| ᠪᠦᠬᠦ ᠬᠤᠰᠢᠭᠤᠨ ᠤ ᠭᠤᠷᠪᠠᠳᠤᠭᠠᠷ ᠤᠳᠠᠭᠠᠨ ᠤ ᠭᠠᠵᠠᠷ ᠰᠢᠷᠤᠢ ᠶᠢᠨ ᠪᠠᠶᠢᠴᠠᠭᠠᠯᠳᠠ ᠶᠢᠨ ᠠᠵᠢᠯ ᠢ | ᠰᠠᠶᠢᠳᠤᠷ ᠬᠢᠬᠦ ᠳᠤᠬᠠᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨᠤ | ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠪᠠᠷᠠᠭᠤᠨ ᠠᠵᠤ ᠤᠶᠢᠯᠡᠳᠪᠤᠷᠢ ᠶᠢᠨ ᠳᠤᠭᠤᠷᠢᠭ ᠤᠨ | ᠬᠠᠮᠢᠶᠠᠷᠤᠯᠳᠠ ᠶᠢᠨ ᠵᠦᠪᠯᠡᠯ᠂ ᠬᠤᠰᠢᠭᠤᠨ ᠤ ᠬᠠᠮᠢᠶ᠎ᠠ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ᠄ | ︽ᠪᠦᠬᠦ ᠤᠯᠤᠰ ᠤᠨᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠠᠵᠢᠯ ᠢ | ᠦᠷᠨᠢᠬᠦᠯᠬᠦ ᠳᠤᠬᠠᠢ ᠳᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾᠂ ︽ᠪᠦᠬᠦ ᠤᠷᠤᠨ ᠤ ᠭᠠᠵᠠᠷ ᠰᠢᠷᠦᠢ | ᠶᠢᠨ ᠪᠠᠶᠢᠴᠠᠭᠠᠯᠳᠠ ᠶᠢᠨ ᠠᠵᠢᠯ ᠢ ᠦᠷᠨᠢᠬᠦᠯᠬᠦ ᠳᠤᠬᠠᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨᠤᠷᠳᠤᠨ ᠤ ᠮᠡᠳᠡᠭᠳᠡᠯ︾ ᠪᠤᠯᠤᠨ ︽ᠪᠦᠬᠦ ᠬᠤᠳᠠᠶᠢᠨ ᠭᠠᠵᠠᠷ ᠰᠢᠷᠦᠢ ᠶᠢᠨ | ᠪᠠᠶᠢᠴᠠᠭᠠᠯᠳᠠᠶᠢᠨᠠᠵᠢᠯ ᠢ ᠦᠷᠨᠢᠬᠦᠯᠬᠦ ᠳᠤᠬᠠᠢ ᠪᠤᠭᠤᠳᠤ ᠬᠤᠳᠠ ᠶᠢᠨ ᠠᠷᠠᠳ ᠤᠨ ᠵᠠᠰᠠᠭ ᠤᠨ ᠤᠷᠳᠤᠨ ᠤ | ᠮᠡᠳᠡᠭᠳᠡᠯ︾ ᠵᠡᠷᠬᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠪᠦᠬᠦ | ᠬᠤᠰᠢᠭᠤᠨ ᠤ ᠭᠤᠷᠪᠠᠳᠤᠭᠠᠷ ᠤᠳᠠᠭᠠᠨᠣ ᠭᠠᠵᠠᠷ ᠰᠢᠷᠤᠢ ᠶᠢᠨ ᠪᠠᠶᠢᠴᠠᠭᠠᠯᠳᠠ ᠵᠢᠨᠡᠯ᠎ᠡ ᠳᠦᠷᠦᠯ ᠤᠨᠠᠵᠢᠯ ᠢ | ᠰᠠᠶᠢᠨ ᠬᠢᠬᠦ ᠶᠢᠨ ᠲᠦᠯᠦᠭᠡ ᠳᠤᠤᠷᠠᠬᠢ ᠮᠡᠳᠡᠭᠳᠡᠯ ᠢ ᠭᠠᠷᠭᠠᠪᠠ᠄ | ᠨᠢᠬᠡ᠂ ᠪᠦᠬᠦ ᠬᠤᠰᠢᠭᠤᠨ ᠤ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠠᠵᠢᠯ | ᠤᠨ ᠴᠢᠬᠤᠯᠠ ᠤᠳᠬ᠎ᠠ ᠠᠭᠤᠯᠬ᠎ᠠ ᠶᠢ ᠪᠦᠷᠢᠨ ᠬᠦᠢᠴᠡᠳ ᠳᠠᠨᠢᠬᠤ ᠬᠡᠷᠡᠭᠳᠠᠢ᠃ | ᠭᠠᠵᠠᠷ ᠰᠢᠷᠤᠢ ᠶᠢᠨ ᠪᠠᠶᠢᠴᠠᠭᠠᠯᠳᠠᠪᠤᠯ ᠮᠠᠨ ᠤ ᠤᠯᠤᠰ ᠤᠨ ᠬᠠᠤᠯᠢ ᠪᠠᠷ ᠲᠤᠭᠳᠠᠭᠠᠭᠰᠠᠨ ᠴᠢᠬᠤᠯᠠ | ᠳᠦᠷᠢᠮ ᠳᠤᠭᠳᠠᠭᠠᠯ ᠪᠤᠯᠤᠨ᠎ᠠ᠃ ᠮᠦᠨᠴᠤ ᠭᠠᠵᠠᠷ ᠰᠢᠷᠦᠢ ᠶᠢᠨ ᠡᠬᠢ ᠪᠠᠶᠠᠯᠢᠭ ᠢ ᠪᠦᠷᠢᠨ ᠬᠦᠢᠴᠡᠳ᠂ | ᠨᠠᠷᠢᠨᠲ᠋ᠤᠳᠤᠷᠬᠠᠢ᠂ ᠪᠦᠬᠦ ᠳᠠᠯ᠎ᠠ ᠪᠠᠷ ᠪᠠᠶᠢᠴᠠᠭᠠᠬᠤ ᠠᠷᠭ᠎ᠠ ᠪᠠᠷᠢᠯ ᠪᠤᠯᠤᠨ᠎ᠠ᠃ ᠭᠤᠷᠪᠠᠳᠤᠭᠠᠷ ᠤᠳᠠᠭᠠᠨ ᠤ ᠭᠠᠵᠠᠷ | ᠰᠢᠷᠦᠢ ᠶᠢᠨ ᠪᠠᠶᠢᠴᠠᠭᠠᠯᠳᠠ ᠶᠢ ᠦᠷᠨᠢᠬᠦᠯᠬᠦ ᠪᠤᠯ ᠦᠢᠯᠡᠴᠢᠯᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ | ᠴᠢᠨᠠᠷᠳᠠᠢ ᠥᠭᠡᠷᠡᠴᠢᠯᠡᠯᠳᠡ ᠪᠠᠶᠢᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠪᠠᠶᠢᠳᠠᠯ ᠲᠠᠢ ᠵᠤᠬᠢᠴᠠᠵᠤ᠂ | ᠤᠯᠤᠰ ᠠᠷᠠᠳ ᠤᠨ ᠠᠵᠤ ᠠᠬᠤᠢ ᠶᠢᠨ ᠳᠤᠭᠳᠠᠪᠤᠷᠢᠳᠠᠢ ᠡᠷᠡᠬᠦᠯ ᠬᠦᠭᠵᠢᠯᠳᠠ ᠶᠢᠨ ᠴᠢᠬᠤᠯᠠ ᠰᠠᠭᠤᠷᠢ ᠪᠤᠯᠤᠨ᠎ᠠ᠃ | ᠳᠠᠷᠢᠶᠠᠨ ᠭᠠᠵᠠᠷ ᠤᠨ ᠳᠤᠭ᠎ᠠ ᠬᠡᠮᠵᠢᠶ᠎ᠡ᠂ ᠴᠢᠨᠠᠷ ᠴᠢᠨᠰᠠᠭ᠎ᠠ᠂ ᠠᠮᠢ ᠠᠬᠤᠢ ︽ᠭᠤᠷᠪᠠ ᠶᠢ ᠨᠢᠬᠡ ᠴᠤᠭᠴᠠᠵᠢᠭᠤᠯᠬᠤ | ︾ ᠬᠠᠮᠠᠭᠠᠯᠠᠯᠳᠠ ᠶᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠳᠦᠪᠰᠢᠨ ᠢ ᠪᠠᠳᠤᠯᠠᠨ᠂ ᠳᠠᠷᠢᠶᠠᠨ | ᠭᠠᠵᠠᠷ ᠤᠨ ᠴᠢᠨᠠᠷ ᠴᠢᠨᠰᠠᠭ᠎ᠠ ᠶᠢ ᠬᠠᠮᠠᠭᠠᠯᠠᠬᠤ ᠠᠵᠢᠯ ᠤᠨ ᠡᠬᠦᠷᠬᠡ ᠬᠠᠷᠢᠭᠤᠴᠠᠯᠭ᠎ᠠ ᠪᠠᠨ ᠪᠠᠶᠠᠯᠡᠬᠦᠯᠬᠦ ᠶᠢᠨ | ᠴᠢᠬᠤᠯᠠ ᠳᠤᠯᠭᠠᠭᠤᠷᠢ ᠪᠤᠯᠤᠨ᠎ᠠ᠃ ᠰᠢᠨ᠎ᠠ ᠬᠦᠭᠵᠢᠯᠳᠠ ᠶᠢᠨ ᠦᠵᠠᠯᠳᠠ ᠢ ᠪᠤᠢ ᠪᠤᠯᠭᠠᠨ ᠲᠤᠭᠤᠰᠢᠯᠠᠭᠤᠯᠵᠦ᠂ | ᠨᠥᠭᠡᠴᠡ ᠭᠠᠵᠠᠷ ᠰᠢᠷᠦᠢ ᠶᠢ ᠳᠠᠬᠢᠨ ᠨᠡᠬᠡᠬᠡᠨ ᠠᠰᠢᠭᠯᠠᠬᠤ ᠶᠢ ᠠᠬᠢᠭᠤᠯᠵᠤ᠂ ᠤᠯᠤᠰ ᠤᠨ ᠭᠠᠵᠠᠷ ᠰᠢᠷᠦᠢ ᠶᠢᠨ | ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠪᠡᠶᠡᠯᠡᠭᠦᠯᠬᠦ ᠴᠢᠬᠤᠯᠠ ᠪᠠᠳᠤᠯᠭ᠎ᠠ ᠮᠦᠨ᠃ ᠳᠤᠭᠳᠠᠮᠠᠯ ᠬᠦᠷᠦᠩᠬᠡ ᠶᠢᠨ | ᠨᠢᠬᠡᠳᠤᠯᠳᠠᠢ ᠳᠠᠩᠰᠠᠯᠠᠯᠳᠠ ᠶᠢ ᠬᠡᠷᠡᠭᠵᠢᠬᠦᠯᠦᠨ᠂ ᠨᠡᠶᠢᠬᠡᠮ ᠤᠨ ᠡᠶ᠎ᠡ ᠵᠤᠬᠢᠴᠠᠩᠭᠤᠢ ᠠᠮᠤᠷ ᠳᠤᠭᠳᠠᠭᠤᠨ ᠢ ᠪᠠᠳᠤᠯᠠᠨ | ᠂ ᠪᠦᠬᠦ ᠰᠡᠳᠬᠢᠯ ᠪᠦᠬᠦ ᠬᠦᠴᠦᠨ ᠢᠶᠠᠷ ᠠᠷᠠᠳ ᠳᠦᠮᠡᠨ ᠤ ᠡᠷᠬᠡ ᠠᠰᠢᠭ ᠢ ᠬᠠᠮᠠᠭᠠᠯᠠᠬᠤ ᠶᠢ ᠪᠡᠶᠡᠯᠡᠭᠦᠯᠬᠦ ᠴᠢᠬᠤᠯᠠ | ᠠᠷᠭ᠎ᠠ ᠬᠡᠮᠵᠢᠶ᠎ᠠ ᠮᠦᠨ᠃ ᠠᠮᠢ ᠠᠬᠤᠢ ᠶᠢᠨ ᠪᠤᠯᠪᠠᠰᠤᠨ ᠤ ᠪᠦᠳᠦᠴᠠ ᠶᠢᠨ ᠦᠬᠡᠷᠡᠴᠢᠯᠠᠯᠳᠠ ᠶᠢ ᠳᠦᠯᠬᠢᠨ | ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠡᠬᠦ ᠡᠷᠬᠡ ᠶᠢᠨ ᠳᠦᠷᠢᠮ ᠳᠤᠭᠳᠠᠭᠠᠯ ᠢ | ᠳᠡᠬᠦᠯᠳᠡᠷᠵᠢᠬᠦᠯᠵᠤ᠂ ᠬᠦᠮᠦᠨ ᠪᠠ ᠪᠠᠶᠢᠭᠠᠯᠠᠢ ᠶᠢᠨ ᠡᠶ᠎ᠡ ᠵᠤᠬᠢᠴᠠᠩᠭᠤᠢ ᠬᠦᠭᠵᠢᠯᠳᠠ ᠶᠢᠨ ᠰᠢᠨ᠎ᠠ ᠪᠠᠶᠢᠳᠠᠯ ᠢ ᠪᠤᠢ | ᠪᠤᠯᠭᠠᠬᠤ ᠴᠢᠬᠤᠯᠠ ᠤᠷᠢᠳᠠᠯ ᠮᠦᠨ᠃ | ᠪᠦᠬᠦ ᠬᠤᠰᠢᠭᠤᠨ ᠤ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠠᠵᠢᠯ ᠢ | ᠰᠠᠶᠢᠳᠤᠷ ᠬᠢᠵᠤ᠂ ᠪᠦᠬᠦ ᠬᠤᠰᠢᠭᠤᠨ ᠤ ᠭᠠᠵᠠᠷ ᠰᠢᠷᠦᠢ ᠶᠢᠨ ᠠᠰᠢᠭᠯᠠᠯᠳᠠ ᠶᠢᠨ ᠤᠳᠤᠬᠢ ᠪᠠᠶᠢᠳᠠᠯ ᠪᠠ ᠭᠠᠵᠠᠷ | ᠰᠢᠷᠦᠢ ᠶᠢᠨ ᠡᠬᠢ ᠪᠠᠶᠠᠯᠢᠭ ᠤᠨ ᠬᠤᠪᠢᠷᠠᠯᠳᠠ ᠶᠢᠨ ᠪᠠᠶᠢᠳᠠᠯ ᠢ ᠦᠨᠠᠨ ᠪᠠᠳᠤᠳᠠᠢ ᠠᠳᠬᠤᠬᠤ ᠨᠢ ᠮᠠᠨ ᠤ | ᠬᠤᠰᠢᠭᠤᠨ ᠤ ᠭᠠᠵᠠᠷ ᠰᠢᠷᠦᠢ ᠶᠢᠨ ᠪᠠᠶᠢᠴᠠᠭᠠᠯᠳᠠ᠂ ᠬᠠᠶᠢᠨ ᠬᠡᠮᠵᠢᠬᠦ ᠪᠤᠯᠤᠨ ᠪᠦᠷᠢᠳᠬᠡᠬᠦ ᠳᠦᠷᠢᠮ ᠳᠤᠭᠳᠠᠭᠠᠯ ᠢ | ᠤᠯᠠᠮ ᠨᠢᠬᠡ ᠠᠯᠬᠤᠮ ᠲᠡᠭᠦᠯᠳᠡᠷᠵᠢᠭᠦᠯᠵᠤ᠂ ᠦᠷ᠎ᠡ ᠪᠦᠳᠦᠮᠵᠢ ᠪᠠᠨ ᠮᠡᠳᠡᠭᠡ ᠵᠠᠩᠬᠢᠵᠢᠭᠤᠯᠤᠨ ᠬᠠᠮᠢᠶᠠᠷᠠᠬᠤ ᠪᠤᠯᠤᠨ | ᠬᠤᠪᠢᠶᠠᠯᠴᠠᠬᠤ ᠶᠢ ᠪᠡᠶᠡᠯᠡᠭᠦᠯᠦᠨ᠂ ᠠᠵᠤ ᠠᠬᠤᠢ ᠨᠡᠶᠢᠬᠡᠮ ᠤᠨ ᠬᠦᠭᠵᠢᠯᠳᠠ ᠪᠠ ᠠᠮᠢ ᠠᠬᠤᠢ ᠶᠢᠨ ᠪᠤᠯᠪᠠᠰᠤᠨ ᠤ | ᠪᠦᠳᠦᠬᠡᠨ ᠪᠠᠶᠢᠭᠤᠯᠤᠯᠳᠠ ᠶᠢᠨ ᠪᠠᠳᠤᠯᠭ᠎ᠠ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠤᠬᠤ | ᠰᠢᠳᠪᠤᠷᠢᠳᠠᠢ ᠴᠢᠨᠠᠷᠳᠠᠢ ᠢᠯᠠᠯᠳᠠ ᠤᠯᠬᠤ ᠶᠢ ᠪᠠᠶᠠᠯᠡᠬᠦᠯᠬᠦ ᠳᠤ ᠴᠢᠬᠤᠯᠠ ᠤᠳᠬ᠎ᠠ ᠠᠭᠤᠯᠭ᠎ᠠ ᠲᠠᠢ ᠶᠤᠮ᠃ ᠡᠯ᠎ᠡ | ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠪᠠᠶᠢᠭᠤᠯᠭ᠎ᠠ ᠭᠠᠵᠠᠷ ᠰᠢᠷᠦᠢ ᠶᠢᠨ ᠪᠠᠶᠢᠴᠠᠭᠠᠯᠳᠠ ᠵᠢᠨᠠᠵᠢᠯ ᠢ | ᠦᠷᠨᠢᠬᠦᠯᠬᠦ ᠴᠢᠬᠤᠯᠠᠴᠢᠨᠠᠷ ᠤᠨ ᠳᠠᠨᠢᠯᠳᠠ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠵᠤ᠂ ᠡᠬᠦᠷᠬᠡ ᠬᠠᠷᠢᠭᠤᠴᠠᠯᠭ᠎ᠠ | ᠪᠠᠨ ᠳᠤᠳᠤᠷᠬᠠᠢ ᠤᠶᠢᠯᠠᠭᠠᠵᠤ᠂ ᠬᠠᠷᠢᠯᠴᠠᠨ ᠪᠦᠯᠬᠦᠮᠳᠠᠨ᠂ ᠨᠢᠭᠳᠠ ᠬᠠᠮᠵᠢᠯᠴᠠᠵᠤ᠂ ᠳᠤᠭᠳᠠᠭᠰᠠᠨᠴᠠᠭ ᠲᠤᠨᠢ | ᠪᠠᠶᠢᠴᠠᠭᠠᠯᠳᠠ ᠶᠢᠨ ᠡᠯ᠎ᠡ ᠠᠵᠢᠯ ᠳᠦᠷᠦᠯ ᠢ ᠴᠢᠨᠠᠷᠳᠠᠢ ᠪᠦᠷᠢᠨ ᠬᠦᠢᠴᠡᠳ ᠪᠡᠶᠡᠯᠡᠬᠦᠯᠵᠤ᠂ ᠮᠠᠨ ᠤ ᠬᠤᠰᠢᠭᠤᠨ ᠤ | ᠠᠵᠤ ᠠᠬᠤᠢ ᠨᠡᠶᠢᠬᠡᠮ ᠤᠨ ᠬᠦᠭᠵᠢᠯᠳᠠ ᠳᠤ ᠪᠦᠷᠢᠨ ᠬᠦᠢᠴᠡᠳ᠂ ᠨᠠᠷᠢᠨ ᠪᠠᠳᠤᠳᠠᠢ ᠭᠠᠵᠠᠷ ᠰᠢᠷᠦᠢ ᠶᠢᠨ | ᠬᠠᠮᠢᠶᠠᠷᠤᠯᠳᠠ ᠶᠢᠨ ᠦᠨᠳᠤᠰᠤᠨ ᠳᠤᠭ᠎ᠠ ᠪᠠᠷᠢᠮᠳᠠ ᠶᠢ ᠬᠠᠩᠭᠠᠬᠤ ᠬᠡᠷᠡᠭᠳᠠᠢ᠃ | ᠬᠤᠶᠠᠷ᠂ ᠪᠠᠶᠢᠴᠠᠭᠠᠬᠤ ᠵᠦᠢᠯ ᠪᠤᠯᠤᠨ ᠠᠭᠤᠯᠭ᠎ᠠ | ᠪᠦᠬᠦ ᠬᠤᠰᠢᠭᠤᠨᠣ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠵᠦᠢᠯ ᠪᠤᠯ ᠮᠠᠨ | ᠤ ᠬᠤᠰᠢᠭᠤᠨ ᠤ ᠵᠠᠰᠠᠭ ᠵᠠᠬᠢᠷᠭᠠᠨ ᠤ ᠬᠦᠷᠢᠶ᠎ᠠ ᠬᠡᠪᠴᠢᠶᠠᠨ ᠤ ᠬᠠᠭᠤᠷᠠᠢ ᠭᠠᠵᠠᠷ ᠳᠠᠬᠢ ᠤᠯᠤᠰ ᠤᠨ ᠭᠠᠵᠠᠷ | ᠰᠢᠷᠦᠢ ᠪᠤᠯᠤᠨ᠎ᠠ᠃ ᠪᠠᠶᠢᠴᠠᠭᠠᠬᠤ ᠠᠭᠤᠯᠭ᠎ᠠ ᠪᠤᠯ᠄ ᠪᠦᠬᠦ ᠬᠤᠰᠢᠭᠤᠨ ᠤ ᠭᠠᠵᠠᠷ ᠰᠢᠷᠦᠢ ᠶᠢᠨ ᠠᠰᠢᠭᠯᠠᠯᠳᠠ ᠶᠢᠨ | ᠤᠳᠤᠬᠢ ᠪᠠᠶᠢᠳᠠᠯ ᠪᠠ ᠬᠤᠪᠢᠷᠠᠯᠳᠠ ᠶᠢᠨ ᠪᠠᠶᠢᠳᠠᠯ᠂ ᠳᠠᠷᠤᠢ ᠳᠦᠷᠦᠯ ᠵᠦᠢᠯ᠂ ᠪᠠᠶᠢᠷᠢᠰᠢᠯ᠂ ᠬᠡᠪᠴᠢᠶ᠎ᠠ᠂ ᠳᠠᠷᠬᠠᠯᠳᠠ | ᠵᠡᠷᠬᠡ ᠪᠠᠭᠳᠠᠨ᠎ᠠ᠃ ᠭᠠᠵᠠᠷ ᠰᠢᠷᠦᠢ ᠶᠢᠨ ᠬᠠᠷᠢᠶᠠᠯᠠᠭᠳᠠᠬᠤ ᠡᠷᠬᠡ ᠵᠢᠴᠢ ᠬᠤᠪᠢᠷᠠᠯᠳᠠ ᠤᠨ ᠪᠠᠶᠢᠳᠠᠯ᠂ ᠳᠠᠷᠤᠢ ᠭᠠᠵᠠᠷ | ᠰᠢᠷᠦᠢ ᠶᠢᠨ ᠦᠮᠴᠢᠯᠡᠬᠦ ᠡᠷᠬᠡ ᠪᠤᠯᠤᠨ ᠬᠡᠷᠡᠭᠯᠡᠬᠦ ᠡᠷᠬᠡ ᠶᠢᠨ ᠪᠠᠶᠢᠳᠠᠯ ᠵᠡᠷᠬᠡ ᠪᠠᠭᠳᠠᠨ᠎ᠠ᠃ ᠭᠠᠵᠠᠷ ᠰᠢᠷᠦᠢ ᠶᠢᠨ | ᠨᠦᠬᠦᠴᠡᠯ᠂ ᠳᠠᠷᠤᠢ ᠪᠠᠶᠢᠭᠠᠯᠠᠢ ᠶᠢᠨ ᠨᠦᠬᠦᠴᠡᠯ᠂ ᠨᠠᠶᠢᠬᠡᠮ ᠠᠵᠤ ᠠᠬᠤᠢ ᠶᠢᠨ ᠨᠦᠬᠦᠴᠡᠯ ᠤᠨ ᠪᠠᠶᠢᠳᠠᠯ ᠵᠡᠷᠬᠡ | ᠪᠠᠭᠳᠠᠨ᠎ᠠ᠃ ᠭᠠᠵᠠᠷ ᠰᠢᠷᠦᠢ ᠶᠢᠨ ᠠᠰᠢᠭᠯᠠᠯᠳᠠ ᠶᠢᠨ ᠤᠳᠤᠬᠢ ᠪᠠᠶᠢᠳᠠᠯ ᠵᠢᠴᠢ ᠬᠤᠪᠢᠷᠠᠯᠳᠠ ᠶᠢ ᠪᠠᠶᠢᠴᠠᠭᠠᠬᠤ | ᠦᠶᠡᠰ᠂ ᠦᠷᠭᠦᠯᠢᠯᠡᠭᠦᠶᠢᠴᠡ ᠴᠢᠨᠠᠷᠳᠠᠢ ᠦᠨᠳᠤᠰᠤᠨ ᠳᠠᠷᠢᠶᠠᠨ ᠭᠠᠵᠠᠷ ᠤᠨ ᠤᠳᠤᠬᠢ ᠪᠠᠶᠢᠳᠠᠯ ᠵᠢᠴᠢ ᠬᠤᠪᠢᠷᠠᠯᠳᠠ | ᠶᠢᠨ ᠪᠠᠶᠢᠳᠠᠯ ᠢ ᠭᠤᠤᠯ ᠪᠠᠶᠢᠴᠠᠭᠠᠨ᠎ᠠ᠃ ᠳᠠᠷᠤᠢ ᠳᠤᠭ᠎ᠠ ᠬᠡᠮᠵᠢᠶ᠎ᠠ᠂ ᠳᠠᠷᠬᠠᠯᠳᠠ ᠪᠤᠯᠤᠨ ᠬᠠᠮᠠᠭᠠᠯᠠᠯᠳᠠ ᠶᠢᠨ | ᠪᠠᠶᠢᠳᠠᠯ ᠵᠡᠷᠬᠡ ᠪᠠᠭᠳᠠᠨ᠎ᠠ᠃ | ᠭᠤᠷᠪᠠ᠂ ᠪᠠᠶᠢᠴᠠᠭᠠᠯᠳᠠ ᠶᠢᠨ ᠠᠬᠢᠴᠠ ᠶᠢᠨ ᠳᠤᠬᠢᠷᠠᠭᠤᠯᠤᠯᠳᠠ | ᠪᠦᠬᠦ ᠬᠤᠰᠢᠭᠤᠨ ᠤ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠨᠢ 2019 ᠤᠨ ᠤ | 12 ᠰᠠᠷ᠎ᠠ ᠶᠢᠨ 31 ᠤ ᠡᠳᠤᠷ ᠢᠶᠠᠷ ᠪᠠᠷᠢᠮᠵᠢᠶ᠎ᠠ ᠴᠠᠭ ᠪᠤᠯᠭᠠᠨ᠎ᠠ᠃ | 2018 ᠤᠨ ᠤ 1—4 ᠰᠠᠷ᠎ᠠ ᠳᠤ᠂ ᠪᠡᠯᠡᠳᠬᠡᠯ ᠠᠵᠢᠯ ᠢᠶᠠᠨ ᠦᠷᠨᠢᠬᠦᠯᠵᠤ᠂ ᠪᠠᠶᠢᠴᠠᠭᠠᠯᠳᠠ ᠶᠢᠨ | ᠳᠦᠯᠦᠪᠯᠯᠡᠭᠡ ᠪᠠᠨ ᠳᠤᠭᠤᠷᠪᠢᠵᠤ᠂ ᠵᠠᠷᠤᠳᠠᠯ ᠮᠦᠩᠬᠦ ᠪᠠᠨ ᠪᠡᠯᠡᠳᠬᠡᠵᠤ᠂ ᠮᠡᠷᠬᠡᠵᠢᠯ ᠤᠨ ᠪᠠᠶᠢᠭᠤᠯᠭ᠎ᠠ ᠶᠢᠨ | ᠳᠠᠭᠠᠭᠠᠴᠢᠯᠠᠯᠳᠠ ᠵᠠᠷᠯᠠᠬᠤ᠂ ᠪᠤᠯᠪᠠᠰᠤᠷᠠᠯ ᠡᠷᠬᠢᠯᠡᠬᠦ᠂ ᠤᠬᠠᠭᠤᠯᠬᠤ ᠵᠡᠷᠬᠡ ᠠᠵᠢᠯ ᠢ ᠪᠡᠶᠡᠯᠡᠬᠦᠯᠦᠨ᠎ᠡ᠃ | 2018ᠤᠨ ᠤ 5—6 ᠰᠠᠷ᠎ᠠ ᠳᠤ᠂ ᠳᠤᠬᠠᠢ ᠶᠢᠨ ᠭᠠᠵᠠᠷ ᠲᠤ ᠪᠠᠶᠢᠴᠠᠭᠠᠯᠳᠠ ᠬᠢᠬᠦ ᠶᠢ ᠵᠤᠬᠢᠶᠠᠨ | ᠪᠠᠶᠢᠭᠤᠯᠬᠤ ᠪᠠ ᠦᠷᠨᠢᠬᠦᠯᠵᠤ᠂ ᠳᠤᠭ᠎ᠠ ᠪᠠᠷᠢᠮᠳᠠ ᠶᠢᠨ ᠬᠦᠮᠦᠷᠬᠡ ᠶᠢ ᠪᠠᠶᠢᠭᠤᠯᠤᠨ᠎ᠠ᠃ | 2019 ᠤᠨ ᠤ ᠳᠤᠤᠷᠠᠳᠤ ᠬᠠᠭᠠᠰ ᠵᠢᠯ ᠳᠤ᠂ ᠪᠠᠶᠢᠴᠠᠭᠠᠯᠳᠠ ᠶᠢᠨ ᠦᠷ᠎ᠡ ᠳ᠋ᠦᠩ ᠢᠶᠠᠨ ᠳᠢᠭᠯᠡᠵᠤ | ᠡᠮᠬᠢᠳᠬᠡᠨ᠂ ᠳᠤᠭ᠎ᠠ ᠪᠠᠷᠢᠮᠳᠠ ᠪᠠᠨ ᠰᠢᠨᠡᠳᠬᠡᠨ᠂ ᠪᠦᠷᠢᠳᠬᠡᠯ ᠬᠢᠨ᠎ᠠ᠃ | 2020 ᠤᠨ ᠳᠤ᠂ ᠪᠦᠬᠦ ᠬᠤᠰᠢᠭᠤᠨ ᠤ ᠪᠠᠶᠢᠴᠠᠭᠠᠯᠳᠠ ᠶᠢᠨ ᠳᠤᠭ᠎ᠠ ᠪᠠᠷᠢᠮᠳᠠ ᠶᠢᠨ ᠬᠦᠮᠦᠷᠬᠡ ᠪᠤᠯᠤᠨ | ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ ᠪᠠᠶᠢᠴᠠᠭᠠᠯᠳᠠ ᠶᠢᠨ ᠠᠵᠢᠯ ᠤᠨ ᠦᠷ᠎ᠡ ᠳ᠋ᠦᠩ ᠢᠶᠠᠨ ᠰᠢᠯᠭᠠᠨ | ᠬᠤᠷᠢᠶᠠᠵᠤ᠂ ᠠᠵᠢᠯ ᠤᠨ ᠳ᠋ᠦᠩᠨᠡᠯᠳᠠ ᠪᠤᠯᠤᠨ ᠦᠷ᠎ᠡ ᠳ᠋ᠦᠩ ᠢᠶᠠᠨ ᠨᠡᠶᠢᠳᠠᠯᠠᠨ᠎ᠠ᠃ | ᠪᠤᠳᠠᠳᠠᠢ ᠴᠠᠭ ᠤᠨ ᠳᠤᠬᠢᠷᠠᠭᠤᠯᠤᠯᠳᠠ ᠶᠢ ᠦᠪᠡᠷᠳᠡᠬᠡᠨ ᠵᠠᠰᠠᠬᠤ ᠤᠷᠤᠨ᠂ ᠪᠤᠭᠤᠳᠤ ᠬᠤᠲᠡ ᠶᠢᠨ ᠠᠵᠢᠯ | ᠤᠨ ᠳᠦᠯᠦᠪᠯᠯᠡᠭᠡ ᠪᠤᠯᠤᠨ ᠱᠠᠭᠠᠷᠳᠠᠯᠭ᠎ᠠ ᠶᠢ ᠦᠨᠳᠤᠰᠤᠯᠠᠨ ᠳᠤᠬᠢᠷᠠᠭᠤᠯᠭ᠎ᠠ ᠬᠢᠬᠦ ᠪᠠ ᠬᠤᠭᠤᠴᠠᠭ᠎ᠠ ᠬᠤᠪᠢᠶᠠᠨ | ᠬᠦᠢᠴᠡᠳᠬᠡᠨ᠎ᠡ᠃ | ᠳᠦᠷᠪᠡ᠂ ᠪᠠᠶᠢᠴᠠᠭᠠᠯᠳᠠ ᠶᠢᠨ ᠵᠤᠬᠢᠶᠠᠨ ᠪᠠᠶᠢᠭᠤᠯᠤᠯᠳᠠ ᠶᠢᠨ ᠬᠡᠷᠡᠭᠵᠢᠬᠦᠯᠦᠯᠳᠠ | ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠬᠠᠮᠤᠷᠠᠬᠤ ᠬᠦᠷᠢᠶ᠎ᠠ ᠬᠡᠪᠴᠢᠶ᠎ᠠ | ᠦᠷᠬᠡᠨ᠂ ᠤᠷᠤᠯᠴᠠᠬᠤ ᠪᠠᠶᠢᠭᠤᠯᠭ᠎ᠠ ᠨᠢᠭᠡᠴᠡ ᠤᠯᠠᠨ᠂ ᠠᠵᠢᠯ ᠤᠨ ᠡᠬᠦᠷᠬᠡ ᠬᠦᠨᠳᠤ᠂ ᠮᠡᠷᠬᠡᠵᠢᠯ ᠤᠨ ᠱᠠᠭᠠᠷᠳᠠᠯᠭ᠎ᠠ | ᠦᠨᠳᠤᠷ᠃ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠪᠠᠶᠢᠭᠤᠯᠭ᠎ᠠ᠂ ︽ᠵᠠᠰᠠᠭ ᠤᠨ ᠤᠷᠳᠤᠨ ᠠᠴᠠ | ᠨᠢᠬᠡᠳᠤᠯᠳᠠᠢ ᠤᠳᠤᠷᠢᠳᠤᠨ᠂ ᠪᠠᠶᠢᠭᠤᠯᠭ᠎ᠠ ᠨᠤᠭᠤᠳ ᠠᠵᠢᠯ ᠬᠤᠪᠢᠶᠠᠨ ᠬᠠᠷᠢᠯᠴᠠᠨ ᠬᠠᠮᠵᠢᠯᠴᠠᠵᠤ᠂ ᠬᠠᠮᠳᠤ ᠪᠠᠷ | ᠤᠷᠤᠯᠴᠠᠬᠤ︾ ᠦᠨᠳᠤᠰᠤᠨ ᠵᠠᠷᠴᠢᠮ ᠶᠤᠰᠤᠭᠠᠷ ᠪᠠᠶᠢᠴᠠᠭᠠᠯᠳᠠ ᠬᠢᠨ᠎ᠠ᠃ ︽ᠭᠠᠵᠠᠷ ᠰᠢᠷᠦᠢ ᠶᠢᠨ ᠪᠠᠶᠢᠴᠠᠭᠠᠯᠳᠠ | ᠶᠢᠨ ᠳᠦᠷᠢᠮ︾ ᠤᠨ ᠳᠤᠮᠳᠠᠬᠢ ︿ᠰᠢᠶᠠᠨ ᠤ ᠳᠡᠰ ᠠᠴᠠ ᠳᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ | ᠤᠨ ᠤᠷᠳᠤᠨ ᠵᠠᠰᠠᠭ ᠵᠠᠬᠢᠷᠭᠠᠨ ᠤ ᠬᠦᠢᠷᠶᠠ ᠬᠡᠪᠴᠢᠶ᠎ᠠ ᠳᠠᠬᠢ ᠭᠠᠵᠠᠷ ᠰᠢᠷᠦᠢ ᠶᠢᠨ ᠪᠠᠶᠢᠴᠠᠭᠠᠯᠳᠠ ᠶᠢᠨ ᠴᠢᠨᠠᠷ | ᠴᠢᠨᠰᠠᠭ᠎ᠠ ᠦᠷ᠎ᠡ ᠳ᠋ᠦᠩ ᠳᠤ ᠪᠦᠬᠦ ᠬᠠᠷᠢᠭᠤᠴᠠᠯᠭ᠎ᠠ ᠡᠭᠦᠷᠭᠡᠯᠡᠵᠤ᠂ ᠭᠤᠤᠯᠯᠠᠨ ᠬᠠᠷᠢᠭᠤᠴᠠᠬᠤ ᠬᠦᠮᠦᠨ ᠪᠤᠯ | ᠨᠢᠬᠡᠳᠤᠬᠡᠷ ᠬᠠᠷᠢᠭᠤᠴᠠᠯᠭᠠᠳᠠᠨ﹀ ᠳᠦᠷᠢᠮ ᠢ ᠦᠨᠳᠤᠰᠤᠯᠡᠨ᠂ ᠳᠤᠰ ᠤᠳᠠᠭᠠᠨ ᠤ ᠪᠠᠶᠢᠴᠠᠭᠠᠯᠳᠠ ᠶᠢ ᠬᠤᠰᠢᠭᠤ ᠪᠠᠷ | ᠨᠢᠬᠡᠴᠠ ᠪᠤᠯᠭᠠᠨ ᠵᠤᠬᠢᠶᠠᠨ ᠪᠠᠶᠢᠭᠤᠯᠵᠤ ᠦᠷᠨᠢᠬᠦᠯᠦᠨ᠎ᠠ᠃ | ︵ᠨᠢᠬᠡ︶ ᠪᠠᠶᠢᠴᠠᠭᠠᠯᠳᠠ ᠶᠢᠨ ᠪᠠᠶᠢᠭᠤᠯᠤᠮᠵᠢ ᠪᠠᠶᠢᠭᠤᠯᠤᠨ᠎ᠠ᠃ | ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠳᠦᠯᠦᠬᠡ᠂ ᠬᠤᠰᠢᠭᠤᠨ ᠤ ᠠᠷᠠᠳ | ᠤᠨ ᠵᠠᠰᠠᠭ ᠤᠨ ᠤᠷᠳᠤᠨᠡᠴᠠ ᠪᠦᠬᠦ ᠬᠤᠰᠢᠭᠤᠨ ᠤ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ | ᠪᠠᠶᠢᠴᠠᠭᠠᠯᠳᠠ ᠶᠢᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠬᠤ ᠪᠠᠷ ᠲᠤᠭᠳᠠᠵᠤ᠂ ᠪᠠᠶᠢᠴᠠᠭᠠᠯᠳᠠ ᠶᠢᠨ ᠠᠵᠢᠯ | ᠳᠤᠮᠳᠠᠬᠢ ᠬᠦᠨᠳᠤ ᠴᠢᠬᠤᠯᠠ ᠠᠰᠠᠭᠤᠳᠠᠯ ᠢ ᠤᠳᠤᠷᠢᠳᠬᠤ ᠪᠠ ᠳᠤᠬᠢᠷᠠᠭᠤᠯᠤᠨ᠎ᠠ᠃ ᠤᠳᠤᠷᠢᠳᠬᠤ ᠪᠠᠭ᠎ᠠ | ᠳᠤᠭᠤᠶᠢᠯᠠᠩ ᠤᠨᠠᠯᠪᠠᠨ ᠬᠡᠷ ᠢ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠳᠤᠪᠴᠢᠶᠠᠨ ᠳᠤ ᠳᠤᠬᠢᠷᠠᠭᠤᠯᠵᠤ᠂ | ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠬᠤ ᠪᠠ ᠵᠤᠬᠢᠴᠠᠭᠤᠯᠬᠤ ᠠᠵᠢᠯ ᠢ ᠪᠤᠳᠠᠳᠠᠢ ᠬᠠᠷᠢᠭᠤᠴᠠᠨ᠂ ᠬᠢᠨᠠᠨ | ᠪᠠᠶᠢᠴᠠᠭᠠᠬᠤ ᠵᠢᠴᠢ ᠦᠷ᠎ᠡ ᠪᠦᠳᠦᠮᠵᠢ ᠪᠠᠨ ᠬᠤᠪᠢᠶᠠᠯᠴᠠᠬᠤ ᠠᠵᠢᠯ ᠢ ᠡᠭᠦᠷᠭᠡᠯᠡᠨ᠎ᠡ᠃ | ᠬᠤᠰᠢᠭᠤᠨ ᠤ ᠬᠥᠭᠵᠢᠯᠳᠡ ᠦᠬᠡᠷᠡᠴᠢᠯᠠᠯᠳᠠ ᠶᠢᠨ ᠳᠤᠪᠴᠢᠶ᠎ᠠ᠂ ᠡᠳ᠋ ᠤᠨ ᠵᠠᠰᠠᠭ ᠤᠨ ᠳᠤᠪᠴᠢᠶ᠎ᠠ ᠠᠴᠠ | ᠵᠠᠷᠤᠳᠠᠯ ᠮᠦᠩᠬᠦ᠂ ᠡᠳ᠋ ᠪᠤᠳᠠᠰ ᠤᠨ ᠪᠠᠳᠤᠯᠠᠭ᠎ᠠ ᠶᠢᠨ ᠳᠠᠯ᠎ᠠ ᠳᠤ ᠬᠤᠯᠪᠤᠭᠳᠠᠬᠤ ᠠᠵᠢᠯ ᠢ ᠬᠠᠷᠢᠭᠤᠴᠠᠨ᠎ᠠ᠃ | ᠬᠤᠰᠢᠭᠤᠨ ᠤ ᠠᠷᠠᠳ ᠤᠨ ᠶᠠᠪᠤᠳᠠᠯ ᠤᠨ ᠳᠤᠪᠴᠢᠶ᠎ᠠ ᠠᠴᠠ ᠵᠠᠰᠠᠭ ᠵᠠᠬᠢᠷᠭᠠᠨ ᠤ ᠬᠦᠷᠢᠶ᠎ᠠ ᠬᠡᠪᠴᠢᠶᠠᠨ ᠤ ᠵᠠᠭᠠᠭ | ᠤᠨ ᠳᠤᠬᠠᠢ ᠠᠵᠢᠯ ᠢ ᠬᠠᠷᠢᠭᠤᠴᠠᠨ ᠵᠤᠬᠢᠴᠠᠭᠤᠯᠤᠨ᠎ᠠ᠃ ᠬᠤᠰᠢᠭᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ | ᠳᠤᠪᠴᠢᠶ᠎ᠠ᠂ ᠤᠷᠤᠨ ᠰᠠᠭᠤᠴᠠ ᠪᠤᠯᠤᠨ ᠪᠦᠳᠦᠬᠡᠨ ᠪᠠᠶᠢᠭᠤᠯᠤᠯᠳᠠ ᠶᠢᠨ ᠳᠤᠪᠴᠢᠶ᠎ᠠ᠂ ᠤᠰᠤᠨ ᠤ ᠶᠠᠪᠤᠳᠠᠯ ᠤᠨ | ᠳᠤᠪᠴᠢᠶ᠎ᠠ᠂ ᠳᠠᠷᠢᠶᠠᠯᠠᠩ ᠮᠠᠯ ᠠᠵᠤ ᠠᠬᠤᠢ ᠶᠢᠨ ᠳᠤᠪᠴᠢᠶ᠎ᠠ᠂ ᠤᠢ ᠰᠢᠭᠤᠢ ᠶᠢᠨ ᠳᠤᠪᠴᠢᠶ᠎ᠠ᠂ ᠵᠠᠮ ᠳᠡᠬᠡᠬᠡᠪᠤᠷᠢ | ᠶᠢᠨ ᠳᠤᠪᠴᠢᠶ᠎ᠠ ᠵᠡᠷᠬᠡ ᠬᠠᠮᠢᠶ᠎ᠠ ᠪᠦᠬᠦᠢ ᠪᠠᠶᠢᠭᠤᠯᠭ᠎ᠠ ᠦᠪᠡᠷ ᠤᠨ ᠠᠵᠢᠯ ᠡᠬᠦᠷᠬᠡ ᠪᠠᠨ ᠦᠨᠳᠤᠰᠤᠯᠠᠨᠠᠵᠢᠯ | ᠬᠤᠪᠢᠶᠠᠨ᠎ᠠ᠃ ᠳᠤᠬᠠᠶᠢᠯᠠᠪᠠᠯ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠠᠵᠢᠯ ᠳᠤ | ᠬᠡᠷᠡᠭᠴᠡᠭᠡᠳᠠᠢ ᠡᠯ᠎ᠡ ᠵᠦᠢᠯ ᠤᠨ ᠦᠨᠳᠤᠰᠤᠨ ᠪᠢᠴᠢᠭ ᠮᠠᠸ᠋ᠲᠷᠢᠶᠠᠯ᠂ ᠳᠤᠭ᠎ᠠ ᠪᠠᠷᠢᠮᠳᠠ ᠶᠢ ᠬᠠᠩᠭᠠᠬᠤ ᠶᠢ | ᠬᠠᠷᠢᠭᠤᠴᠠᠵᠤ᠂ ᠢᠳᠡᠪᠬᠢᠳᠠᠢ ᠪᠠᠷ ᠬᠠᠮᠵᠢᠯᠴᠠᠬᠤ ᠬᠡᠷᠡᠭᠳᠠᠢ᠃ | ︵ᠬᠤᠶᠠᠷ︶ ᠪᠠᠶᠢᠴᠠᠭᠠᠯᠳᠠ ᠶᠢᠨ ᠱᠠᠭᠠᠷᠳᠠᠯᠭ᠎ᠠ ᠶᠢ ᠴᠢᠩᠭ᠎ᠠ ᠬᠢᠨᠠᠮᠠᠭᠠᠢ ᠪᠠᠷ ᠲᠤᠭᠤᠰᠢᠯᠠᠭᠤᠯᠤᠨᠡ᠃ | 1.ᠪᠠᠶᠢᠴᠠᠭᠠᠯᠳᠠ ᠶᠢᠨ ᠠᠵᠢᠯ ᠤᠨ ᠡᠩᠨᠡᠭᠡ ᠶᠢ ᠨᠠᠷᠢᠨ ᠰᠤᠩᠭᠤᠵᠤ ᠳᠤᠬᠢᠷᠠᠭᠤᠯᠤᠨ᠎ᠠ᠃ ᠤᠯᠤᠰ ᠤᠨ | ᠭᠠᠵᠠᠷ ᠰᠢᠷᠦᠢ ᠶᠢᠨ ᠳᠤᠪᠴᠢᠶᠠᠨ ᠠᠴᠠ ᠮᠡᠷᠬᠡᠵᠢᠯ ᠤᠨ ᠪᠠᠶᠢᠭᠤᠯᠭ᠎ᠠ ᠶᠢ ᠰᠤᠩᠭᠤᠬᠤ ᠠᠵᠢᠯ ᠢ ᠴᠢᠩᠭ᠎ᠠ ᠠᠳᠬᠤᠵᠤ | ᠂ ᠠᠷᠢᠭᠤᠨ ᠴᠢᠬᠡᠴᠢ ᠪᠠᠶᠢᠬᠤ ᠶᠢ ᠴᠢᠩᠭᠠᠳᠬᠠᠨ᠂ ᠳᠦᠪ ᠭᠤᠤᠯᠴᠢ ᠪᠠᠷ ᠦᠷᠢᠰᠦᠯᠳᠤᠨ᠂ ᠵᠠᠰᠠᠭ ᠤᠨ ᠤᠷᠳᠤᠨ ᠤ | ᠢᠯᠡ ᠪᠠᠷ ᠳᠠᠭᠠᠭᠠᠯᠳᠠᠡᠯᠰᠡᠬᠦ ᠠᠷᠭ᠎ᠠ ᠪᠠᠷᠢᠯ ᠢ ᠦᠨᠳᠤᠰᠤᠯᠠᠨ ᠮᠡᠷᠬᠡᠵᠢᠯ ᠤᠨ ᠦᠢᠯᠡᠴᠢᠯᠡᠬᠡᠨ ᠤ ᠨᠢᠬᠡᠴᠠ ᠶᠢ | ᠡᠯᠰᠡᠨ᠂ ᠮᠡᠷᠬᠡᠵᠢᠯ ᠤᠨ ᠬᠦᠴᠦᠨ ᠴᠢᠩᠭ᠎ᠠ᠂ ᠳᠤᠬᠠᠶᠢᠯᠠᠭᠰᠠᠨ ᠠᠵᠢᠯ ᠤᠨ ᠳᠤᠭᠤᠷᠢᠨ ᠳᠤ ᠪᠠᠨ ᠤᠯᠠᠨ ᠤ ᠦᠨᠡᠯᠡᠯᠳᠠ | ᠰᠠᠶᠢᠨ ᠮᠡᠷᠬᠡᠵᠢᠯ ᠤᠨ ᠨᠢᠬᠡᠴᠠ ᠲᠠᠢ ᠬᠠᠮᠳᠤᠷᠠᠨ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ | ᠶᠢᠨ ᠠᠵᠢᠯ ᠢ ᠦᠷᠨᠢᠬᠦᠯᠵᠤ᠂ ᠮᠡᠷᠬᠡᠵᠢᠯ ᠤᠨ ᠨᠢᠬᠡᠴᠠ ᠶᠢ ᠰᠤᠩᠭᠤᠨ ᠡᠯᠰᠡᠬᠦ ᠶᠠᠪᠤᠴᠠ ᠶᠢ ᠳᠦᠷᠢᠮᠵᠢᠬᠦᠯᠦᠨ᠂ | ᠠᠷᠢᠭᠤᠨ ᠴᠢᠬᠡᠴᠢ ᠳᠤ ᠳᠦᠭᠰᠢᠬᠦᠷᠢ ᠤᠴᠠᠷᠠᠭᠤᠯᠬᠤ ᠠᠯᠢᠪᠠ ᠵᠦᠢᠯ ᠢ ᠡᠷᠡᠰ ᠬᠤᠷᠢᠭᠯᠠᠨ᠎ᠠ᠃ ᠳᠤᠬᠠᠢ ᠶᠢᠨ ᠭᠠᠵᠠᠷ | ᠤᠨ ᠡᠯ᠎ᠡ ᠮᠡᠷᠬᠡᠵᠢᠯ ᠴᠢᠳᠠᠪᠤᠷᠢ ᠶᠢᠨ ᠰᠠᠯᠠᠭ᠎ᠠ ᠮᠦᠴᠢᠷ ᠠᠴᠠ ᠬᠡᠪ ᠴᠢᠨᠠᠷ ᠦᠨᠳᠤᠷ᠂ ᠭᠠᠵᠠᠷ ᠰᠢᠷᠦᠢ ᠶᠢᠨ ᠪᠤᠳᠠᠳᠠᠢ | ᠪᠠᠶᠢᠳᠠᠯ ᠢ ᠪᠦᠬᠦ ᠳᠠᠯ᠎ᠠ ᠪᠠᠷ ᠰᠠᠶᠢᠨ ᠤᠶᠢᠯᠠᠭᠠᠳᠠᠭ ᠠᠵᠢᠯᠴᠢᠨ ᠢ ᠡᠯᠰᠡᠵᠤ᠂ ᠪᠠᠶᠢᠴᠠᠭᠠᠯᠳᠠ ᠶᠢᠨ ᠠᠵᠢᠯ ᠤᠨ | ᠪᠦᠬᠦᠶᠢᠯᠠ ᠶᠠᠪᠤᠴᠠ ᠳᠤ ᠤᠷᠤᠯᠴᠠᠭᠤᠯᠤᠨ᠂ ᠬᠤᠵᠢᠮ ᠤᠨ ᠪᠠᠶᠢᠴᠠᠭᠠᠯᠳᠠ ᠶᠢᠨ ᠦᠷ᠎ᠡ ᠳ᠋ᠦᠩ ᠤᠨ ᠬᠡᠷᠡᠭᠯᠡᠭᠡ᠂ | ᠰᠢᠨᠡᠳᠭᠡᠯ᠂ ᠬᠠᠮᠠᠭᠠᠯᠠᠯᠲᠡ ᠵᠡᠷᠬᠡ ᠠᠵᠢᠯ ᠳᠤ ᠴᠢᠳᠠᠪᠤᠷᠢᠳᠠᠨ ᠬᠦᠮᠦᠵᠢᠬᠦᠯᠦᠨ᠎ᠠ᠃ ᠳᠦᠷᠦᠯ ᠵᠦᠢᠯ ᠤᠨ ᠬᠢᠨᠠᠨ | ᠬᠠᠮᠢᠷᠠᠷᠤᠯᠳᠠ ᠶᠢ ᠳᠦᠯᠬᠢᠨ ᠠᠬᠢᠭᠤᠯᠵᠤ᠂ ᠭᠠᠵᠠᠷ ᠰᠢᠷᠦᠢ ᠶᠢᠨ ᠪᠠᠶᠢᠴᠠᠭᠠᠯᠳᠠ ᠶᠢᠨ ᠳᠦᠷᠦᠯ ᠵᠦᠢᠯ ᠤᠨ ᠪᠦᠬᠦᠶᠢᠯᠠ | ᠶᠠᠪᠤᠴᠠ ᠶᠢ ᠬᠢᠨᠠᠨ ᠬᠠᠮᠢᠶᠠᠷᠴᠤ᠂ ᠴᠢᠨᠠᠷ ᠴᠢᠨᠰᠠᠭᠠᠨ ᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠬᠦᠯᠦᠨ᠎ᠠ᠃ | 2. ᠪᠠᠶᠢᠴᠠᠭᠠᠯᠳᠠ ᠶᠢᠨ ᠦᠷ᠎ᠡ ᠳ᠋ᠦᠩ ᠤᠨ ᠴᠢᠨᠠᠷ ᠢ ᠴᠢᠩᠭ᠎ᠠ ᠬᠢᠨᠠᠨ᠎ᠠ᠃ ᠤᠳᠤ ᠦᠶ᠎ᠠ ᠶᠢᠨ ᠮᠡᠷᠬᠡᠵᠢᠯ | ᠤᠨ ᠠᠷᠭ᠎ᠠ ᠪᠠᠷᠢᠯ ᠢ ᠢᠳᠡᠪᠬᠢᠳᠠᠢ ᠬᠡᠷᠡᠭᠯᠡᠨ᠂ ᠪᠠᠶᠢᠴᠠᠭᠠᠯᠳᠠ ᠶᠢᠨ ᠠᠵᠢᠯ ᠤᠨ ᠪᠦᠬᠦᠶᠢᠯᠡ ᠶᠠᠪᠤᠴᠠ ᠶᠢᠨ ᠴᠢᠨᠠᠷ | ᠴᠢᠨᠰᠠᠭ᠎ᠠ ᠶᠢ ᠴᠢᠩᠭᠠᠳᠬᠠᠨ᠂ ᠡᠯ᠎ᠡ ᠭᠤᠭᠴᠤᠭᠠᠨ ᠳᠠᠬᠢ ᠬᠠᠷᠢᠭᠤᠴᠠᠯᠭᠠᠳᠠᠨ ᠢ ᠳᠤᠳᠤᠷᠬᠠᠢ ᠳᠤᠭᠳᠠᠭᠠᠨ᠂ ᠦᠷ᠎ᠡ | ᠪᠦᠳᠦᠮᠵᠢ ᠴᠢᠨᠠᠷ ᠴᠢᠨᠰᠠᠭ᠎ᠠ ᠨᠢ ᠤᠯᠤᠰ ᠤᠨ ᠪᠠᠷᠢᠮᠵᠢᠶᠠᠨ ᠳᠤ ᠨᠡᠶᠢᠴᠡᠬᠦ ᠶᠢ ᠪᠠᠳᠤᠯᠠᠬᠤ ᠬᠡᠷᠡᠭᠳᠠᠢ᠃ ᠬᠠᠮᠢᠶ᠎ᠠ | ᠪᠦᠬᠦᠢ ᠬᠠᠤᠯᠢ ᠴᠠᠭᠠᠵᠠ ᠳᠦᠷᠢᠮ ᠳᠤᠭᠳᠠᠭᠠᠯ ᠪᠤᠯᠤᠨ ᠪᠠᠶᠢᠴᠠᠭᠠᠯᠳᠠ ᠶᠢᠨ ᠪᠦᠬᠦ ᠳᠠᠯ᠎ᠠ ᠶᠢᠨ ᠳᠦᠯᠦᠪᠯᠯᠡᠭᠡ᠂ | ᠬᠡᠷᠡᠭᠵᠢᠬᠦᠯᠬᠦ ᠳᠦᠯᠦᠪᠯᠡᠯᠬᠡ᠂ ᠮᠡᠷᠬᠡᠵᠢᠯ ᠤᠨ ᠪᠠᠷᠢᠮᠵᠢᠶ᠎ᠠ ᠵᠡᠷᠬᠡ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠦᠨ᠂ | ᠬᠠᠤᠯᠢ ᠴᠠᠭᠠᠵᠠ ᠳᠦᠷᠢᠮ ᠳᠤᠭᠳᠠᠭᠠᠯ᠂ ᠪᠠᠷᠢᠮᠵᠢᠶ᠎ᠠ ᠶᠤᠰᠤᠭᠠᠷ ᠪᠠᠶᠢᠴᠠᠭᠠᠬᠤ ᠪᠠᠷ ᠬᠢᠨᠠᠨ ᠮᠠᠭᠠᠳᠯᠠᠵᠤ᠂ ᠠᠯᠢᠪᠠ | ᠰᠠᠯᠠᠭ᠎ᠠ ᠮᠦᠴᠢᠷ᠂ ᠪᠠᠶᠢᠭᠤᠯᠭ᠎ᠠ᠂ ᠬᠤᠪᠢ ᠬᠦᠮᠦᠨ ᠬᠤᠳᠠᠯ ᠮᠡᠳᠡᠬᠦᠯᠬᠦ᠂ ᠳᠤᠳᠠᠭᠤ ᠮᠡᠳᠡᠬᠦᠯᠬᠦ᠂ ᠮᠡᠳᠡᠬᠦᠯᠬᠦ ᠶᠢ | ᠡᠰᠡᠷᠬᠦᠴᠡᠬᠦ᠂ ᠤᠷᠤᠶᠢᠳᠠᠵᠤ ᠮᠡᠳᠡᠬᠦᠯᠵᠤ ᠪᠤᠯᠬᠤ ᠦᠬᠡᠢ᠃ ᠬᠤᠳᠠᠯ ᠬᠠᠭᠤᠷᠮᠠᠭ ᠪᠤᠶᠤ ᠪᠠᠶᠢᠴᠠᠭᠠᠯᠳᠠ ᠶᠢᠨ ᠳᠤᠭ᠎ᠠ | ᠪᠠᠷᠢᠮᠳᠠ ᠶᠢ ᠳᠤᠷ᠎ᠠ ᠪᠠᠷ ᠵᠠᠰᠠᠵᠤ ᠪᠤᠯᠬᠤ ᠦᠬᠡᠢ᠃ ᠪᠠᠶᠢᠴᠠᠭᠠᠯᠳᠠ ᠶᠢᠨ ᠳᠤᠭ᠎ᠠ ᠪᠠᠷᠢᠮᠳᠠ ᠶᠢᠨ ᠦᠨᠡᠨ ᠪᠤᠳᠠᠳᠠᠢ᠂ | ᠤᠨᠤᠪᠴᠢᠳᠠᠢ᠂ ᠪᠦᠷᠢᠨ ᠦ᠋ᠢᠴᠡᠳ ᠪᠠᠶᠢᠬᠤ ᠶᠢ ᠪᠠᠳᠤᠯᠠᠬᠤ ᠬᠡᠷᠡᠭᠳᠠᠢ᠃ | 3᠂ ᠪᠠᠶᠢᠴᠠᠭᠠᠯᠳᠠ ᠶᠢᠨ ᠨᠢᠭᠤᠴᠠ ᠶᠢ ᠬᠠᠮᠠᠭᠠᠯᠠᠬᠤ ᠬᠡᠷᠡᠭᠳᠠᠢ᠃ ᠪᠠᠶᠢᠴᠠᠭᠠᠯᠳᠠ ᠶᠢᠨ ᠳᠤᠮᠳᠠ | ᠤᠯᠤᠭᠰᠠᠨᠠᠯᠢᠪᠠ ᠪᠢᠴᠢᠭ ᠮᠠᠲ᠋ᠧᠷᠢᠶᠠᠯ᠂ ᠳᠤᠭ᠎ᠠ ᠪᠠᠷᠢᠮᠳᠠ ᠶᠢ ᠡᠷᠬᠡᠪᠰᠢ ᠨᠢᠭᠤᠴᠠ ᠶᠢ ᠬᠠᠮᠠᠭᠠᠯᠠᠬᠤ ᠳᠦᠷᠢᠮ | ᠳᠤᠭᠳᠠᠭᠠᠯ ᠶᠤᠰᠤᠭᠠᠷ ᠬᠠᠮᠠᠭᠠᠯᠠᠬᠤ ᠬᠡᠷᠡᠭᠳᠠᠢ᠃ | ︵ᠭᠤᠷᠪᠠ︶ ᠠᠵᠢᠯ ᠤᠨ ᠵᠠᠷᠤᠳᠠᠯ ᠮᠦᠩᠬᠦ ᠶᠢ ᠢᠳᠡᠪᠬᠢᠳᠠᠢ ᠪᠠᠷ ᠪᠡᠯᠡᠳᠬᠡᠨ ᠳᠤᠬᠢᠷᠠᠭᠤᠯᠬᠤ ᠬᠡᠷᠡᠭᠳᠠᠢ᠃ | ᠳᠤᠰᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ ᠶᠢᠨ ᠠᠵᠢᠯ ᠤᠨ ᠵᠠᠷᠤᠳᠠᠯ ᠮᠦᠩᠬᠦ ᠶᠢ ᠳᠡᠬᠡᠳᠤ | ᠱᠠᠳᠤᠨᠡᠴᠠ ᠪᠡᠯᠡ ᠮᠦᠩᠬᠦ ᠡᠷᠡᠮᠡᠯᠵᠡᠬᠦ ᠪᠠ ᠳᠤᠬᠠᠢ ᠶᠢᠨ ᠭᠠᠵᠠᠷ ᠠᠴᠠ ᠦᠪᠡᠷ ᠢᠶᠠᠨ ᠪᠡᠯᠡᠳᠬᠡᠬᠦ ᠵᠡᠷᠬᠡ ᠠᠷᠭ᠎ᠠ | ᠪᠠᠷᠢᠯ ᠢᠶᠠᠷ ᠰᠢᠢᠳᠪᠤᠷᠢᠯᠡᠨ᠎ᠡ᠃ ᠳᠤᠬᠠᠢ ᠶᠢᠨ ᠭᠠᠵᠠᠷ ᠤᠨ ᠦᠪᠡᠷ ᠢᠶᠠᠨ ᠪᠡᠯᠡᠳᠬᠡᠬᠦ ᠬᠡᠰᠡᠭ ᠨᠢ 2018 ᠤᠨ ᠠᠴᠠ | ᠡᠬᠢᠯᠡᠵᠤ᠂ ᠭᠤᠷᠪᠠᠨ ᠵᠢᠯ ᠢᠶᠠᠷ ᠬᠠᠮᠢᠶ᠎ᠠ ᠪᠦᠬᠦᠢ ᠵᠢᠯ ᠤᠨᠡᠴᠤᠰ ᠤᠨᠡᠳ᠋ ᠤᠨ ᠵᠠᠰᠠᠭ ᠤᠨ ᠳᠦᠰᠦᠯ ᠳᠤ | ᠤᠷᠤᠭᠤᠯᠤᠨ᠂ ᠭᠠᠵᠠᠷ ᠰᠢᠷᠦᠢ ᠶᠢᠨ ᠠᠰᠢᠭ ᠤᠷᠤᠯᠭ᠎ᠠ ᠠᠴᠠ ᠵᠠᠷᠤᠯᠭ᠎ᠠ ᠶᠢ ᠭᠠᠷᠭᠠᠵᠤ᠂ ᠭᠠᠵᠠᠷ ᠰᠢᠷᠦᠢ ᠶᠢᠨ | ᠪᠠᠶᠢᠴᠠᠭᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠬᠡᠷᠡᠭᠳᠠᠢ᠃ ᠭᠠᠵᠠᠷ ᠰᠢᠷᠦᠢ ᠶᠢᠨ | ᠪᠠᠶᠢᠴᠠᠭᠠᠯᠳᠠ ᠶᠢᠨ ᠠᠵᠢᠯ ᠤᠨ ᠵᠠᠷᠤᠳᠠᠯ ᠮᠦᠩᠬᠦ ᠶᠢ ᠳᠦᠷᠢᠮ ᠶᠤᠰᠤᠭᠠᠷ ᠨᠢᠬᠡᠳᠤᠯᠳᠠᠢ ᠬᠠᠮᠢᠶᠠᠷᠴᠤ᠂ ᠳᠤᠰᠬᠠᠢ | ᠮᠦᠩᠬᠦ ᠶᠢ ᠳᠤᠰᠠᠬᠠᠢ ᠠᠵᠢᠯ ᠳᠤ ᠵᠠᠷᠤᠴᠠᠭᠤᠯᠤᠨ᠂ ᠵᠠᠷᠤᠳᠠᠯ ᠢ ᠴᠢᠩᠭ᠎ᠠ ᠠᠳᠬᠤᠬᠤ ᠬᠡᠷᠡᠭᠳᠠᠢ᠃ | ︵ᠳᠦᠷᠪᠡ︶ ᠠᠵᠢᠯ ᠤᠨᠤᠬᠠᠭᠠᠯᠤᠬᠤ ᠬᠦᠴᠦᠯᠡᠴᠠᠶᠢ ᠨᠡᠮᠡᠭᠳᠡᠬᠦᠯᠬᠦ ᠬᠡᠷᠡᠭᠳᠠᠢ᠃ | ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠪᠠᠶᠢᠭᠤᠯᠭ᠎ᠠ ᠠᠴᠠ ᠰᠤᠨᠢᠨ ᠰᠡᠳᠬᠦᠯ᠂ ᠷᠠᠳᠢᠤ᠋ ᠲᠧᠯᠸᠢᠰ᠂ | ᠢᠨᠲ᠋ᠧᠷ ᠰᠦᠯᠵᠢᠶ᠎ᠠ ᠶᠢ ᠬᠦᠢᠴᠡᠳ ᠠᠰᠢᠭᠯᠠᠨ᠂ ᠭᠤᠷᠪᠠᠳᠤᠭᠠᠷ ᠤᠳᠠᠭᠠᠨ ᠤ ᠭᠠᠵᠠᠷ ᠰᠢᠷᠦᠢ ᠶᠢᠨ ᠪᠠᠶᠢᠴᠠᠭᠠᠯᠳᠠ | ᠶᠢᠨ ᠠᠵᠢᠯ ᠨᠢ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ᠂ ᠡᠬᠢ ᠪᠠᠶᠠᠯᠢᠭ ᠤᠨ ᠠᠷᠪᠢᠯᠠᠨ | ᠭᠠᠮᠨᠠᠯᠳᠠ᠂ ᠳᠠᠷᠢᠶᠠᠨ ᠭᠠᠵᠠᠷ ᠪᠤᠯᠤᠨ ᠤᠷᠴᠢᠨ ᠳᠤᠭᠤᠷᠢᠨ ᠤ ᠬᠠᠮᠠᠭᠠᠯᠠᠯᠳᠠ᠂ ᠨᠡᠶᠢᠬᠡᠮ ᠤᠨ ᠡᠶ᠎ᠡ ᠵᠤᠬᠢᠴᠠᠩᠭᠤᠢ | ᠬᠦᠭᠵᠢᠯᠳᠠ ᠵᠡᠷᠬᠡ ᠳᠡᠯ᠎ᠡ ᠳᠠᠬᠢ ᠴᠢᠬᠤᠯᠠ ᠠᠴᠢ ᠬᠤᠯᠪᠤᠭᠳᠠᠯ ᠪᠠ ᠭᠤᠷᠪᠠᠳᠤᠭᠠᠷ ᠤᠳᠠᠭᠠᠨ ᠤ ᠭᠠᠵᠠᠷ ᠰᠢᠷᠦᠢ | ᠶᠢᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠬᠦᠨᠵᠡᠬᠡᠢ ᠤᠬᠠᠭᠤᠯᠤᠨ᠂ ᠪᠦᠬᠦ ᠨᠡᠶᠢᠬᠡᠮ ᠢᠶᠠᠷ ᠢᠶᠠᠨ | ᠳᠤᠰ ᠤᠳᠠᠭᠠᠨ ᠤ ᠪᠠᠶᠢᠴᠠᠭᠠᠯᠳᠠ ᠶᠢᠨ ᠠᠵᠢᠯ ᠤᠨ ᠴᠢᠬᠤᠯᠠ ᠴᠢᠨᠠᠷ ᠤᠨ ᠳᠠᠨᠢᠯᠳᠠ ᠪᠠᠨ ᠳᠡᠬᠡᠭᠰᠢᠯᠡᠬᠦᠯᠵᠤ᠂ | ᠪᠠᠶᠢᠴᠠᠭᠠᠯᠳᠠ ᠶᠢᠨ ᠠᠵᠢᠯ ᠤᠨ ᠤᠷᠤᠭᠰᠢᠳᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠬᠡᠮ ᠤᠨ ᠤᠷᠴᠢᠨ ᠠᠬᠤᠢ ᠶᠢ | ᠪᠤᠢ ᠪᠤᠯᠭᠠᠬᠤ ᠬᠡᠷᠡᠭᠲᠠᠢ᠃ | ᠳᠠᠭᠠᠯᠳᠠ᠄ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨᠣ ᠭᠤᠷᠪᠠᠳᠤᠭᠠᠷ ᠤᠳᠠᠭᠠᠨ ᠤ ᠭᠠᠵᠠᠷ ᠰᠢᠷᠤᠢ | ᠶᠢᠨ ᠪᠠᠶᠢᠴᠠᠭᠠᠯᠳᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠬᠡᠰᠢᠬᠦᠳ ᠤᠨ ᠨᠡᠷᠡᠰ | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ | 2018 ᠤᠨ ᠤ 3 ᠰᠠᠷ᠎ᠠ ᠶᠢᠨ 28 ᠤ ᠡᠳᠦᠷ | ᠳᠠᠭᠠᠯᠳᠠ᠄ | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠭᠤᠷᠪᠠᠳᠤᠭᠠᠷ ᠤᠳᠠᠭᠠᠨ ᠤ ᠭᠠᠵᠠᠷ ᠰᠢᠷᠤᠢ ᠶᠢᠨ | ᠪᠠᠶᠢᠴᠠᠭᠠᠯᠳᠠ ᠶᠢᠨ ᠤᠳᠤᠷᠢᠳᠬᠤ ᠪᠠᠭ᠎ᠠ ᠳᠤᠭᠤᠶᠢᠯᠠᠩ ᠤᠨ ᠬᠡᠰᠢᠬᠦᠳ ᠤᠨ ᠨᠡᠷᠡᠰ | ᠳᠤᠭᠤᠶᠢᠯᠠᠩ ᠤᠨ ᠳᠠᠷᠤᠭ᠎ᠠ᠄ ᠮᠥᠩᠬᠡᠪᠠᠭᠠᠳᠤᠷ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ᠂ | ᠮᠠᠨᠳᠤᠯ ᠪᠠᠯᠭᠠᠰᠤᠨ ᠤ ᠨᠠᠮ ᠤᠨ ᠡᠭᠦᠷ ᠤᠨ ᠱᠦᠵᠢ | ᠳᠡᠳ᠋ ᠳᠤᠭᠤᠶᠢᠯᠠᠩ ᠤᠨ ᠳᠠᠷᠤᠭ᠎ᠠ᠄ | ᠨᠠᠶᠢᠷᠠᠯᠳᠤ ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠭᠠᠳᠠᠭᠠᠳᠤ ᠶᠠᠪᠤᠳᠠᠯ | ᠤᠨᠠᠯᠪᠠᠨ ᠭᠡᠷ ᠤᠨ ᠡᠷᠬᠢᠯᠡᠭᠴᠢ | ᠰᠤᠶᠤᠯᠳᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠠᠨ ᠤ ᠳᠠᠷᠤᠭ᠎ᠠ | ᠬᠡᠰᠢᠭᠦᠨ᠄ | ᠬᠤ᠋ ᠵᠢᠶᠦ᠋ᠨ ᠰᠢ ᠬᠥᠭᠵᠢᠯᠳᠡ ᠥᠭᠡᠷᠡᠴᠢᠯᠡᠯᠳᠡ ᠶᠢᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠴᠢᠨ ᠬᠤᠢ ᠴᠦᠨ ᠡᠳ᠋ ᠤᠨ ᠵᠠᠰᠠᠭ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠰᠡᠴᠡᠨ ᠠᠷᠠᠳ ᠤᠨ ᠶᠠᠪᠤᠳᠠᠯ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠳᠡᠭᠰᠢ ᠤᠷᠤᠨ ᠰᠠᠭᠤᠴᠠ ᠪᠠ ᠪᠦᠲᠦᠭᠡᠨ ᠪᠠᠶᠢᠭᠤᠯᠤᠯᠳᠠ ᠶᠢᠨ ᠲᠤᠪᠴᠢᠶᠠᠨ ᠤ ᠳᠡᠳ᠋ | ᠲᠤᠪᠴᠢᠶᠠᠨ ᠳᠠᠷᠤᠭ᠎ᠠ | ᠶᠠᠩ ᡁᠢ ᠵᠢᠶᠦ᠋ᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠴᠢᠶᠠᠨ ᠤ ᠳᠡᠳ᠋ ᠲᠤᠪᠴᠢᠶᠠᠨ | ᠳᠠᠷᠤᠭ᠎ᠠ | ᠦ᠋ ᠽᠧ ᠴᠢᠩ ᠤᠰᠤᠨ ᠤ ᠶᠠᠪᠤᠳᠠᠯ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠯᠢᠦ ᠴᠢᠤᠸᠠᠨ ᠮᠢᠩ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠰᠤᠳᠤᠪᠢᠯᠭ᠌ ᠲᠤᠭ᠎ᠠ ᠪᠦᠷᠢᠳᠬᠡᠯ ᠤᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠳ᠋ᠦ᠋ ᠶᠢᠨ ᠰᠥᠸᠧ ᠤᠢ ᠰᠢᠭᠤᠢ ᠶᠢᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠵᠣᠣ ᠵᠢᠶᠦ᠋ᠨ ᠸᠧᠨ ᠵᠠᠮ ᠲᠡᠭᠡᠭᠡᠪᠤᠷᠢ ᠶᠢᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ | ᠪᠠᠨ ᠶᠢᠨ ᠵᠦ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠠᠨ ᠤ ᠳᠡᠳ᠋ ᠲᠤᠪᠴᠢᠶᠠᠨ | ᠳᠠᠷᠤᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠳᠤᠰᠢᠶᠠᠯ ᠢ ᠪᠠᠨ ᠶᠢᠨ ᠵᠦ | ᠡᠭᠦᠷᠭᠡᠯᠡᠨ᠎ᠡ᠃ ᠠᠯᠪᠠᠨ ᠭᠡᠷ ᠠᠴᠠ ᠳᠤᠰᠬᠠᠢ ᠮᠡᠷᠭᠡᠵᠢᠯ ᠤᠨ ᠳᠤᠭᠤᠶᠢᠯᠠᠩ ᠢ ᠵᠤᠬᠢᠶᠠᠨ ᠪᠠᠶᠢᠭᠤᠯᠤᠨ᠎ᠠ᠄ | ᠳᠤᠭᠤᠶᠢᠯᠠᠩ ᠤᠨ ᠳᠠᠷᠤᠭ᠎ᠠ᠄ | ᠪᠠᠨ ᠶᠢᠨ ᠵᠦ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠠᠨ ᠤ ᠳᠡᠳ᠋ | ᠲᠤᠪᠴᠢᠶᠠᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ | ᠸᠧᠨ ᠶᠥᠩ ᠰᠢᠨ ᠬᠠᠳᠠᠭᠠᠯᠠᠮᠵᠢ ᠶᠢᠨ ᠲᠥᠪ ᠤᠨ ᠡᠷᠬᠢᠯᠡᠭᠴᠢ | ᠤᠳᠤᠨᠳᠤᠶᠠᠭ᠎ᠠ ᠲᠤᠭᠳᠠᠮᠠᠯ ᠬᠦᠷᠦᠩᠭᠡ ᠶᠢᠨ ᠲᠥᠪ ᠤᠨ ᠡᠷᠬᠢᠯᠡᠭᠴᠢ | ᠳ᠋ᠦ᠋ ᠱᠦ ᠶᠤᠸᠠᠨ ᠲᠤᠭᠳᠠᠮᠠᠯ ᠬᠦᠷᠦᠩᠭᠡ ᠶᠢᠨ ᠲᠥᠪ ᠤᠨ ᠳᠡᠳ᠋ ᠡᠷᠬᠢᠯᠡᠭᠴᠢ | ᠬᠡᠰᠢᠭᠦᠨ᠄ | ᠴᠡᠩᠭᠡᠯ ᠠᠯᠪᠠᠨ ᠭᠡᠷ ᠤᠨ ᠡᠷᠬᠢᠯᠡᠭᠴᠢ | ᠡᠷᠳᠡᠨᠢᠳᠠᠯᠠᠢ ᠠᠯᠪᠠᠨ ᠭᠡᠷ ᠤᠨ ᠠᠵᠢᠯᠳᠠᠨ | ᠽᠦᠸᠧ ᠶᠠᠨ ᠶᠤᠸᠠᠨ ᠡᠮᠬᠢᠯᠡᠨ ᠴᠡᠭᠴᠡᠯᠡᠬᠦ ᠲᠥᠪ ᠤᠨ ᠡᠷᠬᠢᠯᠡᠭᠴᠢ | ᠵᠣᠣ ᡁᠢ ᠵᠢᠶᠦ᠋ᠨ ᠮᠢᠩᠭᠠᠨ ᠪᠠᠯᠭᠠᠰᠤᠨ ᠤ ᠤᠯᠤᠰ ᠤᠨ ᠭᠠᠵᠠᠷ ᠰᠢᠷᠤᠢ ᠵᠢᠨᠬᠠᠮᠢ᠊ ᠶᠠᠷᠤᠯᠳᠠ ᠶᠢᠨ | ᠰᠠᠯᠠᠭᠠᠨ ᠳᠠᠷᠤᠭ᠎ᠠ | ᠵᠣᠣ ᠶᠥᠩ ᠴᠧᠩ ᠬᠡᠮᠵᠢᠨ ᠵᠢᠷᠤᠬᠤ ᠲᠥᠪ ᠤᠨ ᠡᠷᠬᠢᠯᠡᠭᠴᠢ | ᠪᠠᠢ ᠵᠢᠶᠦ᠋ᠨ ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠳᠠᠰᠤᠭ ᠤᠨ ᠠᠵᠢᠯᠳᠠᠨ | ᠮᠠᠨᠳᠠᠷᠸ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠲᠥᠪ ᠤᠨ ᠡᠷᠬᠢᠯᠡᠭᠴᠢ | ᠲᠢᠶᠧ ᠵᠦ ᠰᠠᠬᠢᠯᠭ᠎ᠠ ᠪᠠᠳᠤ ᠬᠢᠨᠠᠨ ᠪᠠᠶᠢᠴᠠᠭᠠᠬᠤ ᠳᠠᠰᠤᠭ ᠤᠨ ᠡᠷᠬᠢᠯᠡᠭᠴᠢ | ᠳ᠋ᠢᠩ ᡁᠢ ᠬᠤᠩ ᠲᠦᠯᠦᠪᠵᠢᠭᠦᠯᠭᠡ ᠪᠠ ᠲᠠᠷᠢᠶᠠᠯᠭ᠎ᠠ ᠶᠢ ᠪᠠᠳᠤᠯᠠᠬᠤ ᠳᠠᠰᠤᠭ ᠤᠨ ᠳᠠᠷᠤᠭ᠎ᠠ | ᠯᠢᠦ ᠵᠢᠶᠠᠨ ᠭᠥᠸᠧ ᠬᠢᠨᠠᠨ ᠪᠠᠶᠢᠴᠠᠭᠠᠬᠤ ᠶᠡᠭᠡ ᠠᠩᠬᠢ ᠶᠢᠨ ᠳᠠᠷᠤᠭ᠎ᠠ | ᠵᠠᠩ ᠶᠢᠨ ᠷᠦᠢ ᠲᠤᠭᠳᠠᠮᠠᠯ ᠬᠦᠷᠦᠩᠬᠡ ᠶᠢ ᠳᠠᠩᠰᠠᠯᠠᠬᠤ ᠲᠥᠪ ᠤᠨ ᠠᠵᠢᠯᠳᠠᠨ | ᠶᠠᠩ ᠬᠤᠣ ᠮᠠᠨᠳᠤᠯ ᠪᠠᠯᠭᠠᠰᠤᠨ ᠳᠠᠬᠢ ᠤᠯᠤᠰ ᠤᠨ ᠭᠠᠵᠠᠷ ᠰᠢᠷᠤᠢ ᠡᠬᠢ ᠪᠠᠶᠠᠯᠢᠭ | ᠤᠨᠬᠠᠮᠢᠶᠠᠷᠤᠯᠳᠠ ᠶᠢᠨ ᠠᠵᠢᠯᠳᠠᠨ | ᠯᠢᠦ ᠰᠢᠶᠣᠣ ᠪᠥᠸᠧ ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠳᠠᠰᠤᠭ ᠤᠨ ᠠᠵᠢᠯᠳᠠᠨ | ᠠᠭᠤᠯᠠ ᠰᠢᠷᠠᠮᠦ᠋ᠷᠡᠨ ᠪᠠᠯᠭᠠᠰᠤᠨ ᠳᠠᠬᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠳᠠ | ᠶᠢᠨ ᠰᠠᠯᠠᠭᠠᠨ ᠳᠠᠷᠤᠭ᠎ᠠ | | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ | 2018 ᠤᠨ ᠤ 3 ᠰᠠᠷ᠎ᠠ ᠶᠢᠨ 28 ᠤ ᠡᠳᠦᠷ ᠳᠠᠷᠬᠠᠭᠠᠪᠠ᠃ | |