ᠬᠢᠯᠢ ᠶᠢᠨ ᠪᠤᠭᠤᠮᠲᠡ ᠶᠢᠨ ᠰᠠᠭᠤᠷᠢ ᠪᠦᠲᠦᠭᠡᠨ ᠪᠠᠶᠢᠭᠤᠯᠤᠯᠲᠡ ᠶᠢ ᠪᠠᠬᠢᠵᠢᠭᠦᠯᠵᠦ᠂ ᠭᠠᠳᠠᠭᠠᠲᠦ ᠲᠠᠢ ᠴᠢᠯᠦᠭᠡᠲᠠᠢ ᠶᠠᠪᠤᠯᠴᠠᠬᠤ ᠶᠢ ᠪᠦᠬᠦ ᠲᠠᠯ᠎ᠡ ᠪᠠᠷ ᠦᠷᠭᠡᠳᠭᠡᠨ᠎ᠡ
ᠨᠡᠶᠢᠲᠡᠯᠡᠭᠰᠡᠨ ᠴᠠᠭ᠄
2018-04-16
     

     ᠰᠤᠷᠪᠤᠯᠵᠢᠯᠠᠭ᠎ᠠ ᠶᠢᠨ ᠭᠤᠤᠯ ᠰᠡᠳᠤᠪ᠄ ᠬᠢᠯᠢ ᠶᠢᠨ ᠪᠤᠭᠤᠮᠲᠡ ᠶᠢᠨ ᠰᠠᠭᠤᠷᠢ ᠪᠦᠲᠦᠭᠡᠨ ᠪᠠᠶᠢᠭᠤᠯᠤᠯᠲᠡ ᠶᠢ

ᠪᠠᠬᠢᠵᠢᠭᠦᠯᠵᠦ᠂ ᠭᠠᠳᠠᠭᠠᠲᠦ ᠲᠠᠢ ᠴᠢᠯᠦᠭᠡᠲᠠᠢ ᠶᠠᠪᠤᠯᠴᠠᠬᠤ ᠶᠢ ᠪᠦᠬᠦ ᠲᠠᠯ᠎ᠡ ᠪᠠᠷ ᠦᠷᠭᠡᠳᠭᠡᠨ᠎ᠡ

     ᠰᠤᠷᠪᠤᠯᠵᠢᠯᠠᠭ᠎ᠠ ᠶᠢᠨ ᠬᠦᠨᠳᠦᠳᠦ ᠵᠤᠴᠢᠨ᠄ ᠬᠤᠰᠢᠭᠤ ᠨᠡᠮ ᠤᠨ ᠪᠠᠶᠢᠩᠭᠤ ᠶᠢᠨ ᠬᠤᠷᠢᠶ᠎ᠠ᠂ ᠪᠠᠶᠢᠩᠭᠤ ᠶᠢᠨ

ᠲᠡᠳ᠋ ᠬᠤᠰᠢᠭᠤᠨ ᠳᠠᠷᠤᠭ᠎ᠠ ᠸᠠᠩ ᠵᠠᠨ ᠶᠤᠸᠠᠨ

     ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2017 ᠤᠨ ᠤ 6 ᠰᠠᠷ᠎ᠡ ᠶᠢᠨ6  ‍ᠤ‌ᠡᠳᠦᠷ

     ᠬᠦᠲᠦᠯᠦᠭᠴᠢ ᠄ ᠦᠪᠡᠷᠲᠡᠭᠡᠨ ᠵᠠᠰᠠᠬᠤ ᠤᠷᠤᠨ ᠤ ᠤᠮᠠᠷᠠᠲᠦ ᠬᠢᠯᠢ ᠶᠢᠨ ᠴᠢᠯᠦᠭᠡᠲᠠᠢ ᠨᠡᠭᠡᠭᠡᠯᠲᠡ ᠬᠢᠬᠦ

ᠪᠠᠶᠢᠯᠳᠤᠬᠤ ᠪᠤᠳᠤᠯᠭ᠎ᠠ ᠶᠢᠨ ᠴᠢᠬᠤᠯᠡ ᠴᠡᠭ ᠪᠤᠯᠤᠭᠰᠡᠨ ᠤ ᠬᠢ ᠬᠤᠪᠢ ᠳᠤ ᠮᠠᠨᠳᠤᠯ ᠪᠤᠭᠤᠮᠲᠡ ᠶᠢᠨ ᠬᠦᠭᠵᠢᠯᠲᠡ

ᠪᠠᠶᠢᠭᠤᠯᠤᠯᠲᠡ ᠶᠢᠨ ᠪᠠᠶᠢᠲᠠᠯ ᠶᠠᠮᠠᠷ ᠵᠡᠷᠭᠡ ᠪᠤᠢ︖

     ᠸᠠᠩ ᠵᠠᠨ ᠶᠤᠸᠠᠨ᠄ ᠮ᠊‍ᠡᠨ ᠤ ᠬᠤᠰᠢᠭᠤ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 20

ᠬᠢᠯᠢ ᠬᠢᠵᠠᠭᠠᠷ ᠤᠨ ᠬᠤᠰᠢᠭᠤ ᠵᠢᠴᠢ 33 ᠮᠠᠯᠵᠢᠬᠤ ᠬᠤᠰᠢᠭᠤᠨ ᠤ ᠨᠢᠭᠡ ᠨᠢ ᠪᠤᠯᠬᠤ ᠪᠦᠭᠡᠳ ᠪᠤᠭᠤᠲᠦ ᠬᠤᠲᠠ

 ᠶᠢᠨ ᠴᠣᠷ ᠤᠨ ᠭᠠᠭᠴᠨ ᠬᠢᠯᠢ ᠬᠢᠵᠠᠭᠠᠷ ᠤᠨ ᠴᠦᠬᠡᠨ ᠲᠤᠭᠠᠲᠦ ᠦᠨᠳᠦᠰᠦᠲᠡᠨ ᠤ ᠤᠷᠤᠨ ᠪᠤᠯᠤᠨ᠎ᠡ᠃ ᠮᠠᠨᠳᠤᠯ

ᠪᠤᠭᠤᠮᠲᠡ ᠨᠢ ᠲᠤᠮᠳᠠᠲᠤ ᠮᠤᠩᠭᠤᠯ ᠤᠨ757 ᠬᠢᠯᠢ ᠶᠢᠨ ᠱᠤᠭᠤᠮ ᠤᠨ ᠭᠠᠵᠠᠷ ᠪᠠᠶᠢᠷᠢᠯᠠᠵᠦ᠂ ᠬᠦᠭᠡᠬᠤᠲᠠ᠂

ᠪᠤᠭᠤᠲᠦ ᠬᠤᠲᠡ ᠪᠡ ᠮᠤᠩᠭᠤᠯ ᠤᠯᠤᠰ ᠤᠨ ᠤᠯᠠᠭᠠᠨᠪᠠᠭᠠᠲᠦᠷ ᠬᠤᠲᠡ ᠠᠴᠠ ᠬᠠᠮᠤᠭ ᠦᠢᠷ᠎ᠡ ᠵᠠᠶᠢᠲᠠᠢ ᠪᠤᠭᠤᠮᠲᠡ

ᠪᠤᠯᠬᠤ ᠮᠦᠷᠲᠡᠭᠡᠨ ᠦᠪᠡᠷᠲᠡᠭᠡᠨ ᠵᠠᠰᠠᠬᠤ ᠤᠷᠤᠨ ᠤ18 ᠬᠠᠭᠤᠷᠠᠢ ᠵᠠᠮ ᠤᠨ ᠪᠤᠭᠤᠮᠲᠡ ᠶᠢᠨ ᠨᠢᠭᠡ ᠨᠢ ᠪᠤᠯᠬᠤ

ᠪᠦᠭᠡᠳ ᠮᠤᠩᠭᠤᠯ ᠤᠯᠤᠰ ᠲᠠᠢ ᠴᠢᠯᠦᠭᠡᠲᠠᠢ ᠶᠠᠪᠤᠯᠴᠠᠬᠤ ᠴᠢᠬᠤᠯᠡ ᠵᠠᠮ ᠤᠨ ᠨᠢᠭᠡ ᠨᠢ ᠪᠤᠯᠤᠨ᠎ᠡ᠃ 1992 ᠤᠨ

 ᠳᠤ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠮᠠᠨᠳᠤᠯ ᠪᠠᠯᠭᠠᠰᠦ ᠶᠢ ᠤᠯᠠᠷᠢᠯ ᠤᠨ ᠴᠢᠨᠠᠷᠲᠠᠢ

ᠭᠠᠳᠠᠭᠠᠲᠦ ᠲᠠᠢ ᠴᠢᠯᠦᠭᠡᠲᠠᠢ ᠶᠠᠪᠤᠯᠴᠠᠬᠤ ᠬᠤᠶᠠᠳᠤᠭᠠᠷ ᠲᠦᠷᠦᠯ ᠤᠨ ᠪᠤᠭᠤᠮᠲᠡ ᠪᠠᠷ ᠵᠦᠪᠰᠢᠶᠠᠷᠡᠵᠦ᠂ 2002

ᠤᠨ ᠤ 12 ᠰᠠᠷ᠎ᠡ ᠳᠤ᠂ ᠠᠩᠬᠠᠨ ᠤ ᠨᠡᠭᠡᠭᠡᠯᠲᠠ ᠪᠠᠨ ᠪᠡᠶᠠᠯᠡᠭᠦᠯᠪᠡ᠃ 2009 ᠤᠨ ᠤ 2 ᠰᠠᠷ᠎ᠡ ᠳᠤ᠂ ᠲᠦᠷᠦ

 ᠶᠢᠨ ᠶᠠᠪᠤᠳᠠᠯ ᠤᠨ ᠬᠤᠷᠢᠶ᠎ᠡ ᠠᠴᠠ ᠮᠠᠨᠳᠤᠯ ᠪᠤᠭᠤᠮᠲᠡ ᠶᠢᠨ ᠭᠠᠳᠠᠭᠠᠲᠦ ᠲᠠᠢ ᠴᠢᠯᠦᠭᠡᠲᠠᠢ ᠶᠠᠪᠤᠯᠴᠠᠬᠤ ᠶᠢ

ᠵᠦᠪᠰᠢᠶᠠᠷᠡᠵᠦ᠂ ᠳᠤᠮᠳᠠᠳᠤ ᠮᠤᠩᠭᠤᠯ ᠬᠤᠶᠠᠷ ᠤᠯᠤᠰ ᠢᠶᠠᠷ ᠢᠶᠠᠨ ᠵᠠᠰᠠᠮᠠᠯ ᠵᠠᠮ ᠤᠨ ᠠᠶᠠᠨᠴᠢᠳ ᠪᠤᠯᠤᠨ ᠪᠠᠷᠠᠭ᠎ᠠ

ᠲᠡᠭᠡᠭᠡᠪᠦᠷᠢ ᠶᠢᠨ ᠤᠯᠠᠷᠢᠯ ᠤᠨ ᠴᠢᠨᠠᠷᠲᠡᠢ ᠨᠡᠭᠡᠭᠡᠯᠲᠡ ᠬᠢᠬᠦ ᠪᠤᠭᠤᠮᠲᠡ ᠪᠤᠯᠭᠠᠨ᠎ᠡ ᠭᠡᠵᠡᠢ᠃ ᠲᠤᠰ ᠵᠢᠯ ᠳᠡᠭᠡᠨ

ᠠᠭᠤᠷᠬᠠᠢ ᠶᠢᠨ ᠪᠦᠲᠦᠭᠳᠡᠭᠦᠨ᠂ ᠮᠠᠰᠢᠨ ᠲᠦᠭᠦᠭᠡᠷᠦᠮᠵᠢ ᠪᠤᠯᠤᠨ ᠪᠠᠷᠢᠯᠭ᠎ᠠ ᠶᠢᠨ ᠠᠵᠢᠯᠲᠡᠳ ᠤᠨ ᠤᠷᠤᠵᠦ ᠭᠠᠷᠬᠤ

ᠲᠦᠷ ᠴᠠᠭ ᠤᠨ ᠨᠠᠭᠡᠭᠡᠯᠲᠡ ᠪᠠᠨ ᠪᠠᠶᠠᠯᠡᠭᠦᠯᠪᠡ᠃ 2012 ᠤᠨ ᠤ12 ᠰᠠᠷ᠎ᠡ ᠳᠤ᠂ ᠤᠯᠠᠷᠢᠯ ᠤᠨ ᠴᠢᠨᠠᠷᠲᠠᠢ

ᠭᠠᠳᠠᠭᠠᠲᠦ ᠲᠠᠢ ᠴᠢᠯᠦᠭᠡᠲᠠᠢ ᠶᠠᠪᠤᠯᠴᠠᠬᠤ ᠶᠢ ᠲᠦᠷᠦ ᠵᠠᠰᠠᠭ ᠠᠴᠠ ᠬᠢᠨᠠᠨ ᠵᠦᠪᠰᠢᠶᠠᠷᠡᠪᠡ᠃ 2014 ᠤᠨ ᠤ 2

ᠰᠠᠷ᠎ᠡ ᠳᠤ᠂ ᠮᠤᠩᠭᠤᠯ ᠤᠯᠤᠰ ᠤᠨ ᠵᠠᠰᠠᠭ ᠤᠨ ᠤᠷᠳᠤᠨ ᠤ ᠲᠤᠯᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ

ᠬᠠᠩᠭᠢ—ᠮᠠᠨᠳᠤᠯ ᠪᠤᠭᠤᠮᠲᠡ ᠶᠢ ᠪᠠᠶᠢᠩᠭᠤ ᠵᠢᠨ‌ᠨᠡᠭᠡᠭᠡᠯᠲᠡ ᠲᠠᠢ ᠪᠤᠭᠤᠮᠲᠠ ᠪᠤᠯᠭᠠᠬᠤ ᠶᠢ ᠵᠦᠪᠰᠢᠶᠠᠷᠡᠪᠡ᠃

2015 ᠤᠨ ᠤ 4 ᠰᠠᠷ᠎ᠡ ᠳᠤ᠂ ᠲᠦᠷᠦ ᠶᠢᠨ ᠶᠠᠪᠤᠲᠠᠯ ᠤᠨ ᠬᠤᠷᠢᠶ᠎ᠡ ᠮᠠᠨᠳᠤᠯ ᠪᠤᠭᠤᠮᠲᠡ‌‍ᠶᠢᠨ ᠳᠤᠮᠳᠠᠳᠤ

ᠮᠤᠩᠭᠤᠯ ᠬᠤᠶᠠᠷ ᠤᠯᠤᠰ ‍ᠤᠨ‌ᠵᠠᠰᠠᠮᠠᠯ ᠵᠠᠮ ᠤᠨ ᠠᠶᠠᠨᠴᠢᠳ ᠪᠤᠯᠤᠨ ᠪᠠᠷᠠᠭ᠎ᠠ ᠲᠡᠭᠡᠭᠡᠪᠦᠷᠢ ᠶᠢᠨ ᠪᠠᠶᠢᠩᠭᠤ ᠶᠢᠨ

ᠨᠡᠭᠡᠭᠡᠯᠲᠡ ᠬᠢᠬᠦ ᠪᠤᠭᠤᠮᠲᠡ ᠪᠤᠯᠬᠤ ᠶᠢ ᠵᠦᠪᠰᠢᠶᠠᠷᠡᠵᠦ᠂8 ᠰᠠᠷ᠎ᠡ ᠳᠤ ᠲᠦᠷᠦ ᠵᠠᠰᠠᠭ ᠤᠨ ᠵᠦᠪᠰᠢᠶᠠᠷᠡᠯ ᠢ ᠤᠯᠵᠦ᠂

11 ᠰᠠᠷ᠎ᠡ ᠳᠤ ᠪᠠᠶᠢᠩᠭᠤ ᠶᠢᠨ ᠨᠡᠭᠡᠭᠡᠯᠲᠡ ᠪᠠᠨ ᠪᠡᠶᠡᠯᠡᠭᠦᠯᠪᠡ᠃

     ᠦᠢᠷ᠎ᠡ ᠶᠢᠨ ᠵᠢᠯ ᠳᠤ᠂ ᠤᠯᠤᠰ ᠤᠨ ︽ᠨᠢᠭᠡ ᠪᠦᠰᠡ ᠨᠢᠭᠡ ᠵᠠᠮ︾ ᠪᠠᠶᠢᠯᠳᠤᠬᠤ ᠪᠤᠳᠤᠯᠭ᠎ᠠ ᠶᠢᠨ ᠲᠤᠭᠤᠷᠢᠨ

 ᠳᠤ ᠲᠦᠪᠯᠡᠷᠡᠨ᠂ ᠬᠤᠲᠡ ᠶᠢᠨ ᠨᠡᠮ ᠵᠠᠰᠠᠭ ᠤᠨ ᠱᠠᠭᠠᠷᠳᠠᠯᠭ᠎ᠠ ᠶᠤᠰᠤᠭᠠᠷ᠂ ᠬᠤᠰᠢᠭᠤᠨ ᠠᠴᠠ ᠮᠠᠨᠳᠤᠯ ᠪᠤᠭᠤᠮᠲᠡ

 ᠶᠢ ᠦᠨᠳᠦᠷ ᠪᠠᠷᠢᠮᠵᠢᠶ᠎ᠡ ᠪᠠᠷ᠂ ᠦᠨᠳᠦᠷ ᠲᠦᠪᠰᠢᠨ ᠳᠤ ᠪᠦᠲᠦᠭᠡᠨ ᠪᠠᠶᠢᠭᠤᠯᠤᠯᠲᠡ ᠬᠢᠪᠡ᠃ ᠶᠡᠷᠦᠩᠬᠡᠶᠢᠯᠡᠭᠰᠡᠨ

ᠠᠵᠢᠯ ᠶᠡᠪᠤᠲᠡᠯ ᠤᠨ ᠠᠰᠠᠷ᠂ ᠬᠠᠮᠲᠦᠷᠡᠨ ᠬᠢᠨᠠᠯᠲᠡ ᠲᠡᠯᠪᠢᠬᠤ ᠠᠰᠠᠷ᠂ ᠬᠢᠵᠢᠭ ᠢ ᠰᠢᠯᠭᠠᠨ ᠪᠠᠶᠢᠴᠠᠭᠠᠬᠤ ᠭᠠᠵᠠᠷ᠂

ᠬᠢᠯᠢ ᠶᠢᠨ ᠪᠠᠶᠢᠴᠠᠭᠠᠯᠲᠡ ᠶᠢᠨ ᠲᠤᠮᠲᠡ ᠠᠩᠬᠢ᠂ ᠪᠤᠭᠤᠮᠲᠡ ᠶᠢᠨ ᠬᠢᠨᠠᠨ ᠬᠠᠮᠢᠶᠠᠷᠬᠤ ᠭᠠᠵᠠᠷ᠂ ᠡᠯᠧᠺᠲᠷᠤᠨ

ᠪᠠᠶᠢᠴᠠᠭᠠᠬᠤ ᠰᠠᠯᠪᠤᠷᠢ᠂ ︽ᠨᠢᠭᠡ ᠪᠤᠭᠤᠮᠲᠡ ᠬᠤᠶᠠᠷ ᠤᠳᠠᠭ᠎ᠠ ᠪᠠᠶᠢᠴᠠᠭᠠᠬᠤ︾ ᠲᠤᠰᠠᠭᠠᠷ ᠮᠤᠨᠢᠲᠠᠬᠤ ᠰᠢᠰᠲ᠋ᠧᠮ᠂

ᠲᠤᠷᠰᠢᠯᠲᠡ ᠶᠢᠨ ᠲᠠᠰᠤᠭ ᠵᠠᠷᠭᠡ ᠶᠢ ᠤᠷᠢᠳ ᠬᠤᠵᠢᠳ ᠪᠠᠶᠢᠭᠤᠯᠵᠦ᠂ ᠪᠤᠭᠤᠮᠲᠡ ᠨᠡᠪᠲᠡᠷᠡᠬᠦ ᠨᠦᠭᠦᠴᠡᠯ ᠢ

ᠪᠦᠷᠢᠯᠳᠦᠭᠦᠯᠪᠡ᠃2013 ᠤᠨ ᠠᠴᠠ ᠨᠠᠭᠠᠰᠢ᠂ ︽ᠲᠡᠪᠦ ᠤᠷᠤᠭᠤᠯᠵᠦ ᠲᠠᠪᠦ ᠭᠠᠷᠭᠠᠬᠤ︾ ᠪᠠᠷᠠᠭ᠎ᠠ ᠲᠡᠭᠡᠭᠡᠪᠦᠷᠢ ᠶᠢᠨ

ᠲᠤᠰᠬᠠᠢ ᠵᠡᠮ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ᠂ ᠬᠢᠯᠢ ᠶᠢᠨ ᠬᠦᠰᠢᠶ᠎ᠡ ᠶᠢᠨ ᠠᠭᠤᠲᠠᠮ ᠲᠠᠯᠠᠪᠠᠢ᠂

ᠵᠤᠭᠠᠴᠠᠭᠰᠡᠳ ᠲᠤ ᠦᠢᠯᠡᠴᠢᠯᠡᠬᠦ ᠲᠦᠪ᠂ ᠲᠡᠷᠭᠡᠨ ᠵᠤᠭᠰᠤᠭᠠᠯ ᠤᠨ ᠭᠠᠵᠠᠷ ᠪᠤᠯᠤᠨ ᠠᠶᠠᠨᠴᠢᠳ‌ᠤᠷᠤᠵᠦ ᠭᠠᠷᠬᠤ

ᠵᠡᠮ ᠵᠡᠷᠭᠡ ᠲᠦᠭᠦᠭᠡᠷᠦᠮᠵᠢ ᠢ ᠰᠡᠳᠦᠨ ᠪᠠᠶᠢᠭᠤᠯᠵᠦ᠂ ︽ᠲᠡᠪᠦ ᠤᠷᠤᠭᠤᠯᠵᠦ ᠲᠠᠪᠦ ᠭᠠᠷᠭᠠᠬᠤ︾ ᠲᠤᠰᠬᠠᠢ ᠵᠡᠮ ᠨᠢ

500 ᠲᠤᠨ ᠪᠠᠷᠠᠭ᠎ᠠ ᠦᠩᠭᠡᠷᠡᠭᠡᠬᠦ ᠴᠢᠳᠠᠪᠦᠷᠢ ᠲᠠᠢ ᠪᠤᠯᠪᠡ᠃

     ᠬᠦᠲᠦᠯᠦᠭᠴᠢ᠄ 2017ᠤᠨ ᠳᠤ᠂ ᠮᠠᠨᠳᠤᠯ ᠪᠠᠯᠭᠠᠰᠤᠨ ᠤ ᠭᠤᠤᠯᠳᠠᠯᠭᠠᠲᠦ ᠠᠵᠢᠯ ᠨᠢ ᠶᠠᠭᠤ ᠪᠤᠢ︖

     ᠸᠠᠩ ᠵᠠᠨ ᠶᠤᠸᠠᠨ᠄ 2017 ᠤᠨ ᠳᠤ᠂ ᠮᠠᠨ ᠤ ᠬᠤᠰᠢᠭᠤ ᠨᠡᠭᠡᠭᠡᠯᠲᠡ ᠪᠠᠷ ᠳᠠᠶᠢᠴᠢᠯᠠᠬᠤ ᠶᠢ ᠦᠷᠬᠦᠯᠵᠢᠯᠡᠨ

ᠭᠦᠨᠵᠡᠭᠡᠢ ᠨᠠᠶᠢᠳᠠᠪᠤᠷᠢᠵᠢᠭᠤᠯᠵᠦ᠂ ︽ᠨᠢᠭᠡ ᠪᠦᠰᠡ ᠨᠢᠭᠡ ᠵᠠᠮ︾᠂ ︽ᠲᠡᠯ᠎ᠡ ᠨᠤᠲᠤᠭ ᠤᠨ ᠵᠡᠮ︾᠂ ︽ᠲᠤᠮᠳᠠᠳᠤ

ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ︾ ᠤᠨ ᠪᠦᠲᠦᠭᠡᠨ ᠪᠠᠶᠢᠭᠤᠯᠤᠯᠲᠡ ᠳᠤ ᠢᠳᠡᠪᠬᠢᠯᠡᠨ

ᠦᠢᠯᠡᠴᠢᠯᠡᠵᠦ᠂ ᠡᠬᠢ ᠪᠠᠶᠠᠯᠢᠭ ᠤᠨ ᠲᠠᠪᠠᠭᠤᠯᠢᠭ ᠢᠶᠠᠨ ᠨᠢᠭᠡᠳᠭᠡᠵᠦ᠂ ᠲᠦᠷᠦᠯ ᠵᠦᠢᠯ ᠤᠨ ᠪᠠᠶᠢᠷᠢᠯᠠᠯᠲᠡ ᠪᠠᠨ

ᠰᠢᠯᠢᠳᠡᠭᠵᠢᠭᠦᠯᠵᠦ᠂ ᠴᠢᠯᠦᠭᠡᠲᠠᠢ ᠶᠠᠪᠤᠯᠴᠠᠬᠤ ᠬᠦᠷᠢᠶ᠎ᠡ ᠬᠡᠪᠴᠢᠶ᠎ᠡ ᠪᠠᠨ ᠦᠷᠭᠡᠳᠭᠡᠵᠦ᠂ ᠬᠠᠷᠢᠯᠴᠠᠭᠠᠨ ᠤ ᠲᠤᠭᠲᠠᠴᠨ

 ᠪᠠᠨ ᠰᠢᠨᠡᠴᠢᠯᠡᠵᠦ᠂ ᠬᠤᠶᠠᠷ ᠤᠯᠤᠰ ᠤᠨ ᠡᠯ᠎ᠡ ᠲᠠᠯ᠎ᠡ ᠶᠢᠨ ᠬᠠᠮᠲᠤᠷᠠᠯᠴᠡᠯ ᠢᠶᠠᠨ ᠠᠬᠢᠭᠤᠯᠵᠦ᠂ ᠳᠤᠲᠤᠨ᠎ᠡ ᠭᠠᠳᠠᠨ᠎ᠡ

ᠦᠭᠡᠢ ᠬᠠᠮᠵᠢᠯᠴᠡᠨ ᠨᠢᠬᠲᠠᠷᠠᠭᠰᠡᠨ᠂ ᠲᠦᠷᠪᠡᠨ ᠵᠦᠭ ᠨᠠᠢᠮᠡᠨ ᠵᠤᠷᠪᠤᠰ ᠲᠤ ᠴᠢᠯᠦᠭᠡᠲᠠᠢ ᠶᠠᠪᠤᠯᠴᠠᠭᠰᠡᠨ ᠰᠢᠨ᠎ᠡ

ᠪᠦᠲᠦᠴᠡ‌ᠢ ᠪᠦᠷᠢᠯᠲᠦᠭᠦᠯᠦᠨ᠎ᠡ᠃ ᠨᠢᠭᠡ ᠳᠤ᠂ ᠴᠢᠯᠦᠭᠡᠲᠠᠢ ᠶᠠᠪᠤᠯᠴᠠᠬᠤ ᠠᠵᠢᠯ ᠢᠶᠠᠨ ᠬᠦᠴᠦᠷᠭᠡᠭᠵᠢᠭᠦᠯᠦᠨ᠎ᠡ᠃

ᠤᠷᠤᠨ ᠤ ︽ᠲᠤᠷᠭᠠᠨ ᠵᠠᠮ ᠤᠨ ᠠᠵᠦ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠡ︾ ᠳᠤ ᠤᠷᠤᠯᠴᠠᠬᠤ

ᠱᠠᠭᠠᠷᠳᠠᠯᠭ᠎ᠠ ᠪᠠᠷ᠂ ᠮᠤᠩᠭᠤᠯ ᠤᠯᠤᠰ ᠤᠨ ︽ᠲᠡᠯ᠎ᠡ ᠨᠤᠲᠤᠭ ᠤᠨ ᠵᠡᠮ︾ ᠪᠠᠶᠢᠯᠲᠤᠬᠤ ᠪᠤᠳᠤᠯᠭ᠎ᠠ ᠶᠢᠨ

ᠨᠠᠶᠢᠳᠠᠪᠤᠷᠢᠵᠢᠭᠤᠯᠬᠤ ᠲᠠᠢ ᠬᠠᠷᠠᠭᠠᠯᠵᠠᠭᠤᠯᠵᠦ᠂ ᠠᠭᠤᠷᠬᠠᠢ ᠶᠢᠨ ᠭᠠᠷᠤᠯᠲᠡ ᠶᠢᠨ ᠨᠡᠭᠡᠭᠡᠨ ᠠᠰᠢᠭᠯᠠᠯᠲᠡ᠂ ᠰᠠᠭᠤᠷᠢ

ᠲᠦᠭᠦᠭᠡᠷᠦᠮᠵᠢ ᠶᠢᠨ ᠪᠠᠶᠢᠭᠤᠯᠤᠯᠲᠡ‌ᠵᠡᠷᠭᠡ ᠲᠠᠯ᠎ᠡ ᠶᠢᠨ ᠬᠠᠮᠲᠤᠷᠠᠯᠴᠡᠯ ᠢᠶᠠᠨ ᠦᠷᠭᠡᠳᠭᠡᠵᠦ᠂ ᠡᠮ ᠡᠮᠨᠡᠯᠭᠡ ᠶᠢᠨ

ᠲᠤᠰᠠᠯᠠᠮᠵᠢ ᠦᠭᠬᠦ ᠰᠤᠷᠤᠭᠴᠢ ᠰᠤᠯᠢᠯᠴᠠᠬᠤ᠂ ᠰᠤᠶᠤᠯ ᠤᠨ ᠰᠤᠯᠢᠯᠴᠠᠭ᠎ᠠ ᠬᠢᠬᠦ ᠵᠠᠷᠭᠡ ᠠᠵᠢᠯᠯᠠᠭ᠎ᠠ ᠦᠷᠨᠢᠭᠦᠯᠵᠦ᠂

ᠲᠤᠮᠳᠠᠳᠤ ᠮᠤᠩᠭᠤᠯ ᠤᠨ ᠬᠠᠮᠲᠦᠷᠠᠨ ᠪᠦᠲᠦᠭᠡᠨ ᠪᠠᠶᠢᠭᠤᠯᠤᠯᠲᠡ ᠬᠢᠵᠦ ᠪᠠᠶᠢᠭ᠎ᠠ ᠠᠵᠢᠯᠲᠡᠳ ᠤᠨ ᠪᠤᠭᠤᠮᠲᠡ

ᠨᠡᠪᠲᠡᠷᠡᠬᠦ ᠰᠠᠭᠠᠳ ᠦᠭᠡᠢ ᠵᠡᠮ ᠢ ᠪᠠᠶᠢᠭᠤᠯᠪᠡ᠃ ᠬᠤᠶᠠᠷ ᠲᠤ᠂ ᠪᠤᠭᠤᠮᠲᠡ ᠶᠢᠨ ᠪᠠᠶᠢᠷᠢᠯᠠᠭᠤᠯᠤᠯᠲᠡ ᠶᠢ

ᠰᠢᠯᠢᠳᠡᠭᠵᠢᠭᠦᠯᠦᠨ᠎ᠡ᠃ ᠵᠠᠰᠠᠮᠡᠯ ᠵᠠᠮ ᠤᠨ ᠪᠠᠷᠠᠭᠠᠨ ᠤ ᠭᠦᠢᠯᠭᠡᠭᠡᠨ ᠤ ᠲᠤᠭᠤᠷᠢᠭ ᠤᠨ ᠵᠠᠮ ᠤᠨ ᠲᠤᠤᠷ ᠪᠤᠯᠤᠨ

ᠲᠡᠮᠦᠷ ᠵᠡᠮ ᠤᠨ ᠪᠠᠷᠠᠭᠠᠨ ᠤ ᠭᠦᠢᠯᠭᠡᠭᠡᠨ ᠤ ᠲᠤᠭᠤᠷᠢᠭ᠂ ᠲᠡᠮᠦᠷ ᠵᠡᠮ ᠤᠨ ᠲᠤᠰᠬᠠᠢ ᠵᠠᠮ ᠱᠣᠭᠤᠮ ᠵᠠᠷᠭᠡ ᠶᠢ

ᠪᠠᠶᠢᠭᠤᠯᠵᠦ᠂ ︽ᠲᠡᠪᠦ ᠤᠷᠤᠭᠤᠯᠵᠦ ᠲᠠᠪᠦ ᠭᠠᠷᠭᠠᠬᠤ︾ ᠲᠤᠰᠬᠠᠢ ᠵᠡᠮ ᠪᠤᠯᠤᠨ ︽ᠭᠤᠷᠪᠠᠨ ᠬᠠᠮᠲᠤᠷᠠᠯᠴᠡᠯ︾ ᠪᠤᠭᠤᠮᠲᠡ

 ᠶᠢᠨ ᠰᠠᠶᠢᠵᠢᠷᠠᠭᠤᠯᠤᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠃ ᠤᠯᠠᠨ ᠤᠯᠤᠰ ᠤᠨ ᠠᠷᠠᠯᠵᠢᠶᠠᠨ ᠤ ︽ᠨᠢᠭᠡᠯᠡ

ᠴᠤᠩᠬᠤᠪᠴᠢ︾ ᠶᠢ ᠪᠠᠶᠢᠭᠤᠯᠵᠦ᠂ ᠤᠷᠤᠨ ᠭᠠᠵᠠᠷ᠂ ᠰᠠᠯᠠᠭ᠎ᠠ ᠮᠦᠴᠢᠷ ᠠᠯᠤᠰᠯᠠᠭᠰᠡᠨ ᠪᠤᠭᠤᠮᠲᠡ ᠶᠢᠨ ᠬᠠᠮᠵᠢᠯᠴᠡᠯ ᠢ

ᠰᠢᠯᠢᠳᠡᠭᠵᠢᠭᠦᠯᠵᠦ᠂ ᠬᠦᠬᠡᠬᠤᠲᠡ ᠶᠢᠨ ᠪᠤᠭᠤᠮᠲᠡ ᠶᠢᠨ ᠤᠨᠴᠠᠭᠠᠢ ᠬᠢᠨᠠᠨ ᠬᠠᠮᠢᠶᠠᠷᠬᠤ ᠪᠤᠭᠤᠮᠲᠡ‌‍ᠶᠢᠨ ᠲᠤᠷᠰᠢᠬᠤ

ᠴᠡᠭ ᠪᠤᠯᠵᠦ᠂ ᠬᠢᠨᠠᠨ ᠪᠠᠶᠢᠴᠠᠭᠠᠬᠤ ᠶᠠᠪᠤᠴᠡ ᠪᠠᠨ ᠲᠦᠭᠦᠮᠴᠢᠯᠡᠵᠦ᠂ ᠪᠤᠭᠤᠮᠲᠡ ᠨᠡᠪᠲᠡᠷᠡᠬᠦ ᠤᠷᠴᠢᠨ ᠢᠶᠠᠨ

ᠰᠢᠯᠢᠳᠡᠭᠵᠢᠭᠦᠯᠦᠨ᠎ᠡ᠃ ᠭᠤᠷᠪᠡ ᠳᠤ᠂ ᠰᠠᠭᠤᠷᠢ ᠲᠦᠭᠦᠭᠡᠷᠦᠮᠵᠢ ᠪᠡ ᠨᠦᠭᠦᠴᠡᠯ ᠢ ᠪᠤᠲᠠᠲᠠᠶᠢᠵᠢᠭᠤᠯᠤᠨ᠎ᠡ᠃ ᠰᠠᠭᠤᠷᠢ

ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠵᠦ᠂23 ᠵᠤᠷᠪᠤᠰ ᠭᠤᠤᠯᠲᠠᠯᠭᠠᠲᠦ ᠲᠦᠷᠦᠯ ᠵᠦᠢᠯ᠂

ᠨᠡᠶᠢᠲᠡ51.24 ᠳ᠋ᠦᠩᠰᠢᠭᠤᠷ ᠲᠦᠭᠦᠷᠢᠭ ᠤᠨ ᠪᠡᠯᠡ‌ᠤᠷᠤᠭᠤᠯᠵᠦ᠂ ᠵᠢᠯ ᠤᠨ ᠲᠤᠳᠤᠷ᠎ᠡ 17.72 ᠳ᠋ᠦᠩᠰᠢᠭᠤᠷ

ᠲᠦᠭᠦᠷᠢᠭ ᠤᠨ ᠪᠡᠯᠡ‌ᠤᠷᠤᠭᠤᠯᠤᠯᠲᠡ ᠶᠢ ᠪᠠᠶᠡᠯᠡᠭᠦᠯᠦᠨ᠎ᠡ᠃ ᠬᠢᠯᠢ ᠠᠯᠤᠰᠯᠠᠭᠰᠡᠨ ᠵᠠᠰᠠᠮᠡᠯ ᠵᠠᠮ᠂ ᠲᠡᠮᠦᠷ ᠵᠠᠮ ᠵᠢᠴᠢ

ᠬᠢᠯᠢ ᠶᠢᠨ ᠵᠢᠭᠤᠯᠴᠢᠯᠠᠯ ᠤᠨ ᠲᠤᠷᠰᠢᠯᠲᠡ ᠶᠢᠨ ᠤᠷᠤᠨ ᠪᠡ ᠠᠵᠦ ᠠᠬᠤᠢ ᠵᠢᠨ‌ᠬᠠᠮᠲᠤᠷᠠᠯᠴᠡᠯ ᠤᠨ ᠲᠤᠭᠤᠷᠢᠭ

ᠵᠠᠷᠭᠡ ᠢᠨᠵᠧᠨᠧᠷᠢᠩ ᠢ ᠠᠬᠢᠭᠤᠯᠵᠦ᠂ ᠵᠢᠯ ᠤᠨ ᠳᠤᠲᠤᠷ᠎ᠡ ᠪᠤᠲᠠᠲᠤ ᠠᠮᠵᠢᠯᠲᠡ ᠶᠢ ᠤᠯᠬᠤ ᠬᠡᠷᠡᠭᠲᠠᠢ᠃ ᠲᠦᠷᠪᠡ ᠳᠤ

ᠨᠦᠭᠦᠴᠡᠯ ᠪᠤᠯᠤᠯᠴᠠᠭ᠎ᠠ ᠲᠠᠢ ᠠᠵᠦ ᠠᠬᠤᠶᠢᠯᠡᠯ ᠤᠨ ᠬᠢᠯᠢ ᠶᠢᠨ ᠭᠠᠳᠠᠨᠠᠬᠢ ᠡᠨᠧᠷᠬᠢ ᠶᠢᠨ ᠭᠠᠷᠤᠯᠲᠡ ᠶᠢᠨ ᠨᠡᠭᠡᠭᠡᠨ

ᠠᠰᠢᠭᠯᠠᠬᠤ ᠶᠢ ᠵᠤᠷᠢᠭᠵᠢᠭᠤᠯᠤᠨ᠎ᠡ᠃ ᠬᠢᠯᠢ ᠶᠢᠨ ᠮᠠᠯ ᠠᠵᠦ ᠠᠬᠤᠢ ᠶᠢᠨ ᠪᠦᠲᠦᠭᠳᠡᠭᠦᠨ ᠤ ᠪᠤᠯᠪᠠᠰᠤᠷᠠᠭᠤᠯᠤᠯᠲᠡ

 ᠶᠢᠨ ᠲᠦᠷᠦᠯ ᠵᠦᠢᠯ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠦ ᠠᠬᠤᠢ ᠶᠢᠨ ᠪᠦᠲᠦᠭᠳᠡᠭᠦᠨ ᠤ ᠤᠷᠤᠭᠤᠯᠵᠦ

ᠭᠠᠷᠭᠠᠬᠤ ᠶᠢ ᠪᠠᠶᠡᠯᠡᠭᠦᠯᠦᠨ᠎ᠡ᠃ ᠠᠷᠠᠯᠵᠢᠶᠠᠨ ᠤ ᠬᠠᠮᠲᠤᠷᠠᠯᠴᠡᠯ ᠤᠨ ᠲᠠᠪᠴᠡᠩ ᠢ ᠪᠠᠶᠢᠭᠤᠯᠵᠦ᠂ ᠲᠤᠮᠲᠠᠳᠤ

ᠮᠤᠩᠭᠤᠯ ᠤᠨ ᠰᠤᠶᠤᠯ ᠤᠨ ᠭᠠᠷᠠᠭ᠂ ᠠᠷᠠᠯᠵᠢᠶᠠᠨ ᠤ ᠵᠦᠪᠲᠡᠯᠭᠡ ᠶᠢᠨ ᠬᠤᠷᠠᠯᠳᠤᠭᠠᠨ ᠢ ᠰᠠᠶᠢᠳᠦᠷ ᠡᠷᠬᠢᠯᠡᠨ᠎ᠡ᠃

ᠪᠤᠭᠤᠮᠲᠡ ᠶᠢᠨ ᠪᠦᠬᠦ ᠵᠢᠯ ᠤᠨ ᠤᠷᠤᠭᠤᠯᠵᠦ ᠭᠠᠷᠭᠠᠬᠤ ᠪᠠᠷᠠᠭᠠᠨ ᠤ ᠬᠡᠮᠵᠢᠶ᠎ᠡ ᠶᠢ 220 ᠲᠦᠮᠡᠨ ᠲᠤᠨ ᠳᠤ

ᠬᠦᠷᠭᠡᠵᠦ᠂ ᠪᠤᠭᠤᠮᠲᠡ ᠶᠢᠨ ᠤᠷᠤᠵᠦ ᠭᠠᠷᠬᠤ ᠬᠦᠮᠦᠨ ᠤ ᠲᠤᠭ᠎ᠠ ᠶᠢ10 ᠲᠦᠮᠡ ᠳᠤ ᠬᠦᠷᠭᠡᠨ᠎ᠡ᠃

      ᠬᠦᠳᠦᠯᠦᠭᠴᠢ᠄ ᠮᠤᠩᠭᠤᠯ ᠤᠯᠤᠰ ᠯᠤᠭ᠎ᠠ ᠠᠵᠦ ᠠᠬᠤᠢ᠂ ᠠᠷᠠᠯᠵᠢᠶ᠎ᠡ ᠬᠤᠲᠠᠯᠲᠤᠭᠠᠨ ᠤ ᠲᠡᠯ᠎ᠡ ᠶᠢᠨ

ᠬᠠᠷᠢᠯᠴᠠᠭ᠎ᠠ ᠪᠠᠨ ᠴᠢᠩᠭᠠᠳᠭᠬᠠᠤ ᠶᠢᠨ ᠬᠠᠮᠲᠦ ᠪᠤᠰᠤᠳ ᠬᠠᠷᠢᠴᠠᠭ᠎ᠠ ᠬᠤᠯᠪᠤᠭᠠᠨ ᠤ ᠲᠡᠯ᠎ᠡ ᠪᠠᠷ ᠶᠠᠮᠠᠷ ᠠᠮᠵᠢᠯᠲᠡ

ᠤᠯᠤᠭᠰᠡᠨ ᠪᠤᠢ︖

      ᠸᠠᠩ ᠵᠠᠨ ᠶᠤᠸᠠᠨ᠄ ᠮᠠᠨ ᠤ ᠬᠤᠰᠢᠭᠤ ᠶᠡᠷᠦ ᠠᠴᠠ ︽ᠲᠤᠳᠤᠨᠤ᠂ ᠦᠨᠡᠨᠴᠢ᠂ ᠦᠭᠬᠢᠶᠡᠮᠦᠷ᠂ ᠪᠠᠭᠳᠠᠭᠠᠮᠵᠢᠲᠠᠢ︾

ᠨᠡᠭᠡᠭᠡᠯᠲᠡ ᠶᠢᠨ ᠦᠵᠡᠯᠲᠡ ᠶᠢ ᠪᠠᠷᠢᠮᠲᠠᠯᠠᠵᠦ᠂ ᠮᠤᠩᠭᠤᠯ ᠤᠯᠤᠰ ᠯᠤᠭ᠎ᠠ ᠠᠵᠦ ᠠᠬᠤᠢ᠂ ᠠᠷᠠᠯᠵᠢᠶ᠎ᠡ ᠬᠤᠲᠠᠯᠲᠤᠭᠠᠨ

 ᠤ ᠲᠡᠯ᠎ᠡ ᠶᠢᠨ ᠬᠠᠷᠢᠴᠠᠭ᠎ᠠ ᠪᠠᠨ ᠴᠢᠩᠭᠠᠳᠭᠬᠠᠤ ᠶᠢᠨ ᠬᠠᠮᠲᠦ ᠰᠤᠶᠤᠯ ᠤᠷᠠᠯᠢᠭ᠂ ᠡᠮ ᠡᠮᠨᠡᠯᠭᠡ᠂ ᠡᠷᠡᠭᠦᠯ ᠬᠠᠮᠠᠭᠠᠯᠡᠯ

ᠪᠤᠯᠤᠨ ᠰᠤᠷᠭᠠᠨ ᠬᠦᠮᠦᠵᠢᠯ ᠵᠠᠷᠭᠡ ᠤᠯᠡᠨ ᠲᠡᠯ᠎ᠡ ᠶᠢᠨ ᠬᠠᠷᠢᠴᠠᠭ᠎ᠠ ᠬᠤᠯᠪᠤᠭ᠎ᠠ ᠪᠠᠶᠢᠭᠤᠯᠤᠭᠰᠡᠨ ᠪᠠᠶᠢᠨ᠎ᠡ᠃ ᠰᠤᠶᠤᠯ

ᠰᠤᠷᠭᠠᠨ ᠬᠦᠮᠦᠵᠢᠯ ᠤᠨ ᠲᠡᠯ᠎ᠡ ᠪᠠᠷ᠂ ︽ᠮᠠᠨᠳᠤᠯ—ᠬᠠᠩᠬᠢ ᠰᠤᠶᠤᠯ ᠵᠢᠭᠤᠯᠴᠢᠯᠡᠯ ᠤᠨ ᠨᠠᠶᠢᠷ︾ ᠢ ᠭᠤᠷᠪᠠᠨ ᠵᠢᠯ

ᠲᠡᠷᠠᠭᠠᠯᠡᠨ᠂ ᠲᠤᠮᠳᠠᠳᠤ ᠮᠤᠩᠭᠤᠯ ᠤᠷᠤᠰ ᠤᠨ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ ᠢ ᠬᠤᠶᠠᠷ ᠵᠢᠯ

ᠲᠠᠷᠠᠭᠠᠯᠡᠨ ᠪᠦᠷ ᠠᠮᠵᠢᠯᠲᠡ ᠲᠠᠢ ᠶᠡᠪᠤᠭᠳᠠᠭᠤᠯᠪᠡ᠃ ᠮᠠᠨᠳᠤᠯ ᠤᠯᠠᠨ ᠤᠯᠤᠰ ᠤᠨ ᠨᠦᠬᠦᠷᠯᠡᠯ ᠪᠠᠭ᠎ᠠ ᠰᠤᠷᠭᠠᠭᠤᠯᠢ

 ᠶᠢ ᠪᠠᠶᠢᠭᠤᠯᠵᠦ᠂ ᠴᠦᠬᠡᠨ ᠲᠤᠭᠠᠲᠦ ᠦᠨᠳᠦᠰᠦᠲᠡᠨ ᠤ ᠰᠢᠯᠢᠲᠡᠭ ᠴᠢᠳᠡᠪᠤᠷᠢᠲᠡᠨ ᠢ ᠮᠤᠩᠭᠤᠯ ᠳᠤ ᠲᠤᠮᠢᠯᠠᠵᠦ

ᠮᠡᠷᠭᠡᠵᠢᠯ ᠲᠡᠭᠡᠭᠰᠢᠯᠡᠭᠦᠯᠬᠦ ᠬᠦᠮᠦᠵᠢᠯ ᠬᠦᠷᠲᠡᠭᠡᠯᠭᠡᠵᠦ᠂ ᠲᠤᠮᠳᠠᠳᠦ ᠮᠤᠩᠭᠤᠯ ᠤᠯᠤᠰ ᠤᠨ ᠵᠢᠭᠠᠨ ᠰᠤᠷᠭᠠᠯᠲᠡ ᠶᠢᠨ

ᠰᠤᠳᠤᠯᠭᠠᠨ ᠤᠨ ᠬᠤᠷᠡᠯᠳᠤᠭᠠᠨ ᠡᠷᠬᠢᠯᠡᠵᠦ᠂ ᠮᠤᠩᠭᠤᠯ ᠤᠯᠤᠰ ᠤᠨ ᠬᠦᠯ ᠪᠦᠮᠪᠦᠭᠡ ᠪᠡ ᠪᠦᠵᠢᠭ ᠤᠨ ᠪᠠᠭᠰᠢ ᠢ

ᠤᠷᠢᠵᠦ ᠵᠢᠭᠠᠨ ᠵᠢᠯᠤᠭᠤᠳᠤᠯᠭ᠎ᠠ ᠬᠢᠯᠬᠡᠪᠡ᠃ ᠦᠨᠦ ᠵᠢᠯ ᠤᠨ 3 ᠰᠠᠷ᠎ᠡ ᠶᠢᠨ᠂ ᠮᠤᠩᠭᠤᠯ ᠤᠯᠤᠰ ᠤᠨ

ᠤᠯᠠᠭᠠᠨᠪᠠᠭᠠᠲᠦᠷ ᠬᠤᠲᠡ ᠶᠢᠨ ᠴᠡᠩᠭᠡᠯᠲᠠᠢ ᠲᠤᠭᠤᠷᠢᠭ ᠤᠨ ᠭᠤᠴᠢᠨ ᠲᠤᠯᠤᠳᠤᠭᠠᠷ ᠬᠡᠦᠭᠡᠳ ᠤᠨ ᠴᠡᠴᠡᠷᠯᠢᠭ ᠤᠨ

ᠬᠠᠷᠢᠭᠤᠴᠠᠯᠭᠠᠲᠡᠨ ᠪᠡ ᠪᠠᠭᠰᠢ ᠠᠵᠢᠯᠲᠡᠳ ᠮᠡᠨ ᠤ ᠬᠤᠰᠢᠭᠤᠨ ᠳᠤ ᠢᠷᠡᠵᠦ᠂ ᠬᠤᠰᠢᠭᠤᠨ ᠤ ᠦᠨᠳᠦᠰᠦᠲᠡᠨ ᠤᠨ

ᠬᠡᠦᠭᠡᠳ ᠤᠨ ᠴᠡᠴᠡᠷᠯᠢᠭ ᠲᠤ ᠲᠤᠭᠤᠷᠢᠨ ᠠᠶᠢᠯᠴᠢᠯᠠᠪᠡ᠃ ᠡᠮ ᠡᠮᠨᠡᠯᠭᠡ ᠡᠷᠡᠭᠦᠯ ᠬᠠᠮᠠᠭᠠᠯᠡᠯ ᠤᠨ ᠲᠡᠯ᠎ᠡ ᠪᠠᠷ᠂

ᠲᠤᠮᠳᠠᠳᠦ ᠮᠤᠩᠭᠤᠯ ᠬᠤᠶᠠᠷ ᠤᠯᠤᠰ ᠤᠨ ᠬᠤᠭᠤᠷᠦᠨᠲᠦ ᠪᠠᠨ ᠪᠦᠷᠢᠨ ᠲᠡᠭᠦᠯᠲᠡᠷ ᠮᠤᠩᠭᠤᠯ ᠡᠮ ᠡᠮᠨᠡᠯᠭᠡ ᠶᠢᠨ

ᠰᠤᠯᠢᠯᠴᠠᠭ᠎ᠠ ᠦᠢᠯᠡᠴᠢᠯᠡᠭᠡᠨ ᠤ ᠲᠤᠭᠲᠠᠴᠡ ᠪᠠᠶᠢᠭᠤᠯᠵᠦ᠂ ᠡᠷᠳᠡᠮ ᠰᠢᠵᠢᠯᠡᠭᠡ ᠪᠡ ᠮᠡᠷᠭᠡᠵᠢᠯ ᠴᠢᠳᠠᠪᠦᠷᠢ ᠪᠠᠨ

ᠰᠤᠯᠢᠯᠴᠡᠬᠤ ᠪᠠᠭ᠎ᠠ ᠲᠤᠭᠤᠶᠢᠯᠡᠩ ᠪᠠᠶᠢᠭᠤᠯᠵᠦ᠂ ᠡᠮ ᠡᠮᠨᠡᠯᠭᠡ ᠡᠷᠡᠭᠦᠯ ᠬᠠᠮᠠᠭᠠᠯᠡᠯ ᠤᠨ ᠲᠡᠯ᠎ᠡ ᠶᠢᠨ ᠬᠠᠷᠢᠯᠴᠠᠭ᠎ᠠ

 ᠪᠠᠨ ᠤᠯᠡᠮ ᠴᠢᠩᠭᠠᠳᠬᠠᠪᠡ᠃ ᠡᠮ ᠡᠮᠨᠡᠯᠭᠡ ᠡᠷᠡᠭᠦᠯ ᠬᠠᠮᠠᠭᠠᠯᠡᠯ ᠤᠨ ᠠᠶᠢᠯᠴᠢᠯᠠᠬᠤ ᠪᠦᠯᠬᠦᠮ ᠵᠤᠬᠢᠶᠠᠨ ᠪᠠᠶᠢᠭᠤᠯᠵᠦ

ᠮᠤᠩᠭᠤᠯ ᠤᠯᠤᠰ ᠤᠨ ᠲᠤᠷᠤᠨ ᠭᠤᠪᠢ ᠮᠤᠵᠢ ᠶᠢᠨ ᠶᠡᠷᠦᠩᠬᠡᠶᠢᠯᠡᠭᠰᠡᠨ ᠡᠮᠨᠡᠯᠭᠡ ᠪᠡ ᠤᠯᠠᠮᠵᠢᠯᠠᠯᠲᠦ ᠡᠮᠨᠡᠯᠭᠡ ᠳᠤ

ᠪᠠᠶᠢᠴᠠᠭᠠᠨ ᠰᠤᠷᠤᠯᠴᠠᠭᠤᠯᠵᠦ᠂ ᠬᠠᠷᠢᠯᠴᠡᠨ ᠡᠮᠴᠢ ᠲᠤᠮᠢᠯᠡᠨ ᠰᠤᠷᠤᠯᠴᠠᠭᠤᠯᠬᠤ᠂ ᠮᠤᠩᠭᠤᠯ ᠤᠯᠤᠰ ᠤᠨ ᠬᠢᠯᠢ ᠶᠢᠨ

ᠠᠷᠡᠳ ᠤᠨ ᠡᠪᠡᠳᠴᠢᠨ ᠦᠵᠡᠭᠦᠯᠬᠦ ᠰᠠᠭᠠᠳ ᠦᠭᠡᠢ ᠨᠡᠪᠲᠡᠷᠡᠭᠦ ᠵᠠᠮ ᠢ ᠨᠡᠭᠡᠭᠡᠬᠦ ᠶᠠᠪᠤᠲᠡᠯ ᠲᠡᠭᠡᠷ᠎ᠡ ᠠᠩᠬ᠎ᠠ ᠠᠯᠬᠤᠮ

ᠰᠠᠨᠠᠯ ᠢᠶᠠᠨ ᠨᠢᠭᠡᠳᠭᠡᠪᠡ᠃ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠡ ᠪᠠᠷ ᠲᠦᠰᠢᠯᠭᠡ ᠪᠤᠯᠭᠠᠨ᠂ ᠠᠨᠠᠭᠠᠬᠤ

ᠪᠠᠭ᠂ ᠰᠠᠶᠢᠨ ᠲᠤᠷᠠᠴᠣᠣᠯ ᠤᠨ ᠡᠩᠨᠡᠭᠡ ᠶᠢ ᠢᠳᠡᠪᠬᠢᠯᠡᠨ ᠵᠤᠬᠢᠶᠠᠨ ᠪᠠᠶᠢᠭᠤᠯᠵᠦ᠂ ᠮᠤᠩᠭᠤᠯ ᠤᠯᠤᠰ ᠲᠤ ᠬᠦᠷᠴᠦ

ᠠᠯᠪᠠᠨ ᠵᠢᠷᠦᠮ ᠤᠨ ᠡᠮᠴᠢᠯᠡᠭᠡᠨ ᠤ ᠠᠵᠢᠯᠯᠠᠭ᠎ᠠ ᠦᠷᠨᠢᠭᠦᠯᠪᠡ᠃ ᠨᠦᠬᠦᠷᠰᠡᠭ ᠬᠠᠷᠢᠯᠴᠠᠭᠠᠨ ᠤ ᠲᠡᠯ᠎ᠡ ᠪᠠᠷ᠂ ᠲᠤᠷᠤᠨ

ᠭᠤᠪᠢ ᠮᠤᠵᠢ ᠯᠤᠭ᠎ᠠ ᠬᠠᠷᠢᠯᠴᠠᠭ᠎ᠠ ᠬᠤᠯᠪᠤᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠡᠲᠡᠭᠡᠳ ᠤᠨ ᠪᠤᠭᠤᠮᠲᠡ ᠪᠡ

ᠬᠢᠯᠢ ᠠᠯᠤᠰᠯᠠᠭᠰᠡᠨ ᠦᠢᠯᠡᠴᠢᠯᠡᠭᠡᠨ ᠤ ᠲᠤᠭᠤᠷᠢᠭ ᠤᠨ ᠪᠦᠲᠦᠭᠡᠨ ᠪᠠᠶᠢᠭᠤᠯᠤᠯᠲᠡ‌‍ᠶᠢ ᠴᠢᠩᠭᠠᠳᠬᠠᠵᠦ᠂

ᠬᠠᠷᠢᠯᠴᠡᠨ‌ᠠᠰᠢᠭᠲᠠᠢ ᠪᠠᠶᠢᠬᠤ ᠶᠢ ᠠᠬᠢᠭᠤᠯᠪᠡ᠃ 2014 ᠤᠨ ᠠᠴᠠ ᠨᠠᠭᠠᠰᠢ᠂ ᠮᠡᠨ ᠤ ᠬᠤᠰᠢᠭᠤ ᠮᠤᠩᠭᠤᠯ

ᠤᠯᠤᠰ ᠲᠤ ᠤᠷᠢᠳ ᠬᠤᠵᠢᠳ 6 ᠤᠳᠠᠭ᠎ᠠ ᠵᠤᠯᠵᠠᠭ᠎ᠠ ᠮᠤᠲᠦ᠂ ᠵᠦᠩ ᠴᠠᠭ᠂ ᠤᠬᠠᠭᠤᠯᠭ᠎ᠠ ᠶᠢᠨ ᠪᠢᠴᠢᠭ

ᠮᠠᠲ᠋ᠧᠷᠢᠶᠡᠯ ᠵᠠᠷᠭᠡ ᠶᠢ ᠪᠡᠯᠡᠭᠯᠡᠵᠦ᠂ ᠰᠠᠶᠢᠱᠠᠩᠲᠡ ᠶᠢᠨ ᠨᠤᠭᠤᠭᠠᠷᠠᠭᠤᠯᠤᠯᠲᠡ ᠶᠢᠨ ᠢᠨᠵᠧᠨᠧᠷᠢᠩ ᠲᠤ ᠲᠠᠮᠵᠢᠯᠬᠡ

ᠬᠠᠩᠭᠠᠪᠡ᠃ ᠦᠢᠷ᠎ᠡ ᠶᠢᠨ ᠬᠤᠭᠤᠴᠠᠭᠠᠨ ᠳᠤ᠂ ᠪᠠᠰᠡ ᠲᠦᠮᠡᠨ ᠰᠠᠭᠤᠷᠢ ᠵᠤᠯᠵᠠᠭ᠎ᠠ ᠮᠤᠲᠦ ᠬᠦᠷᠭᠡᠵᠦ᠂ ᠨᠢᠭᠡ ᠠᠵᠦ

ᠠᠬᠤᠶᠢᠯᠡᠯ ᠲᠠᠢ ᠬᠠᠷᠢᠯᠴᠠᠵᠦ ᠰᠠᠶᠢᠱᠠᠩᠲᠡ ᠳᠤ ᠠᠭᠤᠳᠡᠮ ᠲᠡᠯᠠᠪᠡᠢ ᠪᠠᠶᠢᠭᠤᠯᠵᠦ ᠦᠭᠬᠦ ᠪᠠᠷ ᠪᠤᠯᠪᠡ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号