ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ  ᠤᠨ ᠤᠷᠳᠤᠨ ᠤ ᠨᠠᠮ ᠤᠨ ᠲᠤᠭᠤᠶᠢᠯᠠᠩ 2018 ᠤᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠬᠰᠠᠨ
ᠨᠡᠶᠢᠲᠡᠯᠡᠭᠰᠡᠨ ᠴᠠᠭ᠄
2018-04-02
     3 ᠰᠠᠷᠡᠶᠢᠨ1 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠥᠵᠢ ᠬᠤᠰᠢᠭᠤᠨ ᠲᠠᠷᠤᠭ᠎ᠠ ᠵᠠᠩ ᠶᠥᠩ ᠸᠧᠨ ᠲᠤᠮᠳᠠᠳᠤ ᠤᠯᠤᠰ ‍ᠤᠨ‌ᠡᠪ ᠬᠠᠮᠳᠤ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ2018 ᠤᠨ ᠤ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠦ᠂ ᠬᠤᠷᠠᠯ ᠠᠴᠠ ︽ᠲᠤᠮᠳᠠᠳᠤ ᠤᠯᠤᠰ ‍ᠤᠨ‌ᠡᠪ ᠬᠠᠮᠳᠤ ᠨᠠᠮ ᠤᠨ ᠲᠥᠪ ᠬᠤᠷᠢᠶ᠎ᠠ ᠥᠨᠳᠤᠰᠤᠨ ᠬᠠᠤᠯᠢ ᠶᠢᠨ ᠬᠡᠰᠡᠭ ᠠᠭᠤᠯᠭ᠎ᠠ ᠳᠤ ᠵᠠᠰᠠᠪᠤᠷᠢ ᠤᠷᠤᠭᠤᠯᠬᠤ ᠰᠠᠨᠠᠯ︾ ᠨᠠᠮ ‍ᠤᠨ‌ᠠᠷᠪᠠ ᠶᠢᠰᠤᠳᠤᠭᠡᠷ ᠬᠤᠭᠤᠴᠠᠭᠠᠨ ᠤ ᠭᠤᠷᠪᠠᠳᠤᠭᠠᠷ ᠪᠥᠭᠦᠳᠡ‌ᠬᠤᠷᠠᠯ ᠤᠨ ᠵᠤᠷᠢᠭ ᠰᠠᠨᠠᠭ᠎ᠠ ᠪᠤᠯᠤᠨ‌ᠥᠪᠡᠷᠳᠡᠭᠡᠨ ᠵᠠᠰᠠᠬᠤ ᠤᠷᠤᠨ ᠤ ᠵᠠᠰᠠᠭ ‍ᠤᠨ‌ᠤᠷᠳᠤᠨ ︽ᠭᠤᠷᠪᠠᠨ ᠶᠡᠭᠡ ᠪᠠᠭᠢᠯᠡᠯᠳᠡ︾ ᠶᠢᠨ ᠠᠵᠢᠯ ᠢ ᠠᠭᠢᠭᠤᠯᠬᠤ ᠲᠧᠯᠸᠢᠰ ᠳ᠋ᠢᠶᠠᠩᠬᠤᠸ᠋ᠨ ᠬᠤᠷᠠᠯ  ᠤᠨ ᠵᠤᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠳᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠶᠢᠨ ᠨᠠᠶᠢᠳᠡᠪᠤᠷᠢᠵᠢᠭᠤᠯᠬᠤ ᠰᠠᠨᠠᠯ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ 2018 ᠤᠨ ᠤ ᠠᠵᠢᠯ ᠤᠨ ᠭᠤᠤᠯᠳᠠᠯᠭ᠎ᠠ︾ ᠶᠢ ᠰᠤᠳᠤᠯᠤᠬᠰᠠᠨ ᠪᠠᠶᠢᠨ᠎ᠡ᠃      ᠬᠤᠷᠠᠯ ᠠᠴᠠ ᠥᠨᠳᠤᠰᠤᠨ ᠬᠠᠤᠯᠢ ᠪᠤᠯ ᠤᠯᠤᠰ ᠤᠨ ᠥᠨᠳᠤᠰᠤ ᠪᠤᠯᠬᠤ ᠬᠠᠤᠯᠢ᠂ ᠤᠯᠤᠰ ᠢᠶᠠᠨ ᠵᠠᠰᠠᠬᠤ ᠭᠥᠳᠤᠯᠪᠤᠷᠢ ᠪᠠᠶᠢᠵᠤ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠵᠢᠴᠢ ᠤᠳᠤᠷᠢᠳᠬᠤ ᠪᠠᠭ ᠤᠨ ᠬᠢᠨ ᠥᠨᠳᠤᠰᠤᠨ ᠬᠠᠤᠯᠢ ᠶᠢᠨ ᠤᠨᠤᠯ ᠢᠶᠠᠨ ᠪᠠᠳᠤᠳᠬᠠᠨ ᠬᠠᠤᠯᠢ ᠴᠠᠭᠠᠵᠡ‌‍ᠶᠢᠨ ᠲᠠᠨᠢᠯᠳᠡ ᠪᠠᠨ ᠴᠢᠩᠭᠠᠳᠬᠠᠵᠤ᠂ ᠥᠨᠳᠤᠰᠤᠨ ᠬᠠᠤᠯᠢ ᠶᠢᠨ ᠬᠡᠷᠡᠭᠵᠢᠭᠦᠯᠤᠯᠳᠡ ᠶᠢ ᠪᠠᠳᠤᠯᠠᠨ᠂ ᠰᠢᠨ᠎ᠡ ᠴᠠᠭ ᠥᠶ᠎ᠠ ᠶᠢ ᠠᠭᠢᠭᠤᠯᠬᠤ ᠳᠤ ᠪᠥᠭᠦ ᠲᠠᠯ᠎ᠠ  ᠪᠠᠷ ᠬᠠᠤᠯᠢ ᠪᠠᠷ ᠬᠤᠰᠢᠭᠤ ᠪᠠᠨ ᠵᠠᠰᠠᠬᠤ᠂ ᠬᠠᠤᠯᠢ ᠴᠠᠠᠭᠠᠵᠡ ᠶᠢᠨ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠳᠡ ᠶᠢᠨ ᠬᠢᠷᠢ ᠲᠥᠪᠰᠢᠨ ᠢ ᠲᠡᠭᠡᠭᠰᠢᠯᠡᠭᠦᠯᠭᠦ ᠳᠤ ᠬᠤᠪᠢ ᠨᠡᠮᠡᠷᠢ ᠥᠵᠡᠭᠦᠯᠭᠦ ᠬᠡᠷᠡᠭᠳᠡᠢ ᠬᠡᠵᠤ ᠴᠢᠩᠭᠠᠳᠬᠠᠬᠰᠠᠨ ᠪᠠᠶᠢᠨ᠎ᠡ᠃      ᠬᠤᠷᠠᠯ ᠠᠴᠠ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠭᠤᠷᠪᠠᠳᠤᠭᠠᠷ ᠪᠥᠭᠦᠳᠡ ᠬᠤᠷᠠᠯ ᠨᠢ ᠨᠠᠮ ᠪᠤᠯᠤᠨ ᠤᠯᠤᠰ ᠤᠨ ᠲᠤᠬᠳᠡᠴᠡ ᠶᠢᠨ ᠥᠬᠡᠷᠡᠴᠢᠯᠡᠯᠳᠡ ᠶᠢᠨ ᠭᠤᠤᠯ ᠵᠥᠪᠯᠯᠡᠭᠡ ᠶᠢ ᠶᠡᠷᠢᠯᠴᠠᠨ ᠰᠤᠳᠤᠯᠵᠤ᠂ ᠰᠢ  ᠶᠢᠨ ᠫᠢᠩ ᠨᠥᠭᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠤᠭᠤᠷᠢᠭ ᠲᠤ ᠨᠠᠮ ᠪᠤᠯᠤᠨ ᠤᠯᠤᠰ  ᠤᠨ ᠲᠤᠬᠳᠡᠴᠡ ᠶᠢᠨ ᠥᠬᠡᠷᠡᠴᠢᠯᠡᠯᠳᠡ ᠶᠢᠨ ᠤᠪᠤᠷ ᠢᠶᠠᠨ ᠤᠯᠠᠮ ᠨᠢᠬᠡ ᠠᠯᠬᠤᠮ ᠴᠢᠩᠭᠠᠳᠬᠠᠨ᠂ ᠵᠠᠰᠠᠭ ᠤᠨ ᠤᠷᠳᠤᠨ ᠤ ᠨᠠᠮ ᠤᠨ  ᠲᠤᠭᠤᠶᠢᠯᠠᠩ ᠵᠢᠴᠢ ᠤᠳᠤᠷᠢᠳᠬᠤ ᠪᠠᠭ ᠨᠢ ᠭᠤᠷᠪᠠᠳᠤᠭᠠᠷ ᠪᠥᠭᠦᠳᠡ ᠬᠤᠷᠠᠯ ᠤᠨ ᠵᠤᠷᠢᠭ ᠰᠠᠨᠠᠭ᠎ᠠ ᠶᠢ ᠤᠳᠤᠬᠠᠨ ᠤ ᠴᠢᠬᠤᠯᠠ ᠰᠤᠷᠤᠯᠴᠠᠬᠤ ᠠᠭᠤᠯᠭ᠎ᠠ ᠪᠤᠯᠭᠠᠨ ᠥᠵᠡᠯ ᠰᠠᠨᠠᠭ᠎ᠠ ᠥᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠤᠷᠢ ᠢ ᠪᠠᠶᠢᠷᠢᠯᠠᠭᠤᠯᠤᠯᠳᠡ ᠶᠢ ᠪᠤᠳᠠᠳᠠᠢ ᠳᠤᠨᠢ ᠨᠠᠶᠢᠳᠡᠪᠤᠷᠢᠵᠢᠭᠤᠯᠬᠤ ᠬᠡᠷᠡᠭᠳᠡᠢ ᠬᠡᠵᠤ ᠵᠢᠭᠠᠵᠤ ᠭᠠᠷᠭᠠᠬᠰᠠᠨ ᠪᠠᠶᠢᠨ᠎ᠡ᠃      ᠬᠤᠷᠠᠯ ᠠᠴᠠ ︽ᠭᠤᠷᠪᠠᠨ ᠶᠡᠭᠡ ᠪᠠᠭᠢᠯᠡᠯᠳᠡ︾ ᠵᠢᠨ‌ᠠᠵᠢᠯ ᠢ ᠰᠠᠶᠢᠳᠤᠷ ᠬᠢᠭᠦ ᠪᠠᠷ ᠪᠠᠷᠠᠬᠤ ᠥᠬᠡᠢ ᠰᠢ ᠶᠢᠨ ᠫᠢᠩ ᠨᠥᠭᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶᠠᠨ ᠤ ᠭᠢᠭᠰᠡᠨ ᠴᠢᠬᠤᠯᠠ ᠶᠡᠭᠡ ᠰᠢᠢᠳᠪᠤᠷᠢ ᠪᠠᠶᠢᠷᠢᠯᠠᠭᠤᠯᠤᠯᠳᠡ ᠪᠠᠶᠢᠵᠤ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠵᠢᠴᠢ ᠤᠳᠤᠷᠢᠳᠬᠤ ᠪᠠᠭ ᠤᠨ ᠬᠢᠨ ᠤᠯᠤᠰ ᠲᠥᠷᠤ ᠶᠢᠨ ᠥᠨᠳᠤᠷ ᠵᠤᠬᠰᠤᠴᠡ ᠠᠴᠠ ᠤᠳᠤᠷᠢᠳᠤᠯᠭ᠎ᠠ ᠶᠢᠨ ᠵᠤᠭᠢᠶᠠᠨ ᠪᠠᠶᠢᠭᠤᠯᠤᠯᠳᠡ ᠪᠠᠨ ᠴᠢᠩᠭᠠᠳᠬᠠᠨ᠂ ᠠᠵᠢᠯ ᠤᠨ ᠤᠪᠤᠷ ᠢᠶᠠᠨ ᠰᠠᠶᠢᠵᠢᠷᠠᠭᠤᠯᠵᠤ᠂ ᠨᠠᠶᠢᠳᠡᠪᠤᠷᠢᠵᠢᠭᠤᠯᠤᠯᠳᠡ ᠶᠢ ᠠᠳᠬᠤᠨ᠂ ︽ᠭᠤᠷᠪᠡᠨ ᠶᠡᠭᠡ ᠪᠠᠭᠢᠯᠡᠯᠳᠡ︾ ᠶᠢᠨ ᠠᠵᠢᠯ ᠢ ᠢᠳᠡᠪᠭᠢ ᠲᠠᠢ ᠥᠷᠨᠢᠭᠦᠯᠭᠦ ᠬᠡᠷᠡᠭᠳᠡᠢ ᠬᠡᠵᠤ ᠴᠢᠩᠭᠠᠳᠬᠠᠬᠰᠠᠨ ᠪᠠᠶᠢᠨ᠎ᠡ᠃      ᠬᠤᠷᠠᠯ ᠠᠴᠠ 2018 ᠤᠨ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠥᠭᠦ ᠲᠠᠠᠯ᠎ᠠ ᠪᠠᠷ ᠨᠡᠶᠢᠳᠡᠪᠤᠷᠢᠵᠢᠭᠤᠯᠬᠤ ᠡᠭᠢᠯᠡᠯᠳᠡ ᠶᠢᠨ ᠵᠢᠯ᠂ ᠡᠯ᠎ᠡ ᠲᠥᠷᠤᠯ ᠤᠨ ᠠᠵᠢᠯ ᠤᠨ ᠭᠤᠤᠯᠲᠠᠯᠭ᠎ᠠ ᠮᠦᠨ᠃ ᠵᠠᠰᠠᠭ ‍ᠤᠨ‌ᠤᠷᠳᠤᠨ ᠨᠢ ᠨᠠᠮ ᠤᠨ ᠲᠤᠭᠤᠶᠢᠯᠠᠩ ᠵᠢᠴᠢ ᠤᠳᠤᠷᠢᠳᠤᠬᠤ ᠪᠠᠭ ᠨᠢ ︽ᠲᠤᠮᠲᠠᠲᠦ ᠤᠯᠤᠰ ‍ᠤᠨ‌ᠡᠪ ᠬᠠᠮᠳᠤ ᠨᠠᠮ ᠤᠨ ᠨᠠᠮ ᠤᠨ ᠲᠤᠭᠤᠶᠢᠯᠠᠩ ᠤᠨ ᠠᠵᠢᠯ ᠤᠨ ᠵᠤᠷᠪᠤᠰ︾ ᠢ ᠴᠢᠩᠭ᠎ᠠ ᠬᠡᠷᠡᠭᠵᠢᠭᠦᠯᠵᠤ᠂ ᠵᠠᠰᠠᠭ  ᠤᠨ ᠤᠷᠳᠤᠨ ᠤ ᠠᠵᠢᠯ ᠤᠨ ᠤᠯᠤᠰ ᠲᠥᠷᠤ ᠶᠢᠨ ᠴᠢᠭᠯᠡᠯ ᠢᠶᠠᠨ ᠰᠠᠶᠢᠳᠤᠷ ᠠᠳᠬᠤᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ‍ᠤᠨ‌‍ᠭᠥ᠋ᠭᠵᠢᠯᠳᠡ ᠳᠤ ᠰᠢᠨ᠎ᠡ ᠲᠥᠷᠢ ᠲᠥᠷᠭᠦ ᠶᠢ ᠴᠢᠷᠮᠠᠶᠢᠨ ᠡᠭᠦᠳᠭᠦ ᠬᠡᠷᠡᠭᠳᠡᠢ ᠬᠡᠵᠤ ᠴᠢᠩᠭᠠᠳᠬᠠᠬᠰᠠᠨ ᠪᠠᠶᠢᠨ᠎ᠡ᠃
 
ᠢᠷᠡᠯᠲᠡ᠄ ︽ᠭᠤᠪᠢ ᠶᠢᠨ ᠡᠮᠦᠨᠡᠲᠦ ᠶᠢᠨ ᠰᠤᠳᠤᠨ ᠰᠤᠷᠠᠭ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号