| ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ︽ᠳᠠᠷᠬᠠᠨ | ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠪᠠᠴᠢᠮ | ᠠᠪᠤᠷᠠᠯᠲᠡ ᠶᠢᠨ ᠲᠦᠰᠦᠯ ︵ᠵᠠᠰᠠᠯᠲᠡ ᠤᠷᠤᠭᠤᠯᠤᠭᠰᠠᠨ︶︾ ᠢ ᠬᠡᠪᠯᠡᠨ ᠳᠠᠷᠬᠠᠭᠠᠬᠤ ᠮᠡᠳᠡᠭᠳᠡᠯ | ᠳᠠᠷᠬᠠᠨ ᠮᠤᠤᠮᠢᠩᠭᠠᠨ ᠵᠠᠰᠠᠭ ᠠᠯᠪᠠᠨ ᠲᠠᠷᠬᠠᠭᠠᠭᠰᠡᠨ ﹇2018﹈1 ᠳ᠋ᠤᠭᠠᠷ ᠲᠤᠭᠠᠲᠤ | | ᠡᠯ᠎ᠡ ᠰᠤᠮᠤ ᠰᠢᠶᠡᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠪᠠᠷᠠᠭᠤᠨ ᠠᠵᠤ ᠦᠢᠯᠡᠳᠪᠦᠷᠢ ᠶᠢᠨ | ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠤᠰᠢᠭᠤᠨ ᠤ ᠰᠢᠭᠤᠳ ᠬᠠᠷᠢᠶ᠎ᠡ ᠡᠯ᠎ᠡ ᠪᠠᠶᠢᠭᠤᠯᠭ᠎ᠠ ᠨᠢᠭᠡᠴᠡ᠂ | ᠡᠯ᠎ᠡ ᠠᠵᠤ ᠠᠬᠤᠢ ᠠᠵᠢᠯ ᠦᠢᠯᠡᠰ ᠤᠨ ᠪᠠᠶᠢᠭᠤᠯᠭ᠎ᠠ᠄ | ᠬᠤᠰᠢᠭᠤ ᠠᠷᠠᠳ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ᠂ ︽ᠳᠠᠷᠬᠠᠨ ᠮᠤᠤᠮᠢᠩᠭᠠᠨ | ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠪᠠᠴᠢᠮ ᠠᠪᠤᠷᠠᠯᠲᠡ ᠶᠢᠨ | ᠲᠦᠰᠦᠯ ︵ᠵᠠᠰᠠᠯᠲᠡ ᠤᠷᠤᠭᠤᠯᠤᠭᠰᠠᠨ︶︾ ᠢ ᠬᠡᠪᠯᠡᠨ ᠳᠠᠷᠬᠠᠭᠠᠪᠠ᠂ ᠪᠤᠳᠠᠳᠤ ᠪᠠᠶᠢᠳᠠᠯ ᠢᠶᠠᠨ ᠦᠨᠳᠦᠰᠦᠯᠡᠨ | ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠤᠨᠴᠠᠭᠠᠶᠢᠯᠠᠨ ᠮᠡᠳᠡᠭᠳᠡᠶ᠎ᠡ᠃ | ᠳᠠᠭᠠᠯᠲᠡ ᠮᠠᠲ᠋ᠧᠷᠢᠶᠡᠯ᠄1. ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠤᠨᠲᠠᠷᠠᠭᠠᠬᠤ ᠪᠠᠴᠢᠮ ᠠᠪᠤᠷᠠᠯᠲᠡ ᠶᠢᠨ ᠲᠦᠰᠦᠯ | 2.ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠲᠡᠰ ᠬᠤᠪᠢᠶᠠᠷᠢᠯᠠᠯᠲᠡ ᠶᠢᠨ ᠪᠠᠷᠢᠮᠵᠢᠶ᠎ᠡ | 3. ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ | ᠵᠢᠯᠤᠭᠤᠳᠬᠤ ᠦᠷᠲᠡᠭᠡᠨ ᠤ ᠵᠤᠬᠢᠶᠠᠨ ᠪᠠᠶᠢᠭᠤᠯᠤᠯᠲᠡ ᠶᠢᠨ ᠪᠦᠲᠦᠴᠡ ᠶᠢᠨ ᠵᠢᠷᠤᠭ | 4. ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨᠲᠠᠷᠠᠭᠠᠬᠤ ᠤᠳᠤᠷᠢᠳᠬᠤ ᠪᠠᠭ᠎ᠠ ᠳᠤᠭᠤᠶᠢᠯᠠᠩ ᠤᠨ ᠨᠡᠷᠡᠰ | 5. ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠠᠴᠠ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠶᠢᠨ ᠵᠢᠷᠤᠭ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2018 ᠤᠨ ᠤ 1 ᠰᠠᠷ᠎ᠠ ᠶᠢᠨ 8 ᠤ ᠡᠳᠤᠷ | ᠳᠠᠭᠠᠯᠲᠡ ᠮᠠᠲ᠋ᠧᠷᠢᠶᠡᠯ 1᠄ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨᠲᠠᠷᠠᠭᠠᠬᠤ ᠪᠠᠴᠢᠮ ᠠᠪᠤᠷᠠᠯᠲᠡ ᠶᠢᠨ ᠲᠦᠰᠦᠯ | ᠭᠠᠷᠴᠠᠭ | ᠶᠡᠷᠦᠩᠬᠡᠢ ᠳᠦᠷᠢᠮ—————————— — — 1 | ᠵᠤᠬᠢᠶᠠᠨ ᠪᠠᠶᠢᠭᠤᠯᠤᠯᠲᠡ ᠵᠢᠯᠤᠭᠤᠳᠬᠤ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ —3 | ᠤᠷᠢᠳᠴᠢᠯᠠᠭᠰᠠᠨ ᠰᠡᠷᠡᠮᠵᠢᠯᠡᠭᠦᠯᠦᠯ ᠵᠢᠴᠢ ᠰᠤᠷᠠᠭ ᠴᠢᠮᠡᠭᠡᠨ ᠤ ᠮᠡᠳᠡᠭᠦᠯᠦᠯᠲᠡ— 4 | ᠪᠠᠴᠢᠮ ᠠᠪᠤᠷᠠᠯᠲᠡ ᠳᠤ ᠤᠷᠤᠯᠴᠠᠬᠤ — — — — — — — — — — 5 | ᠶᠡᠷᠦᠩᠬᠡᠢ ᠪᠠᠲᠤᠯᠠᠭ᠎ᠠ — — — — — — — — — — — — — — 7 | ᠰᠡᠭᠦᠯᠴᠢ ᠶᠢᠨ ᠤᠴᠢᠷ ᠢ ᠰᠢᠢᠳᠪᠦᠷᠢᠯᠡᠬᠦ — — — —— — — — — 9 | ᠤᠬᠠᠭᠤᠯᠭ᠎ᠠ᠂ ᠪᠤᠯᠪᠠᠰᠤᠷᠠᠯ ᠪᠤᠯᠤᠨ ᠰᠤᠷᠢᠯᠲᠡ ᠰᠡᠷᠭᠡᠶᠢᠯᠡᠯᠲᠡ — — —— 10 | ᠳᠠᠭᠠᠯᠲᠡ ᠳᠦᠷᠢᠮ — — —— — — — — — — — — — — —10 | ᠨᠢᠭᠡᠳᠦᠭᠡᠷ ᠪᠦᠯᠦᠭ ᠶᠡᠷᠦᠩᠬᠡᠢ ᠳᠦᠷᠢᠮ | 1.1 ᠲᠦᠰᠦᠯ ᠢ ᠨᠠᠶᠢᠷᠠᠭᠤᠯᠤᠭᠰᠠᠨ ᠬᠠᠷᠠᠯᠲᠡ | ᠲᠠᠯ᠎ᠠ ᠨᠤᠲᠤᠭ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ᠂ ᠲᠦᠢᠮᠡᠷ ᠢ ᠪᠦᠲᠦᠮᠵᠢᠲᠡᠢ ᠤᠷᠢᠳᠴᠢᠯᠡᠨ ᠰᠡᠷᠭᠡᠶᠢᠯᠡᠵᠤ ᠤᠢ ᠰᠢᠭᠤᠢ ᠨᠤᠲᠤᠭ ᠪᠡᠯᠴᠢᠭᠡᠷ | ᠤᠨ ᠲᠦᠢᠮᠡᠷ ᠢ ᠤᠨᠲᠠᠷᠠᠭᠠᠨ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠤᠯᠤᠰ ᠠᠷᠠᠳ ᠤᠨ ᠠᠮᠢ ᠨᠠᠰᠤ | ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠬᠤ ᠶᠢᠨ ᠲᠦᠯᠦᠭᠡ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ | ᠪᠠᠨ ᠤᠶᠠᠯᠳᠤᠭᠤᠯᠤᠨ ᠲᠤᠰ ᠲᠦᠰᠦᠯ ᠢ ᠲᠤᠭᠲᠠᠭᠠᠪᠠ᠃ | 1.2 ᠲᠦᠰᠦᠯ ᠢ ᠲᠤᠭᠲᠠᠭᠠᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾ ︽ᠤᠢ ᠰᠢᠭᠤᠢ | ᠶᠢᠨ ᠲᠦᠢᠮᠡᠷ ᠢ ᠰᠡᠷᠭᠡᠶᠢᠯᠡᠬᠦ ᠳᠦᠷᠢᠮ︾ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠳᠦᠷᠢᠮ︾ ︽ᠪᠤᠭᠤᠲᠤ ᠬᠤᠲᠠ ᠶᠢᠨ ᠤᠢ ᠮᠤᠳᠤ ᠶᠢ | ᠬᠠᠮᠠᠭᠠᠯᠠᠬᠤ ᠬᠠᠮᠢᠶᠠᠷᠤᠯᠲᠡ ᠶᠢᠨ ᠠᠷᠭ᠎ᠠ︾ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠪᠠ | ᠮᠠᠲ᠋ᠧᠷᠢᠶᠡᠯ ᠢ ᠦᠨᠳᠦᠰᠦᠯᠡᠨ ᠲᠤᠭᠲᠠᠭᠠᠪᠠ᠃ | 1.3 ᠬᠡᠷᠡᠭᠵᠢᠭᠦᠯᠬᠦ ᠬᠦᠷᠢᠶ᠎ᠡ ᠬᠡᠪᠴᠢᠶ᠎ᠡ | ᠮᠠᠨ ᠤ ᠬᠤᠰᠢᠭᠤᠨ ᠳᠤ ᠡᠭᠦᠰᠦᠭᠰᠡᠨ ᠪᠠ ᠡᠭᠦᠰᠴᠤ ᠮᠡᠳᠡᠬᠦ ᠡᠩ ᠤᠨ᠂ ᠬᠦᠨᠲᠦ ᠨᠤᠴᠢᠲᠡᠢ᠂ ᠤᠨᠴᠠ | ᠨᠤᠴᠢᠲᠡᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠠᠶᠤᠯ ᠳᠤ ᠲᠤᠰ ᠲᠦᠰᠦᠯ ᠢ ᠬᠡᠷᠡᠭᠵᠢᠭᠦᠯᠦᠨ᠎ᠡ᠃ | 1.4 ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ | ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠡ ᠶᠢᠨ ᠲᠤᠬᠠᠢ ᠰᠢᠷᠢᠰ ᠶᠠᠷᠢᠶᠠᠨ ᠤ ᠵᠤᠷᠢᠭ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠤ᠂ ︽ᠰᠡᠷᠬᠡᠶᠢᠯᠡᠬᠦ ᠪᠠᠷ ᠭᠤᠤᠯ ᠪᠤᠯᠭᠠᠵᠤ᠂ ᠢᠲᠡᠪᠬᠢᠲᠡᠢ ᠠᠷᠢᠯᠭᠠᠵᠤ᠂ ᠰᠡᠷᠭᠡᠶᠢᠯᠡᠬᠦ | ᠤᠨᠲᠠᠷᠠᠭᠠᠬᠤ ᠶᠢ ᠤᠶᠠᠯᠳᠤᠭᠤᠯᠬᠤ︾ ᠪᠠᠷ ᠭᠤᠤᠯ ᠴᠢᠭᠯᠡᠯᠲᠡ ᠪᠤᠯᠭᠠᠬᠤ ᠶᠢ ᠨᠠᠷᠢᠨ ᠬᠢᠨᠠᠮᠠᠭᠠᠢ ᠲᠤᠤᠱᠯᠠᠭᠤᠯᠵᠤ᠂ | ᠤᠷᠢᠳᠴᠢᠯᠠᠨ ᠰᠡᠷᠭᠡᠶᠢᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠭᠠᠯ ᠤᠨᠲᠠᠷᠠᠭᠠᠬᠤ | ᠠᠪᠤᠷᠠᠯᠲᠡ ᠶᠢᠨ ᠡᠯ᠎ᠡ ᠵᠦᠢᠯ ᠤᠨ ᠪᠡᠯᠡᠳᠭᠡᠯ ᠠᠵᠢᠯ ᠢ ᠰᠠᠶᠢᠲᠤᠷ ᠬᠢᠨ᠎ᠡ᠃ | 1.5 ᠠᠵᠢᠯ ᠤᠨ ᠵᠠᠷᠴᠢᠮ | ︵ᠨᠢᠭᠡ︶ ᠱᠠᠲᠤ ᠬᠤᠪᠢᠶᠠᠨ ᠬᠠᠷᠢᠭᠤᠴᠠᠵᠤ᠂ ᠠᠮᠤᠷ ᠲᠦᠪᠰᠢᠨ ᠢ ᠪᠠᠲᠤᠯᠠᠨ᠎ᠠ᠃ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠳᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠡᠭᠦᠰᠪᠡᠯ | ᠵᠠᠰᠠᠭ ᠵᠠᠬᠢᠷᠭᠠᠨ ᠤ ᠬᠠᠮᠢᠶᠠᠷᠤᠯᠲᠡ ᠶᠢᠨ ᠬᠡᠪᠴᠢᠶᠡᠨ ᠳᠠᠬᠢ ᠬᠤᠰᠢᠭᠤ ᠠᠷᠠᠳ ᠤᠨ ᠵᠠᠰᠠᠭ ᠤᠨ ᠤᠷᠳᠤᠨ ᠪᠤᠯᠤᠨ | ᠬᠡᠰᠢᠭᠦᠨ ᠪᠠᠶᠢᠭᠤᠯᠭ᠎ᠠ ᠨᠢᠭᠡᠴᠡ ᠠᠴᠠ ᠲᠦᠢᠮᠡᠷ ᠤᠨᠲᠠᠷᠠᠭᠠᠬᠤ ᠠᠵᠢᠯ ᠳᠤ ᠢᠲᠡᠪᠬᠢᠲᠡᠢ ᠤᠷᠤᠯᠴᠠᠵᠤ᠂ ᠲᠦᠢᠮᠡᠷ | ᠠᠴᠠ ᠪᠤᠯᠤᠭᠰᠠᠨ ᠬᠦᠮᠦᠰ ᠤᠨ ᠦᠬᠦᠯ ᠰᠢᠷᠬᠠᠳᠠᠯ᠂ ᠡᠳ᠋ ᠬᠦᠷᠦᠩᠭᠡ ᠶᠢᠨ ᠬᠤᠬᠢᠷᠠᠯ ᠢ ᠴᠢᠳᠠᠬᠤ ᠶᠢᠨ ᠬᠢᠷᠢ ᠪᠠᠷ | ᠪᠠᠭᠠᠰᠬᠠᠬᠤ ᠶᠢᠨ ᠬᠠᠮᠲᠤ ᠪᠠᠴᠢᠮ ᠠᠪᠤᠷᠠᠯᠲᠡ ᠶᠢᠨ ᠠᠵᠢᠯᠲᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ︵ᠬᠤᠶᠠᠷ︶ ᠪᠠᠶᠢᠭᠤᠯᠤᠮᠵᠢ ᠪᠠᠨ ᠲᠡᠭᠦᠯᠳᠡᠷᠵᠢᠭᠦᠯᠵᠤ᠂ ᠤᠷᠢᠳᠴᠢᠯᠡᠨ ᠰᠡᠷᠭᠡᠶᠢᠯᠡᠬᠦ ᠪᠠᠷ ᠭᠤᠤᠯ ᠪᠤᠯᠭᠠᠨ᠎ᠠ᠃ | ᠤᠢ ᠰᠢᠭᠤᠢ ᠨᠤᠲᠤᠭ ᠪᠠᠯᠴᠢᠭᠡᠷ ᠤᠨ ᠲᠦᠢᠮᠡᠷ ᠢ ᠰᠡᠷᠭᠡᠶᠢᠯᠡᠬᠦ ᠰᠢᠰᠲ᠋ᠧᠮ᠂ ᠰᠤᠷᠠᠭ ᠴᠢᠮᠡᠭᠡᠨ ᠤ ᠮᠡᠳᠡᠭᠦᠯᠦᠯᠲᠡ | ᠶᠢᠨ ᠰᠢᠰᠲ᠋ᠧᠮ᠂ ᠰᠢᠨᠵᠢᠯᠡᠬᠦ ᠤᠬᠠᠭᠠᠨᠴᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ᠂ ᠪᠠᠴᠢᠮ | ᠪᠠᠶᠢᠳᠠᠯ ᠢ ᠰᠢᠢᠳᠪᠦᠷᠢᠯᠡᠬᠦ ᠰᠢᠰᠲ᠋ᠧᠮ ᠪᠠ ᠰᠠᠶᠢᠵᠢᠷᠠᠭᠤᠯᠬᠤ ᠰᠢᠰᠲ᠋ᠧᠮ ᠢ ᠰᠡᠷᠭᠦᠭᠡᠨ ᠭᠡᠷᠡᠭᠵᠢᠭᠦᠯᠦᠨ᠎ᠡ᠃ | ︵ᠭᠤᠷᠪᠠ︶ ᠲᠦᠰᠦᠯ ᠲᠤᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠨᠡ᠃ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠤᠨ ᠬᠦᠨᠲᠦ ᠨᠤᠴᠢᠲᠡᠢ ᠴᠢᠨᠠᠷ᠂ ᠡᠵᠡᠮᠳᠡᠵᠤ ᠪᠤᠯᠬᠤ ᠴᠢᠨᠠᠷ᠂ ᠬᠡᠷᠡᠭᠯᠡᠵᠤ ᠪᠤᠯᠬᠤ | ᠱᠠᠭᠠᠷᠳᠠᠯᠭ᠎ᠠ ᠲᠠᠢ ᠡᠬᠢ ᠪᠠᠶᠠᠯᠢᠭ᠂ ᠨᠦᠯᠦᠭᠡᠯᠡᠬᠦ ᠬᠦᠴᠦᠨ ᠵᠦᠢᠯ ᠵᠡᠷᠭᠡ ᠶᠢ ᠦᠨᠳᠦᠰᠦᠯᠡᠵᠤ ᠪᠠᠴᠢᠮ ᠪᠠᠶᠢᠳᠠᠯ ᠢ | ᠰᠢᠢᠳᠪᠦᠷᠢᠯᠡᠬᠦ ᠲᠡᠰ ᠬᠤᠪᠢᠶᠠᠭᠰᠠᠨ ᠲᠦᠰᠦᠯ ᠲᠤᠭᠲᠠᠭᠠᠵᠤ᠂ ᠭᠠᠯ ᠢ ᠰᠡᠷᠭᠡᠶᠢᠯᠡᠬᠦ ᠠᠵᠢᠯ ᠤᠨ ᠵᠢᠯᠤᠭᠤᠳᠬᠤ | ᠪᠠᠶᠢᠭᠤᠯᠤᠮᠵᠢ ᠶᠢ ᠪᠠᠶᠢᠭᠤᠯᠤᠨ᠂ ᠡᠯ᠎ᠡ ᠬᠡᠰᠢᠭᠦᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂ | ᠠᠵᠢᠯ ᠤᠨ ᠠᠷᠭ᠎ᠠ ᠪᠠᠷᠢᠯ ᠲᠤᠭᠳᠠᠭᠠᠵᠤ᠂ ᠠᠵᠢᠯ ᠤᠨ ᠬᠠᠷᠢᠭᠤᠴᠠᠯᠭ᠎ᠠ ᠨᠠᠶᠢᠳᠠᠪᠤᠷᠢᠵᠢᠭᠤᠯᠤᠨ᠂ ᠭᠠᠯ ᠢ ᠰᠡᠷᠭᠡᠶᠢᠯᠡᠬᠦ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠎ᠠ᠃ | ︵ᠳᠦᠷᠪᠡ︶ ᠰᠤᠷᠠᠭ ᠴᠢᠮᠡᠭᠡ ᠶᠢ ᠡᠵᠡᠮᠳᠡᠵᠤ᠂ ᠳᠠᠷᠤᠢ ᠲᠦᠷᠭᠡᠨ ᠬᠦᠳᠡᠯᠭᠦ ᠬᠡᠷᠡᠭᠲᠡᠢ᠃ ᠴᠠᠭ ᠲᠤᠬᠠᠢ ᠳᠤ | ᠨᠢ ᠰᠤᠷᠠᠭ ᠴᠢᠮᠡᠭᠡ ᠬᠤᠷᠢᠶᠡᠨ ᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ ᠲᠦᠢᠮᠡᠷ ᠤᠨ ᠪᠠᠶᠢᠳᠠᠯ | ᠢ ᠡᠵᠡᠮᠳᠡᠵᠤ᠂ ᠪᠠᠴᠢᠮ ᠪᠠᠶᠢᠳᠠᠯ ᠢ ᠰᠢᠢᠳᠪᠦᠷᠢᠯᠡᠬᠦ ᠲᠦᠰᠦᠯ ᠢ ᠬᠡᠷᠡᠭᠵᠢᠭᠦᠯᠦᠨ᠂ ᠲᠠᠷᠠ ᠳᠠᠷᠤᠢ ᠳᠤ ᠨᠢ ᠵᠤᠬᠢᠶᠠᠨ | ᠪᠠᠶᠢᠭᠤᠯᠤᠯᠲᠡ ᠲᠠᠢ ᠪᠠᠷ ᠭᠠᠯ ᠤᠨᠳᠠᠷᠠᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ︽ᠡᠷᠲᠡ | ᠤᠨᠲᠠᠷᠠᠭᠠᠬᠤ᠂ ᠪᠠᠭ᠎ᠠ ᠪᠠᠶᠢᠬᠤ ᠳᠤ ᠨᠢ ᠤᠨᠲᠠᠷᠠᠭᠠᠬᠤ᠂ ᠭᠦᠢᠴᠡᠳ ᠤᠨᠲᠠᠷᠠᠭᠠᠬᠤ︾ ᠶᠢ ᠪᠠᠲᠤᠯᠠᠬᠤ ᠬᠡᠷᠡᠭᠲᠡᠢ᠃ | 1.6 ᠲᠦᠢᠮᠡᠷ ᠤᠨ ᠲᠡᠰ ᠬᠤᠪᠢᠶᠠᠷᠢᠯᠠᠯᠲᠡ | ᠤᠢ ᠰᠢᠭᠤᠢ ᠨᠤᠲᠤᠭ ᠪᠡᠯᠴᠢᠭᠡᠷ ᠤᠨ ᠬᠤᠬᠢᠷᠠᠯ ᠤᠨ ᠲᠠᠯᠠᠪᠠᠢ ᠪᠤᠯᠤᠨ ᠦᠬᠦᠵᠤ ᠰᠢᠷᠬᠠᠲᠤᠭᠰᠠᠨ ᠬᠦᠮᠦᠨ ᠤ | ᠲᠤᠭ᠎ᠠ ᠶᠢ ᠦᠨᠳᠦᠰᠦᠯᠡᠨ᠂ ᠲᠦᠢᠮᠡᠷ ᠢ ᠲᠤᠤᠷᠠᠬᠢ ᠮᠡᠲᠦ ᠬᠡᠳᠦᠨ ᠲᠡᠰ ᠬᠤᠪᠢᠶᠠᠨ᠎ᠠ᠄ | ᠤᠢ ᠰᠢᠭᠤᠢ ᠨᠤᠲᠤᠭ ᠪᠡᠯᠴᠢᠭᠡᠷ ᠤᠨᠲ᠋ᠦ᠋ᠢᠮᠡᠷ ᠤᠨ ᠲᠡᠰ ᠬᠤᠪᠢᠶᠠᠷᠢᠯᠠᠯ᠄ ᠲᠡᠪᠤᠳᠤᠭᠠᠷ ᠲᠡᠰ᠂ ᠲᠦᠷᠪᠡᠳᠤᠭᠡᠷ | ᠲᠡᠰ᠂ ᠭᠤᠷᠪᠠᠳᠤᠭᠠᠷ ᠲᠡᠰ᠂ ᠬᠤᠶᠠᠳᠤᠭᠠᠷ ᠲᠡᠰ᠂ ᠨᠢᠭᠡᠲᠦᠭᠡᠷ ᠲᠡᠰ | ᠠᠶᠦᠯ ᠤᠨ ᠬᠡᠮᠵᠢᠶ᠎ᠡ᠄ ᠪᠠᠭ᠎ᠠ ᠬᠡᠮᠵᠢᠶᠠᠨ ᠤ ᠠᠶᠦᠯ ᠲᠠᠢ᠂ ᠲᠤᠮᠲᠡ ᠵᠠᠷᠭᠡ ᠶᠢᠨ ᠠᠶᠦᠯ ᠲᠠᠢ᠂ ᠨᠡᠯᠢᠶᠠᠳ | ᠶᠡᠭᠡ ᠠᠶᠦᠯ ᠲᠠᠢ᠂ ᠶᠡᠭᠡ ᠬᠡᠮᠵᠢᠶᠠᠨ ᠤ ᠠᠶᠦᠯ ᠲᠠᠢ᠂ ᠤᠨᠴᠡ ᠶᠡᠭᠡ ᠠᠶᠦᠯ ᠲᠠᠢ | ᠨᠤᠴᠤᠮᠠᠲᠠᠬᠠᠢ ᠴᠢᠨᠠᠷ᠄ ᠠᠮᠠᠷᠬᠠᠨ ᠨᠤᠴᠤᠨᠬᠤ ᠦᠭᠡᠢ᠂ ᠨᠤᠴᠤᠮᠠᠲᠠᠬᠠᠢ ᠴᠢᠨᠠᠷ ᠲᠠᠢ᠂ ᠨᠡᠯᠢᠶᠠᠳ ᠠᠮᠠᠷᠬᠠᠨ | ᠨᠤᠴᠤᠬᠤ ᠴᠢᠨᠠᠷ ᠲᠠᠢ᠂ ᠠᠮᠠᠷᠬᠠᠨ ᠨᠤᠴᠤᠬᠤ ᠴᠢᠨᠠᠷ ᠲᠠᠢ᠂ ᠲᠤᠩ ᠠᠮᠠᠷᠬᠠᠨ ᠨᠤᠴᠤᠬᠤ ᠴᠢᠨᠠᠷ ᠲᠠᠢ | ᠦᠷᠭᠡᠵᠢᠬᠦ ᠬᠡᠮᠵᠢᠶ᠎ᠡ᠄ ᠠᠮᠠᠷᠬᠠᠨ ᠦᠷᠭᠡᠵᠢᠬᠦ ᠦᠭᠡᠢ᠂ ᠦᠷᠭᠡᠵᠢᠬᠦ ᠪᠤᠯᠤᠮᠵᠢ ᠲᠠᠢ᠂ ᠨᠡᠯᠢᠶᠡᠳ ᠠᠮᠠᠷᠬᠠᠨ | ᠦᠷᠭᠡᠵᠢᠨ᠎ᠡ᠂ ᠠᠮᠠᠷᠬᠠᠨ ᠦᠷᠭᠡᠵᠢᠨ᠎ᠡ᠂ ᠲᠤᠩ ᠠᠮᠠᠷᠬᠠᠨ ᠦᠷᠭᠡᠵᠢᠨ᠎ᠡ | ᠤᠷᠢᠳᠴᠢᠯᠡᠨ ᠰᠡᠷᠬᠡᠶᠢᠯᠡᠬᠦ ᠲᠤᠬᠢᠶᠡᠨ ᠲᠡᠮᠳᠡᠭ ᠤᠨ ᠦᠩᠭᠡ᠄ ᠬᠦᠭᠡ ᠦᠩᠭᠡ᠂ ᠰᠢᠷ᠎ᠡ ᠦᠩᠭᠡ᠂ ᠤᠯᠠᠪᠢᠷ | ᠰᠢᠷ᠎ᠡ ᠦᠩᠭᠡ᠂ ᠤᠯᠠᠭᠠᠨ ᠦᠩᠭᠡ | ᠲᠤᠳᠤᠷᠬᠠᠶᠢᠯᠠᠯ᠄ ᠲᠠᠪᠤᠳᠤᠭᠠᠷ ᠲᠡᠰ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠮᠡᠳᠡᠭᠳᠡᠬᠦ ᠳᠤ | ᠤᠷᠢᠳᠴᠢᠯᠡᠨ ᠰᠡᠷᠭᠡᠶᠢᠯᠡᠬᠦ ᠦᠩᠭᠡᠲᠦ ᠳᠡᠮᠳᠡᠭ ᠬᠡᠷᠡᠭᠯᠡᠬᠦ ᠦᠭᠡᠢ᠃ | ᠬᠤᠶᠠᠳᠤᠭᠠᠷ ᠪᠦᠯᠦᠭ ᠵᠤᠬᠢᠶᠠᠨ ᠪᠠᠶᠢᠭᠤᠯᠤᠯᠲᠡ ᠵᠢᠯᠤᠭᠤᠳᠬᠤ ᠰᠢᠰᠲ᠋ᠧᠮ ᠵᠢᠴᠢ ᠡᠭᠦᠷᠭᠡ ᠬᠠᠷᠢᠭᠤᠴᠠᠯᠭ᠎ᠠ | 2.1ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠯᠤᠭᠤᠳᠬᠤ ᠪᠠᠶᠢᠭᠤᠯᠤᠮᠵᠢ ᠵᠢᠴᠢ | ᠡᠭᠦᠷᠭᠡ ᠬᠠᠷᠢᠭᠤᠴᠠᠯᠭ᠎ᠠ | ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠯᠤᠭᠤᠳᠬᠤ ᠲᠦᠪ ︵ | ᠳᠦᠭᠦᠮᠴᠢᠯᠡᠭᠡᠳ ᠲᠦᠢᠮᠡᠷ ᠰᠡᠷᠭᠡᠶᠢᠯᠡᠬᠦ ᠲᠦᠪ ᠬᠡᠨ᠎ᠡ︶ ᠪᠤᠯ ᠪᠦᠬᠦ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ | ᠤᠨ ᠲᠦᠢᠮᠡᠷ ᠢ ᠰᠡᠷᠭᠡᠶᠢᠯᠡᠵᠤ ᠤᠨᠲᠠᠷᠠᠭᠠᠬᠤ ᠵᠢᠯᠤᠭᠤᠳᠬᠤ ᠪᠠᠶᠢᠭᠤᠯᠤᠮᠵᠢ᠂ ᠶᠡᠷᠦᠩᠬᠡᠢ ᠵᠢᠯᠤᠭᠤᠳᠤᠭᠴᠢ ᠶᠢᠨ ᠠᠵᠢᠯ | ᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠪᠢᠶᠠᠷᠢᠯᠠᠨ ᠬᠠᠮᠢᠶᠠᠷᠬᠤ ᠳᠡᠳ᠋ ᠬᠤᠰᠢᠭᠤ ᠳᠠᠷᠤᠭ᠎ᠠ | ᠡᠭᠦᠷᠭᠡᠯᠡᠵᠤ᠂ ᠳᠡᠳ᠋ ᠵᠢᠯᠤᠭᠤᠳᠤᠭᠴᠢ ᠶᠢᠨ ᠠᠵᠢᠯ ᠢ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠤᠨ | ᠡᠷᠬᠢᠯᠡᠭᠴᠢ᠂ ᠬᠤᠰᠢᠭᠤᠨ ᠤ ᠤᠢ ᠰᠢᠭᠤᠢ ᠶᠢᠨ ᠲᠤᠪᠴᠢᠶᠡᠨ ᠳᠠᠷᠤᠭ᠎ᠠ ᠪᠠ ᠨᠤᠲᠤᠭ ᠪᠡᠯᠴᠢᠭᠡᠷ ᠤᠨ ᠬᠢᠨᠠᠨ | ᠬᠠᠮᠢᠶᠠᠷᠤᠯᠲᠡ ᠶᠢᠨ ᠲᠤᠪᠴᠢᠶᠡᠨ ᠳᠠᠷᠤᠭ᠎ᠠ ᠡᠭᠦᠷᠭᠡᠯᠡᠨ᠎ᠡ᠃ | ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠦᠪ ᠤᠨ ᠭᠤᠤᠯ ᠡᠭᠦᠷᠭᠡ | ᠬᠠᠷᠢᠭᠤᠴᠠᠯᠭ᠎ᠠ᠄ ᠪᠦᠬᠦ ᠬᠤᠰᠢᠭᠤᠨ ᠤ ᠶᠡᠭᠡ᠂ ᠤᠨᠴᠠ ᠶᠡᠭᠡ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠢᠢᠳᠪᠦᠷᠢᠯᠡᠬᠦ᠂ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠵᠤ ᠵᠢᠭᠠᠨ ᠵᠢᠯᠤᠭᠤᠳᠤᠨ᠎ᠠ᠃ ᠬᠤᠰᠢᠭᠤᠨ ᠤ ᠤᠢ | ᠰᠢᠭᠤᠢ ᠨᠤᠲᠤᠭ ᠪᠡᠯᠴᠢᠭᠡᠷ ᠤᠨ ᠲᠤᠶᠢᠮᠡᠷ ᠢ ᠤᠨᠲᠠᠷᠠᠭᠠᠬᠤ ᠪᠠᠴᠢᠮ ᠠᠪᠤᠷᠠᠯᠲᠡ ᠶᠢᠨ ᠲᠦᠰᠦᠯ ᠢ ᠬᠡᠷᠡᠭᠵᠢᠭᠦᠯᠦᠨ᠎ᠡ᠃ | ᠬᠤᠯᠪᠤᠭᠳᠠᠯ ᠪᠦᠬᠦᠢ ᠭᠠᠯ ᠰᠡᠷᠭᠡᠶᠢᠯᠡᠬᠦ ᠬᠡᠰᠢᠭᠦᠨ ᠪᠠᠶᠢᠭᠤᠯᠭ᠎ᠠ ᠲᠠᠢ ᠲᠦᠢᠮᠡᠷ ᠤᠨᠲᠠᠷᠠᠭᠠᠭᠬᠤ ᠳᠤᠮᠳᠠ | ᠵᠤᠬᠢᠴᠠᠭᠤᠯᠤᠯᠲᠡ ᠬᠢᠬᠦ ᠪᠠ ᠬᠤᠯᠪᠤᠭ᠎ᠠ ᠪᠠᠷᠢᠬᠤ ᠠᠵᠢᠯ ᠢ ᠬᠠᠷᠢᠭᠤᠴᠠᠨ᠎ᠠ᠃ ᠳᠡᠭᠡᠲᠦ ᠱᠠᠲᠤᠨ ᠠᠴᠠ | ᠳᠠᠭᠠᠭᠠᠯᠭᠠᠭᠰᠠᠨ ᠡᠭᠦᠷᠭᠡ ᠶᠢ ᠭᠦᠢᠴᠡᠳᠭᠡᠨ᠎ᠡ᠃ | ᠬᠡᠰᠢᠭᠦᠨ ᠢᠶᠠᠷ ᠬᠤᠰᠢᠭᠤᠨ ᠤ ᠤᠢ ᠰᠢᠭᠤᠢ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ᠂ ᠡᠳ᠋ ᠤᠨ | ᠵᠠᠰᠠᠭ᠂ ᠲᠠᠷᠢᠶᠠᠯᠠᠩ ᠮᠠᠯ ᠠᠵᠤ ᠠᠬᠤᠢ᠂ ᠬᠤᠲᠠ ᠶᠢᠨ ᠪᠦᠲᠦᠭᠡᠨ ᠪᠠᠶᠢᠭᠤᠯᠤᠯᠲᠡ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ᠂ ᠠᠷᠠᠳ ᠤᠨ ᠶᠠᠪᠤᠳᠠᠯ᠂ ᠵᠠᠮ ᠳᠡᠭᠡᠭᠡᠪᠦᠷᠢ᠂ ᠤᠯᠤᠰ ᠤᠨ ᠭᠠᠵᠠᠷ ᠰᠢᠷᠤᠢ᠂ ᠵᠠᠮ ᠤᠨ | ᠴᠠᠭᠳᠠᠭ᠎ᠠ᠂ ᠭᠠᠯ ᠰᠡᠷᠭᠡᠶᠢᠯᠡᠬᠦ᠂ ᠬᠤᠰᠢᠭᠤᠨ ᠳᠤ ᠰᠠᠭᠤᠭ᠎ᠠ ᠴᠡᠷᠢᠭ ᠠᠩᠬᠢ᠂ ᠨᠡᠭᠦᠳᠡᠯ ᠬᠤᠯᠪᠤᠭ᠎ᠠ᠂ ᠴᠠᠬᠢᠯᠭᠠᠨ | ᠬᠤᠯᠪᠤᠭ᠎ᠠ ᠵᠡᠷᠭᠡ ᠪᠠᠶᠢᠭᠤᠯᠭ᠎ᠠ ᠪᠤᠯᠤᠨ ᠰᠤᠮᠤ ᠰᠢᠶᠡᠩ ᠪᠠᠯᠭᠠᠰᠤ᠂ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ | ᠪᠠ ᠬᠤᠰᠢᠭᠤᠨ ᠳᠤ ᠰᠠᠭᠤᠭ᠎ᠠ ᠬᠤᠯᠪᠤᠭᠳᠠᠬᠤ ᠪᠠᠶᠢᠭᠤᠯᠭ᠎ᠠ ᠶᠢᠨ ᠬᠠᠷᠢᠭᠤᠴᠠᠯᠭᠠᠲᠡᠨ ᠨᠠᠷ ᠠᠵᠢᠯᠯᠠᠨ᠎ᠠ᠃ | ᠬᠤᠰᠢᠭᠤᠨ ᠤ ᠲᠦᠢᠮᠡᠷ ᠰᠡᠷᠭᠡᠶᠢᠯᠡᠬᠦ ᠬᠡᠰᠢᠭᠦᠨ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ᠄ | ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠄ ᠪᠡᠯᠡᠳᠭᠡᠯ ᠡᠷᠦᠭᠡ ᠶᠢᠨ ᠴᠡᠷᠢᠭ ᠢ ᠵᠤᠬᠢᠶᠠᠨ | ᠪᠠᠶᠢᠭᠤᠯᠵᠤ ᠵᠢᠯᠤᠭᠤᠳᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠠᠵᠢᠯ ᠢ ᠬᠠᠷᠢᠭᠤᠴᠠᠨ᠂ | ᠭᠠᠯ ᠤᠨᠲᠠᠷᠠᠭᠠᠬᠤ ᠰᠤᠷᠢᠯᠲᠡ ᠵᠤᠬᠢᠶᠠᠨ ᠪᠠᠶᠢᠭᠤᠯᠤᠨ᠎ᠡ᠃ | ᠬᠤᠰᠢᠭᠤ ᠨᠠᠮ ᠤᠨ ᠬᠤᠷᠢᠶᠡᠨ ᠤ ᠤᠬᠠᠭᠤᠯᠬᠤ ᠬᠡᠯᠲᠡᠰ᠄ ᠰᠤᠨᠢᠨ ᠮᠡᠳᠡᠭᠡᠨ ᠤ ᠬᠤᠯᠪᠤᠭᠳᠠᠯ ᠪᠦᠬᠦᠢ ᠳᠦᠷᠢᠮ | ᠲᠤᠭᠲᠠᠭᠠᠯ ᠢᠶᠠᠷ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠠ᠃ | ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶ᠎ᠡ᠄ ᠤᠢ ᠰᠢᠭᠤᠢ ᠶᠢᠨ ᠲᠤᠭᠤᠷᠢᠭ ᠲᠤ ᠪᠠᠶᠢᠭ᠎ᠠ | ᠠᠭᠤᠷᠬᠠᠢ ᠠᠵᠤ ᠠᠤᠬᠤᠶᠢᠯᠠᠯ ᠤᠨ ᠬᠦᠮᠦᠰ ᠲᠤ ᠬᠦᠳᠡᠭᠡ ᠭᠠᠳᠠᠭ᠎ᠠ ᠢᠯᠡ ᠭᠠᠯ ᠬᠡᠷᠡᠭᠯᠡᠵᠤ ᠪᠤᠯᠬᠤ ᠦᠭᠡᠢ ᠭᠡᠬᠦ | ᠤᠬᠠᠭᠤᠯᠭ᠎ᠠ ᠬᠦᠮᠦᠵᠢᠯ ᠬᠢᠬᠦ ᠶᠢ ᠬᠠᠷᠢᠭᠤᠴᠠᠨ᠎ᠠ᠃ | ᠤᠢ ᠰᠢᠭᠤᠢ ᠶᠢᠨ ᠲᠤᠪᠴᠢᠶ᠎ᠡ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶ᠎ᠡ᠂ ᠤᠷᠤᠨ | ᠰᠠᠭᠤᠴᠠ ᠪᠦᠲᠦᠭᠡᠨ ᠪᠠᠶᠢᠭᠤᠯᠤᠯᠲᠡ ᠶᠢᠨ ᠲᠤᠪᠴᠢᠶ᠎ᠡ᠄ ᠲᠦᠢᠮᠡᠷ ᠡᠭᠦᠰᠦᠭᠰᠡᠨ ᠭᠠᠵᠠᠷ ᠤᠨ ᠤᠢ ᠰᠢᠭᠤᠢ᠂ | ᠨᠤᠲᠤᠭ ᠪᠠᠯᠴᠢᠭᠡᠷ ᠤᠨ ᠪᠠᠶᠢᠳᠠᠯ ᠢ ᠴᠠᠭ ᠲᠤᠬᠠᠢ ᠳᠤ ᠨᠢ ᠮᠡᠳᠡᠭᠳᠡᠵᠤ᠂ ᠲᠦᠢᠮᠡᠷ ᠤᠨᠲᠠᠷᠠᠭᠠᠬᠤ ᠲᠦᠰᠦᠯ ᠪᠠ | ᠰᠠᠨᠠᠯ ᠳᠤᠷᠠᠳᠴᠤ᠂ ᠤᠨᠲᠠᠷᠠᠭᠠᠬᠤ ᠠᠵᠢᠯ ᠳᠤ ᠲᠤᠰᠠᠯᠠᠮᠵᠢ ᠦᠵᠡᠭᠦᠯᠦᠨ᠎ᠡ᠃ ᠲᠦᠢᠮᠡᠷ ᠤᠨᠲᠠᠷᠠᠭᠠᠬᠤ ᠬᠦᠮᠦᠨ ᠤ | ᠬᠦᠴᠦᠨ ᠪᠠ ᠪᠤᠳᠠᠰ ᠤᠨ ᠲᠤᠬᠢᠷᠠᠭᠤᠯᠤᠯᠲᠡ ᠶᠢ ᠬᠠᠷᠢᠭᠤᠴᠠᠵᠤ᠂ ᠲᠡᠭᠡᠭᠡᠪᠦᠷᠢ ᠶᠢᠨ ᠲᠡᠷᠭᠡ ᠤᠨᠤᠭ᠎ᠠ ᠶᠢ | ᠲᠤᠬᠢᠷᠠᠭᠤᠯᠬᠤ ᠵᠡᠷᠭᠡ ᠬᠤᠯᠪᠤᠭᠳᠠᠬᠤ ᠤᠴᠢᠷ ᠶᠠᠪᠤᠳᠠᠯ ᠢ ᠵᠤᠬᠢᠴᠠᠭᠤᠯᠤᠨᠡ᠃ | ᠡᠳ᠋ ᠤᠨ ᠵᠠᠰᠠᠭ ᠤᠨ ᠲᠤᠪᠴᠢᠶ᠎ᠡ᠄ ᠲᠦᠢᠮᠡᠷ ᠤᠨᠲᠠᠷᠠᠭᠠᠬᠤ ᠲᠤᠨᠤᠭ ᠲᠦᠭᠦᠭᠡᠷᠦᠮᠵᠢ ᠶᠢᠨ ᠡᠪᠳᠡᠭᠳᠡᠯ | ᠬᠤᠷᠤᠭᠳᠠᠯ ᠪᠠ ᠲᠦᠢᠮᠡᠷ ᠤᠨᠲᠠᠷᠠᠭᠠᠬᠤ ᠵᠠᠷᠤᠳᠠᠯ ᠮᠦᠩᠭᠦ ᠶᠢᠨ ᠨᠠᠶᠢᠳᠠᠪᠤᠷᠢᠵᠢᠭᠤᠯᠤᠯᠲᠡ ᠶᠢ ᠬᠠᠷᠢᠭᠤᠴᠠᠵᠤ᠂ ᠤᠢ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠦᠷᠨᠢᠬᠦᠯᠬᠦ ᠶᠢ ᠪᠠᠲᠤᠯᠠᠨ᠎ᠠ᠃ | ᠲᠤᠲᠤᠭᠠᠳᠤ ᠶᠢ ᠬᠠᠮᠠᠭᠠᠯᠠᠬᠤ ᠲᠤᠪᠴᠢᠶ᠎ᠡ᠂ ᠤᠢ ᠰᠢᠭᠤᠢ ᠶᠢᠨ ᠲᠤᠲᠤᠭᠠᠳᠤ ᠶᠢ ᠬᠠᠮᠠᠭᠠᠯᠠᠬᠤ ᠲᠤᠪᠴᠢᠶ᠎ᠡ᠄ | ᠤᠷᠤᠨ ᠨᠤᠲᠤᠭ ᠤᠨ ᠬᠢᠨ ᠢ ᠵᠢᠯᠤᠭᠤᠳᠴᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠬᠡᠷᠡᠭ ᠢ ᠴᠠᠭ | ᠲᠤᠬᠠᠢ ᠳᠤ ᠨᠢ ᠪᠠᠶᠢᠴᠠᠭᠠᠨ ᠢᠯᠡᠷᠡᠭᠦᠯᠬᠦ ᠶᠢᠨ ᠬᠠᠮᠲᠤ ᠲᠦᠢᠮᠡᠷ ᠡᠭᠦᠰᠦᠭᠰᠡᠨ ᠭᠠᠵᠠᠷ ᠤᠷᠤᠨ ᠤ ᠠᠮᠤᠷ ᠢ | ᠬᠠᠮᠠᠭᠠᠯᠠᠬᠤ ᠬᠠᠮᠢᠶᠠᠷᠤᠯᠲᠡ ᠶᠢᠨ ᠠᠵᠢᠯ ᠢ ᠴᠢᠩᠭᠠᠳᠬᠠᠨ᠎ᠠ᠃ | ᠠᠷᠠᠳ ᠤᠨ ᠶᠠᠪᠤᠳᠠᠯ ᠤᠨ ᠲᠤᠪᠴᠢᠶ᠎ᠡ᠄ ᠤᠷᠤᠨ ᠨᠤᠲᠤᠭ ᠤᠨ ᠬᠢᠨ ᠲᠠᠢ ᠬᠤᠯᠪᠤᠭᠠᠯᠠᠵᠤ ᠴᠠᠭ ᠲᠤᠬᠠᠢ ᠳᠤ | ᠨᠢ ᠭᠠᠮᠰᠢᠭ ᠠᠴᠠ ᠵᠠᠶᠢᠯᠠᠬᠤ ᠭᠠᠵᠠᠷ ᠲᠤᠬᠢᠷᠠᠭᠤᠯᠬᠤ ᠪᠠ ᠳᠤᠰᠠᠯᠠᠮᠵᠢ ᠶᠢᠨ ᠡᠳ᠋ ᠪᠤᠳᠠᠰ ᠬᠠᠩᠭᠠᠬᠤ ᠭᠠᠵᠠᠷ | ᠲᠤᠬᠢᠷᠠᠭᠤᠯᠤᠨ᠎ᠡ᠂ ᠭᠠᠮᠰᠢᠭᠳᠠᠭᠰᠠᠨ ᠠᠷᠠᠳ ᠢ ᠪᠠᠴᠢᠮ ᠰᠢᠯᠵᠢᠭᠦᠯᠬᠦ ᠪᠠ ᠪᠠᠶᠢᠷᠢᠯᠠᠭᠤᠯᠬᠤ ᠠᠵᠢᠯ ᠢ ᠬᠠᠷᠢᠭᠤᠴᠠᠵᠤ᠂ | ᠭᠠᠮᠰᠢᠭᠳᠠᠭᠰᠠᠨ ᠠᠷᠠᠳ ᠲᠤ ᠳᠤᠰᠠᠯᠠᠮᠵᠢ ᠦᠵᠡᠭᠦᠯᠬᠦ ᠠᠵᠢᠯ ᠦᠷᠨᠢᠭᠦᠯᠦᠨ᠎ᠡ᠃ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠤᠪᠴᠢᠶ᠎ᠡ᠄ ᠤᠷᠤᠨ ᠨᠤᠲᠤᠭ ᠤᠨ ᠬᠢᠨ ᠢ ᠵᠢᠯᠤᠭᠤᠳᠤᠨ | ᠡᠮᠴᠢᠯᠡᠭᠡᠨ ᠤ ᠠᠪᠤᠷᠠᠨ ᠳᠤᠰᠠᠯᠠᠮᠵᠢ ᠦᠵᠡᠭᠦᠯᠬᠦ ᠠᠵᠢᠯ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ | ᠰᠠᠶᠢᠲᠤᠷ ᠬᠢᠨ᠎ᠡ᠃ | ᠵᠠᠮ ᠲᠡᠭᠡᠭᠡᠪᠦᠷᠢ ᠶᠢᠨ ᠲᠤᠪᠴᠢᠶ᠎ᠡ᠂ ᠵᠠᠮ ᠤᠨ ᠴᠠᠭᠳᠠᠭᠠᠨ ᠤ ᠶᠡᠭᠡ ᠠᠩᠬᠢ᠄ ᠴᠠᠭ ᠲᠤᠬᠠᠢ ᠳᠤ ᠨᠢ | ᠲᠡᠭᠡᠭᠡᠪᠦᠷᠢ ᠶᠢᠨ ᠪᠠᠭᠠᠵᠢ ᠬᠡᠷᠡᠭᠰᠡᠯ ᠪᠠ ᠦᠷᠲᠡᠭᠡ ᠵᠤᠭᠰᠤᠭᠠᠯ ᠤᠨ ᠦᠢᠯᠡᠴᠢᠯᠡᠭᠡ ᠬᠠᠩᠭᠠᠵᠤ᠂ ᠲᠦᠢᠮᠡᠷ | ᠤᠨᠲᠠᠷᠠᠭᠠᠭᠴᠢᠳ ᠪᠠ ᠡᠳ᠋ ᠪᠤᠳᠠᠰ ᠢ ᠴᠠᠭ ᠲᠤᠬᠠᠢ ᠳᠤ ᠨᠢ ᠲᠦᠢᠮᠡᠷ ᠡᠭᠦᠰᠦᠭᠰᠡᠨ ᠭᠠᠵᠠᠷ ᠲᠤ ᠬᠦᠷᠭᠡᠬᠦ ᠶᠢ | ᠪᠠᠲᠤᠯᠠᠨ᠎ᠠ᠃ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ | ᠬᠠᠪᠰᠤᠷᠤᠨ ᠭᠦᠢᠴᠡᠳᠭᠡᠨ᠎ᠡ᠃ ᠪᠠᠴᠢᠮ ᠪᠠᠶᠢᠳᠠᠯ ᠡᠭᠦᠰᠬᠦ ᠦᠶ᠎ᠡ ᠳᠤ ᠬᠡᠷᠡᠭ ᠡᠭᠦᠰᠦᠭᠰᠡᠨ ᠲᠤᠬᠠᠢ ᠶᠢᠨ ᠭᠠᠵᠠᠷ ᠤᠨ | ᠵᠡᠮ ᠨᠡᠪᠲᠡᠷᠡᠯᠭᠡ ᠶᠢ ᠪᠠᠲᠤᠯᠠᠨ᠎ᠠ᠃ | ᠬᠤᠰᠢᠭᠤᠨ ᠳᠤ ᠰᠠᠭᠤᠭ᠎ᠠ ᠴᠡᠷᠢᠭ ᠠᠩᠬᠢ᠄ ᠲᠦᠢᠮᠡᠷ ᠡᠭᠦᠰᠦᠭᠰᠡᠨ ᠤ ᠳᠠᠷᠠᠭ᠎ᠠ ᠴᠠᠭ ᠲᠤᠬᠠᠢ ᠳᠤ ᠨᠢ | ᠴᠡᠷᠢᠭ ᠬᠦᠳᠡᠯᠭᠡᠵᠤ᠂ ᠵᠤᠬᠢᠶᠠᠨ ᠪᠠᠶᠢᠭᠤᠯᠤᠯᠲᠡ ᠲᠠᠢ ᠪᠠᠷ ᠭᠠᠯ ᠤᠨᠲᠠᠷᠠᠭᠠᠨ᠎ᠠ᠃ | ᠭᠠᠯ ᠤᠨᠳᠠᠷᠠᠭᠠᠬᠤ ᠶᠡᠭᠡ ᠠᠩᠬᠢ᠄ ᠴᠠᠭ ᠲᠤᠬᠠᠢ ᠳᠤ ᠨᠢ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ | ᠤᠨ ᠲᠦᠢᠮᠡᠷ ᠢ ᠰᠡᠷᠭᠡᠶᠢᠯᠡᠬᠦ ᠲᠦᠪ ᠳᠤ ᠬᠤᠷᠢᠶᠡᠨ ᠤᠯᠤᠭᠰᠠᠨ ᠲᠦᠢᠮᠡᠷ ᠤᠨ ᠪᠠᠶᠢᠳᠠᠯ ᠤᠨ ᠰᠤᠷᠠᠭ ᠴᠢᠮᠡᠭᠡ ᠪᠠᠨ | ᠳᠠᠮᠵᠢᠭᠤᠯᠵᠤ᠂ ᠪᠦᠬᠦ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠤ ᠤᠨᠲᠠᠷᠠᠭᠠᠬᠤ | ᠠᠵᠢᠯ ᠳᠤ ᠬᠠᠮᠵᠢᠯᠴᠠᠨ ᠤᠷᠤᠯᠴᠠᠨ᠎ᠠ᠃ | ᠡᠯ᠎ᠡ ᠰᠤᠮᠤ ᠰᠢᠶᠡᠩ ᠪᠠᠯᠭᠠᠰᠤ᠂ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠲᠤᠷᠰᠢᠯᠲᠡ ᠶᠢᠨ ᠤᠢ | ᠰᠢᠭᠤᠢ ᠶᠢᠨ ᠲᠠᠯᠠᠪᠠᠢ᠄ ᠲᠤᠰ ᠪᠦᠷᠢ ᠦᠪᠡᠷ ᠦᠪᠡᠷ ᠤᠨ ᠬᠠᠮᠢᠶᠠᠷᠤᠯᠲᠡ ᠶᠢᠨ ᠲᠤᠭᠤᠷᠢᠭ ᠤᠨ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ ᠤᠨᠲᠠᠷᠠᠭᠠᠬᠤ ᠠᠵᠢᠯ ᠢ ᠬᠠᠷᠢᠭᠤᠴᠠᠵᠤ᠂ ᠰᠡᠷᠭᠡᠶᠢᠯᠡᠨ | ᠤᠨᠲᠠᠷᠠᠭᠠᠬᠤ ᠤᠬᠠᠭᠤᠯᠭ᠎ᠠ ᠬᠦᠮᠦᠵᠢᠯ ᠢ ᠬᠠᠷᠢᠭᠤᠴᠠᠨ᠂ ᠤᠨᠲᠠᠷᠠᠭᠠᠨ ᠰᠡᠷᠭᠡᠶᠢᠯᠡᠬᠦ ᠲᠦᠰᠦᠯ ᠢ ᠴᠢᠩᠭ᠎ᠠ | ᠭᠡᠷᠡᠭᠵᠢᠭᠦᠯᠨᠡ᠃ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠬᠢᠨᠠᠨ | ᠪᠠᠶᠢᠴᠠᠭᠠᠯᠲᠡ ᠪᠤᠯᠤᠨ ᠳᠠᠯᠳᠠ ᠠᠶᠤᠯ ᠢ ᠠᠷᠢᠯᠭᠠᠬᠤ ᠠᠵᠢᠯ ᠢ ᠵᠤᠬᠢᠶᠠᠨ ᠪᠠᠶᠢᠭᠤᠯᠤᠨ᠎ᠠ᠃ ᠭᠠᠯ ᠰᠡᠷᠭᠡᠶᠢᠯᠡᠬᠦ ᠠᠩᠬᠢ | ᠵᠤᠬᠢᠶᠠᠨ ᠪᠠᠶᠢᠭᠤᠯᠵᠤ ᠪᠤᠯᠪᠠᠰᠤᠷᠠᠯ ᠡᠷᠬᠢᠯᠡᠬᠦ ᠶᠢᠨ ᠬᠠᠮᠲᠤ ᠭᠠᠯ ᠰᠡᠷᠭᠡᠶᠢᠯᠡᠬᠦ ᠲᠤᠨᠤᠭ ᠲᠦᠭᠦᠭᠡᠷᠦᠮᠵᠢ ᠪᠡᠯᠡᠳᠭᠡᠨ | ᠬᠠᠮᠠᠭᠠᠯᠠᠨ᠎ᠠ᠃ ᠭᠠᠯ ᠰᠡᠷᠭᠡᠶᠢᠯᠡᠬᠦ ᠵᠢᠵᠢᠭᠦᠷ ᠬᠠᠯᠠᠭ᠎ᠠ ᠵᠢᠴᠢ ᠲᠤᠭᠤᠷᠢᠨ ᠪᠠᠶᠢᠴᠠᠭᠠᠯᠲᠡ ᠶᠢᠨ ᠠᠵᠢᠯ ᠢ ᠰᠠᠶᠢᠨ ᠬᠢᠵᠤ | ᠂ ᠲᠤᠭᠤᠷᠢᠨ ᠪᠠᠶᠢᠴᠠᠭᠠᠯᠲᠡ ᠶᠢᠨ ᠲᠡᠮᠳᠡᠭᠯᠡᠯ ᠬᠢᠨ᠎ᠠ᠃ | 2.2 ᠲᠦᠢᠮᠡᠷ ᠤᠨᠲᠠᠷᠠᠭᠠᠬᠤ ᠵᠢᠯᠤᠭᠤᠳᠤᠯᠭ᠎ᠠ ᠵᠢᠴᠢ ᠡᠭᠦᠷᠭᠡ ᠬᠠᠷᠢᠭᠤᠴᠠᠯᠭ᠎ᠠ | ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠠᠴᠠ ᠰᠡᠷᠭᠡᠶᠢᠯᠡᠬᠦ ᠲᠦᠪ ᠤᠨ ᠠᠯᠪᠠᠨ ᠭᠡᠷ | ︵ᠬᠤᠶᠢᠰᠢᠲᠡ ᠲᠦᠢᠮᠡᠷ ᠠᠴᠠ ᠰᠡᠷᠭᠡᠶᠢᠯᠡᠬᠦ ᠠᠯᠪᠠᠨ ᠭᠡᠷ︶ ᠢ ᠪᠠᠶᠢᠭᠤᠯᠵᠤ᠂ ᠲᠦᠢᠮᠡᠷ ᠤᠨ ᠠᠶᠤᠯ ᠢ ᠴᠠᠭ ᠲᠤᠬᠠᠢ | ᠳᠤ ᠨᠢ ᠵᠢᠯᠤᠭᠤᠳᠤᠨ ᠤᠨᠲᠠᠷᠠᠭᠠᠨ᠎ᠠ᠂ ᠠᠯᠪᠠᠨ ᠭᠡᠷ ᠢᠶᠠᠨ ᠬᠤᠰᠢᠭᠤᠨ ᠤ ᠤᠢ ᠰᠢᠭᠤᠢ ᠶᠢᠨ ᠲᠤᠪᠴᠢᠶᠡᠨ ᠳᠤ | ᠪᠠᠶᠢᠭᠤᠯᠵᠤ᠂ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠶᠢ ᠵᠢᠯᠤᠭᠤᠳᠬᠤ | ᠠᠯᠪᠠᠨ ᠭᠡᠷ ᠤᠨ ᠪᠠᠶᠢᠩᠭᠤ ᠶᠢᠨ ᠠᠵᠢᠯ ᠢ ᠬᠠᠷᠢᠭᠤᠴᠠᠨ᠎ᠠ᠃ ᠪᠠᠶᠢᠳᠠᠯ ᠢ ᠴᠠᠭ ᠲᠤᠬᠠᠢ ᠳᠤ ᠨᠢ ᠡᠵᠡᠮᠳᠡᠵᠤ᠂ | ᠵᠠᠳᠠᠯᠤᠯᠲᠡ ᠬᠢᠵᠤ᠂ ᠴᠢᠬᠤᠯᠠ ᠰᠤᠷᠠᠭ ᠴᠢᠮᠡᠭᠡ ᠶᠢ ᠬᠤᠰᠢᠭᠤᠨ ᠤ ᠭᠠᠯ ᠰᠡᠷᠭᠡᠶᠢᠯᠡᠬᠦ ᠠᠯᠪᠠᠨ ᠭᠡᠷ ᠲᠤ ᠮᠡᠳᠡᠭᠦᠯᠦᠨ | ᠂ ᠲᠦᠢᠮᠡᠷ ᠰᠡᠷᠭᠡᠶᠢᠯᠡᠬᠦ ᠰᠠᠨᠠᠯ ᠳᠤᠷᠠᠳᠤᠯᠭ᠎ᠠ ᠳᠡᠪᠰᠢᠭᠦᠯᠵᠤ᠂ ᠭᠠᠯ ᠰᠡᠷᠭᠡᠶᠢᠯᠡᠬᠦ ᠠᠯᠪᠠᠨ ᠭᠡᠷ ᠤᠨ ᠰᠢᠢᠳᠪᠦᠷᠢ ᠶᠢ | ᠭᠡᠷᠡᠭᠵᠢᠭᠦᠯᠦᠨ᠎ᠡ᠃ ᠭᠠᠯ ᠤᠨᠲᠠᠷᠠᠭᠠᠬᠤ ᠠᠪᠤᠷᠠᠯᠲᠠ ᠶᠢᠨ ᠵᠤᠬᠢᠴᠠᠭᠤᠯᠤᠯᠲᠡ ᠰᠢᠢᠳᠪᠦᠷᠢᠯᠡᠯᠲᠡ ᠶᠢ ᠬᠠᠷᠢᠭᠤᠴᠠᠵᠤ᠂ | ᠳᠡᠭᠡᠲᠦ ᠱᠠᠲᠤᠨ ᠤ ᠳᠠᠭᠠᠭᠠᠯᠭᠠᠭᠰᠠᠨ ᠡᠭᠦᠷᠭᠡ ᠶᠢ ᠭᠦᠢᠴᠡᠳᠭᠡᠨ᠎ᠡ᠃ | ᠭᠤᠷᠪᠠᠳᠤᠭᠠᠷ ᠪᠦᠯᠦᠭ ᠤᠷᠢᠳᠴᠢᠯᠠᠭᠰᠠᠨ ᠰᠡᠷᠡᠮᠵᠢᠯᠡᠭᠦᠯᠦᠯ ᠵᠢᠴᠢ ᠰᠤᠷᠠᠭ ᠴᠢᠮᠡᠭᠡᠨ ᠤ ᠮᠡᠳᠡᠭᠦᠯᠦᠯᠲᠡ | 3.1 ᠤᠷᠢᠳᠴᠢᠯᠠᠭᠰᠠᠨ ᠰᠡᠷᠡᠮᠵᠢᠯᠡᠭᠦᠯᠦᠯ | ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠪᠤᠯᠤᠨ ᠤᠴᠠᠷᠠᠭᠤᠯᠵᠤ ᠮᠡᠳᠡᠭᠦ ᠬᠤᠤᠷ | ᠨᠦᠯᠦᠭᠡ ᠶᠢ ᠨᠢ ᠦᠨᠳᠦᠰᠦᠯᠡᠵᠤ ᠳᠦᠷᠪᠡᠨ ᠲᠡᠰ ᠬᠤᠪᠢᠶᠠᠳᠠᠭ᠂ ᠳᠡᠭᠡᠲᠦ ᠳᠡᠰ ᠠᠴᠠ ᠳᠤᠤᠷᠠᠲᠤ ᠲᠡᠰ ᠬᠦᠷᠲᠡᠯ᠎ᠡ | ᠤᠯᠠᠭᠠᠨ᠂ ᠤᠯᠠᠪᠢᠷ ᠰᠢᠷ᠎ᠠ᠂ ᠰᠢᠷ᠎ᠠ ᠪᠤᠯᠤᠨ ᠬᠦᠬᠡ ᠦᠩᠭᠡ ᠪᠠᠷ ᠢᠯᠡᠷᠭᠡᠶᠢᠯᠡᠳᠡᠭ᠃ ᠤᠷᠢᠳᠴᠢᠯᠡᠨ | ᠰᠡᠷᠡᠮᠵᠢᠯᠡᠭᠦᠯᠬᠦ ᠲᠡᠰ ᠬᠤᠪᠢᠶᠠᠷᠢᠯᠠᠯ ᠤᠨ ᠰᠤᠷᠠᠭ ᠴᠢᠮᠡᠭᠡ ᠶᠢ ᠮᠡᠳᠡᠭᠡ ᠴᠢᠮᠡᠭᠡᠨ ᠤ ᠳᠠᠪᠴᠠᠩ᠂ ᠨᠧᠲ ᠰᠦᠯᠵᠢᠶ᠎ᠡ᠂ | ᠸᠢᠴᠠᠲ ᠵᠡᠷᠭᠡ ᠪᠠᠷ ᠳᠠᠮᠵᠢᠭᠤᠯᠤᠨ ᠬᠤᠯᠪᠤᠭᠳᠠᠬᠤ ᠪᠠᠶᠢᠭᠤᠯᠭ᠎ᠠ ᠪᠤᠯᠤᠨ ᠤᠯᠠᠨ ᠲᠦᠮᠡᠨ ᠳᠤ ᠵᠠᠷᠯᠠᠨ ᠮᠡᠳᠡᠭᠳᠡᠨ᠎ᠡ᠃ | 3.2 ᠰᠤᠷᠠᠭ ᠴᠢᠮᠡᠭᠡᠨ ᠤ ᠮᠡᠳᠡᠭᠦᠯᠦᠯᠲᠡ | ᠲᠦᠢᠮᠡᠷ ᠰᠡᠷᠭᠡᠶᠢᠯᠡᠬᠦ ᠠᠯᠪᠠᠨ ᠭᠡᠷ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤ ᠨᠢ᠂ ᠤᠨᠤᠪᠴᠢᠲᠡᠢ᠂ | ᠳᠤᠷᠢᠮᠵᠢᠭᠦᠨ ᠢᠶᠠᠷ ᠵᠢᠯᠤᠭᠤᠳᠬᠤ ᠲᠦᠪ᠂ ᠬᠤᠲᠠ ᠶᠢᠨ ᠲᠡᠰ ᠲᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨ ᠪᠠᠶᠢᠳᠠᠯ ᠢ ᠮᠡᠳᠡᠭᠦᠯᠦᠨ᠎ᠡ᠃ | ᠳᠦᠷᠪᠡᠳᠦᠭᠡᠷ ᠪᠦᠯᠦᠭ ᠪᠠᠴᠢᠮ ᠠᠪᠤᠷᠠᠯᠲᠡ ᠳᠤ ᠤᠷᠤᠯᠴᠠᠬᠤ | ︵ᠨᠢᠭᠡ︶ ᠲᠦᠢᠮᠡᠷ ᠤᠨ ᠰᠡᠷᠡᠮᠵᠢᠯᠡᠭᠦᠯᠦᠯ ᠪᠠ ᠲᠦᠢᠮᠡᠷ ᠡᠭᠦᠰᠦᠭᠰᠡᠨ ᠪᠠᠶᠢᠳᠠᠯ ᠳᠤ ᠤᠶᠢᠷ᠎ᠠ ᠬᠠᠪᠢ ᠶᠢᠨ | ᠠᠶᠢᠯ ᠲᠤᠰᠬᠤᠨ᠂ ᠤᠢ ᠰᠢᠭᠤᠢ ᠶᠢᠨ ᠲᠠᠯᠠᠪᠠᠢ ᠲᠦᠢᠮᠡᠷ ᠤᠨ ᠰᠡᠷᠡᠮᠵᠢᠯᠡᠭᠦᠯᠦᠯ᠂ ᠲᠦᠢᠮᠡᠷ ᠤᠨ ᠠᠶᠦᠯ ᠤᠨ | ᠮᠡᠳᠡᠭᠦᠯᠦᠯᠲᠡ ᠶᠢᠨ ᠳᠦᠷᠢᠮ ᠢ ᠴᠢᠩᠭ᠎ᠠ ᠪᠠᠷᠢᠮᠲᠠᠯᠠᠵᠤ ᠠᠯᠬᠤᠮ ᠳᠠᠷᠠᠭ᠎ᠠ ᠲᠠᠢ ᠪᠠᠷ ᠳᠡᠭᠡᠲᠦ ᠱᠠᠲᠤᠨ ᠳᠤ | ᠮᠡᠳᠡᠭᠦᠯᠦᠨ᠎ᠡ᠃ | ︵ᠬᠤᠶᠠᠷ︶ ᠲᠦᠢᠮᠡᠷ ᠰᠡᠷᠭᠡᠶᠢᠯᠡᠬᠦ ᠠᠯᠪᠠᠨ ᠭᠡᠷ ᠤᠨ ᠵᠢᠵᠢᠭᠦᠷᠯᠡᠭᠴᠢ ᠠᠴᠠ ᠮᠡᠳᠡᠭᠦᠯᠦᠯᠲᠡ ᠶᠢ ᠤᠯᠤᠭᠰᠠᠨ | ᠤ ᠳᠠᠷᠠᠭ᠎ᠠ ᠴᠠᠭ ᠲᠤᠬᠠᠢ ᠳᠤ ᠨᠢ ᠵᠢᠵᠢᠭᠦᠷᠯᠡᠨ ᠤᠳᠤᠷᠢᠳᠴᠤ ᠪᠠᠶᠢᠭ᠎ᠠ ᠤᠳᠤᠷᠢᠳᠤᠯᠭ᠎ᠠ ᠪᠤᠯᠤᠨ ᠬᠤᠯᠪᠤᠭᠳᠠᠯ | ᠪᠦᠬᠦᠢ ᠬᠠᠷᠢᠭᠤᠴᠠᠯᠭᠠᠲᠡᠨ ᠳᠤ ᠮᠡᠳᠡᠭᠦᠯᠵᠤ ᠳᠡᠮᠳᠡᠭᠯᠡᠯ ᠳᠤᠲᠤᠷᠬᠠᠶᠢᠯᠠᠯ ᠢᠶᠠᠨ ᠰᠠᠶᠢᠲᠤᠷ ᠬᠢᠨ᠎ᠡ᠃ | ︵ᠭᠤᠷᠪᠠ︶ ᠵᠢᠵᠢᠭᠦᠷᠯᠡᠨ ᠤᠳᠤᠷᠢᠳᠴᠤ ᠪᠠᠶᠢᠭ᠎ᠠ ᠤᠳᠤᠷᠢᠳᠤᠯᠭ᠎ᠠ ᠪᠤᠯᠤᠨ ᠬᠤᠯᠪᠤᠭᠳᠠᠯ ᠪᠦᠬᠦᠢ | ᠬᠠᠷᠢᠭᠤᠴᠠᠯᠭᠠᠲᠡᠨ ᠠᠴᠠ ᠴᠠᠭ ᠲᠤᠬᠠᠢ ᠳᠤ ᠨᠢ ᠪᠤᠳᠠᠳᠠᠢ ᠪᠠᠶᠢᠳᠠᠯ ᠢ ᠤᠶᠢᠯᠠᠭᠠᠨ ᠡᠵᠡᠮᠳᠡᠵᠤ᠂ ᠬᠤᠰᠢᠭᠤ ᠵᠠᠰᠠᠭ | ᠤᠨ ᠤᠷᠳᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ᠎ᠡ᠃ | 4.1 ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠲᠡᠰ ᠬᠤᠪᠢᠶᠠᠷᠢᠯᠡᠯ ᠪᠠ ᠠᠪᠤᠷᠠᠯᠲᠡ ᠳᠤ | ᠤᠷᠤᠯᠴᠠᠬᠤ ᠠᠷᠭ᠎ᠠ ᠭᠡᠯᠪᠡᠷᠢ | ︵ᠨᠢᠭᠡ︶ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ ᠲᠦᠢᠮᠡᠷ ᠤᠨ ᠪᠠᠶᠢᠳᠠᠯ ᠤᠨ ᠰᠤᠷᠠᠭ ᠴᠢᠮᠡᠭᠡ | ᠶᠢ ᠬᠤᠷᠢᠶᠡᠨ᠂ ᠰᠢᠢᠳᠪᠦᠷᠢᠯᠡᠵᠤ᠂ ᠮᠡᠳᠡᠭᠦᠯᠦᠨ᠎ᠡ᠃ ᠤᠢ ᠰᠢᠭᠤᠢ ᠶᠢᠨ ᠴᠠᠭᠳᠠᠭ᠎ᠠ᠂ ᠤᠢ ᠰᠢᠭᠤᠢ ᠬᠠᠮᠠᠭᠠᠯᠠᠭᠴᠢ | ᠠᠴᠠ 24 ᠴᠠᠭ ᠤᠨ ᠵᠢᠵᠢᠭᠦᠷᠯᠡᠭᠡ ᠪᠠᠷ ᠲᠦᠢᠮᠡᠷ ᠰᠡᠷᠭᠡᠶᠢᠯᠡᠬᠦ ᠬᠢᠨᠠᠨ ᠪᠠᠶᠢᠴᠠᠭᠠᠯᠲᠡ ᠶᠢᠨ ᠲᠦᠷᠰᠦ ᠪᠢᠴᠢᠯᠭᠡ᠂ | ᠪᠠᠷᠠᠭᠠᠯᠠᠬᠤ ᠴᠠᠮᠬᠠᠭ ︵ᠬᠠᠷᠠᠭᠤᠯ︶ ᠢ ᠭᠦᠢᠴᠡᠳ ᠠᠰᠢᠭᠯᠠᠵᠤ᠂ ᠤᠢ ᠰᠢᠭᠤᠢ ᠶᠢᠨ ᠤᠷᠤᠨ ᠤ ᠭᠠᠯ ᠤᠨ ᠪᠠᠶᠢᠳᠠᠯ | ᠳᠤ ᠪᠦᠬᠦ ᠲᠠᠯ᠎ᠠ ᠶᠢᠨ ᠬᠢᠨᠠᠨ ᠪᠠᠶᠢᠴᠠᠭᠠᠯᠲᠡ ᠬᠢᠬᠦ ᠶᠢ ᠴᠢᠩᠭᠠᠳᠬᠠᠨ᠂ ᠶᠡᠭᠡ ᠪᠠ ᠤᠨᠴᠠ ᠶᠡᠭᠡ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠡᠭᠦᠰᠬᠦ ᠰᠢᠨᠵᠢ ᠲᠡᠮᠳᠡᠭ ᠪᠤᠶᠤ ᠲᠦᠢᠮᠡᠷ ᠡᠭᠦᠰᠬᠦ ᠦᠶ᠎ᠡ ᠳᠤ᠂ ᠡᠩ ᠲᠡᠷᠢᠭᠦᠨ | ᠳᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠯᠤᠭᠤᠳᠤᠯᠭ᠎ᠠ ᠶᠢᠨ ᠭᠠᠵᠠᠷ ᠤᠨ ᠠᠯᠪᠠᠨ ᠭᠡᠷ | ᠲᠤ ᠮᠡᠳᠡᠭᠳᠡᠨ᠎ᠡ᠃ ᠲᠦᠢᠮᠡᠷ ᠢ ᠰᠡᠷᠭᠡᠶᠢᠯᠡᠬᠦ ᠠᠯᠪᠠᠨ ᠭᠡᠷ ᠠᠴᠠ ᠬᠠᠮᠤᠭ ᠤᠨ ᠳᠡᠭᠡᠲᠦ ᠬᠤᠷᠳᠤᠴᠠ ᠪᠠᠷ ᠬᠤᠰᠢᠭᠤᠨ | ᠤ ᠲᠦᠢᠮᠡᠷ ᠰᠡᠷᠭᠡᠶᠢᠯᠡᠬᠦ ᠵᠢᠯᠤᠭᠤᠳᠤᠯᠭ᠎ᠠ ᠶᠢᠨ ᠭᠠᠵᠠᠷ ᠮᠡᠳᠡᠭᠦᠯᠬᠦ ᠶᠢᠨ ᠬᠠᠮᠲᠤ ᠲᠦᠢᠮᠡᠷ ᠤᠨ ᠪᠠᠶᠢᠳᠠᠯ ᠢ | ᠦᠨᠳᠦᠰᠦᠯᠡᠨ ᠴᠠᠭ ᠲᠤᠬᠠᠢ ᠳᠤ ᠨᠢ ᠲᠠᠬᠢᠨ ᠰᠢᠨ᠎ᠡ ᠪᠠᠷ ᠮᠡᠳᠡᠭᠦᠯᠦᠨ᠎ᠡ᠃ ᠬᠤᠲᠠ ᠶᠢᠨ ᠲᠡᠰ ᠤᠨ ᠲᠦᠢᠮᠡᠷ ᠢ | ᠰᠡᠷᠭᠡᠶᠢᠯᠡᠬᠦ ᠠᠯᠪᠠᠨ ᠭᠡᠷ ᠲᠤ ᠮᠡᠳᠡᠭᠳᠡᠬᠦ ᠴᠢᠬᠤᠯᠠ ᠲᠠᠢ ᠴᠢᠬᠤᠯᠠ ᠰᠤᠷᠠᠭ ᠴᠢᠮᠡᠭᠡ ᠶᠢ ᠬᠤᠰᠢᠭᠤᠨ ᠤ ᠭᠠᠯ | ᠰᠡᠷᠭᠡᠶᠢᠯᠡᠬᠦ ᠠᠯᠪᠠᠨ ᠭᠡᠷ ᠮᠡᠳᠡᠭᠡ ᠤᠯᠤᠭᠰᠠᠨ ᠤ ᠳᠠᠷᠠᠭᠠᠬᠢ ᠨᠢᠭᠡ ᠴᠠᠭ ᠤᠨ ᠲᠤᠳᠤᠷ᠎ᠡ ᠳᠡᠭᠡᠭᠰᠢ ᠮᠡᠳᠡᠭᠦᠯᠦᠨ᠎ᠡ᠃ | ︵ᠬᠤᠶᠠᠷ︶ ᠲᠦᠢᠮᠡᠷ ᠰᠡᠷᠭᠡᠶᠢᠯᠡᠬᠦ ᠠᠯᠪᠠᠨ ᠭᠡᠷ ᠠᠴᠠ ᠪᠦᠬᠦ ᠬᠤᠰᠢᠭᠤᠨ ᠤ ᠡᠯ᠎ᠡ ᠭᠠᠵᠠᠷ ᠤᠨ ᠤᠢ ᠰᠢᠭᠤᠢ | ᠨᠤᠲᠤᠭ ᠪᠠᠯᠴᠢᠭᠡᠷ ᠤᠨ ᠲᠦᠢᠮᠡᠷ ᠤᠨ ᠭᠠᠮᠰᠢᠭ᠂ ᠲᠦᠢᠮᠡᠷ ᠤᠨ ᠪᠠᠶᠢᠳᠠᠯ ᠤᠨ ᠰᠤᠷᠠᠭ ᠴᠢᠮᠡᠭᠡ ᠶᠢ ᠬᠤᠷᠢᠶᠡᠨ | ᠬᠠᠳᠠᠭᠠᠯᠠᠵᠤ᠂ ᠰᠢᠢᠳᠪᠦᠷᠢᠯᠡᠨ᠂ ᠰᠤᠳᠤᠯᠤᠨ ᠰᠢᠢᠳᠴᠤ ᠭᠡᠷᠡᠭ ᠤᠴᠢᠷ ᠤᠨ ᠰᠢᠨᠵᠢ ᠴᠢᠨᠠᠷ᠂ ᠬᠡᠮᠵᠢᠶ᠎ᠡ ᠪᠤᠯᠤᠨ | ᠨᠦᠯᠦᠭᠡᠯᠡᠬᠦ ᠬᠦᠷᠢᠶ᠎ᠡ ᠬᠡᠪᠴᠢᠶ᠎ᠡ ᠶᠢ ᠦᠨᠳᠦᠰᠦᠯᠡᠨ ᠬᠤᠰᠢᠭᠤᠨ ᠤ ᠭᠠᠯ ᠰᠡᠷᠭᠡᠶᠢᠯᠡᠬᠦ ᠵᠢᠯᠤᠭᠤᠳᠤᠯᠭ᠎ᠠ ᠶᠢᠨ ᠲᠦᠪ | ᠳᠤ ᠲᠤᠰ ᠲᠦᠰᠦᠯ ᠢ ᠬᠡᠷᠡᠭᠵᠢᠭᠦᠯᠬᠦ ᠰᠠᠨᠠᠯ ᠳᠡᠪᠰᠢᠭᠦᠯᠦᠨ᠎ᠡ᠃ | ︵ᠭᠤᠷᠪᠠ︶ ᠲᠦᠢᠮᠡᠷ ᠰᠡᠷᠭᠡᠶᠢᠯᠡᠬᠦ ᠰᠡᠷᠡᠮᠵᠢ ᠶᠢᠨ ᠲᠤᠬᠢᠶ᠎ᠡ ᠦᠭᠭᠦᠭᠰᠡᠨ ᠤ ᠳᠠᠷᠠᠭ᠎ᠠ᠂ ᠤᠢ ᠰᠢᠭᠤᠢ ᠶᠢᠨ | ᠲᠤᠪᠴᠢᠶ᠎ᠡ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶ᠎ᠡ ᠪᠤᠯᠤᠨ ᠲᠦᠢᠮᠡᠷ ᠢ ᠰᠡᠷᠭᠡᠶᠢᠯᠡᠬᠦ | ᠬᠤᠯᠪᠤᠭᠳᠠᠯ ᠪᠦᠬᠦᠢ ᠪᠠᠶᠢᠭᠤᠯᠭ᠎ᠠ ᠠᠴᠠ ᠤᠢ ᠰᠢᠭᠤᠢ ᠶᠢᠨ ᠲᠤᠭᠤᠷᠢᠭ᠂ ᠲᠦᠢᠮᠡᠷ ᠠᠮᠠᠷᠬᠠᠨ ᠡᠭᠦᠰᠴᠤ ᠮᠡᠳᠡᠬᠦ | ᠭᠠᠵᠠᠷ ᠲᠤ ᠰᠡᠷᠡᠮᠵᠢ ᠶᠢᠨ ᠲᠤᠬᠢᠶᠡᠡ ᠳᠡᠮᠳᠡᠭ ᠭᠠᠷᠭᠠᠵᠤ᠂ ᠲᠤᠶᠢᠮᠡᠷ ᠠᠴᠠ ᠰᠡᠷᠭᠡᠶᠢᠯᠡᠬᠦ ᠤᠬᠠᠭᠤᠯᠭ᠎ᠠ | ᠬᠠᠮᠢᠶᠠᠷᠤᠯᠲᠡ ᠪᠠᠨ ᠴᠢᠩᠭᠠᠳᠬᠠᠬᠤ ᠬᠡᠷᠡᠭᠲᠡᠢ᠃ ᠤᠢ ᠰᠢᠭᠤᠢ ᠶᠢᠨ ᠲᠤᠭᠤᠷᠢᠭ ᠪᠤᠯᠤᠨ ᠲᠦᠢᠮᠡᠷ ᠠᠮᠠᠷᠬᠠᠨ | ᠡᠭᠦᠰᠴᠤ ᠮᠡᠳᠡᠬᠦ ᠤᠷᠤᠨ ᠳᠤ ᠢᠷᠡᠬᠦ ᠬᠦᠮᠦᠰ᠂ ᠲᠡᠷᠭᠡ ᠤᠨᠤᠭ᠎ᠠ ᠶᠢ ᠨᠠᠷᠢᠯᠢᠭ ᠳᠠᠩᠰᠠᠯᠠᠵᠤ ᠬᠡᠭᠡᠷ᠎ᠡ ᠭᠠᠳᠠᠨ᠎ᠠ ᠭᠠᠯ | ᠬᠡᠷᠡᠭᠯᠡᠬᠦ ᠶᠢ ᠴᠢᠩᠭ᠎ᠠ ᠬᠤᠷᠢᠭᠯᠠᠨ᠂ ᠡᠯ᠎ᠡ ᠲᠦᠢᠮᠡᠷ ᠰᠡᠷᠭᠡᠶᠢᠯᠡᠬᠦ ᠪᠠᠶᠢᠭᠤᠯᠭ᠎ᠠ ᠲᠦᠢᠮᠡᠷ ᠤᠨᠲᠠᠷᠠᠭᠠᠬᠤ ᠲᠤᠨᠤᠭ | ᠲᠦᠭᠦᠭᠡᠷᠦᠮᠵᠢ ᠪᠠᠨ ᠰᠠᠶᠢᠲᠤᠷ ᠪᠠᠶᠢᠴᠠᠭᠠᠵᠤ᠂ ᠲᠦᠢᠮᠡᠷ ᠤᠨᠲᠠᠷᠠᠭᠠᠬᠤ ᠪᠦᠷᠢᠨ ᠪᠡᠯᠡᠳᠭᠡᠯ ᠲᠠᠢ ᠪᠠᠶᠢᠬᠤ ᠬᠡᠷᠡᠭᠲᠡᠢ᠃ | ︵ᠳᠦᠷᠪᠡ︶ ᠲᠦᠢᠮᠡᠷ ᠰᠡᠷᠭᠡᠶᠢᠯᠡᠬᠦ ᠪᠤᠶᠤ ᠤᠨᠲᠠᠷᠠᠭᠠᠬᠤ ᠳᠤ ᠤᠷᠤᠯᠴᠠᠬᠤ ᠪᠤᠢ ᠪᠦᠬᠦᠢ ᠬᠡᠰᠢᠭᠦᠨ | ᠪᠠᠶᠢᠭᠤᠯᠭ᠎ᠠ ᠪᠤᠯᠤᠨ ᠬᠤᠪᠢ ᠬᠦᠮᠦᠨ ᠡᠷᠬᠡᠪᠰᠢ ᠲᠦᠢᠮᠡᠷ ᠰᠡᠷᠭᠡᠶᠢᠯᠡᠬᠦ ᠵᠢᠯᠤᠭᠤᠳᠬᠤ ᠲᠦᠪ ᠤᠨ ᠨᠢᠭᠡᠳᠦᠯᠲᠡᠢ | ᠵᠢᠯᠤᠭᠤᠳᠤᠯᠭ᠎ᠠ ᠶᠢ ᠳᠠᠭᠠᠬᠤ ᠬᠡᠷᠡᠭᠲᠡᠢ᠂ ᠲᠦᠢᠮᠡᠷ ᠤᠨ ᠬᠤᠪᠢᠷᠠᠯᠲᠡ ᠶᠢᠨ ᠪᠠᠶᠢᠳᠠᠯ ᠢ ᠦᠨᠳᠦᠰᠦᠯᠡᠵᠤ ᠡᠯ᠎ᠡ | ᠱᠠᠲᠤᠨ ᠤ ᠤᠳᠤᠷᠢᠳᠤᠯᠭ᠎ᠠ ᠵᠤᠬᠢᠰᠲᠡᠢ ᠵᠢᠯᠤᠭᠤᠳᠴᠤ᠂ ᠳᠡᠭᠡᠲᠦ ᠱᠠᠲᠤᠨ ᠠᠴᠠ ᠲᠤᠤᠷᠠᠳᠤ ᠱᠠᠲᠤ ᠬᠦᠷᠲᠡᠯ᠎ᠡ | ᠠᠯᠬᠤᠮ ᠳᠠᠷᠠᠭ᠎ᠠ ᠲᠠᠢ ᠪᠠᠷ ᠤᠳᠤᠷᠢᠳᠬᠤ ᠰᠢᠰᠲ᠋ᠧᠮ ᠢ ᠪᠠᠲᠤᠯᠠᠬᠤ ᠬᠡᠷᠡᠭᠲᠡᠢ᠃ ᠳᠤᠤᠷᠠᠳᠤ ᠱᠠᠲᠤᠨ ᠤ | ᠤᠳᠤᠷᠢᠳᠤᠯᠭ᠎ᠠ ᠡᠷᠬᠡᠪᠰᠢ ᠳᠡᠭᠡᠲᠦ ᠱᠠᠳᠤᠨ ᠤ ᠤᠳᠤᠷᠢᠳᠤᠯᠭ᠎ᠠ ᠶᠢ ᠳᠠᠭᠠᠵᠤ᠂ ᠡᠷᠭᠡ ᠪᠠᠨ ᠳᠠᠪᠠᠭᠤᠯᠤᠨ ᠬᠡᠷᠡᠭᠯᠡᠵᠤ᠂ | ᠵᠢᠯᠤᠭᠤᠳᠤᠯᠭ᠎ᠠ ᠶᠢᠨ ᠰᠠᠮᠠᠭᠤᠷᠠᠯ ᠡᠭᠦᠰᠬᠡᠵᠤ ᠪᠤᠯᠬᠤ ᠦᠭᠡᠢ᠃ ︽ᠬᠦᠮᠦᠨ ᠢᠶᠠᠷ ᠦᠨᠳᠦᠰᠦ︾ ᠪᠤᠯᠭᠠᠬᠤ ᠵᠠᠷᠴᠢᠮ | ᠢ ᠪᠠᠷᠢᠮᠲᠠᠯᠠᠵᠤ᠂ ᠠᠷᠠᠳ ᠤᠯᠠᠨ ︵ᠲᠦᠢᠮᠡᠷ ᠤᠨᠲᠠᠷᠠᠭᠠᠭᠴᠢᠳ ᠢ ᠪᠠᠭᠳᠠᠭᠠᠨ᠎ᠠ︶ ᠤ ᠠᠮᠢ ᠨᠠᠰᠤ ᠡᠳ᠋ ᠬᠦᠷᠦᠩᠭᠡ | ᠪᠤᠯᠤᠨ ᠰᠠᠭᠤᠭ᠎ᠠ ᠭᠠᠵᠠᠷ᠂ ᠰᠠᠭᠤᠷᠢ ᠲᠦᠭᠦᠭᠡᠷᠦᠮᠵᠢ ᠵᠡᠷᠭᠡ ᠴᠢᠬᠤᠯᠠ ᠭᠠᠵᠠᠷ ᠤᠷᠤᠨ ᠤ ᠠᠶᠦᠯ ᠦᠭᠡᠢ ᠪᠠᠶᠢᠬᠤ | ᠶᠢ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠠᠷ ᠤᠨᠲᠠᠷᠠᠭᠠᠬᠤ ᠶᠢ ᠪᠠᠷᠢᠮᠲᠠᠯᠠᠵᠤ᠂ ︽ᠬᠤᠷᠢᠭᠯᠠᠬᠤ᠂ ᠤᠨᠲᠠᠷᠠᠭᠠᠬᠤ᠂ | ᠴᠡᠪᠡᠷᠯᠡᠬᠦ︾ ᠶᠢ ᠨᠢᠭᠡᠳᠭᠡᠵᠤ᠂ ᠤᠢ ᠰᠢᠭᠤᠢ ᠶᠢᠨ ᠬᠤᠷᠤᠭᠳᠠᠯ ᠢ ᠠᠯᠢ ᠴᠢᠳᠠᠬᠤ ᠪᠠᠷ ᠪᠠᠭᠠᠰᠬᠠᠨ᠎ᠠ᠃ | ᠤᠨᠲᠠᠷᠠᠭᠠᠬᠤ ᠶᠢ ᠴᠢᠬᠤᠯᠠᠴᠢᠯᠠᠵᠤ᠂ ᠲᠦᠷᠭᠡᠨ ᠬᠦᠳᠡᠯᠦᠯᠴᠡᠨ᠂ ᠨᠢᠭᠡᠯᠡ ᠳᠡᠭᠡᠷ᠎ᠡ ᠭᠦᠢᠴᠡᠳ ᠣᠨᠲᠠᠷᠠᠭᠠᠬᠤ ᠶᠢ | ᠪᠠᠷᠢᠮᠲᠠᠯᠠᠨ᠎ᠠ᠃ ᠬᠡᠰᠡᠭ ᠬᠤᠪᠢᠶᠡᠨ ᠳᠠᠭᠠᠭᠠᠴᠢᠯᠠᠵᠤ᠂ ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠎ᠠ᠃ | ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠤᠨᠲᠠᠷᠠᠭᠠᠭᠰᠠᠨ ᠤ ᠳᠠᠷᠠᠭ᠎ᠠ ᠦᠷᠭᠦᠯᠵᠢᠯᠡᠨ ᠲᠦᠢᠮᠡᠷ | ᠤᠨᠲᠠᠷᠠᠭᠠᠭᠴᠢᠳ ᠢ ᠵᠤᠬᠢᠶᠠᠨ ᠪᠠᠶᠢᠭᠤᠯᠵᠤ ᠦᠯᠡᠳᠡᠭᠳᠡᠯ ᠭᠠᠯ ᠤᠨ ᠡᠬᠢ ᠡᠭᠦᠰᠪᠦᠷᠢ ᠶᠢ ᠭᠦᠢᠴᠡᠳ ᠠᠷᠢᠯᠭᠠᠨ᠎ᠠ᠂ | ᠵᠤᠬᠢᠬᠤ ᠬᠦᠮᠦᠰ ᠢ ᠦᠯᠡᠳᠡᠭᠡᠵᠤ ᠲᠦᠢᠮᠡᠷ ᠤᠨ ᠭᠠᠵᠠᠷ ᠢ ᠬᠠᠷᠠᠭᠤᠯᠵᠤ ᠬᠢᠨᠠᠭᠤᠯᠤᠨ᠂ ᠬᠢᠨᠠᠨ ᠪᠠᠶᠢᠴᠠᠭᠠᠯᠲᠡ ᠪᠠᠷ | ᠳᠠᠮᠵᠢᠨ ᠭᠠᠯ ᠦᠭᠡᠢ᠂ ᠤᠲᠤᠭ᠎ᠠ ᠦᠭᠡᠢ᠂ ᠡᠯᠳᠡᠪ ᠦᠨᠦᠷ ᠦᠭᠡᠢ ᠪᠤᠯᠤᠭᠰᠠᠨ ᠤ ᠳᠠᠷᠠᠭ᠎ᠠ ᠰᠠᠶ᠋ᠢ ᠭᠠᠯ | ᠤᠨᠲᠠᠷᠠᠭᠠᠭᠴᠢᠳ ᠲᠦᠢᠮᠡᠷ ᠤᠨ ᠭᠠᠵᠠᠷ ᠠᠴᠠ ᠪᠤᠴᠠᠵᠤ ᠪᠤᠯᠤᠨ᠎ᠡ᠃ | 4.2 ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠲᠡᠰ ᠬᠤᠪᠢᠶᠠᠷᠢᠯᠡᠯ ᠪᠤᠯᠤᠨ ᠪᠠᠴᠢᠮ ᠠᠪᠤᠷᠠᠯᠲᠡ | ᠶᠢᠨ ᠠᠷᠭ᠎ᠠ | ︵ᠨᠢᠭᠡ︶ ᠤᠨᠴᠠ ᠶᠡᠭᠡ ᠪᠤᠶᠤ ᠶᠡᠭᠡ ᠬᠡᠮᠵᠢᠶᠡᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠡᠭᠦᠰᠦᠭᠰᠡᠨ ᠤ ᠳᠠᠷᠠᠭ᠎ᠠ᠂ ᠲᠦᠢᠮᠡᠷ ᠡᠭᠦᠰᠦᠭᠰᠡᠨ ᠤᠷᠤᠨ ᠤ ᠰᠤᠮᠤ ᠰᠢᠶᠡᠩ ᠪᠠᠯᠭᠠᠰᠤ ᠪᠤᠶᠤ ᠬᠤᠰᠢᠭᠤᠨ ᠳᠤ | ᠰᠠᠭᠤᠭ᠎ᠠ ᠠᠵᠤ ᠠᠬᠤᠶᠢᠯᠠᠯ ᠤᠨ ᠪᠠᠶᠢᠭᠤᠯᠭ᠎ᠠ ᠠᠴᠠ ᠡᠯ᠎ᠡ ᠬᠠᠷᠢᠭᠤᠴᠯᠭᠠᠲᠤ ᠪᠠᠶᠢᠭᠤᠯᠭ᠎ᠠ ᠪᠠ ᠲᠦᠢᠮᠡᠷ ᠡᠭᠦᠰᠦᠭᠰᠡᠨ | ᠤᠷᠤᠨ ᠤ ᠲᠤᠰᠬᠤᠨ ᠪᠠᠷᠢᠭᠠᠳᠠ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠡ ᠶᠢ ᠢᠲᠡᠪᠬᠢᠲᠡᠢ ᠪᠠᠷ ᠵᠤᠬᠢᠶᠠᠨ | ᠪᠠᠶᠢᠭᠤᠯᠵᠤ᠂ ᠠᠩᠬᠠᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠵᠤ᠂ ᠴᠠᠭ ᠲᠤᠬᠠᠢ ᠳᠤ ᠨᠢ ᠲᠦᠢᠮᠡᠷ ᠤᠨ ᠪᠠᠶᠢᠳᠠᠯ ᠢ | ᠡᠷᠬᠡᠰᠢᠶᠡᠵᠤ᠂ ᠬᠤᠷᠤᠭᠳᠠᠯ ᠢ ᠪᠠᠭᠠᠰᠬᠠᠬᠤ ᠪᠠᠷ ᠴᠢᠷᠮᠠᠶᠢᠵᠤ᠂ ᠬᠤᠯᠪᠤᠭᠳᠠᠬᠤ ᠪᠠᠶᠢᠳᠠᠯ ᠢ ᠳᠠᠷᠤᠢ ᠲᠦᠷᠭᠡᠨ | ᠬᠤᠰᠢᠭᠤᠨ ᠤ ᠲᠦᠢᠮᠡᠷ ᠰᠡᠷᠭᠡᠶᠢᠯᠡᠬᠦ ᠠᠯᠪᠠᠨ ᠭᠡᠷ ᠲᠤ ᠮᠡᠳᠡᠭᠳᠡᠨ᠎ᠡ᠃ ᠲᠦᠢᠮᠡᠷ ᠰᠡᠷᠭᠡᠶᠢᠯᠡᠬᠦ ᠠᠯᠪᠠᠨ ᠭᠡᠷ ᠠᠴᠠ | ᠴᠠᠭ ᠲᠤᠬᠠᠢ ᠳᠤ ᠨᠢ ᠲᠦᠢᠮᠡᠷ ᠡᠭᠦᠰᠦᠭᠰᠡᠨ ᠭᠠᠵᠠᠷ ᠤᠨ ᠰᠤᠮᠤ ᠰᠢᠶᠠᠩ ᠪᠠᠯᠭᠠᠰᠤ ᠪᠤᠯᠤᠨ ᠬᠤᠰᠢᠭᠤᠨ ᠳᠤ | ᠰᠠᠭᠤᠭ᠎ᠠ ᠠᠵᠤ ᠠᠬᠤᠢ ᠠᠵᠢᠯ ᠦᠢᠯᠡᠰ ᠤᠨ ᠪᠠᠶᠢᠭᠤᠯᠭ᠎ᠠ ᠵᠢᠴᠢ ᠬᠤᠯᠪᠤᠭᠳᠠᠬᠤ ᠰᠠᠯᠠᠭ᠎ᠠ ᠮᠦᠴᠢᠷ ᠲᠠᠢ | ᠬᠤᠯᠪᠤᠭᠠᠯᠠᠵᠤ᠂ ᠠᠩᠬᠠᠨ ᠤ ᠰᠢᠢᠳᠪᠦᠷᠢᠯᠡᠯᠲᠡ ᠶᠢᠨ ᠪᠠᠶᠢᠳᠠᠯ ᠢ ᠤᠶᠢᠯᠠᠭᠠᠵᠤ᠂ ᠴᠠᠭ ᠲᠤᠬᠠᠢ ᠳᠤ ᠨᠢ ᠲᠦᠢᠮᠡᠷ | ᠰᠡᠷᠭᠡᠶᠢᠯᠡᠬᠦ ᠵᠢᠯᠤᠭᠤᠳᠤᠯᠭ᠎ᠠ ᠶᠢᠨ ᠭᠠᠵᠠᠷ ᠲᠤ ᠮᠡᠳᠡᠭᠳᠡᠬᠦ ᠶᠢᠨ ᠬᠠᠮᠲᠤ ᠬᠤᠰᠢᠭᠤᠨ ᠤ ᠲᠦᠢᠮᠡᠷ ᠰᠡᠷᠭᠡᠶᠢᠯᠡᠬᠦ ᠠᠯᠪᠠᠨ | ᠭᠡᠷ ᠤᠨ ᠰᠢᠢᠳᠪᠦᠷᠢᠯᠡᠯᠲᠡ ᠶᠢᠨ ᠪᠤᠳᠤᠯᠭ᠎ᠠ ᠶᠢ ᠬᠤᠰᠢᠭᠤ ᠵᠠᠰᠠᠭ ᠤᠨ ᠤᠷᠳᠤᠨ ᠪᠤᠯᠤᠨ ᠬᠤᠯᠪᠤᠭᠳᠠᠬᠤ | ᠪᠠᠶᠢᠭᠤᠯᠭ᠎ᠠ ᠳᠤ ᠮᠡᠳᠡᠭᠳᠡᠨ᠎ᠡ᠃ | ︵ᠬᠤᠶᠠᠷ︶ ᠤᠨᠴᠠ ᠶᠡᠭᠡ ᠪᠤᠶᠤ ᠶᠡᠭᠡ ᠬᠡᠮᠵᠢᠶᠡᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠡᠭᠦᠰᠦᠭᠰᠡᠨ ᠤ ᠳᠠᠷᠠᠭ᠎ᠠ᠂ ᠬᠤᠰᠢᠭᠤᠨ ᠤ ᠲᠦᠢᠮᠡᠷ ᠰᠡᠷᠭᠡᠶᠢᠯᠡᠬᠦ ᠠᠯᠪᠠᠨ ᠭᠡᠷ ᠠᠴᠠ ᠳᠤᠷᠠᠳᠤᠨ ᠭᠠᠷᠭᠠᠭᠰᠠᠨ | ᠠᠬᠤᠢ ᠲᠠᠯᠠᠪᠠᠢ ᠶᠢᠨ ᠵᠢᠯᠤᠭᠤᠳᠬᠤ ᠭᠠᠵᠠᠷ ᠪᠠᠶᠢᠭᠤᠯᠬᠤ ᠰᠠᠨᠠᠯ ᠤᠨ ᠲᠦᠰᠦᠯ ᠢ ᠬᠤᠰᠢᠭᠤᠨ ᠤ ᠲᠦᠢᠮᠡᠷ | ᠰᠡᠷᠭᠡᠶᠢᠯᠡᠬᠦ ᠶᠢ ᠵᠢᠯᠤᠭᠤᠳᠬᠤ ᠭᠠᠵᠠᠷ ᠮᠡᠳᠡᠭᠦᠯᠵᠤ ᠰᠤᠳᠤᠯᠤᠨ ᠰᠢᠢᠳᠪᠦᠷᠢᠯᠡᠨ᠎ᠡ᠃ ᠪᠠᠶᠢᠳᠠᠯ ᠤᠨᠴᠠ ᠪᠠᠴᠢᠮ ᠦᠶ᠎ᠡ | ᠳᠤ᠂ ᠬᠤᠰᠢᠭᠤᠨ ᠤ ᠲᠦᠢᠮᠡᠷ ᠰᠡᠷᠢᠭᠡᠶᠢᠯᠡᠬᠦ ᠶᠢ ᠵᠢᠯᠤᠭᠤᠳᠬᠤ ᠠᠯᠪᠠᠨ ᠭᠡᠷ ᠠᠴᠠ ᠶᠡᠷᠦᠩᠬᠡᠢ ᠵᠢᠯᠤᠭᠤᠳᠬᠤ ᠪᠤᠶᠤ | ᠲᠤᠰᠢᠶᠡᠯ ᠬᠦᠯᠢᠶᠡᠭᠰᠡᠨ ᠳᠡᠳ᠋ ᠶᠠᠷᠦᠩᠬᠡᠢ ᠵᠢᠯᠤᠭᠤᠳᠤᠭᠴᠢ ᠠᠴᠠ ᠲᠤᠰ ᠲᠦᠰᠦᠯ ᠢ ᠬᠡᠷᠡᠭᠵᠢᠭᠦᠯᠬᠦ ᠰᠢᠢᠳᠪᠦᠷᠢ | ᠭᠠᠷᠭᠠᠨ᠎ᠠ᠃ ᠲᠤᠰ ᠲᠦᠰᠦᠯ ᠢ ᠬᠡᠷᠡᠭᠵᠢᠭᠦᠯᠦᠭᠰᠡᠨ ᠤ ᠳᠠᠷᠠᠭ᠎ᠠ᠂ ᠲᠡᠷᠡ ᠳᠠᠷᠤᠢ ᠳᠤ ᠨᠢ ᠠᠬᠤᠢ ᠲᠠᠯᠠᠪᠠᠢ ᠶᠢᠨ | ᠵᠢᠯᠤᠭᠤᠳᠬᠤ ᠭᠠᠵᠠᠷ ᠪᠠᠶᠢᠭᠤᠯᠤᠨ᠎ᠠ᠃ | ︵ᠭᠤᠷᠪᠠ︶ ᠠᠬᠤᠢ ᠲᠠᠯᠠᠪᠠᠢ ᠶᠢᠨ ᠵᠢᠯᠤᠭᠤᠳᠬᠤ ᠭᠠᠵᠠᠷ ᠠᠴᠠ ᠬᠤᠰᠢᠭᠤᠨ ᠤ ᠲᠦᠢᠮᠡᠷ ᠢ ᠰᠡᠷᠭᠡᠶᠢᠯᠡᠬᠦ | ᠵᠢᠯᠤᠭᠤᠳᠬᠤ ᠭᠠᠵᠠᠷ ᠤᠨ ᠤᠨᠴᠠ ᠶᠡᠭᠡ ᠪᠤᠶᠤ ᠶᠡᠭᠡ ᠬᠡᠮᠵᠢᠶᠡᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨ ᠲᠤᠬᠠᠢ ᠪᠤᠳᠤᠯᠭ᠎ᠠ ᠪᠠ ᠵᠢᠭᠠᠪᠤᠷᠢ ᠶᠢ ᠡᠷᠡᠰ ᠬᠡᠷᠡᠭᠵᠢᠭᠦᠯᠦᠨ᠎ᠡ᠃ ᠤᠨᠴᠠ ᠶᠡᠭᠡ ᠪᠤᠶᠤ ᠶᠡᠭᠡ ᠬᠡᠮᠵᠢᠶᠡᠨ ᠤ ᠤᠢ | ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠤᠶᠢᠯᠠᠭᠠᠨ ᠡᠵᠡᠮᠳᠡᠵᠤ ᠡᠬᠢᠨ ᠤ ᠰᠢᠢᠳᠪᠦᠷᠢᠯᠡᠯᠲᠡ ᠶᠢᠨ | ᠠᠷᠭ᠎ᠠ ᠬᠡᠷᠡᠭᠵᠢᠭᠦᠯᠦᠨ᠂ ᠴᠠᠭ ᠲᠤᠬᠠᠢ ᠳᠤ ᠨᠢ ᠵᠠᠳᠠᠯᠤᠨ ᠰᠢᠨᠵᠢᠯᠡᠯᠲᠡ ᠬᠢᠵᠤ᠂ ᠰᠢᠢᠳᠪᠦᠷᠢᠯᠡᠯᠲᠡ ᠶᠢᠨ ᠲᠦᠰᠦᠯ | ᠰᠤᠳᠤᠯᠤᠨ ᠲᠤᠭᠲᠠᠭᠠᠵᠤ ᠬᠡᠷᠡᠭᠵᠢᠭᠦᠯᠦᠨ᠎ᠡ᠃ ᠴᠠᠭ ᠲᠤᠬᠠᠢ ᠳᠤ ᠨᠢ ᠠᠬᠤᠢ ᠲᠠᠯᠠᠪᠠᠢ ᠶᠢᠨ ᠡᠯ᠎ᠡ ᠵᠦᠢᠯ ᠤᠨ | ᠴᠢᠬᠤᠯᠠ ᠪᠠᠶᠢᠳᠠᠯ ᠢ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠢᠯᠤᠭᠤᠳᠤᠯᠭ᠎ᠠ | ᠶᠢᠨ ᠭᠠᠵᠠᠷ ᠲᠤ ᠮᠡᠳᠡᠭᠦᠯᠦᠨ᠎ᠡ᠃ ᠲᠦᠢᠮᠡᠷ ᠤᠨ ᠪᠠᠶᠢᠳᠠᠯ ᠢ ᠳᠠᠷᠤᠢ ᠲᠦᠷᠭᠡᠨ ᠡᠵᠡᠮᠳᠡᠵᠤ᠂ ᠭᠠᠮᠰᠢᠭᠳᠠᠭᠰᠠᠨ | ᠤᠷᠤᠨ ᠤ ᠬᠦᠮᠦᠰ ᠢ ᠵᠠᠶᠢᠯᠠᠭᠤᠯᠬᠤ ᠲᠤᠬᠢᠷᠠᠭᠤᠯᠤᠯᠲᠡ ᠶᠢ ᠰᠠᠶᠢᠲᠤᠷ ᠬᠢᠨ᠎ᠡ᠃ ᠠᠬᠤᠢ ᠲᠠᠯᠠᠪᠠᠢ ᠶᠢᠨ | ᠰᠢᠢᠳᠪᠦᠷᠢᠯᠡᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠤ᠂ ᠲᠠᠬᠢᠨ ᠡᠭᠦᠰᠬᠦ᠂ ᠦᠷᠭᠦᠯᠵᠢᠯᠡᠬᠦ᠂ | ᠬᠤᠯᠪᠤᠯᠳᠤᠬᠤ ᠤᠴᠢᠷ ᠠᠴᠠ ᠰᠡᠷᠭᠡᠶᠢᠯᠡᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠢ ᠲᠦᠷᠭᠡᠨ ᠰᠡᠷᠭᠦᠭᠡᠬᠦ ᠪᠠᠷ | ᠴᠢᠷᠮᠠᠶᠢᠨ᠎ᠠ᠃ | ︵ᠳᠦᠷᠪᠡ︶ ᠠᠬᠤᠢ ᠲᠠᠯᠠᠪᠠᠢ ᠶᠢᠨ ᠵᠢᠯᠤᠭᠤᠳᠬᠤ ᠭᠠᠵᠠᠷ ᠠᠴᠠ ᠭᠤᠤᠯᠳᠠᠭᠤ ᠲᠦᠢᠮᠡᠷ ᠤᠨ ᠠᠬᠤᠢ | ᠲᠠᠯᠠᠪᠠᠢ ᠶᠢ ᠠᠵᠢᠭᠯᠠᠬᠤ᠂ ᠲᠦᠢᠮᠡᠷ ᠡᠭᠦᠰᠦᠭᠰᠡᠨ ᠲᠤᠬᠠᠢ ᠶᠢᠨ ᠭᠠᠵᠠᠷ ᠤᠨ ᠰᠤᠮᠤ ᠰᠢᠶᠡᠩ ᠪᠠᠯᠭᠠᠰᠤᠨ ᠤ ᠠᠷᠠᠳ | ᠤᠨ ᠵᠠᠰᠠᠭ ᠤᠨ ᠤᠷᠳᠤᠨ ᠪᠤᠯᠤᠨ ᠡᠬᠢᠨ ᠤ ᠦᠶ᠎ᠡ ᠶᠢᠨ ᠰᠢᠢᠳᠪᠦᠷᠢᠯᠡᠭᠰᠡᠨ ᠪᠠᠶᠢᠭᠤᠯᠭ᠎ᠠ ᠶᠢᠨ ᠪᠠᠶᠢᠳᠠᠯ ᠢ | ᠰᠤᠨᠤᠰᠴᠤ ᠮᠡᠳᠡᠭᠦᠯᠦᠨ᠂ ᠳᠡᠭᠡᠲᠦ ᠱᠠᠲᠤᠨ ᠤ ᠤᠳᠤᠷᠢᠳᠤᠯᠭ᠎ᠠ ᠶᠢᠨ ᠵᠢᠭᠠᠪᠤᠷᠢ ᠶᠢ ᠤᠯᠠᠮᠵᠢᠯᠡᠨ᠂ ᠰᠢᠢᠳᠪᠦᠷᠢᠯᠡᠬᠦ | ᠠᠵᠢᠯ ᠤᠨ ᠲᠦᠰᠦᠯ ᠢ ᠰᠤᠳᠤᠯᠤᠨ ᠲᠤᠭᠲᠠᠭᠠᠨ᠎ᠠ᠂ ᠴᠢᠬᠤᠯᠠ ᠲᠠᠢ ᠦᠶ᠎ᠡ ᠳᠤ ᠲᠤᠰᠬᠠᠢ ᠮᠡᠷᠭᠡᠵᠢᠯᠲᠡᠨ ᠤ ᠰᠠᠨᠠᠯ ᠢ | ᠤᠷᠢᠳᠠᠪᠠᠷ ᠰᠤᠨᠤᠰᠴᠤ᠂ ᠰᠢᠢᠳᠪᠦᠷᠢᠯᠡᠬᠦ ᠠᠵᠢᠯ ᠤᠨ ᠲᠦᠰᠦᠯ ᠶᠤᠰᠤᠭᠠᠷ ᠵᠢᠭᠠᠪᠤᠷᠢ ᠦᠭᠴᠤ᠂ ᠡᠯ᠎ᠡ ᠲᠠᠯ᠎ᠠ ᠶᠢᠨ | ᠪᠠᠴᠢᠮ ᠰᠢᠢᠳᠪᠦᠷᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠃ | ︵ᠲᠠᠪᠤ︶ ᠤᠨᠴᠠ ᠶᠡᠭᠡ ᠪᠤᠶᠤ ᠶᠡᠭᠡ ᠬᠡᠮᠵᠢᠶᠡᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠪᠦᠲᠦᠮᠵᠢᠲᠡᠢ ᠡᠷᠬᠡᠰᠢᠶᠡᠭᠰᠡᠨ ᠤ ᠳᠠᠷᠠᠭ᠎ᠠ᠂ ᠲᠦᠢᠮᠡᠷ ᠢ ᠭᠦᠢᠴᠡᠳ ᠤᠨᠲᠠᠷᠠᠭᠠᠵᠤ᠂ ᠲᠦᠢᠮᠡᠷ ᠤᠨ ᠭᠠᠵᠠᠷ ᠢ | ᠴᠡᠪᠡᠷᠯᠡᠵᠤ᠂ ︽ᠤᠲᠤᠭ᠎ᠠ ᠦᠭᠡᠢ᠂ ᠭᠠᠯ ᠦᠭᠡᠢ᠂ ᠳᠠᠯᠳᠠ ᠭᠠᠯ ᠦᠭᠡᠢ︾ ᠪᠤᠯᠤᠭᠰᠠᠨ ᠤ ᠳᠠᠷᠠᠭ᠎ᠠ᠂ ᠠᠬᠤᠢ | ᠲᠠᠯᠠᠪᠠᠢ ᠶᠢᠨ ᠵᠢᠯᠤᠭᠤᠳᠬᠤ ᠭᠠᠵᠠᠷ ᠠᠴᠠ ᠬᠤᠰᠢᠭᠤᠨ ᠤ ᠲᠦᠢᠮᠡᠷ ᠢ ᠰᠡᠷᠭᠡᠶᠢᠯᠡᠬᠦ ᠶᠢ ᠵᠢᠯᠤᠭᠤᠳᠬᠤ ᠶᠡᠷᠦᠩᠬᠡᠢ | ᠭᠠᠵᠠᠷ ᠪᠠᠶᠢᠳᠠᠯ ᠤᠨ ᠮᠡᠳᠡᠭᠦᠯᠦᠯᠲᠡ ᠬᠢᠵᠤ ᠪᠠᠴᠢᠮ ᠰᠢᠢᠳᠪᠦᠷᠢᠯᠡᠯᠲᠡ ᠶᠢᠨ ᠲᠦᠰᠦᠯ ᠤᠨ ᠠᠵᠢᠯᠯᠠᠭ᠎ᠠ ᠶᠢ | ᠵᠤᠭᠰᠤᠭᠠᠬᠤ ᠪᠠᠷ ᠭᠤᠶᠤᠴᠢᠯᠠᠨ᠎ᠠ᠂ ᠵᠦᠪᠰᠢᠶᠡᠷᠡᠯ ᠢ ᠤᠯᠤᠭᠰᠠᠨ ᠤ ᠳᠠᠷᠠᠭ᠎ᠠ᠂ ᠠᠬᠤᠢ ᠲᠠᠯᠠᠪᠠᠢ ᠶᠢᠨ ᠵᠢᠯᠤᠭᠤᠳᠬᠤ | ᠭᠠᠵᠠᠷ ᠠᠴᠠ ᠪᠠᠴᠢᠮ ᠰᠢᠢᠳᠪᠦᠷᠢᠯᠡᠯᠲᠡ ᠶᠢᠨ ᠠᠵᠢᠯ ᠳᠠᠭᠤᠰᠤᠭᠰᠠᠨ ᠢ ᠵᠠᠷᠯᠠᠨ᠎ᠠ᠃ | ᠲᠠᠪᠤᠳᠤᠭᠠᠷ ᠪᠦᠯᠦᠭ ᠶᠡᠷᠦᠩᠬᠡᠢ ᠪᠠᠲᠤᠯᠠᠭ᠎ᠠ | ︵ᠨᠢᠭᠡ︶ ᠲᠦᠢᠮᠡᠷ ᠤᠨᠲᠠᠷᠠᠭᠠᠬᠤ ᠬᠦᠴᠦᠨ᠃ ᠲᠤᠰᠬᠠᠢ ᠠᠵᠢᠯᠲᠡᠨ ᠪᠤᠯᠤᠨ ᠤᠯᠠᠨ ᠲᠦᠮᠡᠨ ᠤᠶᠠᠯᠳᠤᠬᠤ | ᠵᠠᠷᠴᠢᠮ ᠢᠶᠠᠷ ᠬᠤᠶᠠᠷ ᠡᠩᠨᠡᠭᠡ ᠲᠦᠢᠮᠡᠷ ᠤᠨᠲᠠᠷᠠᠭᠠᠬᠤ ᠠᠩᠬᠢ ᠪᠠᠯᠡᠳᠭᠡᠵᠤ᠂ ᠬᠤᠰᠢᠭᠤᠨ ᠤ ᠲᠦᠢᠮᠡᠷ ᠤᠨᠲᠠᠷᠠᠭᠠᠬᠤ | ᠭᠠᠵᠠᠷ ᠠᠴᠠ ᠤᠶᠢᠷ᠎ᠡ ᠬᠠᠪᠢ ᠪᠠᠨ ᠳᠠᠶᠢᠴᠢᠯᠠᠵᠤ ᠨᠢᠭᠡᠳᠦᠯᠲᠡᠢ ᠵᠢᠯᠤᠭᠤᠳᠤᠨ᠎ᠠ᠃ | ᠨᠢᠭᠡᠳᠦᠭᠡᠷ ᠡᠩᠨᠡᠭᠡ᠄ ᠰᠤᠮᠤ ᠰᠢᠶᠠᠩ ᠪᠠᠯᠭᠠᠰᠤ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ | ᠲᠤᠪᠴᠢᠶ᠎ᠡ᠂ ᠬᠤᠲᠠ ᠶᠢᠨ ᠬᠠᠮᠢᠶᠠᠷᠤᠯᠲᠡ ᠶᠢᠨ ᠬᠠᠤᠯᠢ ᠬᠡᠷᠡᠭᠵᠢᠭᠦᠯᠬᠦ ᠶᠡᠭᠡ ᠠᠩᠬᠢ᠂ ᠲᠤᠭᠤᠷᠢᠭ ᠤᠨ | ᠬᠠᠮᠢᠶᠠᠷᠤᠯᠲᠡ ᠶᠢᠨ ᠵᠦᠪᠯᠡᠯ᠂ ᠤᠢ ᠰᠢᠭᠤᠢ ᠶᠢᠨ ᠴᠠᠭᠳᠠᠭ᠎ᠠ᠂ ᠤᠢ ᠰᠢᠭᠤᠢ ᠬᠠᠮᠠᠭᠠᠯᠠᠬᠤ ᠲᠦᠢᠮᠡᠷ ᠰᠡᠷᠭᠡᠶᠢᠯᠡᠬᠦ | ᠠᠩᠬᠢ᠂ ᠤᠷᠤᠨ ᠨᠤᠲᠤᠭ ᠤᠨ ᠠᠯᠪᠠᠨ ᠵᠢᠷᠤᠮ ᠤᠨ ᠲᠦᠢᠮᠡᠷ ᠤᠨᠲᠠᠷᠠᠭᠠᠬᠤ ᠠᠩᠬᠢ ᠠᠴᠠ ᠪᠦᠷᠢᠯᠳᠦᠪᠡ᠃ | ᠲᠦᠢᠮᠡᠷ ᠡᠭᠦᠰᠦᠭᠰᠡᠨ ᠤᠷᠤᠨ ᠤ ᠤᠶᠢᠷ᠎ᠡ ᠤᠷᠴᠢᠮ ᠠᠴᠠ ᠳᠠᠶᠢᠴᠢᠯᠠᠬᠤ ᠵᠠᠷᠴᠢᠮ ᠢ ᠬᠡᠷᠡᠭᠵᠢᠭᠦᠯᠵᠤ ᠬᠠᠷᠢᠶ᠎ᠡ | ᠤᠷᠤᠨ ᠤ ᠪᠠᠨ ᠺᠠᠳ᠋ᠷ ᠤᠯᠠᠨ ᠲᠦᠮᠡᠨ ᠢ ᠵᠤᠬᠢᠶᠠᠨ ᠪᠠᠶᠢᠭᠤᠯᠵᠤ ᠲᠦᠢᠮᠡᠷ ᠤᠨᠲᠠᠷᠠᠭᠠᠨ᠎ᠠ᠃ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠡᠭᠦᠰᠦᠭᠰᠡᠨ ᠤ ᠳᠠᠷᠠᠭ᠎ᠠ᠂ ᠲᠦᠢᠮᠡᠷ ᠤᠨ ᠬᠦᠷᠰᠢ ᠵᠡᠷᠭᠡᠯᠳᠡᠭᠡ ᠭᠠᠵᠠᠷ ᠤᠷᠤᠨ ᠤ ᠰᠤᠮᠤ | ᠰᠢᠶᠠᠩ ᠪᠠᠯᠭᠠᠰᠤ᠂ ᠲᠤᠰᠬᠤᠨ ᠪᠤᠯᠤᠨ ᠤᠢ ᠰᠢᠭᠤᠢ ᠶᠢᠨ ᠲᠦᠢᠮᠡᠷ ᠰᠡᠷᠭᠡᠶᠢᠯᠡᠬᠦ ᠠᠩᠬᠢ ᠭᠠᠯ ᠤᠨᠲᠠᠷᠠᠭᠠᠬᠤ | ᠪᠡᠯᠡᠳᠭᠡᠯ ᠲᠠᠢ ᠪᠠᠶᠢᠵᠤ᠂ ᠲᠤᠰᠢᠶᠠᠯ ᠬᠦᠯᠢᠶᠡᠨ ᠲᠦᠢᠮᠡᠷ ᠤᠨᠲᠠᠷᠠᠭᠠᠬᠤ ᠠᠵᠢᠯᠯᠠᠭᠠᠨ ᠳᠤ ᠤᠷᠤᠯᠴᠠᠬᠤ ᠳᠤ | ᠪᠡᠯᠡᠳᠭᠡᠬᠦ ᠬᠡᠷᠡᠭᠲᠡᠢ᠃ | ᠬᠤᠶᠠᠳᠤᠭᠠᠷ ᠡᠩᠨᠡᠭᠡ᠄ ᠭᠠᠯ ᠤᠨᠲᠠᠷᠠᠭᠠᠬᠤ ᠳᠠᠷᠤᠭ᠎ᠠ ᠴᠡᠷᠢᠭ᠂ ᠲᠤᠲᠤᠭᠠᠳᠤ ᠶᠢ ᠬᠠᠮᠠᠭᠠᠯᠠᠬᠤ ᠴᠠᠭᠳᠠᠭ᠎ᠠ᠂ | ᠡᠷᠦᠭᠡ ᠶᠢᠨ ᠴᠡᠷᠢᠭ ᠤᠨ ᠪᠡᠯᠡᠳᠭᠡᠯ ᠠᠩᠬᠢ ᠠᠴᠠ ᠪᠦᠷᠢᠯᠳᠡᠪᠡ᠂ ᠬᠤᠰᠢᠭᠤᠨ ᠤ ᠲᠦᠢᠮᠡᠷ ᠰᠡᠷᠭᠡᠶᠢᠯᠡᠬᠦ ᠶᠢ | ᠵᠢᠯᠤᠭᠤᠳᠬᠤ ᠭᠠᠵᠠᠷ ᠠᠴᠠ ᠲᠦᠢᠮᠡᠷ ᠤᠨᠲᠠᠷᠠᠭᠠᠬᠤ ᠱᠠᠭᠠᠷᠳᠠᠯᠭ᠎ᠠ ᠪᠠᠨ ᠦᠨᠳᠦᠰᠦᠯᠡᠵᠤ ᠲᠤᠬᠢᠷᠠᠭᠤᠯᠤᠨ᠎ᠡ᠃ | ᠡᠯ᠎ᠡ ᠲᠦᠢᠮᠡᠷ ᠤᠨᠲᠠᠷᠠᠭᠠᠬᠤ ᠠᠩᠬᠢ᠂ ᠠᠯᠪᠠᠨ ᠵᠢᠷᠤᠮ ᠤᠨ ᠭᠠᠯ ᠤᠨᠲᠠᠷᠠᠠᠭᠠᠬᠤ ᠠᠩᠬᠢ ᠡᠷᠬᠡᠪᠰᠢ ᠵᠤᠬᠢᠬᠤ | ᠬᠡᠮᠵᠢᠶᠡᠨ ᠤ ᠲᠦᠢᠮᠡᠷ ᠤᠨᠲᠠᠷᠠᠭᠠᠬᠤ ᠪᠠᠭᠠᠵᠢ ᠬᠡᠷᠡᠭᠰᠡᠯ ᠪᠡᠯᠡᠳᠭᠡᠬᠦ ᠬᠡᠷᠡᠭᠲᠡᠢ᠂ ᠭᠤᠤᠯᠳᠠᠯᠭ᠎ᠠ ᠲᠠᠢ ᠲᠦᠢᠮᠡᠷ ᠠᠴᠠ | ᠰᠡᠷᠭᠡᠶᠢᠯᠡᠬᠦ ᠲᠤᠭᠤᠷᠢᠭ ︵ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠡ ᠶᠢᠨ ᠤᠷᠳ᠂ ᠭᠤᠤᠯᠳᠠᠯᠭ᠎ᠠ ᠲᠠᠢ | ᠬᠦᠮᠦᠨ ᠤ ᠬᠦᠴᠦᠨ ᠤ ᠤᠶᠢᠵᠢᠭᠤᠯᠤᠯᠲᠡ ᠶᠢᠨ ᠲᠤᠭᠤᠷᠢᠭ᠂ ᠤᠯᠤᠰ ᠤᠨ ᠭᠤᠤᠯᠳᠠᠯᠭ᠎ᠠ ᠲᠠᠢ ᠨᠡᠶᠢᠲᠡ ᠶᠢᠨ | ᠠᠰᠠᠷᠠᠮᠵᠢ ᠶᠢᠨ ᠤᠢ ᠶᠢᠨ ᠲᠤᠭᠤᠷᠢᠭ︶ ᠵᠡᠷᠭᠡ ᠬᠠᠮᠢᠶᠠᠷᠤᠯᠲᠡ ᠶᠢᠨ ᠪᠠᠶᠢᠭᠤᠯᠭ᠎ᠠ ᠨᠡᠯᠢᠶᠡᠳ ᠲᠤᠭᠠᠨ ᠤ ᠰᠠᠯᠬᠢᠨ | ᠬᠦᠴᠦᠨ ᠤ ᠭᠠᠯ ᠤᠨᠲᠠᠷᠠᠭᠠᠬᠤ ᠪᠠᠭᠠᠵᠢ᠂ ᠭᠠᠯ ᠤᠨᠲᠠᠷᠠᠭᠠᠬᠤ ᠪᠠᠭᠠᠵᠢ ᠵᠡᠷᠭᠡ ᠶᠢ ᠪᠡᠯᠡᠳᠭᠡᠵᠤ ᠪᠦᠷᠢᠨ ᠪᠦᠲᠦᠨ | ᠪᠠᠶᠢᠯᠭᠠᠬᠤ ᠬᠡᠷᠡᠭᠲᠡᠢ᠃ | ᠡᠯ᠎ᠡ ᠰᠤᠮᠤ ᠰᠢᠶᠠᠩ ᠪᠠᠯᠭᠠᠰᠤ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶ᠎ᠡ᠂ ᠬᠤᠲᠠ | ᠶᠢᠨ ᠬᠠᠮᠢᠶᠠᠷᠤᠯᠲᠡ ᠶᠢᠨ ᠬᠠᠤᠯᠢ ᠬᠡᠷᠡᠭᠵᠢᠭᠦᠯᠬᠦ ᠶᠡᠭᠡ ᠠᠩᠬᠢ᠂ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ | ᠤᠢ ᠰᠢᠭᠤᠢ ᠶᠢᠨ ᠲᠠᠯᠠᠪᠠᠢ ᠨᠢ ᠬᠠᠷᠢᠶ᠎ᠡ ᠲᠤᠭᠤᠷᠢᠭ ᠤᠨ ᠢᠶᠠᠨ ᠪᠤᠢ ᠪᠦᠬᠦᠢ ᠠᠴᠢᠬᠤ ᠮᠠᠰᠢᠨ᠂ ᠰᠢᠷᠤᠢ ᠲᠦᠯᠬᠢᠬᠦ | ᠮᠠᠰᠢᠨ᠂ ᠤᠰᠤᠨ ᠤ ᠲᠡᠷᠭᠡ ᠵᠡᠷᠭᠡ ᠭᠠᠯ ᠤᠨᠲᠠᠷᠠᠭᠠᠬᠤ ᠴᠢᠳᠠᠮᠵᠢ ᠲᠠᠢ ᠲᠡᠷᠭᠡ ᠤᠨᠤᠭ᠎ᠠ ᠪᠠᠭᠠᠵᠢ ᠬᠡᠷᠡᠭᠰᠡᠯ ᠤᠨ | ᠪᠠᠶᠢᠳᠠᠯ ᠢ ᠡᠵᠡᠮᠳᠡᠵᠤ᠂ ᠳᠠᠩᠰᠠᠯᠠᠨ ᠳᠡᠪᠲᠡᠷᠯᠡᠵᠤ᠂ ᠬᠤᠯᠪᠤᠭ᠎ᠠ ᠪᠠᠨ ᠴᠢᠩᠭᠠᠳᠬᠠᠨ᠂ ᠪᠠᠴᠢᠮ ᠬᠡᠷᠡᠭᠯᠡᠭᠡᠨ ᠤ ᠦᠶ᠎ᠡ | ᠳᠤ ᠬᠡᠷᠡᠭᠯᠡᠵᠤ ᠴᠢᠳᠠᠬᠤ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠳᠤ᠂ ᠳᠡᠭᠡᠲᠦ ᠱᠠᠲᠤᠨ ᠤ ᠲᠤᠰᠠᠯᠠᠮᠵᠢ ᠶᠢ | ᠬᠦᠰᠡᠨ᠎ᠡ᠃ ᠠᠯᠪᠠᠨ ᠵᠢᠷᠤᠮ ᠤᠨ ᠲᠦᠢᠮᠡᠷ ᠤᠨᠲᠠᠷᠠᠭᠠᠭᠴᠢᠳ ᠤᠨ ᠪᠠᠭᠠᠵᠢ ᠬᠡᠷᠡᠭᠰᠡᠯ ᠢ ᠲᠤᠬᠠᠢ ᠶᠢᠨ ᠭᠠᠵᠠᠷ ᠠᠴᠠ | ᠪᠠᠨ ᠪᠡᠯᠡᠳᠭᠡᠨ ᠰᠢᠢᠳᠪᠦᠷᠢᠯᠡᠨ᠎ᠡ᠃ | ︵ᠬᠤᠶᠠᠷ︶ ᠲᠦᠢᠮᠡᠷ ᠤᠨᠲᠠᠷᠠᠭᠠᠬᠤ ᠠᠷᠭ᠎ᠠ ᠪᠠᠷᠢᠯ᠃ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ | ᠪᠤᠳᠠᠳᠤ ᠪᠠᠶᠢᠳᠠᠯ ᠢ ᠦᠨᠳᠦᠰᠦᠯᠡᠨᠨ᠂ ᠠᠳᠠᠯᠢ ᠪᠤᠰᠤ ᠲᠦᠢᠮᠡᠷ ᠤᠨᠲᠠᠷᠠᠭᠠᠬᠤ ᠪᠠᠭᠠᠵᠢ ᠬᠡᠷᠡᠭᠰᠡᠯ ᠬᠡᠷᠡᠭᠯᠡᠨ᠎ᠡ᠃ | ᠲᠦᠢᠮᠡᠷ ᠤᠨ ᠪᠠᠶᠢᠳᠠᠯ ᠤᠨᠴᠠ ᠶᠡᠭᠡ ᠪᠢᠰᠢ᠂ ᠬᠦᠮᠦᠨ ᠤ ᠬᠦᠴᠦᠨ ᠢᠶᠠᠷ ᠡᠵᠡᠮᠳᠡᠵᠤ ᠪᠤᠯᠬᠤ ᠶᠢ ᠨᠢ ᠶᠡᠷᠦᠳᠡᠭᠡᠨ | ᠰᠢᠭᠤᠳ ᠤᠨᠲᠠᠷᠠᠭᠠᠬᠤ ᠠᠷᠭ᠎ᠠ ᠪᠠᠷ ᠤᠨᠲᠠᠷᠠᠭᠠᠨ᠎ᠠ᠃ ᠳᠠᠷᠤᠢ᠄ ᠬᠦᠷᠵᠡ᠂ ᠤᠰᠤ ᠰᠦᠷᠴᠢᠬᠦ᠂ ᠴᠤᠬᠢᠬᠤ᠂ ᠭᠠᠯ | ᠤᠨᠲᠠᠷᠠᠭᠠᠬᠤ ᠪᠠᠭᠠᠵᠢ ᠵᠡᠷᠭᠡ ᠬᠦᠮᠦᠨ ᠤ ᠬᠦᠴᠦᠨ ᠤ ᠠᠷᠭ᠎ᠠ ᠬᠡᠯᠪᠡᠷᠢ ᠪᠤᠯᠤᠨ ᠤᠰᠤᠨ ᠤ ᠲᠡᠷᠭᠡ᠂ ᠰᠠᠯᠬᠢᠨ | ᠬᠦᠴᠦᠨ ᠤ ᠭᠠᠯ ᠤᠨᠲᠠᠷᠠᠭᠠᠬᠤ ᠪᠠᠭᠠᠵᠢ ᠵᠡᠷᠭᠡ ᠪᠠᠭᠠᠠᠵᠢ ᠬᠡᠷᠡᠭᠰᠡᠯ ᠢᠶᠠᠷ ᠤᠨᠲᠠᠷᠠᠭᠠᠨ᠎ᠠ᠃ ᠰᠠᠯᠬᠢᠨ ᠳᠤᠤᠷ᠎ᠠ ᠲᠠᠯ᠎ᠠ | ᠪᠤᠶᠤ ᠦᠨᠳᠦᠷ ᠭᠠᠵᠠᠷ ᠲᠤ ᠲᠦᠢᠮᠡᠷ ᠡᠭᠦᠰᠦᠭᠰᠡᠨ ᠪᠤᠯ᠂ ᠪᠠᠶᠢᠳᠠᠯ ᠢ ᠦᠨᠳᠦᠰᠦᠯᠡᠨ ᠰᠠᠯᠬᠢᠨ ᠳᠡᠭᠡᠷ᠎ᠡ ᠳᠠᠯ᠎ᠠ ᠳᠤᠨᠢ | ᠭᠠᠯ ᠲᠠᠯᠪᠢᠬᠤ ᠪᠤᠶᠤ ᠠᠭᠤᠯᠠ ᠶᠢᠨ ᠦᠭᠡᠳᠡ ᠭᠠᠯ ᠲᠠᠯᠪᠢᠬᠤ ᠠᠷᠭ᠎ᠠ ᠪᠠᠷ ᠤᠨᠲᠠᠷᠠᠭᠠᠵᠤ ᠪᠤᠯᠤᠨ᠎ᠠ᠃ ᠲᠦᠢᠮᠡᠷ | ᠡᠭᠦᠰᠦᠭᠰᠡᠨ ᠭᠠᠵᠠᠷ ᠨᠢ ᠨᠠᠮ ᠲᠡᠭᠰᠢ ᠭᠠᠵᠠᠷ ᠪᠦᠭᠡᠳ ᠤᠰᠤᠨ ᠤ ᠡᠬᠢ ᠰᠤᠷᠪᠤᠯᠵᠢ ᠠᠴᠠ ᠤᠶᠢᠷ᠎ᠡ ᠪᠤᠯ᠂ ᠤᠰᠤ | ᠲᠠᠲᠠᠵᠤ ᠤᠰᠤ ᠰᠦᠷᠴᠢᠬᠦ ᠠᠷᠭ᠎ᠠ ᠪᠠᠷ ᠤᠨᠲᠠᠷᠠᠭᠠᠵᠤ ᠪᠤᠯᠤᠨ᠎ᠠ᠃ ᠲᠦᠢᠮᠡᠷ ᠤᠨ ᠪᠠᠶᠢᠳᠠᠯ ᠤᠨᠴᠠ ᠶᠡᠭᠡ᠂ ᠬᠦᠮᠦᠨ | ᠤ ᠬᠦᠴᠦᠨ ᠢᠶᠠᠷ ᠤᠨᠲᠠᠷᠠᠭᠠᠬᠤ ᠶᠢᠨ ᠠᠷᠭ᠎ᠠ ᠦᠭᠡᠢ ᠪᠤᠯ ᠲᠦᠢᠮᠡᠷ ᠰᠡᠷᠭᠡᠶᠢᠯᠡᠬᠦ ᠬᠠᠮᠠᠭᠠᠯᠠᠯᠲᠡ ᠶᠢᠨ ᠪᠦᠰᠡ | ᠭᠠᠷᠭᠠᠬᠤ ᠠᠷᠭ᠎ᠠ ᠪᠠᠷ ᠤᠨᠲᠠᠷᠠᠭᠠᠨ᠎ᠠ᠃ ᠬᠠᠮᠠᠭᠠᠯᠠᠯᠲᠡ ᠶᠢᠨ ᠪᠦᠰᠡ ᠶᠢ ᠤᠢ ᠮᠤᠳᠤᠨ ᠤ ᠦᠨᠳᠦᠷ ᠪᠤᠭᠤᠨᠢ᠂ | ᠰᠠᠯᠬᠢᠨ ᠤ ᠬᠦᠴᠦᠨ ᠤ ᠶᠡᠭᠡ ᠪᠠᠭ᠎ᠠ ᠶᠢ ᠦᠨᠳᠦᠰᠦᠯᠡᠵᠤ ᠲᠤᠭᠲᠠᠭᠠᠨ᠎ᠠ᠂ ᠶᠠᠷᠦ ᠳᠡᠭᠡᠨ 10—50 ᠮᠧᠲᠷ | ᠦᠷᠭᠡᠨ ᠪᠠᠶᠢᠳᠠᠭ᠃ | ︵ᠭᠤᠷᠪᠠ︶ ᠴᠢᠮᠡᠭᠡ ᠨᠡᠪᠲᠡᠷᠡᠯᠴᠡᠭᠡ᠃ ᠴᠢᠮᠡᠭᠡ ᠨᠡᠪᠲᠡᠷᠡᠯᠭᠡ ᠶᠢᠨ ᠬᠠᠮᠢᠶᠠᠷᠤᠯᠲᠡ ᠶᠢᠨ ᠰᠠᠯᠠᠭ᠎ᠠ ᠮᠦᠴᠢᠷ | ᠠᠴᠠ ᠲᠦᠢᠮᠡᠷ ᠤᠨᠲᠠᠷᠠᠭᠠᠬᠤ ᠠᠬᠤᠢ ᠲᠠᠯᠠᠪᠠᠢ᠂ ᠠᠬᠤᠢ ᠲᠠᠯᠠᠪᠠᠢ ᠶᠢᠨ ᠵᠢᠯᠤᠭᠤᠳᠬᠤ ᠭᠠᠵᠠᠷ ᠪᠤᠯᠤᠨ ᠤᠢ ᠰᠢᠭᠤᠢ | ᠶᠢᠨ ᠰᠡᠷᠭᠡᠶᠢᠯᠡᠨ ᠬᠠᠮᠠᠭᠠᠯᠠᠯᠲᠡ ᠶᠢᠨ ᠵᠢᠯᠤᠭᠤᠳᠬᠤ ᠭᠠᠵᠠᠷ ᠤᠨ ᠴᠢᠮᠡᠭᠡ ᠬᠤᠯᠪᠤᠭᠠᠨ ᠤ ᠨᠡᠪᠲᠡᠷᠡᠯᠴᠡᠭᠡ ᠶᠢ | ᠪᠠᠲᠤᠯᠠᠬᠤ ᠬᠡᠷᠡᠭᠲᠡᠢ᠃ ᠬᠤᠰᠢᠭᠤᠨ ᠤ ᠲᠦᠢᠮᠡᠷ ᠰᠡᠷᠭᠡᠶᠢᠯᠡᠬᠦ ᠠᠯᠪᠠᠨ ᠭᠡᠷ 24 ᠴᠠᠭ ᠤᠨ ᠵᠢᠵᠢᠭᠦᠷᠯᠡᠭᠡ ᠶᠢ | ᠪᠠᠷᠢᠮᠲᠠᠯᠠᠵᠤ᠂ ᠠᠬᠤᠢ ᠲᠠᠯᠠᠪᠠᠢ ᠳᠤ ᠤᠴᠢᠭᠰᠠᠨ ᠵᠢᠯᠤᠭᠤᠳᠬᠤ ᠭᠠᠵᠠᠷ ᠤᠨ ᠬᠦᠮᠦᠰ ᠨᠡᠭᠦᠳᠡᠯ ᠴᠢᠮᠡᠭᠡ ᠨᠡᠪᠲᠡᠷᠡᠯᠭᠡ | ᠶᠢᠨ ᠪᠠᠭᠠᠵᠢ᠂ ᠮᠠᠰᠢᠨ ᠲᠡᠷᠭᠡᠲᠦ ᠷᠠᠳᠢᠤ᠋ ᠰᠲ᠋ᠡᠡᠼ᠂ ᠭᠠᠷ ᠮᠠᠰᠢᠨ ᠵᠡᠷᠭᠡ ᠶᠢ ᠠᠪᠴᠤ ᠭᠠᠯ ᠤᠨᠲᠠᠷᠠᠭᠠᠬᠤ ᠠᠬᠤᠢ | ᠲᠠᠯᠠᠪᠠᠢ ᠳᠤ ᠤᠴᠢᠵᠤ ᠬᠤᠰᠢᠭᠤᠨ ᠤ ᠲᠦᠢᠮᠡᠷ ᠤᠨᠲᠠᠷᠠᠭᠠᠬᠤ ᠶᠢ ᠵᠢᠯᠤᠭᠤᠳᠬᠤ ᠭᠠᠵᠠᠷ᠂ ᠬᠦᠷᠰᠢ ᠵᠡᠷᠭᠡᠯᠳᠡᠭᠡ | ᠰᠤᠮᠤ ᠰᠢᠶᠠᠩ ᠪᠠᠯᠭᠠᠰᠤ᠂ ᠲᠦᠢᠮᠡᠷ ᠤᠨ ᠲᠤᠳᠤᠭᠠᠲᠤ ᠪᠠᠶᠢᠳᠠᠯ᠂ ᠡᠯ᠎ᠡ ᠲᠦᠢᠮᠡᠷ ᠤᠨᠲᠠᠷᠠᠭᠠᠬᠤ ᠳᠠᠭᠠᠷᠢᠯᠲᠡ ᠶᠢᠨ | ᠠᠩᠬᠢ ᠶᠢᠨ ᠵᠢᠯᠤᠭᠤᠳᠤᠭᠴᠢ ᠲᠠᠢ ᠴᠠᠭ ᠲᠤᠬᠠᠢ ᠳᠤ ᠨᠢ ᠴᠢᠮᠡᠭᠡ ᠨᠡᠪᠲᠡᠷᠡᠯᠴᠡᠬᠦ ᠶᠢ ᠪᠠᠲᠤᠯᠠᠬᠤ ᠬᠡᠷᠡᠭᠲᠡᠢ᠃ | ︵ᠳᠦᠷᠪᠡ︶ ᠪᠠᠴᠢᠮ ᠪᠠᠶᠢᠳᠠᠯ ᠳᠤ ᠠᠶᠤᠯ ᠠᠴᠠ ᠵᠠᠶᠢᠯᠠᠬᠤ ᠭᠠᠵᠠᠷ᠃ ᠠᠶᠤᠯ ᠲᠦᠭᠰᠢᠭᠦᠷᠢ ᠳᠤ | ᠲᠤᠯᠭᠠᠷᠠᠭᠰᠠᠨ ᠠᠶᠢᠯ ᠲᠤᠰᠬᠤᠨ᠂ ᠬᠤᠲᠠ ᠪᠠᠯᠭᠠᠰᠤᠨ ᠤ ᠰᠠᠭᠤᠭᠠᠯᠢ ᠢᠷᠭᠡᠳ ᠤᠨ ᠲᠤᠭᠤᠷᠢᠭ ᠪᠤᠯᠤᠨ ᠴᠢᠬᠤᠯᠠ | ᠲᠤᠨᠤᠭ ᠲᠦᠭᠦᠭᠡᠷᠦᠮᠵᠢ᠂ ᠰᠠᠩ ᠬᠦᠮᠦᠷᠭᠡ ᠶᠢ ᠭᠠᠯ ᠤᠨ ᠠᠶᠤᠯ ᠠᠴᠠ ᠬᠠᠮᠠᠭᠠᠯᠠᠵᠤ ᠪᠠᠴᠢᠮ ᠪᠠᠶᠢᠳᠠᠯ ᠳᠤ ᠠᠶᠤᠯ | ᠠᠴᠠ ᠵᠠᠶᠢᠯᠠᠭᠤᠯᠬᠤ ᠶᠢ ᠲᠤᠬᠠᠢ ᠶᠢᠨ ᠭᠠᠵᠠᠷ ᠤᠨ ᠬᠡᠷᠡᠭ ᠡᠷᠬᠢᠯᠡᠬᠦ ᠭᠠᠵᠠᠷ ᠪᠤᠯᠤᠨ ᠠᠵᠤ ᠠᠬᠤᠶᠢᠯᠠᠯ ᠤᠨ | ᠪᠠᠶᠢᠭᠤᠯᠭ᠎ᠠ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ᠂ ᠴᠢᠬᠤᠯᠠ ᠲᠤᠨᠤᠭ ᠲᠦᠬᠦᠭᠡᠷᠦᠮᠵᠢ ᠶᠢᠨ ᠲᠤᠳᠤᠷᠠᠬᠢ | ᠬᠦᠮᠤᠨ ᠪᠠ ᠡᠳ᠋ ᠪᠤᠳᠠᠰ ᠢ ᠪᠠᠴᠢᠮ ᠨᠡᠭᠦᠯᠭᠡᠨ ᠰᠢᠯᠵᠢᠭᠦᠯᠬᠦ ᠶᠢ ᠲᠤᠨᠤᠭ ᠲᠦᠬᠦᠭᠡᠷᠦᠮᠵᠢ ᠶᠢᠨ ᠬᠠᠮᠢᠶᠠᠷᠤᠯᠲᠡ ᠶᠢᠨ | ᠪᠠᠶᠢᠭᠤᠯᠭ᠎ᠠ ᠪᠤᠯᠤᠨ ᠠᠵᠤ ᠠᠬᠤᠶᠢᠯᠠᠯ ᠤᠨ ᠪᠠᠶᠢᠭᠤᠯᠭ᠎ᠠ ᠠᠴᠠ ᠬᠠᠮᠲᠤ ᠪᠠᠷ ᠬᠠᠷᠢᠭᠤᠴᠠᠨ ᠨᠠᠶᠢᠳᠠᠪᠤᠷᠢᠵᠢᠭᠤᠯᠤᠨ᠎ᠡ᠃ | ᠨᠡᠷᠡᠲᠦ ᠦᠵᠡᠮᠵᠢ ᠶᠢᠨ ᠤᠷᠤᠨ ᠤ ᠲᠤᠲᠤᠷᠠᠬᠢ ᠠᠮᠢᠲᠠᠨ ᠤᠷᠭᠤᠮᠠᠯ᠂ ᠡᠳ᠋ ᠪᠤᠳᠠᠰ ᠵᠡᠷᠭᠡ ᠢ ᠪᠠᠴᠢᠮ ᠪᠠᠶᠢᠳᠠᠯ ᠳᠤ | ᠠᠶᠤᠯ ᠠᠴᠠ ᠵᠠᠶᠢᠯᠠᠭᠤᠯᠬᠤ ᠶᠢ ᠲᠤᠬᠠᠢ ᠶᠢᠨ ᠪᠠᠶᠢᠭᠤᠯᠭ᠎ᠠ ᠶᠢᠨ ᠬᠠᠮᠢᠶᠠᠷᠤᠯᠲᠡ ᠶᠢᠨ ᠪᠠᠶᠢᠭᠤᠯᠭ᠎ᠠ ᠠᠴᠠ | ᠬᠠᠷᠢᠭᠤᠴᠠᠨ ᠨᠠᠶᠢᠳᠠᠪᠤᠷᠢᠵᠢᠭᠤᠯᠤᠨ᠎ᠡ᠃ | ᠵᠷᠭᠤᠳᠤᠭᠠᠷ ᠪᠦᠯᠦᠭ ᠰᠡᠭᠦᠯᠴᠢ ᠶᠢᠨ ᠤᠴᠢᠷ ᠢ ᠰᠢᠢᠳᠪᠦᠷᠢᠯᠡᠬᠦ | ︵ᠨᠢᠭᠡ︶ ᠰᠡᠭᠦᠯᠴᠢ ᠶᠢᠨ ᠠᠵᠢᠯ ᠢ ᠰᠢᠢᠳᠪᠦᠷᠢᠯᠡᠬᠦ᠃ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨ ᠦᠷᠡᠭᠳᠡᠯ ᠰᠦᠢᠳᠡᠯ ᠤᠨ ᠪᠠᠶᠢᠳᠠᠯ ᠢ ᠦᠨᠳᠦᠰᠦᠯᠡᠵᠤ᠂ ᠬᠡᠷᠡᠭ ᠡᠭᠦᠰᠦᠭᠰᠡᠨ ᠭᠠᠵᠠᠷ ᠤᠨ ᠰᠤᠮᠤ ᠰᠢᠶᠠᠩ | ᠪᠠᠯᠭᠠᠰᠤᠨ ᠤ ᠵᠠᠰᠠᠭ ᠤᠨ ᠤᠷᠳᠤᠨ ᠪᠤᠯᠤᠨ ᠬᠤᠰᠢᠭᠤᠨ ᠳᠤ ᠰᠠᠭᠤᠭ᠎ᠠ ᠠᠵᠤ ᠠᠬᠤᠶᠢᠯᠠᠯ ᠤᠨ ᠪᠠᠶᠢᠭᠤᠯᠭ᠎ᠠ ᠠᠴᠠ | ᠳᠠᠷᠤᠢ ᠲᠦᠷᠭᠡᠨ ᠲᠤᠳᠤᠭᠠᠲᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ᠂ ᠨᠡᠶᠢᠭᠡᠮ ᠲᠤᠭᠤᠷᠢᠭ᠂ ᠲᠤᠰᠬᠤᠨ ︵ | ᠰᠠᠭᠤᠭᠠᠯᠢ ᠲᠤᠭᠤᠷᠢᠭ︶ ᠤ ᠵᠦᠪᠯᠡᠯ ᠪᠤᠯᠤᠨ ᠬᠤᠯᠪᠤᠭᠳᠠᠬᠤ ᠪᠠᠶᠢᠭᠤᠯᠭ᠎ᠠ ᠶᠢ ᠵᠤᠬᠢᠶᠠᠨ ᠪᠠᠶᠢᠭᠤᠯᠵᠤ᠂ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠲᠤ ᠭᠠᠮᠰᠢᠭᠳᠠᠭᠰᠠᠨ ᠬᠦᠮᠦᠰ ᠢ ᠨᠠᠷᠢᠯᠢᠭ ᠪᠠᠶᠢᠴᠠᠭᠠᠨ ᠳᠠᠩᠰᠠᠯᠠᠵᠤ᠂ | ᠳᠦᠪᠬᠢᠨᠡᠭᠦᠯᠬᠦ ᠲᠦᠰᠦᠯ ᠲᠤᠭᠲᠠᠭᠠᠨ᠂ ᠵᠤᠬᠢᠰᠲᠡᠢ ᠲᠦᠪᠬᠢᠨᠡᠭᠦᠯᠬᠦ ᠬᠡᠷᠡᠭᠲᠡᠢ᠃ ᠲᠦᠢᠮᠡᠷ ᠤᠨᠲᠠᠷᠠᠭᠠᠬᠤ ᠠᠵᠢᠯ ᠤᠨ | ᠳᠤᠮᠳᠠ ᠦᠬᠦᠵᠤ ᠰᠢᠷᠬᠠᠳᠤᠭᠰᠠᠨ ᠬᠦᠮᠦᠰ ᠪᠠᠶᠢᠪᠠᠯ᠂ ᠬᠤᠯᠪᠤᠭᠳᠠᠬᠤ ᠪᠠᠶᠢᠭᠤᠯᠭ᠎ᠠ ᠨᠢᠭᠡᠴᠡ ᠠᠴᠠ ᠤᠯᠤᠰ ᠤᠨ | ᠬᠤᠯᠪᠤᠭᠳᠠᠯ ᠪᠦᠬᠦᠢ ᠳᠦᠷᠢᠮ ᠲᠤᠭᠲᠠᠭᠠᠯ ᠢ ᠦᠨᠳᠦᠰᠦᠯᠡᠨ ᠱᠠᠩᠨᠠᠯ ᠬᠦᠬᠢᠭᠦᠯᠦᠯ ᠪᠤᠯᠤᠨ ᠠᠰᠠᠷᠠᠮᠵᠢ ᠶᠢᠨ ᠮᠦᠩᠬᠦ | ᠤᠯᠭᠤᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠠᠴᠠ ᠪᠤᠯᠵᠤ ᠦᠬᠦᠵᠤ ᠰᠢᠷᠬᠠᠳᠤᠭᠰᠠᠨ ᠪᠠ | ᠡᠳ᠋ ᠬᠦᠷᠦᠩᠭᠡ ᠶᠢᠨ ᠬᠤᠬᠢᠷᠠᠯ ᠡᠭᠦᠰᠦᠭᠰᠡᠨ ᠪᠤᠯ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ | ᠰᠢᠭᠤᠢ ᠶᠢᠨ ᠬᠠᠤᠯᠢ︾ ︽ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠬᠠᠤᠯᠢ︾ ᠪᠤᠯᠤᠨ ᠪᠤᠰᠤᠳ ᠬᠤᠯᠪᠤᠭᠳᠠᠬᠤ | ᠬᠠᠤᠯᠢ ᠳᠦᠷᠢᠮ ᠢ ᠦᠨᠳᠦᠰᠦᠯᠡᠨ ᠲᠦᠯᠦᠪᠤᠷᠢ ᠪᠠ ᠳᠡᠮᠵᠢᠯᠭᠡ ᠦᠵᠡᠭᠦᠯᠦᠨ᠎ᠡ᠃ | ︵ᠬᠤᠶᠠᠷ︶ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠤᠨᠴᠠ ᠶᠡᠭᠡ ᠪᠠ ᠶᠡᠭᠡ ᠬᠡᠮᠵᠢᠶᠡᠨ | ᠤ ᠲᠦᠢᠮᠡᠷ ᠤᠨ ᠭᠠᠮᠰᠢᠭ ᠡᠭᠦᠰᠦᠭᠰᠡᠨ ᠤ ᠳᠠᠷᠠᠭ᠎ᠠ ᠬᠤᠰᠢᠭᠤᠨ ᠤ ᠲᠦᠢᠮᠡᠷ ᠢ ᠰᠡᠷᠭᠡᠶᠢᠯᠡᠬᠦ ᠠᠯᠪᠠᠨ ᠭᠡᠷ ᠠᠴᠠ | ᠳᠠᠷᠤᠢ ᠲᠦᠷᠭᠡᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠡ᠂ ᠪᠠᠶᠢᠴᠠᠭᠠᠬᠤ ᠬᠤᠷᠢᠶ᠎ᠡ᠂ ᠤᠢ ᠰᠢᠭᠤᠢ ᠶᠢᠨ | ᠳᠤᠲᠤᠭᠠᠳᠤ ᠶᠢ ᠬᠠᠮᠠᠭᠠᠯᠠᠬᠤ ᠲᠤᠪᠴᠢᠶ᠎ᠡ ᠵᠡᠷᠭᠡ ᠪᠠᠶᠢᠭᠤᠯᠭ᠎ᠠ ᠶᠢ ᠵᠢᠯᠤᠭᠤᠳᠤᠨ ᠬᠠᠮᠲᠤᠷᠠᠭᠰᠠᠨ ᠠᠵᠢᠯ ᠤᠨ | ᠳᠤᠭᠤᠶᠢᠯᠠᠩ ᠪᠠᠶᠢᠭᠤᠯᠵᠤ᠂ ᠴᠠᠭ ᠲᠤᠬᠠᠢ ᠳᠤ ᠨᠢ ᠲᠦᠢᠮᠡᠷ ᠡᠭᠦᠰᠦᠭᠰᠡᠨ ᠰᠢᠯᠲᠠᠭᠠᠨ ᠢ ᠪᠠᠶᠢᠴᠠᠭᠠᠨ ᠲᠤᠳᠤᠯᠠᠨ᠎ᠠ᠃ | ᠬᠡᠷᠡᠭ ᠡᠭᠦᠰᠬᠡᠭᠴᠢ ᠪᠠ ᠬᠤᠯᠪᠤᠭᠳᠠᠬᠤ ᠬᠠᠷᠢᠭᠤᠴᠠᠯᠭᠠᠳᠠᠨ ᠢ ᠬᠠᠮᠢᠶ᠎ᠠ ᠪᠦᠬᠦᠢ ᠪᠠᠶᠢᠭᠤᠯᠭ᠎ᠠ ᠠᠴᠠ ᠲᠡᠷᠡ ᠳᠠᠷᠤᠢ | ᠳᠤ ᠨᠢ ᠬᠠᠤᠯᠢ ᠶᠤᠰᠤᠭᠠᠷ ᠰᠢᠳᠭᠡᠬᠦ ᠬᠡᠷᠡᠭᠲᠡᠢ᠃ ᠬᠤᠰᠢᠭᠤᠨ ᠤ ᠲᠦᠢᠮᠡᠷ ᠰᠡᠷᠭᠡᠶᠢᠯᠡᠬᠦ ᠶᠢ ᠵᠢᠯᠤᠭᠤᠳᠬᠤ ᠠᠯᠪᠠᠨ | ᠭᠡᠷ ᠠᠴᠠ ᠬᠤᠯᠪᠤᠭᠳᠠᠬᠤ ᠲᠤᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠤ ᠦᠨᠡᠯᠡᠭᠡ ᠬᠢᠬᠦ ᠳᠤᠭᠤᠶᠢᠯᠠᠩ | ᠪᠠᠶᠢᠭᠤᠯᠵᠤ᠂ ᠠᠬᠤᠢ ᠲᠠᠯᠠᠪᠠᠢ ᠶᠢᠨ ᠪᠠᠶᠢᠴᠠᠭᠠᠨ ᠦᠨᠡᠯᠡᠭᠡ ᠬᠢᠵᠤ᠂ ᠲᠦᠢᠮᠡᠷ ᠡᠭᠦᠰᠦᠭᠰᠡᠨ ᠰᠢᠯᠲᠠᠭᠠᠨ ᠢ | ᠲᠤᠳᠤᠯᠵᠤ ᠬᠦᠷᠲᠡᠬᠦ ᠶᠤᠰᠤᠲᠠᠢ ᠲᠤᠷᠰᠢᠯᠭ᠎ᠠ ᠰᠤᠷᠭᠠᠮᠵᠢ ᠶᠢ ᠳ᠋ᠦᠩᠨᠡᠨ ᠵᠠᠳᠠᠯᠵᠤ᠂ ᠦᠭᠡᠷᠡᠴᠢᠯᠡᠯᠲᠡ ᠶᠢᠨ ᠠᠷᠭ᠎ᠠ | ᠪᠠᠷᠢᠯ ᠲᠤᠷᠠᠳᠴᠤ᠂ ᠪᠠᠶᠢᠴᠠᠭᠠᠯᠲᠡ ᠶᠢᠨ ᠮᠡᠳᠡᠭᠦᠯᠦᠯᠲᠡ ᠪᠡᠯᠡᠳᠭᠡᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠳᠤ ᠮᠡᠳᠡᠭᠦᠯᠬᠦ ᠶᠢᠨ ᠬᠠᠮᠲᠤ᠂ ᠰᠢᠢᠳᠪᠦᠷᠢᠯᠡᠭᠰᠡᠨ ᠪᠠᠶᠢᠳᠠᠯ ᠢᠶᠠᠨ ᠳᠦᠷᠢᠮ ᠶᠤᠰᠤᠭᠠᠷ ᠳᠡᠭᠡᠲᠦ ᠱᠠᠲᠤᠨ ᠤ | ᠲᠦᠢᠮᠡᠷ ᠢ ᠰᠡᠷᠭᠡᠶᠢᠯᠡᠬᠦ ᠶᠢ ᠵᠢᠯᠤᠭᠤᠳᠬᠤ ᠭᠠᠵᠠᠷ ᠪᠠ ᠤᠢ ᠰᠢᠭᠤᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠲᠤ ᠮᠡᠳᠡᠭᠦᠯᠦᠨ᠎ᠡ᠃ | ︵ᠭᠤᠷᠪᠠ︶ ᠰᠤᠨᠢᠨ ᠮᠡᠳᠡᠭᠡᠨ ᠤ ᠮᠡᠳᠡᠭᠡᠯᠡᠯ᠃ ᠤᠨᠴᠠ ᠶᠡᠭᠡ ᠪᠠ ᠶᠡᠭᠡ ᠬᠡᠪᠴᠢᠶᠡᠨ ᠤ ᠤᠢ ᠰᠢᠭᠤᠢ | ᠨᠤᠲᠤᠭ ᠪᠡᠯᠴᠢᠭᠡᠷ ᠤᠨ ᠲᠦᠢᠮᠡᠷ ᠡᠭᠦᠰᠦᠭᠰᠡᠨ ᠳᠠᠷᠠᠭ᠎ᠠ᠂ ᠬᠤᠰᠢᠭᠤᠨ ᠤ ᠤᠢ ᠰᠢᠭᠤᠢ ᠶᠢᠨ ᠲᠤᠪᠴᠢᠶ᠎ᠡ᠂ ᠨᠤᠲᠤᠭ | ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶ᠎ᠡ ᠠᠴᠠ ᠬᠤᠰᠢᠭᠤ ᠠᠷᠠᠳ ᠤᠨ ᠵᠠᠰᠠᠭ ᠤᠨ ᠤᠷᠳᠤᠨ ᠤ | ᠲᠤᠬᠢᠷᠠᠭᠤᠯᠭ᠎ᠠ ᠪᠠᠷ᠂ ᠬᠤᠯᠪᠤᠭᠳᠠᠯ ᠪᠦᠬᠦᠢ ᠳᠦᠷᠢᠮ ᠶᠤᠰᠤᠭᠠᠷ ᠨᠢᠭᠡᠳᠦᠯᠲᠡᠢ ᠰᠤᠷᠠᠭ ᠴᠢᠮᠡᠭᠡ ᠨᠡᠶᠢᠲᠡᠯᠡᠨ᠎ᠡ᠂ | ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠮᠡᠳᠡᠭᠡ ᠵᠠᠭᠤᠴᠢᠯᠠᠭᠤᠷ ᠤᠨ ᠬᠢᠨ ᠤ ᠰᠤᠷᠪᠤᠯᠵᠢᠯᠠᠭ᠎ᠠ ᠮᠡᠳᠡᠭᠡᠯᠡᠯ | ᠤᠨ ᠠᠵᠢᠯᠯᠠᠭ᠎ᠠ ᠶᠢ ᠬᠠᠮᠢᠶᠠᠷᠤᠨ ᠵᠤᠬᠢᠴᠠᠭᠤᠯᠵᠤ ᠵᠢᠭᠠᠨ ᠵᠢᠯᠤᠭᠤᠳᠬᠤ ᠶᠢ ᠬᠠᠷᠢᠭᠤᠴᠠᠨ᠎ᠠ᠃ | ᠳᠤᠯᠤᠳᠤᠭᠠᠷ ᠪᠦᠯᠦᠭ ᠤᠬᠠᠭᠤᠯᠭ᠎ᠠ ᠪᠤᠯᠪᠠᠰᠤᠷᠠᠯ ᠪᠠ ᠰᠤᠷᠢᠯᠲᠡ ᠰᠡᠷᠭᠡᠶᠢᠯᠡᠯᠲᠡ | ᠬᠤᠰᠢᠭᠤᠨ ᠤ ᠲᠦᠢᠮᠡᠷ ᠤᠨᠲᠠᠷᠠᠭᠠᠬᠤ ᠠᠯᠪᠠᠨ ᠭᠡᠷ ᠠᠴᠠ ︽ᠳᠠᠷᠬᠠᠨ ᠮᠤᠤᠮᠢᠩᠭᠠᠨ ᠬᠤᠯᠪᠤᠭᠠᠲᠤ | ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠪᠠᠴᠢᠮ ᠠᠪᠤᠷᠠᠯᠲᠡ ᠶᠢᠨ ᠲᠦᠰᠦᠯ︾ | ᠤᠨ ᠤᠬᠠᠭᠤᠯᠭ᠎ᠠ᠂ ᠠᠵᠢᠯᠲᠡᠨ ᠤ ᠪᠤᠯᠪᠠᠰᠤᠷᠠᠯ ᠪᠠ ᠰᠤᠷᠢᠯᠲᠡ ᠶᠢ ᠬᠠᠷᠢᠭᠤᠴᠠᠨ᠎ᠠ᠃ ᠵᠢᠯ ᠪᠦᠷᠢ ᠬᠠᠮᠤᠭ ᠪᠠᠭ᠎ᠠ ᠳᠤ | ᠪᠠᠨ ᠬᠤᠶᠠᠷ ᠤᠳᠠᠭ᠎ᠠ ︽ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ | ᠲᠦᠢᠮᠡᠷ ᠤᠨᠲᠠᠷᠠᠭᠠᠬᠤ ᠪᠠᠴᠢᠮ ᠠᠪᠤᠷᠠᠯᠲᠡ ᠶᠢᠨ ᠲᠦᠰᠦᠯ︾ ᠤᠨ ᠤᠬᠠᠭᠤᠯᠭ᠎ᠠ ᠰᠤᠷᠣᠯᠴᠠᠯᠭ᠎ᠠ ᠶᠢᠨ ᠠᠵᠢᠯ ᠢ | ᠦᠷᠨᠢᠭᠦᠯᠵᠤ᠂ ᠬᠠᠮᠤᠭ ᠪᠠᠭ᠎ᠠ ᠳᠤ ᠪᠠᠨ ᠨᠢᠭᠡ ᠤᠳᠠᠭ᠎ᠠ ᠰᠤᠷᠢᠯᠲᠡ ᠪᠤᠯᠪᠠᠰᠤᠷᠠᠯ ᠬᠢᠨ᠎ᠡ᠃ | ᠨᠠᠢᠮᠠᠳᠤᠭᠠᠷ ᠪᠦᠯᠦᠭ ᠳᠠᠭᠠᠯᠲᠡ ᠳᠦᠷᠢᠮ | ᠲᠤᠰ ᠲᠦᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠤ᠂ ᠤᠤᠯ ᠤᠨ ᠳᠠᠷᠬᠠᠨ ᠮᠤᠤᠮᠢᠩᠭᠠᠨ | ᠬᠤᠯᠪᠤᠭᠠᠲᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠤᠨ ᠭᠡᠷ ᠤᠨ〔2016〕24 ᠲᠤᠭᠠᠲᠤ ᠪᠢᠴᠢᠭ | ᠮᠠᠲ᠋ᠧᠷᠢᠶᠡᠯ ᠢ ᠬᠦᠴᠦᠨ ᠦᠭᠡᠢ ᠪᠤᠯᠭᠠᠪᠠ᠃ | ᠳᠠᠭᠠᠯᠲᠡ ᠮᠠᠲ᠋ᠧᠷᠢᠶᠠᠯ 2᠄ | ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠲᠡᠰ ᠬᠤᠪᠢᠶᠠᠷᠢᠯᠠᠯᠲᠡ ᠶᠢᠨ ᠪᠠᠷᠢᠮᠵᠢᠶ᠎ᠡ | ᠡᠩ ᠤᠨ ᠤᠢ ᠰᠢᠭᠤᠢ ᠶᠢᠨ ᠲᠦᠢᠮᠡᠷ᠄ ᠭᠠᠮᠰᠢᠭ ᠲᠤ ᠤᠴᠠᠷᠠᠭᠰᠠᠨ ᠤᠢ ᠰᠢᠭᠤᠢ ᠶᠢᠨ ᠲᠠᠯᠠᠪᠠᠢ 1 | ᠡᠾᠧᠺᠲ᠋ᠠᠷ ᠠᠴᠠ ᠪᠠᠭ᠎ᠠ ᠪᠤᠶᠤ ᠪᠤᠰᠤᠳ ᠤᠢ ᠶᠢᠨ ᠲᠠᠯᠠᠪᠠᠢ ᠳᠤ ᠲᠦᠢᠮᠡᠷ ᠡᠭᠦᠰᠦᠭᠰᠡᠨ᠂ 1 ᠬᠦᠮᠦᠨ ᠠᠴᠠ | ᠳᠡᠭᠡᠭᠰᠢ 3 ᠬᠦᠮᠦᠨ ᠠᠴᠠ ᠲᠤᠷᠤᠭᠰᠢ ᠲᠤᠭᠠᠨ ᠤ ᠬᠦᠮᠦᠨ ᠠᠳᠡᠭᠰᠡᠨ᠂ 1 ᠬᠦᠮᠦᠨ ᠠᠴᠠ ᠳᠡᠭᠡᠭᠰᠢ 10 ᠬᠦᠮᠦᠨ | ᠠᠴᠠ ᠲᠤᠷᠤᠭᠰᠢ ᠲᠤᠭᠠᠨ ᠤ ᠬᠦᠮᠦᠨ ᠬᠦᠨᠳᠦ ᠰᠢᠷᠬᠠᠳᠤᠭᠰᠠᠨ᠃ | ᠡᠩ ᠤᠨ ᠨᠤᠲᠤᠭ ᠪᠡᠯᠴᠢᠭᠡᠷ ᠤᠨ ᠲᠦᠢᠮᠡᠷ᠄ ᠭᠠᠮᠰᠢᠭ ᠲᠤ ᠤᠴᠠᠷᠠᠭᠰᠠᠨ ᠨᠤᠲᠤᠭ ᠪᠡᠯᠴᠢᠭᠡᠷ ᠤᠨ ᠲᠠᠯᠠᠪᠠᠢ | 10 ᠡᠾᠧᠺᠲ᠋ᠠᠷ ᠠᠴᠠ ᠳᠡᠭᠡᠭᠰᠢ 1000 ᠡᠾᠧᠺᠲ᠋ᠠᠷ ᠠᠴᠠ ᠪᠠᠭ᠎ᠠ᠂ 1 ᠬᠦᠮᠦᠨ ᠠᠴᠠ ᠳᠡᠭᠡᠭᠰᠢ 3 ᠬᠦᠮᠦᠨ | ᠠᠴᠠ ᠳᠤᠷᠤᠭᠰᠢ ᠲᠤᠭᠠᠨ ᠤ ᠬᠦᠮᠦᠨ ᠬᠦᠨᠳᠦ ᠰᠢᠷᠬᠠᠳᠤᠭᠰᠠᠨ᠂ ᠰᠢᠭᠤᠳ ᠠᠵᠤ ᠠᠬᠤᠢ ᠶᠢᠨ ᠬᠤᠬᠢᠷᠠᠯ ᠨᠢ | 5000 ᠲᠦᠭᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠪᠠᠭ᠎ᠠ᠃ | ᠨᠡᠯᠢᠶᠡᠳ ᠶᠡᠭᠡ ᠤᠢ ᠰᠢᠭᠤᠢ ᠶᠢᠨ ᠲᠦᠢᠮᠡᠷ᠄ ᠭᠠᠮᠰᠢᠭ ᠲᠤ ᠤᠴᠠᠷᠠᠭᠰᠠᠨ ᠤᠢ ᠰᠢᠭᠤᠢ ᠶᠢᠨ ᠲᠠᠯᠠᠪᠠᠢ 1 | ᠡᠾᠧᠺᠲ᠋ᠠᠷ ᠠᠴᠠ ᠶᠡᠭᠡ 100 ᠡᠾᠧᠺᠲ᠋ᠡᠷ ᠠᠴᠠ ᠪᠠᠭ᠎ᠠ ᠪᠤᠶᠤ 3 ᠬᠦᠮᠦᠨ ᠠᠴᠠ ᠳᠡᠭᠡᠭᠰᠢ 10 ᠬᠦᠮᠦᠨ ᠠᠴᠠ | ᠳᠤᠷᠤᠭᠰᠢ ᠲᠤᠭᠠᠨ ᠤ ᠬᠦᠮᠦᠨ ᠠᠳᠡᠭᠰᠡᠨ᠂ ᠡᠰᠡᠭᠦᠯ᠎ᠡ 10 ᠬᠦᠮᠦᠨ ᠠᠴᠠ ᠳᠡᠭᠡᠭᠰᠢ 50 ᠬᠦᠮᠦᠨ ᠠᠴᠠ | ᠳᠤᠷᠤᠭᠰᠢ ᠲᠤᠭᠠᠨ ᠤ ᠬᠦᠮᠦᠨ ᠬᠦᠨᠳᠦ ᠰᠢᠷᠬᠠᠳᠤᠭᠰᠠᠨ᠃ | ᠨᠡᠯᠢᠶᠡᠳ ᠶᠡᠭᠡ ᠨᠤᠲᠤᠭ ᠪᠡᠯᠴᠢᠭᠡᠷ ᠤᠨ ᠲᠦᠢᠮᠡᠷ᠄ ᠭᠠᠮᠰᠢᠭ ᠲᠤ ᠤᠴᠠᠷᠠᠭᠰᠠᠨ ᠨᠤᠲᠤᠭ ᠪᠡᠯᠴᠢᠭᠡᠷ ᠤᠨ | ᠲᠠᠯᠠᠪᠠᠢ 1000 ᠡᠾᠧᠺᠲ᠋ᠠᠷ ᠠᠴᠠ ᠶᠡᠭᠡ 5000 ᠡᠾᠧᠺᠲ᠋ᠠᠷ ᠠᠴᠠ ᠪᠠᠭ᠎ᠠ ᠪᠤᠶᠤ 3 ᠠᠴᠠ ᠪᠠᠭ᠎ᠠ ᠲᠤᠭᠠᠨ ᠤ | ᠬᠦᠮᠦᠨ ᠠᠳᠡᠭᠰᠡᠨ᠂ 3 ᠠᠴᠠ ᠳᠡᠭᠡᠭᠰᠢ 10 ᠠᠴᠠ ᠳᠤᠷᠤᠭᠰᠢ ᠲᠤᠭᠠᠨ ᠤ ᠬᠦᠮᠦᠨ ᠬᠦᠨᠳᠦ ᠰᠢᠷᠬᠠᠳᠤᠭᠰᠠᠨ᠂ | ᠡᠰᠡᠭᠦᠯ᠎ᠡ ᠰᠢᠭᠤᠳ ᠠᠵᠤ ᠠᠬᠤᠢ ᠶᠢᠨ ᠬᠤᠬᠢᠷᠠᠯ ᠨᠢ 50 ᠲᠦᠮᠡ ᠠᠴᠠ ᠳᠡᠭᠡᠭᠰᠢ 300 ᠲᠦᠮᠡ ᠠᠴᠠ | ᠳᠤᠷᠤᠭᠰᠢ᠃ | ᠶᠡᠭᠡ ᠬᠡᠪᠴᠢᠶᠡᠨ ᠤ ᠤᠢ ᠰᠢᠭᠤᠢ ᠶᠢᠨ ᠲᠦᠢᠮᠡᠷ᠄ ᠭᠠᠮᠰᠢᠭ ᠳᠤ ᠤᠴᠠᠷᠠᠭᠰᠠᠨ ᠤᠢ ᠰᠢᠭᠤᠢ ᠶᠢᠨ ᠲᠠᠯᠠᠪᠠᠢ | 100 ᠡᠾᠧᠺᠲ᠋ᠠᠷ ᠠᠴᠠ ᠶᠡᠭᠡ 1000 ᠡᠾᠧᠺᠲ᠋ᠠᠷ ᠠᠴᠠ ᠪᠠᠭ᠎ᠠ᠂ 10 ᠳᠡᠭᠡᠭᠰᠢ 30 ᠠᠴᠠ ᠳᠤᠷᠤᠭᠰᠢ ᠲᠤᠭᠠᠨ | ᠤ ᠬᠦᠮᠦᠨ ᠠᠳᠡᠭᠰᠡᠨ᠂ ᠡᠰᠡᠭᠦᠯ᠎ᠡ 50 ᠠᠴᠠ ᠳᠡᠭᠡᠭᠰᠢ 100 ᠠᠴᠠ ᠳᠤᠷᠤᠭᠰᠢ ᠲᠤᠭᠠᠨ ᠤ ᠬᠦᠮᠦᠨ ᠬᠦᠨᠳᠦ | ᠰᠢᠷᠬᠠᠳᠤᠭᠰᠠᠨ᠃ | ᠶᠡᠭᠡ ᠬᠡᠪᠴᠢᠶᠠᠨ ᠤ ᠨᠤᠲᠤᠭ ᠪᠡᠯᠴᠢᠭᠡᠷ ᠤᠨ ᠲᠦᠢᠮᠡᠷ᠄ ᠭᠠᠮᠰᠢᠭ ᠲᠤ ᠤᠴᠠᠷᠠᠭᠰᠠᠨ ᠨᠤᠲᠤᠭ ᠪᠡᠯᠴᠢᠭᠡᠷ | ᠤᠨ ᠲᠠᠯᠠᠪᠠᠢ 5000 ᠡᠾᠧᠺᠲ᠋ᠠᠷ ᠠᠴᠠ ᠶᠡᠭᠡ 8000 ᠡᠾᠧᠺᠲ᠋ᠠᠷ ᠠᠴᠠ ᠪᠠᠭ᠎ᠠ᠂ 3 ᠠᠴᠠ ᠳᠡᠭᠡᠭᠰᠢ 10 ᠠᠴᠠ | ᠳᠤᠷᠤᠭᠰᠢ ᠲᠤᠭᠠᠨ ᠤ ᠬᠦᠮᠦᠨ ᠠᠳᠡᠭᠰᠡᠨ ᠪᠤᠶᠤ ᠠᠳᠡᠵᠤ ᠬᠦᠨᠳᠦ ᠰᠢᠷᠬᠠᠳᠠᠭᠰᠠᠨ ᠬᠦᠮᠦᠨ ᠤ ᠨᠡᠶᠢᠲᠡ ᠲᠤᠭ᠎ᠠ | 10 ᠠᠴᠠ ᠳᠡᠭᠡᠭᠰᠢ 20 ᠠᠴᠠ ᠳᠤᠷᠤᠭᠰᠢ᠂ ᠡᠰᠡᠭᠦᠯ᠎ᠡ ᠰᠢᠭᠤᠳ ᠠᠵᠤ ᠠᠬᠤᠢ ᠶᠢᠨ ᠬᠤᠬᠢᠷᠠᠯ ᠨᠢ 300 | ᠲᠦᠮᠡ ᠠᠴᠠ ᠳᠡᠭᠡᠭᠰᠢ 500 ᠲᠦᠮᠡ ᠠᠴᠠ ᠳᠤᠷᠤᠭᠰᠢ᠃ | ᠤᠨᠴᠠ ᠶᠡᠭᠡ ᠤᠢ ᠰᠢᠭᠤᠢ ᠶᠢᠨ ᠲᠦᠢᠮᠡᠷ᠄ ᠭᠠᠮᠰᠢᠭ ᠲᠤ ᠤᠴᠠᠷᠠᠭᠰᠠᠨ ᠤᠢ ᠰᠢᠭᠤᠢ ᠶᠢᠨ ᠲᠠᠯᠠᠪᠠᠢ | 1000 ᠡᠾᠧᠺᠲ᠋ᠠᠷ ᠠᠴᠠ ᠶᠡᠭᠡ ᠪᠤᠶᠤ 30 ᠠᠴᠠ ᠳᠡᠭᠡᠭᠰᠢ ᠲᠤᠭᠠᠨ ᠤ ᠬᠦᠮᠦᠨ ᠠᠳᠡᠭᠰᠡᠨ᠂ ᠡᠰᠡᠭᠦᠯ᠎ᠡ 100 | ᠠᠴᠠ ᠳᠡᠭᠡᠭᠰᠢ ᠲᠤᠭᠠᠨ ᠤ ᠬᠦᠮᠦᠨ ᠬᠦᠨᠳᠦ ᠰᠢᠷᠬᠠᠳᠤᠭᠰᠠᠨ᠃ | ᠤᠨᠴᠠ ᠶᠡᠭᠡ ᠨᠤᠲᠤᠭ ᠪᠡᠯᠴᠢᠭᠡᠷ ᠤᠨ ᠲᠦᠢᠮᠡᠷ᠄ ᠭᠠᠮᠰᠢᠭ ᠲᠤ ᠤᠴᠠᠷᠠᠭᠰᠠᠨ ᠨᠤᠲᠤᠭ ᠪᠡᠯᠴᠢᠭᠡᠷ ᠤᠨ ᠲᠠᠯᠠᠪᠠᠢ | 8000 ᠡᠾᠧᠺᠲ᠋ᠠᠷ ᠠᠴᠠ ᠶᠡᠭᠡ ᠪᠤᠶᠤ 10 ᠠᠴᠠ ᠳᠡᠭᠡᠭᠰᠢ ᠲᠤᠭᠠᠨ ᠤ ᠬᠦᠮᠦᠨ ᠠᠳᠡᠭᠰᠡᠨ᠂ ᠡᠰᠡᠭᠦᠯ᠎ᠡ ᠠᠳᠡᠵᠤ | ᠬᠦᠨᠳᠦ ᠰᠢᠷᠬᠠᠳᠤᠭᠰᠠᠨ ᠬᠦᠮᠦᠨ ᠤ ᠨᠡᠶᠢᠲᠡ ᠲᠤᠭ᠎ᠠ 20 ᠠᠴᠠ ᠳᠡᠭᠡᠭᠰᠢ ᠪᠤᠶᠤ ᠰᠢᠭᠤᠳ ᠠᠵᠤ ᠠᠬᠤᠢ ᠶᠢᠨ | ᠬᠤᠬᠢᠷᠠᠯ ᠨᠢ 500 ᠲᠦᠮᠡ ᠠᠴᠠ ᠳᠡᠭᠡᠭᠰᠢ᠃ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ | ᠶᠢ ᠵᠢᠯᠤᠭᠤᠳᠬᠤ ᠭᠠᠵᠠᠷ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨᠲᠠᠷᠠᠭᠠᠬᠤ ᠶᠢ ᠵᠢᠯᠤᠭᠤᠳᠬᠤ ᠭᠠᠵᠠᠷ ᠤᠨ ᠠᠯᠪᠠᠨ ᠭᠡᠷ | ᠶᠡᠷᠦᠩᠬᠡᠢ ᠵᠢᠯᠤᠭᠤᠳᠤᠭᠴᠢ᠄ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠮᠦᠩᠬᠡᠪᠠᠭᠠᠲᠤᠷ | ᠳᠡᠳ᠋ ᠶᠡᠷᠦᠩᠬᠡᠢ ᠵᠢᠯᠤᠭᠤᠳᠤᠭᠴᠢ᠄ ᠯᠢ ᠪᠣᠣ ᠴᠦᠨ ᠮᠠ ᠶᠦᠨ ᠲᠢᠶᠠᠨ ᠨᠠᠷᠠᠰᠤ | ᠬᠡᠰᠢᠭᠦᠨ᠄ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠲᠦᠢᠮᠡᠷ ᠰᠡᠷᠭᠡᠶᠢᠯᠡᠬᠦ ᠬᠡᠰᠢᠭᠦᠨ ᠪᠠᠶᠢᠭᠤᠯᠭ᠎ᠠ | ᠶᠢᠨ ᠬᠠᠷᠢᠭᠤᠴᠠᠯᠭᠠᠳᠠᠳ | ᠡᠭᠦᠷᠭᠡ ᠬᠠᠷᠢᠭᠤᠴᠠᠯᠭ᠎ᠠ᠄ | ᠨᠢᠭᠡ᠂ ᠲᠦᠢᠮᠡᠷ ᠡᠭᠦᠰᠦᠭᠰᠡᠨ ᠭᠠᠵᠠᠷ ᠤᠨ ᠭᠠᠯ ᠤᠨᠲᠠᠷᠠᠭᠠᠬᠤ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠂ | ᠭᠠᠯ ᠤᠨᠲᠠᠷᠠᠭᠠᠬᠤ ᠲᠦᠰᠦᠯ ᠢ ᠲᠤᠭᠲᠠᠭᠠᠨ ᠬᠡᠷᠡᠭᠵᠢᠭᠦᠯᠵᠤ᠂ ᠡᠯ᠎ᠡ ᠭᠠᠯ ᠤᠨᠲᠠᠷᠠᠭᠠᠬᠤ ᠡᠩᠨᠡᠭᠡ ᠶᠢ ᠵᠢᠯᠤᠭᠤᠳᠤᠨ | ᠪᠠᠴᠢᠮ ᠪᠠᠶᠢᠳᠠᠯ ᠢ ᠰᠢᠢᠳᠪᠦᠷᠢᠯᠡᠨ᠎ᠡ᠃ ᠵᠢᠯᠤᠭᠤᠳᠤᠯᠭ᠎ᠠ ᠶᠢ ᠳᠠᠭᠠᠬᠤ ᠦᠭᠡᠢ᠂ ᠠᠵᠢᠯ ᠳᠤ ᠬᠤᠶᠢᠷᠭᠤ᠂ ᠴᠠᠭ | ᠲᠤᠬᠢᠶᠠᠯ ᠢ ᠠᠯᠳᠠᠵᠤ᠂ ᠠᠵᠢᠯ ᠬᠡᠷᠡᠭ ᠢ ᠰᠠᠲᠠᠭᠠᠭᠰᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠭᠰᠡᠨ ᠦᠭᠡᠢ ᠤᠳᠤᠷᠢᠳᠤᠯᠭ᠎ᠠ ᠪᠠ ᠬᠡᠰᠢᠭᠦᠳ ᠲᠤ ᠲᠤᠬᠠᠢ ᠶᠢᠨ ᠭᠠᠵᠠᠷ ᠲᠤ ᠨᠢ ᠵᠠᠰᠠᠭ ᠵᠠᠬᠢᠷᠭᠠᠨ ᠤ | ᠰᠠᠬᠢᠯᠭ᠎ᠠ ᠪᠠᠲᠤ ᠶᠢᠨ ᠰᠢᠳᠭᠡᠯ ᠤᠯᠭᠤᠵᠤ᠂ ᠳᠠᠷᠠᠭ᠎ᠠ ᠨᠢ ᠵᠤᠬᠢᠶᠠᠨ ᠪᠠᠶᠢᠭᠤᠯᠤᠯᠲᠡ ᠶᠢᠨ ᠡᠯᠬᠤᠮ ᠳᠠᠷᠠᠭᠠᠯᠠᠯ ᠢ | ᠨᠦᠬᠦᠨ ᠭᠦᠢᠴᠡᠳᠭᠡᠨ᠎ᠡ᠃ | ᠬᠤᠶᠠᠷ᠂ ᠳᠡᠭᠡᠲᠦ ᠱᠠᠲᠤᠨ ᠤ ᠬᠤᠯᠪᠤᠭᠳᠠᠬᠤ ᠪᠠᠶᠢᠭᠤᠯᠭ᠎ᠠ ᠶᠢᠨ ᠭᠠᠯ ᠰᠡᠷᠭᠡᠶᠢᠯᠡᠬᠦ ᠲᠦᠰᠦᠭᠡᠯᠡᠯ᠂ ᠰᠡᠷᠡᠮᠵᠢ | ᠶᠢᠨ ᠲᠤᠬᠢᠶ᠎ᠠ᠂ ᠵᠤᠬᠢᠶᠠᠨ ᠪᠠᠶᠢᠭᠤᠯᠤᠯᠲᠡ ᠲᠠᠢ ᠪᠠᠷ ᠭᠠᠯ ᠤᠨᠲᠠᠷᠠᠭᠠᠬᠤ ᠠᠵᠢᠯ ᠳᠤ ᠤᠷᠤᠯᠴᠠᠨ᠎ᠠ᠃ | ᠠᠯᠪᠠᠨ ᠭᠡᠷ ᠤᠨ ᠡᠷᠬᠢᠯᠡᠭᠴᠢ᠄ ᠯᠢ ᠵᠧᠨ | ᠬᠡᠰᠢᠭᠦᠨ᠄ ᠤᠷᠠᠩᠭᠤᠸ᠎ᠠ ︵ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶᠡᠨ ᠤ ᠠᠯᠪᠠᠨ | ᠭᠡᠷ ᠤᠨ ᠡᠷᠬᠢᠯᠡᠭᠴᠢ︶ ᠵᠠᠩ ᠰᠢᠶᠣᠣ ᠵᠢᠶᠦ᠋ᠨ | ᠡᠭᠦᠷᠭᠡ ᠬᠠᠷᠢᠭᠤᠴᠠᠯᠭ᠎ᠠ᠄ | ᠵᠢᠯᠤᠭᠤᠳᠬᠤ ᠭᠠᠵᠠᠷ ᠤᠨ ᠡᠯ᠎ᠡ ᠵᠦᠢᠯ ᠤᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠂ ᠵᠢᠯᠤᠭᠤᠳᠬᠤ | ᠭᠠᠵᠠᠷ ᠠᠴᠠ ᠲᠤᠭᠲᠠᠭᠠᠭᠰᠠᠨ ᠡᠯ᠎ᠡ ᠵᠦᠢᠯ ᠤᠨ ᠠᠵᠢᠯ ᠤᠨ ᠲᠦᠰᠦᠯ ᠪᠠ ᠠᠪᠤᠷᠠᠯᠲᠡ ᠶᠢᠨ ᠠᠷᠭ᠎ᠠ ᠪᠠᠷᠢᠯ ᠢ ᠬᠢᠨᠠᠨ | ᠨᠠᠶᠢᠳᠠᠪᠤᠷᠢᠵᠢᠭᠤᠯᠤᠨ᠎ᠠ᠂ ᠡᠯ᠎ᠡ ᠠᠵᠢᠯ ᠤᠨ ᠳᠤᠭᠤᠶᠢᠯᠠᠩ ᠤᠨ ᠶᠡᠷᠦᠩᠭᠡᠢ ᠪᠠᠶᠢᠳᠠᠯ ᠢ ᠬᠤᠷᠢᠶᠠᠩᠭᠤᠶᠢᠯᠡᠨ ᠳ᠋ᠦᠩᠨᠡᠵᠤ | ᠂ ᠶᠡᠷᠦᠩᠬᠡᠢ ᠪᠠᠶᠢᠴᠠᠭᠠᠯᠲᠡ ᠶᠢᠨ ᠮᠡᠳᠡᠭᠦᠯᠦᠯᠲᠡ ᠶᠢᠨ ᠡᠬᠡ ᠨᠤᠤᠷᠠᠭ ᠢ ᠪᠡᠯᠡᠳᠭᠡᠨ᠎ᠡ᠃ | ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨᠲᠠᠷᠠᠭᠠᠬᠤ ᠪᠠᠴᠢᠮ ᠠᠪᠤᠷᠠᠯᠲᠡ ᠶᠢᠨ ᠲᠤᠰᠬᠠᠢ ᠠᠵᠢᠯ | ᠤᠨ ᠳᠤᠭᠤᠶᠢᠯᠠᠩ ᠤᠨ ᠪᠦᠷᠢᠯᠳᠦᠭᠦᠨ ᠨᠢᠭᠡᠴᠡ | 1᠂ ᠲᠦᠢᠮᠡᠷ ᠤᠨᠲᠠᠷᠠᠭᠠᠬᠤ ᠳᠤᠭᠤᠶᠢᠯᠠᠩ | ᠬᠡᠰᠢᠭᠦᠨ᠄ ᠡᠯ᠎ᠡ ᠰᠤᠮᠤ ᠰᠢᠶᠠᠩ ᠪᠠᠯᠭᠠᠰᠤᠨ ᠤ ᠭᠠᠯ ᠤᠨᠲᠠᠷᠠᠭᠠᠬᠤ ᠠᠵᠢᠯᠲᠡᠨ᠂ ᠠᠷᠠᠳ ᠤᠨ ᠭᠠᠯ | ᠰᠡᠷᠭᠡᠶᠢᠯᠡᠬᠦ ᠠᠩᠬᠢ᠂ ᠤᠢ ᠰᠢᠭᠤᠢ ᠶᠢᠨ ᠲᠦᠢᠮᠡᠷ ᠰᠡᠷᠭᠡᠶᠢᠯᠡᠬᠦ ᠴᠠᠭᠳᠠᠭ᠎ᠠ᠂ ᠲᠤᠳᠤᠭᠠᠳᠤ ᠶᠢ ᠬᠠᠮᠠᠭᠠᠯᠠᠬᠤ | ᠳᠤᠪᠴᠢᠶ᠎ᠡ᠂ ᠬᠤᠰᠢᠭᠤᠨ ᠳᠤ ᠰᠠᠭᠤᠭ᠎ᠠ ᠴᠡᠷᠢᠭ ᠠᠩᠬᠢ | 2. ᠲᠦᠢᠮᠡᠷ ᠤᠨᠲᠠᠷᠠᠭᠠᠬᠤ ᠶᠢ ᠵᠤᠬᠢᠴᠠᠭᠤᠯᠬᠤ ᠳᠤᠭᠤᠶᠢᠯᠠᠩ | ᠬᠡᠰᠢᠭᠦᠨ᠄ ᠤᠢ ᠰᠢᠭᠤᠢ ᠶᠢᠨ ᠲᠤᠪᠴᠢᠶ᠎ᠡ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶ᠎ᠡ | 3. ᠴᠢᠮᠡᠭᠡ ᠨᠡᠪᠲᠡᠷᠡᠯᠭᠡ ᠰᠤᠷᠠᠭ ᠵᠠᠩᠬᠢ ᠶᠢᠨ ᠳᠤᠭᠤᠶᠢᠯᠠᠩ | ᠬᠡᠰᠢᠭᠦᠨ᠄ ᠬᠤᠰᠢᠭᠤᠨ ᠤ ᠴᠠᠬᠢᠯᠭᠠᠨ ᠬᠤᠯᠪᠤᠭ᠎ᠠ᠂ ᠨᠡᠭᠦᠳᠡᠯ ᠬᠤᠯᠪᠤᠭ᠎ᠠ᠂ ᠨᠢᠭᠡᠳᠦᠮᠡᠯ ᠬᠤᠯᠪᠤᠭ᠎ᠠ | 4. ᠠᠷᠤ ᠲᠠᠯ᠎ᠠ ᠶᠢᠨ ᠠᠵᠢᠯ ᠢ ᠪᠠᠲᠤᠯᠠᠬᠤ ᠳᠤᠭᠤᠶᠢᠯᠠᠩ | ᠬᠡᠰᠢᠭᠦᠨ᠄ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠡ | 5. ᠲᠦᠢᠮᠡᠷ ᠤᠨ ᠬᠡᠷᠡᠭ ᠢ ᠪᠠᠶᠢᠴᠠᠭᠠᠬᠤ ᠳᠤᠭᠤᠶᠢᠯᠠᠩ | ᠬᠡᠰᠢᠭᠦᠨ᠄ ᠬᠤᠰᠢᠭᠤᠨ ᠤ ᠤᠢ ᠰᠢᠭᠤᠢ ᠶᠢᠨ ᠳᠤᠲᠤᠭᠠᠳᠤ ᠶᠢ ᠬᠠᠮᠠᠭᠠᠯᠠᠬᠤ ᠲᠤᠪᠴᠢᠶ᠎ᠡ᠂ ᠬᠤᠰᠢᠭᠤᠨ ᠤ | ᠳᠤᠲᠤᠭᠠᠳᠤ ᠶᠢ ᠬᠠᠮᠠᠭᠠᠯᠠᠬᠤ ᠲᠤᠪᠴᠢᠶ᠎ᠡ | 6. ᠠᠪᠤᠷᠠᠨ ᠳᠦᠪᠬᠢᠨᠡᠭᠦᠯᠬᠦ ᠳᠤᠭᠤᠶᠢᠯᠠᠩ | ᠬᠡᠰᠢᠭᠦᠨ᠄ ᠬᠤᠰᠢᠭᠤᠨ ᠤ ᠡᠷᠡᠭᠦᠯ ᠬᠠᠮᠠᠭᠠᠯᠠᠯ ᠤᠨ ᠲᠤᠪᠴᠢᠶ᠎ᠡ | 7. ᠲᠦᠢᠮᠡᠷ ᠤᠨᠲᠠᠷᠠᠭᠠᠬᠤ ᠶᠢ ᠬᠢᠨᠠᠨ ᠪᠠᠶᠢᠴᠠᠭᠠᠬᠤ ᠳᠤᠭᠤᠶᠢᠯᠠᠩ | ᠬᠡᠰᠢᠭᠦᠨ᠄ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ | ᠳᠠᠭᠠᠯᠲᠡ ᠮᠠᠲ᠋ᠧᠷᠢᠶᠠᠯ 3᠄ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨᠲᠠᠷᠠᠭᠠᠬᠤ ᠶᠢ ᠵᠢᠯᠤᠭᠤᠳᠬᠤ ᠭᠠᠵᠠᠷ ᠤᠨ ᠵᠤᠬᠢᠶᠠᠨ ᠪᠠᠶᠢᠭᠤᠯᠤᠯᠲᠡ ᠶᠢᠨ ᠪᠦᠲᠦᠴᠡ ᠶᠢᠨ ᠵᠢᠷᠤᠭ | ᠳᠠᠭᠠᠯᠲᠡ ᠮᠠᠲ᠋ᠧᠷᠢᠶᠡᠯ 4᠄ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ | ᠤᠨᠲᠠᠷᠠᠭᠠᠬᠤ ᠶᠢ ᠤᠳᠤᠷᠢᠳᠬᠤ ᠪᠠᠭ᠎ᠠ ᠳᠤᠭᠤᠶᠢᠯᠠᠩ ᠤᠨ ᠨᠡᠷᠡᠰ | ᠳᠤᠭᠤᠶᠢᠯᠠᠩ ᠤᠨ ᠳᠠᠷᠤᠭ᠎ᠠ᠄ ᠮᠦᠩᠬᠡᠪᠠᠭᠠᠲᠤᠷ ︵ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ︶ | ᠳᠡᠳ᠋ ᠳᠤᠭᠤᠶᠢᠯᠠᠩ ᠤᠨ ᠳᠠᠷᠤᠭ᠎ᠠ ᠄ ᠯᠢ ᠪᠣᠣ ᠴᠦᠨ ︵ᠵᠠᠰᠠᠭ ᠤᠨ ᠤᠷᠳᠤᠨ ᠤ ᠠᠯᠪᠠᠨ ᠭᠡᠷ ᠤᠨ | ᠡᠷᠬᠢᠯᠡᠭᠴᠢ︶ | ᠮᠠ ᠶᠦᠨ ᠲᠢᠶᠠᠨ ︵ᠤᠢ ᠰᠢᠭᠤᠢ ᠶᠢᠨ ᠲᠤᠪᠴᠢᠶᠡᠨ ᠤ ᠳᠠᠷᠤᠭ᠎ᠠ︶ | ᠨᠠᠷᠠᠰᠤ ︵ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶᠡᠨ ᠤ ᠳᠠᠷᠤᠭ᠎ᠠ︶ | ᠬᠡᠰᠢᠭᠦᠨ᠄ ᠴᠢᠨ ᠸᠧᠨ ᠰᠢᠦ ︵ᠤᠬᠠᠭᠤᠯᠬᠤ ᠬᠡᠯᠲᠡᠰ ᠤᠨ ᠳᠡᠳ᠋ ᠳᠠᠷᠤᠭ᠎ᠠ︶ | ᠶᠦᠨ ᠴᠢᠤᠸᠠᠨ ᠽᠠᠢ ︵ᠲᠤᠲᠤᠭᠠᠳᠤ ᠶᠢ ᠬᠠᠮᠠᠭᠠᠯᠠᠬᠤ ᠲᠤᠪᠴᠢᠶᠡᠨ ᠤ ᠳᠡᠳ᠋ ᠲᠤᠪᠴᠢᠶᠠᠨ ᠳᠠᠷᠤᠭ᠎ᠠ︶ | ᠴᠢᠨ ᠬᠤᠢ ᠴᠦᠨ ︵ᠡᠳ᠋ ᠤᠨ ᠵᠠᠰᠠᠭ ᠤᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠪᠠᠶᠠᠯᠢᠭ ︵ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠸᠠᠩ ᠪᠢᠩ ᠰᠢᠶᠠᠨ ︵ᠵᠠᠮ ᠲᠡᠭᠡᠭᠡᠪᠦᠷᠢ ᠶᠢᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠹᠧᠩ ᠶᠥᠩ ᠸᠠᠩ ︵ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠡᠨ ᠤ ᠳᠡᠳ᠋ ᠳᠠᠷᠤᠭ᠎ᠠ︶ | ᠯᠢ ᠯᠢ ᠮᠢᠨ ︵ᠤᠷᠤᠨ ᠰᠠᠭᠤᠴᠠ ᠪᠦᠲᠦᠭᠡᠨ ᠪᠠᠶᠢᠭᠤᠯᠤᠯᠲᠡ ᠶᠢᠨ ᠲᠤᠪᠴᠢᠶᠡᠨ ᠤ ᠳᠡᠳ᠋ ᠲᠤᠪᠴᠢᠶᠡᠨ | ᠳᠠᠷᠤᠭ᠎ᠠ︶ | ᠡᠷᠳᠡᠨᠢᠪᠠᠭᠠᠲᠤᠷ ︵ᠵᠢᠭᠤᠯᠴᠢᠯᠠᠯ ᠤᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠰᠡᠴᠡᠨ ︵ᠠᠷᠠᠳ ᠤᠨ ᠶᠠᠪᠤᠳᠠᠯ ᠤᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠯᠢ ᠸᠧᠨ ᠶᠢᠨ ︵ᠡᠷᠡᠭᠦᠯ ᠬᠠᠮᠠᠭᠠᠯᠠᠯ ᠤᠨ ᠲᠤᠪᠴᠢᠶᠠᠨ ᠤ ᠳᠡᠳ᠋ ᠲᠤᠪᠴᠢᠶᠡᠨ ᠳᠠᠷᠤᠭ᠎ᠠ︶ | ᠵᠧᠦ ᠸᠧᠨ ᠯᠢ ︵ᠪᠠᠷᠠᠭᠤᠨ ᠠᠵᠤ ᠠᠬᠤᠶᠢᠯᠠᠯ ᠤᠨ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ ᠤᠨ ᠳᠡᠳ᠋ | ᠡᠷᠬᠢᠯᠡᠭᠴᠢ︶ | ᠬᠤ᠋ ᠴᠢᠶᠠᠩ ︵ᠮᠡᠳᠡᠭᠡ ᠵᠠᠭᠤᠴᠢᠯᠠᠭᠤᠷ ᠤᠨ ᠬᠢᠨ ᠤ ᠲᠦᠪ ᠤᠨ ᠡᠷᠬᠢᠯᠡᠭᠴᠢ︶ | ᠰᠠᠷᠠᠩᠭᠡᠷᠡᠯ ︵ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶᠡᠨ ᠤ ᠳᠡᠳ᠋ ᠳᠠᠷᠤᠭ᠎ᠠ︶ | ᠯᠢᠦ ᡁᠢ ᠮᠢᠩ ︵ᠬᠤᠲᠠ ᠪᠠᠯᠭᠠᠰᠤᠨ ᠤ ᠬᠠᠮᠢᠶᠠᠷᠤᠯᠲᠡ ᠶᠢᠨ ᠬᠠᠤᠯᠢ ᠬᠡᠷᠡᠭᠵᠢᠭᠦᠯᠬᠦ ᠶᠡᠭᠡ ᠠᠩᠬᠢ ᠶᠢᠨ | ᠳᠠᠷᠤᠭ᠎ᠠ︶ | ᠶᠠᠩ ᡁᠢ ᠮᠢᠨ ︵ᠪᠠᠲᠤᠬᠠᠭᠠᠯᠭ᠎ᠠ ᠨᠠᠭᠠᠳᠤᠮ ᠤᠨ ᠰᠤᠶᠤᠯ ᠤᠨ ᠠᠵᠤ ᠦᠢᠯᠡᠰ ᠤᠨ ᠲᠤᠭᠤᠷᠢᠭ ᠤᠨ | ᠬᠠᠮᠢᠶᠠᠷᠤᠯᠲᠡ ᠦᠢᠯᠡᠴᠢᠯᠡᠭᠡᠨ ᠤ ᠲᠦᠪ︶ | ᠶᠢᠨ ᠯᠢ ︵ᠰᠢᠷᠠᠮᠦ᠋ᠷᠡᠨ ᠲᠠᠯ᠎ᠠ ᠨᠤᠲᠤᠭ ᠤᠨ ᠵᠢᠭᠤᠯᠴᠢᠯᠡᠯ ᠤᠨ ᠬᠠᠮᠢᠶᠠᠷᠤᠯᠲᠡ ᠦᠢᠯᠡᠴᠢᠯᠡᠭᠡᠨ ᠤ ᠲᠦᠪ ᠤᠨ | ᠡᠷᠬᠢᠯᠡᠭᠴᠢ︶ | ᠳ᠋ᠥᠩ ᠶᠢᠨ ᠶᠤᠸᠠᠨ ︵ᠤᠢ ᠰᠢᠭᠤᠢ ᠶᠢᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠳ᠋ᠦ᠋ ᠶᠢᠨ ᠰᠥᠸᠧ ︵ᠤᠢ ᠰᠢᠭᠤᠢ ᠶᠢᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠹᠠᠨ ᠸᠧᠢ ︵ᠤᠢ ᠰᠢᠭᠤᠢ ᠶᠢᠨ ᠲᠤᠲᠤᠭᠠᠳᠤ ᠶᠢ ᠬᠠᠮᠠᠭᠠᠯᠠᠬᠤ ᠲᠤᠪᠴᠢᠶᠡᠨ ᠤ ᠳᠠᠷᠤᠭ᠎ᠠ︶ | ᠴᠧᠨ ᠷᠦᠢ ︵ᠤᠢ ᠰᠢᠭᠤᠢ ᠶᠢᠨ ᠦᠢᠯᠡᠰ ᠢ ᠬᠦᠭᠵᠢᠭᠦᠯᠬᠦ ᠮᠡᠷᠭᠡᠵᠢᠯ ᠦᠢᠯᠡᠴᠢᠯᠡᠭᠡ ᠶᠢ ᠠᠬᠢᠭᠤᠯᠬᠤ ᠲᠦᠪ | ᠤᠨ ᠡᠷᠬᠢᠯᠡᠭᠴᠢ︶ | ᠯᠢᠦ ᠹᠧᠢ ︵ᠵᠠᠮ ᠤᠨ ᠴᠠᠭᠳᠠᠭᠠᠨ ᠤ ᠶᠡᠭᠡ ᠠᠩᠬᠢ ᠶᠢᠨ ᠳᠠᠷᠤᠭ᠎ᠠ︶ | ᠪᠠᠢ ᠶᠢᠨ ᠰᠢ ︵ᠭᠠᠯ ᠤᠨᠲᠠᠷᠠᠭᠠᠬᠤ ᠶᠡᠭᠡ ᠠᠩᠬᠢ ᠶᠢᠨ ᠳᠠᠷᠤᠭ᠎ᠠ︶ | ᠭᠥᠸᠧ ᠬᠤᠸᠠ ︵ᠪᠠᠲᠤᠬᠠᠭᠠᠯᠭ᠎ᠠ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ | ᠳᠠᠷᠤᠭ᠎ᠠ︶ | ᠱᠢ ᠭᠠᠩ ︵ᠰᠢᠪᠠᠷᠬᠦ᠋ᠷᠢᠶ᠎ᠡ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ ᠳᠠᠷᠤᠭ᠎ᠠ︶ | ᠯᠢᠦ ᠵᠢᠶᠠᠨ ᠭᠥᠩ ︵ᠦᠬᠡᠷᠬᠤᠳᠳᠤᠭ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ | ᠳᠠᠷᠤᠭ᠎ᠠ︶ | ᠲᠤᠯᠭᠠᠭᠤᠷᠢ ︵ᠰᠢᠷᠠᠮᠦ᠋ᠷᠡᠨ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ ᠳᠠᠷᠤᠭ᠎ᠠ︶ | ᠸᠠᠩ ᠶᠥᠩ ᠳ᠋ᠦᠩ ︵ᠮᠢᠩᠭᠠᠨ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ | ᠳᠠᠷᠤᠭ᠎ᠠ︶ | ᠪᠠᠲᠤᠴᠢᠯᠠᠭᠤ ︵ᠪᠠᠶᠠᠡᠬᠤᠸᠠ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ ᠳᠠᠷᠤᠭ᠎ᠠ︶ | ᠶᠠᠩ ᠴᠠᠩ ᠴᠦᠨ ︵ᠮᠠᠨᠳᠤᠯ ᠪᠠᠯᠭᠠᠰᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ ᠳᠠᠷᠤᠭ᠎ᠠ︶ | | ᠨᠢᠦ ᠵᠢᠶᠧ ︵ᠰᠢ ᠾᠧ ᠰᠢᠶᠠᠩ ᠤᠨ ᠨᠠᠮ ᠤᠨ ᠬᠤᠷᠢᠶᠡᠨ ᠤ ᠳᠡᠳ᠋ ᠱᠦᠵᠢ᠂ ᠰᠢᠶᠠᠩ ᠤ ᠳᠠᠷᠤᠭ᠎ᠠ︶ | ᠶᠠᠩ ᠴᠧᠩ ᠱᠧᠩ ︵ᠪᠠᠭ᠎ᠠ ᠤᠩᠭᠤᠨ ᠰᠢᠶᠠᠩ ᠤ ᠨᠠᠮ ᠤᠨ ᠬᠤᠷᠢᠶᠡᠨ ᠤ ᠳᠡᠳ᠋ ᠱᠦᠵᠢ᠂ ᠰᠢᠶᠠᠩ ᠤ | ᠳᠠᠷᠤᠭ᠎ᠠ︶ | ᠪᠠᠢ ᠰᠡᠴᠡᠨᠲᠤᠶᠠᠭ᠎ᠠ ︵ᠳᠠᠷᠬᠠᠨ ᠰᠤᠮᠤᠨ ᠤ ᠨᠠᠮ ᠤᠨ ᠬᠤᠷᠢᠶᠡᠨ ᠤ ᠳᠡᠳ᠋ ᠱᠦᠵᠢ᠂ ᠪᠠᠯᠭᠠᠰᠤᠨ ᠳᠠᠷᠤᠭ᠎ᠠ︶ | ᠬᠤᠩ ᠬᠠᠢ ︵ᠴᠠᠭᠠᠨᠬᠠᠳᠠ ᠰᠤᠮᠤᠨ ᠤ ᠨᠠᠮ ᠤᠨ ᠬᠤᠷᠢᠶᠡᠨ ᠤ ᠳᠡᠳ᠋ ᠱᠦᠵᠢ᠂ ᠰᠤᠮᠤᠨ ᠳᠠᠷᠤᠭ᠎ᠠ︶ | ᠯᠢᠦ ᠸᠧᠨ ᠵᠢᠶᠦ᠋ᠨ ︵ᠪᠠᠶ᠋ᠬᠠᠤᠪᠤᠭ᠎ᠠ ᠰᠤᠮᠤᠨ ᠤ ᠨᠠᠮ ᠤᠨ ᠬᠤᠷᠢᠶᠡᠨ ᠤ ᠳᠡᠳ᠋ ᠱᠦᠵᠢ᠂ ᠰᠤᠮᠤᠨ ᠳᠠᠷᠤᠭ᠎ᠠ︶ | | | |