ᠰᠤᠶᠤᠯ ᠪᠠ ᠵᠢᠭᠤᠯᠴᠢᠯᠠᠯ ᠤᠨ ᠶᠠᠮᠤᠨ ᠵᠡᠷᠬᠡ 17 ᠰᠠᠯᠠᠭ᠎ᠠ ᠮᠦᠴᠢᠷ ᠬᠦᠳᠡᠭᠡ ᠲᠤᠰᠬᠤᠨ ᠤ ᠵᠢᠭᠤᠯᠴᠢᠯᠠᠯ  ᠤᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠲᠤᠳᠤᠷᠬᠠᠶᠢᠯᠠᠪᠡ
ᠨᠡᠶᠢᠲᠡᠯᠡᠭᠰᠡᠨ ᠴᠠᠭ᠄
2018-12-25
     ᠰᠤᠶᠤᠯ ᠪᠠ ᠵᠢᠭᠤᠯᠴᠢᠯᠠᠯ ᠤᠨ ᠶᠠᠮᠤᠨ ᠠᠴᠠ ᠤᠶᠢᠯᠠᠭᠠᠭᠰᠠᠨ ᠢᠶᠠᠷ᠂ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠥᠪᠵᠢᠬᠦᠯᠬᠡ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠰ ᠤᠨ ᠶᠠᠰᠦ ᠴᠢᠨᠠᠷ ᠢ ᠲᠡᠭᠡᠭᠰᠢᠯᠡᠬᠦᠯᠵᠥ ᠦᠷ᠎ᠡ ᠠᠰᠢᠬ ᠢ ᠨᠡᠮᠡᠭᠲᠡᠭᠦᠯᠬᠦ ᠶᠢ ᠠᠬᠢᠭᠤᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠷᠬᠦᠯᠵᠢᠯᠡᠬᠦ ᠬᠦᠭᠵᠢᠯᠲᠡ ᠶᠢ ᠠᠬᠢᠭᠤᠯᠵᠥ᠂ ᠬᠦᠳᠡᠭᠡ ᠠᠵᠥ ᠠᠬᠤᠢ ᠬᠦᠳᠡᠭᠡ ᠲᠤᠰᠬᠤᠨ ᠤ ᠬᠦᠭᠵᠢᠯᠲᠡ ᠶᠢᠨ ᠬᠦᠳᠡᠯᠬᠡᠬᠦ ᠬᠦᠴᠦᠨ ᠢ ᠲᠦᠷᠬᠡᠨ ᠪᠦᠷᠢᠯᠳᠤᠭᠦᠯᠬᠦ ᠶᠢᠨ ᠲᠦᠯᠥᠬᠡ᠂ ᠰᠤᠶᠤᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ ᠵᠡᠷᠬᠡ 17 ᠰᠠᠯᠠᠭ᠎ᠠ ᠮᠦᠴᠢᠷ ︽ᠬᠦᠳᠡᠭᠡ ᠲᠤᠰᠬᠤᠨ ᠤ ᠵᠢᠭᠤᠯᠴᠢᠯᠠᠯ ᠤᠨ ᠦᠷᠬᠦᠯᠵᠢᠯᠡᠬᠦ ᠬᠦᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠲᠠᠷᠤᠮᠯᠠᠨ ᠲᠠᠷᠬᠠᠭᠠᠵᠠᠢ᠃      ᠰᠠᠨᠠᠯ ᠳᠤ ᠬᠦᠳᠡᠭᠡ ᠲᠤᠰᠬᠤᠨ ᠤ ᠵᠢᠭᠤᠯᠴᠢᠯᠠᠯ ᠤᠨ ᠦᠷᠬᠦᠯᠵᠢᠯᠡᠬᠦ ᠬᠦᠭᠵᠢᠯᠲᠡ ᠶᠢ ᠠᠬᠢᠭᠤᠯᠬᠤ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠲᠤᠳᠤᠷᠬᠠᠢᠢᠯᠠᠪᠠ᠂ ᠡᠬᠦᠨ ᠳᠤ ᠲᠦᠯᠥᠪᠵᠢᠬᠦᠯᠬᠡ ᠪᠠᠷ ᠬᠦᠳᠦᠯᠥᠨ ᠲᠠᠭᠠᠭᠤᠯᠬᠤ ᠶᠢ ᠴᠢᠩᠭᠠᠳᠬᠠᠵᠦ᠂ ᠤᠷᠤᠨ ᠪᠦᠰᠡ ᠶᠢᠨ ᠪᠠᠶᠢᠷᠢᠰᠢᠯ ᠢ ᠰᠢᠯᠢᠲᠡᠭᠵᠢᠭᠦᠯᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠶᠢ ᠠᠬᠢᠭᠤᠯᠬᠤ︔ ᠰᠠᠭᠤᠷᠢ ᠲᠦᠬᠦᠬᠡᠷᠤᠮᠵᠢ ᠶᠢ ᠪᠦᠷᠢᠨᠰᠢᠬᠦᠯᠵᠥ᠂ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠡᠭᠰᠢᠯᠡᠬᠦᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠲᠦᠭᠦᠮᠵᠢᠯᠲᠡ ᠶᠢ ᠠᠬᠢᠭᠤᠯᠬᠤ︔ ᠰᠤᠶᠤᠯ ᠤᠨ ᠠᠭᠤᠯᠭ᠎ᠠ ᠶᠢ ᠪᠠᠶᠠᠯᠢᠬᠵᠢᠭᠤᠯᠵᠥ᠂ ᠦᠢᠯᠡᠳᠭᠦᠨ ᠤ ᠶᠠᠰᠦ ᠴᠢᠨᠠᠷ ᠢ ᠲᠡᠭᠡᠭᠰᠢᠯᠡᠬᠦᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠳᠭᠦᠨ ᠤ ᠲᠦᠷᠦᠯ ᠬᠡᠯᠪᠡᠷᠢ ᠶᠢ ᠪᠠᠶᠠᠯᠢᠬᠵᠢᠭᠤᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠦᠢᠯᠡᠴᠢᠯᠡᠭᠡ ᠬᠠᠮᠢᠶᠠᠷᠤᠯᠲᠡ ᠶᠢᠨ ᠲᠦᠪᠰᠢᠨ ᠢ ᠲᠡᠭᠡᠭᠰᠢᠯᠡᠬᠦᠯᠬᠦ︔ ᠵᠢᠭᠤᠯᠴᠢᠯᠠᠯ ᠤᠨ ᠲᠦᠷᠦᠯ ᠲᠡᠮᠳᠡᠭ ᠢ ᠡᠬᠦᠳᠴᠦ᠂ ᠵᠠᠬ᠎ᠠ ᠲᠡᠯᠬᠡᠬᠦᠷ ᠤᠨ ᠡᠵᠡᠩᠨᠡᠯᠳᠡ ᠪᠤᠷᠤᠯᠠᠭᠤᠯᠭ᠎ᠠ ᠶᠢ ᠨᠡᠮᠡᠭᠳᠡᠬᠦᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠰᠢᠰᠢᠲ᠋ᠧᠮ ᠢ ᠪᠤᠶᠢᠵᠢᠭᠤᠯᠤᠨ ᠪᠠᠶᠢᠭᠤᠯᠵᠥ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠵᠡᠩᠨᠡᠯᠲᠡ ᠪᠤᠷᠤᠯᠠᠭᠤᠯᠭ᠎ᠠ ᠶᠢᠨ ᠵᠠᠭᠪᠦᠷ ᠢ ᠰᠢᠨᠡᠴᠢᠯᠡᠬᠦ︔ ᠲᠠᠷᠢᠶᠠᠴᠢᠳ ᠲᠤ ᠠᠰᠢᠬ ᠬᠦᠷᠳᠡᠬᠦ ᠪᠤᠯᠭᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤ ᠲᠤᠰᠠᠯᠠᠵᠥ᠂ ᠬᠦᠭᠵᠢᠯᠲᠡ ᠶᠢᠨ ᠵᠠᠭᠪᠤᠷ ᠢ ᠰᠦᠪᠡᠭᠴᠢᠯᠡᠨ ᠲᠡᠯᠬᠡᠷᠡᠬᠦᠯᠵᠥ᠂ ᠠᠰᠢᠭ ᠲᠤᠰᠡ ᠶᠢᠨ ᠬᠤᠯᠪᠤᠭᠠᠯᠠᠯ ᠤᠨ ᠲᠤᠭᠳᠠᠴᠡ ᠶᠢ ᠪᠦᠷᠢᠨᠰᠢᠭᠦᠯᠬᠦ ᠵᠡᠷᠭᠡ ᠪᠠᠭᠳᠠᠨ᠎ᠡ᠃      ᠰᠠᠨᠠᠯ ᠳᠤ ᠪᠠᠰᠠ ᠡᠳ᠋ ᠤᠨ ᠵᠠᠰᠠᠭ ᠤᠨ ᠤᠷᠤᠭᠤᠯᠤᠯᠲᠡ ᠶᠢᠨ ᠲᠤᠭᠳᠠᠴᠡ ᠶᠢ ᠪᠦᠷᠢᠨᠰᠢᠬᠦᠯᠬᠦ᠂ ᠭᠠᠵᠠᠷ ᠬᠡᠷᠡᠭᠯᠡᠬᠦ ᠪᠠᠳᠤᠯᠠᠭ᠎ᠠ ᠶᠢ ᠴᠢᠩᠭᠠᠳᠬᠠᠬᠤ᠂ ᠮᠥᠩᠬᠦᠨ ᠬᠦᠢᠯᠭᠡᠭᠡᠨ ᠤ ᠲᠡᠮᠵᠢᠯᠬᠡ ᠶᠢ ᠴᠢᠩᠭᠠᠳᠬᠠᠬᠤ᠂ ᠴᠢᠳᠠᠪᠦᠷᠢᠲᠡᠨ  ᠤ ᠡᠩᠨᠡᠭᠡ ᠶᠢᠨ ᠪᠠᠶᠢᠭᠤᠯᠤᠯᠲᠡ ᠶᠢ ᠴᠢᠩᠭᠠᠳᠬᠠᠬᠤ ᠵᠡᠷᠬᠡ ᠬᠦᠳᠡᠭᠡ ᠲᠤᠰᠬᠤᠨ ᠤ ᠵᠢᠭᠤᠯᠴᠢᠯᠠᠯ ᠤᠨ ᠦᠷᠬᠦᠯᠵᠢᠯᠡᠬᠦ ᠬᠦᠭᠵᠢᠯᠲᠡ ᠶᠢ ᠠᠬᠢᠭᠤᠯᠬᠤ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ᠎ᠡ ᠭᠡᠵᠦ ᠲᠤᠷᠠᠳᠪᠡ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号