ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠤᠩᠭᠤᠯ ᠰᠤᠷᠭᠠᠭᠤᠯᠢ
ᠨᠡᠶᠢᠲᠡᠯᠡᠭᠰᠡᠨ ᠴᠠᠭ᠄
2018-03-29
     ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠤᠩᠭᠤᠯ ᠰᠤᠷᠭᠠᠭᠤᠯᠢ ᠨᠢ 1974 ᠤᠨ ᠳᠤ ᠪᠠᠶᠢᠭᠤᠯᠤᠭᠳᠠᠵᠤ᠂ ᠲᠤᠬᠠᠢ ᠶᠢᠨ ᠦᠶ᠎ᠡ ᠳᠤ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠦᠨᠳᠤᠰᠦᠳᠡᠨ ᠤ ᠲᠤᠮᠳᠠᠳᠤ ᠰᠤᠷᠭᠠᠭᠤᠯᠢ ᠬᠡᠵᠦ ᠨᠡᠷᠡᠶᠢᠳᠦᠭᠳᠡᠵᠦ ᠪᠠᠶᠢᠪᠠ᠃ 1998 ᠤᠨ ᠳᠤ ᠪᠠᠳᠤᠬᠠᠭᠠᠯᠭ᠎ᠠ ᠶᠢᠨ ᠮᠤᠩᠭᠤᠯ ᠪᠠᠭ᠎ᠠ ᠰᠤᠷᠭᠠᠭᠤᠯᠢ ᠲᠠᠢ ᠨᠡᠶᠢᠯᠡᠵᠦ᠂ ᠨᠡᠷ᠎ᠡ ᠪᠠᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠤᠩᠭᠤᠯ ᠰᠤᠷᠭᠠᠭᠤᠯᠢ ᠬᠡᠵᠦ ᠦᠭᠡᠷᠡᠴᠢᠯᠡᠵᠡᠢ᠃ ᠲᠤᠰ ᠰᠤᠷᠭᠠᠭᠤᠯᠢ ᠨᠢ ᠮᠠᠨ ᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠤᠷ ᠤᠨ ᠭᠠᠭᠴᠠ ᠴᠤᠯᠦ ᠮᠤᠩᠭᠤᠯ ᠢᠶᠠᠷ ᠬᠢᠴᠢᠶᠡᠯᠯᠡᠬᠦ ᠶᠢᠰᠦᠨ ᠵᠢᠯ ᠤᠨ ᠳᠦᠷᠢᠮᠳᠤ ᠰᠤᠷᠭᠠᠭᠤᠯᠢ ᠪᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠡᠵᠡᠯᠡᠬᠦ  ᠳᠠᠯᠠᠪᠠᠢ 36176 ᠺᠦᠸᠠᠳ᠋ ᠮᠧᠲᠷ᠂ ᠡᠬᠦᠨ ᠳᠤ ᠰᠤᠷᠭᠠᠭᠤᠯᠢ ᠶᠢᠨ ᠬᠡᠷ ᠪᠠᠷᠢᠯᠭ᠎ᠠ ᠶᠢᠨ ᠶᠡᠷᠦᠩᠬᠡᠢ ᠡᠵᠡᠯᠡᠬᠦ ᠳᠠᠯᠠᠪᠠᠢ 9965 ᠺᠦᠸᠠᠳ᠋ ᠮᠧᠲᠷ ᠪᠠᠶᠢᠳᠠᠭ᠃ ᠣᠳᠤᠬᠠᠨ  ᠳᠤ ᠪᠦᠬᠦ ᠰᠤᠷᠭᠠᠭᠤᠯᠢ ᠨᠢ ᠨᠡᠶᠢᠳᠡ 21 ᠬᠢᠴᠢᠶᠡᠯᠯᠡᠬᠦ ᠠᠩᠬᠢ ᠲᠠᠢ᠂ ᠡᠬᠦᠨ ᠳᠤ ᠪᠠᠭ᠎ᠠ ᠰᠤᠷᠭᠠᠭᠤᠯᠢ ᠶᠢᠨ ᠪᠦᠯᠦᠭ  ᠨᠢ12 ᠠᠩᠬᠢ᠂ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ ᠶᠢᠨ ᠪᠦᠯᠦᠭ ᠨᠢ 9 ᠠᠩᠬᠢ ᠲᠠᠢ᠃ ᠨᠡᠶᠢᠳᠠ 574 ᠰᠤᠷᠤᠭᠴᠢ ᠲᠠᠢ ᠪᠠᠶᠢᠵᠤ᠂ ᠪᠠᠶᠢᠷᠢ ᠳᠤ ᠰᠠᠭᠤᠭ᠎ᠠ ᠰᠣᠷᠤᠭᠴᠢ 139 ᠨᠡᠷᠡᠰ ᠪᠤᠢ᠃ ᠪᠦᠬᠦ ᠰᠤᠷᠭᠠᠭᠤᠯᠢ ᠶᠢᠨ ᠪᠠᠭᠰᠢ ᠠᠵᠢᠯᠳᠠᠨ 106 ᠨᠡᠷᠡᠰ ᠪᠠᠶᠢᠬᠤ ᠶᠢᠨ ᠳᠤᠳᠤᠷ᠎ᠠ ᠬᠢᠴᠢᠶᠡᠯᠯᠡᠭᠴᠢ ᠪᠠᠭᠰᠢ 76 ᠨᠡᠷᠡᠰ ᠪᠠᠶᠢᠨ᠎ᠠ᠃ ᠮᠠᠨ ᠤ ᠰᠤᠷᠭᠠᠭᠤᠯᠢ ᠤᠷᠢᠳ ᠬᠤᠵᠢᠳ ︽ᠤᠯᠤᠰ ᠤᠨ ᠳᠡᠰ ᠤᠨ ᠤᠯᠠᠮᠵᠢᠯᠠᠯᠳᠤ ᠪᠡᠶ᠎ᠡ ᠲᠠᠮᠢᠷ ᠤᠨ ᠳᠦᠷᠦᠯ ᠵᠦᠢᠯ ᠤᠨ ᠰᠤᠷᠭᠠᠭᠤᠯᠢ︾᠂ ︽ᠪᠦᠬᠦ ᠣᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠳᠡᠷᠢᠬᠦᠨ ᠤ ᠨᠢᠬᠡᠴᠢ︾᠂ ︽ᠦᠪᠡᠷᠳᠡᠬᠡᠨ ᠵᠠᠰᠠᠬᠤ ᠣᠷᠤᠨ ᠤ ᠤᠯᠠᠮᠵᠢᠯᠠᠯᠳᠤ ᠪᠡᠶ᠎ᠡ ᠲᠠᠮᠢᠷ ᠤᠨ ᠳᠦᠷᠦᠯ ᠵᠦᠢᠯ ᠤᠨ ᠰᠤᠷᠭᠠᠭᠤᠯᠢ︾᠂ ︽ᠪᠤᠭᠤᠳᠤ ᠬᠤᠳᠠ ᠶᠢᠨ ᠦᠨᠳᠦᠰᠦᠳᠡᠨ ᠤ ᠰᠤᠶᠤᠯ ᠰᠤᠷᠭᠠᠨ ᠬᠦᠮᠦᠵᠢᠯ ᠤᠨ ᠰᠠᠭᠤᠷᠢᠨ ᠭᠠᠵᠠᠷ︾᠂ ︽ᠪᠤᠭᠤᠳᠤ ᠬᠤᠳᠠ ᠶᠢᠨ ᠠᠯᠪᠠᠨ ᠵᠢᠷᠦᠮ  ᠤᠨ ᠰᠤᠷᠭᠠᠨ ᠬᠦᠮᠦᠵᠢᠯ ᠤᠨ ᠲᠦᠷᠢᠮᠳᠤ ᠰᠤᠷᠭᠠᠭᠤᠯᠢ︾ ᠪᠠᠷ ᠴᠤᠯᠠᠯᠠᠭᠳᠠᠵᠠᠢ᠃      ᠰᠤᠷᠭᠠᠭᠤᠯᠢ ᠨᠢ ᠤᠳᠤᠬᠠᠨ ᠳᠤ ᠪᠠᠨ ᠵᠢᠭᠠᠨ ᠰᠤᠷᠭᠠᠯᠳᠠ ᠶᠢᠨ ᠠᠰᠠᠷ᠂ ᠳᠤᠷᠰᠢᠯᠳᠠ ᠶᠢᠨ ᠠᠰᠠᠷ᠂ ᠰᠣᠷᠤᠭᠴᠢ ᠶᠢᠨ ᠪᠠᠶᠢᠷᠢ ᠶᠢᠨ ᠠᠰᠠᠷ᠂ ᠶᠡᠷᠦᠩᠬᠡᠢ ᠦᠢᠯᠡᠴᠢᠯᠡᠬᠡᠨ ᠤ ᠠᠰᠠᠷ᠂ ᠪᠠᠷᠢᠮᠵᠢᠶᠠᠳᠤ ᠳᠠᠮᠢᠷ ᠤᠨ ᠳᠠᠯᠠᠪᠠᠢ᠂ ᠪᠡᠶ᠎ᠡ ᠳᠠᠮᠢᠷ ᠤᠨ ᠣᠷᠳᠤᠨ᠂ ᠳᠤᠷᠰᠢᠯᠳᠠ ᠶᠢᠨ ᠳᠠᠰᠤᠭ᠂ ᠺᠤᠮᠫᠢᠦ᠋ᠲ᠋ᠧᠷ ᠤᠨ ᠳᠠᠰᠤᠭ᠂ ᠨᠤᠮ ᠤᠨ ᠰᠠᠩ᠂ ᠤᠩᠰᠢᠯᠭ᠎ᠠ  ᠶᠢᠨ ᠦᠷᠦᠬᠡ ᠵᠢᠴᠢ ᠡᠯ᠎ᠡ ᠵᠦᠢᠯ ᠤᠨ ᠬᠦᠳᠡᠯᠬᠡᠬᠡᠨ ᠤ ᠳᠠᠰᠤᠭ ᠪᠦᠷᠢᠨ ᠳᠦᠬᠦᠷ ᠪᠠᠶᠢᠬᠤ ᠠᠴᠠ ᠭᠠᠳᠠᠨ᠎ᠠ ᠬᠡᠷᠡᠯᠯᠢᠭ ᠣᠳᠠᠰᠣᠳᠤ ᠦᠷᠬᠡᠨ ᠪᠦᠰᠡᠳᠦ ᠳᠤᠤᠷ ᠰᠦᠯᠵᠢᠶ᠎ᠡ᠂ ᠠᠯᠤᠰ ᠰᠤᠷᠭᠠᠨ ᠬᠦᠮᠦᠵᠢᠯ ᠤᠨ ᠰᠦᠯᠵᠢᠶ᠎ᠡ᠂ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠶᠢ ᠵᠠᠯᠭᠠᠨ᠂ ᠠᠯᠪᠠᠨ ᠬᠡᠷ ᠪᠦᠬᠦᠨ ᠳᠤ ᠳᠠᠯᠪᠢᠭᠤᠷᠳᠦ ᠺᠤᠮᠫᠢᠦ᠋ᠲ᠋ᠧᠷ ᠳᠠᠭᠠᠷᠠᠭᠤᠯᠵᠤ᠂ ᠪᠠᠭᠰᠢ ᠠᠵᠢᠯᠳᠠᠨ ᠨᠢᠭᠡᠪᠦᠷᠢ ᠳᠤ ᠭᠠᠷ ᠺᠤᠮᠫᠢᠦ᠋ᠲ᠋ᠧᠷ ᠳᠤᠬᠢᠷᠠᠭᠤᠯᠤᠨ᠂ ᠬᠢᠴᠢᠶᠡᠯ ᠤᠨ ᠳᠠᠩᠬᠢᠮ ᠪᠤᠯᠭᠠᠨ ᠳᠤ ᠡᠯᠧᠺᠲᠷᠤᠨ ᠰᠠᠮᠪᠠᠷ᠎ᠠ ᠲᠠᠢ ᠤᠯᠠᠨ ᠵᠠᠭᠤᠴᠢᠳᠤ ᠬᠢᠴᠢᠶᠡᠯᠯᠡᠭᠡ ᠶᠢᠨ ᠳᠤᠨᠤᠭᠯᠠᠯ ᠳᠦᠬᠦᠬᠡᠷᠦᠮᠵᠢ ᠶᠢ ᠤᠭᠰᠠᠷᠠᠨ᠂ ᠵᠢᠭᠠᠨ ᠰᠤᠷᠭᠠᠯᠳᠠ ᠪᠤᠯᠤᠨ ᠰᠤᠷᠭᠠᠭᠤᠯᠢ ᠶᠢᠨ ᠬᠠᠮᠢᠶᠠᠷᠤᠯᠳᠠ ᠶᠢᠨ ᠰᠦᠯᠵᠢᠶᠡᠴᠢᠯᠡᠯᠳᠡ᠂ ᠣᠳᠤᠬᠢᠴᠢᠯᠠᠯᠳᠠ ᠶᠢ ᠦᠨᠳᠦᠰᠦᠨ ᠳᠤ ᠪᠠᠨ ᠪᠡᠶᠡᠯᠡᠬᠦᠯᠦᠭᠰᠡᠨ ᠪᠠᠶᠢᠨ᠎ᠠ᠃          ᠦᠨᠳᠦᠰᠦᠳᠡᠨ ᠤ ᠰᠠᠭᠤᠷᠢ ᠰᠤᠷᠭᠠᠨ ᠬᠦᠮᠦᠵᠢᠯ ᠤᠨ ᠦᠯᠦᠭᠡᠢ ᠪᠤᠯᠤᠭᠰᠠᠨ ᠤ ᠬᠤᠪᠢ ᠳᠤ᠂ ᠰᠤᠷᠭᠠᠭᠤᠯᠢ  ᠨᠢ ᠬᠡᠪ ᠤᠨ ᠵᠢᠭᠠᠨ ᠰᠤᠷᠭᠠᠯᠳᠠ ᠶᠢᠨ ᠠᠵᠢᠯ ᠢᠶᠠᠨ ᠴᠢᠩᠭᠠᠳᠬᠠᠬᠤ ᠶᠢᠨ ᠬᠠᠮᠳᠤ ᠰᠣᠷᠤᠭᠴᠢ ᠶᠢᠨ ᠶᠡᠷᠦᠩᠭᠡᠢ ᠬᠡᠪ ᠴᠢᠨᠠᠷ ᠢ ᠲᠡᠭᠡᠭᠰᠢᠯᠡᠬᠦᠯᠬᠦ ᠶᠢ ᠴᠢᠬᠤᠯᠴᠢᠯᠠᠨ᠂ ᠬᠡᠪ ᠴᠢᠨᠠᠷ ᠤᠨ ᠰᠤᠷᠭᠠᠨ ᠬᠦᠮᠦᠵᠢᠯ ᠬᠢᠭᠡᠳ ᠦᠨᠳᠦᠰᠦᠳᠡᠨ ᠤᠨ ᠰᠤᠶᠤᠯ ᠤᠨ ᠤᠨᠴᠠᠯᠢᠭᠳᠤ ᠰᠤᠷᠭᠠᠨ ᠬᠦᠮᠦᠵᠢᠯ ᠢ ᠬᠦᠨᠵᠡᠭᠡᠶᠢᠷᠡᠬᠦᠯᠦᠨ ᠲᠤᠤᠱᠯᠠᠭᠤᠯᠵᠤ᠂ ᠪᠦᠬᠡ ᠶᠢᠨ ᠠᠩᠬᠢ᠂ ᠮᠤᠷᠢᠨ ᠬᠤᠭᠤᠷ ᠤᠨ ᠠᠩᠬᠢ᠂ ᠰᠤᠷ ᠬᠠᠷᠪᠤᠯᠳᠠ ᠶᠢᠨ ᠠᠩᠬᠢ᠂ ᠮᠤᠩᠭᠤᠯ ᠰᠢᠳᠡᠷ᠎ᠡ ᠶᠢᠨ ᠠᠩᠬᠢ᠂ ᠦᠨᠳᠦᠰᠦᠳᠡᠨ ᠤ ᠳᠠᠭᠤᠤ ᠪᠦᠵᠢᠭ ᠤᠨ ᠠᠩᠬᠢ᠂ ᠮᠤᠩᠭᠤᠯ ᠤᠷᠠᠨ ᠪᠢᠴᠢᠯᠬᠡ ᠶᠢᠨ ᠠᠩᠬᠢ ᠵᠡᠷᠬᠡ ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠤᠨᠴᠠᠯᠢᠭᠳᠤ ᠠᠩᠬᠢ ᠡᠷᠬᠢᠯᠡᠭᠰᠡᠨ ᠠᠴᠠ ᠭᠠᠳᠠᠨ᠎ᠠ ᠬᠦᠯ ᠪᠦᠮᠪᠦᠭᠡ᠂ ᠰᠠᠭᠰᠤᠨ ᠪᠦᠮᠪᠦᠭᠡ᠂ ᠫᠢᠩᠫᠤᠩ ᠪᠦᠮᠪᠦᠭᠡ᠂ ᠬᠦᠨᠳᠤ ᠬᠦᠩᠭᠡᠨ ᠪᠡᠶ᠎ᠡ ᠲᠠᠮᠢᠷ᠂ ᠲᠠᠭᠤᠯᠠᠬᠤ᠂ ᠬᠦᠭᠵᠢᠮᠳᠡᠬᠦ ᠵᠡᠷᠭᠡ ᠲᠠᠮᠢᠷ ᠤᠷᠠᠯᠢᠭ ᠤᠨ ᠲᠦᠷᠦᠯ ᠵᠦᠢᠯ  ᠤᠨ ᠤᠷᠮ᠎ᠠ ᠪᠠᠭ᠋ᠠᠳᠠᠨ ᠤ ᠠᠩᠬᠢ ᠶᠢ ᠵᠤᠬᠢᠶᠠᠨ ᠪᠠᠶᠢᠭᠤᠯᠵᠤ᠂ ᠰᠤᠷᠤᠭᠴᠢ ᠨᠢᠭᠡᠪᠦᠷᠢ ᠶᠢᠨ ᠬᠠᠮᠤᠭ ᠪᠠᠭ᠎ᠠ ᠳᠤ ᠪᠠᠨ ᠬᠤᠶᠠᠷ ᠲᠦᠷᠦᠯ ᠤᠨ ᠲᠠᠮᠢᠷ ᠤᠨ ᠬᠦᠳᠡᠯᠭᠡᠭᠡᠨ ᠬᠢᠭᠡᠳ ᠨᠢᠭᠡ ᠵᠦᠢᠯ ᠤᠨ ᠤᠷᠠᠨ ᠰᠠᠶᠢᠬᠠᠨ ᠤ ᠤᠨᠴᠠ ᠮᠡᠷᠭᠡᠵᠢᠯ ᠡᠵᠡᠮᠰᠢᠬᠦ ᠳᠤ ᠰᠠᠭᠤᠷᠢ ᠲᠠᠯᠪᠢᠵᠤ ᠪᠠᠶᠢᠨ᠎ᠠ᠃          ᠳᠦᠴᠢᠨ ᠵᠢᠯ ᠤᠨ ᠳᠤᠷᠰᠢ ᠮᠠᠨ ᠤ ᠰᠤᠷᠭᠠᠭᠤᠯᠢ ᠨᠢ ᠨᠡᠶᠢᠬᠡᠮ ᠨᠡᠶᠢᠳᠡ ᠳᠤ ᠤᠯᠠᠨ ᠠᠷᠪᠢᠨ ᠴᠦᠬᠡᠨ ᠳᠤᠭᠠᠳᠤ ᠦᠨᠳᠦᠰᠦᠳᠡᠨ ᠤ ᠴᠢᠳᠠᠪᠤᠷᠢᠳᠠᠨ ᠢ ᠬᠦᠮᠦᠵᠢᠬᠦᠯᠦᠨ ᠦᠭᠴᠤ᠂ ᠤᠷᠤᠨ ᠨᠤᠳᠤᠭ ᠤᠨ ᠨᠡᠶᠢᠭᠡᠮ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠬᠢᠭᠡᠳ ᠲᠤᠬᠠᠢ ᠶᠢᠨ ᠭᠠᠵᠠᠷ ᠤᠨ ᠮᠤᠩᠭᠤᠯ ᠦᠨᠳᠦᠰᠦᠳᠡᠨ ᠤ ᠶᠡᠷᠦᠩᠭᠡᠢ ᠬᠡᠪ ᠴᠢᠨᠠᠷ ᠤᠨ ᠲᠡᠭᠡᠭᠰᠢᠯᠡᠯᠳᠠ ᠳᠤ ᠴᠢᠬᠤᠯᠠ ᠬᠤᠪᠢ ᠨᠡᠮᠡᠷᠢ ᠪᠠᠨ ᠦᠵᠡᠬᠦᠯᠦᠭᠰᠡᠭᠡᠷ ᠢᠷᠡᠵᠡᠢ᠃ ︽ᠬᠦᠮᠦᠨ ᠢᠶᠠᠷ ᠦᠨᠳᠦᠰᠦ ᠪᠤᠯᠭᠠᠬᠤ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ᠂ ᠬᠠᠶᠢᠨ ᠰᠦᠪᠡᠭᠴᠢᠯᠡᠵᠦ ᠰᠢᠨ᠎ᠡ ᠶᠢ ᠡᠬᠦᠳᠬᠦ᠂ ᠵᠢᠭᠠᠨ ᠰᠣᠳᠤᠯᠤᠯᠳᠠ ᠪᠠᠷ ᠰᠤᠷᠭᠠᠭᠤᠯᠢ ᠪᠠᠨ ᠮᠠᠨᠳᠤᠭᠤᠯᠬᠤ︾ ᠪᠠᠷ ᠵᠤᠷᠢᠯᠳᠠ ᠪᠠᠨ ᠪᠤᠯᠭᠠᠵᠤ᠂ ︽ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠢᠶᠠᠨ ᠳᠡᠬᠡᠭᠰᠢᠯᠡᠬᠦᠯᠵᠦ᠂ ᠰᠣᠷᠤᠭᠴᠢ ᠶᠢᠨ ᠶᠡᠷᠦᠩᠭᠡᠢ ᠬᠡᠪ ᠴᠢᠨᠠᠷ ᠢ ᠰᠠᠶᠢᠵᠢᠷᠠᠭᠤᠯᠬᠤ︾ ᠪᠠᠷ ᠭᠤᠤᠯᠳᠠᠯᠭ᠎ᠠ ᠪᠠᠨ ᠪᠤᠯᠭᠠᠨ᠂ ︽ᠦᠪᠡᠷᠳᠡᠬᠡᠨ ᠵᠠᠰᠠᠬᠤ ᠣᠷᠤᠨ ᠤ ᠦᠨᠳᠦᠰᠦᠳᠡᠨ ᠤ ᠤᠨᠴᠠᠯᠢᠭ ᠪᠦᠬᠦᠢ ᠳᠡᠷᠢᠬᠦᠨ ᠤ ᠰᠤᠷᠭᠠᠭᠤᠯᠢ︾ ᠶᠢ ᠪᠠᠶᠢᠭᠤᠯᠬᠤ ᠬᠠᠷᠠᠯᠳᠠ ᠪᠠᠷ ᠰᠤᠷᠭᠠᠭᠤᠯᠢ ᠡᠷᠬᠢᠯᠡᠬᠦ ᠤᠨᠤᠯᠵᠠᠬᠤᠨ ᠢᠶᠠᠨ ᠪᠤᠯᠭᠠᠵᠤ᠂ ︽ᠪᠦᠯᠬᠦᠮᠳᠡᠨ ᠨᠢᠭᠳᠠᠷᠠᠬᠤ᠂ ᠳᠦᠪ ᠭᠤᠤᠯᠴᠢ ᠪᠠᠷ ᠦᠷᠢᠰᠦᠯᠳᠦᠬᠦ᠂ ᠳᠤᠭᠳᠠᠭᠤᠨ ᠳᠢᠭᠯᠢᠮ ᠲᠠᠢ᠂ ᠵᠤᠬᠢᠴᠠᠩᠭᠤᠢ ᠪᠠᠷ ᠬᠦᠭᠵᠢᠬᠦᠯᠬᠦ︾ ᠰᠤᠷᠭᠠᠭᠤᠯᠢ ᠶᠢᠨ ᠬᠦᠷᠢᠶᠡᠨ ᠤ ᠠᠭᠤᠷ ᠠᠮᠢᠰᠬᠤᠯ ᠢ ᠪᠤᠢ ᠪᠤᠯᠭᠠᠨ᠂ ᠰᠢᠨᠵᠢᠯᠡᠬᠦ ᠤᠬᠠᠭᠠᠨᠴᠢ᠂ ᠴᠢᠩᠭ᠎ᠠ ᠨᠢᠮᠪᠠᠢ ᠬᠠᠮᠢᠶᠠᠷᠤᠯᠳᠠ ᠪᠤᠯᠤᠨ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠠᠵᠢᠯ ᠤᠨ ᠰᠣᠷᠳᠠᠯ ᠢᠶᠠᠷ ᠰᠤᠷᠭᠠᠭᠤᠯᠢ ᠶᠢᠨ ᠢᠶᠠᠨ ᠡᠯ᠎ᠡ ᠳᠠᠯ᠎ᠠ ᠶᠢᠨ ᠠᠵᠢᠯ ᠢ ᠳᠠᠰᠤᠷᠠᠯᠳᠠ ᠦᠬᠡᠢ ᠠᠬᠢᠭᠤᠯᠵᠤ᠂ ᠦᠵᠡᠰᠬᠦᠯᠡᠩᠳᠦ ᠰᠠᠶᠢᠬᠠᠨ ᠰᠢᠨ᠎ᠡ ᠳᠠᠷᠬᠠᠨ ᠮᠤᠤᠮᠢᠩᠭᠠᠨ ᠢᠶᠠᠨ ᠴᠤᠭᠴᠠᠯᠠᠨ ᠪᠠᠶᠢᠭᠤᠯᠬᠤ ᠳᠤ ᠬᠦᠴᠦᠷᠬᠡᠭ ᠶᠡᠭᠡ ᠴᠢᠳᠠᠪᠤᠷᠢᠳᠠᠨ ᠤ ᠪᠠᠳᠤᠯᠠᠭ᠎ᠠ ᠪᠤᠯᠤᠨ ᠣᠶᠤᠨ ᠤ ᠳᠡᠮᠵᠢᠯᠬᠡ ᠬᠠᠩᠭᠠᠬᠤ ᠪᠠᠷ ᠮᠡᠷᠡᠶᠢᠨ ᠴᠢᠷᠮᠠᠶᠢᠵᠤ ᠪᠤᠢ᠃    

     

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号