ᠪᠠᠲᠤᠬᠠᠭᠠᠯᠭ᠎ᠠ ᠶᠢᠨ ᠶᠠᠫᠣᠨ ᠢ ᠡᠰᠡᠷᠭᠦᠴᠡᠭᠰᠡᠨ ᠵᠡᠪᠰᠡᠭᠲᠦ ᠪᠣᠰᠤᠯᠭ᠎ᠠ ᠶᠢᠨ ᠲᠤᠷᠠᠰᠬᠠᠯ ᠤᠨ ᠬᠦᠰᠢᠶ᠎ᠡ
ᠨᠡᠶᠢᠲᠡᠯᠡᠭᠰᠡᠨ ᠴᠠᠭ᠄
2018-03-23
           1936 ᠣᠨ ᠤ 2 ᠳ᠋ᠤᠭᠠᠷ ᠰᠠᠷ᠎ᠠ ᠤᠨ 21 ᠤ ᠡᠳᠦᠷ ᠤᠨ ᠲᠡᠭᠷᠢ ᠭᠠᠵᠠᠷ ᠢ ᠲᠣᠩᠰᠤᠯᠭᠠᠭᠰᠠᠨ ᠪᠠᠳᠤᠬᠠᠭᠠᠯᠭ᠎ᠠ ᠶᠢᠨ ᠪᠣᠰᠤᠯᠭ᠎ᠠ ᠶᠢ ᠲᠤᠷᠠᠰᠠᠬᠠᠬᠤ ᠶᠢᠨ ᠲᠦᠯᠦᠭᠡ᠂1989 ᠣᠨ ᠳᠤ ᠲᠠᠷᠬᠠᠨ ᠮᠣᠣᠮᠢᠩᠭᠠᠨ ᠬᠤᠯᠪᠤᠭᠠᠳᠤ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠬᠡᠦᠬᠡᠨ ᠠᠭᠤᠯᠠ ᠶᠢᠨ ᠣᠷᠣᠢ ᠳᠤ ᠪᠠᠳᠤᠬᠠᠭᠠᠯᠠᠭ᠎ᠠ ᠶᠢᠨ ᠶᠠᠫᠣᠨ ᠡᠵᠡᠷᠬᠡᠭ ᠲᠦᠷᠢᠮᠡᠭᠡᠶᠢᠲᠡᠨ ᠢ ᠡᠰᠡᠷᠭᠦᠴᠡᠭᠰᠡᠨ ᠵᠡᠪᠰᠡᠭᠲᠦ ᠪᠣᠰᠤᠯᠭ᠎ᠠ ᠶᠢᠨ ᠲᠤᠷᠠᠰᠬᠠᠯ ᠤᠨ ᠬᠦᠰᠢᠶ᠎ᠡ ᠪᠣᠰᠬᠠᠵᠠᠢ᠃ ᠲᠡᠷᠡ ᠨᠢ ᠦᠨᠳᠦᠷ ᠢᠶᠠᠷ ᠢᠶᠠᠨ 20 ᠮᠧᠲᠷ᠂ ᠨᠢᠭᠤᠷ ᠲᠠᠯ᠎ᠠ ᠶᠢᠨ ᠦᠷᠭᠡᠨ ᠨᠢ 1.2--1.5 ᠮᠧᠲᠷ᠂ ᠬᠠᠵᠠᠭᠤ ᠲᠠᠯ᠎ᠠ ᠶᠢᠨ ᠦᠷᠭᠡᠨ ᠨᠢ 3.6--8 ᠮᠧᠲᠷ ᠪᠤᠢ᠃ ᠲᠡᠭᠡᠷ᠎ᠡ ᠨᠢ ᠤᠤᠯ ᠤᠨ ᠪᠦᠬᠦ ᠤᠯᠤᠰ‌‍ᠤᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠳᠡᠳ᠋ ᠬᠤᠷᠢᠶᠠᠨ ᠳᠠᠷᠤᠭ᠎ᠠ ᠪᠦᠬᠡ ᠶᠢᠨ ︽ᠪᠠᠳᠤᠬᠠᠭᠠᠯᠠᠭ᠎ᠠ ᠶᠢᠨ ᠶᠠᠫᠣᠨ ᠢ ᠡᠰᠡᠷᠭᠦᠴᠡᠭᠰᠡᠨ ᠵᠡᠪᠡᠰᠡᠭᠲᠦ ᠪᠣᠰᠤᠯᠭ᠎ᠠ  ᠶᠢᠨ ᠳᠤᠷᠠᠰᠬᠠᠯ ᠤᠨ ᠬᠦᠰᠢᠶ᠎ᠡ︾ ᠭᠡᠰᠡᠨ ᠭᠠᠷ ᠤᠨ ᠦᠰᠦᠭ ᠤᠨ ᠪᠢᠴᠢᠭᠡᠰᠦ  ᠲᠠᠢ᠃ ᠡᠳᠦᠬᠡ ᠪᠤᠭᠤᠳᠤ ᠬᠤᠲᠠ ᠶᠢᠨ ᠡᠬᠡ ᠣᠷᠤᠨᠴᠢ ᠦᠵᠡᠯ ᠤᠨ ᠰᠤᠷᠭᠠᠨ ᠬᠦᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠵᠤ ᠪᠣᠢ᠃  

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号