠶᠢ | ᠲᠦᠷᠭᠡᠳᠭᠡᠨ᠎ᠡ᠃ ᠡᠨᠡ ᠵᠢᠯ ᠠᠴᠠ ᠨᠠᠭᠠᠰᠢ᠂ ᠪᠦᠬᠦ ᠬᠤᠰᠢᠭᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ | ᠶᠢ ᠲᠦᠯᠬᠢᠨ ᠠᠬᠢᠭᠤᠯᠬᠤ ᠠᠵᠢᠯ ᠠᠰᠠᠭᠤᠳᠡᠯ ᠢᠶᠠᠷ ᠤᠳᠤᠷᠢᠳᠤᠮᠵᠢ ᠪᠤᠯᠭᠠᠨ᠂ ᠤᠷᠢᠳ ᠬᠤᠵᠢᠳ ᠲᠦᠷᠦᠯ ᠵᠦᠢᠯ ᠢ | ᠲᠦᠯᠬᠢᠨ ᠠᠬᠢᠭᠤᠯᠬᠤ ᠠᠰᠠᠭᠤᠳᠡᠯ ᠤᠨ ᠵᠦᠢᠯᠡᠰ 41 ᠵᠦᠢᠯ ᠢ ᠲᠡᠭᠰᠢᠯᠡᠨ ᠭᠠᠷᠭᠠᠵᠦ᠂ ︽ᠵᠠᠰᠠᠨ ᠲᠡᠭᠰᠢᠯᠡᠬᠦ︾᠂ | ᠬᠠᠷᠢᠭᠤᠴᠠᠯᠭᠠᠲᠦ ᠪᠠᠶᠢᠭᠤᠯᠭ᠎ᠠ ᠶᠢᠨ ︽ᠬᠠᠷᠢᠭᠤ ᠲᠤᠰᠬᠠᠯ ᠭᠠᠷᠭᠠᠬᠤ︾᠂ ᠲᠡᠭᠡᠲᠦ ᠱᠠᠳᠤᠨ ᠤ ᠪᠠᠶᠢᠭᠤᠯᠭ᠎ᠠ ᠶᠢᠨ | ︽ᠲᠤᠳᠤᠯᠠᠬᠤ︾ ᠪᠠᠷ ᠲᠠᠮᠵᠢᠨ᠂ ᠤᠳᠤᠬᠠᠨ ᠳᠤ 32 ᠵᠦᠢᠯ ᠤᠨ ᠠᠰᠠᠭᠤᠳᠡᠯ ᠢ ᠰᠢᠢᠳᠪᠦᠷᠢᠯᠡᠵᠦ ᠲᠠᠭᠤᠰᠬᠠᠨ᠂ 9 | ᠠᠰᠠᠭᠤᠳᠡᠯ ᠢ ᠰᠢᠢᠳᠪᠦᠷᠢᠯᠡᠬᠦ ᠠᠷᠭ᠎ᠠ ᠵᠠᠮ ᠢ ᠨᠢ ᠨᠢᠭᠡᠨᠲᠡ ᠲᠤᠳᠤᠷᠬᠠᠶᠢᠯᠠᠵᠦ᠂ ᠱᠠᠯᠠᠪᠳᠡᠨ ᠰᠢᠢᠳᠪᠦᠷᠢᠯᠡᠵᠦ ᠪᠤᠢ᠃ | ᠬᠦᠲᠡᠯᠦᠩᠭᠦᠢ ᠵᠤᠬᠢᠴᠠᠭᠤᠯᠭ᠎ᠠ᠂ ᠬᠦᠲᠡᠯᠦᠩᠭᠦᠢ ᠠᠵᠢᠯ ᠤᠨ ᠲᠠᠷᠤᠯᠲᠡ ᠶᠢᠨ ᠲᠠᠮᠵᠢᠭᠤᠯᠭ᠎ᠠ ᠪᠠᠷ ᠲᠠᠮᠵᠢᠨ᠂ ᠲᠦᠷᠦᠯ | ᠵᠦᠢᠯ ᠢ ᠲᠦᠯᠬᠢᠨ ᠠᠬᠢᠭᠤᠯᠬᠤ ᠬᠤᠷᠲᠦ ᠶᠢ ᠶᠡᠭᠡᠪᠡᠷ ᠲᠡᠭᠡᠭᠰᠢᠯᠡᠭᠦᠯᠵᠦ᠂ ᠡᠨᠡ ᠵᠢᠯ 88 ᠭᠤᠤᠯᠳᠠᠯᠭ᠎ᠠ ᠲᠠᠢ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠡ ᠶᠢᠨ ᠪᠤᠳᠠᠲᠦ ᠪᠠᠶᠢᠲᠡᠯ ᠶᠡᠷᠦᠩᠬᠡᠢ ᠳᠡᠭᠡᠨ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠰᠠᠶᠢᠨ ᠪᠠᠶᠢᠨ᠎ᠡ᠃ | | |