| ᠪᠠᠳᠺᠡᠷ ᠵᠣᠣ ᠪᠣᠯ ᠤᠯᠤᠰ ᠤᠨ AAAA ᠲᠠᠰ ᠤᠨ ᠵᠢᠭᠤᠯᠴᠢᠯᠠᠯ ᠤᠨ ᠣᠷᠣᠨ᠂ ᠮᠠᠨ ᠤ ᠤᠯᠤᠰ ᠤᠨ | ᠲᠦᠪᠡᠳ ᠤᠨ ᠪᠤᠳ᠋ᠳ᠋ᠾᠠ ᠶᠢᠨ ᠱᠠᠰᠢᠨ ᠤ ᠠᠷᠢᠭᠤᠨ ᠣᠷᠣᠨ ᠤ ᠨᠢᠭᠡ ᠪᠣᠯᠤᠨ᠎ᠠ᠃ ᠴᠢᠩ ᠤᠯᠤᠰ ᠤᠨ ᠡᠩᠬᠡ | ᠠᠮᠤᠭᠤᠯᠠᠩ ᠤᠨ ᠦᠶ᠎ᠡ ᠳᠤ ᠡᠬᠢᠯᠡᠵᠤ ᠪᠠᠶᠢᠭᠤᠯᠵᠠᠢ᠃ ᠲᠦᠪᠡᠳ ᠮᠠᠶ᠋ᠢᠭ ᠤᠨ ᠲᠦᠷᠪᠡᠯᠵᠢᠨ ᠣᠷᠣᠢ ᠲᠠᠢ ᠪᠠᠷᠢᠯᠭ᠎ᠠ | ᠨᠢ ᠪᠠᠶᠢᠭᠠᠯᠢ ᠶᠢᠨ ᠭᠤᠶᠤ ᠰᠠᠶᠢᠬᠠᠨ ᠢ ᠬᠤᠣᠰᠯᠠᠭᠤᠯᠤᠭᠰᠠᠨ ᠢᠶᠠᠷ ᠪᠠᠷᠠᠬᠤ ᠦᠭᠡᠢ᠂ ᠠᠭᠤᠯᠠ ᠶᠢ ᠲᠦᠰᠢᠨ | ᠲᠡᠭᠳᠡᠷᠯᠡᠨ ᠪᠠᠶᠢᠷᠢᠯᠠᠭᠰᠠᠨ ᠰᠦᠷᠯᠢᠭ ᠦᠵᠡᠮᠵᠢᠲᠠᠢ ᠪᠣᠯᠬᠤᠷ ᠲᠡᠦᠬᠡᠨ ᠳᠡᠭᠡᠷ᠎ᠡ ︽ᠪᠠᠭ᠎ᠠ ᡀᠠᠰᠠ︾ ᠭᠡᠵᠤ ᠪᠠᠶᠢᠭᠰᠠᠨ | ᠶᠤᠮ᠃ ᠰᠦᠮ᠎ᠡ ᠳᠤ 400 ᠭᠠᠷᠦᠢ ᠠᠯᠲᠠ᠂ ᠭᠠᠤᠯᠢᠨ ᠪᠣᠷᠬᠠᠨ ᠤ ᠬᠦᠷᠦᠭ᠂ 500 ᠭᠠᠷᠤᠢ ᠲᠠᠩᠺᠡ᠂ 30 ᠭᠠᠷᠤᠢ | ᠵᠦᠢᠯ ᠤᠨ ᠱᠠᠵᠠᠩ ᠰᠠᠪᠠ ᠬᠠᠳᠠᠭᠠᠯᠠᠭᠳᠠᠵᠤ᠂ ᠡᠳᠡᠭᠡᠷ ᠨᠢ ᠲᠦᠢᠯ ᠤᠨ ᠶᠡᠭᠡ ᠤᠷᠠᠯᠢᠭ ᠤᠨ ᠦᠨ᠎ᠡ ᠴᠡᠨ᠎ᠡ ᠲᠠᠢ ᠶᠤᠮ᠃ | ᠲᠡᠷᠡᠴᠢᠯᠡᠨ ᠬᠠᠳᠠᠭᠠᠯᠠᠭᠳᠠᠵᠤ ᠪᠠᠶᠢᠭ᠎ᠠ ᠬᠠᠨ᠎ᠠ ᠶᠢᠨ ᠵᠢᠷᠤᠭ ᠨᠢ ᠴᠦᠬᠡᠨ ᠲᠣᠭᠠᠳᠤ ᠦᠨᠳᠦᠰᠦᠲᠡᠨ ᠤ ᠰᠤᠶᠣᠯ ᠢ | ᠰᠤᠳᠤᠯᠤᠨ ᠰᠢᠨᠵᠢᠯᠡᠬᠦ ᠳᠤ ᠬᠤᠪᠤᠷ ᠨᠠᠨᠳᠢᠨ ᠮᠠᠲ᠋ᠧᠷᠢᠶᠠᠯ ᠬᠠᠩᠭᠠᠵᠤ ᠪᠠᠶᠢᠭ᠎ᠠ ᠶᠤᠮ᠃ ᠪᠳᠺᠡᠷ ᠵᠣᠣ ᠨᠢ ᠲᠤᠬᠡᠨ | ᠳᠡᠭᠡᠷ᠎ᠡ ᠲᠦᠪᠡᠳ ᠤᠨ ᠪᠤᠳ᠋ᠳ᠋ᠾᠠ ᠶᠢᠨ ᠱᠠᠰᠢᠨ ᠤ ᠳᠡᠯᠭᠡᠷᠡᠭᠦᠯᠬᠦ ᠪᠠ ᠤᠯᠤᠰ ᠲᠥᠷᠥ ᠶᠢᠨ ᠪᠠᠶᠢᠷᠢ ᠰᠠᠭᠤᠷᠢ᠂ ᠱᠠᠰᠢᠨ | ᠰᠤᠷᠳᠠᠬᠤᠨ ᠤ ᠨᠦᠯᠦᠭᠡ᠂ ᠪᠠᠷᠢᠯᠭ᠎ᠠ ᠶᠢᠨ ᠮᠡᠷᠭᠡᠵᠢᠯ ᠵᠡᠷᠭᠡ ᠲᠠᠯ᠎ᠠ ᠪᠠᠷ ᠭᠠᠶᠢᠬᠠᠮᠰᠢᠭᠲᠠᠢ ᠪᠠᠶᠢᠳᠠᠭ ᠢᠶᠠᠷ ᠢᠶᠠᠨ | ᠦᠪᠦᠷ ᠮᠣᠩᠭᠤᠯ ᠣᠷᠣᠨ ᠳᠠᠭᠠᠨ ᠬᠤᠣᠰ ᠦᠭᠡᠢ ᠠᠯᠳᠠᠷᠲᠠᠢ ᠶᠤᠮ᠃ ᠲᠤᠭᠠᠩ ᠳᠤ ᠨᠢᠭᠡ ᠲᠠᠯ᠎ᠠ ᠪᠠᠷ ᠪᠣᠷᠬᠠᠨ ᠳᠤ | ᠮᠦᠷᠭᠦᠬᠦ᠂ ᠲᠠᠬᠢᠯᠭ᠎ᠠ ᠶᠢᠨ ᠰᠢᠷᠡᠭᠡ ᠵᠠᠰᠠᠬᠤ᠂ ᠨᠣᠮ ᠤᠩᠰᠢᠬᠤ᠂ ᠮᠦᠷᠭᠦᠯᠴᠢᠨ ᠢ ᠬᠦᠯᠢᠶᠡᠨ ᠠᠪᠬᠤ ᠵᠡᠷᠭᠡ ᠶᠢ | ᠭᠦᠢᠴᠡᠳᠭᠡᠬᠦ ᠶᠢᠨ ᠬᠠᠮᠲᠤ ᠨᠦᠭᠦᠭᠡ ᠨᠢᠭᠡ ᠲᠠᠯ᠎ᠠ ᠪᠠᠷ ᠪᠠᠰᠠ ᠪᠤᠷᠬᠠᠨ ᠤ ᠱᠠᠰᠢᠨ ᠢ ᠤᠯᠠᠮᠵᠢᠯᠠᠬᠤ᠂ ᠪᠢᠰᠢᠯᠭᠠᠯ ᠬᠢᠬᠦ᠂ | ᠨᠣᠮ ᠬᠠᠶᠠᠯᠴᠠᠬᠤ ᠵᠡᠷᠭᠡ ᠠᠵᠢᠯᠯᠠᠭ᠎ᠠ ᠵᠠᠷᠭᠡᠪᠡᠷ ᠶᠠᠪᠤᠭᠳᠠᠭᠤᠯᠳᠠᠭ ᠪᠠᠶᠢᠨ᠎ᠠ᠃ | | | | | | | | |