ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ᠂ 1952 ᠤᠨ ᠤ 10 ᠰᠠᠷ᠎ᠠ ᠳᠤ ᠳᠠᠷᠬᠠᠨ ᠬᠤᠰᠢᠭᠤ | ᠪᠤᠯᠤᠨ ᠮᠤᠤᠮᠢᠩᠭᠠᠨ ᠬᠤᠰᠢᠭᠤ ᠬᠤᠶᠠᠷ ᠬᠤᠰᠢᠭᠤ ᠨᠡᠶᠢᠯᠡᠭᠡᠳ ᠪᠠᠶᠢᠭᠤᠯᠤᠭᠳᠠᠪᠡ ︵ᠳᠠᠷᠬᠠᠨ ᠭᠡᠳᠡᠭ ᠨᠢ ᠬᠠᠯᠳᠠᠵᠦ | ᠪᠤᠯᠤᠰᠢ ᠦᠭᠡᠢ ᠠᠷᠢᠭᠤᠨ ᠳᠠᠷᠬᠠᠨ ᠭᠡᠰᠡᠨ ᠤᠳᠬ᠎ᠠ ᠠᠴᠠ ᠢᠷᠡᠯᠲᠠᠢ᠂ ᠮᠤᠤᠮᠢᠩᠭᠠᠨ ᠭᠡᠳᠡᠭ ᠨᠢ ᠮᠢᠩᠭᠠᠨ ᠡᠷᠦᠬᠡ | ᠠᠶᠢᠮᠠᠭ ᠭᠡᠬᠦ ᠤᠳᠬ᠎ᠠ ᠲᠠᠢ︶᠃ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠪᠤᠯ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ 20 ᠬᠢᠯᠢ ᠬᠢᠵᠠᠭᠠᠷ ᠤᠨ ᠬᠤᠰᠢᠭᠤ ᠵᠢᠴᠢ 33 ᠮᠠᠯᠵᠢᠬᠤ ᠬᠤᠰᠢᠭᠤᠨ ᠤ ᠨᠢᠭᠡ | ᠨᠢ ᠪᠤᠯᠤᠨ᠎ᠡ᠃ ᠵᠡᠭᠦᠨ ᠲᠠᠯ᠎ᠠ ᠪᠠᠷ ᠢᠶᠠᠨ ᠲᠦᠷᠪᠡᠳ ᠬᠤᠰᠢᠭᠤ ᠲᠠᠢ ᠵᠠᠯᠭᠠᠯᠳᠤᠵᠦ᠂ ᠪᠠᠷᠠᠭᠤᠨᠰᠢ ᠪᠠᠨ ᠪᠠᠶᠠᠨᠨᠠᠭᠤᠷ ᠤᠨ | ᠤᠷᠠᠳ ᠤᠨ ᠲᠤᠮᠲᠠᠲᠤ ᠬᠤᠰᠢᠭᠤ ᠲᠠᠢ ᠨᠢᠭᠤᠷᠯᠠᠨ᠂ ᠡᠮᠦᠨᠡᠰᠢ ᠪᠠᠨ ᠬᠦᠭᠡᠬᠤᠲᠠ ᠶᠢᠨ ᠦᠴᠤᠸᠠᠨ ᠰᠢᠶᠠᠨ᠂ ᠪᠤᠭᠤᠲᠤ | ᠬᠤᠲᠠ ᠶᠢᠨ ᠭᠦᠶᠠᠩ ᠰᠢᠶᠡᠨ ᠲᠠᠢ ᠬᠦᠷᠰᠢᠯᠡᠵᠤ᠂ ᠤᠮᠠᠷᠠᠲᠤ ᠲᠠᠯ᠎ᠠ ᠪᠠᠷ ᠢᠶᠠᠨ ᠮᠤᠩᠭᠤᠯ ᠤᠯᠤᠰ ᠲᠠᠢ ᠬᠢᠯᠢ | ᠵᠠᠯᠭᠠᠯᠳᠤᠵᠦ᠂ ᠬᠢᠯᠢ ᠶᠢᠨ ᠱᠤᠭᠤᠮ 88.6 ᠺᠢᠯᠤᠮᠧᠲᠷ ᠪᠠᠶᠢᠳᠠᠭ᠃ ᠪᠦᠬᠦ ᠬᠤᠰᠢᠭᠤᠨ ᠳᠤ 7 ᠪᠠᠯᠭᠠᠰᠤ᠂ 2 ᠰᠢᠶᠠᠩ᠂ | 3 ᠰᠤᠮᠤ ᠬᠠᠷᠢᠶᠠᠯᠠᠭᠳᠡᠵᠦ᠂ ᠶᠡᠷᠦᠩᠬᠡᠢ ᠲᠠᠯᠠᠪᠠᠢ ᠨᠢ 18177 ᠲᠡᠭᠰᠢ ᠳᠦᠷᠪᠡᠯᠵᠢᠨ ᠺᠢᠯᠤᠮᠧᠲᠷ᠂ ᠬᠦᠮᠦᠨ ᠠᠮᠠ | ᠶᠢᠨ ᠶᠡᠷᠦᠩᠬᠡᠢ ᠲᠤᠭ᠎ᠠ 12 ᠲᠦᠮᠡ᠂ ᠡᠭᠦᠨ ᠳᠤ ᠴᠦᠬᠡᠨ ᠲᠤᠭᠠᠲᠦ ᠦᠨᠳᠦᠰᠦᠲᠡᠨ 1.83 ᠲᠦᠮᠡ ︵ᠮᠤᠩᠭᠤᠯ | ᠦᠨᠳᠦᠰᠦᠲᠡᠨ 1.73 ᠲᠦᠮᠡᠨ ᠬᠦᠮᠦᠨ︶ ᠶᠢ ᠡᠵᠡᠯᠡᠵᠦ᠂ ᠮᠤᠩᠭᠤᠯ᠂ ᠬᠢᠲᠠᠳ᠂ ᠬᠤᠲᠤᠩ᠂ ᠮᠠᠨᠵᠦ ᠵᠠᠷᠭᠡ | ᠦᠨᠳᠦᠰᠦᠲᠡᠨ ᠮᠦᠷᠦ ᠵᠠᠷᠭᠡᠴᠡᠨ ᠠᠮᠢᠳᠤᠷᠠᠵᠦ ᠪᠠᠶᠢᠳᠠᠭ᠃ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ | ᠭᠠᠵᠠᠷ ᠪᠠᠲᠤᠬᠠᠭᠠᠯᠭ᠎ᠠ ᠪᠠᠯᠭᠠᠰᠦ ᠨᠢ ᠬᠦᠬᠡᠬᠤᠲᠡ᠂ ᠪᠤᠭᠤᠲᠦ ᠬᠤᠲᠠ ᠠᠴᠠ ᠴᠦᠮ 160 ᠺᠢᠯᠤᠮᠧᠲᠷ ᠤᠨ ᠵᠠᠶᠢᠲᠠᠢ | ᠪᠠᠶᠢᠵᠦ᠂ ᠬᠦᠬᠡᠬᠤᠲᠠ᠂ ᠪᠤᠭᠤᠲᠦ᠂ ᠤᠷᠳᠤᠰ ᠤᠨ ᠠᠵᠦ ᠠᠬᠤᠢ ᠶᠢᠨ ᠤᠷᠤᠨ ᠤ ᠬᠤᠶᠠᠷ ᠴᠠᠭ ᠤᠨ ᠰᠠᠴᠤᠷᠠᠭ | ᠲᠤᠭᠤᠷᠢᠭ ᠲᠤ ᠪᠠᠶᠢᠷᠢᠯᠠᠵᠦ ᠪᠠᠶᠢᠳᠠᠭ᠃ ᠤᠯᠤᠰ ᠤᠨ ᠪᠠᠶᠢᠩᠭᠤ ᠨᠡᠭᠡᠭᠡᠯᠲᠡ ᠲᠠᠢ ᠳᠤᠮᠳᠠᠳᠦ ᠮᠤᠩᠭᠤᠯ ᠤᠨ | ᠮᠠᠨᠳᠤᠯ—ᠬᠠᠩᠭᠢ ᠬᠢᠯᠢ ᠶᠢᠨ ᠪᠤᠭᠤᠮᠲᠡ ᠨᠢ ᠬᠦᠬᠡᠬᠤᠲᠠ᠂ ᠪᠤᠭᠤᠲᠦ᠂ ᠤᠷᠳᠤᠰ ᠤᠨ ᠠᠵᠦ ᠠᠬᠤᠢ ᠶᠢᠨ ᠤᠷᠤᠨ | ᠤ ᠤᠮᠠᠷᠠᠰᠢ ᠨᠡᠪᠲᠡᠷᠡᠬᠦ ᠴᠢᠬᠤᠯᠡ ᠵᠠᠮ ᠤᠨ ᠨᠢᠭᠡ ᠨᠢ ᠪᠤᠯᠤᠭᠰᠡᠨ ᠪᠠᠶᠢᠨ᠎ᠡ᠃ | ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠭᠠᠵᠠᠷ ᠨᠤᠲᠤᠭ ᠦᠷᠭᠡᠨ ᠠᠭᠤᠳᠡᠮ᠂ ᠡᠳ᠋ ᠪᠤᠳᠠᠰ ᠡᠯᠪᠡᠭ | ᠪᠠᠶᠠᠯᠢᠭ ᠪᠠᠶᠢᠲᠠᠭ᠃ ᠨᠢᠭᠡᠨᠲᠡ ᠬᠠᠶᠢᠵᠦ ᠲᠤᠳᠤᠯᠠᠭᠰᠠᠨ ᠲᠡᠮᠦᠷᠯᠢᠭ ᠵᠢᠴᠢ ᠲᠡᠮᠦᠷᠯᠢᠭ ᠪᠤᠰᠦ ᠠᠭᠤᠷᠬᠠᠢ ᠶᠢᠨ | ᠲᠦᠷᠦᠯ ᠨᠢ 32 ᠵᠦᠢᠯ ᠠᠴᠠ ᠬᠡᠲᠦᠷᠡᠵᠦ᠂ ᠬᠤᠰᠢᠭᠤᠨ ᠤ ᠬᠠᠷᠢᠶᠠᠨ ᠳᠤ᠂ ᠲᠡᠮᠦᠷ ᠤᠨ ᠠᠭᠤᠷᠬᠠᠢ 20 | ᠳ᠋ᠦᠩᠰᠢᠭᠤᠷ ᠲᠤᠨ᠂ ᠬᠦᠷᠡᠩ ᠨᠡᠭᠦᠷᠡᠰᠦ 56 ᠳ᠋ᠦᠩᠰᠢᠭᠤᠷ ᠲᠤᠨ᠂ ᠴᠤᠬᠤᠢ ᠶᠢᠨ ᠴᠢᠯᠠᠭᠤ 20 ᠳ᠋ᠦᠩᠰᠢᠭᠤᠷ ᠲᠤᠨ᠂ | ᠹᠤᠰᠹᠤᠷ ᠤᠨ ᠠᠭᠤᠷᠬᠠᠢ 2.7 ᠳ᠋ᠦᠩᠰᠢᠭᠤᠷ ᠲᠤᠨ ᠪᠠᠶᠢᠵᠦ᠂ ᠬᠠᠳᠠᠭᠠᠯᠠᠭᠳᠠᠴᠡ ᠪᠠᠷ ᠨᠡᠯᠢᠶᠡᠳ ᠶᠡᠭᠡ ᠪᠤᠯᠬᠤ | ᠬᠤᠪᠤᠷ ᠰᠢᠷᠤᠢ᠂ ᠠᠯᠲᠡ᠂ ᠮᠠᠩᠭᠠᠨ᠂ ᠬᠠᠶᠢᠯᠤᠭᠤᠷ ᠵᠤᠩᠰᠢ᠂ ᠵᠡᠰ ᠵᠠᠷᠭᠡ ᠠᠭᠤᠷᠬᠠᠢ ᠶᠢᠨ ᠡᠬᠢ ᠪᠠᠶᠠᠯᠢᠭ ᠪᠠᠰᠠ | ᠪᠠᠶᠢᠨ᠎ᠡ᠃ ᠰᠠᠯᠬᠢᠨ ᠤ ᠡᠨᠧᠷᠬᠢ ᠪᠠ ᠨᠠᠷᠡᠨ ᠤ ᠡᠨᠧᠷᠬᠢ ᠶᠢᠨ ᠨᠡᠭᠡᠭᠡᠨ ᠠᠰᠢᠭᠯᠠᠯᠲᠡ ᠶᠢᠨ ᠢᠷᠡᠭᠡᠳᠦᠢ ᠦᠷᠭᠡᠨ | ᠰᠠᠷᠡᠭᠤᠯ ᠪᠠᠶᠢᠵᠦ᠂ ᠵᠢᠯ ᠤᠨ ᠳᠤᠮᠳᠠᠴᠢ ᠬᠦᠴᠦᠨ ᠲᠠᠢ ᠰᠠᠯᠬᠢᠨ ᠬᠤᠷᠳᠤᠴᠡ ᠶᠢᠨ ᠬᠡᠮᠵᠢᠶ᠎ᠡ ᠨᠢ 6000 ᠴᠠᠭ | ᠠᠴᠠ ᠳᠡᠭᠡᠭᠰᠢ ᠪᠠᠶᠢᠵᠦ᠂ ᠰᠠᠯᠬᠢᠨ ᠤ ᠡᠨᠧᠷᠬᠢ ᠶᠢᠨ ᠶᠡᠷᠦᠩᠬᠡᠢ ᠬᠠᠳᠠᠭᠠᠯᠠᠭᠳᠠᠴᠠ ᠨᠢ 3181 ᠲᠦᠮᠡᠨ ᠺᠢᠯᠤᠸᠠᠲ | ᠬᠦᠷᠳᠡᠭ᠃ ᠵᠢᠯ ᠤᠨ ᠳᠤᠮᠳᠠᠴᠢ ᠨᠠᠷᠡᠨ ᠤ ᠳᠤᠰᠤᠯᠲᠡ ᠶᠢᠨ ᠬᠤᠭᠤᠴᠠᠭ᠎ᠠ ᠨᠢ 3100 ᠴᠠᠭ ᠲᠤ ᠬᠦᠷᠴᠦ᠂ ᠵᠢᠯ | ᠤᠨ ᠨᠠᠷᠡᠨ ᠤ ᠰᠠᠴᠤᠷᠠᠯᠲᠡ ᠶᠢᠨ ᠶᠡᠷᠦᠩᠬᠡᠢ ᠬᠡᠮᠵᠢᠶ᠎ᠡ ᠨᠢ ᠮᠧᠲᠷ ᠪᠦᠷᠢ ᠳᠡᠭᠡᠨ 6000 ᠵᠧᠦ᠋ᠯ ᠠᠴᠠ ᠳᠡᠭᠡᠭᠰᠢ | ᠬᠦᠷᠳᠡᠭ᠃ ᠲᠠᠷᠢᠶᠠᠯᠠᠩ ᠮᠠᠯ ᠠᠵᠦ ᠠᠬᠤᠢ ᠶᠢᠨ ᠡᠬᠢ ᠪᠠᠶᠠᠯᠢᠭ ᠡᠯᠪᠡᠭ ᠲᠡᠯᠪᠡᠭ᠂ ᠪᠠᠶᠢᠭᠠᠯᠢ ᠶᠢᠨ ᠡᠪᠡᠰᠦ ᠪᠡᠯᠴᠢᠭᠡᠷ | 1.66 ᠲᠦᠮᠡᠨ ᠺᠢᠯᠤᠮᠧᠲᠷ᠂ ᠲᠠᠷᠢᠶᠠᠨ ᠭᠠᠵᠠᠷ 120 ᠲᠦᠮᠡᠨ ᠮᠦ ᠪᠠᠶᠢᠳᠠᠭ᠃ ᠲᠦᠮᠦᠰᠦ᠂ ᠦᠭᠡᠷ ᠬᠤᠨᠢᠨ ᠤ | ᠮᠢᠬ᠎ᠠ᠂ ᠠᠷᠠᠰᠦ ᠨᠤᠤᠰᠦ ᠵᠠᠷᠭᠡ ᠲᠠᠷᠢᠶᠠᠯᠠᠩ ᠮᠠᠯ ᠠᠵᠦ ᠠᠬᠤᠢ ᠶᠢᠨ ᠪᠦᠲᠦᠭᠳᠡᠭᠦᠨ ᠪᠦᠬᠦ ᠤᠯᠤᠰ ᠤᠨ ᠬᠡᠪᠴᠢᠶᠠᠨ | ᠳᠤ ᠪᠤᠷᠤᠯᠠᠭᠤᠯᠤᠭᠳᠠᠵᠦ ᠪᠤᠢ᠃ | ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠳᠤ ᠵᠤᠭᠠᠴᠠᠯ ᠤᠨ ᠦᠵᠡᠮᠵᠢ ᠶᠢᠨ ᠤᠷᠤᠨ ᠪᠤᠯᠤᠨ | ᠲᠡᠦᠬᠡᠨ ᠪᠠᠭᠤᠷᠢ ᠦᠯᠡᠮᠵᠢ ᠤᠯᠡᠨ ᠪᠠᠶᠢᠵᠦ᠂ ᠦᠪᠡᠷᠮᠢᠴᠡ ᠰᠤᠶᠤᠯ ᠢᠷᠭᠡᠨᠰᠢᠯ ᠤᠨ ᠤᠨᠴᠠᠯᠢᠭ ᠲᠠᠢ᠃ ᠰᠢᠷᠠᠮᠦ᠋ᠷᠡᠨ | ᠲᠠᠯ᠎ᠡ ᠨᠤᠲᠤᠭ ᠪᠤᠯ ᠦᠪᠡᠷᠲᠡᠭᠡᠨ ᠵᠠᠰᠠᠬᠤ ᠤᠷᠤᠨ ᠤ ᠬᠠᠮᠤᠭ ᠡᠷᠲᠡ ᠨᠡᠭᠡᠭᠡᠨ ᠠᠰᠢᠭᠯᠠᠭᠰᠠᠨ ᠵᠢᠭᠤᠯᠴᠢᠯᠠᠯ ᠤᠨ | ᠤᠷᠤᠨ ᠪᠤᠯᠤᠨ᠎ᠡ᠃ ᠬᠤᠰᠢᠭᠤᠨ ᠤ ᠬᠠᠷᠢᠶᠠᠨ ᠳᠤ᠂ ᠤᠯᠡᠨ ᠰᠦᠮ᠎ᠡ ᠶᠢᠨ ᠬᠠᠭᠤᠴᠢᠨ ᠬᠤᠲᠡ ᠶᠢᠨ ᠪᠠᠭᠤᠷᠢ᠂ ᠠᠯᠲᠡᠨ | ᠤᠯᠤᠰ ᠤᠨ ᠰᠡᠷᠭᠡᠶᠢᠯᠡᠯᠲᠡ ᠶᠢᠨ ᠭᠤᠤ ︵ᠪᠤᠷᠦ ᠬᠤᠲᠠ︶ ᠵᠠᠷᠭᠡ ᠤᠯᠤᠰ ᠤᠨ ᠳᠡᠰ ᠤᠨ ᠭᠤᠤᠯᠳᠠᠯᠭᠠᠲᠦ ᠲᠡᠦᠭᠡ | ᠶᠢᠨ ᠲᠤᠷᠠᠰᠬᠠᠯᠲᠦ ᠵᠦᠢᠯᠡᠰ ᠤᠨ ᠬᠠᠮᠠᠭᠠᠯᠠᠯᠲᠡ ᠶᠢᠨ ᠨᠢᠭᠡᠴᠡ ᠪᠠᠶᠢᠬᠤ ᠠᠴᠠ ᠭᠠᠳᠠᠨ᠎ᠡ᠂ ᠬᠠᠪᠤᠲᠦ ᠬᠠᠰᠠᠷ ᠤᠨ | ᠲᠠᠬᠢᠯᠭ᠎ᠠ ᠶᠢᠨ ᠤᠷᠳᠤᠨ᠂ ᠬᠠᠨ ᠤᠯᠤᠰ ᠤᠨ ᠤᠷᠲᠦ ᠬᠡᠷᠡᠮ ᠤᠨ ᠦᠯᠡᠳᠡᠭᠳᠡᠯ᠂ ᠡᠩᠬᠡ ᠠᠮᠤᠭᠤᠯᠠᠩ ᠤᠨ ᠴᠡᠷᠢᠭ ᠤᠨ | ᠬᠤᠸᠠᠷᠡᠨ ᠵᠡᠷᠭᠡ ᠲᠡᠦᠭᠡᠨ ᠦᠯᠡᠳᠡᠭᠳᠡᠯ ᠪᠠᠰᠡ ᠤᠯᠡᠨ ᠪᠠᠶᠢᠳᠠᠭ᠃1936 ᠤᠨ ᠳᠤ᠂ ᠤᠯᠠᠭᠠᠨᠬᠦᠦ ᠵᠠᠷᠭᠡ ᠠᠬᠠᠮᠠᠳ | ᠦᠶ᠎ᠡ ᠶᠢᠨ ᠦᠭᠡᠭᠦᠦ ᠠᠩᠭᠢ ᠶᠢᠨ ᠬᠤᠪᠢᠰᠬᠠᠯᠴᠢᠳ ᠪᠠᠲᠤᠬᠠᠭᠠᠯᠭ᠎ᠠ ᠶᠢᠨ ᠶᠠᠫᠤᠨ ᠡᠵᠡᠷᠭᠡᠭ ᠲᠦᠷᠢᠮᠡᠭᠡᠶᠢᠲᠡᠨ ᠢ | ᠡᠰᠡᠷᠭᠦᠴᠡᠬᠦ ᠵᠡᠪᠰᠡᠭᠲᠦ ᠪᠤᠰᠤᠯᠭ᠎ᠠ ᠶᠢ ᠤᠳᠤᠷᠢᠳᠴᠦ᠂ ᠮᠤᠩᠭᠤᠯ ᠦᠨᠳᠦᠰᠦᠲᠡᠨ ᠤ ᠶᠠᠫᠤᠨ ᠡᠵᠡᠷᠭᠡᠭ | ᠲᠦᠷᠢᠮᠡᠭᠡᠶᠢᠲᠡᠨ ᠢ ᠡᠰᠡᠷᠭᠦᠴᠡᠬᠦ ᠠᠩᠬᠠᠨ ᠤ ᠫᠤᠤ ᠶᠢ ᠲᠠᠯᠪᠢᠭᠰᠡᠨ ᠪᠠᠶᠢᠨ᠎ᠡ᠃ ᠲᠤᠰ ᠵᠢᠯ ᠤᠨ 11 ᠰᠠᠷ᠎ᠡ ᠳᠤ᠂ ᠹᠦ᠋ | ᠽᠦᠸᠧ ᠢ ᠶᠢᠨ ᠤᠳᠤᠷᠢᠳᠤᠭᠰᠡᠨ ᠪᠠᠲᠤᠬᠠᠭᠠᠯᠭ᠎ᠠ ᠶᠢᠨ ᠲᠤᠯᠤᠯᠳᠤᠭᠠᠨ ᠨᠢ ᠪᠦᠬᠦ ᠤᠯᠤᠰ ᠤᠨ ᠠᠷᠡᠳ ᠲᠦᠮᠡᠨ ᠤ | ᠶᠠᠫᠤᠨ ᠢ ᠡᠰᠡᠷᠭᠦᠴᠡᠬᠦ ᠢᠲᠡᠭᠡᠯ ᠵᠤᠷᠢᠭ ᠢ ᠶᠡᠭᠡᠪᠡᠷ ᠬᠦᠪᠴᠢᠯᠡᠪᠡ᠃ ᠲᠦᠷᠦᠭᠦᠦ ᠵᠠᠭᠤᠨ ᠤ ᠵᠢᠷᠠᠭᠠᠳ ᠤᠨ ᠳᠤ᠂ | ᠲᠠᠯ᠎ᠡ ᠨᠤᠲᠤᠭ ᠤᠨ ᠪᠢᠴᠢᠬᠠᠨ ᠪᠠᠭᠠᠲᠤᠷ ᠡᠭᠡᠴᠢ ᠦᠬᠢᠨ ᠲᠡᠭᠦᠤ ᠯᠦᠩ ᠮᠧᠢ᠂ ᠢᠦᠢ ᠷᠥᠩ ᠤᠨ ᠢᠷᠠᠭᠤ | ᠠᠯᠲᠡᠷᠲᠦ ᠦᠢᠯᠡ ᠠᠵᠢᠯᠯᠠᠭ᠎ᠠ ᠨᠢ ᠳᠠᠷᠬᠠᠨ ᠮᠤᠤᠮᠢᠩᠭᠠᠨ ᠠᠴᠠ ᠡᠭᠦᠰᠴᠦ᠂ ᠳᠠᠶᠠᠭᠠᠷ ᠤᠯᠤᠰ ᠲᠤ ᠲᠠᠷᠬᠠᠪᠡ᠃ | ᠲᠦᠷᠦᠭᠦᠦ ᠵᠠᠭᠤᠨ ᠤ ᠲᠠᠪᠢᠭᠠᠳ ᠤᠨ ᠳᠤ ᠳᠠᠷᠬᠠᠨ ᠮᠤᠤᠮᠢᠩᠭᠠᠨ ᠤ ᠠᠷᠡᠳ ᠲᠦᠮᠡᠨ ᠦᠶ᠎ᠡ ᠤᠯᠠᠷᠢᠨ ᠲᠠᠬᠢᠵᠦ | ᠪᠠᠶᠢᠭᠰᠠᠨ ᠪᠤᠭᠳᠠ ᠠᠭᠤᠯᠡ— ᠪᠠᠶᠠᠨ ᠤᠪᠤᠭ᠎ᠠ ᠪᠠᠨ ᠲᠦᠷᠦ ᠵᠠᠰᠠᠭ ᠲᠤ ᠬᠠᠷᠡᠮ ᠦᠭᠡᠢ ᠵᠤᠷᠢᠭᠤᠯᠵᠦ᠂ ᠪᠤᠭᠤᠲᠦ | ᠶᠢᠨ ᠪᠤᠯᠤᠳ ᠲᠡᠮᠦᠷ ᠤᠨ ᠪᠦᠲᠦᠭᠡᠨ ᠪᠠᠶᠢᠭᠤᠯᠤᠯᠲᠡ ᠶᠢ ᠳᠡᠮᠵᠢᠪᠡ᠃ | 2017 ᠤᠨ ᠳᠤ᠂ ᠪᠦᠬᠦ ᠬᠤᠰᠢᠭᠤᠨ ᠤ ᠪᠡᠶᠡᠯᠡᠭᠦᠯᠦᠭᠰᠡᠨ ᠲᠤᠭᠲᠡᠮᠡᠯ ᠬᠦᠷᠦᠩᠭᠬᠡ ᠶᠢᠨ ᠪᠡᠯᠡ | ᠤᠷᠤᠭᠤᠯᠤᠯᠲᠡ ᠨᠢ 227.35 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠲᠡ ᠶᠢᠨ ᠡᠳ᠋ ᠤᠨ ᠵᠠᠰᠠᠭ ᠤᠨ | ᠲᠦᠰᠦᠪ ᠤᠨ ᠤᠷᠤᠯᠭ᠎ᠠ ᠨᠢ 5.5 ᠳ᠋ᠦᠩᠰᠢᠭᠤᠷ ᠲᠦᠭᠦᠷᠢᠭ ᠪᠠᠶᠢᠵᠦ᠂ ᠨᠡᠶᠢᠭᠡᠮ ᠤᠨ ᠬᠡᠷᠡᠭᠯᠡᠭᠡᠨ ᠤ ᠰᠤᠯᠡ | ᠪᠤᠷᠤᠯᠠᠭᠤᠯᠤᠯᠲᠡ ᠶᠢᠨ ᠶᠡᠷᠦᠩᠬᠡᠢ ᠦᠷᠲᠡᠭ ᠨᠢ 24.54 ᠳ᠋ᠦᠩᠰᠢᠭᠤᠷ ᠲᠦᠭᠦᠷᠢᠭ ᠲᠤ ᠬᠦᠷᠴᠦ᠂ ᠬᠤᠲᠠ | ᠪᠠᠯᠭᠠᠰᠤᠨ ᠤ ᠪᠠᠶᠢᠩᠭᠤ ᠰᠠᠭᠤᠭᠠᠯᠢ ᠠᠷᠠᠳ ᠪᠤᠯᠤᠨ ᠮᠠᠯᠴᠢᠨ ᠲᠠᠷᠢᠶᠠᠴᠢᠨ ᠤ ᠲᠡᠭᠰᠢᠳᠭᠡᠭᠰᠡᠨ ᠤᠷᠤᠯᠭ᠎ᠠ ᠨᠢ ᠲᠤᠰ | ᠲᠤᠰ 37223 ᠲᠦᠭᠦᠷᠢᠭ᠂ 13757 ᠲᠦᠭᠦᠷᠢᠭ ᠪᠠᠶᠢᠵᠦ᠂ ᠲᠤᠰ ᠪᠦᠷᠢ 8.3%᠂ 8.4% ᠪᠠᠷ ᠨᠡᠮᠡᠭᠳᠡᠪᠡ᠃ | | | | |