| | ᠪᠠᠲᠤᠬᠠᠭᠠᠯᠭ᠎ᠠ ᠪᠠᠯᠭᠠᠰᠤ᠄ | ᠪᠠᠲᠤᠬᠠᠭᠠᠯᠭ᠎ᠠ ᠪᠠᠯᠭᠠᠰᠤ ᠪᠤᠯ ᠳᠠᠷᠬᠠᠨ ᠮᠤᠤᠮᠢᠩᠭᠠᠨ ᠬᠤᠰᠢᠭᠤᠨ ᠤ ᠵᠠᠰᠠᠭ ᠤᠨ ᠤᠷᠳᠦᠨ ᠤ ᠰᠠᠭᠤᠭ᠎ᠠ | ᠭᠠᠵᠠᠷ ᠪᠤᠯᠤᠨ᠎ᠡ᠂ ᠪᠤᠭᠤᠲᠤ ᠬᠤᠲᠠ ᠠᠴᠠ 167 ᠺᠢᠯᠤᠮᠧᠲᠷ ᠵᠠᠶᠢᠲᠠᠢ᠂ ᠦᠪᠡᠷᠲᠡᠭᠡᠨ ᠵᠠᠰᠠᠬᠤ ᠤᠷᠤᠨ ᠤ ᠲᠦᠪ | ᠬᠤᠲᠠ ᠬᠦᠬᠡᠬᠤᠲᠠ ᠠᠴᠠ 168 ᠺᠢᠯᠤᠮᠧᠲᠷ ᠵᠠᠶᠢᠳᠠᠢ᠃ ᠪᠦᠭᠦ ᠪᠠᠯᠭᠠᠰᠤᠨ ᠳᠤ 11 ᠭᠠᠴᠠᠭ᠎ᠠ ᠲᠤᠰᠬᠤᠨ᠂ 8 | ᠨᠡᠶᠢᠭᠡᠮ ᠲᠤᠭᠤᠷᠢᠭ ᠬᠠᠷᠢᠶᠠᠯᠠᠭᠳᠠᠵᠦ ᠪᠠᠶᠢᠲᠠᠭ᠃ ᠶᠡᠷᠦᠩᠬᠡᠢ ᠲᠠᠯᠠᠪᠠᠢ ᠨᠢ 2993 ᠲᠡᠭᠰᠢ ᠳᠦᠷᠪᠡᠯᠵᠢᠨ ᠺᠢᠯᠤᠮᠧᠲᠷ᠂ | ᠬᠦᠮᠦᠨ ᠠᠮᠠ ᠶᠢᠨ ᠶᠠᠷᠦᠩᠬᠡᠢ ᠲᠤᠭ᠎ᠠ ᠨᠢ 3.5 ᠲᠦᠮᠡ ︵ᠴᠦᠬᠡᠨ ᠲᠤᠭᠠᠲᠦ ᠦᠨᠳᠦᠰᠦᠲᠡᠨ 7053 ᠬᠦᠮᠦᠨ︶᠂ | ᠮᠤᠩᠭᠤᠯ ᠦᠨᠳᠦᠰᠦᠲᠡᠨ ᠢᠶᠠᠷ ᠭᠤᠤᠯ ᠪᠤᠯᠭᠠᠵᠦ᠂ ᠬᠢᠲᠡᠳ ᠦᠨᠳᠦᠰᠦᠲᠡᠨ ᠤᠯᠠᠨ ᠲᠤᠭ᠎ᠠ ᠶᠢ ᠡᠵᠡᠯᠡᠭᠰᠡᠨ ᠴᠦᠬᠡᠨ | ᠲᠤᠭᠠᠲᠦ ᠦᠨᠳᠦᠰᠦᠲᠡᠨ ᠤ ᠲᠦᠪ ᠪᠠᠯᠭᠠᠰᠦ ᠪᠤᠯᠤᠨ᠎ᠡ᠃ ᠪᠠᠯᠭᠠᠰᠤᠨ ᠤ ᠬᠠᠷᠢᠶᠠᠨ ᠳᠤ ᠡᠬᠢ ᠪᠠᠶᠠᠯᠢᠭ ᠡᠯᠪᠡᠭ ᠪᠠᠶᠠᠨ᠃ | ᠲᠡᠮᠦᠷ ᠤᠨ ᠠᠭᠤᠷᠬᠠᠢ᠂ ᠴᠤᠬᠤᠢ ᠶᠢᠨ ᠴᠢᠯᠠᠭᠤ ᠵᠠᠷᠭᠡ ᠠᠭᠤᠷᠬᠠᠢ ᠶᠢᠨ ᠡᠬᠢ ᠪᠠᠶᠠᠯᠢᠭ ᠤᠨ ᠬᠠᠳᠠᠭᠠᠯᠠᠭᠳᠠᠴᠡ ᠶᠢᠨ | ᠬᠡᠮᠵᠢᠶ᠎ᠡ ᠶᠡᠭᠡ ᠪᠠᠶᠢᠵᠦ᠂ ᠰᠠᠯᠬᠢᠨ ᠤ ᠡᠨᠧᠷᠬᠢ᠂ ᠨᠠᠷᠠᠨ ᠤ ᠡᠨᠧᠷᠬᠢ ᠶᠢᠨ ᠡᠬᠢ ᠪᠠᠶᠠᠯᠢᠭ ᠡᠯᠪᠡᠭ ᠪᠠᠶᠢᠳᠠᠭ︔ ᠦᠨᠢ | ᠤᠳᠠᠭᠠᠨ ᠲᠡᠦᠭᠡ ᠰᠤᠶᠤᠯ ᠲᠠᠢ᠃ ᠭᠤᠤᠯᠳᠠᠯᠭᠠᠲᠦ ᠲᠡᠦᠬᠡ ᠶᠢᠨ ᠲᠤᠷᠠᠰᠬᠠᠯᠲᠦ ᠵᠦᠢᠯᠡᠰ ᠤᠨ ᠬᠠᠮᠠᠭᠠᠯᠠᠯᠲᠡ ᠶᠢᠨ | ᠨᠢᠭᠡᠴᠡ ᠪᠤᠯᠬᠤ ᠤᠯᠡᠨ ᠰᠦᠮ᠎ᠡ ᠶᠢᠨ ᠬᠠᠭᠤᠴᠢᠨ ᠬᠤᠲᠡ ᠶᠢᠨ ᠪᠠᠭᠤᠷᠢ ᠪᠤᠯᠤᠨ ᠳᠤᠲᠤᠭᠠᠲᠦ ᠭᠠᠳᠠᠭᠠᠲᠦ ᠳᠤ | ᠨᠡᠷᠡᠲᠠᠢ ᠤᠯᠠᠭᠠᠨᠴᠠᠪ ᠤᠨ ᠬᠠᠲᠡᠨ ᠵᠢᠷᠤᠭ ᠲᠤᠰ ᠪᠠᠯᠭᠠᠰᠦᠨ ᠳᠤ ᠪᠠᠶᠢᠳᠠᠭ᠂ ᠲᠤᠰ ᠪᠠᠯᠭᠠᠰᠤ ᠨᠢ ︽ᠲᠠᠯ᠎ᠠ ᠨᠤᠲᠤᠭ | ᠤᠨ ᠭᠠᠷᠠᠮ︾᠂ ︽ᠬᠠᠭᠤᠷᠠᠢ ᠵᠠᠮ ᠤᠨ ᠪᠤᠭᠤᠮᠲᠡ︾ ᠬᠡᠭᠦ ᠠᠯᠲᠠᠷ ᠴᠤᠯᠡ ᠲᠠᠢ᠃ ᠦᠵᠡᠮᠵᠢ ᠶᠢᠨ ᠤᠷᠤᠨ ᠪᠠ ᠲᠡᠦᠬᠡ | ᠶᠢᠨ ᠪᠠᠭᠤᠷᠢ ᠦᠯᠡᠮᠵᠢ ᠤᠯᠡᠨ᠃ ᠪᠤᠶᠠᠨ ᠪᠠᠳᠠᠷᠠᠭᠤᠯᠤᠭᠴᠢ ᠰᠦᠮ᠎ᠡ᠂ ᠡᠩᠬᠡ ᠠᠮᠤᠭᠤᠯᠠᠩ ᠤᠨ ᠴᠡᠷᠢᠭ ᠤᠨ | ᠬᠤᠸᠠᠷᠡᠨ᠂ ᠬᠦᠭᠡ ᠡᠷᠭᠢ᠂ ᠵᠢᠮᠢᠰᠲᠠᠢ ᠦᠵᠡᠮᠵᠢ ᠶᠢᠨ ᠤᠷᠤᠨ ᠵᠠᠷᠭᠡ ᠭᠤᠤᠯᠯᠠᠬᠤ ᠵᠢᠭᠤᠯᠴᠢᠯᠠᠯ ᠤᠨ ᠭᠠᠵᠠᠷ ᠪᠠᠶᠢᠳᠠᠭ︔ | ᠦᠩᠭᠡ ᠭᠡᠷᠡᠯᠲᠦ ᠬᠤᠪᠢᠰᠬᠠᠯ ᠤᠨ ᠤᠯᠠᠮᠵᠢᠯᠠᠯ ᠲᠠᠢ᠃ ᠳᠤᠮᠳᠠᠲᠦ ᠭᠠᠳᠠᠭᠠᠲᠦ ᠳᠤ ᠠᠯᠲᠠᠷᠰᠢᠬᠰᠠᠨ ᠪᠠᠲᠤᠬᠠᠭᠠᠯᠭ᠎ᠠ | ᠶᠢᠨ ᠶᠠᠫᠤᠨ ᠡᠵᠡᠷᠬᠡᠭ ᠳᠦᠷᠢᠮᠡᠭᠡᠶᠢᠲᠡᠨ ᠢ ᠡᠰᠡᠷᠭᠦᠴᠡᠭᠰᠠᠨ ᠵᠠᠪᠰᠡᠭᠲᠦ ᠪᠤᠰᠤᠯᠭ᠎ᠠ ᠨᠢ ᠠᠳᠡ ᠠᠴᠠ ᠡᠭᠦᠰᠪᠡ᠃ | ᠤᠶᠢᠷ᠎ᠡ ᠶᠢᠨ ᠵᠢᠯ ᠳᠤ᠂ ᠪᠠᠲᠤᠬᠠᠭᠠᠯᠭ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ︽ᠰᠢᠨ᠎ᠡ | ᠬᠡᠯᠪᠡᠷᠢ ᠶᠢᠨ ᠠᠵᠦ ᠦᠢᠯᠡᠳᠪᠦᠷᠢ ᠪᠠᠷ ᠪᠠᠯᠭᠠᠰᠦ ᠪᠠᠨ ᠬᠦᠴᠦᠷᠭᠡᠭᠵᠢᠭᠦᠯᠦᠨ᠂ ᠤᠷᠭᠠᠨᠢᠭ ᠠᠵᠦ ᠦᠢᠯᠡᠳᠭᠦᠨ ᠢᠶᠠᠷ | ᠠᠷᠡᠳ ᠢᠶᠠᠨ ᠪᠠᠶᠠᠵᠢᠭᠤᠯᠤᠨ᠂ ᠤᠳᠤᠬᠢᠴᠢᠯᠠᠭᠰᠡᠨ ᠦᠢᠯᠡᠴᠢᠯᠡᠭᠡ ᠪᠠᠷ ᠠᠵᠦ ᠠᠬᠤᠢ ᠪᠠᠨ ᠠᠬᠢᠭᠤᠯᠤᠨ᠂ ᠨᠡᠷᠡᠲᠦ | ᠪᠠᠯᠭᠠᠰᠤᠨ ᠤ ᠪᠠᠭ᠋ᠠᠷᠬᠠᠯ ᠢ ᠨᠡᠮᠡᠭᠳᠡᠭᠦᠯᠬᠦ︾ ᠬᠦᠭᠵᠢᠯᠲᠡ ᠶᠢᠨ ᠰᠡᠳᠬᠢᠴᠡ ᠢ ᠪᠤᠢ ᠪᠤᠯᠭᠠᠪᠡ᠃ | ᠰᠢᠪᠡᠷᠬᠦ᠋ᠷᠢᠶ᠎ᠡ ᠪᠠᠯᠭᠠᠰᠤ᠄ | ᠰᠢᠪᠡᠷᠬᠦ᠋ᠷᠢᠶ᠎ᠡ ᠪᠠᠯᠭᠠᠰᠤ ᠨᠢ ᠳᠠᠷᠬᠠᠨ ᠮᠤᠤᠮᠢᠩᠭᠠᠨ ᠬᠤᠰᠢᠭᠤᠨ ᠤ ᠵᠡᠭᠦᠨ ᠡᠮᠦᠨ᠎ᠡ ᠪᠠᠶᠢᠷᠢᠯᠠᠵᠦ᠂ ᠬᠤᠰᠢᠭᠤ | ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠᠲᠤᠬᠠᠭᠠᠯᠭ᠎ᠠ ᠠᠴᠠ 60 ᠺᠢᠯᠤᠮᠧᠲᠷ ᠵᠠᠶᠢᠲᠡᠢ᠂ ᠪᠦᠬᠦ ᠪᠠᠯᠭᠠᠰᠦᠨ ᠳᠤ | 19 ᠰᠠᠭᠤᠭᠠᠯᠢ ᠠᠷᠡᠳ ᠤᠨ ᠵᠦᠪᠯᠡᠯ᠂ 167 ᠲᠤᠰᠬᠤᠨ ᠪᠠᠭᠳᠠᠵᠦ ᠪᠠᠶᠢᠳᠠᠭ᠃ ᠶᠡᠷᠦᠩᠬᠡᠢ ᠲᠠᠯᠠᠪᠡᠢ ᠨᠢ 133 | ᠲᠡᠭᠰᠢ ᠳᠦᠷᠪᠡᠯᠵᠢᠨ ᠺᠢᠯᠤᠮᠧᠲᠷ᠂ ᠬᠦᠮᠦᠨ ᠠᠮᠡ ᠶᠢᠨ ᠶᠡᠷᠦᠩᠬᠡᠢ ᠲᠤᠭ᠎ᠠ ᠨᠢ 12695 ᠡᠷᠦᠬᠡ᠂ 32735 | ᠬᠦᠮᠦᠨ᠃ ᠪᠠᠯᠭᠠᠰᠦᠨ ᠤ ᠬᠡᠪᠴᠢᠶᠠᠨ ᠳᠤ ᠲᠡᠮᠦᠷ ᠤᠨ ᠠᠭᠤᠷᠬᠠᠢ ᠡᠯᠪᠡᠭ ᠪᠠᠶᠢᠵᠦ᠂ ᠤᠳᠤᠬᠠᠨ ᠳᠤ | ᠪᠠᠶᠢᠭᠤᠯᠤᠭᠳᠠᠭᠰᠠᠨ ᠲᠡᠮᠦᠷ ᠤᠨ ᠠᠭᠤᠷᠬᠠᠢ ᠶᠢᠨ ᠦᠢᠯᠡᠳᠪᠦᠷᠢ ᠺᠤᠮᠫᠠᠨᠢ 32 ᠪᠠᠶᠢᠵᠦ᠂ ᠡᠭᠦᠨ ᠤ ᠳᠤᠲᠤᠷ᠎ᠡ ᠰᠢᠪᠡᠷ | ᠬᠦᠷᠢᠶ᠎ᠡ ᠪᠤᠯᠤᠳ ᠲᠡᠮᠦᠷ ᠤᠨ ᠺᠤᠮᠫᠠᠨᠢ᠂ ᠪᠤᠭᠤᠲᠦ ᠶᠢᠨ ᠰᠠᠨ ᠾᠧ ᠮᠢᠩ ᠠᠭᠤᠷᠬᠠᠢ ᠶᠢᠨ ᠦᠢᠯᠡᠳᠪᠦᠷᠢ᠂ ᠵᠢᠶᠠᠨ | ᠸᠧᠢ ᠪᠤᠯᠤᠳ ᠲᠡᠮᠦᠷ ᠤᠨ ᠺᠤᠮᠫᠠᠨᠢ᠂ ᠴᠢᠩ ᠰᠢᠨ ᠪᠤᠯᠤᠳ ᠲᠡᠮᠦᠷ ᠤᠨ ᠺᠤᠮᠫᠠᠨᠢ᠂ ᠾᠧᠦ ᠭᠧᠦ ᠽᠢ ᠪᠤᠯᠤᠳ ᠲᠡᠮᠦᠷ | ᠤᠨ ᠺᠤᠮᠫᠠᠨᠢ ᠵᠠᠷᠭᠡ ᠲᠤᠮᠦ ᠬᠡᠯᠪᠡᠷᠢ ᠶᠢᠨ ᠠᠵᠦ ᠦᠢᠯᠡᠳᠪᠦᠷᠢ ᠪᠠᠶᠢᠳᠠᠭ᠃ ᠰᠢᠪᠡᠷ ᠬᠦᠷᠢᠶ᠎ᠡ ᠪᠤᠯᠤᠳ ᠲᠡᠮᠦᠷ ᠤᠨ | ᠺᠤᠮᠫᠠᠨᠢ ᠪᠤᠯᠤᠨ ᠪᠤᠭᠤᠲᠦ ᠶᠢᠨ ᠰᠠᠨ ᠾᠧ ᠮᠢᠩ ᠠᠭᠤᠷᠬᠠᠢ ᠶᠢᠨ ᠦᠢᠯᠡᠳᠪᠦᠷᠢ ᠶᠢ ᠪᠠᠭᠲᠠᠭᠠᠭᠰᠠᠨ ᠰᠢᠪᠡᠷ ᠬᠦᠷᠢᠶ᠎ᠡ | ᠠᠵᠦ ᠠᠬᠤᠶᠢᠯᠠᠯ ᠤᠨ ᠲᠦᠪᠯᠡᠷᠡᠭᠰᠡᠨ ᠲᠤᠭᠤᠷᠢᠭ ᠶᠢ ᠪᠠᠶᠢᠭᠤᠯᠪᠡ᠃ ᠤᠰᠤᠨ ᠬᠦᠴᠦᠨ ᠤ ᠴᠠᠬᠢᠯᠭᠠᠨ ᠪᠠᠷ ᠭᠤᠤᠯ | ᠪᠤᠯᠭᠠᠬᠰᠠᠨ ᠭᠠᠵᠠᠷ ᠲᠠᠷᠢᠶᠠᠨ ᠤ ᠪᠦᠲᠦᠭᠡᠨ ᠪᠠᠶᠢᠭᠤᠯᠤᠯᠲᠡ ᠪᠤᠯᠤᠨ ᠰᠢᠨ᠎ᠡ ᠬᠦᠳᠡᠭᠡ ᠲᠤᠰᠬᠤᠨ ᠤ ᠪᠦᠲᠦᠭᠡᠨ | ᠪᠠᠶᠢᠭᠤᠯᠤᠯᠲᠡ ᠶᠢᠨ ᠠᠯᠬᠤᠴᠡ ᠲᠦᠷᠭᠡᠨ ᠪᠠᠶᠢᠵᠦ᠂ ᠡᠷᠢᠶᠠᠨ ᠲᠠᠯ᠎ᠡ ᠰᠢᠨ᠎ᠡ ᠲᠤᠰᠬᠤᠨ᠂ ᠬᠦᠨᠲᠡᠢ ᠲᠠᠯ᠎ᠡ ᠰᠢᠨ᠎ᠡ | ᠲᠤᠰᠬᠤᠨ᠂ ᠤᠯᠠᠭᠠᠨ ᠬᠤᠳᠳᠤᠭ ᠰᠢᠨ᠎ᠡ ᠲᠤᠰᠬᠤᠨ᠂ ᠰᠢᠪᠡᠷ ᠬᠦᠷᠢᠶ᠎ᠡ ᠰᠢᠨ᠎ᠡ ᠲᠤᠰᠬᠤᠨ ᠵᠡᠷᠬᠡ 4 ᠵᠢᠱᠢᠶ᠎ᠡ | ᠦᠵᠡᠭᠦᠯᠬᠦ ᠰᠢᠨ᠎ᠡ ᠬᠦᠳᠡᠭᠡ ᠲᠤᠰᠬᠤᠨ ᠢ ᠪᠠᠶᠢᠭᠤᠯᠪᠡ᠃ ︽ᠦᠢᠯᠡᠳᠪᠦᠷᠢ ᠠᠭᠤᠷᠬᠠᠢ ᠶᠢᠨ ᠦᠢᠯᠡᠴᠢᠯᠡᠭᠡ ᠪᠤᠯᠤᠨ | ᠲᠦᠮᠦᠰᠦᠨ ᠲᠠᠷᠢᠮᠠᠯ ᠤᠨ ᠦᠢᠯᠡᠰ ᠪᠠᠷ ᠬᠤᠲᠠ ᠪᠠᠯᠭᠠᠰᠦ ᠪᠠᠨ ᠬᠦᠭᠵᠢᠭᠦᠯᠬᠦ︾ ᠵᠤᠭᠰᠤᠯᠲᠡ ᠳᠤ ᠰᠠᠭᠤᠷᠢᠯᠠᠨ᠂ | ᠪᠠᠯᠭᠠᠰᠦᠨ ᠤ ᠨᠡᠮ ᠤᠨ ᠬᠤᠷᠢᠶ᠎ᠡ᠂ ᠵᠠᠰᠠᠭ ᠤᠨ ᠤᠷᠳᠤᠨ ᠠᠴᠠ ︽ᠦᠢᠯᠡᠳᠪᠦᠷᠢ ᠠᠭᠤᠷᠬᠠᠢ ᠳᠤ ᠦᠢᠯᠡᠴᠢᠯᠡᠵᠦ | ᠪᠠᠯᠭᠠᠰᠦ ᠪᠠᠨ ᠬᠦᠴᠦᠷᠭᠡᠭᠵᠢᠭᠦᠯᠦᠨ᠂ ᠲᠦᠮᠦᠰᠦᠨ ᠦᠢᠯᠡᠰ ᠢ ᠬᠦᠭᠵᠢᠭᠦᠯᠵᠦ ᠠᠷᠠᠳ ᠢᠶᠠᠨ ᠪᠠᠶᠠᠵᠢᠭᠤᠯᠬᠤ︾ | ᠬᠦᠭᠵᠢᠯᠲᠡ ᠶᠢᠨ ᠰᠡᠳᠬᠢᠴᠡ ᠶᠢ ᠳᠤᠷᠠᠳᠪᠡ᠃ | ᠦᠬᠡᠷᠬᠤᠳᠳᠤᠭ ᠪᠠᠯᠭᠠᠰᠦ᠄ | ᠦᠬᠡᠷᠬᠤᠳᠳᠤᠭ ᠪᠠᠯᠭᠠᠰᠦ ᠨᠢ ᠳᠠᠷᠬᠠᠨ ᠮᠤᠤᠮᠢᠩᠭᠠᠨ ᠬᠤᠰᠢᠭᠤᠨ ᠤ ᠪᠠᠷᠡᠭᠤᠨ ᠡᠮᠦᠨ᠎ᠡ ᠪᠠᠶᠢᠷᠢᠯᠠᠵᠦ᠂ | ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠᠲᠤᠬᠠᠭᠠᠯᠭ᠎ᠠ ᠪᠠᠯᠭᠠᠰᠦᠨ ᠠᠴᠠ 35 ᠺᠢᠯᠤᠮᠧᠲᠷ ᠵᠠᠶᠢᠲᠡᠢ᠂ | ᠵᠠᠭᠦᠨᠰᠢ ᠪᠠᠨ ᠰᠢᠪᠠᠷᠬᠦ᠋ᠷᠢᠶ᠎ᠡ ᠪᠠᠯᠭᠠᠰᠦ᠂ ᠬᠦᠭᠡᠬᠤᠲᠡ ᠶᠢᠨ ᠦᠴᠦᠸᠠᠨ ᠰᠢᠶᠠᠨ ᠲᠠᠢ ᠬᠦᠷᠰᠢᠯᠡᠵᠦ᠂ ᠪᠠᠷᠠᠭᠤᠨᠰᠢ ᠪᠠᠨ | ᠪᠠᠶᠠᠨᠨᠠᠭᠤᠷ ᠬᠤᠲᠡ ᠶᠢᠨ ᠤᠷᠡᠳ ᠤᠨ ᠳᠤᠮᠳᠠᠳᠦ ᠬᠤᠰᠢᠭᠤ ᠲᠠᠢ ᠵᠠᠯᠭᠠᠯᠳᠦᠵᠦ᠂ ᠡᠮᠦᠨᠡᠰᠢ ᠪᠠᠨ ᠪᠤᠭᠤᠲᠦ ᠬᠤᠲᠡ | ᠶᠢᠨ ᠭᠦᠶᠠᠩ ᠰᠢᠶᠠᠨ ᠲᠠᠢ᠂ ᠤᠮᠠᠷ᠎ᠡ ᠲᠠᠯ᠎ᠡ ᠳᠤ ᠪᠠᠨ ᠪᠠᠲᠤᠬᠠᠭᠠᠯᠭ᠎ᠠ ᠪᠠᠯᠭᠠᠰᠦ᠂ ᠮᠢᠩᠭᠠᠨ ᠪᠠᠯᠭᠠᠰᠦ ᠲᠠᠢ ᠬᠢᠯᠢ | ᠵᠠᠯᠭᠠᠯᠳᠦᠵᠦ ᠪᠤᠢ᠃ ᠲᠤᠰ ᠪᠠᠯᠭᠠᠰᠤᠨ ᠳᠤ 19 ᠰᠠᠭᠤᠭᠠᠯᠢ ᠠᠷᠡᠳ ᠤᠨ ᠵᠦᠪᠯᠡᠯ᠂ 186 ᠲᠤᠰᠬᠤᠨ | ᠬᠠᠷᠢᠶᠠᠯᠠᠭᠳᠠᠵᠦ᠂ ᠶᠡᠷᠦᠩᠭᠡᠢ ᠲᠠᠯᠠᠪᠠᠢ ᠨᠢ 1315 ᠲᠡᠭᠰᠢ ᠳᠦᠷᠪᠡᠯᠵᠢᠨ ᠺᠢᠯᠤᠮᠧᠲᠷ᠃ ᠬᠦᠮᠦᠨ ᠠᠮᠡ ᠶᠢᠨ | ᠶᠡᠷᠦᠩᠬᠡᠢ ᠲᠤᠭ᠎ᠠ ᠨᠢ 3.5 ᠲᠦᠮᠡ᠂ ᠡᠭᠦᠨ ᠳᠤ ᠲᠠᠷᠢᠶᠠᠯᠠᠬᠤ ᠬᠦᠮᠦᠨ ᠠᠮᠡ ᠶᠢᠨ ᠲᠤᠭ᠎ᠠ 34042᠂ ᠴᠦᠬᠡᠨ | ᠲᠤᠭᠠᠳᠦ ᠦᠨᠳᠦᠰᠦᠲᠡᠨ ︵ᠭᠤᠤᠯᠳᠠᠭᠤ ᠮᠤᠩᠭᠤᠯ᠂ ᠬᠤᠲᠤᠩ᠂ ᠮᠢᠶᠤᠤ᠂ ᠮᠠᠨᠵᠦ ᠵᠠᠷᠭᠡ︶ ᠤ ᠬᠦᠮᠦᠨ ᠠᠮᠡ ᠶᠢᠨ | ᠲᠤᠭ᠎ᠠ ᠨᠢ 352᠃ ᠪᠠᠯᠭᠠᠰᠦᠨ ᠳᠤ ᠠᠭᠤᠷᠬᠠᠢ ᠶᠢᠨ ᠡᠬᠢ ᠪᠠᠶᠠᠯᠢᠭ ᠡᠯᠪᠡᠭ ᠪᠠᠶᠠᠨ᠂ ᠲᠡᠮᠦᠷ ᠤᠨ ᠠᠭᠤᠷᠬᠠᠢ᠂ | ᠠᠯᠲᠡᠨ ᠤ ᠠᠭᠤᠷᠬᠠᠢ᠂ ᠰᠤᠪᠤᠳᠯᠢᠭ ᠴᠢᠯᠠᠭᠤᠯᠢᠭ᠂ ᠬᠠᠷ᠎ᠡ ᠬᠠᠰ᠂ ᠪᠠᠯ ᠴᠢᠯᠠᠭᠤ ᠵᠠᠷᠭᠡ ᠠᠭᠤᠷᠬᠠᠢ ᠶᠢᠨ ᠡᠬᠢ ᠪᠠᠶᠠᠯᠢᠭ | ᠤᠨ ᠬᠠᠳᠠᠭᠠᠯᠠᠭᠳᠠᠴᠡ ᠶᠢᠨ ᠬᠡᠮᠵᠢᠶ᠎ᠡ ᠶᠡᠭᠡ ᠪᠠᠶᠢᠳᠠᠭ᠃ ᠴᠢᠩ ᠱᠦᠢ ᠸᠠᠨ ᠶᠠᠳᠠᠭᠤ ᠶᠢ ᠲᠡᠳᠭᠦᠬᠦ ᠨᠡᠭᠡᠭᠡᠨ | ᠠᠰᠢᠭᠯᠠᠯᠲᠡ ᠶᠢᠨ ᠲᠤᠭᠤᠷᠢᠭ ᠢ ᠴᠤᠭᠴᠠᠯᠠᠪᠡ᠃ ᠲᠦᠮᠦᠰᠦᠨ ᠲᠠᠷᠢᠮᠡᠯ ᠤᠨ ᠦᠢᠯᠡᠰ ᠤᠨ ᠬᠤᠲᠡ ᠪᠠᠯᠭᠠᠰᠦ ᠢ | ᠬᠦᠭᠵᠢᠭᠦᠯᠬᠦ ᠵᠤᠭᠰᠤᠯᠲᠡ ᠲᠡᠭᠡᠷ᠎ᠡ᠂ ᠪᠠᠯᠭᠠᠰᠤᠨ ᠤ ᠨᠡᠮ ᠤᠨ ᠬᠤᠷᠢᠶ᠎ᠠ᠂ ᠵᠠᠰᠠᠭ ᠤᠨ ᠤᠷᠳᠤᠨ ᠠᠴᠠ | ︽ᠤᠳᠤᠬᠢᠴᠢᠯᠠᠭᠰᠠᠨ ᠲᠠᠷᠢᠶᠠᠯᠠᠩ ᠤᠨ ᠠᠵᠦ ᠠᠬᠤᠢ ᠶᠢ ᠬᠦᠭᠵᠢᠭᠦᠯᠦᠨ᠂ ᠲᠦᠮᠦᠰᠦᠨ ᠲᠠᠷᠢᠮᠠᠯ ᠤᠨ ᠦᠢᠯᠡᠰ ᠤᠨ | ᠬᠡᠯᠪᠡᠷᠢ ᠶᠢᠨ ᠦᠭᠡᠷᠡᠴᠢᠯᠡᠯᠲᠡ ᠶᠢ ᠲᠦᠷᠭᠡᠳᠭᠡᠨ᠂ ᠨᠡᠶᠢᠭᠡᠮ ᠤᠨ ᠬᠠᠮᠢᠶᠠᠷᠤᠯᠲᠡ ᠶᠢ ᠰᠢᠨᠡᠴᠢᠯᠡᠨ᠂ ᠠᠷᠡᠳ ᠤᠨ | ᠠᠮᠢᠳᠦᠷᠡᠯ ᠢ ᠰᠠᠶᠢᠵᠢᠷᠠᠭᠤᠯᠵᠦ︔ ᠭᠤᠷᠪᠠᠴᠢᠯᠠᠯᠲᠡ ᠶᠢᠨ ᠪᠦᠲᠦᠭᠡᠨ ᠪᠠᠶᠢᠭᠤᠯᠤᠯᠲᠡ ᠶᠢ ᠠᠬᠢᠭᠤᠯᠤᠨ᠂ ᠡᠶ᠎ᠡ | ᠨᠠᠶᠢᠷᠠᠮᠳᠠᠭᠤ ᠦᠬᠡᠷᠬᠤᠳᠳᠤᠭ ᠢ ᠴᠤᠭᠴᠠᠯᠡᠨ ᠪᠠᠶᠢᠭᠤᠯᠬᠤ︾ ᠬᠦᠭᠵᠢᠯᠲᠡ ᠶᠢᠨ ᠰᠡᠳᠬᠢᠴᠡ ᠢ ᠪᠤᠢ ᠪᠤᠯᠭᠠᠪᠡ᠃ | ᠰᠢᠷᠠᠮᠦ᠋ᠷᠡᠨ ᠪᠠᠯᠭᠠᠰᠦ᠄ | ᠰᠢᠷᠠᠮᠦ᠋ᠷᠡᠨ ᠪᠠᠯᠭᠠᠰᠦ ᠨᠢ ᠳᠠᠷᠬᠠᠨ ᠮᠤᠤᠮᠢᠩᠭᠠᠨ ᠬᠤᠰᠢᠭᠤᠨ ᠤᠨ ᠵᠠᠭᠦᠨ ᠡᠮᠦᠨ᠎ᠡ ᠪᠠᠶᠢᠷᠢᠯᠠᠵᠦ᠂ ᠬᠤᠰᠢᠭᠤ | ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠᠲᠦᠬᠠᠭᠠᠯᠭᠠ ᠠᠴᠠ 90 ᠺᠢᠯᠤᠮᠧᠲᠷ ᠵᠠᠶᠢᠲᠠᠢ᠃ ᠪᠠᠯᠭᠠᠰᠤᠨ ᠳᠤ 3 | ᠭᠠᠴᠠᠭ᠎ᠠ ᠬᠠᠷᠢᠶᠠᠯᠠᠭᠳᠡᠵᠦ᠂ ᠶᠡᠷᠦᠩᠬᠡᠢ ᠲᠠᠯᠠᠪᠡᠢ ᠨᠢ 720 ᠲᠡᠭᠰᠢ ᠳᠦᠷᠪᠡᠯᠵᠢᠨ ᠺᠢᠯᠤᠮᠧᠲᠷ᠂ ᠬᠦᠮᠦᠨ ᠠᠮᠡ ᠶᠢᠨ | ᠶᠡᠷᠦᠩᠬᠡᠢ ᠲᠤᠭ᠎ᠠ ᠨᠢ 719 ᠡᠷᠦᠭᠡ᠂ 2284 ᠬᠦᠮᠦᠨ᠃ ᠮᠤᠩᠭᠤᠯ ᠦᠨᠳᠦᠰᠦᠲᠡᠨ ᠢᠶᠠᠷ ᠭᠤᠤᠯ ᠪᠤᠯᠭᠠᠵᠦ᠂ | ᠴᠦᠬᠡᠨ ᠲᠤᠭᠠᠲᠦ ᠦᠨᠳᠦᠰᠦᠲᠡᠨ ᠤᠯᠠᠨ ᠲᠤᠭ᠎ᠠ ᠶᠢ ᠡᠵᠡᠯᠡᠭᠰᠡᠨ ᠮᠠᠯᠵᠢᠬᠤ ᠪᠠᠯᠭᠠᠰᠤ ᠪᠤᠯᠤᠨ᠎ᠡ᠃ ᠰᠢᠷᠠᠮᠦ᠋ᠷᠡᠨ | ᠲᠠᠯ᠎ᠡ ᠨᠤᠲᠤᠭ ᠪᠤᠯ ᠨᠡᠶᠢᠳᠡᠯᠢᠭ ᠴᠢᠨᠠᠷᠲᠠᠢ ᠦᠨᠳᠦᠷᠯᠢᠭ ᠤᠨ ᠲᠠᠯ᠎ᠡ ᠨᠤᠲᠤᠭ ᠳᠤ ᠪᠠᠭᠲᠠᠵᠦ᠂ ᠵᠤᠭᠠᠴᠡᠯ ᠤᠨ ᠡᠬᠢ | ᠰᠤᠷᠪᠤᠯᠵᠢ ᠡᠯᠪᠡᠭ ᠪᠠᠶᠠᠯᠢᠭ᠃ ᠬᠤᠲᠠᠯᠡ ᠨᠡᠶᠢᠯᠡᠭᠦᠯᠦᠭᠴᠢ ᠰᠦᠮ᠎ᠡ᠂ ᠲᠠᠯ᠎ᠡ ᠨᠤᠲᠤᠭ ᠤᠨ ᠦᠨᠳᠦᠰᠦᠲᠡᠨ ᠤ ᠵᠠᠩ | ᠦᠢᠯᠡ ᠶᠢᠨ ᠮᠦᠽᠧᠢ᠂ ᠤᠮᠠᠷᠠᠲᠦ ᠸᠧᠢ ᠤᠯᠤᠰ ᠤᠨ ᠤᠷᠲᠦ ᠴᠠᠭᠠᠨ ᠬᠡᠷᠡᠮ ᠤᠨ ᠦᠯᠡᠳᠡᠭᠳᠡᠯ᠂ ᠸᠠᠩ ᠤᠨ ᠤᠩᠭᠤᠨ᠂ | ᠬᠤᠩᠭᠤᠷ ᠤᠪᠤᠭ᠎ᠠ ᠵᠡᠷᠭᠡ ᠵᠤᠭᠠᠴᠡᠯ ᠤᠨ ᠭᠠᠵᠠᠷ ᠪᠠᠶᠢᠵᠦ᠂ ᠲᠠᠯ᠎ᠡ ᠨᠤᠲᠤᠭ ᠤᠨ ᠦᠵᠡᠮᠵᠢ ᠶᠢ ᠰᠤᠨᠢᠷᠬᠠᠬᠤ | ᠨᠡᠷᠡᠲᠦ ᠵᠤᠭᠠᠴᠡᠯ ᠤᠨ ᠦᠵᠡᠮᠵᠢ ᠶᠢᠨ ᠤᠷᠤᠨ ᠪᠤᠯᠤᠭᠰᠡᠨ ᠪᠠᠶᠢᠨ᠎ᠡ᠃ ᠰᠢᠷᠠᠮᠦ᠋ᠷᠡᠨ ᠲᠠᠯ᠎ᠡ ᠨᠤᠲᠤᠭ ᠲᠤ᠂ ᠲᠡᠮᠡᠭᠡ | ᠮᠤᠷᠢ ᠤᠨᠤᠵᠦ᠂ ᠮᠠᠯᠴᠢᠨ ᠠᠶᠢᠯ ᠳᠤ ᠠᠶᠢᠯᠴᠢᠯᠠᠵᠦ ᠪᠤᠯᠤᠨ᠎ᠡ︔ ᠪᠦᠭᠡ ᠪᠠᠷᠢᠯᠳᠤᠵᠦ ᠮᠤᠷᠢ ᠤᠷᠤᠯᠳᠤᠬᠤ ᠶᠢ | ᠦᠵᠡᠵᠦ᠂ ᠲᠦᠳᠡᠭ ᠭᠠᠯ ᠤᠨ ᠦᠳᠡᠰᠢᠯᠡᠭᠡ ᠳᠤ ᠤᠷᠤᠯᠴᠠᠵᠦ᠂ ᠤᠯᠠᠭᠠᠨᠮᠦᠴᠢᠷ ᠤᠨ ᠲᠤᠭᠯᠠᠯᠲᠡ ᠶᠢ ᠰᠤᠨᠢᠷᠬᠠᠵᠦ | ᠪᠤᠯᠤᠨ᠎ᠡ︔ ᠠᠭᠤᠯᠡ ᠤᠪᠤᠭ᠎ᠠ ᠮᠠᠴᠦᠵᠦ᠂ ᠯᠠᠮᠡ ᠶᠢᠨ ᠰᠦᠮ᠎ᠡ ᠲᠤᠭᠤᠷᠢᠵᠦ᠂ ᠴᠠᠭᠠᠨ ᠢᠳᠡᠭᠡ᠂ ᠰᠦ ᠲᠠᠢ ᠴᠠᠢ᠂ | ᠴᠢᠨᠠᠭᠰᠠᠨ ᠮᠢᠬ᠎ᠠ᠂ ᠬᠤᠨᠢᠨ ᠮᠢᠬᠠᠨ ᠤ ᠬᠠᠯᠠᠭᠤᠨ ᠲᠤᠭᠤᠭ᠎ᠠ᠂ ᠰᠢᠷᠠᠭᠰᠠᠨ ᠬᠤᠨᠢᠨ ᠮᠢᠬ᠎ᠠ᠂ ᠪᠦᠬᠦᠯᠢ ᠬᠤᠨᠢᠨ | ᠰᠢᠭᠦᠰᠦ ᠵᠠᠷᠭᠡ ᠴᠤᠯ ᠮᠤᠩᠭᠤᠯ ᠦᠨᠳᠦᠰᠦᠲᠡᠨ ᠤ ᠦᠨᠦᠷ ᠠᠮᠲᠡ ᠲᠠᠢ ᠢᠳᠡᠭᠡᠨ ᠤᠮᠳᠠᠭᠠᠨ ᠢ ᠠᠮᠲᠠᠯᠠᠵᠦ ᠪᠤᠯᠤᠨ᠎ᠡ᠃ | ᠲᠠᠯ᠎ᠡ ᠨᠤᠲᠤᠭ ᠤᠨ ᠦᠵᠡᠮᠵᠢ ᠪᠡ ᠦᠨᠳᠦᠰᠦᠲᠡᠨ ᠤ ᠵᠠᠩ ᠦᠢᠯᠡ ᠶᠢᠨ ᠵᠢᠭᠤᠯᠴᠢᠯᠠᠯ ᠤᠨ ᠪᠠᠯᠭᠠᠰᠦ ᠶᠢ | ᠬᠦᠭᠵᠢᠭᠦᠯᠬᠦ ᠶᠡᠷᠦᠩᠬᠡᠢ ᠵᠤᠭᠰᠤᠯᠲᠡ ᠢ ᠦᠨᠳᠦᠰᠦᠯᠡᠨ᠂ ᠪᠠᠯᠭᠠᠰᠦᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ | ᠶᠡᠭᠡ ᠬᠦᠴᠦ ᠪᠠᠷ ᠵᠢᠭᠤᠯᠴᠢᠯᠡᠯ ᠤᠨ ᠦᠢᠯᠡᠰ ᠢ ᠬᠦᠭᠵᠢᠭᠦᠯᠵᠦ᠂ ᠲᠦᠪ ᠦᠵᠡᠮᠵᠢ ᠶᠢᠨ ᠤᠷᠤᠨ ᠪᠡ ᠪᠦᠬᠦ ᠠᠷᠡᠳ | ᠤᠷᠤᠯᠴᠠᠬᠤ ᠵᠤᠭᠠᠴᠠᠯ ᠤᠨ ᠲᠤᠭᠤᠷᠢᠭ ᠤᠨ ᠪᠦᠲᠦᠭᠡᠨ ᠪᠠᠶᠢᠭᠤᠯᠤᠯᠲᠡ ᠶᠢ ᠲᠦᠷᠭᠡᠳᠬᠡᠵᠦ᠂ ᠮᠠᠯᠴᠢᠨ ᠠᠷᠡᠳ ᠤᠨ | ᠤᠷᠤᠯᠭ᠎ᠠ ᠶᠢ ᠨᠡᠮᠡᠭᠳᠡᠭᠦᠯᠦᠨ᠎ᠡ᠃ | ᠮᠠᠨᠳᠤᠯ ᠪᠠᠯᠭᠠᠰᠤ᠄ | ᠮᠠᠨᠳᠤᠯ ᠪᠠᠯᠭᠠᠰᠤ ᠨᠢ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠵᠠᠭᠦᠨ ᠬᠤᠶᠢᠨ᠎ᠡ ᠬᠡᠰᠡᠭ ᠲᠤ | ᠪᠠᠶᠢᠷᠢᠯᠠᠵᠦ᠂ ᠵᠡᠭᠦᠨᠰᠢ ᠪᠠᠨ ᠲᠦᠷᠪᠡᠳ ᠬᠤᠰᠢᠭᠤ ᠲᠠᠢ ᠵᠠᠬ᠎ᠠ ᠨᠡᠶᠢᠯᠡᠵᠦ᠂ ᠪᠠᠷᠠᠭᠤᠨᠰᠢ ᠪᠠᠨ ᠪᠠᠶᠠᠨᠬᠤᠸᠠ ᠪᠠᠯᠭᠠᠰᠤ | ᠲᠠᠢ ᠬᠦᠷᠰᠢᠯᠡᠵᠦ᠂ ᠡᠮᠦᠨᠡᠰᠢ ᠪᠠᠨ ᠳᠠᠷᠬᠠᠨ ᠰᠤᠮᠦ ᠲᠠᠢ ᠵᠠᠯᠭᠠᠯᠳᠤᠵᠦ᠂ ᠤᠮᠠᠷᠠᠲᠦ ᠲᠠᠯ᠎ᠡ ᠳᠤ ᠪᠠᠨ ᠮᠤᠩᠭᠤᠯ ᠤᠯᠤᠰ | ᠤᠨ ᠳᠤᠷᠤᠨ ᠭᠤᠪᠢ ᠮᠤᠵᠢ ᠶᠢᠨ ᠬᠠᠳᠠᠨᠪᠤᠯᠠᠭ ᠰᠢᠶᠠᠨ ᠲᠠᠢ ᠬᠢᠯᠢ ᠨᠡᠶᠢᠯᠡᠵᠦ᠂ ᠬᠢᠯᠢ ᠶᠢᠨ ᠱᠤᠭᠤᠮ 53.13 | ᠺᠢᠯᠤᠮᠧᠲᠷ ᠪᠠᠶᠢᠳᠠᠭ᠃ ᠪᠠᠯᠭᠠᠰᠤᠨ ᠳᠤ 3 ᠭᠠᠴᠠᠭ᠎ᠠ ᠬᠠᠷᠢᠶᠠᠯᠠᠭᠳᠡᠵᠦ᠂ ᠶᠡᠷᠦᠩᠭᠡᠢ ᠲᠠᠯᠠᠪᠡᠢ ᠨᠢ 2491.97 | ᠲᠡᠭᠰᠢ ᠲᠦᠷᠪᠡᠯᠵᠢᠨ ᠺᠢᠯᠤᠮᠧᠲᠷ᠂ ᠬᠦᠮᠦᠨ ᠠᠮᠠ ᠶᠢᠨ ᠶᠡᠷᠦᠩᠬᠡᠢ ᠲᠤᠭ᠎ᠠ ᠨᠢ 598 ᠡᠷᠦᠭᠡ᠂ 1921 ᠬᠦᠮᠦᠨ᠃ | ᠪᠠᠯᠭᠠᠰᠤᠨ ᠤ ᠬᠠᠷᠢᠶᠠᠨ ᠳᠠᠬᠢ ᠮᠠᠨᠳᠤᠯ ᠬᠢᠯᠢ ᠶᠢᠨ ᠪᠤᠭᠤᠮᠲᠡ ᠨᠢ 1992 ᠤᠨ ᠳᠤ ᠦᠪᠡᠷᠲᠡᠭᠡᠨ ᠵᠠᠰᠠᠬᠤ ᠤᠷᠤᠨ | ᠤ ᠵᠠᠰᠠᠭ ᠤᠨ ᠤᠷᠳᠤᠨ ᠠᠴᠠ ᠤᠯᠠᠷᠢᠯ ᠤᠨ ᠴᠢᠨᠠᠷᠲᠠᠢ ᠭᠠᠳᠠᠭᠠᠲᠦ ᠳᠤ ᠴᠢᠯᠦᠭᠡᠲᠠᠢ ᠨᠡᠭᠡᠭᠡᠯᠲᠡ ᠬᠢᠬᠦ ᠬᠤᠶᠠᠳᠤᠭᠠᠷ | ᠲᠦᠷᠦᠯ ᠤᠨ ᠪᠤᠭᠤᠮᠲᠡ ᠪᠤᠯᠬᠤ ᠶᠢ ᠵᠦᠪᠰᠢᠶᠠᠷᠡᠵᠦ᠂ 2002 ᠤᠨ ᠤ 12 ᠰᠠᠷ᠎ᠡ ᠶᠢᠨ 23 ᠤ ᠡᠳᠦᠷ᠂ ᠠᠩᠬᠠᠨ | ᠤ ᠨᠡᠭᠡᠭᠡᠯᠲᠠ ᠪᠠᠨ ᠪᠡᠶᠠᠯᠡᠭᠦᠯᠪᠡ᠃ 2009 ᠤᠨ ᠤ 2 ᠰᠠᠷ᠎ᠡ ᠳᠤ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ | ᠮᠠᠨᠳᠤᠯ ᠬᠢᠯᠢ ᠶᠢᠨ ᠪᠤᠭᠤᠮᠲᠡ ᠶᠢᠨ ᠭᠠᠳᠠᠭᠠᠲᠦ ᠲᠤ ᠴᠢᠯᠦᠭᠡᠲᠠᠢ ᠨᠡᠭᠡᠭᠡᠯᠲᠡ ᠬᠢᠬᠦ ᠶᠢ ᠵᠦᠪᠰᠢᠶᠠᠷᠡᠵᠦ᠂ ᠳᠤᠮᠳᠠᠳᠤ | ᠮᠤᠩᠭᠤᠯ ᠬᠤᠶᠠᠷ ᠤᠯᠤᠰ ᠤᠨ ᠬᠤᠭᠤᠷᠤᠨᠲᠦ ᠪᠠᠨ ᠤᠯᠠᠷᠢᠯ ᠤᠨ ᠴᠢᠨᠠᠷᠲᠡᠢ ᠨᠡᠭᠡᠭᠡᠯᠲᠡ ᠬᠢᠬᠦ ᠵᠠᠰᠠᠮᠠᠯ ᠵᠠᠮ ᠤᠨ | ᠠᠶᠠᠨᠴᠢᠳ᠂ ᠪᠠᠷᠠᠭ᠎ᠠ ᠲᠡᠭᠡᠭᠡᠪᠦᠷᠢ ᠶᠢᠨ ᠪᠤᠭᠤᠮᠲᠡ ᠪᠤᠯᠤᠨ᠎ᠡ ᠭᠡᠵᠡᠢ᠃ ᠲᠤᠰ ᠵᠢᠯ ᠳᠡᠭᠡᠨ ᠲᠦᠷ ᠴᠠᠭ ᠤᠨ ᠨᠠᠭᠡᠭᠡᠯᠲᠡ | ᠪᠠᠨ ᠪᠠᠶᠠᠯᠡᠭᠦᠯᠪᠡ᠃ 2011 ᠤᠨ ᠤ 6 ᠰᠠᠷ᠎ᠡ ᠶᠢᠨ 9—10 ᠤ ᠡᠳᠦᠷ ᠪᠡᠭᠡᠵᠢᠩ ᠳᠤ ᠬᠤᠷᠠᠯᠳᠤᠭᠰᠠᠨ | ︽ᠳᠤᠮᠳᠠᠳᠤ ᠮᠤᠩᠭᠤᠯ ᠤᠨ ᠬᠢᠯᠢ ᠶᠢᠨ ᠪᠤᠭᠤᠮᠲᠡ ᠵᠢᠴᠢ ᠪᠤᠭᠤᠮᠲᠡ ᠶᠢᠨ ᠬᠠᠮᠢᠶᠠᠷᠤᠯᠲᠡ ᠶᠢᠨ ᠲᠦᠷᠢᠮ ᠲᠤᠭᠲᠠᠭᠠᠯ | ᠤᠨ ᠬᠡᠯᠡᠯᠴᠡᠭᠡᠷ︾ ᠢ ᠬᠡᠷᠡᠭᠵᠢᠭᠦᠯᠦᠭᠰᠡᠨ ᠪᠠᠶᠢᠲᠡᠯ ᠤᠨ ᠭᠤᠷᠪᠠᠳᠤᠭᠠᠷ ᠡᠭᠡᠯᠵᠢ ᠶᠢᠨ ᠵᠤᠷᠭᠠᠨ ᠲᠤᠪᠴᠢᠶᠠᠨ ᠤ | ᠬᠤᠷᠠᠯᠳᠤᠭᠠᠨ ᠳᠡᠭᠡᠷ᠎ᠡ᠂ ᠳᠤᠮᠳᠠᠳᠤ ᠮᠤᠩᠭᠤᠯ ᠬᠤᠶᠠᠷ ᠤᠯᠤᠰ ᠤᠨ ᠬᠢᠨ ᠮᠠᠨᠳᠤᠯ— ᠬᠠᠩᠭᠢ ᠪᠤᠭᠤᠮᠲᠡ ᠶᠢ | ᠦᠷᠭᠡᠳᠭᠡᠭᠡᠳ ᠪᠠᠶᠢᠩᠭᠤ ᠶᠢᠨ ᠨᠡᠭᠡᠭᠡᠯᠲᠡ ᠬᠢᠬᠦ ᠪᠤᠭᠤᠮᠲᠡ ᠪᠤᠯᠭᠠᠬᠤ ᠶᠢ ᠵᠦᠪᠰᠢᠶᠠᠷᠡᠪᠡ᠃ ᠮᠠᠨᠳᠤᠯ ᠪᠤᠭᠤᠮᠲᠡ ᠲᠠᠢ | ᠬᠠᠷᠠᠭᠠᠯᠵᠠᠭᠰᠠᠨ ᠮᠤᠩᠭᠤᠯ ᠤᠯᠤᠰ ᠤᠨ ᠳᠤᠷᠤᠨ ᠭᠤᠪᠢ ᠮᠤᠵᠢ ᠪᠤᠯᠤᠨ ᠤᠶᠢᠷ᠎ᠡ ᠬᠠᠪᠢ ᠶᠢᠨ ᠡᠮᠦᠨ᠎ᠡ ᠭᠤᠪᠢ | ᠮᠤᠵᠢ ᠨᠢ ᠪᠦᠷ ᠡᠯᠪᠡᠭ ᠪᠠᠶᠠᠯᠢᠭ ᠲᠡᠮᠦᠷ᠂ ᠮᠠᠩᠭᠠᠨ᠂ ᠵᠠᠰ᠂ ᠬᠤᠪᠤᠷ ᠰᠢᠷᠦᠢ᠂ ᠬᠡᠦᠷᠰᠢᠮᠡᠯ ᠨᠡᠭᠦᠷᠡᠰᠦ ᠪᠡ ᠠᠯᠲᠡ ᠵᠠᠷᠭᠡ | ᠠᠭᠤᠷᠬᠠᠢ ᠶᠢᠨ ᠭᠠᠷᠤᠯᠲᠡ ᠲᠠᠢ ᠪᠠᠶᠢᠵᠦ᠂ ᠪᠤᠭᠤᠲᠦ ᠶᠢᠨ ᠪᠤᠯᠤᠳ ᠲᠡᠮᠦᠷ ᠤᠨ ᠪᠦᠯᠦᠭᠯᠡᠯ ᠵᠠᠷᠭᠡ ᠲᠤᠮᠦ ᠬᠡᠯᠪᠡᠷᠢ | ᠶᠢᠨ ᠠᠵᠦ ᠦᠢᠯᠡᠳᠪᠦᠷᠢ ᠶᠢᠨ ᠮᠠᠷᠭᠡᠵᠢᠯ ᠪᠡ ᠪᠡᠯᠡ ᠮᠦᠩᠭᠦᠨ ᠤ ᠳᠠᠪᠠᠭᠤᠯᠢᠭ ᠲᠤ ᠲᠦᠰᠢᠭᠯᠡᠨ᠂ ᠮᠤᠩᠭᠤᠯ ᠤᠯᠤᠰ | ᠤᠨ ᠲᠡᠳᠡᠭᠡᠷ ᠭᠠᠵᠠᠷ ᠤᠷᠤᠨ ᠤ ᠠᠭᠤᠷᠬᠠᠢ ᠶᠢᠨ ᠭᠠᠷᠤᠯᠲᠡ ᠶᠢ ᠤᠷᠤᠭᠤᠯᠵᠦ ᠠᠰᠢᠭᠯᠡᠵᠦ ᠪᠠᠶᠢᠨ᠎ᠡ᠃ ᠮᠠᠨᠳᠤᠯ | ᠪᠠᠯᠭᠠᠰᠤ ᠶᠢ ᠬᠢᠯᠢ ᠶᠢᠨ ᠠᠷᠠᠯᠵᠢᠶ᠎ᠡ᠂ ᠪᠤᠭᠤᠮᠲᠡ ᠶᠢᠨ ᠵᠢᠭᠤᠯᠴᠢᠯᠡᠯ ᠤᠨ ᠬᠤᠳᠠ ᠪᠠᠯᠭᠠᠰᠤ ᠪᠤᠯᠭᠠᠨ ᠬᠦᠭᠵᠢᠭᠦᠯᠬᠦ | ᠵᠤᠭᠰᠤᠯᠲᠡ ᠲᠡᠭᠡᠷ᠎ᠡ᠂ ︽ᠪᠤᠭᠤᠮᠲᠡ ᠶᠢᠨ ᠠᠵᠦ ᠠᠬᠤᠢ ᠪᠠᠷ ᠬᠦᠭᠵᠢᠯᠲᠡ ᠪᠠᠨ ᠠᠬᠢᠭᠤᠯᠤᠨ᠂ ᠲᠤᠭᠤᠷᠢᠭ ᠤᠨ ᠠᠵᠦ | ᠠᠬᠤᠶᠢᠯᠠᠯ ᠢᠶᠠᠷ ᠠᠷᠠᠳ ᠢᠶᠠᠨ ᠪᠠᠶᠠᠵᠢᠭᠤᠯᠤᠨ᠂ ᠬᠤᠶᠠᠷ ᠬᠠᠯᠬᠠᠪᠴᠢ ᠪᠠᠷ ᠬᠢᠯᠢ ᠪᠠᠨ ᠪᠠᠬᠢᠵᠢᠭᠦᠯᠤᠨ᠂ ᠰᠢᠨ᠎ᠡ ᠶᠢ | ᠡᠭᠦᠳᠬᠦ ᠦᠢᠯᠡᠴᠢᠯᠡᠭᠡ ᠪᠠᠷ ᠲᠦᠮᠡᠨ ᠢᠶᠠᠨ ᠢᠪᠡᠭᠡᠬᠦ︾ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠲᠤᠤᠱᠯᠠᠭᠤᠯᠤᠨᠡ᠃ | ᠪᠠᠶᠠᠨᠬᠤᠸᠠ ᠪᠠᠯᠭᠠᠰᠦ᠄ | ᠪᠠᠶᠠᠨᠬᠤᠸᠠ ᠪᠠᠯᠭᠠᠰᠦ ᠪᠤᠯ ᠳᠠᠷᠬᠠᠨ ᠮᠤᠤᠮᠢᠩᠭᠠᠨ ᠬᠤᠰᠢᠭᠤᠨ ᠤ ᠬᠤᠶᠠᠷ ᠬᠢᠯᠢ ᠶᠢᠨ ᠪᠠᠯᠭᠠᠰᠤᠨ ᠤ ᠨᠢᠭᠡ | ᠨᠢ ᠪᠤᠯᠤᠨ᠎ᠡ᠃ ᠬᠤᠰᠢᠭᠤᠨ ᠤ ᠪᠠᠷᠠᠭᠤᠨ ᠬᠤᠶᠢᠨ᠎ᠡ ᠪᠠᠶᠢᠷᠢᠯᠠᠵᠦ᠂ ᠤᠮᠠᠷᠠᠲᠦ ᠲᠠᠯ᠎ᠡ ᠳᠤ ᠪᠠᠨ ᠮᠤᠩᠭᠤᠯ ᠤᠯᠤᠰ ᠲᠠᠢ | ᠬᠢᠯᠢ ᠨᠡᠶᠢᠯᠡᠵᠦ᠂ ᠵᠡᠭᠦᠨᠰᠢ ᠪᠠᠨ ᠮᠠᠨᠳᠤᠯ ᠪᠠᠯᠭᠠᠰᠦ ᠲᠠᠢ ᠬᠦᠷᠰᠢᠯᠡᠵᠦ᠂ ᠪᠠᠷᠠᠭᠤᠨᠰᠢ ᠪᠠᠨ ᠪᠠᠶᠠᠨᠨᠠᠭᠤᠷ ᠬᠤᠲᠡ ᠶᠢᠨ | ᠤᠷᠡᠳ ᠤᠨ ᠳᠤᠮᠳᠠᠳᠤ ᠬᠤᠰᠢᠭᠤᠨ ᠤ ᠰᠠᠩᠭᠡᠨᠳᠠᠯᠠᠢ ᠰᠤᠮᠦ ᠲᠠᠢ ᠵᠠᠯᠭᠠᠯᠳᠤᠵᠦ᠂ ᠡᠮᠦᠨᠡᠰᠢ ᠪᠠᠨ ᠪᠠᠶ᠋ᠬᠠᠤᠪᠤᠭ᠎ᠠ | ᠠᠭᠤᠷᠬᠠᠢ ᠶᠢᠨ ᠲᠤᠭᠤᠷᠢᠭ ᠪᠤᠯᠤᠨ ᠪᠠᠲᠤᠬᠠᠭᠠᠯᠭ᠎ᠠ ᠪᠠᠯᠭᠠᠰᠦ ᠲᠠᠢ ᠵᠠᠯᠭᠠᠯᠳᠤᠵᠦ ᠪᠤᠢ᠃ ᠬᠢᠯᠢ ᠶᠢᠨ ᠱᠤᠭᠤᠮ 35. | 6 ᠺᠢᠯᠤᠮᠧᠲᠷ᠃ ᠪᠠᠯᠭᠠᠰᠤᠨ ᠳᠤ 6 ᠭᠠᠴᠠᠭ᠎ᠠ ᠲᠠᠢ᠂ ᠶᠠᠷᠦᠩᠬᠡᠢ ᠲᠠᠯᠠᠪᠡᠢ ᠨᠢ 3143 ᠲᠡᠭᠰᠢ ᠲᠦᠷᠪᠡᠯᠵᠢᠨ | ᠺᠢᠯᠤᠮᠧᠲᠷ᠂ ᠬᠦᠮᠦᠨ ᠠᠮᠠ ᠶᠢᠨ ᠶᠡᠷᠦᠩᠬᠡᠢ ᠲᠤᠭ᠎ᠠ ᠨᠢ 1145 ᠡᠷᠦᠬᠡ᠂ 2883 ᠬᠦᠮᠦᠨ ᠠᠮᠠ ᠲᠠᠢ᠃ | ᠪᠠᠯᠭᠠᠰᠤᠨ ᠤ ᠬᠠᠷᠢᠶᠠᠨ ᠳᠤ ᠠᠭᠤᠷᠬᠠᠢ ᠶᠢᠨ ᠡᠬᠢ ᠪᠠᠶᠠᠯᠢᠭ ᠡᠯᠪᠡᠭ ᠪᠠᠶᠠᠨ ᠪᠠᠶᠢᠵᠦ᠂ ᠬᠦᠷᠡᠩ ᠨᠡᠭᠦᠷᠡᠰᠦ᠂ ᠴᠢᠯᠡᠭᠤᠨ | ᠲᠤᠰᠦ᠂ ᠴᠤᠬᠤᠢ ᠶᠢᠨ ᠴᠢᠯᠠᠭᠤ᠂ ᠬᠠᠶᠢᠯᠤᠭᠤᠷ ᠵᠤᠩᠰᠢ᠂ ᠵᠠᠰ᠂ ᠾᠷᠤᠮ ᠵᠠᠷᠭᠡ ᠬᠠᠶᠢᠵᠦ ᠢᠯᠡᠷᠡᠭᠦᠯᠦᠭᠰᠡᠨ ᠭᠠᠵᠠᠷ | ᠳᠤᠤᠷᠠᠬᠢ ᠠᠭᠤᠷᠬᠠᠢ ᠶᠢᠨ ᠡᠬᠢ ᠪᠠᠶᠠᠯᠢᠭ ᠪᠠᠶᠢᠵᠦ᠂ ᠡᠭᠦᠨ ᠤ ᠳᠤᠲᠤᠷ᠎ᠡ ᠬᠦᠷᠡᠩ ᠨᠡᠭᠦᠷᠡᠰᠦᠨ ᠤ ᠬᠠᠳᠠᠭᠠᠯᠠᠭᠳᠠᠴᠠ | ᠨᠢ 56 ᠳᠤᠨ ᠳᠤ ᠬᠦᠷᠪᠡ᠃ ᠪᠠᠶᠠᠨᠬᠤᠸᠠ ᠪᠠᠯᠭᠠᠰᠦ ᠨᠢ ︽ᠦᠢᠯᠡᠳᠪᠦᠷᠢ ᠠᠭᠤᠷᠬᠠᠢ ᠶᠢᠨ ᠦᠢᠯᠡᠴᠢᠯᠡᠭᠡᠨ ᠤ | ᠬᠤᠲᠠ ᠪᠠᠯᠭᠠᠰᠦ︾ ᠶᠢ ᠪᠦᠲᠦᠭᠡᠨ ᠪᠠᠶᠢᠭᠤᠯᠬᠤ ᠪᠠᠷ ᠵᠤᠭᠰᠤᠯᠲᠡ ᠪᠤᠯᠭᠠᠵᠦ᠂ ᠤᠷᠤᠨ ᠨᠤᠲᠤᠭ ᠤᠨ ᠠᠵᠦ ᠠᠬᠤᠢ | ᠪᠠᠨ ᠬᠦᠴᠦᠯᠡᠨ ᠬᠦᠭᠵᠢᠭᠦᠯᠵᠦ ᠪᠠᠶᠢᠨ᠎ᠡ᠃ | ᠮᠢᠩᠭᠠᠨ ᠪᠠᠯᠭᠠᠰᠤ᠄ | ᠮᠢᠩᠭᠠᠨ ᠪᠠᠯᠭᠠᠰᠤ ᠨᠢ ᠳᠠᠷᠬᠠᠨ ᠮᠤᠤᠮᠢᠩᠭᠠᠨ ᠬᠤᠰᠢᠭᠤᠨ ᠤ ᠪᠠᠷᠠᠭᠤᠨ ᠬᠡᠰᠡᠭ ᠲᠤ ᠪᠠᠶᠢᠷᠢᠯᠠᠵᠦ᠂ ᠬᠤᠰᠢᠭᠤ | ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠᠲᠤᠬᠠᠭᠠᠯᠭ᠎ᠠ ᠠᠴᠠ 73 ᠺᠢᠯᠤᠮᠧᠲᠷ ᠵᠠᠶᠢᠲᠠᠢ᠃ ᠪᠠᠯᠭᠠᠰᠤᠨ ᠳᠤ 7 | ᠮᠠᠯᠵᠢᠬᠤ ᠭᠠᠴᠠᠭ᠎ᠠ ᠬᠠᠷᠢᠶᠠᠯᠠᠭᠳᠠᠵᠦ᠂ ᠶᠡᠷᠦᠩᠬᠡᠢ ᠲᠠᠯᠠᠪᠡᠢ ᠨᠢ 2491 ᠲᠡᠭᠰᠢ ᠳᠦᠷᠪᠡᠯᠵᠢᠨ ᠺᠢᠯᠤᠮᠧᠲᠷ᠂ ᠬᠦᠮᠦᠨ | ᠠᠮᠡ ᠶᠢᠨ ᠶᠡᠷᠦᠩᠬᠡᠢ ᠲᠤᠭ᠎ᠠ ᠨᠢ 1315 ᠡᠷᠦᠭᠡ᠂ 3406 ᠬᠦᠮᠦᠨ ᠪᠠᠶᠢᠵᠦ᠂ ᠮᠤᠩᠭᠤᠯ ᠦᠨᠳᠦᠰᠦᠲᠡᠨ ᠢᠶᠠᠷ | ᠭᠤᠤᠯ ᠪᠤᠯᠭᠠᠵᠦ᠂ ᠬᠢᠲᠡᠳ᠂ ᠬᠤᠲᠤᠩ᠂ ᠮᠠᠨᠵᠦ᠂ ᠲᠦᠪᠡᠳ ᠵᠠᠷᠭᠡ ᠤᠯᠠᠨ ᠦᠨᠳᠦᠰᠦᠲᠡᠨ ᠲᠦᠪᠯᠡᠷᠡᠨ | ᠰᠠᠭᠤᠷᠢᠰᠢᠭᠰᠨ ᠪᠠᠯᠭᠠᠰᠦ ᠪᠤᠯᠤᠨ᠎ᠡ᠃ ᠭᠠᠵᠠᠷ ᠤᠨ ᠪᠠᠶᠢᠴᠡ ᠨᠢ ᠵᠡᠭᠦᠨ᠂ ᠡᠮᠦᠨ᠎ᠡ᠂ ᠬᠤᠶᠢᠨ᠎ᠡ ᠪᠠᠨ ᠳᠤᠪᠤᠷᠬᠠᠭ | ᠭᠠᠵᠠᠷ ᠤᠯᠡᠨ᠂ ᠠᠭᠤᠯᠡ ᠴᠢᠯᠠᠭᠤ ᠴᠤᠬᠠᠭ︔ ᠪᠠᠷᠡᠭᠤᠨ᠂ ᠪᠠᠷᠠᠭᠤᠨ ᠬᠤᠶᠢᠨ᠎ᠡ ᠪᠡᠶ᠎ᠡ ᠨᠢ ᠠᠭᠤᠯᠡᠨ ᠭᠠᠵᠡᠷ ᠢᠶᠠᠷ | ᠭᠤᠤᠯᠯᠡᠵᠦ᠂ ᠬᠤᠲᠤᠭᠤᠷ ᠭᠠᠵᠠᠷ ᠠᠯᠤᠰᠯᠠᠵᠦ᠂ ᠭᠧᠤᠯᠤᠭᠢ ᠨᠢ ᠬᠠᠶᠢᠷᠭᠤ ᠴᠢᠯᠠᠭᠤ ᠪᠠᠷ ᠭᠤᠤᠯᠯᠡᠨᠡ᠃ ᠪᠡᠯᠴᠢᠭᠡᠷ ᠤᠨ | ᠲᠦᠷᠦᠯ ᠵᠦᠢᠯ ᠨᠢ ᠡᠮᠦᠨ᠎ᠡ ᠬᠡᠰᠡᠭ ᠲᠤ ᠪᠠᠨ ᠨᠡᠶᠢᠳᠡᠯᠢᠭ ᠡᠭᠡᠷᠡᠮ᠎ᠡ ᠲᠠᠯ᠎ᠡ᠂ ᠬᠤᠶᠢᠨ᠎ᠡ ᠬᠡᠰᠡᠭ ᠲᠤ ᠪᠠᠨ ᠴᠦᠯᠵᠢᠮᠡᠯ | ᠲᠠᠯ᠎ᠡ ᠪᠤᠯᠤᠨ᠎ᠡ᠃ ᠮᠢᠩᠭᠠᠨ ᠪᠠᠯᠭᠠᠰᠤ ᠨᠢ ᠡᠬᠢ ᠪᠠᠶᠠᠯᠢᠭ ᠡᠯᠪᠡᠭ᠂ ᠲᠡᠮᠦᠷ ᠤᠨ ᠠᠭᠤᠷᠬᠠᠢ᠂ ᠪᠠᠯ ᠴᠢᠯᠠᠭᠤ᠂ ᠭᠠᠨᠳᠢᠭ | ᠴᠢᠯᠠᠭᠤ᠂ ᠮᠠᠩᠭᠠᠨ᠂ ᠹᠣᠰᠹᠤᠷ᠂ ᠰᠠᠯᠬᠢᠨ ᠤ ᠡᠨᠧᠷᠬᠢ᠂ ᠬᠡᠷᠡᠯ ᠤᠨ ᠡᠨᠧᠷᠬᠢ ᠪᠤᠯᠤᠨ ᠦᠷᠭᠡᠨ ᠠᠭᠤᠳᠡᠮ ᠲᠠᠯ᠎ᠡ ᠨᠤᠲᠤᠭ | ᠪᠠᠶᠢᠨ᠎ᠡ᠃ ᠪᠠᠯᠭᠠᠰᠤᠨ ᠤ ᠬᠠᠷᠢᠶᠠᠨ ᠳᠤ ᠬᠠᠪᠤᠲᠦ ᠬᠠᠰᠠᠷ ᠤᠨ ᠲᠠᠬᠢᠯᠭ᠎ᠠ ᠶᠢᠨ ᠤᠷᠳᠤᠨ᠂ ᠲᠠᠯ᠎ᠡ ᠨᠤᠲᠤᠭ ᠤᠨ | ᠪᠢᠴᠢᠬᠠᠨ ᠪᠠᠭᠠᠲᠤᠷ ᠡᠭᠡᠴᠢ ᠦᠬᠢᠨ ᠲᠡᠭᠦᠤ ᠯᠦᠩ ᠮᠧᠢ ᠢᠦᠢ ᠷᠦᠩ ᠤᠨ ᠬᠠᠭᠤᠴᠢᠨ ᠰᠠᠭᠤᠴᠡ᠂ ᠬᠠᠨ ᠤᠯᠤᠰ | ᠤᠨ ᠤᠷᠲᠦ ᠬᠡᠷᠡᠮ ᠤᠨ ᠦᠯᠡᠳᠡᠭᠳᠡᠯ᠂ ᠲᠦᠷᠺ ᠶᠢᠨ ᠦᠶ᠎ᠡ ᠤᠨ ᠪᠤᠯᠠᠰᠢ᠂ ᠲᠠᠯ᠎ᠡ ᠨᠤᠳᠤᠭ ᠤᠨ ᠬᠠᠳᠡᠨ ᠵᠢᠷᠤᠭ᠂ | ᠰᠢᠷᠠᠴᠢᠯᠠᠭᠤ ᠰᠦᠮ᠎ᠡ᠂ ᠬᠡᠪᠲᠡᠭᠡ ᠮᠠᠶᠢᠯᠡᠰᠤᠨ ᠤ ᠪᠠᠶᠢᠭᠠᠯᠢ ᠶᠢᠨ ᠬᠠᠮᠠᠭᠠᠯᠠᠯᠲᠡ ᠶᠢᠨ ᠤᠷᠤᠨ ᠵᠠᠷᠭᠡ ᠵᠢᠭᠤᠯᠴᠢᠯᠠᠯ ᠤᠨ | ᠭᠠᠵᠠᠷ ᠪᠠᠶᠢᠳᠠᠭ᠃ ᠬᠠᠪᠤᠲᠦ ᠬᠠᠰᠠᠷ ᠤᠨ ᠲᠠᠬᠢᠯᠭ᠎ᠠ ᠶᠢᠨ ᠰᠤᠶᠤᠯ ᠨᠢ ᠦᠪᠡᠷᠲᠡᠭᠡᠨ ᠵᠠᠰᠠᠬᠤ ᠤᠷᠤᠨ ᠤ ᠪᠤᠳᠠᠰ ᠤᠨ | ᠪᠤᠰᠤ ᠰᠤᠶᠤᠯ ᠤᠨ ᠦᠪ ᠳᠤ ᠵᠢᠬᠰᠠᠭᠠᠭᠳᠠᠪᠡ᠃ ᠦᠢᠯᠡᠳᠪᠦᠷᠢ ᠠᠭᠤᠷᠬᠠᠢ ᠶᠢᠨ ᠦᠢᠯᠡᠴᠢᠯᠡᠭᠡ ᠪᠤᠯᠤᠨ ᠮᠤᠩᠭᠤᠯ | ᠲᠠᠬᠢᠯᠭ᠎ᠠ ᠵᠢᠴᠢ ᠲᠠᠯ᠎ᠡ ᠨᠤᠲᠤᠭ ᠤᠨ ᠰᠤᠶᠤᠯ ᠵᠤᠭᠠᠴᠡᠯ ᠤᠨ ᠪᠠᠯᠭᠠᠰᠤ ᠶᠢ ᠪᠠᠶᠢᠭᠤᠯᠬᠤ ᠪᠠᠷ ᠵᠤᠭᠰᠤᠯᠲᠡ ᠪᠤᠯᠭᠠᠵᠦ᠂ | ᠪᠠᠯᠭᠠᠰᠤᠨ ᠤ ᠨᠡᠮ ᠤᠨ ᠬᠤᠷᠢᠶ᠎ᠡ᠂ ᠵᠠᠰᠠᠭ ᠤᠨ ᠤᠷᠳᠤᠨ ᠠᠴᠠ ︽ᠲᠠᠷᠢᠶᠠᠯᠡᠩ ᠮᠠᠯ ᠠᠵᠦ ᠠᠬᠤᠢ ᠬᠡᠯᠪᠡᠷᠢ ᠪᠠᠨ | ᠦᠭᠡᠷᠡᠴᠢᠯᠡᠬᠦ ᠪᠠᠨ ᠳᠤᠪᠤᠶᠢᠯᠭᠠᠨ᠂ ᠠᠵᠦ ᠦᠢᠯᠡᠳᠪᠦᠷᠢ ᠦᠢᠯᠡᠴᠢᠯᠡᠭᠡ ᠬᠢᠬᠦ ᠪᠠᠨ ᠳᠤᠪᠤᠶᠢᠯᠭᠠᠨ᠂ ᠵᠤᠭᠠᠴᠡᠯ ᠤᠨ | ᠦᠢᠯᠡᠰ ᠤᠨ ᠦᠪᠡᠷᠮᠢᠴᠡ ᠤᠨᠴᠠᠯᠢᠭ ᠢᠶᠠᠨ ᠳᠤᠪᠤᠶᠢᠯᠭᠠᠬᠤ︾ ᠬᠦᠭᠵᠢᠯᠲᠡ ᠶᠢᠨ ᠪᠤᠳᠤᠯᠭ᠎ᠠ ᠶᠢ ᠪᠤᠢ ᠪᠤᠯᠭᠠᠪᠡ᠃ | ᠳᠠᠷᠬᠠᠨ ᠰᠤᠮᠦ᠄ | ᠳᠠᠷᠬᠠᠨ ᠰᠤᠮᠦ ᠨᠢ ᠬᠤᠰᠢᠭᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠪᠠᠲᠤᠬᠠᠭᠠᠯᠭ᠎ᠠ ᠠᠴᠠ 45 | ᠺᠢᠯᠤᠮᠧᠲᠷ ᠵᠠᠶᠢᠲᠡᠢ ᠭᠠᠵᠠᠷ ᠪᠠᠶᠢᠷᠢᠯᠠᠵᠦ᠂ ᠵᠡᠭᠦᠨᠰᠢ ᠪᠠᠨ ᠳᠦᠷᠪᠡᠳ ᠬᠤᠰᠢᠭᠤ ᠲᠠᠢ ᠬᠢᠯᠢ ᠵᠠᠯᠭᠠᠵᠦ᠂ ᠡᠮᠦᠨᠡᠰᠢ ᠪᠠᠨ | ᠰᠢᠪᠠᠷᠬᠦ᠋ᠷᠢᠶ᠎ᠡ ᠪᠠᠯᠭᠠᠰᠦ ᠲᠠᠢ ᠬᠦᠷᠰᠢᠯᠡᠵᠦ᠂ ᠤᠮᠠᠷᠠᠲᠦ ᠲᠠᠯ᠎ᠡ ᠳᠤ ᠪᠠᠨ ᠮᠠᠨᠳᠤᠯ ᠪᠠᠯᠭᠠᠰᠦ ᠲᠠᠢ ᠵᠠᠯᠭᠠᠯᠳᠤᠵᠦ᠂ | ᠪᠠᠷᠠᠭᠤᠨᠰᠢ ᠪᠠᠨ ᠪᠠᠲᠤᠬᠠᠭᠠᠯᠭ᠎ᠠ ᠪᠠᠯᠭᠠᠰᠤ ᠲᠠᠢ ᠬᠦᠷᠰᠢᠯᠡᠵᠦ᠂ ᠮᠤᠩᠭᠤᠯ ᠦᠨᠳᠦᠰᠦᠲᠡᠨ ᠢᠶᠠᠷ ᠭᠤᠤᠯ ᠪᠤᠯᠭᠠᠭᠰᠠᠨ | ᠴᠤᠯ ᠮᠠᠯᠵᠢᠬᠤ ᠰᠤᠮᠦ ᠪᠤᠯᠤᠨ᠎ᠡ᠃ ᠳᠠᠷᠬᠠᠨ ᠰᠤᠮᠤᠨ ᠳᠤ 9 ᠭᠠᠴᠠᠭ᠎ᠠ ᠪᠠᠶᠢᠵᠦ᠂ ᠶᠡᠷᠦᠩᠬᠡᠢ ᠲᠠᠯᠠᠪᠠᠢ ᠨᠢ 3598. | 88 ᠲᠡᠭᠰᠢ ᠳᠦᠷᠪᠡᠯᠵᠢᠨ ᠺᠢᠯᠤᠮᠧᠲᠷ᠃ ᠬᠦᠮᠦᠨ ᠠᠮᠡ ᠶᠢᠨ ᠶᠡᠷᠦᠩᠬᠡᠢ ᠲᠤᠭ᠎ᠠ ᠨᠢ 2135 ᠡᠷᠦᠭᠡ᠂ 5083 | ᠬᠦᠮᠦᠨ᠂ ᠡᠭᠦᠨ ᠤ ᠳᠤᠲᠤᠷ᠎ᠡ ᠴᠦᠬᠡᠨ ᠲᠤᠭᠠᠲᠦ ᠦᠨᠳᠦᠰᠦᠲᠡᠨ 2890 ᠬᠦᠮᠦᠨ᠂ ᠪᠦᠬᠦ ᠬᠦᠮᠦᠨ ᠠᠮᠡ ᠶᠢᠨ | 68% ᠶᠢ ᠡᠵᠡᠯᠡᠨ᠎ᠡ᠃ ᠳᠠᠷᠬᠠᠨ ᠰᠤᠮᠦᠨ ᠤ ᠲᠡᠭᠰᠢᠳᠭᠡᠭᠰᠡᠨ ᠲᠠᠯᠡᠢ ᠶᠢᠨ ᠲᠦᠪᠰᠢᠨ ᠨᠢ 1500 ᠮᠧᠲᠷ ᠲᠤ | ᠬᠦᠷᠴᠦ᠂ ᠲᠤᠤᠷ᠎ᠡ ᠠᠭᠤᠯᠡᠨ ᠳᠤᠪᠤᠷᠬᠠᠭ ᠭᠠᠵᠠᠷ ᠤᠨ ᠬᠠᠭᠤᠷᠠᠢ ᠲᠠᠯ᠎ᠡ ᠶᠢᠨ ᠤᠷᠤᠨ ᠳᠤ ᠪᠠᠭᠲᠡᠨᠡ᠃ ᠰᠤᠮᠦᠨ ᠤ | ᠬᠠᠷᠢᠶᠠᠨ ᠳᠤ ᠡᠬᠢ ᠪᠠᠶᠠᠯᠢᠭ ᠡᠯᠪᠡᠭ ᠳᠡᠯᠪᠡᠭ᠂ ᠠᠯᠲᠡ᠂ ᠲᠡᠮᠦᠷ᠂ ᠵᠡᠰ᠂ ᠮᠠᠩᠭᠠᠨ᠂ ᠴᠤᠬᠤᠢ ᠶᠢᠨ ᠴᠢᠯᠠᠭᠤ᠂ | ᠬᠠᠶᠢᠯᠤᠭᠤᠷ ᠵᠤᠩᠰᠢ᠂ ᠴᠠᠬᠢᠭᠤᠷ ᠴᠢᠯᠠᠭᠤ ᠵᠠᠷᠭᠡ ᠠᠭᠤᠷᠬᠠᠢ ᠶᠢᠨ ᠡᠬᠢ ᠪᠠᠶᠠᠯᠢᠭ ᠪᠠᠶᠢᠳᠠᠭ᠃ ᠵᠢᠭᠤᠯᠴᠢᠯᠠᠯ ᠤᠨ ᠡᠬᠢ | ᠪᠠᠶᠠᠯᠢᠭ ᠢᠶᠠᠷ ᠳᠠᠪᠠᠭᠤᠯᠢᠭ ᠪᠠᠶᠢᠷᠢᠨ ᠳᠤ ᠪᠠᠶᠢᠵᠦ᠂ ᠤᠯᠠᠭᠠᠴᠡᠪ ᠤᠨ ᠬᠠᠳᠡᠨ ᠵᠢᠷᠤᠭ᠂ ᠲᠤᠶᠢᠨ ᠯᠠᠮᠡ ᠶᠢᠨ ᠰᠦᠮ᠎ᠡ᠂ | ᠠᠯᠲᠡᠨ ᠤᠯᠤᠰ ᠤᠨ ᠰᠠᠷᠭᠡᠶᠢᠯᠡᠯᠲᠡ ᠶᠢᠨ ᠭᠤᠤ ︵ᠪᠤᠷᠤ ᠬᠤᠲᠠ︶᠂ ᠠᠨᠳᠡ ᠪᠠᠬᠢᠯᠡᠯᠲᠡ ᠶᠢᠨ ᠬᠠᠭᠤᠴᠢᠨ ᠬᠤᠲᠡ | ᠵᠠᠷᠭᠡ ᠦᠯᠡᠮᠵᠢ ᠤᠯᠡᠨ ᠲᠡᠦᠭᠡ ᠰᠤᠶᠤᠯ ᠤᠨ ᠪᠠᠭᠤᠷᠢ ᠦᠯᠡᠳᠡᠭᠳᠠᠯ ᠪᠠᠶᠢᠵᠦ᠂ ᠵᠠᠩ ᠦᠢᠯᠡ ᠶᠢᠨ ᠵᠢᠭᠤᠯᠴᠢᠯᠡᠯ ᠢ | ᠬᠦᠭᠵᠢᠭᠦᠯᠬᠦ ᠪᠤᠯᠤᠯᠴᠠᠭ᠎ᠠ ᠶᠡᠭᠡ ᠪᠠᠶᠢᠨ᠎ᠡ᠃ ᠤᠳᠤᠬᠢᠴᠢᠯᠠᠭᠰᠡᠨ ᠮᠠᠯ ᠠᠵᠦ ᠠᠬᠤᠢ ᠪᠡ ᠲᠡᠯ᠎ᠡ ᠨᠤᠲᠤᠭ ᠤᠨ ᠰᠤᠶᠤᠯ | ᠵᠢᠴᠢ ᠨᠧᠰᠲ᠋ᠤᠷᠢᠶᠠᠨ ︵ᠡᠷᠭᠡᠭᠦᠨ︶ ᠱᠠᠰᠢᠨ ᠤ ᠰᠤᠶᠤᠯ ᠵᠤᠭᠠᠴᠡᠯ ᠤᠨ ᠬᠤᠲᠠ ᠪᠠᠯᠭᠠᠰᠤ ᠶᠢ ᠪᠠᠶᠢᠭᠤᠯᠬᠤ | ᠵᠤᠭᠰᠤᠯᠲᠡ ᠳᠤ ᠰᠠᠭᠤᠷᠢᠯᠠᠨ᠂ ᠰᠤᠮᠤᠨ ᠤ ᠨᠡᠮ ᠤᠨ ᠬᠤᠷᠢᠶ᠎ᠡ᠂ ᠵᠠᠰᠠᠭ ᠤᠨ ᠤᠷᠳᠤᠨ ᠠᠴᠠ ︽ᠪᠤᠬᠢᠷᠳᠤᠯ ᠦᠭᠡᠢ | ᠮᠢᠬᠠᠨ ᠤ ᠦᠢᠯᠡᠰ ᠢᠶᠠᠷ ᠮᠠᠯᠴᠢᠳ ᠢᠶᠠᠨ ᠪᠠᠶᠠᠵᠢᠭᠤᠯᠤᠨ᠂ ᠵᠠᠩ ᠦᠢᠯᠡ ᠶᠢᠨ ᠵᠢᠭᠤᠯᠴᠢᠯᠡᠯ ᠢᠶᠠᠷ ᠭᠤᠷᠪᠠᠨ ᠠᠵᠦ | ᠦᠢᠯᠡᠰ ᠢ ᠠᠬᠢᠭᠤᠯᠤᠨ᠂ ᠤᠨᠴᠠᠯᠢᠭᠲᠦ ᠠᠵᠦ ᠠᠬᠤᠶᠢᠯᠠᠯ ᠢᠶᠠᠷ ᠲᠤᠭᠤᠷᠢᠭ ᠢᠶᠠᠨ ᠮᠠᠨᠳᠤᠭᠤᠯᠤᠨ᠂ ᠦᠢᠯᠡᠳᠪᠦᠷᠢ | ᠠᠵᠦ ᠠᠬᠤᠢ ᠪᠠᠷ ᠰᠤᠮᠦ ᠪᠠᠨ ᠬᠦᠴᠦᠷᠭᠡᠭᠵᠢᠭᠦᠯᠤᠨ᠂ ᠲᠠᠯ᠎ᠡ ᠨᠤᠲᠤᠭ ᠢᠶᠠᠨ ᠬᠠᠮᠠᠭᠠᠯᠠᠵᠦ ᠤᠷᠴᠢᠨ ᠠᠬᠤᠢ ᠪᠠᠨ | ᠰᠡᠷᠭᠦᠭᠡᠬᠦ︾ ᠬᠦᠭᠵᠢᠯᠲᠡ ᠶᠢᠨ ᠰᠡᠳᠭᠢᠴᠡ ᠶᠢ ᠲᠤᠭᠲᠠᠭᠠᠪᠡ᠃ | ᠪᠠᠶ᠋ᠬᠠᠤᠪᠤᠭ᠎ᠠ ᠰᠤᠮᠦ᠄ | ᠪᠠᠶ᠋ᠬᠠᠤᠪᠤᠭ᠎ᠠ ᠰᠤᠮᠦ ᠪᠤᠯ ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ 12 ᠰᠤᠮᠦ ᠪᠠᠯᠭᠠᠰᠤᠨ ᠤ | ᠨᠢᠭᠡ ᠨᠢ ᠪᠤᠯᠤᠨ᠎ᠡ᠃ ᠵᠠᠭᠦᠨᠰᠢ ᠪᠠᠨ ᠳᠠᠷᠬᠠᠨ ᠰᠤᠮᠦ ᠲᠠᠢ ᠬᠦᠷᠰᠢᠯᠡᠵᠦ᠂ ᠪᠠᠷᠠᠭᠤᠨᠰᠢ ᠪᠠᠨ ᠪᠠᠶ᠋ᠬᠠᠤᠪᠤᠭ᠎ᠠ ᠠᠭᠤᠷᠬᠠᠢ | ᠶᠢᠨ ᠲᠤᠭᠤᠷᠢᠭ ᠪᠡ ᠮᠢᠩᠭᠠᠨ ᠪᠠᠯᠭᠠᠰᠦ ᠲᠠᠢ ᠵᠠᠯᠭᠠᠯᠳᠣᠵᠦ᠂ ᠡᠮᠦᠨᠡᠰᠢ ᠪᠠᠨ ᠪᠠᠲᠤᠬᠠᠭᠠᠯᠭ᠎ᠠ ᠪᠠᠯᠭᠠᠰᠦ ᠲᠠᠢ ᠬᠢᠯᠢ | ᠨᠡᠶᠢᠯᠡᠵᠦ᠂ ᠤᠮᠠᠷᠠᠲᠦ ᠲᠠᠯ᠎ᠡ ᠳᠤ ᠪᠠᠨ ᠪᠠᠶᠠᠨᠬᠤᠸᠠ ᠪᠠᠯᠭᠠᠰᠣ ᠲᠠᠢ ᠵᠠᠯᠭᠠᠯᠳᠤᠵᠦ ᠪᠠᠶᠢᠨ᠎ᠡ᠃ ᠰᠤᠮᠦ ᠪᠠᠶᠢᠭᠤᠯᠭ᠎ᠠ ᠨᠢ | ᠬᠤᠰᠢᠭᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠠᠴᠠ 36 ᠺᠢᠯᠤᠮᠧᠲᠷ ᠵᠠᠶᠢᠲᠡᠢ ᠪᠠᠶᠢᠵᠦ᠂ 7 ᠭᠠᠴᠠᠭ᠎ᠠ᠂ 8 | ᠨᠡᠮ ᠤᠨ ᠡᠭᠦᠷ ᠬᠠᠷᠢᠶᠠᠯᠠᠭᠳᠡᠵᠦ᠂ ᠶᠡᠷᠦᠩᠬᠡᠢ ᠲᠠᠯᠡᠪᠠᠢ ᠨᠢ 2331 ᠲᠡᠭᠰᠢ ᠳᠦᠷᠪᠡᠯᠵᠢᠨ ᠺᠢᠯᠤᠮᠧᠲᠷ᠂ ᠠᠰᠢᠭᠯᠡᠵᠦ | ᠪᠤᠯᠬᠤ ᠪᠡᠯᠴᠢᠭᠡᠷ ᠤᠨ ᠲᠠᠯᠠᠪᠡᠢ ᠨᠢ 333.72 ᠲᠦᠮᠡᠨ ᠮᠦ᠂ ᠪᠤᠷᠳᠤᠭᠤᠷ ᠤᠨ ᠰᠠᠭᠤᠷᠢᠨ ᠭᠠᠵᠠᠷ ᠤᠨ ᠲᠠᠯᠠᠪᠡᠢ ᠨᠢ | 15450 ᠮᠦ᠂ ᠪᠦᠬᠦ ᠡᠷᠦᠭᠡ ᠠᠮᠡ ᠶᠢᠨ ᠲᠤᠭ᠎ᠠ ᠨᠢ 1564᠂ ᠬᠦᠮᠦᠨ ᠠᠮᠡ ᠶᠢᠨ ᠶᠡᠷᠦᠩᠬᠡᠢ ᠲᠤᠭ᠎ᠠ ᠨᠢ | 3655᠂ ᠮᠤᠩᠭᠤᠯ ᠦᠨᠳᠦᠰᠦᠲᠡᠨ ᠢᠶᠠᠷ ᠭᠤᠤᠯ ᠪᠤᠯᠭᠠᠭᠰᠡᠨ ᠮᠠᠯᠵᠢᠬᠤ ᠰᠤᠮᠦ ᠪᠤᠯᠬᠤ ᠮᠦᠷᠲᠡᠭᠡᠨ ᠬᠤᠰᠢᠭᠤᠨ | ᠠᠴᠠ ᠳᠤᠮᠳᠠᠲᠦ ᠮᠤᠩᠭᠤᠯ ᠤᠨ ᠮᠠᠨᠳᠤᠯ ᠪᠤᠭᠤᠮᠲᠡ ᠬᠦᠷᠬᠦ ᠳᠤ ᠵᠠᠪᠠᠯ ᠦᠩᠭᠡᠷᠡᠬᠦ ᠵᠠᠮ ᠪᠤᠯᠤᠨ᠎ᠡ᠃ ᠦᠪᠡᠷᠮᠢᠴᠡ | ᠰᠤᠶᠤᠯ ᠢᠷᠭᠡᠨᠰᠢᠯ ᠤᠨ ᠤᠷᠴᠢᠨ ᠲᠠᠢ᠂ ᠦᠨᠢ ᠤᠳᠠᠭᠠᠨ ᠲᠡᠦᠬᠡ ᠰᠣᠶᠤᠯ ᠤᠨ ᠲᠤᠩᠭᠠᠯᠲᠡ ᠲᠠᠢ᠃ | ᠪᠠᠶ᠋ᠬᠠᠤᠪᠤᠭ᠎ᠠ ᠰᠤᠮᠤᠨ ᠤ ᠨᠡᠮ ᠤᠨ ᠬᠤᠷᠢᠶ᠎ᠡ ᠳᠤ 8 ᠨᠡᠮ ᠤᠨ ᠡᠭᠦᠷ ᠪᠠᠶᠢᠵᠦ᠂ ᠨᠡᠶᠢᠲᠡ 186 ᠨᠡᠮ ᠤ | ᠭᠡᠰᠢᠭᠦᠨ ᠲᠠᠢ᠂ ᠴᠦᠬᠡᠨ ᠲᠤᠭᠠᠲᠦ ᠦᠨᠳᠦᠰᠦᠲᠡᠨ ᠤ ᠨᠡᠮ ᠤᠨ ᠭᠡᠰᠢᠭᠦᠨ 109 ᠨᠡᠷᠡᠰ᠂ ᠡᠮᠡᠭᠲᠡᠢ ᠨᠡᠮ ᠤᠨ | ᠭᠡᠰᠢᠭᠦᠨ 43 ᠨᠡᠷᠡᠰ ᠪᠠᠶᠢᠨ᠎ᠡ᠃ ᠤᠳᠤᠬᠠᠨ ᠳᠤ᠂ ᠪᠦᠬᠦ ᠰᠤᠮᠤᠨ ᠳᠤ ᠮᠠᠯ ᠠᠵᠦ ᠠᠬᠤᠶᠢᠴᠢᠯᠠᠭᠰᠡᠨ ᠲᠤᠭᠤᠷᠢᠭ 7 | ᠪᠠᠶᠢᠵᠦ᠂ ᠤᠷᠤᠨ ᠰᠠᠭᠤᠴᠡ 364 ᠰᠠᠭᠤᠷᠢ᠂ ᠪᠤᠷᠳᠤᠭᠤᠷ ᠤᠨ ᠰᠠᠭᠤᠷᠢᠨ ᠭᠠᠵᠠᠷ ᠤᠨ ᠲᠠᠯᠠᠪᠡᠢ 8150 ᠮᠦ᠂ | ᠲᠡᠵᠢᠭᠡᠵᠦ ᠪᠠᠶᠢᠭ᠎ᠠ ᠮᠠᠯ ᠤᠨᠤᠭ᠎ᠠ ᠶᠢᠨ ᠲᠤᠭ᠎ᠠ 42600᠂ ᠡᠭᠦᠨ ᠳᠤ ᠬᠤᠨᠢ ᠢᠮᠠᠭ᠎ᠠ 33200᠂ ᠦᠬᠡᠷ | 3600᠂ ᠪᠤᠰᠤᠳ ᠮᠠᠯ ᠤᠨᠤᠭ᠎ᠠ ᠨᠢ 5800 ᠪᠠᠶᠢᠨ᠎ᠡ᠃ ᠡᠯ᠎ᠡ ᠲᠦᠷᠦᠯ ᠤᠨ ᠲᠤᠰᠬᠠᠢ ᠬᠤᠷᠰᠢᠶᠠᠵᠢᠯ ᠤᠨ | ᠵᠤᠬᠢᠶᠠᠨ ᠪᠠᠶᠢᠭᠤᠯᠤᠯᠲᠡ 6 ᠪᠠᠶᠢᠳᠠᠭ᠃ | ᠰᠤᠮᠦᠨ ᠤ ᠬᠠᠷᠢᠶᠠᠨ ᠳᠤ ᠠᠭᠤᠷᠬᠠᠢ ᠶᠢᠨ ᠡᠬᠢ ᠪᠠᠶᠠᠯᠢᠭ ᠡᠯᠪᠡᠭ ᠪᠠᠶᠢᠵᠦ᠂ ᠠᠵᠦ ᠦᠢᠯᠡᠰ ᠤᠨ ᠲᠤᠭᠤᠷᠢᠭ | ᠤᠨ 5000 ᠲᠦᠮᠡᠨ ᠲᠦᠭᠦᠷᠢᠭ ᠠᠴᠠ ᠲᠡᠭᠡᠭᠰᠢ ᠠᠵᠦ ᠦᠢᠯᠡᠳᠪᠦᠷᠢ 3 ︵ᠵᠢᠢ ᠳ᠋ᠦᠩ ᠱᠦᠢᠨᠢ ᠶᠢᠨ ᠦᠢᠯᠡᠳᠪᠦᠷᠢ᠂ | ᠳ᠋ᠦᠩ ᠱᠧᠩ ᠰᠢᠨᠵᠢᠯᠡᠬᠦ ᠤᠬᠠᠭᠠᠨ ᠮᠠᠷᠭᠡᠵᠢᠯ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ᠂ ᠰᠠᠶᠢᠬᠤᠰᠤ ᠰᠢᠵᠢᠷ | ᠠᠯᠲᠡᠨ ᠤ ᠬᠢᠵᠠᠭᠠᠷᠲᠦ ᠬᠠᠷᠢᠭᠤᠴᠠᠯᠭᠠᠲᠦ ᠺᠤᠮᠫᠠᠨᠢ︶ ᠪᠠᠶᠢᠵᠦ᠂ ᠲᠤᠤᠷ ᠲᠤ ᠨᠢᠭᠡᠳᠭᠡᠭᠰᠠᠨ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠦᠢᠯᠡᠳᠪᠦᠷᠢ 2᠂ ᠰᠢᠨ᠎ᠡ ᠪᠠᠷ ᠪᠠᠶᠢᠭᠤᠯᠵᠦ ᠪᠠᠶᠢᠭ᠎ᠠ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ ᠦᠢᠯᠡᠳᠪᠦᠷᠢ 2 ᠪᠠᠶᠢᠨ᠎ᠡ᠃ ᠠᠵᠦ ᠦᠢᠯᠡᠰ ᠤᠨ ᠲᠤᠭᠤᠷᠢᠭ ᠤᠨ ᠬᠦᠭᠵᠢᠯᠲᠡ ᠨᠢ ᠰᠤᠮᠦᠨ ᠤ ᠤᠷᠤᠨ | ᠨᠤᠲᠤᠭ ᠤᠨ ᠠᠵᠦ ᠠᠬᠤᠢ ᠶᠢᠨ ᠬᠦᠭᠵᠢᠯᠲᠡ ᠶᠢ ᠲᠠᠶᠢᠴᠢᠯᠡᠵᠦ᠂ ᠬᠡᠰᠡᠭ ᠲᠤᠭᠠᠨ ᠤ ᠮᠠᠯᠴᠢᠨ ᠲᠠᠷᠢᠶᠠᠴᠶ᠋ᠨ ᠤ ᠠᠵᠢᠯ | ᠤᠯᠭᠤᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠡ᠃ ᠪᠠᠢ—ᠮᠡᠨ ︵ᠪᠠᠶᠠᠨ—ᠮᠠᠨᠳᠤᠯ︶᠂ ᠪᠠᠢ—ᠮᠠᠨ | ︵ᠪᠠᠲᠤᠬᠠᠭᠠᠯᠭ᠎ᠠ—ᠮᠠᠨᠳᠤᠯ︶ ᠬᠤᠶᠠᠷ ᠵᠤᠷᠪᠤᠰ ᠵᠠᠰᠠᠮᠠᠯ ᠵᠠᠮ ᠨᠢ ᠪᠠᠶ᠋ᠬᠤᠪᠤᠭ᠎ᠠ ᠰᠤᠮᠤᠨ ᠤ ᠬᠠᠷᠢᠶᠠᠨ ᠳᠤ | ᠠᠭᠤᠯᠵᠠᠵᠦ᠂ ᠪᠤᠤ ᠮᠠᠨ ᠲᠡᠮᠦᠷ ᠵᠠᠮ ᠨᠢ ᠮᠦᠨ ᠲᠤᠰ ᠰᠤᠮᠦᠨ ᠢᠶᠠᠷ ᠦᠩᠭᠡᠷᠡᠵᠦ ᠪᠠᠶᠢᠨ᠎ᠡ᠃ ᠳᠦᠭᠦᠮ ᠲᠦᠳᠡ ᠵᠠᠮ | ᠬᠠᠷᠢᠯᠴᠠᠭ᠎ᠠ ᠨᠢ ᠰᠤᠮᠤᠨ ᠤ ᠠᠵᠦ ᠠᠬᠤᠢ ᠶᠢᠨ ᠬᠦᠭᠵᠢᠯᠲᠡ ᠳᠤ ᠰᠠᠭᠤᠷᠢ ᠲᠠᠯᠪᠢᠵᠦ ᠦᠭᠭᠦᠭᠰᠡᠨ ᠪᠠᠶᠢᠨ᠎ᠡ᠃ | ᠰᠤᠮᠤᠨ ᠤ ᠬᠠᠷᠢᠶᠠᠨ ᠳᠤ ᠦᠵᠡᠮᠵᠢ ᠶᠢᠨ ᠤᠷᠤᠨ ᠪᠡ ᠲᠡᠦᠭᠡᠨ ᠦᠯᠡᠳᠡᠭᠳᠡᠯ ᠤᠯᠡᠨ ᠪᠠᠶᠢᠳᠠᠭ᠂ ᠤᠨᠴᠠᠭᠠᠶᠢᠯᠡᠨ | ᠬᠤᠯᠡ ᠦᠢᠷ᠎ᠡ ᠳᠤ ᠪᠠᠨ ᠨᠡᠷᠡᠲᠠᠢ ᠤᠯᠡᠨ ᠰᠦᠮ᠎ᠡ ᠶᠢᠨ ᠬᠠᠭᠤᠴᠢᠨ ᠬᠤᠲᠡ ᠶᠢᠨ ᠪᠠᠭᠤᠷᠢ᠂ ᠵᠢᠮᠢᠰᠲᠡᠢ ᠵᠢᠭᠤᠯᠴᠢᠯᠡᠯ | ᠤᠨ ᠦᠵᠡᠮᠵᠢ ᠶᠢᠨ ᠤᠷᠤᠨ᠂ ᠲᠠᠯ᠎ᠡ ᠨᠤᠲᠤᠭ ᠤᠨ ᠦᠩᠭᠡ ᠦᠵᠡᠮᠵᠢ ᠪᠡ ᠤᠳᠤᠬᠢᠴᠢᠯᠠᠭᠰᠡᠨ ᠰᠠᠯᠬᠢᠨ ᠬᠦᠴᠦ ᠪᠠᠷ | ᠴᠠᠬᠢᠯᠭᠠᠨ ᠭᠠᠷᠭᠠᠬᠤ ᠨᠢ ᠨᠡᠶᠢᠯᠡᠭᠡᠳ ᠲᠠᠯ᠎ᠡ ᠨᠤᠲᠤᠭ ᠤᠨ ᠵᠢᠭᠤᠯᠴᠢᠯᠠᠯ ᠤᠨ ᠰᠢᠨ᠎ᠡ ᠦᠵᠡᠮᠵᠢ ᠶᠢᠨ ᠲᠦᠷᠰᠦ | ᠪᠠᠶᠢᠲᠡᠯ ᠢ ᠪᠤᠢ ᠪᠤᠯᠭᠠᠪᠡ᠃ | ᠪᠠᠭ᠎ᠠ ᠤᠩᠭᠤᠨ ᠰᠢᠶᠠᠩ᠄ | ᠪᠠᠭ᠎ᠠ ᠤᠩᠭᠤᠨ ᠰᠢᠶᠠᠩ ᠨᠢ ᠰᠢᠪᠡᠷᠬᠦ᠋ᠷᠢᠶ᠎ᠡ ᠪᠠᠯᠭᠠᠰᠦᠨ ᠤ ᠵᠡᠭᠦᠨ ᠲᠠᠯ᠎ᠡ ᠳᠤ ᠪᠠᠶᠢᠷᠢᠯᠠᠵᠦ᠂ ᠭᠠᠵᠠᠷ ᠤᠨ | ᠪᠠᠶᠢᠴᠡ ᠨᠢ ᠠᠷᠡᠪ ᠲᠤᠭᠠᠨ ᠤ ︽7︾ ᠲᠠᠢ ᠠᠳᠠᠯᠢ ᠪᠠᠶᠢᠳᠠᠭ᠃ ᠪᠠᠷᠠᠭᠤᠨᠰᠢ ᠪᠠᠨ ᠰᠢᠪᠡᠷᠬᠦ᠋ᠷᠢᠶ᠎ᠡ ᠪᠠᠯᠭᠠᠰᠦ᠂ ᠤᠮᠠᠷᠠᠰᠢ | ᠪᠠᠨ ᠳᠠᠷᠬᠠᠨ ᠰᠤᠮᠦ ᠲᠠᠢ ᠬᠦᠷᠰᠢᠯᠡᠵᠦ᠂ ᠵᠡᠭᠦᠨᠰᠢ ᠪᠠᠨ ᠲᠦᠷᠪᠡᠳ ᠬᠤᠰᠢᠭᠤ᠂ ᠡᠮᠦᠨᠡᠰᠢ ᠪᠠᠨ ᠦᠴᠦᠸᠠᠨ ᠰᠢᠶᠠᠨ | ᠲᠠᠢ ᠬᠢᠯᠢ ᠵᠠᠯᠭᠠᠯᠳᠤᠵᠦ ᠪᠠᠶᠢᠨ᠎ᠡ᠃ ᠪᠠᠷᠠᠭᠤᠨᠰᠢ ᠪᠠᠨ ᠰᠢᠷᠠᠮᠦ᠋ᠷᠡᠨ ᠪᠠᠯᠭᠠᠰᠤ ᠶᠢ ᠬᠦᠷᠢᠶᠠᠯᠡᠵᠦ᠂ ᠬᠦᠬᠡᠬᠤᠲᠡ᠂ | ᠪᠤᠭᠤᠲᠦ᠂ ᠤᠯᠠᠭᠠᠨᠴᠡᠪ ᠭᠤᠷᠪᠠᠨ ᠬᠤᠲᠡ ᠶᠢᠨ ᠠᠭᠤᠯᠵᠠᠷ ᠲᠤ ᠤᠷᠤᠰᠢᠨ᠎ᠡ᠃ ᠭᠠᠵᠠᠷ ᠤᠨ ᠭᠠᠳᠠᠷᠭᠤ ᠨᠢ ᠴᠢᠯᠠᠭᠤᠨ | ᠳᠤᠪᠤᠷᠬᠠᠭ ᠢᠶᠠᠷ ᠭᠤᠤᠯᠯᠡᠵᠦ᠂ ᠳᠤᠮᠲᠡ ᠪᠠᠨ ᠡᠯᠡᠰᠤᠨ ᠲᠠᠩ᠂ ᠭᠤᠤᠯ ᠭᠤᠤ ᠪᠠᠶᠢᠵᠦ᠂ ᠤᠯᠠᠷᠢᠯ ᠤᠨ ᠴᠢᠨᠠᠷᠲᠠᠢ | ᠬᠤᠶᠠᠷ ᠵᠤᠷᠪᠤᠰ ᠭᠤᠤᠯ ᠲᠤᠰ ᠰᠢᠶᠠᠩ ᠢᠶᠠᠷ ᠤᠷᠤᠰᠤᠨ ᠦᠩᠭᠡᠷᠡᠵᠦ᠂ ᠪᠠᠷᠠᠭᠤᠨᠰᠢ ᠠᠴᠠ ᠵᠡᠭᠦᠨᠰᠢ ᠤᠷᠤᠰᠴᠦ᠂ | ᠲᠡᠪᠤᠨ ᠭᠤᠤᠯ ᠲᠠᠢ ᠤᠷᠤᠰᠬᠠᠯ ᠨᠡᠶᠢᠯᠡᠵᠦ ᠳᠦᠷᠪᠡᠳ ᠤᠨ ᠬᠢᠯᠢ ᠳᠤ ᠤᠷᠤᠨ᠎ᠡ᠃ ᠵᠢᠯ ᠤᠨ ᠲᠤᠨᠳᠠᠰᠤᠨ ᠤ ᠬᠡᠮᠵᠢᠶ᠎ᠡ | ᠨᠢ 293 ᠮᠢᠯᠢᠮᠧᠲᠷ᠂ ᠪᠦᠬᠦ ᠬᠤᠰᠢᠭᠤᠨ ᠤ ᠳᠤᠮᠲᠠᠴᠢ ᠬᠡᠮᠵᠢᠶᠠᠨ ᠠᠴᠠ ᠦᠨᠳᠦᠷ︔ ᠵᠢᠯ ᠤᠨ ᠠᠭᠤᠷᠰᠢᠯᠲᠡ ᠶᠢᠨ | ᠬᠡᠮᠵᠢᠶ᠎ᠡ ᠨᠢ 2360 ᠮᠢᠯᠢᠮᠧᠲᠷ᠂ ᠪᠦᠬᠦ ᠬᠤᠰᠢᠭᠤᠨ ᠤ ᠳᠤᠮᠳᠠᠴᠢ ᠬᠡᠮᠵᠢᠶ᠎ᠡ ᠠᠴᠠ ᠳᠤᠤᠷ᠎ᠡ︔ ᠬᠢᠷᠠᠭᠤ ᠦᠭᠡᠢ | ᠬᠤᠭᠤᠴᠠᠭ᠎ᠠ ᠨᠢ 100 ᠡᠳᠦᠷ ᠤᠷᠴᠢᠮ᠂ ᠬᠠᠷᠢᠴᠠᠩᠭᠤᠢ ᠪᠠᠷ ᠲᠠᠷᠢᠶᠠᠯᠠᠬᠤ ᠳᠤ ᠲᠤᠬᠢᠷᠠᠮᠵᠢᠲᠠᠢ ᠤᠷᠤᠨ ᠪᠤᠯᠤᠨ᠎ᠡ᠃ | ᠪᠦᠬᠦ ᠰᠢᠶᠠᠩ ᠤᠨ ᠲᠠᠷᠢᠶᠠᠨ ᠭᠠᠵᠠᠷ ᠤᠨ ᠲᠠᠯᠠᠪᠡᠢ ᠨᠢ 126725 ᠮᠦ᠂ ᠡᠭᠦᠨ ᠤ ᠳᠤᠲᠤᠷ᠎ᠡ ᠬᠠᠭᠤᠷᠠᠢ ᠲᠠᠷᠢᠶᠠᠨ | ᠭᠠᠵᠠᠷ 101615 ᠮᠦ᠂ ᠤᠰᠤᠨ ᠲᠠᠷᠢᠶᠠᠨ ᠭᠠᠵᠠᠷ 25110 ᠮᠦ᠃ | ᠪᠦᠬᠦ ᠰᠢᠶᠠᠩ ᠤᠨ ᠵᠠᠰᠠᠭ ᠵᠠᠬᠢᠷᠭᠠᠨ ᠤ ᠬᠤᠪᠢᠶᠠᠷᠢ ᠲᠠᠯᠡᠪᠠᠢ ᠨᠢ 490 ᠲᠡᠭᠰᠢ ᠲᠦᠷᠪᠡᠯᠵᠢᠨ ᠺᠢᠯᠤᠮᠧᠲᠷ᠂ | 9 ᠰᠠᠭᠤᠭᠠᠯᠢ ᠠᠷᠡᠳ ᠤᠨ ᠵᠦᠪᠯᠡᠯ᠂ 72 ᠲᠤᠰᠬᠤᠨ ᠪᠠᠶᠢᠲᠠᠭ᠃ ᠡᠷᠦᠭᠡ ᠠᠮᠡ ᠶᠢᠨ ᠶᠡᠷᠦᠩᠬᠡᠢ ᠲᠤᠭ᠎ᠠ ᠨᠢ | 3435 ᠡᠷᠦᠭᠡ᠂ 14037 ᠬᠦᠮᠦᠨ᠂ ᠡᠭᠦᠨ ᠳᠤ ᠲᠠᠷᠢᠶᠠᠯᠠᠩ ᠤᠨ ᠪᠤᠰᠦ ᠡᠷᠦᠭᠡ ᠠᠮᠡ ᠶᠢᠨ ᠲᠤᠭ᠎ᠠ ᠨᠢ 288᠂ | ᠪᠠᠶᠢᠩᠭᠤ ᠰᠠᠭᠤᠭ᠎ᠠ ᠬᠦᠮᠦᠨ ᠠᠮᠡ ᠨᠢ 1818 ᠡᠷᠦᠭᠡ᠂ 6942 ᠬᠦᠮᠦᠨ᠂ ᠭᠠᠳᠠᠭᠰᠢ ᠶᠠᠪᠤᠭᠰᠡᠨ ᠬᠦᠮᠦᠨ ᠤ | ᠲᠤᠭ᠎ᠠ 1617 ᠡᠷᠦᠭᠡ᠂ 7095 ᠬᠦᠮᠦᠨ᠃ ᠪᠠᠶᠢᠩᠭᠤ ᠰᠠᠭᠤᠭ᠎ᠠ ᠬᠦᠮᠦᠨ ᠠᠮᠡ ᠶᠢᠨ ᠲᠤᠭ᠎ᠠ ᠨᠢ 20 ᠡᠷᠦᠭᠡ | ᠬᠦᠷᠬᠦ ᠦᠭᠡᠢ ᠲᠤᠰᠬᠤᠨ 24 ᠪᠠᠶᠢᠨ᠎ᠡ︔ ᠪᠠᠶᠢᠩᠭᠤ ᠰᠠᠭᠤᠭ᠎ᠠ ᠬᠦᠮᠦᠨ ᠠᠮᠡ ᠶᠢᠨ ᠲᠤᠭ᠎ᠠ ᠨᠢ 30 ᠡᠷᠦᠭᠡ ᠠᠴᠠ | ᠳᠡᠭᠡᠭᠰᠢ ᠲᠤᠰᠬᠤᠨ 20 ᠪᠠᠶᠢᠨ᠎ᠡ︔ ᠤᠰᠤᠯᠠᠯᠭ᠎ᠠ ᠶᠢᠨ ᠲᠠᠷᠢᠶᠠᠨ ᠭᠠᠵᠠᠷ ᠤᠨ ᠲᠠᠯᠠᠪᠡᠢ ᠨᠢ 500 ᠮᠦ ᠠᠴᠠ ᠪᠠᠭ᠎ᠠ | ᠲᠤᠰᠬᠤᠨ 25 ᠪᠠᠶᠢᠵᠦ᠂ ᠤᠰᠤᠯᠠᠯᠭ᠎ᠠ ᠶᠢᠨ ᠪᠤᠰᠦ ᠲᠠᠷᠢᠶᠠᠨ ᠭᠠᠵᠠᠷ ᠲᠠᠢ ᠲᠤᠰᠬᠤᠨ ᠨᠢ 24 ᠪᠠᠶᠢᠨ᠎ᠡ᠃ 80% | ᠶᠢᠨ ᠤᠰᠤᠯᠠᠯᠭ᠎ᠠ ᠶᠢᠨ ᠲᠠᠷᠢᠶᠠᠨ ᠭᠠᠵᠠᠷ ᠨᠢ ᠤᠩᠭᠤᠨ ᠲᠠᠯ᠎ᠡ᠂ ᠰᠠᠨ ᠬᠤᠤ ᠲᠠᠨ᠂ ᠦ᠋ ᠹᠦ᠋ ᠲᠠᠩ ᠤᠨ 8 ᠲᠤᠰᠬᠤᠨ | ᠳᠤ ᠲᠦᠪᠯᠡᠷᠡᠵᠦ ᠪᠠᠶᠢᠨ᠎ᠡ᠃ ᠲᠤᠭᠤᠰᠬ᠎ᠠ—ᠮᠤᠳᠤᠨ ᠬᠢᠴᠡ ᠲᠠᠢ ᠤᠷᠤᠨ ᠰᠠᠭᠤᠴᠡ ᠵᠦᠪᠬᠡᠨ 418 ᠰᠠᠭᠤᠷᠢ | ᠪᠠᠶᠢᠵᠦ᠂ ᠪᠦᠬᠦ ᠡᠷᠦᠭᠡ ᠶᠢᠨ ᠲᠤᠭᠠᠨ ᠤ 25% ᠢ ᠡᠵᠡᠯᠡᠨ᠂ ᠪᠦᠬᠦ ᠬᠤᠰᠢᠭᠤᠨ ᠤ ᠳᠤᠮᠳᠠᠴᠢ ᠬᠡᠮᠵᠢᠶᠠᠨ ᠠᠴᠠ | ᠳᠤᠤᠷ᠎ᠡ ᠪᠠᠶᠢᠨ᠎ᠡ᠃ | ᠴᠠᠭᠠᠨᠬᠠᠳᠠ ᠰᠤᠮᠦ᠄ | ᠴᠠᠭᠠᠨᠬᠠᠳᠠ ᠰᠤᠮᠤᠨ ᠤ ᠶᠡᠷᠦᠩᠭᠡᠢ ᠲᠠᠯᠠᠪᠡᠢ ᠨᠢ 2884 ᠲᠡᠭᠰᠢ ᠲᠦᠷᠪᠡᠯᠵᠢᠨ ᠺᠢᠯᠤᠮᠧᠲᠷ᠂ ᠡᠭᠦᠨ ᠤ | ᠳᠤᠲᠤᠷ᠎ᠡ᠂ ᠡᠪᠡᠰᠦ ᠪᠡᠯᠴᠢᠭᠡᠷ ᠤᠨ ᠲᠠᠯᠠᠪᠡᠢ ᠨᠢ 303.19 ᠲᠦᠮᠡᠨ ᠮᠦ᠃ ᠲᠤᠰ ᠰᠤᠮᠦ ᠨᠢ ᠵᠠᠭᠦᠨ ᠲᠠᠯ᠎ᠡ ᠪᠠᠷ | ᠢᠶᠠᠨ ᠲᠦᠷᠪᠡᠳ ᠬᠤᠰᠢᠭᠤ ᠲᠠᠢ ᠬᠢᠯᠢ ᠵᠠᠯᠭᠠᠵᠦ᠂ ᠪᠠᠷᠠᠭᠤᠨᠰᠢ ᠪᠠᠨ ᠪᠠᠶᠠᠨᠬᠤᠸᠠ ᠪᠠᠯᠭᠠᠰᠤ᠂ ᠮᠠᠨᠳᠤᠯ ᠪᠠᠯᠭᠠᠰᠤ ᠲᠠᠢ | ᠵᠠᠯᠭᠠᠯᠳᠤᠵᠦ᠂ ᠡᠮᠦᠨᠡᠰᠢ ᠪᠠᠨ ᠳᠠᠷᠬᠠᠨ ᠰᠤᠮᠦ᠂ ᠪᠠᠶ᠋ᠬᠠᠤᠪᠤᠭ᠎ᠠ ᠰᠤᠮᠦ ᠲᠠᠢ ᠵᠠᠯᠭᠠᠯᠳᠤᠵᠦ᠂ ᠤᠮᠠᠷᠡᠲᠦ ᠲᠠᠯ᠎ᠡ ᠪᠠᠷ ᠢᠶᠠᠨ | ᠮᠠᠨᠳᠤᠯ ᠪᠠᠯᠭᠠᠰᠤ᠂ ᠮᠤᠩᠭᠤᠯ ᠤᠯᠤᠰ ᠲᠠᠢ ᠬᠢᠯᠢ ᠨᠡᠶᠢᠯᠡᠵᠦ ᠪᠠᠶᠢᠨ᠎ᠡ᠃ ᠰᠤᠮᠦᠨ ᠤ ᠲᠡᠭᠰᠢᠳᠭᠡᠭᠰᠡᠨ ᠲᠠᠯᠡᠢ ᠶᠢᠨ | ᠲᠦᠪᠰᠢᠨ ᠨᠢ 1500 ᠮᠧᠲᠷ ᠦᠨᠳᠦᠷ ᠲᠤ ᠬᠦᠷᠴᠦ᠂ ᠲᠤᠤᠷ᠎ᠡ ᠠᠭᠤᠯᠡᠨ ᠲᠤᠪᠤᠷᠬᠠᠭ ᠤᠨ ᠬᠠᠭᠤᠷᠠᠢ ᠲᠠᠯ᠎ᠡ ᠶᠢᠨ | ᠤᠷᠤᠨ ᠳᠤ ᠪᠠᠭᠲᠡᠵᠦ᠂ ᠬᠡᠪ ᠤᠨ ᠪᠠᠶᠢᠲᠡᠯ ᠳᠤ᠂ ᠵᠢᠯ ᠤᠨ ᠲᠤᠨᠳᠠᠰᠣᠨ ᠤ ᠬᠡᠮᠵᠢᠶ᠎ᠡ ᠨᠢ 220 ᠮᠢᠯᠢᠮᠧᠲᠷ᠂ ᠵᠢᠯ ᠤᠨ | ᠠᠭᠤᠷᠰᠢᠯᠲᠡ ᠶᠢᠨ ᠬᠡᠮᠵᠢᠶ᠎ᠡ ᠨᠢ 2600 ᠮᠢᠯᠢᠮᠧᠲᠷ᠂ ᠬᠢᠷᠠᠭᠤ ᠦᠭᠡᠢ ᠬᠤᠭᠤᠴᠠᠭ᠎ᠠ ᠨᠢ 101ᠡᠳᠦᠷ᠂ ᠳᠤᠯᠠᠭᠠᠨ | ᠤ ᠳᠤᠮᠳᠠᠴᠢ ᠬᠡᠮᠵᠢᠶ᠎ᠡ ᠨᠢ 2.6℃᠃ | ᠪᠦᠬᠦ ᠰᠤᠮᠦᠨ ᠤ ᠡᠷᠦᠭᠡ ᠶᠢᠨ ᠶᠡᠷᠦᠩᠬᠡᠢ ᠲᠤᠭ᠎ᠠ ᠨᠢ 714᠂ ᠬᠦᠮᠦᠨ ᠠᠮᠠ ᠶᠢᠨ ᠶᠡᠷᠦᠩᠬᠡᠢ ᠲᠤᠭ᠎ᠠ ᠨᠢ | 1841 ᠬᠦᠮᠦᠨ᠃ ᠡᠭᠦᠨ ᠤ ᠳᠤᠲᠤᠷ᠎ᠡ ᠮᠠᠯᠴᠢᠳ 678 ᠡᠷᠦᠭᠡ ᠠᠮᠠ ᠲᠠᠢ᠃ ᠮᠤᠩᠭᠤᠯ ᠦᠨᠳᠦᠰᠦᠲᠡᠨ 1074 | ᠬᠦᠮᠦᠨ᠂ ᠰᠣᠷᠣᠭᠴᠢ 222 ᠬᠦᠮᠦᠨ ᠪᠠᠶᠢᠨ᠎ᠡ᠃ | ᠪᠦᠬᠦ ᠰᠤᠮᠦᠨ ᠳᠤ 5 ᠨᠡᠮ ᠤᠨ ᠡᠭᠦᠷ ᠲᠠᠢ᠂ ᠳᠠᠷᠤᠢ ᠠᠯᠪᠡᠨ ᠪᠠᠶᠢᠭᠤᠯᠤᠯᠭ᠎ᠠ ᠶᠢᠨ ᠨᠡᠮ ᠤᠨ ᠡᠭᠦᠷ᠂ ᠬᠠᠲᠡᠨ | ᠬᠤᠰᠢᠭᠤ ᠭᠠᠴᠠᠭᠠᠨ ᠤ ᠨᠡᠮ ᠤᠨ ᠡᠭᠦᠷ᠂ ᠨᠠᠷᠠᠨᠪᠤᠯᠠᠭ ᠭᠠᠴᠠᠭᠠᠨ ᠤ ᠨᠡᠮ ᠤᠨ ᠡᠭᠦᠷ᠂ ᠲᠡᠭᠷᠢ ᠨᠠᠭᠤᠷ ᠭᠠᠴᠠᠭᠠᠨ ᠤ | ᠨᠡᠮ ᠤᠨ ᠡᠭᠦᠷ᠂ ᠪᠠᠶᠠᠨᠰᠠᠶᠢᠬᠠᠨ ᠭᠠᠴᠠᠭᠠᠨ ᠤ ᠨᠡᠮ ᠤᠨ ᠡᠭᠦᠷ᠃ ᠨᠡᠶᠢᠲᠡ 133 ᠨᠡᠷᠡᠰ ᠨᠡᠮ ᠤᠨ ᠭᠡᠰᠢᠭᠦᠨ ᠲᠠᠢ᠂ | ᠡᠭᠦᠨ ᠤ ᠳᠤᠲᠤᠷ᠎ᠡ ᠮᠠᠯᠴᠢᠨ ᠨᠡᠮ ᠤᠨ ᠭᠡᠰᠢᠭᠦᠨ 101 ᠨᠡᠷᠡᠰ᠂ ᠰᠤᠮᠦᠨ ᠤ ᠪᠦᠬᠦ ᠨᠡᠮ ᠤᠨ ᠭᠡᠰᠢᠭᠦᠨ ᠤ 76% | ᠶᠢ ᠡᠵᠡᠯᠡᠨ᠎ᠡ︔ ᠡᠮᠡᠭᠲᠡᠢ ᠨᠡᠮ ᠤᠨ ᠭᠡᠰᠢᠭᠦᠨ 33 ᠨᠡᠷᠡᠰ᠂ 25% ᠢ ᠡᠵᠡᠯᠡᠵᠦ᠂ ᠴᠦᠬᠡᠨ ᠲᠤᠭᠠᠲᠦ ᠦᠨᠳᠦᠰᠦᠲᠡᠨ | ᠤ ᠨᠡᠮ ᠤᠨ ᠭᠡᠰᠢᠭᠦᠨ 98 ᠨᠡᠷᠡᠰ᠂ 74% ᠢ ᠡᠵᠡᠯᠡᠨ᠎ᠡ᠃ | ᠪᠦᠬᠦ ᠰᠤᠮᠦᠨ ᠤ ᠪᠡᠯᠴᠢᠭᠡᠷᠯᠡᠭᠦᠯᠬᠦ ᠶᠢ ᠵᠤᠭᠰᠤᠭᠠᠬᠤ ᠭᠠᠵᠠᠷ ᠤᠨ ᠲᠠᠯᠠᠪᠡᠢ ᠨᠢ 304.4029 ᠲᠦᠮᠡᠨ ᠮᠦ᠂ | ᠪᠡᠯᠴᠢᠭᠡᠷᠯᠡᠭᠦᠯᠬᠦ ᠶᠢ ᠵᠤᠭᠰᠤᠭᠠᠬᠤ ᠡᠷᠦᠭᠡ ᠶᠢᠨ ᠲᠤᠭ᠎ᠠ ᠨᠢ 615᠃ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠮᠦᠩᠬᠦ ᠨᠢ 1826.4174 ᠲᠦᠮᠡᠨ ᠲᠦᠭᠦᠷᠢᠭ︔ 60 ᠨᠠᠰᠤᠨ | ᠠᠴᠠ ᠲᠡᠭᠡᠭᠰᠢ ᠨᠠᠰᠤᠲᠠᠶᠢᠴᠤᠳ ᠤᠨ ᠠᠮᠢᠳᠤᠷᠡᠯ ᠤᠨ ᠲᠡᠳᠭᠦᠮᠵᠢ ᠶᠢᠨ ᠮᠦᠩᠬᠦ 40.8 ᠲᠦᠮᠡᠨ ᠲᠦᠭᠦᠷᠢᠭ᠂ | ᠨᠡᠶᠢᠲᠡ 170 ᠬᠦᠮᠦᠨ ᠬᠦᠷᠲᠡᠵᠦ ᠪᠠᠶᠢᠨ᠎ᠡ᠃ ᠰᠤᠷᠭᠠᠨ ᠬᠦᠮᠦᠵᠢᠯ ᠤᠨ ᠰᠤᠷᠤᠯᠭ᠎ᠠ ᠶᠢᠨ ᠨᠦᠬᠦᠪᠦᠷᠢ ᠮᠦᠩᠬᠦ 37. | 7 ᠲᠦᠮᠡᠨ ᠲᠦᠭᠦᠷᠢᠭ᠂ ᠨᠡᠶᠢᠲᠡ 97 ᠬᠦᠮᠦᠨ ᠬᠦᠷᠲᠡᠵᠦ ᠪᠠᠶᠢᠨ᠎ᠡ᠃ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠮᠦᠩᠬᠦ | ᠬᠦᠷᠲᠡᠵᠦ ᠪᠠᠶᠢᠭ᠎ᠠ ᠨᠢ 179 ᠬᠦᠮᠦᠨ᠃ ᠬᠤᠷᠰᠢᠶᠠᠵᠢᠯ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ | ᠨᠢ 1535 ᠬᠦᠮᠦᠨ᠃ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠭᠰᠠᠨ ᠨᠢ 112 | ᠬᠦᠮᠦᠨ᠃ | ᠰᠢᠯᠵᠢᠭᠦᠯᠦᠨ ᠲᠦᠪᠬᠢᠨᠡᠭᠦᠯᠦᠭᠰᠡᠨ ᠪᠠᠶᠢᠲᠡᠯ᠄ ᠪᠠᠲᠤᠬᠠᠭᠠᠯᠭ᠎ᠠ ᠪᠠᠯᠭᠠᠰᠤᠨ ᠳᠤ ᠨᠡᠭᠦᠨ ᠢᠷᠡᠭᠰᠡᠨ ᠨᠢ172 | ᠬᠦᠮᠦᠨ︔ ᠠᠵᠦ ᠦᠢᠯᠡᠰ ᠤᠨ ᠲᠤᠭᠤᠷᠢᠭ ᠲᠤ ᠲᠡᠵᠢᠭᠡᠨ ᠠᠷᠠᠴᠢᠯᠠᠬᠤ ᠠᠵᠢᠯ ᠬᠢᠵᠦ ᠪᠠᠶᠢᠭ᠎ᠠ ᠨᠢ 261 ᠬᠦᠮᠦᠨ︔ | ᠬᠤᠰᠢᠭᠤᠨ ᠤ ᠬᠠᠷᠢᠶᠠᠨ ᠠᠴᠠ ᠭᠠᠳᠡᠨ᠎ᠡ ᠭᠡᠷ ᠬᠤᠳᠠᠯᠳᠤᠨ ᠠᠪᠴᠦ ᠰᠢᠯᠵᠢᠨ ᠰᠠᠭᠤᠷᠢᠰᠢᠭᠰᠡᠨ ᠨᠢ 136 ᠬᠦᠮᠦᠨ︔ | ᠪᠠᠶᠢᠩᠭᠤ ᠵᠤᠬᠢᠶᠠᠨ ᠪᠠᠶᠢᠭᠤᠯᠤᠯᠲᠡ ᠶᠢᠨ ᠪᠠᠯᠭᠠᠰᠤᠨ ᠳᠤ ᠪᠠᠶᠢᠭ᠎ᠠ ᠨᠢ 168 ᠬᠦᠮᠦᠨ︔ ᠪᠡᠯᠴᠢᠭᠡᠷ ᠲᠡᠭᠡᠷ᠎ᠡ ᠪᠠᠨ | ᠮᠠᠯᠵᠢᠬᠤ ᠠᠮᠢᠳᠤᠷᠡᠯ ᠡᠷᠬᠢᠯᠡᠵᠦ ᠪᠠᠶᠢᠭ᠎ᠠ ᠨᠢ 675 ᠬᠦᠮᠦᠨ︔ ᠲᠤᠬᠠᠢ ᠶᠢᠨ ᠭᠠᠵᠠᠷ ᠲᠤ ᠨᠢ ᠲᠦᠪᠬᠢᠨᠡᠭᠦᠯᠦᠭᠰᠡᠨ | ᠨᠢ 183 ᠬᠦᠮᠦᠨ᠃ | ᠰᠤᠮᠦᠨ ᠤ ᠬᠠᠷᠢᠶᠠᠨ ᠳᠤ ᠫᠧᠩ ᠹᠧᠢ ᠵᠠᠰ ᠤᠨ ᠠᠭᠤᠷᠬᠠᠢ ᠶᠢᠨ ᠠᠵᠦ ᠦᠢᠯᠡᠳᠪᠦᠷᠢ᠂ ᠴᠤᠬᠤᠢ ᠶᠢᠨ | ᠴᠢᠯᠠᠭᠤ ᠬᠡᠮᠬᠡᠯᠡᠬᠦ ᠦᠢᠯᠡᠳᠪᠦᠷᠢ᠂ ᠲᠧᠩ ᠳ᠋ᠠ ᠠᠭᠤᠷᠬᠠᠢ ᠶᠢᠨ ᠦᠢᠯᠡᠰ᠂ ᠯᠦᠩ ᠶᠤᠸᠠᠨ ᠰᠠᠯᠬᠢᠨ ᠬᠦᠴᠦ ᠪᠠᠷ | ᠴᠠᠬᠢᠯᠭᠠᠨ ᠭᠠᠷᠭᠠᠬᠤ ᠬᠦᠴᠦᠯᠡᠴᠡ ᠨᠡᠮᠡᠭᠳᠡᠭᠦᠯᠬᠦ ᠦᠷᠲᠡᠭᠡ᠂ 35 ᠺᠢᠯᠤᠸᠠᠲ ᠤᠨ ᠴᠠᠬᠢᠯᠭᠠᠨ ᠬᠦᠴᠦᠳᠡᠯ | ᠦᠭᠡᠷᠡᠴᠢᠯᠡᠬᠦ ᠭᠠᠵᠠᠷ ᠵᠠᠷᠭᠡ ᠠᠵᠦ ᠦᠢᠯᠡᠳᠪᠦᠷᠢ ᠪᠠᠶᠢᠨ᠎ᠡ᠃ ᠰᠤᠮᠦᠨ ᠳᠤ ᠰᠠᠭᠤᠭ᠎ᠠ ᠬᠤᠶᠠᠳᠤᠭᠠᠷ ᠱᠠᠳᠤᠨ ᠤ | ᠪᠠᠶᠢᠭᠤᠯᠭ᠎ᠠ ᠨᠢ ᠦᠪᠦᠷ ᠮᠤᠩᠭᠤᠯ ᠤᠨ ᠬᠤᠯᠤᠭᠠᠨ᠎ᠡ ᠶᠢᠨ ᠬᠢᠵᠢᠭ ᠢ ᠰᠢᠯᠭᠠᠨ ᠪᠠᠶᠢᠴᠠᠭᠠᠬᠤ ᠦᠷᠲᠡᠭᠡ᠂ ᠡᠷᠡᠭᠦᠯ | ᠬᠠᠮᠠᠭᠠᠯᠠᠯ ᠤᠨ ᠦᠷᠲᠡᠭᠡ᠂ ᠰᠢᠦᠳᠡᠨ ᠬᠤᠯᠪᠤᠭᠠᠨ ᠤ ᠰᠠᠯᠪᠤᠷᠢ᠂ ᠵᠠᠮ ᠠᠷᠠᠴᠢᠯᠠᠬᠤ ᠠᠵᠢᠯ ᠤᠨ ᠲᠤᠭᠤᠷᠢᠭ᠂ ᠬᠢᠯᠢ ᠶᠢᠨ | ᠰᠡᠷᠭᠡᠶᠢᠯᠡᠯᠲᠡ ᠶᠢᠨ ᠲᠤᠮᠢᠯᠠᠭᠰᠡᠨ ᠰᠠᠯᠪᠤᠷᠢ ᠵᠠᠷᠭᠡ ᠪᠠᠶᠢᠲᠠᠭ᠃ ᠰᠣᠮᠣᠨ ᠤ ᠬᠠᠷᠢᠶᠠᠨ ᠳᠤ 4 ᠭᠠᠴᠠᠭ᠎ᠠ ᠪᠠᠶᠢᠨ᠎ᠡ᠂ | ᠳᠠᠷᠤᠢ᠄ ᠬᠠᠲᠠᠨ ᠬᠤᠰᠢᠭᠤ ᠭᠠᠴᠠᠭ᠎ᠠ᠂ ᠨᠠᠷᠠᠨᠪᠤᠯᠠᠭ ᠭᠠᠴᠠᠭ᠎ᠠ᠂ ᠲᠡᠭᠷᠢ ᠨᠠᠭᠤᠷ ᠭᠠᠴᠠᠭ᠎ᠠ᠂ ᠪᠠᠶᠠᠨᠰᠠᠶᠢᠬᠠᠨ ᠭᠠᠴᠠᠭ᠎ᠠ᠃ | ᠰᠢ ᠾᠧ ᠰᠢᠶᠠᠩ: | ᠰᠢ ᠾᠧ ᠰᠢᠶᠠᠩ᠂ ᠡᠮᠦᠨᠡᠰᠢ ᠪᠠᠨ ᠭᠦᠶᠠᠩ ᠰᠢᠶᠠᠨ ᠤ ᠰᠢᠩ ᠱᠦᠨ ᠰᠢ ᠰᠢᠶᠠᠩ ᠲᠠᠢ ᠬᠢᠯᠢ ᠵᠠᠯᠭᠠᠯᠳᠤᠵᠦ᠂ | ᠤᠮᠡᠷᠡ ᠲᠠᠯ᠎ᠡ ᠳᠤ ᠪᠠᠨ ᠮᠢᠩᠭᠠᠨ ᠪᠠᠯᠭᠠᠰᠤ ᠲᠠᠢ ᠬᠦᠷᠰᠢᠯᠡᠵᠦ᠂ ᠵᠠᠭᠦᠨᠰᠢ ᠪᠠᠨ ᠪᠠᠶᠠᠨᠨᠠᠭᠤᠷ ᠬᠤᠳᠡ ᠶᠢᠨ ᠤᠷᠠᠳ | ᠤᠨ ᠲᠤᠮᠳᠠᠳᠦ ᠬᠤᠰᠢᠭᠤ ᠲᠠᠢ ᠬᠢᠯᠢ ᠨᠡᠶᠢᠯᠡᠵᠦ᠂ ᠶᠡᠷᠦᠩᠭᠡᠢ ᠲᠠᠯᠡᠪᠠᠢ ᠨᠢ 561 ᠲᠡᠭᠰᠢ ᠲᠦᠷᠪᠡᠯᠵᠢᠨ ᠺᠢᠯᠤᠮᠧᠲᠷ᠂ | ᠨᠡᠶᠢᠲᠡ 3653 ᠡᠷᠦᠭᠡ᠂ 12948 ᠬᠦᠮᠦᠨ ᠠᠮᠡ ᠲᠠᠢ᠃ ᠡᠭᠦᠨ ᠤ ᠳᠤᠲᠤᠷ᠎ᠡ ᠭᠠᠳᠠᠭᠰᠢ ᠶᠠᠪᠤᠭᠰᠡᠨ ᠬᠦᠮᠦᠨ ᠤ | ᠲᠤᠭ᠎ᠠ ᠨᠢ 9064᠂ ᠪᠦᠬᠦ ᠬᠦᠮᠦᠨ ᠠᠮᠡ ᠶᠢᠨ 70% ᠢ ᠡᠵᠡᠯᠡᠨ᠎ᠡ᠃ ᠬᠠᠮᠤᠭ ᠨᠠᠭᠠᠲᠦ ᠵᠠᠬ᠎ᠠ ᠶᠢᠨ ᠪᠠᠲᠤᠯᠠᠭ᠎ᠠ | ᠶᠢᠨ ᠮᠦᠩᠬᠦ ᠬᠦᠷᠳᠡᠵᠦ ᠪᠠᠶᠢᠭ᠎ᠠ ᠨᠢ 568 ᠬᠦᠮᠦᠨ᠂ ᠪᠦᠬᠦ ᠬᠦᠮᠦᠨ ᠠᠮᠡ ᠶᠢᠨ 4% ᠢ ᠡᠵᠡᠯᠡᠨ᠎ᠡ︔ ᠨᠡᠶᠢᠭᠡᠮ ᠤᠨ | ᠳᠠᠭᠠᠳᠬᠠᠯ ᠳᠤ ᠤᠷᠤᠯᠴᠠᠭᠰᠡᠨ ᠨᠢ 1942 ᠬᠦᠮᠦᠨ᠂ ᠪᠦᠬᠦ ᠬᠦᠮᠦᠨ ᠠᠮᠡ ᠶᠢᠨ 14% ᠤᠷᠴᠢᠮ ᠢ ᠡᠵᠡᠯᠡᠨ᠎ᠡ᠃ | ᠮᠠᠯ ᠤᠨᠤᠭ᠎ᠠ ᠶᠢᠨ ᠶᠡᠷᠦᠩᠬᠡᠢ ᠲᠤᠭ᠎ᠠ ᠨᠢ 58493᠂ ᠡᠭᠦᠨ ᠤ ᠳᠤᠲᠤᠷ᠎ᠡ᠂ ᠲᠤᠮᠦ ᠮᠠᠯ ᠨᠢ 1530᠂ ᠪᠠᠭ᠎ᠠ ᠮᠠᠯ | ᠨᠢ 56963᠃ ᠰᠢ ᠾᠧ ᠰᠶᠠᠩ ᠤᠨ ᠬᠠᠷᠢᠶᠠᠨ ᠳᠤ 7 ᠰᠠᠭᠤᠭᠠᠯᠢ ᠠᠷᠡᠳ ᠤᠨ ᠵᠦᠪᠯᠡᠯ ᠪᠠᠶᠢᠨ᠎ᠡ᠂ ᠲᠤᠰ ᠲᠤᠰ | ᠪᠤᠮᠪᠡᠲᠠᠢ᠂ ᠰᠢᠷ᠎ᠡ ᠬᠠᠲᠡ᠂ ᠰᠢᠷ᠎ᠡ ᠠᠩᠭᠢᠷ᠂ ᠰᠢ ᠾᠧ᠂ ᠲᠡᠯ ᠤᠨ ᠭᠤᠤ᠂ ᠴᠢᠶᠠᠨ ᠾᠧ᠂ ᠴᠠᠭᠠᠨ᠃ ᠨᠡᠶᠢᠲᠡ 62 | ᠪᠠᠶᠢᠭᠠᠯᠢ ᠶᠢᠨ ᠲᠤᠰᠬᠤᠨ ᠪᠠᠶᠢᠨ᠎ᠡ᠃ ᠲᠠᠷᠢᠶᠠᠯᠠᠬᠤ ᠭᠠᠵᠠᠷ ᠤᠨ ᠶᠡᠷᠦᠩᠬᠡᠢ ᠲᠠᠯᠠᠪᠠᠢ ᠨᠢ 123682 ᠮᠦ᠂ ᠰᠢ ᠾᠧ | ᠰᠢᠶᠠᠩ ᠤᠨ ᠲᠠᠷᠢᠶᠠᠯᠡᠩ ᠤᠨ ᠦᠢᠯᠡᠰ ᠨᠢ ᠭᠤᠤᠯᠳᠠᠭᠤ ᠬᠤᠶᠠᠷ ᠲᠡᠩ ᠤᠨ ᠤᠷᠤᠨ ᠳᠤ ᠲᠦᠪᠯᠡᠷᠡᠨ᠎ᠡ᠂ ᠳ᠋ᠧ ᠴᠧᠩ | ᠶᠦᠩ ᠲᠠᠩ ᠪᠤᠯᠤᠨ ᠰᠢ ᠾᠧ ᠲᠠᠩ ᠪᠤᠯᠤᠨ᠎ᠡ᠂ ᠨᠡᠭᠡᠭᠡᠨ ᠠᠰᠢᠭᠯᠠᠭᠰᠠᠨ ᠤᠰᠤᠯᠠᠯᠭ᠎ᠠ ᠶᠢᠨ ᠲᠠᠷᠢᠶᠠᠨ ᠭᠠᠵᠠᠷ ᠨᠢ | ᠨᠡᠶᠢᠲᠡ 22703 ᠮᠦ ᠪᠠᠶᠢᠨ᠎ᠡ᠃ ᠰᠢ ᠾᠧ ᠰᠢᠶᠠᠩ ᠨᠢ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠲᠠᠢ | ᠬᠦᠷᠰᠢᠯᠡᠵᠦᠪᠠᠶᠢᠬᠤ ᠪᠤᠯᠬᠤᠷ᠂ ᠠᠭᠤᠷᠬᠠᠢ ᠶᠢᠨ ᠡᠬᠢ ᠪᠠᠶᠠᠯᠢᠭ ᠨᠡᠯᠢᠶᠡᠳ ᠡᠯᠪᠡᠭ᠂ ᠲᠡᠮᠦᠷ ᠤᠨ ᠬᠦᠲᠡᠷ᠂ ᠰᠤᠪᠤᠳ | ᠴᠢᠯᠠᠭᠤᠯᠢᠭ ᠵᠠᠷᠭᠡ ᠬᠠᠶᠢᠵᠦ ᠢᠯᠡᠷᠡᠭᠦᠯᠦᠭᠰᠡᠨ ᠡᠬᠢ ᠪᠠᠶᠠᠯᠢᠭ ᠪᠠᠶᠢᠳᠠᠭ᠃ ᠨᠠᠭᠡᠭᠡᠨ ᠠᠰᠢᠭᠯᠠᠭᠰᠠᠨ ᠲᠡᠮᠦᠷ ᠤᠨ | ᠠᠭᠤᠷᠬᠠᠢ ᠶᠢᠨ ᠭᠠᠵᠠᠷ 6᠂ ᠰᠤᠪᠤᠳᠯᠢᠭ ᠴᠢᠯᠠᠭᠤᠯᠢᠭ ᠤᠨ ᠭᠠᠵᠠᠷ 3 ᠪᠠᠶᠢᠨ᠎ᠡ᠃ 4 ᠰᠢᠨ᠎ᠡ ᠬᠦᠲᠡᠭᠡ ᠲᠤᠰᠬᠤᠨ ᠤ | ᠪᠦᠲᠦᠭᠡᠨ ᠪᠠᠶᠢᠭᠤᠯᠤᠯᠲᠡ ᠶᠢ ᠪᠠᠶᠠᠯᠡᠭᠦᠯᠵᠦ᠂ ᠠᠰᠢᠭ ᠬᠦᠷᠲᠡᠭᠰᠡᠨ ᠬᠦᠮᠦᠨ ᠤ ᠲᠤᠭ᠎ᠠ ᠨᠢ 1235 ᠬᠦᠮᠦᠨ᠂ ᠪᠦᠬᠦ | ᠲᠤᠰᠬᠤᠨ ᠤ 6.5% ᠢ ᠡᠵᠡᠯᠡᠵᠦ᠂ ᠪᠦᠬᠦ ᠬᠦᠮᠦᠨ ᠠᠮᠡ ᠶᠢᠨ 10% ᠢ ᠡᠵᠡᠯᠡᠨ᠎ᠡ᠃ | | | | |