ᠪᠠᠶᠢᠭᠠᠯᠢ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2018-03-19
     ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠳᠤ ᠬᠤᠪᠤᠷ ᠰᠢᠷᠤᠢ᠂ ᠠᠯᠲᠡ᠂ ᠲᠡᠮᠦᠷ᠂ ᠮᠠᠩᠭᠠᠨ᠂ ᠵᠠᠰ᠂ ᠬᠦᠷᠡᠩ ᠨᠡᠭᠦᠷᠡᠰᠦ᠂ ᠹᠤᠰᠹᠤᠷ᠂ ᠬᠠᠶᠢᠯᠤᠭᠤᠷ ᠵᠤᠩᠰᠢ᠂ ᠴᠤᠬᠤᠢ ᠶᠢᠨ ᠴᠢᠯᠠᠭᠤ ᠵᠠᠷᠭᠡ ᠭᠤᠤᠯ ᠪᠤᠯᠬᠤ ᠠᠭᠤᠷᠬᠠᠢ ᠶᠢᠨ ᠭᠠᠷᠤᠯᠲᠡ ᠶᠢᠨ ᠡᠬᠢ ᠪᠠᠶᠠᠯᠢᠭ ᠡᠯᠪᠡᠭ ᠪᠠᠶᠢᠳᠠᠭ᠃ ᠡᠭᠦᠨ ᠤ ᠳᠤᠲᠤᠷ᠎ᠡ ᠠᠯᠲᠡᠨ ᠤ ᠬᠦᠳᠡᠷ ᠤᠨ ᠬᠠᠳᠠᠭᠠᠯᠠᠭᠳᠠᠴᠡ  ᠨᠢ 130.9 ᠲᠦᠮᠡᠨ ᠲᠤᠨ᠂ ᠲᠡᠮᠦᠷ ᠤᠨ ᠬᠠᠳᠠᠭᠠᠯᠠᠭᠳᠠᠴᠡ ᠨᠢ ᠪᠠᠷᠤᠭ 1.2 ᠳ᠋ᠦᠩᠰᠢᠭᠤᠷ ᠲᠤᠨ᠂ ᠬᠦᠷᠡᠩ ᠨᠡᠭᠦᠷᠡᠰᠤᠨ ᠤ ᠬᠠᠶᠢᠵᠦ ᠢᠯᠡᠷᠡᠭᠦᠯᠦᠭᠰᠡᠨ ᠬᠠᠳᠠᠭᠠᠯᠠᠭᠳᠠᠴᠡ ᠨᠢ 56 ᠳ᠋ᠦᠩᠰᠢᠭᠤᠷ ᠲᠤᠨ᠂ ᠵᠠᠰ ᠤᠨ ᠬᠦᠳᠡᠷ ᠤᠨ ᠬᠠᠳᠠᠭᠠᠯᠠᠭᠳᠠᠴᠡ ᠨᠢ 167.87 ᠲᠦᠮᠡᠨ ᠲᠤᠨ᠂ ᠹᠤᠰᠹᠤᠷ ᠮᠠᠭᠨᠢ ᠶᠢᠨ ᠬᠠᠳᠠᠭᠠᠯᠠᠭᠳᠠᠴᠡ ᠨᠢ 280 ᠲᠦᠮᠡᠨ ᠲᠤᠨ᠃ ᠰᠢᠬᠢᠷ ᠡᠪᠡᠰᠦ᠂ ᠬᠢᠰᠢ ᠶᠢᠨ ᠦᠨᠳᠦᠰᠦ ᠵᠠᠷᠭᠡ ᠡᠮᠲᠦ ᠤᠷᠭᠤᠮᠠᠯ ᠪᠠᠶᠢᠵᠦ᠂ ᠬᠤᠯᠡᠨ᠂ ᠵᠠᠭᠡᠷ᠎ᠡ ᠵᠠᠷᠭᠡ ᠬᠤᠪᠤᠷ ᠨᠠᠨᠳᠢᠨ ᠠᠮᠢᠲᠠᠳ ᠪᠠᠶᠢᠵᠦ᠂ ᠪᠦᠷᠭᠦᠳ᠂ ᠬᠠᠶᠢᠷᠠᠭᠤᠴᠠᠢ ᠵᠠᠷᠭᠡ ᠵᠢᠭᠦᠷᠲᠡᠨ ᠪᠠᠶᠢᠳᠠᠭ᠃ ᠬᠤᠰᠢᠭᠤᠨ ᠤ ᠬᠠᠷᠢᠶᠠᠨ ᠳᠤ ᠭᠡᠷᠡᠯ ‍ᠤᠨ‌ᠡᠨᠧᠷᠬᠢ ᠶᠢᠨ ᠡᠬᠢ ᠪᠠᠶᠠᠯᠢᠭ ᠡᠯᠪᠡᠭ ᠲᠡᠯᠪᠡᠭ ᠪᠠᠶᠢᠵᠦ᠂ 30 ᠵᠢᠯ ᠤᠨ ᠡᠳᠦᠷ ᠤᠨ ᠭᠡᠷᠡᠯ ᠤᠨ ᠳᠤᠮᠳᠠᠴᠢ ᠳᠤᠰᠤᠯᠲᠡ ᠶᠢᠨ ᠬᠤᠭᠤᠴᠠᠭ᠎ᠠ ᠨᠢ 4439.7 ᠴᠠᠭ᠂ ᠨᠡᠷᠠᠨ ᠤ ᠵᠢᠯ ᠤᠨ ᠰᠠᠴᠤᠷᠠᠯᠲᠡ ᠶᠢᠨ ᠶᠡᠷᠦᠩᠬᠡᠢ ᠬᠡᠮᠵᠢᠶ᠎ᠡ  ᠨᠢ ᠲᠡᠭᠰᠢ ᠲᠦᠷᠪᠡᠯᠵᠢᠨ ᠮᠧᠲᠷ ᠪᠦᠷᠢ ᠳᠡᠭᠡᠨ 140—145 ᠺᠢᠯᠤᠺᠯᠤᠷᠢ ᠬᠦᠷᠴᠦ᠂ ᠭᠡᠷᠡᠯ ᠤᠨ ᠡᠨᠧᠷᠬᠢ ᠶᠢᠨ ᠦᠢᠯᠡᠳᠪᠦᠷᠢᠯᠡᠬᠦ ᠳᠠᠯᠲᠡ ᠬᠦᠴᠦᠨ ᠨᠢ ᠡᠮᠦᠨ᠎ᠡ ᠠᠴᠠ ᠤᠮᠡᠷ᠎ᠡ ᠲᠡᠰᠢ ᠤᠯᠡᠮ ᠢᠶᠠᠷ ᠨᠡᠮᠡᠭᠳᠡᠵᠦ ᠪᠠᠶᠢᠨ᠎ᠡ᠃ ᠰᠠᠯᠬᠢᠨ ᠤ ᠡᠨᠧᠷᠬᠢ ᠶᠢᠨ ᠡᠬᠢ ᠪᠠᠶᠠᠯᠢᠭ ᠨᠢ ᠨᠡᠩ ᠢᠯᠡᠩᠭᠤᠶ᠎ᠡ ᠡᠯᠪᠡᠭ᠂ ᠵᠢᠯ ᠤᠨ ᠠᠰᠢᠬᠯᠡᠵᠦ ᠪᠤᠯᠬᠤ ᠰᠠᠯᠬᠢᠨ ᠤ ᠬᠤᠷᠳᠤᠴᠡ  ᠶᠢᠨ ᠦᠢᠷᠬᠦᠯᠵᠢᠯᠡᠬᠦ ᠴᠠᠭ ᠨᠢ ᠤᠷᠲᠦ᠂ ᠴᠢᠭᠯᠡᠯ ᠨᠢ ᠲᠤᠭᠲᠠᠭᠤᠨ ᠪᠠᠶᠢᠵᠦ᠂ ᠦᠪᠡᠷᠲᠡᠭᠡᠨ ᠵᠠᠰᠬᠤ ᠤᠷᠤᠨ ᠤ ᠰᠠᠯᠬᠢᠨ  ᠤ ᠡᠨᠧᠷᠬᠢ ᠶᠢᠨ ᠨᠢᠭᠡᠳᠦᠭᠡᠷ ᠳᠡᠰ ᠤᠨ ᠤᠷᠤᠨ ᠤ ᠭᠤᠤᠯᠯᠠᠬᠤ ᠬᠡᠰᠡᠭ ᠪᠡ ᠤᠷᠤᠨ ᠪᠦᠰᠡ ᠪᠤᠯᠤᠨ᠎ᠡ᠃ ᠰᠠᠯᠬᠢᠨ ᠬᠤᠷᠲᠦ ᠶᠢᠨ ᠵᠢᠯ ᠤᠨ ᠳᠤᠮᠳᠠᠴᠢ ᠬᠡᠮᠵᠢᠶ᠎ᠡ ᠨᠢ ᠰᠧᠺᠦ᠋ᠨ᠋ᠲ ᠪᠦᠷᠢ 3.2—5.2 ᠮᠧᠲᠷ ᠪᠠᠶᠢᠵᠦ᠂ ᠪᠦᠬᠦ ᠵᠢᠯ ᠢᠶᠠᠷ  ᠢᠶᠠᠨ ᠰᠠᠯᠬᠢᠨ ᠤ ᠡᠨᠧᠷᠬᠢ ᠶᠢ ᠠᠰᠢᠭᠯᠠᠵᠦ ᠪᠤᠯᠤᠨ᠎ᠡ᠃ ᠰᠠᠯᠬᠢᠨ ᠤ ᠡᠨᠧᠷᠬᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠡ ᠨᠢ 3200 ᠲᠦᠮᠡᠨ ᠺᠢᠯᠤᠸᠠᠲ ᠪᠠᠶᠢᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号