ᠲᠡᠳ᠋ ᠱᠦᠵᠢ᠂ ᠬᠤᠰᠢᠭᠤᠨ ᠳᠠᠷᠤᠭ᠎ᠠ᠄ ᠵᠠᠩ ᠶᠦᠩ ᠸᠧᠨ
ᠨᠡᠶᠢᠲᠡᠯᠡᠭᠰᠡᠨ ᠴᠠᠭ᠄
2018-04-17
     
                           ᠪᠠᠶᠢᠩᠭᠤ ᠶᠢᠨ ᠲᠡᠳ᠋ ᠱᠦᠵᠢ᠂ ᠬᠤᠰᠢᠭᠤᠨ ᠲᠠᠷᠤᠭ᠎ᠠ            ᠱᠦᠵᠢ ᠶᠢᠨ ᠠᠵᠢᠯ ᠢ ᠬᠠᠮᠵᠢᠨ᠂ ᠬᠤᠰᠢᠭᠤ ᠵᠠᠰᠠᠭ ᠤᠨ ᠤᠷᠳᠤᠨ ᠤ ᠪᠦᠬᠦ ᠲᠡᠯ᠎ᠡ ᠶᠢᠨ ᠠᠵᠢᠯ ᠢ ᠡᠷᠬᠢᠯᠡᠨ ᠬᠠᠷᠢᠭᠤᠴᠠᠨ᠎ᠡ᠃ᠲᠤᠪᠴᠢ ᠲᠠᠨᠢᠯᠴᠠᠭᠤᠯᠭ᠎ᠠ            ᠵᠠᠩ ᠶᠦᠩ ᠸᠧᠨ᠂ ᠡᠷᠡᠭᠲᠡᠶ᠂ ᠮᠣᠩᠭᠤᠯ ᠦᠨᠳᠦᠰᠦᠲᠡᠨ᠂ 1972 ᠤᠨ ᠤ 9 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠤᠯᠠᠭᠠᠨᠬᠠᠳᠠ ᠶᠢᠨ ᠬᠥᠮᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ 1999 ᠤᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠲᠡᠵᠦ᠂ 1995 ᠤᠨ ᠤ 8 ᠰᠠᠷ᠎ᠠ ᠳᠤ ᠠᠵᠢᠯ ᠳᠤ ᠣᠷᠣᠵᠤ᠂ ᠣᠳᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠃      1991.09 — 1995.07 ᠱᠠᠨ ᠰᠢ ᠮᠤᠵᠢ ᠶᠢᠨ ᠠᠭᠤᠷᠬᠠᠢ ᠶᠢᠨ ᠦᠢᠯᠡᠰ ᠤᠨ ᠲᠡᠭᠡᠲᠦ ᠰᠤᠷᠭᠠᠭᠤᠯᠢ ᠶᠢᠨ ᠠᠭᠤᠷᠬᠠᠶ ᠮᠠᠯᠲᠠᠬᠤ ᠰᠠᠯᠪᠤᠷᠢ ᠶᠢᠨ ᠠᠭᠤᠷᠬᠠᠢ ᠶᠢᠨ ᠰᠠᠯᠬᠢ ᠨᠡᠪᠲᠡᠷᠡᠭᠦᠯᠬᠦ ᠪᠠ ᠠᠮᠤᠷ ᠲᠦᠪᠰᠢᠨ ᠤ ᠲᠤᠰᠬᠠᠶ ᠮᠡᠷᠭᠡᠵᠢᠯ ᠰᠤᠷᠤᠯᠴᠠᠪᠠ︔      1995.08 — 1997.09 ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠡᠭᠦᠷᠡᠰᠦᠨ ᠤ ᠲᠣᠪᠴᠢᠶ᠎ᠠ ᠳᠤ ᠠᠵᠢᠯᠯᠠᠵᠦ ᠪᠠᠶᠢᠪᠡ︔      1997.09 — 1999.07 ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠥᠳᠡᠯᠮᠦᠷᠢ ᠶᠢᠨ ᠬᠦᠴᠦᠨ ᠤ ᠲᠣᠪᠴᠢᠶ᠎ᠠ ᠳᠤ ᠠᠵᠢᠯᠯᠠᠵᠦ ᠪᠠᠶᠢᠪᠡ︔      1999.07 — 2003.04 ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠡᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠶᠡᠷᠦᠩᠬᠡᠶᠢᠯᠡᠭᠰᠡᠨ ᠨᠠᠷᠢᠨ ᠪᠢᠴᠢᠭᠡᠴᠢ ᠶᠢᠨ ᠠᠵᠢᠯ ᠢ ᠬᠠᠷᠢᠭᠤᠴᠠᠵᠦ ᠪᠠᠶᠢᠪᠡ︔      2003.04 — 2005.05 ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠡᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠶᠢᠪᠡ︔      2005.05 — 2005.12 ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠠᠷᠡᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠠᠯᠠᠭᠠᠨ ᠲᠡᠰ ᠤᠨ ᠬᠢᠨᠠᠨ ᠪᠠᠶᠢᠴᠠᠭᠠᠭᠴᠢ᠂ ᠳᠡᠳ᠋ ᠡᠷᠬᠢᠯᠡᠭᠴᠢ ᠪᠠᠶᠢᠪᠡ︔      2005.12 — 2008.05 ᠤᠯᠠᠭᠠᠨᠬᠠᠳᠠ ᠬᠤᠲᠠ ᠶᠢᠨ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠰᠠᠯᠠᠭᠠᠨ ᠤ ᠳᠡᠳ᠋ ᠳᠠᠷᠤᠭ᠎ᠠ ︵ᠵᠢᠩᠬᠢᠨᠢ ᠰᠠᠯᠠᠭᠠᠨ ᠤ ᠳᠡᠰ︶ ᠪᠠᠶᠢᠪᠡ︔      2008.05 — 2010.01 ᠤᠯᠠᠭᠠᠨᠬᠠᠳᠠ ᠬᠤᠲᠠ ᠶᠢᠨ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠶᠡᠷᠦᠩᠬᠡᠶᠢᠯᠡᠭᠰᠡᠨ ᠰᠠᠯᠠᠭᠠᠨ ᠤ ᠳᠠᠷᠤᠭ᠎ᠠ ᠪᠠᠶᠢᠪᠡ︔      2010.01 — 2011.11 ᠤᠯᠠᠭᠠᠨᠬᠠᠳᠠ ᠬᠤᠲᠠ ᠶᠢᠨ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠪᠠᠶᠢᠪᠡ︔      2011.11 — 2012.10 ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠪᠠᠶᠢᠪᠡ︔      2012.10 — 2014.08 ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠶᠢᠪᠡ︔      2014.08 — 2015.04 ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠡᠳ᠋ ᠳᠠᠷᠤᠭ᠎ᠠ ᠪᠠᠶᠢᠪᠡ︔      2015.04 — 2016.04 ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠡᠳ᠋ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠪᠠᠶᠢᠪᠡ︔      2016.04 — ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠤᠢ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号