ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2018-03-21
     ᠪᠠᠶᠢᠭᠤᠯᠭ᠎ᠠ ᠶᠢᠨ ᠨᠡᠷ᠎ᠡ᠄ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠤᠪᠴᠢᠶ᠎ᠡ      ᠠᠵᠢᠯ ᠲᠦᠷᠦᠯ ᠤᠨ ᠨᠡᠷ᠎ᠡ᠄ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ ᠭᠤᠶᠤᠴᠢᠯᠠᠨ ᠠᠪᠬᠤ      ᠠᠵᠢᠯ ᠲᠦᠷᠦᠯ ᠤᠨ ᠬᠤᠪᠢᠶᠠᠷᠢ᠄ ᠵᠠᠰᠠᠭ ᠵᠠᠬᠢᠷᠭᠠᠨ ᠤ ᠦᠢᠯᠡᠴᠢᠯᠡᠭᠡ      ᠦᠢᠯᠡᠴᠢᠯᠡᠬᠦ ᠡᠲᠡᠭᠡᠳ᠄ ᠬᠤᠪᠢ ᠬᠦᠮᠦᠨ      ᠲᠤᠭᠲᠠᠭᠠᠭᠰᠠᠨ ᠦᠨᠳᠦᠰᠦᠯᠡᠯ᠄ ︽ᠬᠦᠮᠦᠨ ᠠᠮᠠ ᠲᠦᠯᠦᠪᠯᠡᠭᠡᠲᠦ ᠦᠷᠡᠵᠢᠯ ᠤᠨ ᠵᠦᠪᠯᠡᠯ ᠡᠳ᠋ ᠤᠨ ᠵᠠᠰᠠᠭ  ᠤᠨ ᠶᠠᠮᠤᠨ ᠤ ᠪᠦᠬᠦ ᠤᠯᠤᠰ ᠤᠨ ᠭᠠᠭᠴᠠ ᠬᠡᠤᠬᠡᠳ ᠰᠢᠷᠬᠠᠳᠠᠵᠤ ᠵᠡᠮᠳᠡᠭ ᠪᠤᠯᠤᠭᠰᠠᠨ ᠪᠤᠶᠤ ᠠᠳᠡᠵᠤ ᠦᠭᠡᠢ ᠪᠤᠯᠤᠭᠰᠠᠨ ᠬᠦᠮᠦᠰ ᠤᠨ ᠭᠡᠷ ᠪᠦᠯᠢ ᠶᠢ ᠳᠡᠮᠵᠢᠬᠦ ᠳᠦᠷᠢᠮ ᠤᠨ ᠲᠤᠷᠰᠢᠯᠲᠡ ᠶᠢᠨ ᠴᠡᠭ ᠤᠨ ᠲᠦᠰᠦᠯ ᠢ ᠬᠡᠪᠯᠡᠨ ᠳᠠᠷᠬᠠᠭᠠᠬᠤ ᠮᠡᠳᠡᠭᠳᠡᠯ︾ ︵ᠤᠯᠤᠰ ᠬᠦᠮᠦᠨ ᠠᠮᠠ ᠲᠠᠷᠬᠠᠭᠠᠭᠰᠠᠨ ﹇2007﹈ 78 ᠲᠤᠭᠠᠲᠤ︶ ︽ᠤᠯᠤᠰ ᠤᠨ ᠬᠦᠮᠦᠨ ᠠᠮᠠ ᠲᠦᠯᠦᠪᠯᠡᠭᠡᠲᠦ ᠦᠷᠡᠵᠢᠯ ᠤᠨ ᠵᠦᠪᠯᠡᠯ ᠤᠨ ᠲᠦᠯᠦᠪᠯᠡᠭᠡᠲᠦ ᠦᠷᠡᠵᠢᠯ ᠤᠨ ᠭᠡᠷ ᠪᠦᠯᠢ ᠶᠢ ᠤᠨᠴᠠᠭᠠᠶᠢᠯᠠᠨ ᠳᠡᠮᠵᠢᠬᠦ ᠪᠤᠳᠠᠳᠠᠢ ᠨᠦᠬᠦᠴᠡᠯ ᠢ ᠲᠤᠭᠲᠠᠭᠠᠬᠤ ᠲᠤᠬᠠᠢ ᠮᠡᠳᠡᠭᠳᠡᠯ︾ ︵ᠤᠯᠤᠰ ᠬᠦᠮᠦᠨ ᠠᠮᠠ ᠲᠠᠷᠬᠠᠭᠠᠭᠰᠠᠨ ﹇2007﹈ 95 ᠲᠤᠭᠠᠲᠤ︶      ᠭᠤᠶᠤᠴᠢᠯᠠᠬᠤ ᠨᠦᠬᠦᠴᠡᠯ᠄ ᠭᠠᠭᠴᠠ ᠬᠡᠤᠬᠡᠳ ᠰᠢᠷᠬᠠᠳᠠᠵᠤ ᠵᠡᠮᠳᠡᠭ ᠪᠤᠯᠤᠭᠰᠠᠨ ᠪᠤᠶᠤ ᠠᠳᠡᠵᠤ ᠦᠭᠡᠢ ᠪᠤᠯᠤᠭᠰᠠᠨ ᠬᠦᠮᠦᠰ ᠤᠨ ᠭᠡᠷ ᠪᠦᠯᠢ ᠶᠢ ᠳᠡᠮᠵᠢᠬᠦ ᠳᠦᠷᠢᠮ ᠤᠨ ᠳᠡᠮᠵᠢᠯᠭᠡ ᠶᠢ ᠬᠦᠷᠲᠡᠬᠦ ᠡᠲᠡᠭᠡᠳ᠄      ᠮᠠᠨ ᠤ ᠤᠯᠤᠰ ᠤᠨ ᠬᠤᠲᠠ ᠪᠠᠯᠭᠠᠰᠤᠨ ᠤ ᠪᠠ ᠬᠦᠳᠡᠭᠡ ᠲᠤᠰᠬᠤᠨ ᠤ ᠭᠠᠭᠴᠠ ᠬᠡᠤᠬᠡᠳ ᠲᠠᠢ ᠠᠶᠢᠯ ᠤᠨ ᠬᠡᠤᠬᠡᠳ ᠨᠢ ᠦᠬᠦᠵᠤ ᠰᠢᠷᠬᠠᠳᠠᠬᠤ ᠪᠤᠶᠤ ᠡᠪᠡᠳᠴᠢᠯᠡᠵᠤ ᠵᠡᠮᠳᠡᠭ ᠪᠤᠯᠤᠭᠰᠠᠨ ᠤ ᠳᠠᠷᠠᠭ᠎ᠠ ᠦᠭᠡᠷ᠎ᠡ ᠬᠡᠤᠬᠡᠳ ᠲᠦᠷᠦᠭᠰᠡᠨ‌ᠦᠭᠡᠢ ᠪᠤᠶᠤ ᠦᠭᠡᠷ᠎ᠡ ᠬᠡᠤᠬᠡᠳ ᠦᠷᠡᠴᠢᠯᠡᠵᠤ ᠲᠡᠵᠢᠭᠡᠭᠰᠡᠨ ᠦᠭᠡᠢ ᠡᠴᠢᠭᠡ ᠡᠬᠡᠴᠦᠦᠯ᠃ ᠳᠡᠮᠵᠢᠯᠭᠡ ᠬᠦᠷᠲᠡᠬᠦ ᠡᠲᠡᠭᠡᠳ ᠪᠠᠰᠠ ᠳᠠᠷᠠᠭᠠᠬᠢ ᠨᠦᠬᠦᠴᠡᠯ ᠢ ᠬᠠᠮᠲᠤ ᠪᠦᠷᠢᠯᠳᠦᠭᠦᠯᠦᠭᠰᠡᠨ‌‍ᠪᠠᠶᠢᠬᠤ ᠬᠡᠷᠡᠭᠲᠡᠢ᠄      1. 1933ᠤᠨ ᠤ 1ᠰᠠᠷ᠎ᠠ ᠶᠢᠨ 1 ᠠᠴᠠ ᠬᠤᠶᠢᠰᠢ ᠲᠦᠷᠦᠭᠰᠡᠨ᠃      2. ᠡᠮᠡᠭᠲᠡᠢ ᠨᠢ ᠪᠦᠬᠦᠯᠢ 49 ᠨᠠᠰᠤ ᠬᠦᠷᠦᠭᠰᠡᠨ᠃      3. ᠨᠢᠭᠡᠯᠡ ᠬᠡᠤᠬᠡᠳ ᠲᠦᠷᠦᠭᠰᠡᠨ ᠪᠤᠶᠤ ᠨᠢᠭᠡᠯᠡ ᠬᠡᠤᠬᠡᠳ ᠬᠠᠤᠯᠢ ᠶᠤᠰᠤᠭᠠᠷ ᠦᠷᠡᠴᠢᠯᠡᠨ ᠲᠡᠵᠢᠭᠡᠭᠰᠡᠨ᠃      4. ᠤᠳᠤ ᠪᠠᠷ ᠠᠮᠢᠳᠤ ᠪᠠᠶᠢᠭ᠎ᠠ ᠦᠷ᠎ᠡ ᠬᠡᠤᠬᠡᠳ ᠦᠭᠡᠢ ᠪᠤᠶᠤ ᠭᠠᠭᠴᠠ ᠬᠡᠦᠭᠡᠳ‌ᠨᠢ ᠵᠡᠮᠳᠡᠭ ᠪᠤᠯᠬᠤ ᠨᠢ ᠬᠠᠤᠯᠢ ᠪᠠᠷ ᠲᠤᠭᠲᠠᠭᠠᠭᠳᠠᠭᠰᠠᠨ ︵ᠵᠡᠮᠳᠡᠭ ᠤᠨ ᠪᠠᠷᠢᠮᠵᠢᠶᠡᠨ ᠤ ᠭᠤᠷᠪᠠᠳᠤᠭᠠᠷ ᠲᠡᠰ ᠠᠴᠠ ᠳᠡᠭᠡᠭᠰᠢ︶᠃      ᠬᠠᠨᠢ ᠨᠦᠬᠦᠷ ᠨᠢ ᠠᠳᠡᠭᠰᠡᠨ ᠪᠤᠶᠤ ᠤᠷᠤᠭ ᠰᠠᠯᠤᠭᠰᠠᠨ ᠭᠠᠭᠴᠠ ᠲᠦᠰᠢᠭᠲᠦ ᠭᠡᠷ ᠪᠦᠯᠢ᠂ ᠡᠷᠡᠭᠲᠡᠢ ᠪᠤᠶᠤ ᠡᠮᠡᠭᠲᠡᠢ ᠨᠢ ᠡᠷᠬᠡᠪᠰᠢ ᠪᠦᠬᠦᠯᠢ 49 ᠨᠠᠰᠤ ᠬᠦᠷᠦᠭᠰᠡᠨ ᠪᠠᠶᠢᠬᠤ᠃ ᠭᠠᠭᠴᠠ ᠬᠡᠤᠬᠡᠳ ᠨᠢ ᠵᠡᠮᠳᠡᠭ ᠪᠤᠯᠤᠭᠰᠠᠨ49--59ᠨᠠᠰᠤᠨ ᠤ ᠬᠦᠮᠦᠰ ᠬᠦᠮᠦᠨ ᠪᠦᠷᠢ ᠨᠢᠭᠡ ᠵᠢᠯ ᠳᠤ 3720 ᠲᠦᠭᠦᠷᠢᠭ᠂ 60 ᠨᠠᠰᠤᠨ‌ᠡᠴᠡ ᠳᠡᠭᠡᠭᠰᠢᠬᠢ ᠬᠦᠮᠦᠰ 5280 ᠲᠦᠭᠦᠷᠢᠭ᠂ ᠬᠡᠤᠬᠡᠳ ᠨᠢ ᠠᠳᠡᠵᠤ ᠦᠭᠡᠢ ᠪᠤᠯᠤᠭᠰᠠᠨ 49--59 ᠨᠠᠰᠤᠨ ᠤ ᠬᠦᠮᠦᠰ ᠬᠦᠮᠦᠨ ᠪᠦᠷᠢ 4500 ᠲᠦᠭᠦᠷᠢᠭ᠂ 60 ᠨᠠᠰᠤᠨ ᠠᠴᠠ ᠳᠡᠭᠡᠭᠰᠢᠬᠢ ᠬᠦᠮᠦᠰ ᠬᠦᠮᠦᠨ ᠪᠦᠷᠢ 6540 ᠲᠦᠭᠦᠷᠢᠭ ᠬᠦᠷᠲᠡᠨ᠎ᠡ᠃      ᠭᠦᠢᠴᠡᠳᠭᠡᠬᠦ ᠮᠠᠲ᠋ᠧᠷᠢᠶᠡᠯ᠄ ᠦᠪᠡᠷ ᠤᠨ ᠪᠠ ᠬᠠᠨᠢ ᠨᠦᠬᠦᠷ ᠤᠨ ᠢᠶᠠᠨ ᠪᠡᠶ᠎ᠡ ᠶᠢᠨ ᠦᠨᠡᠮᠯᠡᠯ᠂ ᠤᠷᠤᠭ ᠤᠨ ᠪᠠᠲᠤᠯᠠᠪᠤᠷᠢ᠂ ᠡᠷᠦᠭᠡ ᠠᠮᠠ ᠶᠢᠨ ᠳᠠᠩᠰᠠ᠂ ᠦᠷ᠎ᠡ ᠬᠡᠤᠬᠡᠳ ᠤᠨ ᠪᠡᠶ᠎ᠡ ᠶᠢᠨ ᠦᠨᠡᠮᠯᠡᠯ᠃ ᠦᠷ᠎ᠡ ᠬᠡᠤᠬᠡᠳ ᠨᠢ ᠵᠡᠮᠳᠡᠭ ᠪᠤᠯᠤᠭᠰᠠᠨ ᠪᠤᠯ ᠭᠤᠷᠪᠠᠳᠤᠭᠠᠷ ᠳᠡᠰ‌ᠡᠴᠡ ᠳᠡᠭᠡᠭᠰᠢᠬᠢ ︵ᠭᠤᠷᠪᠠᠳᠤᠭᠠᠷ ᠲᠡᠰ ᠢ ᠪᠠᠭᠲᠠᠭᠠᠨ᠎ᠠ︶ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠦᠮᠦᠨ ᠤ ᠭᠡᠷᠡᠴᠢ︾ ᠪᠠᠨ ᠬᠠᠩᠭᠠᠨ᠎ᠠ᠂ ᠦᠷ᠎ᠡ ᠬᠡᠤᠬᠡᠳ ᠨᠢ ᠠᠳᠡᠵᠤ ᠦᠭᠡᠢ ᠪᠤᠯᠤᠭᠰᠠᠨ ᠪᠤᠯ ᠲᠤᠲᠤᠭᠠᠲᠤ ᠶᠢ ᠬᠠᠮᠠᠭᠠᠯᠠᠬᠤ ᠲᠤᠪᠴᠢᠶ᠎ᠡ ᠪᠤᠶᠤ ᠡᠮᠨᠡᠯᠭᠡ ᠶᠢᠨ ᠬᠤᠷᠢᠶᠡᠨ ᠠᠴᠠ ᠭᠠᠷᠭᠠᠭᠰᠠᠨ ᠭᠡᠷᠡᠴᠢ ᠪᠢᠴᠢᠭ ᠢ ᠬᠠᠩᠭᠠᠨ᠎ᠠ᠃ ᠬᠡᠤᠬᠡᠳ ᠦᠷᠡᠴᠢᠯᠡᠨ ᠲᠡᠵᠢᠭᠡᠭᠰᠡᠨ ᠪᠤᠯ ᠬᠠᠤᠯᠢ ᠶᠤᠰᠤᠭᠠᠷ ︽ᠬᠡᠤᠬᠡᠳ ᠦᠷᠡᠴᠢᠯᠡᠨ ᠲᠡᠵᠢᠭᠡᠭᠰᠡᠨ ᠭᠡᠷᠡᠴᠢ︾ ᠪᠠᠨ ᠬᠠᠩᠭᠠᠨ᠎ᠠ᠃      ᠭᠦᠢᠴᠡᠳᠭᠡᠬᠦ ᠭᠠᠵᠠᠷ᠄ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠲᠤᠪᠴᠢᠶᠡᠨ ᠤ 4 ᠳ᠋ᠦ᠋ᠭᠡᠷ ᠳᠠᠪᠬᠤᠷᠭ᠎ᠠ ᠶᠢᠨ ᠦᠨᠳᠦᠰᠦᠨ ᠱᠠᠲᠤᠨ ᠤ ᠵᠢᠯᠤᠭᠤᠳᠤᠯᠭ᠎ᠠ ᠪᠠ ᠭᠡᠷ ᠪᠦᠯᠢ ᠶᠢᠨ ᠬᠦᠭᠵᠢᠯᠲᠡ ᠶᠢᠨ ᠰᠠᠯᠠᠭ᠎ᠠ      ᠭᠦᠢᠴᠡᠳᠭᠡᠬᠦ ᠴᠠᠭ᠄ ᠠᠵᠢᠯᠯᠠᠬᠤ ᠡᠳᠤᠷ ᠤᠨ8:30-12:00 14:30-17:30      ᠬᠠᠷᠢᠯᠴᠠᠬᠤ ᠤᠲᠠᠰᠤ᠄ 8423818      ᠬᠦᠢᠴᠡᠳᠭᠡᠬᠦ ᠠᠯᠬᠤᠮ ᠳᠠᠷᠠᠭ᠎ᠠ᠄  ᠬᠤᠷᠢᠶᠠᠨ ᠰᠢᠢᠳᠪᠦᠷᠢᠯᠡᠬᠦ — ᠰᠢᠢᠳᠪᠦᠷᠢᠯᠡᠵᠤ ᠳᠠᠭᠤᠰᠬᠤ      ᠭᠦᠢᠴᠡᠳᠭᠡᠯ ᠤᠨ ᠬᠢᠵᠠᠭᠠᠷᠯᠠᠬᠤ ᠬᠤᠭᠤᠴᠠᠭ᠎ᠠ᠄ ᠳᠠᠷᠤᠶᠢᠬᠠᠨ ᠭᠦᠢᠴᠡᠳᠭᠡᠬᠦ      ᠬᠦᠰᠦᠨᠦᠭ ᠪᠠᠭᠤᠯᠭᠠᠬᠤ᠄ ᠲᠤᠰ ᠲᠦᠷᠦᠯ ᠳᠤ ᠰᠦᠯᠵᠢᠶᠡᠨ‌ᠡᠴᠡ ᠪᠠᠭᠤᠯᠭᠠᠬᠤ ᠴᠠᠬᠢᠮ ᠬᠦᠰᠦᠨᠦᠭ ᠦᠭᠡᠢ      ᠬᠠᠷᠢᠭᠤᠴᠠᠬᠤ ᠪᠠᠶᠢᠭᠤᠯᠭ᠎ᠠ᠄ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠡᠷᠡᠭᠦᠯ ᠬᠠᠮᠠᠭᠠᠯᠠᠯ ᠤᠨ ᠲᠤᠪᠴᠢᠶ᠎ᠡ      ᠰᠦᠢᠳᠭᠡᠯ ᠬᠤᠷᠢᠶᠠᠬᠤ ᠪᠠᠶᠢᠳᠠᠯ᠄ ᠰᠦᠢᠳᠭᠡᠯ ᠬᠤᠷᠢᠶᠠᠬᠤ ᠦᠭᠡᠢ
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号