ᠤᠷᠳᠤ ᠨᠠᠰᠤᠯᠠᠬᠤ ᠶᠢᠨ ᠵᠢᠷᠭᠤᠭᠠᠨ ᠤᠨᠴᠠᠯᠢᠬ
ᠨᠡᠶᠢᠲᠡᠯᠡᠭᠰᠡᠨ ᠴᠠᠭ᠄
2018-04-02
     ᠠᠮᠧᠷᠢᠺᠠ ᠶᠢᠨ ︽ᠰᠡᠷᠭᠡᠶᠢᠯᠡᠯᠳᠡ︾ ᠰᠡᠳᠬᠦᠯ ᠤᠢᠢᠷ᠎ᠠ ᠳᠤ ᠭᠤᠸ᠎ᠠ ᠦᠵᠡᠰᠬᠦᠯᠡᠩ ᠤᠷᠳᠤ ᠨᠠᠰᠤᠯᠠᠳᠠᠭ ᠤᠨᠴᠠᠯᠢᠬ ᠤᠳ ᠢ ᠵᠢᠬᠰᠠᠭᠠᠬᠰᠠᠨ ᠪᠠᠶᠢᠨ᠎ᠠ᠃            ᠦᠪᠡᠷ ᠢ ᠪᠠᠨ ᠪᠤᠳᠠᠳᠠᠢ ᠨᠠᠰᠤᠨ ᠠᠴᠠ ᠪᠠᠨ ᠵᠠᠯᠠᠭᠤ ᠭᠡᠵᠦ ᠪᠤᠳᠤᠳᠠᠭ᠃ ᠠᠮᠧᠷᠢᠺᠠ ᠶᠢᠨ ᠨᠢᠭᠡᠨ ᠰᠤᠳᠤᠯᠭᠠᠨ ᠳᠤ ᠬᠠᠷᠠᠭᠤᠯᠤᠭᠰᠠᠨ ᠢᠶᠠᠷ᠂ ᠨᠠᠰᠤᠲᠠᠶᠢᠴᠤᠳ‌ᠦᠪᠡᠷ ᠢ ᠪᠠᠨ ᠪᠤᠳᠠᠳᠠᠢ ᠨᠠᠰᠤᠨ ᠠᠴᠠ ᠪᠠᠨ ᠬᠤᠯᠠ ᠵᠠᠯᠠᠭᠤ ᠭᠡᠵᠦ ᠦᠵᠡᠳᠡᠭ᠂ ᠲᠤᠬᠠᠶᠢᠯᠠᠪᠠᠯ70 ᠬᠦᠷᠦᠭᠰᠡᠨ‌ᠨᠠᠰᠤᠲᠠᠶᠢᠴᠤᠳ‌ᠦᠪᠡᠷ ᠢ ᠪᠠᠨ ᠵᠢᠷᠠᠭᠠᠳ ᠨᠠᠰᠤᠳᠠᠢ ᠯᠠ ᠭᠡᠵᠦ ᠪᠤᠳᠤᠳᠠᠭ᠃             ᠪᠠᠶᠠᠷ ᠬᠦᠷ ᠲᠠᠢ᠂ ᠨᠠᠶᠢᠵᠡ ᠤᠯᠠᠨ᠃ ᠠᠦ᠋ᠰᠲᠷᠠᠯᠢᠶ᠎ᠠ ᠶᠢᠨ ᠰᠤᠳᠤᠯᠭᠠᠨ ᠳᠤ ᠬᠠᠷᠠᠭᠤᠯᠤᠭᠰᠠᠨ ᠢᠶᠠᠷ᠂ ᠨᠠᠶᠢᠵᠠ ᠤᠯᠠᠨ ᠬᠦᠮᠦᠨ ᠤᠷᠳᠤ ᠨᠠᠰᠤᠯᠠᠨ᠎ᠠ᠃ 5 ᠠᠴᠠ ᠲᠡᠭᠡᠭᠰᠢ ᠨᠠᠶᠢᠵᠡ ᠲᠠᠢ‌‍ᠪᠠᠨ ᠳᠤᠳᠤᠨᠤ ᠬᠠᠷᠢᠴᠠᠭ᠎ᠠ ᠲᠠᠢ ᠪᠠᠶᠢᠳᠠᠭ ᠨᠠᠰᠤᠲᠠᠶᠢᠴᠤᠳ ᠬᠠᠷᠢᠴᠠᠩᠭᠤᠢ ᠪᠠᠷ ᠨᠠᠶᠢᠵᠡ ᠴᠦᠭᠡᠨ ᠨᠠᠰᠤᠳᠠᠶᠢᠴᠤᠤᠯ ᠡᠴᠠ‌ᠠᠳᠡᠬᠦ ᠨᠤᠷᠮ᠎ᠠ ᠨᠢ 22% ᠳᠤᠤᠷ᠎ᠠ ᠪᠠᠶᠢᠳᠠᠭ᠃ ᠡᠨᠡ ᠪᠤᠯ ᠨᠠᠶᠢᠵᠡ ᠨᠦᠬᠦᠳ ᠬᠤᠭᠤᠷᠤᠨᠳᠤ ᠪᠠᠨ ᠬᠠᠷᠢᠯᠴᠠᠨ ᠰᠡᠳᠬᠢᠯ ᠤᠨ ᠲᠠᠷᠤᠭᠠᠰᠦ ᠪᠠᠨ ᠭᠥᠩᠭᠡᠷᠡᠭᠦᠯᠬᠦ ᠶᠢᠨ ᠵᠡᠷᠭᠡᠴᠡᠭᠡ ᠬᠦᠴᠢᠷᠲᠡᠯ ᠢᠶᠠᠨ ᠰᠢᠢᠳᠪᠦᠷᠢᠯᠡᠨ᠂ ᠬᠠᠷᠢᠯᠴᠠᠨ ᠵᠤᠷᠢᠬᠵᠢᠭᠤᠯᠵᠤ᠂ ᠡᠷᠡᠬᠦᠯ ᠴᠢᠬᠢᠷᠠᠭ ᠠᠮᠢᠳᠤᠷᠠᠯ ᠤᠨ ᠳᠠᠳᠬᠠᠯ ᠲᠠᠢ ᠪᠠᠶᠢᠬᠤ ᠳᠤ ᠨᠢ ᠬᠢᠨᠠᠯᠳᠠ ᠳᠠᠯᠪᠢᠳᠠᠭ ᠠᠴᠠ ᠪᠤᠯᠤᠬᠰᠠᠨ ᠶᠤᠮ᠃           ᠪᠡᠯᠭᠡᠬᠦᠰᠦ ᠨᠠᠷᠢᠨ᠃ ᠶᠤᠯᠬᠤᠢᠢᠬᠰᠠᠨ ᠭᠡᠳᠡᠰᠦ ᠲᠠᠢ ᠬᠦᠮᠦᠰ ᠴᠢᠰᠤᠨ ᠳᠠᠷᠤᠯᠳᠠ ᠦᠨᠳᠦᠷᠵᠢᠬᠦ᠂ ᠵᠢᠷᠦᠭᠡ ᠪᠠᠵᠠᠯᠠᠬᠤ᠂ ᠵᠢᠷᠦᠭᠡᠨ ᠤ ᠪᠤᠯᠴᠢᠩ ᠲᠦᠭᠵᠢᠷᠡᠬᠦ᠂ ᠰᠢᠬᠢᠷ ᠰᠢᠵᠢᠩ ᠡᠪᠡᠳᠴᠢᠨ ᠵᠡᠷᠭᠡ ᠡᠪᠡᠳᠴᠢᠨ ᠳᠤ ᠠᠮᠠᠷᠬᠠᠨ ᠨᠡᠷᠪᠡᠭᠳᠡᠳᠡᠭ᠃ᠠᠮᠧᠷᠢᠺᠠ ᠶᠢᠨ ᠦᠳᠡᠯᠬᠦ ᠶᠢ ᠰᠤᠳᠤᠯᠬᠤ ᠭᠠᠵᠠᠷ ᠤᠨ ᠰᠤᠳᠤᠯᠭᠠᠨ ᠳᠤ ᠬᠠᠷᠠᠭᠤᠯᠤᠭᠰᠠᠨ ᠢᠶᠠᠷ᠂ ᠪᠡᠯᠭᠡᠬᠦᠰᠦ ᠪᠠᠷ ᠢᠶᠠᠨ ᠪᠦᠳᠦᠬᠦᠨ ᠡᠮᠡᠭᠲᠡᠶᠢᠴᠤᠳ ‍ᠤᠨ‌ᠠᠳᠡᠬᠦ ᠨᠤᠷᠮ᠎ᠠ ᠨᠢ ᠡᠩ ᠤᠨ ᠬᠦᠮᠦᠰ ᠠᠴᠠ 20% ᠦᠨᠳᠦᠷ ᠃ ᠡᠶᠢᠮᠦ ᠠᠴᠠ ᠡᠷᠡᠭᠲᠠᠶᠢᠴᠤᠳ ᠪᠡᠯᠭᠡᠬᠦᠰᠦ ᠪᠠᠨ 90ᠰᠠᠨᠲ᠋ᠢᠮᠧᠲᠷ᠂ ᠡᠮᠡᠭᠲᠡᠶᠢᠴᠤᠳ85 ᠰᠠᠨᠲ᠋ᠢᠮᠧᠲᠷ ᠠᠴᠠ ᠳᠠᠪᠠᠭᠤᠯᠬᠤ ᠦᠭᠡᠢ ᠪᠠᠶᠢᠪᠠᠯ ᠰᠠᠶᠢᠨ᠃                       ᠬᠤᠷᠬᠢᠷᠠᠳᠠᠭ ᠦᠭᠡᠢ᠃18 ᠵᠢᠯ ᠦᠷᠬᠦᠯᠵᠢᠯᠡᠭᠰᠡᠨ ᠨᠢᠭᠡᠨ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠤᠨᠳᠠᠭᠠᠳ ᠬᠤᠷᠬᠢᠷᠠᠳᠠᠭ ᠦᠭᠡᠢ ᠬᠦᠮᠦᠨ‌ᠨᠠᠩ ᠤᠷᠳᠤ ᠨᠠᠰᠤᠯᠠᠨ᠎ᠠ᠃ ᠬᠤᠷᠬᠢᠷᠠᠬᠤ ᠨᠢ ᠴᠢᠰᠤᠨ ᠳᠠᠷᠤᠯᠳᠠ ᠦᠨᠳᠦᠷ᠂ ᠰᠢᠬᠢᠷ ᠰᠢᠵᠢᠩ ᠡᠪᠡᠳᠴᠢᠨ᠂ ᠵᠢᠷᠦᠭᠡᠨ ᠪᠤᠯᠴᠢᠩ ‍ᠤᠨ‌‍ᠲ᠋ᠦ᠋ᠭᠵᠢᠷᠡᠯ ᠵᠡᠷᠭᠡ ᠡᠪᠡᠳᠴᠢᠨ‌ᠡᠭᠦᠰᠭᠡᠲᠡᠭ᠃           ᠦᠭᠡᠬᠦ ᠳᠤᠰᠤ ᠪᠠᠭ᠎ᠠ ᠢᠳᠡᠳᠡᠭ᠃ ᠰᠤᠳᠤᠯᠭᠠᠨ ᠳᠤ ᠢᠯᠡᠷᠡᠬᠦᠯᠦᠭᠰᠡᠨ ᠢᠶᠠᠷ᠂ ᠤᠷᠳᠤ ᠨᠠᠰᠤᠯᠠᠭᠰᠠᠳ ᠤᠯᠠᠨ ᠪᠠᠶᠢᠳᠠᠭ ᠭᠠᠵᠠᠷ ᠤᠨ ᠤᠯᠠᠩᠬᠢ ᠨᠠᠰᠤᠲᠠᠶᠢᠴᠤᠳ ᠦᠭᠡᠬᠦ ᠳᠤᠰᠤ ᠪᠠᠭ᠎ᠠ ᠢᠳᠡᠳᠡᠭ ᠪᠦᠬᠡᠳ 90% ᠶᠢᠨ ᠬᠦᠮᠦᠰ ᠴᠦᠮ ᠡᠳᠦᠷ ᠪᠦᠷᠢ ᠬᠦᠨᠡᠰᠦᠨ ᠤ ᠨᠤᠭᠤᠭ᠎ᠠ ᠢᠯᠡᠬᠦᠦ ᠢᠳᠡᠳᠡᠭ᠃ ᠤᠴᠢᠷ ᠨᠢ ᠵᠢᠷᠦᠭᠡ ᠴᠢᠰᠤᠨ‌‍ᠰᠤᠳᠠᠯ ᠤᠨ ᠡᠪᠡᠳᠴᠢᠨ ᠳᠤ ᠰᠢᠬᠢᠷ ᠰᠢᠵᠢᠩ ᠡᠪᠡᠳᠴᠢᠨ ᠳᠠᠪᠬᠤᠴᠠᠬᠤ ᠨᠢ ᠤᠯᠠᠩᠬᠢ ᠳᠠᠭᠠᠨ ᠵᠣᠬᠢᠰ ᠦᠬᠡᠢ ᠠᠮᠢᠳᠤᠷᠠᠯ ᠤᠨ ᠳᠠᠳᠬᠠᠯ ᠠᠴᠠ ᠪᠤᠯᠳᠠᠭ ᠪᠠᠶᠢᠨ᠎ᠠ᠃             ᠨᠦᠢᠷ ᠰᠠᠶᠢᠨ᠃ ᠡᠳᠦᠷ ᠪᠦᠷᠢ 8 ᠴᠠᠭ ᠤᠨᠳᠠᠳᠠᠭ ᠬᠦᠮᠦᠰ ᠲᠠᠢ ᠬᠠᠷᠢᠴᠠᠭᠤᠯᠪᠠᠯ 4 ᠴᠠᠭ ᠯᠠ ᠤᠨᠳᠠᠳᠠᠭ ᠬᠦᠮᠦᠰ ᠭᠡᠳᠡᠰᠦ ᠪᠠ ᠬᠦᠬᠦᠨ ᠤ ᠪᠤᠯᠴᠢᠷᠬᠠᠢ ᠶᠢᠨ ᠦᠮᠡᠨ ᠳᠤ ᠨᠠᠩ ᠬᠢᠯᠪᠠᠷᠬᠠᠨ ᠨᠡᠷᠪᠡᠭᠳᠡᠨ᠎ᠠ᠃ ᠤᠨᠳᠠᠬᠤ ᠠᠴᠠ ᠪᠠᠨ ᠡᠮᠦᠨ᠎ᠡ ᠬᠦᠯ ᠵᠶ᠋ᠠᠨ‌ᠤᠬᠢᠶᠠᠬᠤ ᠪᠤᠯ ᠶᠠᠳᠠᠷᠠᠭ᠎ᠠ ᠳᠠᠶᠢᠯᠵᠤ ᠰᠠᠶᠢᠨ ᠤᠨᠳᠠᠬᠤ ᠡᠷᠡᠬᠦᠯ ᠬᠢᠳᠠᠯ ᠭᠡᠯᠳᠡᠢ᠃     
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号