ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠴᠠᠭᠠᠨ ᠰᠠᠷ᠎ᠡ  ᠶᠢᠨ ᠬᠤᠭᠤᠴᠠᠭᠠᠨ ᠳᠤ ᠲᠦᠳᠡᠭ ᠭᠠᠯ ᠨᠤᠴᠤᠭᠠᠬᠤ ᠶᠢ ᠬᠢᠵᠠᠭᠠᠷᠯᠠᠬᠤ ᠪᠡ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠲᠤᠬᠠᠢ ᠮᠡᠲᠡᠭᠳᠡᠯ
ᠨᠡᠶᠢᠲᠡᠯᠡᠭᠰᠡᠨ ᠴᠠᠭ᠄
2018-04-26
     ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠴᠠᠭᠠᠨ ᠰᠠᠷ᠎ᠡ  ᠶᠢᠨ ᠬᠤᠭᠤᠴᠠᠭᠠᠨ ᠳᠤ ᠲᠦᠳᠡᠭ ᠭᠠᠯ ᠨᠤᠴᠤᠭᠠᠬᠤ ᠶᠢ ᠬᠢᠵᠠᠭᠠᠷᠯᠠᠬᠤ ᠪᠡ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠲᠤᠬᠠᠢ ᠮᠡᠲᠡᠭᠳᠡᠯ                       ᠲᠠᠷᠬᠠᠨ ᠵᠠᠰᠠᠭ ᠲᠠᠷᠬᠠᠭᠠᠭᠰᠡᠨ ﹇2018﹈ 8 ᠳ᠋ᠤᠭᠠᠷ ᠲᠤᠭᠠᠲᠦ      ᠴᠠᠭᠠᠨ ᠰᠠᠷ᠎ᠡ ᠶᠢᠨ ᠬᠤᠭᠤᠴᠠᠭᠠᠨ ᠳᠤ ᠬᠤᠰᠢᠭᠤᠨ ᠤ ᠠᠭᠠᠷ ᠮᠠᠨᠲᠡᠯ ᠤᠨ ᠴᠢᠨᠠᠷ ᠴᠢᠨᠰᠠᠭ᠎ᠠ ᠶᠢ ᠦᠨᠡᠨᠬᠦ ᠰᠠᠶᠢᠵᠢᠷᠠᠭᠤᠯᠵᠦ᠂ ᠠᠷᠡᠳ ᠤᠯᠠᠨ ᠤ ᠪᠡᠶ᠎ᠡ ᠰᠡᠳᠬᠢᠯ ᠤᠨ ᠡᠷᠡᠭᠦᠯ ᠴᠢᠬᠢᠷᠠᠭ ᠢ ᠪᠠᠲᠤᠯᠠᠵᠦ᠂ ᠪᠣᠬᠢᠷᠲᠤᠯ ᠶᠡᠬᠡᠲᠡᠶ ᠳᠦᠳᠡᠭ ᠭᠠᠯ ᠨᠤᠴᠤᠭᠠᠬᠤ ᠶᠢ ᠴᠠᠭᠠᠵᠠᠯᠠᠬᠤ ᠣᠷᠣᠨ ᠤ ᠪᠦᠳᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠦᠯᠦᠭᠡ᠂ ︽ᠬᠤᠸᠠᠷ ᠫᠤᠤᠵᠢᠩ ᠤᠨ ᠠᠶᠦᠯᠭᠦᠢ ᠶᠢᠨ ᠬᠠᠮᠢᠶᠠᠷᠤᠯᠲᠠ ᠶᠢᠨ ᠲᠥᠷᠢᠮ ︾᠂ ︽ᠪᠤᠭᠤᠲᠦ ᠬᠤᠲᠡ ᠶᠢᠨ ᠬᠤᠲᠡ ᠶᠢᠨ ᠲᠦᠷᠢ ᠲᠦᠷᠬᠦ ᠪᠡ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠣᠯᠲᠡ ᠶᠢᠨ ᠲᠦᠷᠢᠮ︾᠂ ︽ᠪᠤᠭᠤᠲᠦ ᠬᠤᠲᠡ ᠶᠢᠨ ᠪᠣᠬᠢᠷᠲᠤᠯ ᠶᠡᠬᠡᠲᠡᠶ ᠲᠦᠯᠡᠰᠢ ᠶᠢ ᠴᠠᠭᠠᠵᠠᠯᠠᠬᠤ ᠤᠷᠤᠨ ᠢ ᠵᠠᠭᠠᠭᠯᠡᠨ ᠲᠤᠭᠲᠠᠭᠠᠬᠤ ᠲᠦᠰᠦᠯ ᠢ ᠲᠠᠷᠬᠠᠭᠠᠬᠤ ᠲᠤᠬᠠᠢ ᠪᠤᠭᠤᠲᠦ ᠬᠤᠲᠡ ᠶᠢᠨ ᠠᠷᠡᠳ ᠤᠨ ᠵᠠᠰᠠᠭ  ᠤᠨ ᠤᠷᠳᠤᠨ ᠤ ᠠᠯᠪᠠᠨ ᠲᠢᠩᠬᠢᠮ ‍ᠤᠨ‌ᠮᠡᠳᠡᠭᠳᠡᠯ︾ ︵ᠪᠤᠭᠤᠲᠦ ᠵᠠᠰᠠᠭ ᠠᠯᠪᠠᠨ ᠲᠡᠷᠬᠠᠭᠠᠭᠰᠡᠨ ﹇2017﹈ 58 ᠳ᠋ᠤᠭᠠᠷ ᠲᠤᠭᠠᠲᠦ︶ ᠪᠤᠯᠤᠨ ︽ᠴᠠᠭᠠᠨ‌‍ᠰᠠᠷ᠎ᠡ ᠶᠢᠨ ᠬᠤᠭᠤᠴᠠᠭᠠᠨ ᠳᠤ ᠲᠦᠳᠡᠭ ᠭᠠᠯ ᠨᠤᠴᠤᠭᠠᠬᠤ ᠶᠢ ᠬᠢᠵᠠᠭᠠᠷᠯᠠᠬᠤ ᠪᠡ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠲᠤᠬᠠᠢ ᠪᠤᠭᠤᠲᠦ ᠬᠤᠲᠡ ᠶᠢᠨ ᠠᠷᠡᠳ ᠤᠨ ᠵᠠᠰᠠᠭ ᠤᠨ ᠤᠷᠳᠤᠨ  ᠤ ᠮᠡᠳᠡᠭᠡ︾ ︵ᠪᠤᠭᠤᠲᠦ ᠵᠠᠰᠠᠭ ᠲᠡᠷᠬᠠᠭᠠᠭᠰᠡᠨ ﹇2018﹈ 7 ᠳ᠋ᠤᠭᠠᠷ ᠲᠤᠭᠠᠲᠦ︶ ᠶᠢᠨ ᠱᠠᠭᠠᠷᠳᠠᠯᠭ᠎ᠠ ᠶᠤᠰᠤᠭᠠᠷ ᠂ ᠮᠠᠨ ᠤ ᠬᠤᠰᠢᠭᠤ 2018 ᠤᠨ ᠤ ᠴᠠᠭᠠᠨ‌‍ᠰᠠᠷ᠎ᠡ ᠶᠢᠨ ᠬᠤᠭᠤᠴᠠᠭᠠᠨ ᠳᠤ ᠲᠦᠳᠡᠭ ᠭᠠᠯ ᠨᠤᠴᠤᠭᠠᠬᠤ ᠶᠢ ᠬᠢᠵᠠᠭᠠᠷᠯᠠᠬᠤ ᠪᠡ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠲᠤᠬᠠᠢ ᠬᠠᠮᠢᠶ᠎ᠡ ᠪᠦᠭᠦᠢ ᠲᠤᠭᠳᠠᠭᠠᠯ ᠢ ᠲᠤᠤᠷᠡᠬᠢ ᠮᠡᠲᠦ ᠮᠡᠳᠡᠭᠡᠯᠡᠪᠡ᠃     ᠨᠢᠭᠡ᠂ ᠫᠤᠤᠵᠢᠩ ᠲᠠᠯᠪᠢᠬᠤ ᠤᠷᠤᠨ ᠪᠦᠰᠡ ᠶᠢ ᠬᠢᠵᠠᠭᠠᠷᠯᠠᠬᠤ      ︵ᠨᠢᠭᠡ︶᠂ ᠫᠤᠤᠵᠢᠩ ᠲᠠᠯᠪᠢᠬᠤ ᠶᠢ ᠴᠠᠭᠠᠵᠠᠯᠠᠬᠤ ᠤᠷᠤᠨ      1.ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠢ ᠶᠢᠨ ᠬᠠᠮᠠᠭᠠᠯᠠᠯᠲᠠ ᠵᠢᠨ‌ᠤᠷᠤᠨ      2.ᠲᠦᠷᠦ ᠶᠢᠨ ᠪᠠᠶᠢᠭᠤᠯᠭ᠎ᠠ ᠨᠢᠭᠡᠴᠡ᠂ ᠰᠤᠷᠭᠠᠭᠤᠯᠢ᠂ ᠡᠮᠨᠡᠯᠭᠡ ᠶᠢᠨ ᠬᠤᠷᠢᠶ᠎ᠡ᠂ ᠨᠤᠮ ᠤᠨ ᠰᠠᠩ᠂ ᠮᠦᠽᠧᠢ᠂ ᠨᠠᠰᠤᠲᠠᠳ ᠢ ᠠᠰᠠᠷᠠᠬᠤ ᠬᠦᠷᠢᠶᠠᠯᠡᠩ ᠵᠠᠷᠭᠡ ᠬᠦᠮᠦᠨ ᠤᠯᠠᠨ ᠲᠦᠪᠯᠡᠷᠡᠭᠰᠡᠨ ᠭᠠᠵᠠᠷ      3.ᠰᠢᠲᠠᠮᠠᠬᠠᠶ ᠳᠡᠯᠪᠡᠷᠡᠬᠦ ᠴᠢᠨᠠᠷᠲᠠᠢ ᠠᠶᠦᠯᠳᠦ ᠪᠣᠳᠠᠰ ᠢ ᠦᠢᠯᠡᠳᠪᠦᠷᠢᠯᠡᠵᠦ᠂ ᠬᠠᠳᠠᠭᠠᠯᠠᠬᠤ ᠭᠠᠵᠠᠷ ᠵᠢᠴᠢ ᠲᠡᠭᠦᠨ ᠤ ᠡᠷᠬᠢᠨ ᠲᠣᠭᠤᠷᠢᠨ ᠤ ᠵᠠᠭᠤᠨ ᠮᠧᠲᠷ ᠤᠨ ᠬᠡᠪᠴᠢᠶᠡᠨ ᠤ ᠤᠷᠤᠨ      4.ᠴᠠᠬᠢᠯᠭᠠᠨ ᠬᠦᠷᠬᠡᠵᠤ ᠬᠦᠴᠦᠳᠡᠯ ᠥᠭᠡᠷᠡᠴᠢᠯᠡᠬᠦ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠵᠢᠨ‌ᠤᠷᠤᠨ      5.ᠦᠵᠡᠮᠵᠢ ᠶᠢᠨ ᠤᠷᠤᠨ ᠪᠡ ᠲᠡᠯ᠎ᠡ ᠨᠤᠳᠤᠭ᠂ ᠵᠦᠯᠭᠡ᠂ ᠵᠤᠯᠵᠠᠭ᠎ᠠ‌ᠮᠤᠳᠤᠨ ᠤ ᠬᠦᠷᠢᠶᠠᠯᠡᠩ ᠵᠠᠷᠭᠡ ᠭᠤᠤᠯᠲᠠᠯᠭᠠᠲᠦ ᠭᠠᠯ ᠰᠡᠷᠭᠡᠶᠢᠯᠡᠯᠲᠡ ᠶᠢᠨ ᠤᠷᠤᠨ      6.ᠨᠢᠰᠭᠡᠯ ᠤᠨ ᠪᠠᠭᠤᠲᠡᠯ᠂ ᠭᠠᠯᠲᠦ ᠲᠡᠷᠭᠡᠨ ᠦᠷᠲᠡᠭᠡ᠂ ᠬᠤᠯᠡ ᠵᠠᠮ ᠤ ᠠᠶᠠᠨᠴᠢᠳ ᠤᠨ ᠲᠡᠷᠭᠡᠨ ᠦᠷᠲᠡᠭᠡ ᠵᠠᠷᠭᠡ ᠵᠠᠮ  ᠬᠠᠷᠢᠯᠴᠠᠭᠠᠨ ᠤ ᠵᠠᠩᠭᠢᠯᠭ᠎ᠠ᠂ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠡ ᠶᠢᠨ ᠤᠷᠤᠨ      7.ᠬᠠᠮᠢᠶ᠎ᠡ ᠪᠦᠭᠦᠢ ᠲᠣᠭᠲᠠᠭᠠᠯ ᠶᠣᠰᠣᠭᠠᠷ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠭᠰᠠᠨ ᠪᠤᠰᠤᠳ ᠭᠠᠵᠠᠷ ᠣᠷᠣᠨ  ᠃      ︵ᠬᠤᠶᠠᠷ︶ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠣᠷᠣᠨ ᠪᠦᠰᠡ      ᠪᠦᠭᠦ ᠬᠤᠰᠢᠭᠤᠨ‌‍ᠤ ᠪᠤᠰᠤᠳ‌ᠣᠷᠣᠨ ᠪᠦᠰᠡ ᠳᠤ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠬᠡᠷᠡᠭᠲᠡᠶ᠂ ᠢᠯᠠᠩᠭᠤᠶ᠎ᠠ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠬᠡᠪᠴᠢᠶᠡᠨ ᠳᠣᠲᠣᠷ᠎ᠠ ᠬᠤᠸᠠᠷ ᠫᠤᠤᠵᠢᠩ ᠲᠠᠯᠪᠢᠬᠤ ᠶᠢ ᠢᠯᠡᠳᠲᠡ ᠪᠠᠭᠠᠰᠬᠠᠬᠤ ᠬᠡᠷᠡᠭᠲᠡᠶ᠃      ᠬᠤᠶᠠᠷ᠂ ᠲᠦᠳᠡᠭ ᠭᠠᠯ ᠨᠤᠴᠤᠭᠠᠬᠤ ᠶᠢ ᠬᠢᠵᠠᠭᠠᠷᠯᠠᠬᠤ ᠣᠷᠣᠨ ᠪᠦᠰᠡ      ︵ᠨᠢᠭᠡ︶ ᠪᠣᠬᠢᠷᠲᠤᠯ ᠶᠡᠬᠡᠲᠡᠶ ᠳᠦᠳᠡᠭ ᠭᠠᠯ ᠨᠤᠴᠤᠭᠠᠬᠤ ᠶᠢ ᠴᠠᠭᠠᠵᠠᠯᠠᠬᠤ ᠣᠷᠣᠨ ᠳᠣᠲᠣᠷᠠᠬᠢ ᠵᠠᠮ ᠵᠢᠴᠢ ᠲᠡᠭᠦᠨ ᠤ ᠬᠤᠶᠠᠷ ᠲᠠᠯ᠎ᠠ ᠶᠢᠨ ᠤᠷᠤᠨ ᠪᠠ ᠤᠯᠠᠨ ᠨᠡᠶᠢᠲᠡ ᠶᠢᠨ ᠲᠠᠯᠠᠪᠠᠢ ᠳᠤ ᠳᠦᠳᠡᠭ ᠭᠠᠯ ᠨᠤᠴᠤᠭᠠᠬᠤ ᠶᠢ ᠴᠠᠭᠠᠵᠠᠯᠠᠨ᠎ᠠ᠃ ᠪᠤᠰᠤᠳ ᠣᠷᠣᠨ ᠪᠦᠰᠡ ᠳᠤ ᠪᠣᠬᠢᠷᠲᠤᠯ ᠶᠡᠬᠡᠲᠡᠶ ᠲᠦᠯᠡᠰᠢ ᠪᠠᠷ ᠳᠦᠳᠡᠭ ᠭᠠᠯ ᠨᠤᠴᠤᠭᠠᠬᠤ ᠶᠢ ᠴᠠᠭᠠᠵᠠᠯᠠᠨ᠎ᠠ᠃      ︵ᠬᠤᠶᠠᠷ) ᠪᠣᠬᠢᠷᠲᠤᠯ ᠶᠡᠬᠡᠲᠡᠶ ᠳᠦᠳᠡᠭ ᠭᠠᠯ ᠨᠤᠴᠤᠭᠠᠬᠤ ᠶᠢ ᠴᠠᠭᠠᠵᠠᠯᠠᠬᠤ ᠣᠷᠣᠨ‌ᠡᠴᠡ ᠭᠠᠳᠠᠨᠠᠬᠢ ᠣᠷᠣᠨ ᠪᠦᠰᠡ ᠳᠤ ᠳᠦᠳᠡᠭ ᠭᠠᠯ ᠨᠤᠴᠤᠭᠠᠬᠤ ᠦᠬᠡᠢ ᠶᠢ ᠰᠠᠨᠠᠭᠠᠴᠢᠯᠠᠨ᠎ᠠ᠃      ᠭᠤᠷᠪᠡ᠂ ᠤᠷᠴᠢᠨ ᠬᠠᠮᠠᠭᠠᠯᠠᠯᠲᠡ ᠶᠢᠨ ᠦᠵᠡᠯ ᠤᠬᠠᠮᠰᠡᠷ ᠢᠶᠠᠨ  ᠦᠨᠡᠨᠬᠦ ᠴᠢᠩᠭᠠᠳᠬᠠᠨ᠎ᠡ᠃      ᠠᠭᠠᠷ ᠮᠠᠨᠲᠡᠯ ᠤᠨ ᠴᠢᠨᠠᠷ ᠴᠢᠨᠰᠠᠭ᠎ᠠ ᠨᠢ ᠰᠠᠭᠤᠭᠠᠯᠢ ᠠᠷᠡᠳ ᠨᠢᠭᠡᠪᠦᠷᠢ ᠶᠢᠨ ᠠᠵᠦ ᠠᠮᠢᠳᠤᠷᠠᠯ ᠲᠠᠢ ᠨᠢᠬᠲᠡ ᠬᠤᠯᠪᠤᠭᠲᠠᠬᠤ ᠤᠴᠢᠷ ᠠᠴᠠ᠂ᠦᠷᠭᠡᠨ ᠤᠯᠠᠨ ᠠᠷᠡᠳ ᠲᠦᠮᠡᠨ ᠤ ᠴᠠᠭᠠᠨ ᠰᠠᠷ᠎ᠡ ᠶᠢᠨ ᠬᠤᠭᠤᠴᠠᠭᠠᠨ ᠳᠤ ᠠᠯᠢ ᠴᠢᠳᠠᠬᠤ ᠪᠠᠷ ᠡᠯᠧᠺᠲᠷᠤᠨ ᠲᠦᠳᠡᠭ ᠭᠠᠯ ᠨᠤᠴᠤᠭᠠᠬᠤ᠂ ᠡᠯᠧᠺᠲᠷᠤᠨ ᠫᠤᠤᠵᠢᠩ ᠲᠠᠯᠪᠢᠬᠤ ᠵᠠᠷᠭᠡ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ‌ᠠᠬᠤᠶ ᠶᠢ ᠬᠠᠮᠠᠭᠠᠯᠠᠬᠤ ᠠᠷᠭ᠎ᠠ ᠮᠠᠶ᠋ᠢᠭ ᠢᠶᠠᠷ ᠰᠠᠶᠢᠨ ᠰᠠᠶᠢᠬᠠᠨ ᠪᠠᠶᠠᠷ ᠪᠠᠶᠠᠰᠤᠯ ᠢᠷᠦᠭᠡᠯ ᠪᠡᠯᠭᠡᠲᠡᠯ ᠢᠶᠠᠨ ᠲᠠᠮᠵᠢᠭᠤᠯᠤᠨ ᠢᠯᠡᠳᠭᠡᠵᠦ᠂ᠳᠦᠳᠡᠭ ᠭᠠᠯ ᠨᠤᠴᠤᠭᠠᠬᠤ ᠪᠠ ᠬᠤᠸᠠᠷ ᠫᠤᠤᠵᠢᠩ ᠲᠠᠯᠪᠢᠬᠤ ᠦᠬᠡᠢ ᠪᠠᠶᠢᠬᠤ ᠶᠢ ᠰᠠᠨᠠᠭᠠᠴᠢᠯᠡᠨ᠎ᠡ᠃ ᠪᠢᠲᠡᠭᠦᠨ᠂ ᠴᠠᠭᠠᠨ ᠰᠠᠷ᠎ᠡ ᠶᠢᠨ ᠠᠷᠪᠠᠨ ᠲᠡᠪᠤᠨ ᠳᠤ ᠳᠦᠳᠡᠭ ᠭᠠᠯ ᠨᠤᠴᠤᠭᠠᠬᠤ ᠪᠠ ᠬᠤᠸᠠᠷ ᠫᠤᠤᠵᠢᠩ ᠲᠠᠯᠪᠢᠬᠤ ᠴᠠᠭ ᠢᠶᠠᠨ ᠠᠯᠢ ᠴᠢᠳᠠᠬᠤ ᠪᠠᠷ ᠪᠤᠭᠤᠨᠢᠰᠬᠠᠵᠤ᠂ ᠲᠠᠯᠪᠢᠬᠤ ᠬᠡᠮᠵᠢᠶ᠎ᠡ ᠶᠢ ᠪᠠᠭᠠᠰᠬᠠᠨ᠂ ᠬᠥᠮᠦᠨ ᠠᠮᠠ ᠲᠥᠪᠯᠡᠷᠡᠭᠰᠡᠨ‌ᠣᠷᠣᠨ ᠳᠤ ᠲᠠᠯᠪᠢᠬᠤ ᠠᠴᠠ ᠵᠠᠶᠢᠯᠠᠰᠬᠢᠨ᠎ᠠ᠃ ᠬᠡᠷᠪᠡ ᠴᠠᠭᠠᠨ ᠰᠠᠷ᠎ᠠ ᠶᠢᠨ ᠬᠤᠭᠤᠴᠠᠭᠠᠨ ᠳᠤ ᠠᠰᠢᠭ ᠦᠭᠡᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠨᠡᠶᠢᠲᠡᠯᠡᠪᠡᠯ᠂ ᠭᠤᠣᠯ ᠬᠤᠲᠠ ᠶᠢᠨ ᠲᠣᠭᠤᠷᠢᠭ ᠤᠨ ᠬᠡᠪᠴᠢᠶᠡᠨ ᠳᠣᠲᠣᠷ᠎ᠠ ᠬᠤᠸᠠᠷ ᠫᠤᠤᠵᠢᠩ ᠲᠠᠯᠪᠢᠵᠤ ᠪᠤᠯᠬᠤ ᠦᠭᠡᠢ᠃      ᠡᠯ᠎ᠡ ᠰᠤᠮᠦ ᠰᠢᠶᠠᠩ ᠪᠠᠯᠭᠠᠰᠦ ᠭᠤᠤᠯ ᠴᠤᠭᠴᠡ ᠶᠢᠨ ᠬᠠᠷᠢᠭᠤᠴᠠᠯᠭ᠎ᠠ ᠪᠠᠨ ᠪᠠᠲᠦ ᠬᠡᠷᠡᠭᠵᠢᠭᠦᠯᠵᠦ᠂ ᠡᠯ᠎ᠡ ᠰᠠᠯᠠᠭ᠎ᠠ ᠮᠦᠴᠢᠷ ᠦᠪᠡᠷ ᠦᠪᠡᠷ ᠤᠨ ᠬᠠᠷᠢᠭᠤᠴᠠᠯᠭ᠎ᠠ ᠪᠠᠨ‌ᠡᠭᠦᠷᠭᠡᠯᠡᠵᠦ ᠴᠢᠩᠭᠠᠳᠬᠠᠵᠤ᠂ ᠬᠢᠨᠠᠯᠲᠠ ᠲᠠᠯᠪᠢᠬᠤ ᠪᠠ ᠬᠠᠮᠢᠶᠠᠷᠤᠨ‌ᠡᠵᠡᠮᠳᠡᠬᠦ ᠶᠢ ᠴᠢᠩᠭᠠᠳᠬᠠᠨ᠎ᠠ᠃ ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠨᠢᠭᠡᠴᠡ᠂ ᠠᠯᠪᠡᠨ ᠠᠵᠢᠯᠲᠡᠳ ᠠᠴᠠ ᠲᠦᠷᠦᠭᠦᠯᠡᠨ᠂ ᠳᠦᠳᠡᠭ ᠭᠠᠯ ᠨᠤᠴᠤᠭᠠᠬᠤ ᠪᠠ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠬᠠᠮᠢᠶᠠᠷᠤᠯᠲᠠ ᠶᠢᠨ ᠲᠥᠷᠢᠮ ᠶᠢ ᠵᠢᠷᠤᠮᠯᠠᠨ᠂ ᠬᠡᠪ ᠵᠠᠩᠰᠢᠯ ᠢᠶᠠᠨ ᠳᠦᠭᠦᠮ ᠲᠡᠰᠢ ᠥᠭᠡᠷᠡᠴᠢᠯᠡᠵᠦ ᠪᠣᠯᠤᠨ᠎ᠠ᠃ ᠪᠦᠬᠦ ᠬᠤᠰᠢᠭᠤᠨ ᠤ ᠨᠠᠮ ᠤᠨ ᠭᠡᠰᠢᠭᠦᠨ᠂ ᠡᠪᠯᠡᠯ ᠤᠨ ᠭᠡᠰᠢᠭᠦᠨ᠂ ᠠᠯᠪᠠᠨ‌ᠠᠵᠢᠯᠲᠡᠳ ᠳᠠᠭᠤᠷᠢᠶᠠᠯ ᠪᠤᠯᠵᠦ ᠲᠠᠶᠢᠴᠢᠯᠠᠬᠤ ᠦᠢᠯᠡᠳᠦᠯ ᠦᠵᠡᠭᠦᠯᠵᠦ  ᠲᠣᠭᠲᠠᠭᠠᠯ ᠠᠴᠠ ᠵᠦᠷᠢᠴᠡᠨ ᠳᠦᠳᠡᠭ ᠭᠠᠯ ᠨᠤᠴᠤᠭᠠᠬᠤ ᠪᠠ ᠬᠤᠸᠠᠷ ᠫᠤᠤᠵᠢᠩ ᠲᠠᠯᠪᠢᠬᠤ ᠦᠬᠡᠢ᠂ ᠲᠡᠷᠭᠡᠲᠡᠬᠢ ᠠᠷᠡᠳ ᠤᠯᠠᠨ ᠢᠶᠠᠨ ᠲᠠᠶᠢᠴᠢᠯᠡᠨ ᠳᠠᠭᠠᠭᠤᠯᠵᠦ᠂ ᠲᠦᠳᠡᠭ ᠭᠠᠯ ᠨᠤᠴᠤᠭᠠᠬᠤ ᠶᠢ ᠬᠢᠵᠠᠭᠠᠷᠯᠠᠬᠤ ᠪᠡ ᠬᠤᠸᠠᠷ ᠫᠤᠤᠵᠢᠩ ᠲᠠᠯᠪᠢᠬᠤ ᠶᠢ ᠪᠠᠭᠠᠰᠬᠠᠬᠤ ᠲᠦᠷᠢᠮ ᠲᠤᠭᠳᠠᠭᠠᠯ ᠢ ᠬᠠᠮᠲᠦ ᠪᠠᠷ ᠵᠢᠷᠤᠮᠯᠠᠨ᠎ᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号