ᠡᠪᠡᠳᠴᠢᠨ ᠦᠵᠡᠬᠦᠯᠬᠦ ᠳᠡᠭᠡᠨ ᠶᠢᠰᠤᠨ ᠵᠦᠢᠯ ᠢ ᠴᠡᠭᠡᠷᠯᠡᠬᠦ ᠬᠡᠷᠡᠭᠳᠠᠢ
ᠨᠡᠶᠢᠲᠡᠯᠡᠭᠰᠡᠨ ᠴᠠᠭ᠄
2018-04-02
       1. ᠵᠠᠰᠠᠵᠤ ᠴᠢᠮᠡᠭᠯᠡᠬᠦ ᠦᠭᠡᠢ᠃ ᠰᠢᠡᠵᠢᠭᠡ ᠤᠨᠤᠰᠢᠯᠳᠠ ᠪᠤᠯ ᠡᠮᠴᠢ ᠵᠢᠨ‌ᠡᠪᠡᠳᠴᠢᠨ ᠤᠨᠤᠰᠢᠯᠠᠬᠤ ᠦᠨᠳᠤᠰᠤᠨ ᠠᠷᠭ᠎ᠠ ᠶᠢᠨ ᠨᠢᠭᠡ ᠮᠦᠨ᠃ ᠡᠪᠡᠳᠴᠢᠨ‌ᠦᠵᠡᠬᠦᠯᠬᠦ ᠡᠴᠠ‌ᠡᠮᠤᠨ᠎ᠠ ᠤ ᠲᠦᠷᠬᠢᠬᠦ᠂ ᠤᠷᠤᠭᠤᠯ ᠤᠨ ᠪᠤᠳᠤᠬ ᠲᠦᠷᠬᠢᠬᠦ᠂ ᠠᠨᠢᠰᠬᠠᠨ ᠵᠢᠷᠤᠭᠠᠰᠤ ᠲᠠᠳᠠᠬᠤ᠂ ᠬᠢᠮᠤᠰᠤ ᠪᠤᠳᠤᠬᠤ ᠵᠡᠷᠭᠡ ᠨᠢ ᠡᠪᠡᠳᠴᠢᠨ ᠤ ᠪᠠᠶᠢᠳᠠᠯ ᠢ ᠬᠠᠯᠬᠠᠯᠠᠵᠤ᠂ ᠡᠮᠴᠢ ᠵᠢᠨ‌ᠡᠪᠡᠳᠴᠢᠳᠠᠨ ᠤ ᠠᠷᠠᠰᠤ ᠪᠠ ᠦᠡᠭᠭᠡ ᠵᠢᠰᠤ ᠶᠢ ᠰᠢᠨᠵᠢᠬᠦ ᠶᠢ ᠨᠦᠯᠤᠭᠡᠯᠡᠨ᠂ ᠡᠮᠴᠢ ᠳᠤ ᠡᠮᠴᠢᠯᠡᠭᠡᠨ ᠤ ᠤᠨᠤᠪᠴᠢ ᠦᠭᠡᠢ ᠮᠡᠳᠡᠭᠡ ᠵᠠᠩᠬᠢ ᠦᠭᠬᠦ ᠵᠢᠨ‌ᠤᠯᠠᠮ ᠡᠴᠠ‌ᠤᠨᠤᠰᠢᠯᠠᠬᠤ ᠶᠢ ᠨᠦᠯᠤᠭᠡᠯᠡᠬᠦ ᠴᠢᠨᠠᠭᠰᠢᠯᠠᠪᠠᠯ ᠪᠤᠷᠤᠭᠤ ᠮᠠᠭᠠᠳᠯᠠᠯᠳᠠ‌‍ᠬᠢᠯᠭᠡᠵᠤ‌ᠮᠠᠭᠠᠳ ᠪᠤᠯᠬᠤᠷ ᠴᠡᠭᠡᠷᠯᠡᠬᠦ ᠬᠡᠷᠡᠭᠳᠠᠢ᠃                2. ᠬᠡᠯᠡᠨ ᠤ ᠦᠡᠭᠬᠦᠷ ‍ᠤᠨ‌ᠦᠡᠭᠭᠡ ᠶᠢ ᠬᠤᠪᠢᠷᠠᠭᠤᠯᠬᠤ ᠢᠳᠡᠭᠡᠨ ᠪᠤᠶᠤ ᠡᠮ ᠢ ᠢᠳᠡᠬᠦ ᠦᠭᠡᠢ᠃ ᠬᠡᠯᠡ ᠪᠤᠯ ᠬᠢᠳᠡᠳ ᠡᠮᠨᠡᠯᠭᠡ ᠶᠢᠨ ᠲᠠᠪᠤᠨ ᠴᠤᠯᠤ ᠵᠢᠷᠭᠤᠭᠠᠨ ᠰᠡᠪᠡ ᠶᠢ ᠠᠵᠢᠭᠯᠠᠬᠤ ︽ᠲᠤᠯᠢ︾ ᠮᠦᠨ᠃ ᠬᠢᠳᠡᠳ ᠡᠮᠨᠡᠯᠭᠡ ᠳᠤ ᠬᠡᠯᠡ‌‍ᠰᠢᠨᠵᠢᠬᠦ ᠳᠡᠭᠡᠨ ᠭᠤᠤᠯᠳᠠᠭᠤ ᠬᠡᠯᠡᠨ ᠤ ᠦᠡᠭᠬᠦᠷ ᠪᠠ ᠭᠡᠯᠡᠨ ᠤ ᠪᠦᠬᠦ ᠪᠠᠶᠢᠳᠠᠯ ᠤᠨ ᠬᠤᠪᠢᠷᠠᠯᠳᠠ ᠶᠢ ᠰᠢᠨᠵᠢᠳᠡᠭ ᠪᠤᠯᠬᠤᠷ ᠢᠳᠡᠭᠡᠨ ᠪᠤᠶᠤ ᠡᠮ‌‍ᠤᠨ ᠬᠡᠯᠡᠨ ᠤ ᠦᠡᠭᠬᠦᠷ ‍ᠤᠨ‌ᠦᠡᠭᠭᠡ ᠶᠢ ᠬᠤᠪᠢᠷᠠᠭᠤᠯᠵᠤ ᠬᠠᠭᠤᠷᠮᠠᠬ ᠦᠵᠡᠭᠳᠡᠯ ᠭᠠᠷᠭᠠᠬᠤ ᠠᠴᠠ ᠰᠡᠷᠭᠡᠶᠢᠯᠡᠬᠦ ᠬᠡᠷᠡᠭᠳᠠᠢ᠃ ᠡᠶᠢᠮᠤ ᠠᠴᠠ ᠡᠪᠡᠳᠴᠢᠨ‌ᠦᠵᠡᠬᠦᠯᠬᠦ ᠡᠴᠠ‌ᠡᠮᠤᠨ᠎ᠠ ᠲᠤᠤᠷᠡᠬᠢ ᠬᠡᠳᠤᠨ ᠵᠦᠢᠯ ᠤᠨ ᠢᠳᠡᠭᠡᠨ ᠢ ᠢᠳᠡᠬᠦ ᠦᠭᠡᠢ ᠪᠠᠶᠢᠪᠠᠯ ᠵᠤᠬᠢᠨ᠎ᠠ᠄ ᠬᠡᠯᠡᠨ ᠤ ᠦᠡᠭᠬᠦᠷ ᠢ ᠴᠠᠶᠢᠷᠠᠭᠤᠯᠬᠤ ᠦᠨᠢᠶᠡᠨ ᠰᠦ ᠪᠠ ᠬᠠᠳᠠᠭᠤ ᠵᠢᠮᠢᠰ᠂ ᠬᠡᠯᠡᠨ ᠤ ᠦᠡᠭᠬᠦᠷ ᠢ ᠬᠠᠷᠠᠯᠠᠭᠤᠯᠬᠤ ᠶᠠᠨᠵᠤ ᠬᠥᠢᠯᠡᠰᠤ᠂ ᠬᠠᠷ᠎ᠡ ᠬᠥᠢᠯᠡᠰᠤ᠂ ᠴᠤᠺᠦᠯᠡᠳ᠋᠂ ᠺᠤᠹᠧ ᠵᠡᠷᠭᠡ᠂ ᠬᠡᠯᠡᠨ ᠤ ᠦᠡᠭᠬᠦᠷ ᠢ ᠰᠢᠷᠠᠯᠠᠭᠤᠯᠬᠤ ᠵᠦᠷᠵᠢ᠂ ᠠᠮᠳᠠᠳᠤ ᠲᠦᠮᠤᠰᠤ ᠵᠡᠷᠭᠡ᠂ ᠬᠡᠳᠤᠷᠭᠡᠢ ᠬᠠᠯᠠᠭᠤᠨ ᠤᠰᠤ ᠪᠠ ᠭᠤᠱᠤᠭᠤᠨ‌ᠢᠳᠡᠭᠡᠨ ᠨᠢ ᠬᠡᠯᠡᠨ ᠤ ᠦᠡᠭᠬᠦᠷ ᠢ ᠤᠯᠠᠭᠠᠪᠳᠤᠷ ᠪᠤᠯᠭᠠᠬᠤ ᠲᠤᠯᠠ ᠮᠦᠨ ᠬᠢᠴᠢᠶᠡᠬᠦ ᠬᠡᠷᠡᠭᠳᠠᠢ᠃                3. ᠦᠨᠤᠷᠳᠤ ᠤᠰᠤ ᠲᠦᠷᠬᠢᠬᠦ ᠦᠭᠡᠢ᠃ ᠦᠨᠤᠷᠯᠡᠬᠦ ᠪᠤᠯ ᠬᠢᠳᠡᠳ ᠡᠮᠨᠡᠯᠭᠡ ᠶᠢᠨ ᠦᠨᠤᠷᠯᠡᠨ ᠤᠨᠤᠰᠢᠯᠠᠬᠤ ᠶᠢᠨ ᠴᠢᠬᠤᠯᠠ‌ᠠᠭᠤᠯᠭ᠎ᠠ ᠮᠦᠨ᠃ ᠬᠥᠮᠤᠨ ᠤ ᠪᠡᠶ᠎ᠠ ᠶᠢᠨ ᠦᠨᠤᠷ ᠪᠤᠯ ᠴᠦᠮ ᠴᠤᠯᠤ ᠰᠠᠪᠠ ᠶᠢᠨ ᠹᠢᠽᠢᠤᠯᠤᠬᠢ ᠶᠢᠨ ᠬᠤᠪᠢᠷᠠᠯᠳᠠ ᠪᠤᠶᠤ ᠡᠪᠡᠳᠴᠢᠨ ᠤ ᠵᠦᠢ ᠶᠢᠨ ᠬᠤᠪᠢᠷᠠᠯᠳᠠ ᠶᠢᠨ ᠶᠠᠪᠤᠴᠠ ᠳᠤ ᠪᠤᠢ ᠪᠤᠯᠤᠭᠰᠠᠨ ᠪᠠᠶᠢᠳᠠᠬ᠂ ᠵᠠᠷᠢᠮ ᠦᠶ᠎ᠠ ᠳᠤ ᠡᠪᠡᠳᠴᠢᠳᠠᠨ ᠤ ᠪᠡᠶ᠎ᠠ ᠠᠴᠠ ᠭᠠᠷᠬᠤ ᠦᠨᠤᠷ ᠢᠶᠠᠷ ᠡᠪᠡᠳᠴᠢᠨ ᠡᠮᠭᠡᠭ ᠢ ᠮᠠᠭᠠᠳᠯᠠᠵᠤ  ᠪᠤᠯᠤᠨ᠎ᠠ᠃ ᠦᠨᠤᠷᠳᠤ ᠤᠰᠤ ᠪᠤᠶᠤ ᠦᠳᠭᠡᠨ ᠦᠨᠤᠷ ᠲᠠᠢ ᠠᠷᠠᠰᠤ ᠠᠷᠠᠴᠢᠯᠠᠬᠤ ᠡᠳ᠋ ᠵᠡᠷᠭᠡ ᠶᠢ ᠬᠡᠷᠡᠭᠯᠡᠪᠡᠯ ᠡᠪᠡᠳᠴᠢᠳᠠᠨ ᠤ ᠪᠡᠶ᠎ᠠ‌‍ᠶᠢᠨ ᠦᠨᠤᠷ ᠢ ᠲᠠᠷᠤᠵᠤ ᠤᠨᠤᠰᠢᠯᠠᠯᠳᠠ ᠶᠢ ᠨᠦᠯᠤᠭᠡᠯᠡᠳᠡᠭ᠃ ᠡᠬᠦᠨ ᠠᠴᠠ ᠭᠠᠳᠠᠨ᠎ᠠ᠂ ᠡᠪᠡᠳᠴᠢᠳᠠᠨ ᠡᠪᠡᠳᠴᠢᠨ ᠢᠶᠠᠨ ᠦᠵᠡᠬᠦᠯᠬᠦ ᠠᠴᠠ ᠡᠮᠤᠨ᠎ᠠ ᠰᠠᠷᠢᠮᠰᠤᠬ ᠵᠡᠷᠭᠡ ᠦᠳᠭᠡᠨ ᠦᠨᠤᠷ ᠲᠠᠢ ᠢᠳᠡᠭᠡᠨ ᠢ ᠢᠳᠡᠬᠦ ᠦᠭᠡᠢ ᠪᠠᠶᠢᠪᠠᠯ ᠵᠤᠬᠢᠨ᠎ᠠ᠃                4. ᠰᠢᠷᠤᠬᠦᠨ‌‍ᠬᠥ᠋ᠳᠡᠯᠭᠡᠭᠡᠨ ᠬᠢᠬᠦ ᠦᠭᠡᠢ᠃ ᠰᠤᠳᠡᠯ ᠤᠨ ᠤᠨᠤᠰᠢᠯᠠᠯᠳᠠ ᠪᠤᠯ ᠬᠢᠳᠡᠳ ᠡᠮᠨᠡᠯᠭᠡ ᠶᠢᠨ ᠡᠪᠡᠳᠴᠢᠨ ᠤᠨᠤᠰᠢᠯᠠᠬᠤ ᠴᠢᠬᠤᠯᠠ ᠠᠷᠭ᠎ᠠ ᠪᠠᠷᠢᠯ ᠮᠦᠨ᠂ ᠬᠢᠳᠡᠳ ᠡᠮᠨᠡᠯᠭᠡ ᠳᠤ ᠭᠤᠤᠯᠳᠠᠭᠤ ᠰᠤᠳᠡᠯ ᠪᠠᠷᠢᠵᠤ᠂ ᠰᠤᠳᠡᠯ ᠤᠨ ᠪᠠᠶᠢᠳᠠᠯ ᠬᠤᠪᠢᠷᠠᠯᠳᠠ ᠶᠢ ᠦᠨᠳᠤᠰᠤᠯᠡᠨ ᠤᠨᠤᠰᠢᠯᠠᠳᠠᠬ᠃ ᠰᠤᠳᠠᠯ ᠤᠨ ᠪᠠᠶᠢᠳᠠᠯ ᠨᠢ ᠴᠤᠯᠤ ᠰᠠᠪᠠ ᠴᠢᠰᠤ ᠬᠡᠢ ᠶᠢᠨ ᠰᠠᠶᠢᠨ ᠮᠠᠭᠤ ᠲᠠᠢ ᠨᠢᠬᠳᠠ ᠬᠤᠯᠪᠤᠭ᠎ᠠ ᠲᠠᠢ᠃ ᠬᠡᠳᠤᠷᠭᠡᠢ ᠬᠦᠭᠰᠡᠬᠦ ᠵᠢᠴᠢ ᠰᠢᠷᠤᠬᠦᠨ ᠬᠥᠳᠡᠯᠭᠡᠭᠡᠨ‌‍ᠬᠢᠪᠠᠯ ᠴᠦᠮ ᠰᠤᠳᠡᠯ ᠤᠨ ᠯᠤᠬᠰᠢᠯᠳᠠ ᠶᠢ ᠲᠦᠷᠭᠡᠨ ᠪᠦᠭᠡᠳ ᠬᠦᠴᠤᠳᠠᠢ ᠪᠤᠯᠭᠠᠵᠤ᠂ ᠰᠤᠳᠡᠯ ᠤᠨ ᠦᠨᠡᠨ ᠪᠠᠶᠢᠳᠠᠯ ᠢ ᠠᠮᠠᠷᠬᠠᠨ ᠬᠠᠯᠬᠠᠯᠠᠳᠠᠬ ᠶᠤᠮ᠃ ᠡᠶᠢᠮᠤ ᠡᠴᠠ‌ᠡᠪᠡᠳᠴᠢᠳᠠᠨ‌ᠡᠪᠡᠳᠴᠢᠨ‌ᠦᠵᠡᠬᠦᠯᠬᠦ ᠠᠴᠠ ᠡᠮᠤᠨ᠎ᠠ ᠰᠢᠷᠤᠬᠦᠨ ᠬᠥᠳᠡᠯᠭᠡᠭᠡᠨ ᠬᠢᠬᠦ ᠦᠭᠡᠢ ᠪᠤᠶᠤ ᠬᠡᠳᠤᠷᠭᠡᠢ ᠬᠥᠭᠰᠡᠬᠦ ᠦᠭᠡᠢ ᠪᠠᠶᠢᠪᠠᠯ ᠵᠤᠬᠢᠨ᠎ᠠ᠂ ᠰᠠᠶ᠋ᠢ ᠬᠥᠳᠡᠯᠭᠡᠭᠡᠨ‌‍ᠬᠢᠵᠤ ᠪᠠᠷᠠᠭᠰᠠᠨ ᠪᠤᠶᠤ ᠠᠰᠠᠷ ᠤᠨ ᠱᠠᠳᠤ ᠮᠠᠴᠤᠭᠰᠠᠨ ᠪᠠᠶᠢᠪᠠᠯ ᠵᠢᠭᠠᠬᠠᠨ ᠠᠮᠤᠰᠬᠢᠵᠤ ᠠᠪᠤᠭᠠᠳ‌‍ᠰᠤᠳᠡᠯ ‍ᠤᠨ‌ᠯᠤᠬᠰᠢᠯᠳᠠ ᠲᠤᠬᠳᠠᠭᠤᠨ ᠪᠤᠯᠤᠭᠰᠠᠨ ᠤ ᠲᠠᠷᠠᠭ᠎ᠠ ᠡᠮᠴᠢ ᠪᠠᠷ ᠰᠤᠳᠡᠯ ᠪᠠᠷᠢᠭᠤᠯᠪᠠᠯ ᠵᠤᠬᠢᠨ᠎ᠠ᠃                    5. ᠪᠡᠶ᠎ᠠ ᠪᠠᠷᠢᠬᠰᠠᠨ ᠬᠤᠪᠴᠡᠰᠤ ᠡᠮᠤᠰᠬᠦ ᠦᠭᠡᠢ᠃ ᠪᠡᠶ᠎ᠠ ᠶᠢᠨ ᠪᠠᠶᠢᠴᠠᠭᠠᠯᠳᠠ ᠬᠢᠬᠦ ᠪᠤᠯ ᠡᠮᠴᠢ ᠵᠢᠨ‌ᠡᠪᠡᠳᠴᠢᠨ ᠦᠵᠡᠬᠦ ᠦᠶ᠎ᠠ ᠶᠢᠨ ᠮᠠᠰᠢ ᠴᠢᠬᠤᠯᠠ ᠪᠠᠶᠢᠴᠠᠭᠠᠨ ᠤᠨᠤᠰᠢᠯᠠᠬᠤ ᠭᠤᠭᠴᠤᠭ᠎ᠠ ᠮᠦᠨ᠂ ᠪᠡᠶ᠎ᠠ ᠶᠢᠨ ᠨᠠᠷᠢᠨ ᠪᠠᠶᠢᠴᠠᠭᠠᠯᠳᠠ ᠨᠢ ᠡᠮᠴᠢ ᠶᠢᠨ ᠡᠪᠡᠳᠴᠢᠨ ᠤ ᠪᠠᠶᠢᠳᠠᠯ ᠢ ᠤᠨᠤᠪᠴᠢᠳᠠᠢ ᠦᠢᠯᠠᠭᠠᠬᠤ᠂ ᠡᠪᠡᠳᠴᠢᠨ ᠢ ᠵᠦᠪ ᠢᠶᠠᠷ ᠤᠨᠤᠰᠢᠯᠠᠬᠤ ᠳᠤ ᠴᠢᠬᠤᠯᠠ ᠦᠢᠯᠡᠳᠤᠯ ᠦᠵᠡᠬᠦᠯᠳᠡᠭ᠃ ᠬᠡᠷᠪᠡ ᠬᠡᠳᠤᠷᠭᠡᠢ ᠪᠡᠶ᠎ᠠ ᠪᠠᠷᠢᠬᠰᠠᠨ ᠬᠤᠪᠴᠠᠰᠤ ᠡᠮᠤᠰᠪᠠᠯ ᠵᠠᠷᠢᠮ ᠹᠢᠽᠢᠤᠯᠤᠬᠢ ᠶᠢᠨ ᠦᠢᠯᠳᠡ ᠪᠠ ᠡᠪᠡᠳᠴᠢᠨ ᠤ ᠵᠦᠢ ᠶᠢᠨ ᠦᠢᠯᠳᠡ ᠶᠢ ᠬᠠᠯᠬᠠᠯᠠᠵᠤ᠂ ᠡᠮᠴᠢ ᠵᠢᠨ‌ᠮᠠᠭᠠᠳᠯᠠᠯᠳᠠ ᠭᠠᠷᠭᠠᠬᠤ ᠳᠤ ᠠᠰᠢᠬ ᠦᠭᠡᠢ ᠪᠠᠶᠢᠳᠠᠭ᠃ ᠡᠶᠢᠮᠤ ᠠᠴᠠ᠂ ᠡᠮᠴᠢ ᠶᠢᠨ ᠬᠤᠯᠪᠤᠬᠳᠠᠯ ᠪᠦᠬᠦᠢ ᠪᠠᠶᠢᠴᠠᠭᠠᠯᠳᠠ ᠬᠢᠬᠦ ᠳᠤ ᠲᠦᠬᠦᠮ ᠪᠠᠶᠢᠯᠭᠠᠬᠤ ᠶᠢᠨ ᠲᠤᠯᠠᠳᠠ᠂ ᠡᠪᠡᠳᠴᠢᠳᠠᠨ ᠡᠪᠡᠳᠴᠢᠨ ᠦᠵᠡᠬᠦᠯᠬᠦ ᠳ᠋ᠡᠭᠡᠨ‌ᠠᠭᠤᠵᠢᠭᠤ ᠡᠯᠪᠡᠭ ᠬᠤᠪᠴᠠᠰᠤ ᠡᠮᠤᠰᠪᠠᠯ ᠵᠤᠬᠢᠨ᠎ᠠ᠃                6. ᠡᠪᠡᠳᠴᠢᠨ ᠤ ᠪᠠᠶᠢᠳᠠᠯ ᠢᠶᠠᠨ ᠨᠢᠭᠤᠬᠤ ᠦᠭᠡᠢ᠃ ᠠᠰᠠᠭᠤᠬᠤ ᠰᠢᠨᠵᠢᠯᠡᠭᠡ ᠪᠤᠯ ᠡᠮᠴᠢ ᠵᠢᠨ‌ᠡᠪᠡᠳᠴᠢᠨ ᠤᠨᠤᠰᠢᠯᠠᠬᠤ ᠦᠶ᠎ᠠ ᠳᠤ ᠪᠤᠷᠤ ᠮᠠᠲ᠋ᠧᠷᠢᠶᠠᠯ ᠤᠯᠬᠤ ᠴᠢᠬᠤᠯᠠ‌ᠠᠷᠭ᠎ᠠ ᠮᠦᠨ ᠪᠤᠯᠬᠤᠷ ᠡᠪᠡᠳᠴᠢᠳᠠᠨ ᠵᠠᠪᠠᠯ ᠡᠪᠡᠳᠴᠢᠨ ᠤ ᠪᠠᠶᠢᠳᠠᠯ ᠵᠶ᠋ᠠᠨ‌ᠡᠮᠴᠢ ᠳᠤ ᠦᠨᠡᠨ ᠮᠦᠨ ᠢᠶᠠᠷ ᠨᠢ ᠨᠠᠷᠢᠨ ᠨᠢᠮᠪᠠᠢ ᠲᠠᠨᠢᠯᠴᠠᠭᠤᠯᠬᠤ ᠪᠦᠭᠡᠳ‌ᠡᠮᠴᠢ ᠶᠢᠨ ᠠᠰᠠᠭᠤᠬᠰᠠᠨ ᠵᠦᠢᠯ ᠢ ᠲᠤᠳᠤᠷᠬᠠᠢ ᠬᠠᠷᠢᠭᠤᠯᠬᠤ ᠬᠡᠷᠡᠭᠳᠠᠢ᠂ ᠶᠠᠭᠠᠬᠢᠬᠰᠠᠨ ᠴᠤ ᠡᠪᠡᠳᠴᠢᠨ ᠤ ᠪᠠᠶᠢᠳᠠᠯ ᠢᠶᠠᠨ ᠨᠢᠭᠤᠵᠤ ᠪᠤᠯᠬᠤ ᠦᠭᠡᠢ᠃ ᠡᠮᠴᠢ‌‍ᠶᠢᠨ ᠠᠳᠡᠬᠦᠤ ᠤᠨᠤᠰᠢᠯᠠᠵᠤ ᠭᠡᠭᠡᠭᠳᠡᠬᠦᠯᠤᠨ ᠤᠨᠤᠰᠢᠯᠠᠬᠤ ᠶᠢᠨ ᠤᠯᠠᠮ ᠠᠴᠠ ᠡᠪᠡᠳᠴᠢᠨ ᠤ ᠪᠠᠶᠢᠳᠠᠯ ᠢ ᠰᠠᠭᠠᠳᠠᠭᠠᠬᠤ ᠠᠴᠠ ᠵᠠᠶᠢᠯᠠᠰᠬᠢᠬᠦ ᠶᠢᠨ ᠲᠤᠯᠠᠳᠠ᠂ ᠢᠯᠠᠩᠭᠤᠶ᠎ᠠ ᠡᠪᠡᠳᠴᠢᠨ‌ᠡᠮᠭᠡᠭ ᠤᠨ ᠤᠨᠤᠰᠢᠯᠠᠯᠳᠠ ᠶᠢ ᠨᠦᠯᠤᠭᠡᠯᠡᠵᠤ ᠮᠡᠳᠡᠬᠦ ᠲᠤᠰ ᠡᠪᠡᠳᠴᠢᠨ ᠲᠠᠢ ᠬᠤᠯᠪᠤᠬᠳᠠᠬᠤ ᠠᠰᠠᠭᠤᠳᠠᠯ ᠢ ᠬᠠᠷᠢᠭᠤᠯᠬᠤ ᠳᠠᠭᠠᠨ ᠵᠠᠪᠠᠯ ᠦᠨᠡᠨ ᠦᠭᠡ ᠭᠡᠯᠡᠬᠦ ᠬᠡᠷᠡᠭᠳᠠᠢ᠃                7. ᠡᠮᠴᠢ ᠪᠠᠨ ᠪᠠᠶᠢᠨ ᠲᠠᠬᠢᠨ ᠰᠤᠯᠢᠬᠤ ᠦᠭᠡᠢ᠃ ᠮᠠᠰᠢ ᠤᠯᠠᠨ ᠤᠳᠠᠭᠠᠨ ᠴᠢᠨᠠᠷᠳᠠᠢ ᠡᠪᠡᠳᠴᠢᠨ ᠤ ᠵᠠᠰᠠᠯᠭ᠎ᠠ ᠳᠤ ᠦᠢᠯᠡᠳᠤᠯ ᠨᠢ ᠵᠤᠬᠢᠬᠤ ᠬᠤᠭᠤᠴᠠᠭ᠎ᠠ ᠦᠡᠭᠭᠡᠷᠡᠪᠡᠯ ᠰᠠᠶ᠋ᠢ ᠢᠯᠡᠷᠡᠨ ᠭᠠᠷᠬᠤ ᠪᠦᠭᠡᠳ‌ᠡᠮᠨᠡᠬᠦ ᠬᠤᠭᠤᠴᠠᠭ᠎ᠠ ᠨᠢ ᠬᠠᠷᠢᠴᠠᠩᠭᠤᠢ ᠪᠠᠷ ᠤᠷᠳᠤ ᠪᠠᠶᠢᠳᠠᠬ᠃ ᠡᠶᠢᠮᠤ ᠠᠴᠠ ᠬᠡᠳᠤᠨ ᠵᠦᠢᠯ ᠤᠨ ᠡᠮ ‍ᠤᠨ‌ᠦᠢᠯᠡᠳᠤᠯ ᠨᠢ ᠢᠯᠡᠷᠭᠡᠢ ᠪᠢᠰᠢ ᠪᠠᠶᠢᠪᠠᠯ ᠲᠡᠷᠠ ᠲᠠᠷᠤᠢ ᠡᠮᠴᠢ ᠪᠠᠨ ᠰᠤᠯᠢᠵᠤ ᠪᠤᠯᠬᠤ ᠦᠭᠡᠢ᠃ ᠡᠬᠦᠨ ᠠᠴᠠ ᠭᠠᠳᠠᠨ᠎ᠠ᠂ ᠡᠮᠴᠢ ᠠᠴᠠ ᠡᠪᠡᠳᠴᠢᠳᠠᠨ ᠤ ᠡᠪᠡᠳᠴᠢᠨ ᠤ ᠪᠠᠶᠢᠳᠠᠯ ᠢ ᠪᠦᠬᠦ ᠲᠠᠯ᠎ᠠ ᠪᠠᠷ ᠤᠨᠤᠪᠴᠢᠳᠠᠢ ᠦᠢᠯᠠᠭᠠᠬᠤ ᠳᠤ ᠪᠠᠰᠠ ᠵᠤᠬᠢᠬᠤ ᠶᠠᠪᠤᠴᠠ ᠬᠡᠷᠡᠭᠰᠡᠨ᠎ᠠ᠂ ᠬᠠᠷᠢᠨ ᠡᠮᠴᠢ ᠪᠤᠯᠭᠠᠨ‌ᠡᠪᠡᠳᠴᠢᠳᠠᠨ ᠤ ᠡᠪᠡᠳᠴᠢᠨ ᠤ ᠪᠠᠶᠢᠳᠠᠯ ᠢ 5—6 ᠮᠢᠨᠦ᠋ᠲ ᠤᠨ ᠲᠤᠳᠤᠷ᠎ᠠ ᠪᠦᠷᠢᠮᠤᠰᠤᠨ‌ᠦᠢᠯᠠᠭᠠᠴᠢᠬᠠᠬᠤ ᠪᠢᠰᠢ ᠶᠤᠮ᠃ ᠡᠮᠴᠢ ᠪᠠᠨ ᠪᠠᠶᠢᠨ ᠲᠠᠬᠢᠨ ᠰᠤᠯᠢᠬᠤ ᠨᠢ ᠡᠮᠴᠢᠯᠡᠭᠡᠨ ᠤ ᠲᠠᠪᠬᠤᠷᠳᠠᠯ ᠪᠠ ᠰᠠᠭᠠᠳᠠᠭᠠᠯ ᠢ ᠪᠤᠢ ᠪᠤᠯᠭᠠᠬᠤ ᠯᠡ ᠲᠡᠳᠤᠢ ᠶᠤᠮ᠃                8. ᠲᠤᠷ᠎ᠠ ᠪᠠᠷ ᠢᠶᠠᠨ ᠡᠮ ᠬᠡᠷᠡᠭᠯᠡᠬᠦ ᠦᠭᠡᠢ᠃ ᠡᠪᠡᠳᠴᠢᠨ ᠡᠮᠭᠡᠭ ᠢ ᠤᠨᠤᠰᠢᠯᠠᠨ ᠵᠠᠰᠠᠬᠤ ᠶᠠᠪᠤᠴᠠ ᠳᠤ᠂ ᠡᠮᠴᠢ ᠠᠴᠠ ᠡᠪᠡᠳᠴᠢᠳᠠᠨ ᠤ ᠪᠤᠳᠠᠭᠠᠯᠢ ᠪᠡᠶ᠎ᠠ ᠶᠢᠨ ᠵᠦᠷᠢᠶ᠎ᠠ ᠶᠢ ᠮᠠᠰᠢ ᠴᠢᠬᠤᠯᠠᠴᠢᠯᠠᠳᠠᠭ᠂ ᠡᠪᠡᠳᠴᠢᠯᠡᠭᠰᠡᠨ ᠰᠢᠯᠳᠠᠭᠠᠨ᠂ ᠴᠠᠭ᠂ ᠭᠠᠵᠠᠷ᠂ ᠡᠪᠡᠳᠴᠢᠨ ᠤ ᠢᠯᠡᠷᠡᠯ ᠵᠡᠷᠭᠡ ᠶᠢᠨ ᠠᠳᠠᠯᠢ ᠪᠤᠰᠤ ᠠᠴᠠ ᠪᠤᠯᠵᠤ ᠡᠮᠨᠡᠨ ᠵᠠᠰᠠᠬᠤ ᠠᠷᠭ᠎ᠠ ᠪᠠ ᠡᠮ ᠨᠢ ᠴᠤ ᠠᠳᠠᠯᠢ ᠦᠭᠡᠢ ᠪᠠᠶᠢᠳᠠᠬ᠃ ᠵᠠᠷᠢᠮ ᠬᠥᠮᠤᠨ ᠡᠮ ᠤᠤᠭᠤᠭᠠᠳ ᠡᠪᠡᠳᠴᠢᠨ ᠨᠢ ᠰᠠᠶᠢᠨ ᠪᠤᠯᠪᠠᠯ ᠲᠠᠷᠠᠭ᠎ᠠ ᠤᠳᠠᠭ᠎ᠠ ᠠᠳᠠᠯᠢᠪᠳᠤᠷ ᠡᠪᠡᠳᠴᠢᠨ ᠳᠤ ᠬᠡᠷᠡᠭᠯᠡᠬᠦ ᠶᠢᠨ ᠲᠦᠬᠦᠮ ᠢ ᠪᠤᠳᠤᠵᠤ ᠡᠮ ᠤᠨ ᠨᠠᠷ᠎ᠠ ᠪᠤᠶᠤ ᠵᠤᠷ ᠢ ᠨᠢ ᠲᠡᠮᠳᠡᠭᠯᠡᠨ ᠠᠪᠳᠠᠭ᠃ ᠡᠰᠡᠬᠦᠯ᠎ᠠ ᠪᠤᠰᠤᠳ ᠤᠨ ᠡᠪᠡᠳᠴᠢᠨ ᠤ ᠢᠯᠡᠷᠡᠯ ᠨᠢ ᠦᠪᠡᠷ ᠤᠨ ᠡᠪᠡᠳᠴᠢᠨ ᠤ ᠢᠯᠡᠷᠡᠯ ᠲᠠᠢ ᠠᠳᠠᠯᠢᠪᠳᠤᠷ ᠪᠠᠶᠢᠪᠠᠯ᠂ ᠪᠤᠰᠤᠳ ᠤᠨ ᠵᠤᠷ ᠢᠶᠠᠷ ᠡᠮ ᠠᠪᠴᠤ ᠤᠤᠭᠤᠳᠠᠬ᠃ ᠢᠡᠭᠬᠢᠵᠤ ᠬᠢᠬᠦ ᠨᠢ ᠴᠦᠮ ᠪᠤᠷᠤᠭᠤ ᠶᠤᠮ᠂ ᠴᠢᠨᠠᠭᠰᠢᠯᠠᠪᠠᠯ ᠮᠠᠰᠢ ᠠᠶᠤᠯᠳᠠᠢ ᠪᠠᠶᠢᠳᠠᠬ᠃                9. ᠡᠪᠡᠳᠴᠢᠨ ᠤ ᠲᠡᠩᠰᠠ ᠮᠠᠲ᠋ᠧᠷᠢᠶᠠᠯ ᠢᠶᠠᠨ ᠠᠪᠴᠤ ᠤᠴᠢᠬᠤ ᠪᠠᠨ ᠪᠢᠳᠡᠭᠡᠢ ᠮᠠᠷᠳᠠᠭᠠᠷᠠᠢ᠃ ᠡᠪᠡᠳᠴᠢᠨ ᠦᠵᠡᠬᠦᠯᠬᠦ ᠪᠤᠯᠭᠠᠨ ᠡᠮᠴᠢ ᠴᠦᠮ ᠡᠪᠡᠳᠴᠢᠨ ᠡᠮᠭᠡᠭ ᠤᠨ ᠲᠤᠬᠠᠢ ᠤᠨᠤᠰᠢᠯᠠᠬᠰᠠᠨ ᠪᠠ ᠰᠢᠢᠳᠪᠤᠷᠢᠯᠡᠭᠰᠡᠨ ᠰᠠᠨᠠᠯ ᠭᠠᠷᠭᠠᠳᠠᠭ᠂ ᠡᠬᠦᠨ ᠠᠴᠠ ᠭᠠᠳᠠᠨ᠎ᠠ ᠪᠠᠰᠠ ᠪᠠᠶᠢᠴᠠᠭᠠᠯᠳᠠ ᠪᠠ ᠬᠢᠮᠢ ᠶᠢᠨ ᠵᠠᠳᠠᠯᠤᠯᠳᠡ ᠵᠢᠨ‌ᠦᠷ᠎ᠠ ᠳ᠋ᠦᠩ ᠪᠠᠶᠢᠳᠠᠬ᠃ ᠡᠳᠡᠭᠡᠷ ᠮᠠᠲ᠋ᠧᠷᠢᠶᠠᠯ ᠨᠢ ᠴᠦᠮ ᠮᠠᠰᠢ ᠴᠢᠬᠤᠯᠠ ᠪᠠᠶᠢᠵᠤ᠂ ᠡᠮᠴᠢ ᠶᠢᠨ ᠲᠠᠷᠠᠭ᠎ᠠ ᠤᠳᠠᠭ᠎ᠠ ᠡᠪᠡᠳᠴᠢᠨ ᠦᠵᠡᠬᠦ ᠳᠤᠨᠢ ᠯᠠᠪᠯᠠᠯᠳᠠ ᠪᠤᠯᠳᠠᠬ᠃ ᠡᠶᠢᠮᠤ ᠠᠴᠠ ᠡᠪᠡᠳᠴᠢᠨ ᠦᠵᠡᠬᠦᠯᠬᠦ ᠪᠦᠷᠢ ᠪᠠᠶᠢᠳᠠᠭ ᠡᠪᠡᠳᠴᠢᠨ ᠤ ᠲᠡᠩᠰᠠ ᠮᠠᠲ᠋ᠧᠷᠢᠶᠠᠯ ᠢᠯᠠᠩᠭᠤᠶ᠎ᠠ ᠴᠢᠬᠤᠯᠠ ᠪᠠᠶᠢᠴᠠᠭᠠᠯᠳᠠ ᠶᠢᠨ ᠦᠷ᠎ᠠ ᠳ᠋ᠦᠩ ᠢᠶᠠᠨ ᠠᠪᠴᠤ ᠤᠴᠢᠬᠤ ᠡᠪᠡᠳᠴᠢᠳᠡᠨ ᠳᠤ ᠰᠠᠨᠠᠭᠤᠯᠤᠶ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号