| | | ᠰᠤᠷᠪᠤᠯᠵᠢᠯᠠᠭ᠎ᠠ ᠶᠢᠨ ᠭᠤᠤᠯ ᠰᠡᠳᠤᠪ᠄ ᠪᠤᠲᠠᠲᠠᠢ ᠲᠠᠢ ᠤᠶᠠᠯᠳᠦᠨ ᠠᠷᠭ᠎ᠠ ᠬᠡᠮᠵᠢᠶ᠎ᠡ ᠪᠠᠨ ᠲᠤᠳᠤᠳᠬᠠᠵᠦ᠂ | ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ—ᠮᠡᠨ ᠤ ᠬᠤᠰᠢᠭᠤ ᠨᠤᠲᠤᠭ ᠪᠡᠯᠴᠢᠭᠡᠷ ᠤᠨ ᠡᠷᠬᠡ ᠶᠢᠨ | ᠨᠤᠳᠠᠯᠠᠯᠲᠡ ᠶᠢᠨ ᠦᠨᠡᠮᠯᠡᠯ ᠲᠠᠷᠬᠠᠭᠠᠬᠤ ᠲᠤᠷᠰᠢᠯᠲᠡ ᠶᠢᠨ ᠠᠵᠢᠯ ᠢ ᠭᠦᠨᠵᠡᠭᠡᠢ ᠠᠬᠢᠭᠤᠯᠤᠭᠰᠡᠨ ᠪᠠᠶᠢᠨ᠎ᠡ | ᠰᠤᠷᠪᠤᠯᠵᠢᠯᠠᠭ᠎ᠠ ᠶᠢᠨ ᠬᠦᠨᠳᠦᠳᠦ ᠵᠤᠴᠢᠨ᠄ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ ᠶᠢᠨ | ᠲᠤᠪᠴᠢᠶᠠᠨ ᠲᠠᠷᠤᠭ᠎ᠠ ᠠᠯᠲᠡᠨᠪᠠᠭᠠᠨᠡ | ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2017 ᠤᠨ ᠤ 5 ᠰᠠᠷ᠎ᠡ ᠶᠢᠨ3 ᠤ ᠡᠳᠦᠷ | ᠬᠦᠲᠦᠯᠦᠭᠴᠢ᠄ ᠤᠳᠤᠬᠠᠨ ᠳᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠡᠷᠬᠡ ᠶᠢᠨ ᠨᠤᠲᠠᠯᠠᠯᠲᠡ | ᠶᠢᠨ ᠦᠨᠡᠮᠯᠡᠯ ᠲᠠᠷᠬᠠᠭᠠᠬᠤ ᠲᠤᠷᠰᠢᠯᠲᠡ ᠶᠢᠨ ᠠᠵᠢᠯ ᠤᠨ ᠠᠬᠢᠴᠡ ᠶᠠᠮᠠᠷ ᠵᠡᠷᠭᠡ ᠪᠤᠢ︖ | ᠠᠯᠲᠠᠨᠪᠠᠭᠠᠨᠡ᠄ ᠲᠤᠰ ᠠᠵᠢᠯ ᠢ ᠰᠠᠶᠢᠳᠦᠷ ᠬᠢᠬᠦ ᠶᠢᠨ ᠲᠤᠯᠡᠲᠡ᠂ ᠮᠡᠨ ᠤ ᠬᠤᠰᠢᠭᠤ ᠦᠪᠡᠷᠲᠡᠭᠡᠨ ᠵᠠᠰᠠᠬᠤ | ᠤᠷᠤᠨ᠂ ᠪᠤᠭᠤᠲᠦ ᠬᠤᠲᠡ ᠶᠢᠨ ᠬᠠᠮᠢᠶ᠎ᠠ ᠪᠦᠭᠦᠢ ᠰᠢᠢᠳᠪᠦᠷᠢ ᠪᠠᠶᠢᠷᠢᠯᠠᠭᠤᠯᠤᠯᠲᠡ ᠶᠢ ᠪᠦᠬᠦ ᠲᠡᠯ᠎ᠡ ᠪᠠᠷ | ᠲᠤᠭᠤᠰᠢᠯᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠲᠡᠯᠭᠡᠭᠦᠷ ᠢ | ᠬᠦᠭᠵᠢᠭᠡᠨ᠂ ᠲᠡᠯ᠎ᠡ ᠨᠤᠲᠤᠭ ᠤᠨ ︽ᠬᠤᠤᠰ ᠡᠷᠬᠡ ᠨᠢᠭᠡ ᠲᠦᠷᠢᠮ︾ ᠢᠶᠠᠷ ᠦᠨᠳᠦᠰᠦ ᠪᠤᠯᠭᠠᠨ᠂ ᠪᠦᠬᠦ ᠬᠤᠰᠢᠭᠤᠨ ᠤ | 8 ᠰᠤᠮᠦ ︵ᠪᠠᠯᠭᠠᠰᠦ︶᠂ 38 ᠭᠠᠴᠠᠭ᠎ᠠ ︵ᠲᠤᠰᠬᠤᠨ︶ ᠳᠤ ᠲᠡᠯ᠎ᠡ ᠨᠤᠲᠤᠭ ᠤᠨ ᠡᠷᠭᠡ ᠶᠢᠨ ᠨᠤᠲᠠᠯᠠᠯᠲᠡ ᠶᠢᠨ | ᠦᠨᠡᠮᠯᠡᠯ ᠲᠡᠷᠬᠠᠭᠠᠬᠤ ᠠᠵᠢᠯ ᠦᠷᠨᠢᠭᠦᠯᠵᠦ᠂ ᠲᠡᠯ᠎ᠡ ᠨᠤᠲᠤᠭ ᠢ ᠠᠰᠢᠭᠯᠠᠭᠰᠡᠨ ᠡᠷᠭᠡ ᠶᠢᠨ ᠲᠠᠯᠠᠪᠠᠢ᠂ ᠦᠮᠴᠢᠯᠡᠯ ᠤᠨ | ᠡᠷᠭᠡ ᠶᠢᠨ ᠲᠠᠯᠠᠪᠠᠢ ᠶᠢ 2277.81 ᠲᠦᠮᠡᠨ ᠮᠦ᠂ ᠬᠡᠷᠡᠭᠵᠢᠭᠦᠯᠦᠭᠰᠡᠨ ᠨᠤᠷᠮ᠎ᠡ ᠨᠢ100%᠂ ᠨᠡᠶᠢᠲᠡ6600 | ᠡᠷᠦᠭᠡ ᠳᠤ 4081ᠲᠡᠪᠲᠡᠷ ᠲᠠᠯ᠎ᠡ ᠨᠤᠲᠤᠭ ᠢ ᠲᠠᠭᠠᠭᠠᠴᠢᠯᠠᠨ ᠡᠵᠡᠩᠨᠡᠬᠦ ᠡᠷᠭᠡ ᠶᠢᠨ ᠦᠨᠡᠮᠯᠡᠯ ᠲᠠᠷᠬᠠᠭᠠᠪᠡ᠃ | ᠬᠦᠲᠦᠯᠦᠭᠴᠢ᠄ ᠡᠷᠭᠡ ᠶᠢᠨ ᠨᠤᠲᠠᠯᠠᠯᠲᠡ ᠶᠢᠨ ᠠᠵᠢᠯ ᠤᠨ ᠲᠦᠷᠢᠮᠵᠢᠲᠠᠢ ᠶᠠᠪᠤᠭᠳᠠᠬᠤ ᠶᠢ ᠪᠠᠲᠤᠯᠠᠬᠤ ᠶᠢᠨ | ᠲᠦᠯᠦᠭᠡ᠂ ᠮᠡᠨ ᠤ ᠬᠤᠰᠢᠭᠤ ᠲᠦᠷᠢᠮ ᠲᠤᠭᠳᠠᠭᠠᠯ ᠤᠨ ᠪᠠᠶᠢᠭᠤᠯᠤᠯᠲᠡ ᠶᠢᠨ ᠲᠠᠯ᠎ᠡ ᠪᠠᠷ ᠬᠡᠷᠬᠢᠨ ᠬᠢᠪᠡ︖ | ᠠᠯᠲᠠᠨᠪᠠᠭᠠᠨᠡ᠄ ᠨᠢᠭᠡ ᠳᠤ᠂ ᠨᠠᠮ ᠵᠠᠰᠠᠭ ᠤᠨ ᠤᠳᠤᠷᠢᠳᠤᠯᠭ᠎ᠠ ᠪᠠᠷ ᠭᠤᠤᠯᠲᠡᠭᠤᠯᠤᠨ᠂ ᠡᠯ᠎ᠡ ᠰᠠᠯᠠᠭ᠎ᠠ ᠮᠦᠴᠢᠷ | ᠬᠠᠮᠵᠢᠯᠴᠡᠨ᠂ ᠰᠢᠶᠠᠩ ᠲᠤᠰᠬᠤᠨ ᠵᠠᠷᠭᠡᠪᠡᠷ ᠶᠠᠪᠤᠭᠳᠠᠭᠤᠯᠤᠭᠰᠡᠨ ᠠᠵᠢᠯ ᠤᠨ ᠲᠤᠭᠳᠠᠴᠡ ᠢ ᠪᠦᠷᠢᠯᠳᠦᠭᠦᠯᠪᠡ᠃ | ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠬᠤ ᠲᠤᠪᠴᠢᠶ᠎ᠡ᠂ ᠤᠢ | ᠰᠢᠭᠤᠢ ᠶᠢᠨ ᠲᠤᠪᠴᠢᠶ᠎ᠡ᠂ ᠭᠠᠵᠠᠷ ᠰᠢᠷᠤᠢ ᠶᠢᠨ ᠲᠤᠪᠴᠢᠶ᠎ᠡ ᠵᠡᠷᠭᠡ ᠬᠠᠮᠢᠶ᠎ᠠ ᠪᠦᠭᠦᠢ ᠰᠠᠯᠠᠭ᠎ᠠ ᠮᠦᠴᠢᠷ ᠤᠨ 436 | ᠨᠡᠷᠡᠰ ᠲᠤᠰᠬᠠᠶᠢᠯᠠᠭᠰᠡᠨ ᠠᠵᠢᠯᠲᠡᠳ ᠢ ᠰᠤᠩᠭᠤᠨ ᠪᠠᠶᠢᠴᠠᠭᠠᠬᠤ ᠳᠤᠭᠤᠶᠢᠯᠠᠩ ᠪᠠᠶᠢᠭᠤᠯᠵᠦ᠂ 38 ᠭᠠᠴᠠᠭ᠎ᠠ | ᠲᠤᠰᠬᠤᠨ ᠳᠤ ᠭᠦᠨᠵᠡᠭᠡᠶᠢᠷᠡᠨ᠂ ᠬᠤᠰᠢᠭᠤᠨ ᠠᠴᠠ ᠨᠢᠭᠡᠲᠦᠯᠲᠡᠢ ᠲᠦᠯᠦᠪᠯᠡᠵᠦ᠂ ᠰᠤᠮᠦ ᠪᠠᠯᠭᠠᠰᠦᠨᠡᠴᠠ ᠭᠤᠤᠯ | ᠠᠳᠬᠤᠵᠦ᠂ ᠭᠠᠴᠠᠭ᠎ᠠ ᠲᠤᠰᠬᠤᠨ ᠠᠴᠠ ᠱᠠᠭᠠᠷᠳᠠᠯᠭ᠎ᠠ ᠳᠤ ᠨᠡᠶᠢᠴᠡᠭᠰᠡᠨ ᠪᠠᠶᠢᠷᠢᠯᠠᠯᠲᠡ ᠬᠢᠵᠦ᠂ ᠨᠤᠲᠤᠭ ᠪᠡᠯᠴᠢᠭᠡᠷ | ᠤᠨ ᠡᠷᠭᠡ ᠶᠢ ᠨᠤᠲᠠᠯᠠᠯᠲᠡ ᠶᠢᠨ ᠦᠨᠡᠮᠯᠡᠯ ᠲᠠᠷᠬᠠᠭᠠᠬᠤ ᠲᠤᠷᠰᠢᠯᠲᠡ ᠶᠢᠨ ᠠᠵᠢᠯ ᠢ ᠦᠷᠨᠢᠭᠦᠯᠪᠡ᠃ ᠬᠤᠶᠠᠷ ᠲᠤ᠂ | ᠲᠦᠰᠦᠯ ᠢᠶᠠᠨ ᠲᠡᠭᠦᠯᠲᠡᠷᠵᠢᠭᠦᠯᠵᠦ᠂ ᠤᠬᠠᠭᠤᠯᠭ᠎ᠠ ᠪᠠᠨ ᠰᠠᠶᠢᠳᠦᠷ ᠬᠢᠵᠦ᠂ ᠱᠠᠲᠦ ᠱᠠᠳᠤᠨ ᠳᠤ ᠤᠯᠠᠮᠵᠢᠯᠠᠭᠳᠠᠵᠦ | ᠬᠦᠷᠭᠡᠬᠦ ᠢ ᠪᠠᠷᠢᠮᠲᠠᠯᠠᠪᠡ᠃ ︽ᠮᠠᠯᠵᠢᠬᠤ ᠤᠷᠤᠨ ᠤ ᠨᠤᠲᠤᠭ ᠪᠡᠯᠴᠢᠭᠡᠷ ᠤᠨᠡᠷᠬᠡ ᠶᠢ ᠨᠤᠲᠠᠯᠡᠨᠡᠵᠡᠩᠨᠡᠬᠦ ᠬᠠᠮᠢᠶ᠎ᠡ | ᠪᠦᠭᠦᠢ ᠠᠰᠠᠭᠤᠳᠡᠯ ᠢ ᠰᠠᠶᠢᠵᠢᠷᠠᠭᠤᠯᠬᠤ ᠲᠤᠬᠠᠢ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠭᠡᠷᠡᠭᠵᠢᠭᠦᠯᠬᠦ | ᠲᠦᠰᠦᠯ︾ ᠢ ᠲᠤᠭᠲᠠᠭᠠᠨ᠂ ᠬᠢᠲᠡᠳ ᠮᠤᠩᠭᠤᠯ ᠬᠤᠶᠠᠷ ᠬᠡᠯᠡᠨ ᠤ ︽ᠨᠤᠲᠤᠭ ᠪᠡᠯᠴᠢᠭᠡᠷ ᠤᠨ ᠡᠷᠭᠡ ᠢ ᠨᠤᠲᠠᠯᠡᠨ | ᠡᠵᠡᠩᠨᠡᠬᠦ ᠬᠠᠮᠢᠶ᠎ᠡ ᠪᠦᠭᠦᠢ ᠠᠰᠠᠭᠤᠲᠡᠯ ᠤᠨ ᠲᠤᠬᠠᠢ ᠲᠠᠶᠢᠯᠪᠦᠷᠢ ᠪᠢᠴᠢᠭ︾ ᠢ ᠲᠠᠷᠬᠠᠭᠠᠨ᠂ ᠮᠠᠯᠴᠢᠳ ᠤᠨ ᠨᠤᠲᠤᠭ | ᠪᠡᠯᠴᠢᠭᠡᠷ ᠤᠨ ᠡᠷᠭᠡ ᠶᠢᠨ ᠨᠤᠲᠠᠯᠠᠯᠲᠡ ᠶᠢᠨ ᠮᠡᠲᠡᠯᠭᠡ ᠶᠢ ᠨᠡᠮᠡᠭᠲᠡᠭᠦᠯᠪᠡ᠃ ᠤᠳᠤᠷᠢᠳᠬᠤ ᠲᠤᠭᠤᠶᠢᠯᠠᠩ ᠤᠨ ᠬᠠᠮᠢᠶ᠎ᠠ | ᠪᠦᠭᠦᠢ ᠬᠠᠷᠢᠭᠤᠴᠠᠯᠭᠠᠲᠡᠨ ᠰᠤᠮᠦ ᠪᠠᠯᠭᠠᠰᠦᠨ ᠳᠤ ᠪᠠᠭᠤᠵᠦ᠂ ᠡᠷᠭᠡ ᠶᠢᠨ ᠨᠤᠲᠠᠯᠠᠯᠲᠡ ᠶᠢᠨ ᠠᠵᠢᠯ ᠳᠤ ᠲᠤᠬᠠᠢ | ᠶᠢᠨ ᠭᠠᠵᠠᠷ ᠤᠨ ᠬᠢᠨᠠᠨ ᠪᠠᠶᠢᠴᠠᠭᠠᠯᠲᠡ ᠬᠢᠵᠦ᠂ ᠵᠢᠭᠠᠨ ᠵᠢᠯᠤᠭᠤᠳᠴᠦ᠂ ᠠᠵᠢᠯ ᠤᠨ ᠠᠬᠢᠴᠡ ᠶᠢ ᠤᠶᠢᠯᠠᠭᠠᠨ᠂ ᠠᠵᠢᠯ | ᠤᠨ ᠬᠦᠴᠢᠷᠲᠡᠯ ᠢ ᠰᠢᠢᠳᠪᠦᠷᠢᠯᠡᠵᠦ᠂ ᠡᠯ᠎ᠡ ᠲᠦᠷᠦᠯ ᠤᠨ ᠠᠵᠢᠯ ᠤᠨ ᠯᠠᠪᠳᠡᠭᠤᠨ ᠬᠦᠭᠵᠢᠬᠦ ᠶᠢ ᠪᠠᠲᠤᠯᠡᠪᠡ᠃ | ᠬᠦᠲᠦᠯᠦᠭᠴᠢ᠄ ᠨᠤᠲᠤᠭ ᠪᠡᠯᠴᠢᠭᠡᠷ ᠤᠨᠡᠷᠭᠡ ᠶᠢᠨ ᠨᠤᠲᠠᠯᠠᠯᠲᠡ ᠶᠢᠨ ᠦᠨᠡᠮᠯᠡᠯ ᠲᠠᠷᠬᠠᠭᠠᠬᠤ ᠲᠤᠷᠰᠢᠯᠲᠡ | ᠶᠢᠨ ᠠᠵᠢᠯ ᠢ ᠠᠬᠢᠭᠤᠯᠬᠤ ᠳᠤ᠂ ᠦᠭᠡᠷᠡᠴᠢᠯᠡᠯᠲᠡ ᠲᠤᠮᠳᠠᠬᠢ ᠪᠤᠲᠠᠲᠠᠢ ᠵᠦᠷᠢᠴᠡᠯ ᠢ ᠬᠡᠷᠬᠢᠨ ᠰᠢᠢᠳᠪᠦᠷᠢᠯᠡᠬᠦ ᠪᠤᠢ︖ | | ᠠᠯᠲᠡᠨᠪᠠᠭᠠᠨᠡ᠄ ᠨᠤᠲᠤᠭ ᠪᠡᠯᠴᠢᠭᠡᠷ ᠢ ᠲᠠᠭᠠᠭᠠᠴᠢᠯᠠᠨ ᠬᠠᠮᠢᠶᠠᠷᠬᠤ ᠲᠤᠭᠠᠴᠢᠯᠠᠭᠰᠡᠨ᠂ ᠵᠠᠩᠬᠢᠴᠢᠯᠠᠭᠰᠡᠨ᠂ | ᠲᠦᠷᠢᠮᠵᠢᠭᠰᠡᠨ ᠬᠡᠯᠪᠡᠷᠢ ᠳᠤ ᠲᠦᠰᠢᠭᠯᠡᠨ᠂ ᠦᠷᠭᠡᠨ ᠤᠯᠠᠨ ᠮᠠᠯᠴᠢᠳ ᠤᠨ ᠲᠠᠭᠠᠭᠠᠴᠢᠯᠠᠭᠰᠡᠨ ᠲᠡᠯ᠎ᠡ ᠨᠤᠲᠤᠭ ᠤᠨ | ᠦᠮᠴᠢᠯᠡᠬᠦ᠂ ᠠᠰᠢᠭᠯᠠᠬᠤ᠂ ᠠᠰᠢᠭ ᠬᠦᠷᠳᠡᠬᠦ ᠵᠠᠷᠭᠡ ᠬᠠᠦᠯᠢ ᠶᠤᠰᠦᠨ ᠤ ᠡᠷᠭᠡ ᠠᠰᠢᠭ ᠢ ᠨᠢ ᠬᠦᠢᠴᠡᠳ ᠪᠠᠲᠤᠯᠠᠨ᠎ᠡ᠃ | ᠤᠳᠤᠬᠠᠨ ᠳᠤ᠂ 183 ᠵᠤᠷᠪᠤᠰ ᠵᠦᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ 132 ᠵᠤᠷᠪᠤᠰ ᠲᠤ | ᠪᠢᠴᠢᠭ ᠤᠨ ᠬᠡᠯᠪᠡᠷᠢ ᠪᠠᠷ ᠬᠠᠷᠢᠭᠤᠯᠲᠡ ᠦᠭᠭᠦᠭᠰᠡᠨ ᠪᠦᠭᠡᠳ ᠲᠤᠬᠠᠢ ᠲᠠᠯᠡᠪᠡᠢ ᠶᠢᠨ ᠪᠠᠶᠢᠴᠠᠭᠠᠯᠲᠡ ᠬᠢᠪᠡ᠃ ᠨᠢᠭᠡ | ᠳᠤ᠂ ᠲᠤᠭᠠᠴᠢᠯᠠᠭᠰᠡᠨ ᠦᠢᠯᠡᠴᠢᠯᠡᠭᠡᠨ ᠤ ᠦᠭᠡᠷᠡᠴᠢᠯᠡᠯᠲᠡ ᠬᠢᠨ᠎ᠡ᠃ ᠮᠠᠯᠴᠢᠳ ᠤᠨ ᠦᠨᠳᠦᠰᠦᠨ ᠪᠠᠶᠢᠲᠡᠯ᠂ ᠪᠡᠯᠴᠢᠭᠡᠷ | ᠤᠨ ᠪᠠᠶᠢᠲᠠᠯ᠂ ᠲᠠᠷᠢᠶᠠᠯᠠᠩ ᠤᠢ ᠮᠤᠲᠦ᠂ ᠦᠢᠯᠡᠳᠪᠦᠷᠢᠯᠡᠯ᠂ ᠠᠵᠦ ᠠᠬᠤᠢ ᠰᠤᠷᠠᠭ ᠴᠢᠮᠡᠭᠡ ᠪᠤᠯᠤᠨ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠵᠡᠷᠭᠡ ᠪᠠᠷ ᠦᠨᠳᠦᠰᠦ ᠪᠤᠯᠭᠠᠭᠰᠠᠨ ᠨᠤᠲᠤᠭ ᠪᠡᠯᠴᠢᠭᠡᠷ ᠤᠨ | ᠲᠠᠭᠠᠭᠠᠴᠢᠯᠠᠯᠲᠡ ᠡᠵᠩᠨᠡᠯᠲᠡ ᠶᠢᠨ ᠬᠠᠷᠢᠶᠠᠷᠤᠯᠲᠡ ᠶᠢᠨ ᠰᠢᠰᠲ᠋ᠧᠮᠲᠦ ᠲᠠᠪᠴᠡᠩ ᠢ ᠪᠠᠶᠢᠭᠤᠯᠵᠦ᠂ ᠠᠵᠢᠯ ᠤᠨ | ᠵᠠᠩᠬᠢᠴᠢᠯᠠᠭᠰᠡᠨ᠂ ᠴᠠᠬᠢᠮᠵᠢᠭᠰᠡᠨ᠂ ᠰᠢᠨᠵᠢᠯᠡᠬᠦ ᠤᠬᠠᠭᠠᠨᠴᠢ ᠬᠠᠮᠢᠶᠠᠷᠤᠯᠲᠡ ᠶᠢ ᠪᠠᠶᠡᠯᠡᠭᠦᠯᠪᠡ᠃ ᠬᠤᠶᠠᠷ ᠲᠤ᠂ GPS | ᠤᠨ ᠵᠠᠩᠬᠢᠴᠢᠯᠠᠭᠰᠡᠨ ᠦᠭᠡᠷᠡᠴᠢᠯᠡᠯᠲᠡ ᠢ ᠪᠡᠶᠡᠯᠡᠭᠦᠯᠦᠨ᠎ᠡ᠃ ᠬᠠᠷᠠᠭᠠᠯᠵᠭᠰᠡᠨ GPS ᠪᠠᠶᠢᠷᠢᠰᠢᠯ ᠤᠨ ᠲᠡᠮᠳᠡᠭ ᠢ | ᠲᠤᠭᠳᠠᠭᠠᠵᠦ᠂ 4946 ᠬᠡᠰᠡᠭ ᠪᠡᠯᠴᠢᠭᠡᠷ ᠳᠠᠬᠢ 5 ᠲᠦᠮᠡ ᠤᠷᠴᠢᠮ ᠪᠠᠶᠢᠷᠢᠰᠢᠯ ᠤᠨ ᠲᠡᠮᠲᠡᠭ ᠤᠨ ᠯᠠᠪᠯᠠᠬᠤ | ᠪᠠᠷᠢᠮᠲᠡ ᠶᠢ ᠵᠢᠷᠤᠭ ᠲᠦᠷᠰᠦ᠂ ᠦᠰᠦᠭ ᠪᠢᠴᠢᠭ ᠤᠨ ᠬᠡᠯᠪᠡᠷᠢᠲᠦ ᠮᠠᠲ᠋ᠧᠷᠢᠶᠠᠯ ᠪᠤᠯᠭᠠᠪᠡ᠃ ᠬᠠᠷᠢᠭᠤᠴᠠᠬᠤ | ᠠᠵᠢᠯᠲᠡᠳ ᠲᠤ ᠬᠠᠮᠢᠶ᠎ᠡ ᠪᠦᠭᠦᠢ ᠲᠦᠷᠦ ᠶᠢᠨ ᠪᠤᠳᠤᠯᠭ᠎ᠠ᠂ ᠡᠯᠧᠺᠲᠷᠤᠨ ᠲᠤᠨᠤᠭ ᠵᠢᠴᠢ ᠵᠢᠷᠤᠭ ᠲᠦᠷᠰᠦ | ᠪᠦᠲᠦᠭᠡᠬᠦ ᠵᠠᠷᠭᠡ ᠲᠤᠰᠬᠠᠢ ᠮᠠᠷᠭᠡᠵᠢᠯ ᠤᠨ ᠪᠤᠯᠪᠠᠰᠤᠷᠠᠯ ᠨᠡᠶᠢᠲᠡ14 ᠤᠳᠠᠭ᠎ᠠ ᠬᠢᠵᠦ᠂1300 ᠬᠦᠮᠦᠨ ︵ᠤᠳᠠᠭ᠎ᠠ︶ | ᠤᠷᠤᠯᠴ᠊᠂ ᠪᠡᠯᠴᠢᠭᠡᠷ ᠨᠤᠲᠤᠭ ᠰᠢᠯᠵᠢᠭᠦᠯᠬᠦ ᠠᠵᠢᠯ ᠤᠨ ᠲᠦᠷᠢᠮᠵᠢᠯ ᠢ ᠰᠢᠨ᠎ᠡ ᠪᠠᠷ ᠡᠭᠦᠳᠤᠨ᠎ᠡ᠃ ᠪᠡᠯᠴᠢᠭᠡᠷ | ᠰᠢᠯᠵᠢᠭᠦᠯᠬᠦ ᠬᠡᠯᠡᠯᠴᠡᠭᠡᠷ ᠢᠶᠠᠨ ᠭᠠᠴᠠᠭ᠎ᠠ᠂ ᠰᠤᠮᠦ ᠪᠠᠯᠭᠠᠰᠦᠨ ᠠᠴᠠ ᠲᠠᠩᠰᠠᠯᠠᠭᠤᠯᠤᠭᠰᠡᠨ ᠦᠭᠡᠢ ᠡᠰᠡᠭᠦᠯ᠎ᠡ ᠵᠠᠷᠢᠮ | ᠰᠤᠮᠦ ᠪᠠᠯᠭᠠᠰᠤᠨ ᠨᠢ ᠭᠠᠴᠠᠭᠠᠨ ᠤ ᠮᠠᠯᠴᠢᠳ ᠤᠨ ᠲᠦᠯᠦᠭᠡᠯᠡᠭᠴᠢᠳ ᠤᠨ ᠶᠡᠭᠡ ᠬᠤᠷᠡᠯ ᠢᠶᠠᠷ | ᠵᠦᠪᠰᠢᠶᠠᠷᠡᠭᠦᠯᠦᠭᠰᠡᠨ ᠦᠭᠡᠢ ᠪᠠᠷ ᠰᠢᠭᠤᠳ ᠪᠡᠯᠴᠢᠭᠡᠷ ᠲᠤ ᠲᠤᠬᠢᠷᠠᠭᠤᠯᠤᠯᠲᠡ ᠬᠢᠭᠰᠡᠨ ᠪᠠᠶᠢᠲᠡᠯ ᠢ ᠴᠠᠭ ᠲᠤᠬᠠᠢ | ᠳᠤ ᠨᠢ ᠲᠦᠷᠢᠮᠵᠢᠭᠦᠯᠵᠦ᠂ ᠨᠢᠭᠡᠲᠦᠯᠲᠡᠢ ᠲᠠᠷᠬᠠᠭᠠᠭᠰᠡᠨᠨᠤᠲᠤᠭ ᠪᠡᠯᠴᠢᠭᠡᠷ ᠰᠢᠯᠵᠢᠭᠦᠯᠬᠦ ᠬᠡᠯᠡᠯᠴᠡᠭᠡᠷ ᠤᠨ ᠪᠢᠴᠢᠭ ᠢ | ᠴᠢᠩᠭ᠎ᠠ ᠪᠠᠷᠢᠮᠲᠠᠯᠡᠨ᠂ ᠬᠠᠦᠯᠢ ᠶᠤᠰᠤᠭᠠᠷ ᠭᠠᠷ ᠭᠦᠢᠴᠡᠳᠭᠡᠯ ᠪᠤᠯᠤᠨ ᠲᠠᠩᠰᠠᠯᠠᠯᠲᠡ ᠪᠠᠨ ᠭᠦᠢᠴᠡᠳᠭᠡᠨ᠎ᠡ᠃ | ᠬᠦᠲᠦᠯᠦᠭᠴᠢ᠄ ᠦᠭᠡᠷᠡᠴᠢᠯᠡᠯᠲᠡ ᠪᠠᠷ ᠲᠤᠭᠳᠠᠭᠤᠨ ᠢ ᠠᠬᠢᠭᠤᠯᠬᠤ ᠵᠠᠷᠴᠢᠮ ᠳᠤ ᠦᠨᠳᠦᠰᠦᠯᠡᠨ᠂ ᠮᠡᠨ ᠤ | ᠬᠤᠰᠢᠭᠤ ᠨᠤᠲᠤᠭ ᠪᠡᠯᠴᠢᠭᠡᠷ ᠤᠨ ᠡᠷᠭᠡ ᠶᠢᠨ ᠨᠤᠲᠠᠯᠠᠯᠲᠡ ᠶᠢᠨ ᠠᠵᠢᠯ ᠢ ᠬᠡᠷᠬᠢᠨ ᠲᠤᠭᠲᠠᠪᠤᠷᠢᠲᠠᠢ ᠦᠷᠨᠢᠭᠦᠯᠬᠦ | ᠪᠤᠢ︖ | ᠠᠯᠲᠡᠨᠪᠠᠭᠠᠨᠡ᠄ ᠲᠤᠭᠳᠠᠭᠤᠨ ᠢ ᠪᠠᠲᠦᠯᠠᠵᠦ᠂ ᠲᠠᠦᠬᠡ ᠶᠢ ᠬᠦᠨᠳᠦᠳᠭᠡᠵᠦ᠂ ᠪᠤᠲᠠᠲᠠᠢ ᠲᠠᠢ ᠤᠶᠠᠯᠳᠤᠵᠦ᠂ | ᠲᠦᠷᠦᠯ ᠬᠤᠪᠢᠶᠠᠨ ᠰᠢᠢᠳᠪᠦᠷᠢᠯᠡᠬᠦ ᠵᠠᠷᠴᠢᠮ ᠢᠶᠠᠷ ᠠᠵᠢᠯ ᠤᠨ ᠬᠦᠴᠢᠷᠳᠡᠯ ᠢ ᠵᠤᠬᠢᠰᠲᠠᠢ ᠰᠢᠢᠳᠪᠤᠷᠢᠯᠠᠵᠦ᠂ | ᠴᠤᠭᠯᠠᠷᠠᠭᠤᠯᠵᠦ ᠠᠪᠴᠢᠷᠠᠭᠰᠡᠨ 13 ᠶᠡᠭᠡ ᠲᠦᠷᠦᠯ᠂ 41ᠢᠯᠭᠠᠯ᠂ 5881ᠵᠤᠷᠪᠤᠰ ᠠᠰᠠᠭᠤᠲᠡᠯ ᠢ ᠡᠮᠬᠢᠯᠡᠨ | ᠨᠢᠭᠡᠳᠬᠡᠵᠦ᠂ ᠠᠰᠠᠭᠤᠲᠠᠯ ᠳᠤ ᠨᠢ ᠬᠠᠮᠳᠤᠭᠤᠯᠦᠨ ᠰᠢᠢᠳᠪᠦᠷᠢᠯᠡᠬᠦ ᠠᠷᠭ᠎ᠠ ᠬᠡᠷᠡᠭᠯᠡᠪᠡ᠃ ᠨᠢᠭᠡ ᠳᠤ᠂ ᠦᠭᠡᠷᠡᠴᠢᠯᠡᠯᠲᠡ | ᠶᠢᠨ ᠲᠤᠭᠳᠠᠭᠤᠨ ᠢ ᠪᠠᠲᠤᠯᠡᠨᠡ᠃ ᠮᠠᠯᠵᠢᠬᠤ ᠤᠷᠤᠨ ᠤ ᠨᠤᠲᠤᠭ ᠪᠡᠯᠴᠢᠭᠡᠷ ᠤᠨ ᠡᠷᠭᠡ ᠶᠢ ᠨᠤᠲᠠᠯᠠᠨ | ᠲᠠᠭᠠᠭᠠᠴᠢᠯᠠᠭᠤᠯᠬᠤ ᠠᠵᠢᠯ ᠢ ᠲᠡᠭᠦᠯᠳᠡᠷᠵᠢᠭᠦᠯᠬᠦ ᠬᠤᠰᠢᠭᠤᠨ ᠤ ᠲᠡᠰ ᠤᠨ ᠬᠦᠨᠳᠡᠯᠡᠨ ᠠᠴᠠ ᠲᠠᠰᠤᠯᠬᠤ | ᠪᠠᠶᠢᠭᠤᠯᠤᠮᠵᠢ ᠶᠢ ᠪᠠᠶᠢᠭᠤᠯᠵᠦ᠂ ᠡᠶᠡᠳᠡᠭᠦᠯᠬᠦ ᠪᠡ ᠰᠢᠭᠦᠨ ᠲᠠᠰᠤᠯᠬᠤ ᠠᠷᠭ᠎ᠠ ᠶᠢ ᠬᠠᠮᠲᠦ ᠳᠤ ᠨᠢ ᠬᠡᠷᠡᠭᠯᠡᠨ᠂ ᠨᠤᠲᠤᠭ | ᠪᠡᠯᠴᠢᠭᠡᠷ ᠤᠨ ᠲᠠᠭᠠᠭᠠᠴᠢᠡᠯᠨ ᠡᠵᠡᠩᠨᠡᠭᠦ ᠵᠦᠷᠢᠴᠡᠯ ᠵᠢᠭᠤᠷᠠᠯᠳᠤᠭᠠᠨ ᠢ ᠬᠠᠦᠯᠢ ᠶᠤᠰᠤᠭᠠᠷ ᠴᠠᠭ ᠲᠤᠬᠠᠢ ᠳᠤ ᠨᠢ | ᠵᠤᠬᠢᠴᠠᠭᠤᠯᠦᠨ ᠰᠢᠢᠳᠪᠦᠷᠢᠯᠡᠨ᠎ᠡ᠃ ᠡᠷᠭᠡ ᠶᠢᠨ ᠨᠤᠲᠠᠯᠠᠯᠲᠡ ᠶᠢᠨ ᠶᠠᠪᠤᠴᠡ ᠳᠤ᠂ ᠮᠠᠯᠴᠢᠳ ᠤᠨ ᠲᠤᠷᠠᠳᠤᠭᠰᠡᠨ | ᠠᠳᠠᠯᠢ ᠪᠤᠰᠦ ᠰᠠᠨᠠᠯ ᠲᠤᠷᠠᠳᠤᠯᠭ᠎ᠠ ᠳᠤ᠂ ᠬᠢᠷᠢ ᠴᠢᠳᠠᠪᠤᠷᠢ ᠲᠠᠢ ᠬᠡᠮᠵᠢᠯᠲᠡ ᠶᠢᠨ ᠺᠤᠮᠫᠠᠨᠢ ᠶᠢ ᠤᠷᠢᠨ ᠴᠠᠭ ᠲᠤᠬᠠᠢ | ᠳᠤ ᠨᠢ ᠬᠡᠮᠵᠢᠨ ᠲᠤᠳᠤᠯᠠᠵᠦ᠂ ᠵᠠᠯᠠᠷᠠᠭᠤᠯᠵᠦ᠂ ᠲᠠᠬᠢᠨᠲᠡ ᠵᠠᠷᠯᠠᠯ ᠨᠡᠶᠢᠳᠡᠯᠡᠵᠦ᠂ ᠮᠠᠯᠴᠢᠳ ᠢ ᠦᠨᠡᠮᠰᠢᠭᠦᠯᠵᠦ᠂ ᠬᠢᠯᠢ | ᠬᠢᠵᠠᠭᠠᠷ ᠤᠨ ᠨᠤᠲᠤᠭ ᠪᠡᠯᠴᠢᠭᠡᠷ ᠤᠨ ᠲᠤᠭᠳᠠᠭᠤᠨ ᠢ ᠪᠠᠲᠤᠯᠠᠨ᠎ᠡ᠃ ᠬᠤᠶᠠᠷ ᠲᠤ᠂ ᠲᠡᠦᠬᠡ ᠶᠢ ᠬᠦᠨᠳᠦᠳᠭᠡᠨ | ᠦᠭᠡᠷᠡᠴᠢᠯᠡᠯᠲᠡ ᠬᠢᠨ᠎ᠡ᠃ ᠨᠤᠲᠤᠭ ᠪᠡᠯᠴᠢᠭᠡᠷ ᠤᠨ ᠬᠢᠯᠢ ᠬᠢᠵᠠᠭᠠᠷ ᠨᠢ ᠲᠤᠳᠤᠷᠬᠠᠢ ᠦᠭᠡᠢ᠂ ᠡᠵᠡᠩᠨᠡᠬᠦ ᠡᠷᠭᠡ | ᠦᠨᠡᠮᠯᠡᠯ ᠳᠤ ᠲᠤᠭᠲᠠᠭᠠᠭᠰᠡᠨ ᠲᠠᠯᠠᠪᠠᠢ ᠨᠢ ᠪᠡᠯᠴᠢᠭᠡᠷ ᠤᠨ ᠪᠤᠲᠠᠲᠠᠢ ᠲᠠᠯᠠᠪᠡᠢ ᠲᠠᠢ ᠦᠯᠦ ᠨᠡᠶᠢᠴᠡᠬᠦ ᠵᠠᠷᠭᠡ ᠲᠡᠦᠭᠡ | ᠶᠢᠨ ᠦᠯᠡᠳᠡᠭᠳᠡᠯ ᠠᠰᠠᠭᠤᠳᠡᠯ ᠢ ᠰᠢᠢᠳᠪᠦᠷᠢᠯᠡᠨ᠎ᠡ᠃ ᠦᠢᠯᠡᠳᠪᠦᠷᠢ ᠠᠭᠤᠷᠬᠠᠢ ᠶᠢᠨ ᠪᠡᠯᠴᠢᠭᠡᠷ ᠢ | ᠲᠡᠳᠠᠪᠤᠷᠢᠯᠡᠨᠡᠵᠡᠯᠡᠭᠰᠡᠨᠡᠴᠠ ᠡᠭᠦᠰᠦᠭᠰᠡᠨᠦᠢᠯᠡᠳᠪᠦᠷᠢᠯᠡᠯ ᠮᠠᠯᠵᠢᠯ ᠤᠨ ᠵᠦᠷᠢᠴᠡᠯ ᠢ ᠰᠢᠢᠳᠪᠦᠷᠢᠯᠡᠨ᠎ᠡ᠃ ᠪᠤᠰᠤᠳ | ᠤᠨ ᠪᠡᠯᠴᠢᠭᠡᠷ ᠲᠡᠭᠡᠷ᠎ᠡ ᠭᠡᠷ ᠪᠠᠶᠢᠰᠢᠩ ᠪᠠᠷᠢᠵᠦ᠂ ᠬᠠᠰᠢᠶ᠎ᠡ ᠰᠠᠷᠠᠪᠴᠢ ᠪᠤᠰᠬᠠᠭᠰᠡᠨ ᠠᠴᠠ ᠪᠤᠯᠤᠭᠰᠡᠨ ᠵᠦᠷᠢᠴᠡᠯ ᠢ | ᠨᠤᠲᠤᠭ ᠪᠡᠯᠴᠢᠭᠡᠷ ᠰᠤᠯᠢᠯᠴᠡᠬᠤ ᠪᠠᠷ ᠲᠠᠮᠵᠢᠨ ᠰᠢᠢᠳᠪᠤᠷᠢᠯᠡᠨ᠎ᠡ᠃ ᠭᠤᠷᠪᠡ ᠳᠤ᠂ ᠪᠤᠲᠠᠲᠠᠢ ᠲᠠᠢ ᠤᠶᠠᠯᠳᠤᠭᠤᠯᠦᠨ | ᠦᠭᠡᠷᠡᠴᠢᠯᠡᠯᠲᠡ ᠬᠢᠨ᠎ᠡ᠃ ᠪᠤᠲᠠᠲᠤ ᠪᠠᠶᠢᠲᠡᠯ ᠳᠤ ᠬᠠᠨᠳᠤᠭᠤᠯᠤᠨ᠂ ᠬᠠᠮᠲᠤᠷᠡᠨ ᠲᠠᠭᠠᠭᠠᠴᠢᠯᠠᠭᠰᠡᠨ ᠡᠷᠦᠭᠡ ᠳᠤ | ᠪᠡᠯᠴᠢᠭᠡᠷ ᠢ ᠨᠢ ᠲᠤᠳᠤᠯᠠᠬᠤ ᠦᠭᠡᠢ ᠡᠷᠭᠡ ᠶᠢ ᠨᠤᠲᠠᠯᠡᠨ᠂ ᠬᠠᠮᠢᠶᠠᠷᠤᠯᠲᠡ ᠪᠠᠨ ᠴᠢᠩᠭᠠᠳᠬᠠᠨ᠎ᠡ᠃ | ᠲᠠᠭᠠᠭᠠᠴᠢᠯᠠᠭᠰᠡᠨ ᠲᠠᠯᠠᠪᠡᠢ ᠨᠢ ᠪᠤᠲᠠᠲᠠᠢ ᠲᠠᠯᠠᠪᠡᠢ ᠲᠠᠢ ᠦᠯᠦ ᠨᠡᠶᠢᠴᠡᠬᠦ ᠳᠤ ᠨᠢ ᠤᠷᠢᠳᠡᠪᠡᠷ ᠲᠠᠩᠰᠠᠯᠠᠭᠤᠯᠦᠨ | ᠦᠨᠡᠮᠯᠡᠯ ᠲᠠᠷᠬᠠᠭᠠᠵᠦ᠂ ᠲᠠᠬᠢᠨ ᠬᠠᠶᠢᠨ ᠬᠡᠮᠵᠢᠭᠰᠡᠨ ᠤ ᠲᠠᠷᠠᠭ᠎ᠠ ᠲᠠᠭᠠᠯᠳᠤᠭᠤᠯᠤᠯ ᠤᠨ ᠬᠡᠯᠪᠡᠷᠢ ᠪᠠᠷ ᠲᠡᠮᠳᠡᠭᠯᠡᠵᠦ | ᠲᠠᠩᠰᠨ ᠦᠯᠡᠳᠡᠭᠡᠨ᠎ᠡ᠃ ᠤᠴᠢᠷ ᠶᠠᠪᠤᠲᠡᠯ ᠨᠢ ᠦᠨᠡᠨ ᠲᠤᠲᠤᠷᠬᠠᠢ᠂ ᠭᠠᠷ ᠭᠦᠢᠴᠡᠳᠭᠡᠯ ᠨᠢ ᠬᠠᠦᠯᠢ ᠳᠤ ᠨᠡᠶᠢᠴᠡᠭᠰᠡᠨ᠂ | ᠦᠨᠡᠮᠯᠡᠯ ᠤᠨ ᠲᠡᠮᠲᠡᠭᠯᠡᠯ ᠪᠤᠯᠤᠨ ᠪᠡᠯᠴᠢᠭᠡᠷ ᠤᠨ ᠪᠤᠲᠠᠲᠤ ᠪᠠᠶᠢᠲᠠᠯ ᠨᠢᠭᠡᠲᠦᠯᠲᠠᠢ ᠪᠠᠶᠢᠬᠤ᠂ ᠬᠤᠶᠠᠳᠤᠭᠠᠷ ᠡᠭᠡᠯᠵᠢ | ᠳᠤ ᠲᠡᠷᠬᠠᠭᠠᠭᠰᠡᠨ ᠲᠠᠭᠠᠭᠠᠴᠢᠯᠡᠨ ᠡᠵᠡᠩᠨᠡᠬᠦ ᠡᠷᠭᠡ ᠶᠢᠨ ᠦᠨᠡᠮᠯᠡᠯ ᠤᠯᠭᠤᠭᠰᠡᠨ ᠮᠠᠯᠴᠢᠳ ᠲᠤ ᠡᠷᠭᠡ ᠶᠢᠨ | ᠨᠤᠲᠠᠯᠠᠯᠲᠡ ᠶᠢᠨ ᠲᠠᠩᠰᠡ ᠡᠪᠬᠡᠮᠡᠯ ᠢ ᠨᠦᠭᠦᠨ ᠭᠦᠢᠴᠡᠳᠭᠡᠵᠦ ᠦᠭᠭᠦᠨ᠎ᠡ᠃ ᠲᠦᠷᠪᠡ ᠳᠤ᠂ ᠦᠭᠡᠷᠡᠴᠢᠯᠡᠯᠲᠡ | ᠲᠤᠮᠲᠡ ᠢᠯᠡᠷᠡᠭᠰᠡᠨ ᠠᠰᠠᠭᠤᠲᠡᠯ ᠢ ᠲᠦᠷᠦᠯ ᠬᠤᠪᠢᠶᠠᠨ ᠰᠢᠢᠳᠪᠦᠷᠢᠯᠡᠨ᠎ᠡ᠃ ᠨᠤᠲᠤᠭ ᠪᠠᠯᠴᠢᠭᠡᠷ ᠤᠨ ᠡᠷᠭᠡ ᠶᠢᠨ | ᠦᠮᠴᠢᠯᠡᠯ ᠤᠨ ᠪᠢᠴᠢᠭ ᠮᠠᠲ᠋ᠧᠷᠢᠶᠠᠯ ᠢ ᠪᠦᠷᠢᠨ ᠪᠤᠯᠭᠠᠨ᠎ᠡ᠃ ︽ᠠᠯᠬᠤᠮ ᠲᠠᠷᠠᠭ᠎ᠠ ᠬᠠᠦᠯᠢ ᠳᠤ ᠨᠡᠶᠢᠴᠡᠭᠰᠡᠨ᠂ ᠭᠠᠷ | ᠭᠦᠢᠴᠡᠳᠭᠡᠯ ᠪᠦᠷᠢᠨ ᠭᠦᠢᠴᠡᠳ᠂ ᠡᠷᠭᠡ ᠦᠨᠡᠮᠯᠡᠯ ᠱᠠᠭᠠᠷᠳᠠᠯᠭ᠎ᠠ ᠳᠤ ᠬᠦᠷᠦᠭᠰᠡᠨ︾ ᠲᠦᠷᠢᠮᠵᠢᠬᠤᠨ ᠬᠠᠮᠢᠶᠠᠷᠣᠯᠲᠡ | ᠶᠢᠨ ᠱᠠᠭᠠᠷᠳᠠᠯᠭ᠎ᠠ ᠶᠤᠰᠤᠭᠠᠷ᠂ ᠠᠰᠢᠭᠯᠠᠬᠤ ᠡᠷᠭᠡ᠂ ᠲᠠᠭᠠᠭᠠᠴᠢᠯᠡᠨ ᠡᠵᠡᠩᠨᠡᠬᠦ ᠡᠷᠭᠡ ᠶᠢ ᠪᠠᠭᠲᠠᠭᠠᠭᠰᠡᠨ ᠪᠦᠬᠦᠶᠢᠯᠡ | ᠡᠷᠭᠡ ᠦᠨᠡᠮᠯᠡᠯ ᠢ ᠲᠦᠷᠢᠮᠵᠢᠭᠦᠯᠵᠦ᠂ ᠡᠷᠭᠡ ᠦᠨᠡᠮᠯᠡᠯ ᠡᠪᠳᠡᠭᠳᠡᠭᠰᠡᠨ᠂ ᠭᠡᠭᠡᠭᠳᠡᠭᠰᠡᠨ ᠪᠠᠶᠢᠪᠡᠯ ᠬᠠᠦᠯᠢ ᠶᠤᠰᠤ ᠪᠠᠷ | ᠬᠢᠨᠠᠨ ᠲᠤᠳᠤᠯᠤᠯᠲᠡ ᠬᠢᠵᠦ᠂ ᠨᠦᠬᠦᠵᠦ ᠲᠠᠷᠬᠠᠭᠠᠨᠡ᠃ ᠡᠳᠡᠭᠡᠷ ᠢᠶᠠᠷ ᠲᠠᠮᠵᠢᠨ᠂ ᠦᠭᠡᠷᠡᠴᠢᠯᠡᠯᠲᠡ ᠲᠤᠮᠲᠡ | ᠢᠯᠡᠷᠡᠭᠰᠡᠨ ᠠᠰᠠᠭᠤᠳᠡᠯ ᠢ ᠪᠦᠲᠦᠮᠵᠢᠲᠠᠢ ᠰᠢᠢᠳᠪᠦᠷᠢᠯᠡᠵᠦ᠂ ᠮᠠᠯᠴᠢᠳ ᠤᠨ ᠡᠷᠭᠡ ᠠᠰᠢᠭ ᠢ ᠬᠠᠮᠠᠭᠠᠯᠠᠬᠤ ᠪᠡ ᠡᠷᠭᠡ | ᠶᠢᠨ ᠨᠤᠲᠠᠯᠠᠬᠤ ᠦᠭᠡᠷᠡᠴᠢᠯᠡᠯᠲᠡ ᠶᠢᠨ ᠬᠤᠤᠰ ᠠᠮᠵᠢᠯᠲᠡ ᠶᠢ ᠤᠯᠪᠡ᠃ | | |