ᠬᠤᠰᠢᠭᠤᠨ ᠤ ᠵᠡᠮᠳᠡᠭᠴᠢᠳ ᠤᠨ ᠬᠤᠯᠪᠤᠭ᠎ᠠ ᠠᠷᠪᠠᠨ ᠶᠢᠰᠤᠳᠤᠭᠡᠷ ᠤᠳᠠᠭᠠᠨ ᠤ ᠪᠥᠭᠦ ᠤᠯᠤᠰ ᠤᠨ ︽ᠴᠢᠭᠢ ᠪᠠᠨ‌ᠬᠠᠶᠢᠷᠠᠯᠠᠬᠤ ᠡᠳᠤᠷ︾ ᠵᠢᠴᠢ ᠯᠸᠢ ᠹᠧᠩ ᠠᠴᠠ ᠲᠠᠭᠠᠨ ᠰᠤᠷᠤᠯᠴᠠᠵᠤ ᠵᠡᠮᠳᠡᠭᠴᠤᠳ ᠢ ᠲᠡᠮᠵᠢᠭᠦ ᠭᠥᠳᠡᠯᠭᠡᠭᠡᠨ‌ᠥᠷᠨᠢᠭᠦᠯᠥᠭᠰᠡᠨ
ᠨᠡᠶᠢᠲᠡᠯᠡᠭᠰᠡᠨ ᠴᠠᠭ᠄
2018-04-02
      3 ᠰᠠᠷᠡᠶᠢᠨ2 ᠤ ᠡᠳᠤᠷ᠂ ᠬᠤᠰᠢᠭᠤᠨ ᠤ ᠵᠠᠮᠳᠡᠭᠴᠤᠳ ᠤᠨ ᠬᠤᠯᠪᠤᠭ᠎ᠠ ᠪᠠᠳᠤᠬᠠᠭᠠᠯᠭ᠎ᠠ ᠪᠠᠯᠭᠠᠰᠤᠨ ᠤ ᠥᠯᠵᠡᠢ ᠲᠤᠬᠤᠢ ᠵᠡᠭᠡᠯᠢ ᠵᠢᠨ‌ᠨᠡᠶᠢᠭᠡᠮ ᠲᠤᠭᠤᠷᠢᠭ ᠲᠤ ᠠᠷᠪᠠ ᠶᠢᠰᠤᠳᠤᠭᠡᠷ ᠤᠳᠠᠭᠠᠨ‌‍ᠤ ᠪᠥᠭᠦ ᠤᠯᠤᠰ ᠤᠨ ︽ᠴᠢᠭᠢ ᠪᠠᠨ ᠬᠠᠶᠢᠷᠠᠯᠠᠬᠤ ᠡᠳᠤᠷ︾ ᠵᠢᠴᠢ ᠯᠸᠢ ᠹᠧᠩ ᠠᠴᠠ ᠲᠠᠭᠠᠨ ᠰᠤᠷᠤᠯᠴᠠᠬᠤ ᠵᠡᠮᠳᠡᠭᠴᠤᠳ ᠢ ᠲᠡᠮᠵᠢᠭᠦ ᠰᠠᠶᠢᠨ ᠲᠤᠷ᠎ᠡ ᠶᠢᠨ ᠭᠥᠳᠡᠯᠭᠡᠭᠡᠨ ᠥᠷᠨᠢᠭᠦᠯᠥᠭᠰᠡᠨ ᠪᠠᠶᠢᠨ᠎ᠡ᠃       ᠬᠥᠳᠡᠯᠭᠡᠭᠡᠨ ᠤ ᠲᠤᠬᠠᠢ ᠲᠠᠯᠠᠪᠠᠢ ᠳᠤ ᠥᠷᠭᠡᠨ‌ᠤᠯᠠᠨ ᠰᠠᠭᠤᠭᠠᠯᠠᠢ ᠠᠷᠠᠳ ᠵᠢᠴᠢ ᠵᠡᠮᠳᠡᠭᠴᠤᠳ ᠲᠤ ᠰᠤᠨᠤᠷ ᠮᠠᠭᠤᠳᠠᠬᠤ ᠶᠢ ᠰᠡᠷᠭᠡᠶᠢᠯᠡᠭᠦ ᠪᠤᠯᠤᠨ‌ᠡᠷᠡᠭᠦᠯᠵᠢᠭᠦᠯᠭᠦ ᠰᠢᠨᠵᠢᠯᠡᠭᠦ ᠤᠬᠠᠭᠠᠨ ᠤ ᠮᠡᠳᠡᠯᠭᠡ ᠶᠢ ᠲᠥᠭᠡᠮᠡᠯᠵᠢᠭᠦᠯᠵᠤ ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠳᠤ ᠲᠤᠬᠠᠢ ᠲᠠᠯᠪᠠᠢ ᠳᠤ 25 ᠨᠡᠷᠡᠰ ᠰᠤᠨᠤᠷ ᠮᠠᠭᠤᠳᠠᠬᠰᠠᠨ ᠭᠥᠮᠤᠰ ᠲᠤ ᠰᠤᠨᠤᠷ ᠲᠤᠳᠤᠳᠬᠠᠭᠤᠷ ᠲᠠᠷᠬᠠᠭᠠᠵᠤ᠂10 ᠨᠡᠷᠡᠰ ᠵᠡᠮᠳᠡᠭᠴᠤᠳ ᠲᠤ ᠮᠠᠰᠢᠨ ᠢᠶᠠᠷ ᠴᠢᠬᠢ ᠶᠢ ᠪᠠᠶᠢᠴᠠᠭᠠᠬᠤ ᠦᠢᠯᠡᠴᠢᠯᠡᠭᠡ ᠬᠠᠩᠭᠠᠬᠰᠠᠨ ᠪᠠᠶᠢᠨ᠎ᠡ᠃       ᠡᠭᠦᠨ ᠤ ᠬᠠᠮᠳᠤ᠂ ᠬᠤᠰᠢᠭᠤᠨ ᠤ ᠵᠡᠮᠳᠡᠭᠴᠤᠳ ᠤᠨ ᠬᠤᠯᠪᠤᠭ᠎ᠠ ᠪᠠ ᠨᠡᠶᠢᠭᠡᠮ ᠲᠤᠭᠤᠷᠢᠭ ‍ᠤᠨ‌ᠵᠡᠮᠳᠡᠭᠴᠤᠳ ᠢ ᠳᠡᠮᠵᠢᠬᠦ  ᠬᠠᠯᠠᠭᠤᠨ ᠬᠠᠶᠢᠷ᠎ᠡ ᠲᠠᠢ ᠰᠠᠶᠢᠨ ᠲᠤᠷᠠᠴᠤᠳ᠂ ᠬᠥᠳᠡᠯᠭᠡᠭᠡᠨ ᠳᠤ ᠤᠷᠤᠯᠴᠠᠬᠰᠠᠨ ᠵᠡᠮᠳᠡᠭᠴᠤᠳ ᠲᠤ ᠥᠰᠤ ᠵᠠᠰᠠᠬᠤ᠂ ᠬᠢᠮᠤᠰᠤ ᠬᠠᠶᠢᠴᠢᠯᠠᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠳᠤ ᠨᠠᠰᠤ ᠶᠠᠪᠤᠬᠰᠠᠨ ᠵᠡᠮᠳᠡᠭᠴᠤᠳ ᠤᠨ ᠬᠡᠷ ᠤᠷᠤᠨ ᠢ ᠨᠢ ᠴᠡᠪᠡᠷᠯᠡᠵᠤ ᠥᠭᠭᠦᠭᠰᠡᠨ ᠪᠠᠶᠢᠨ᠎ᠡ᠃        ᠲᠤᠰ ᠤᠳᠠᠭᠠᠨ ᠤ ᠭᠥᠳᠡᠯᠭᠡᠭᠡᠨ ᠢᠶᠠᠷ ᠲᠠᠮᠵᠢᠨ᠂ ᠪᠥᠭᠦ ᠠᠷᠠᠳ ᠤᠨ ᠴᠢᠬᠢ ᠪᠠᠨ ᠬᠠᠶᠢᠷᠠᠯᠠᠬᠤ᠂ ᠴᠢᠭᠢ  ᠪᠠᠨ ᠬᠠᠮᠠᠭᠠᠯᠠᠬᠤ ᠪᠠ ᠰᠤᠨᠤᠷ ᠮᠠᠭᠤᠳᠠᠬᠤ ᠶᠢ ᠰᠡᠷᠭᠡᠶᠢᠯᠡᠭᠦ ᠲᠠᠨᠢᠯᠳᠡ ᠶᠢ ᠤᠯᠠᠮ ᠨᠢᠬᠡ ᠠᠯᠬᠤᠮ ᠴᠢᠩᠭᠠᠳᠬᠠᠵᠤ᠂ ᠲᠥᠯᠡᠢ ᠪᠤᠯᠬᠤ ᠶᠢ ᠰᠡᠷᠭᠡᠶᠢᠯᠡᠭᠦ ᠵᠠᠰᠠᠬᠤ ᠠᠵᠢᠯ ᠢ ᠥᠷᠨᠢᠭᠦᠯᠭᠦ ᠶᠢ ᠠᠭᠢᠭᠤᠯᠵᠤ᠂ ᠪᠥᠭᠦ ᠨᠡᠶᠢᠭᠡᠮ ᠤᠨ ᠵᠡᠮᠳᠡᠭᠴᠤᠳ  ᠢ ᠬᠠᠶᠢᠷᠠᠯᠠᠬᠤ᠂ ᠯᠸᠢ ᠹᠧᠩ ᠤᠨ ᠵᠤᠷᠢᠭ ᠰᠠᠨᠠᠭ᠎ᠠ ᠶᠢ ᠰᠤᠷᠤᠯᠴᠠᠬᠤ ᠶᠢ ᠲᠠᠶᠢᠴᠢᠯᠠᠵᠤ᠂ ᠵᠡᠮᠳᠡᠭᠴᠤᠳ ᠢ ᠲᠤᠰᠠᠯᠠᠨ ᠲᠡᠮᠵᠢᠭᠦ ᠤᠭᠢ ᠰᠠᠶᠢᠨ ᠨᠡᠶᠢᠭᠡᠮ ᠤᠨ ᠰᠤᠷᠳᠠᠯ ᠢ ᠢᠳᠡᠪᠭᠢᠳᠡᠢ ᠪᠠᠷ ᠠᠭᠢᠭᠤᠯᠤᠬᠰᠠᠨ ᠪᠠᠶᠢᠨ᠎ᠡ  ᠃
 
ᠢᠷᠡᠯᠲᠡ᠄ ︽ᠭᠤᠪᠢ ᠶᠢᠨ ᠡᠮᠦᠨᠡᠲᠦ ᠶᠢᠨ ᠰᠤᠳᠤᠨ ᠰᠤᠷᠠᠭ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号