ᠪᠠᠳᠤᠬᠠᠭᠠᠯᠭ᠎ᠠ ᠪᠠᠯᠭᠠᠰᠤ ᠠᠷᠠᠳ ᠲᠤ ᠠᠰᠢᠭ ᠬᠥᠷᠳᠡᠭᠡᠭᠦ ᠭᠤᠤᠯᠳᠠᠯᠭ᠎ᠠ ᠲᠠᠢ ᠭᠤᠷᠪᠠᠨ ᠶᠡᠭᠡ ᠲᠥᠷᠤᠯ ᠵᠥᠢᠯ ᠢ ᠡᠭᠢᠯᠡᠭᠦᠯᠥᠭᠰᠡᠨ
ᠨᠡᠶᠢᠲᠡᠯᠡᠭᠰᠡᠨ ᠴᠠᠭ᠄
2018-04-02
     2018 ᠤᠨ ᠪᠠᠳᠤᠬᠠᠭᠠᠯᠭ᠎ᠠ ᠪᠠᠯᠭᠠᠰᠤ ᠰᠢᠨ᠎ᠡ ᠬᠠᠷᠠᠯᠳᠡ ᠲᠤᠬᠳᠠᠭᠠᠵᠤ ᠰᠢᠨ᠎ᠡ ᠴᠠᠭ ᠥᠶ᠎ᠠ᠂ ᠰᠢᠨ᠎ᠡ ᠲᠥᠷᠰᠤ ᠪᠠᠶᠢᠳᠡᠯ᠂ ᠰᠢᠨ᠎ᠡ ᠥᠢᠯᠡ ᠠᠵᠢᠯᠯᠠᠭ᠎ᠠ ᠪᠠᠷ ᠭᠥᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠡ᠃     ᠰᠢᠨ᠎ᠡ ᠶᠢ ᠡᠭᠦᠳᠭᠦ ᠶᠢ ᠪᠠᠷᠢᠮᠳᠠᠯᠠᠵᠤ᠂ ᠡᠬᠢ ᠪᠠᠶᠠᠯᠢᠭ ᠤᠨ ᠲᠠᠪᠠᠭᠤᠯᠢᠭ ᠢ ᠶᠡᠭᠡ ᠪᠠᠷ  ᠬᠦᠭᠵᠢᠭᠦᠯᠦᠨ᠎ᠡ᠃ ᠪᠠᠳᠤᠬᠠᠭᠠᠯᠭ᠎ᠠ ᠪᠠᠯᠭᠠᠰᠤ ᠪᠤᠯᠤᠨ ᠥᠪᠤᠷ ᠮᠤᠩᠭᠤᠯ ᠤᠨ ᠮᠤ᠋ ᠯᠥᠩ ᠵᠢᠥᠢ ᠲᠡᠵᠢᠭᠡᠨ ᠥᠷᠡᠵᠢᠬᠦᠯᠭᠦ ᠬᠢᠵᠠᠭᠠᠷᠳᠤ ᠺᠤᠮᠫᠠᠨᠢ ᠲᠠᠢ  ᠬᠠᠮᠲᠦ ᠬᠤᠵᠢᠷᠳᠤ ᠲᠡᠵᠢᠭᠡᠨ ᠥᠷᠡᠵᠢᠭᠦᠯᠭᠦ ᠰᠠᠭᠤᠷᠢᠨ ᠭᠠᠵᠡᠷ ᠢ ᠲᠥᠷᠢᠶᠡᠰᠤᠯᠡᠭᠦ ᠪᠠᠷ ᠬᠡᠯᠡᠯᠴᠡᠭᠡᠷ ᠲᠤᠬᠳᠠᠵᠤ᠂ ᠲᠤᠰ ᠺᠤᠮᠫᠠᠨᠢ ᠨᠢ ᠭᠤᠤᠯᠳᠠᠭᠤ ᠡᠯᠵᠢᠭᠡᠨ ᠠᠷᠠᠰᠤᠨ ᠴᠠᠪᠠᠤ ᠶᠢᠨ ᠲᠥᠷᠤᠯ ᠵᠥᠢᠯ ᠢ ᠡᠵᠡᠩᠨᠡᠵᠤ᠂ ᠲᠤᠰ ᠤᠳᠠᠭᠠᠨ ᠤ ᠬᠠᠮᠳᠤᠷᠠᠯᠴᠠᠭ᠎ᠠ ᠬᠢᠭᠦ ᠨᠢ ᠲᠡᠵᠢᠭᠡᠨ ᠥᠷᠡᠵᠢᠭᠦᠯᠭᠦ ᠲᠤᠯᠤᠭᠠᠶᠢᠯᠠᠬᠴᠢ ᠠᠵᠤ ᠠᠬᠤᠶᠢᠯᠠᠯ ᠢ ᠭᠥᠮᠤᠵᠢᠭᠦᠯᠵᠤ᠂ ᠤᠳᠤᠭᠢᠴᠢᠯᠠᠬᠰᠠᠨ ᠮᠠᠯ ᠠᠵᠤ ᠠᠬᠤᠢ ᠶᠢᠨ ᠬᠠᠰᠢᠶᠠᠯᠠᠨ ᠲᠡᠵᠢᠭᠡᠭᠦ ᠶᠢ ᠬᠠᠶᠢᠨ ᠰᠥᠪᠡᠭᠴᠢᠯᠠᠵᠤ᠂ ᠮᠠᠯᠴᠢᠨ ᠲᠠᠷᠢᠶᠠᠴᠢᠳ ᠢ ᠲᠠᠶᠢᠴᠢᠯᠠᠨ ᠪᠠᠶᠠᠵᠢᠨ ᠴᠢᠨᠡᠭᠡᠯᠢᠭᠵᠢᠭᠦ ᠠᠷᠭ᠎ᠠ ᠵᠠᠮ ᠢ ᠥᠷᠭᠡᠳᠭᠡᠭᠦ ᠳᠤ ᠪᠠᠳᠤ ᠪᠠᠭᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠡ᠃     ᠬᠠᠮᠳᠤ ᠨᠡᠶᠢᠳᠡ ᠶᠢᠨ ᠠᠵᠤ ᠠᠬᠤᠢ ᠶᠢ ᠠᠭᠢᠭᠤᠯᠵᠤ ᠤᠨᠴᠠᠯᠢᠬᠳᠤ ᠠᠵᠤ ᠥᠢᠯᠡᠰ ᠢ ᠬᠢᠵᠤ ᠭᠥᠴᠤᠷᠭᠡᠭᠵᠢᠭᠦᠯᠤᠨ᠎ᠡ᠃ ᠪᠠᠳᠤᠬᠠᠭᠠᠯᠭ᠎ᠠ  ᠪᠠᠯᠭᠠᠰᠤᠨ ᠤ ᠬᠤᠩᠭᠤᠷ ᠲᠠᠯ᠎ᠠ ᠲᠤᠰᠬᠤᠨ ᠤ ᠮᠥᠭᠦ ᠪᠩᠲ᠋ᠧᠷᠢ ᠶᠢᠨ ᠵᠥᠢᠯ ᠢ ᠲᠠᠷᠢᠵᠤ ᠪᠤᠶᠢᠵᠢᠭᠤᠯᠬᠤ ᠠᠵᠤ ᠥᠢᠯᠡᠰ ᠤᠨ ᠲᠤᠭᠤᠷᠢᠭ ᠪᠤᠯ ᠨᠢᠬᠡᠨ ᠲᠠᠷᠢᠶᠠᠯᠠᠩ᠂ ᠵᠤᠭᠠᠴᠠᠯ᠂ ᠪᠡᠶ᠎ᠡ ᠪᠠᠷ  ᠢᠶᠠᠨ ᠤᠶᠢᠯᠠᠭᠠᠬᠤ ᠶᠢ ᠨᠢᠬᠡ ᠴᠤᠭᠴᠠᠵᠢᠭᠤᠯᠤᠭᠰᠡᠨ‌ᠤᠳᠤᠭᠢᠴᠢᠯᠠᠬᠰᠠᠨ ᠲᠠᠷᠢᠶᠠᠯᠠᠩ ᠤᠨ ᠠᠵᠤ ᠥᠢᠯᠠᠰ ᠤᠨ ᠲᠤᠭᠤᠷᠢᠭ ᠮᠥᠨ᠃ 2018 ᠤᠨ ᠳᠤ᠂ 150 ᠲᠥᠮᠡᠨ ᠲᠥᠭᠦᠷᠢᠭ ᠤᠨ ᠪᠡᠯᠨ ᠤᠷᠤᠭᠤᠯᠤᠨ᠂ ᠤᠳᠤ ᠪᠠᠶᠢᠭ᠎ᠠ 35 ᠮᠥᠭᠦ ᠶᠢᠨ ᠫᠧᠩ ᠢ ᠲᠥᠷᠢᠶᠠᠰᠤᠯᠡᠭᠦ ᠠᠷᠭ᠎ᠠ ᠪᠠᠷ ᠲᠡᠷᠢᠵᠤ ᠥᠷᠡᠵᠢᠭᠦᠯᠭᠦ ᠠᠵᠤ ᠠᠬᠤᠶᠢᠯᠠᠯ ᠳᠤ ᠲᠠᠭᠠᠴᠢᠯᠠᠨ ᠥᠭᠴᠤ᠂ ᠡᠭᠦᠨ ᠤ ᠬᠠᠮᠳᠤ ᠠᠵᠤ ᠠᠬᠤᠶᠢᠯᠠᠯ ᠲᠠᠢ ᠵᠤᠭᠢᠴᠠᠭᠤᠯᠵᠤ ᠤᠶᠢᠷ᠎ᠡ ᠬᠠᠪᠢ ᠶᠢᠨ ᠲᠤᠰᠬᠤᠨ ᠤ ᠠᠷᠠᠳ ᠢ ᠠᠵᠤ ᠠᠬᠤᠶᠢᠯᠠᠯ ᠳᠤ ᠤᠷᠤᠭᠤᠯᠤᠨ ᠬᠠᠮᠢᠶ᠎ᠠ ᠪᠥᠭᠦᠢ ᠮᠡᠷᠭᠡᠵᠢᠯ ᠰᠤᠷᠤᠯᠴᠠᠭᠤᠯᠵᠤ᠂ ᠲᠠᠷᠠᠭ᠎ᠠ ᠠᠯᠬᠤᠮ ᠳᠤ᠂ ᠬᠡᠪᠴᠢᠶ᠎ᠠ ᠪᠠᠨ ᠥᠷᠭᠡᠳᠭᠡᠭᠦ ᠪᠠᠷ ᠪᠡᠯᠡᠳᠭᠡᠵᠤ ᠪᠠᠶᠢᠨ᠎ᠡ᠃     ᠰᠠᠭᠤᠭᠠᠯᠢ ᠠᠷᠠᠳ ᠲᠤ ᠥᠢᠯᠡᠴᠢᠯᠡᠭᠦ ᠪᠠᠷ ᠵᠤᠬᠰᠤᠯᠳᠡ ᠪᠤᠯᠭᠠᠵᠤ᠂ ᠨᠡᠶᠢᠭᠡᠮ ᠲᠤᠭᠤᠷᠢᠭ ‍ᠤᠨ‌‍ᠰᠠᠭᠤᠷᠢᠨ ᠭᠠᠵᠡᠷ ᠤᠨ ᠪᠥᠳᠤᠭᠡᠨ ᠪᠠᠶᠢᠭᠤᠯᠤᠯᠳᠡ ᠶᠢ ᠴᠢᠩᠭᠠᠳᠬᠠᠨ᠎ᠠ᠃ ᠠᠶᠢᠪᠠᠭ᠎ᠠ ᠨᠡᠶᠢᠭᠡᠮ ᠵᠡᠭᠡᠯᠢ ᠲᠤᠭᠤᠷᠢᠭ ᠲᠤ ᠰᠢᠨ᠎ᠡ  ᠪᠠᠷ 1279 ᠲᠡᠭᠰᠢ ᠲᠥᠷᠪᠡᠯᠵᠢᠨ‌ᠮᠧᠲᠷ ᠤᠨ ︽ᠨᠢᠬᠡ ᠲᠢᠩᠭᠢᠮ ᠲᠠᠪᠤᠨ ᠲᠠᠰᠤᠭ ᠬᠤᠶᠡᠷ ᠲᠥᠪ︾ ᠤᠨ ᠥᠢᠯᠡᠴᠢᠯᠡᠭᠡᠨ ᠤ ᠬᠡᠷ ᠢ ᠪᠥᠳᠤᠭᠡᠨ ᠪᠠᠶᠢᠭᠤᠯᠵᠤ᠂ ᠴᠢᠯᠤᠭᠡᠯᠡᠭᠦ ᠵᠡᠭᠡᠯᠢ ᠶᠢᠨ ᠨᠡᠶᠢᠭᠡᠮ ᠲᠤᠭᠤᠷᠢᠭ ᠲᠤ ᠬᠠᠮᠢᠶᠠᠷᠤᠯᠳᠡ  ᠶᠢᠨ ᠤᠷᠤᠨ ᠳᠠᠬᠢ ᠷᠥᠢ ᠰᠢᠩ ᠪᠠᠭ᠎ᠠ ᠲᠤᠭᠤᠷᠢᠭ ᠤᠨ ᠠᠰᠠᠷ ᠢ ᠬᠤᠳᠠᠯᠳᠤᠨ ᠠᠪᠴᠤ᠂ 816 ᠲᠡᠭᠰᠢ ᠲᠥᠷᠪᠡᠯᠵᠢᠨ ᠮᠧᠲᠷ ᠤᠨ ᠨᠡᠶᠢᠭᠡᠮ ᠲᠤᠭᠤᠷᠢᠭ ᠲᠤ ᠥᠢᠯᠡᠴᠢᠯᠡᠭᠡᠨ ᠤ ᠬᠡᠷ ᠪᠤᠯᠭᠠᠨ᠎ᠠ᠃ ᠲᠤᠯᠠᠭᠠᠨ ᠬᠡᠷ ᠨᠡᠶᠢᠭᠡᠮ ᠲᠤᠭᠤᠷᠢᠭ ᠲᠤ505 ᠲᠡᠭᠰᠢ ᠲᠥᠷᠪᠡᠯᠵᠢᠨ ᠮᠧᠲᠷ ᠤᠨ ᠰᠠᠭᠤᠭᠠᠯᠢ ᠠᠷᠠᠳ ᠤᠨ ᠵᠤᠭ᠎ᠠ ᠴᠡᠩᠭᠡᠯ ᠤᠨ ᠭᠥᠳᠡᠯᠭᠡᠭᠡᠨ  ᠤ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠲᠥᠷᠤᠯ ᠵᠥᠢᠯ ᠨᠢ ᠪᠠᠶᠢᠭᠤᠯᠤᠬᠳᠠᠬᠰᠠᠨ ᠤ ᠲᠠᠷᠠᠭ᠎ᠠ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠬᠤ ᠪᠠᠷ ᠪᠠᠷᠠᠬᠤ ᠥᠭᠡᠢ ᠨᠡᠶᠢᠭᠡᠮ ᠲᠤᠭᠤᠷᠢᠭ ᠤᠨ ᠥᠢᠯᠡᠴᠢᠯᠡᠭᠡᠨ ᠤ ᠠᠵᠢᠯ ᠢ ᠰᠢᠨ᠎ᠡ ᠱᠠᠳᠤᠨ ᠳᠤ ᠲᠥᠯᠬᠢᠨ ᠠᠭᠢᠭᠤᠯᠬᠤ ᠪᠤᠯᠤᠨ᠎ᠡ᠃     ᠪᠠᠳᠤᠬᠠᠭᠠᠯᠭ᠎ᠠ ᠪᠠᠯᠭᠠᠰᠤᠨ ᠤ ᠪᠥᠭᠦ ᠺᠠᠳ᠋ᠷ ᠠᠵᠢᠯᠳᠡᠳ‌‍ᠰᠡᠳᠭᠢᠯ ᠨᠢᠬᠡᠳᠤᠨ ᠭᠥᠴᠤ ᠪᠠᠨ ᠬᠠᠮᠳᠤᠳᠬᠠᠵᠤ ᠪᠤᠳᠠᠳᠠᠢ ᠠᠵᠢᠯ ᠬᠢᠭᠦ ᠵᠤᠷᠢᠭ ᠰᠠᠨᠠᠭ᠎ᠠ ᠪᠠᠷ ︽ᠰᠢᠨ᠎ᠡ ᠠᠶᠠᠨ ᠵᠠᠮ︾   ᠳᠠᠭᠠᠨ ᠪᠥᠭᠦ ᠬᠥᠴᠤᠨ ᠢᠶᠠᠷ ᠢᠶᠠᠨ ᠴᠢᠷᠮᠠᠶᠢᠵᠤ ᠪᠠᠶᠢᠨ᠎ᠡ᠃
 
ᠢᠷᠡᠯᠲᠡ᠄ ︽ᠭᠤᠪᠢ ᠶᠢᠨ ᠡᠮᠦᠨᠡᠲᠦ ᠶᠢᠨ ᠰᠤᠳᠤᠨ ᠰᠤᠷᠠᠭ︾ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号