| ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢ ᠵᠣᠬᠢᠶᠠᠨ ᠪᠠᠶᠢᠭᠤᠯᠣᠨᠠᠯᠪᠠᠨ | ᠵᠢᠷᠦᠮᠤᠨ ᠮᠣᠳᠣ ᠲᠠᠷᠢᠬᠤ ᠠᠵᠢᠯᠯᠠᠭ᠎ᠠ ᠶᠢ ᠦᠷᠨᠢᠭᠦᠯᠬᠦ ᠲᠣᠬᠠᠢ ᠲᠠᠷᠬᠠᠨ ᠮᠣᠣᠮᠢᠩᠭᠠᠨ ᠬᠤᠯᠪᠣᠭᠠᠲᠣ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠲᠠᠷᠬᠠᠨ ᠮᠣᠣᠮᠢᠩᠭᠠᠨ ᠵᠠᠰᠠᠭ ᠠᠯᠪᠠᠨ ᠲᠠᠷᠬᠠᠭᠠᠭᠰᠡᠨ ﹇2018﹈ 11 ᠳ᠋ᠣᠭᠠᠷ ᠲᠤᠭᠠᠲᠦ | | ᠡᠯ᠎ᠡ ᠰᠣᠮᠣ ᠰᠢᠶᠠᠩ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠪᠠᠷᠠᠭᠤᠨ ᠠᠵᠣ ᠦᠢᠯᠡᠳᠪᠦᠷᠢ ᠶᠢᠨ | ᠬᠠᠮᠢᠶᠠᠷᠣᠯᠲᠠ ᠶᠢᠨ ᠣᠷᠣᠨ᠂ ᠬᠤᠰᠢᠭᠤᠨ ᠤ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ᠂ ᠡᠯ᠎ᠡ ᠠᠵᠣ | ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ᠄ | ᠪᠦᠬᠦ ᠠᠷᠠᠳ ᠤᠨ ᠠᠯᠪᠠᠨ ᠵᠢᠷᠦᠮ ᠤᠨ ᠮᠣᠳᠣ ᠲᠠᠷᠢᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠣ᠂ ᠠᠯᠪᠠᠨ | ᠵᠢᠷᠦᠮ ᠤᠨ ᠮᠣᠳᠣ ᠲᠠᠷᠢᠬᠤ ᠬᠠᠷᠢᠭᠤᠴᠠᠯᠭᠠᠲᠣ ᠣᠪᠣᠷ ᠢ ᠲᠡᠭᠡᠭᠰᠢᠯᠡᠭᠦᠯᠦᠨ᠂ ᠣᠮᠠᠷᠠᠲᠣ ᠬᠢᠯᠢ ᠶᠢᠨ ᠠᠮᠢ ᠠᠬᠤᠢ | ᠶᠢᠨ ᠤᠶᠢᠵᠢᠯᠠᠭᠤᠯᠤᠯᠲᠡ ᠵᠢᠨᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠦᠯᠦᠭᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠠᠴᠠ ᠪᠠᠲᠣᠬᠠᠭᠠᠯᠭᠠ ᠪᠠᠯᠭᠠᠰᠣ ᠵᠡᠷᠭᠡ ᠭᠠᠵᠠᠷ ᠲᠤ ᠠᠯᠪᠠᠨ ᠵᠢᠷᠦᠮ ᠤᠨ ᠮᠣᠳᠣ ᠲᠠᠷᠢᠬᠤ | ᠠᠵᠢᠯᠯᠠᠭ᠎ᠠ ᠶᠢ ᠦᠷᠨᠢᠭᠦᠯᠬᠦ ᠪᠠᠷ ᠲᠣᠭᠲᠠᠪᠠ᠃ ᠣᠳᠣ ᠪᠦᠬᠦ ᠬᠤᠰᠢᠭᠤᠨ ᠤ ᠠᠯᠪᠠᠨ ᠵᠢᠷᠦᠮ ᠤᠨ ᠮᠣᠳᠣ ᠲᠠᠷᠢᠬᠤ | ᠠᠵᠢᠯᠯᠠᠭ᠎ᠠ ᠶᠢᠨ ᠮᠡᠳᠡᠭᠳᠡᠯ ᠢ ᠲᠣᠣᠷᠠᠬᠢ ᠮᠡᠲᠣ ᠵᠠᠷᠯᠠᠪᠡ᠃ | ᠨᠢᠭᠡ᠂ ᠬᠦᠳᠡᠯᠭᠡᠭᠡᠨ ᠤ ᠭᠤᠤᠯ ᠰᠡᠳᠦᠪ | ᠭᠠᠵᠠᠷ ᠰᠢᠷᠣᠢ ᠶᠢᠨ ᠣᠶᠢᠵᠢᠭᠤᠯᠣᠯᠲᠠ ᠶᠢ ᠲᠦᠯᠬᠢᠨ ᠠᠬᠢᠭᠤᠯᠵᠣ᠂ ᠦᠵᠡᠰᠭᠦᠯᠡᠩᠲᠣ ᠰᠠᠶᠢᠬᠠᠨ ᠲᠠᠷᠬᠠᠨ | ᠮᠣᠣᠮᠢᠩᠭᠠᠨ ᠢ ᠬᠠᠮᠲᠣᠪᠠᠷ ᠪᠦᠲᠦᠭᠡᠨ ᠪᠠᠶᠢᠭᠤᠯᠣᠶ᠎ᠠ | ᠬᠤᠶᠠᠷ᠂ ᠬᠦᠳᠡᠯᠭᠡᠭᠡᠨ ᠤ ᠴᠠᠭ ᠬᠤᠭᠤᠴᠠᠭ᠎ᠠ | ᠬᠠᠮᠲᠣᠪᠡᠷ ᠦᠷᠨᠢᠭᠦᠯᠬᠦ ᠴᠠᠭ᠄ 2018 ᠣᠨ ᠤ 4 ᠰᠠᠷ᠎ᠠ ᠶᠢᠨ ᠲᠣᠮᠳᠠᠴᠢ ᠪᠠᠷ ︵ᠪᠣᠲᠠᠲᠠᠢ ᠴᠠᠭ ᠢ | ᠲᠠᠬᠢᠵᠣ ᠮᠡᠳᠡᠭᠳᠡᠨ᠎ᠠ︶ | ᠦᠷᠨᠢᠭᠦᠯᠬᠦ ᠭᠠᠷᠠᠭ᠄ 4 ᠰᠠᠷ᠎ᠠ ᠶᠢᠨ12 ᠤ ᠡᠳᠦᠷ —18 ᠤ ᠡᠳᠦᠷ | ᠭᠤᠷᠪᠠ᠂ ᠬᠦᠳᠡᠯᠭᠡᠭᠡᠨ ᠦᠷᠨᠢᠭᠦᠯᠬᠦ ᠭᠠᠵᠠᠷ | ᠪᠠᠲᠣᠬᠠᠭᠠᠯᠭᠠ ᠪᠠᠯᠭᠠᠰᠣᠨ ᠤ ᠪᠠᠷᠠᠭᠤᠨ ᠠᠮᠠ ᠶᠢᠨ ᠪᠠᠲᠣᠬᠠᠭᠠᠯᠭᠠ ᠠᠴᠠ ᠮᠠᠨᠳᠣᠯ ᠬᠦᠷᠬᠦ ᠵᠠᠰᠠᠮᠯ ᠵᠠᠮ ᠤᠨ | ᠵᠠᠬᠦᠨ ᠲᠠᠯ᠎ᠠ ᠳᠠᠬᠢ ᠠᠯᠪᠠᠨ ᠵᠢᠷᠦᠮ ᠤᠨ ᠮᠣᠳᠣ ᠲᠠᠷᠢᠬᠤ ᠵᠢᠱᠢᠶ᠎ᠠ ᠦᠵᠡᠭᠦᠯᠬᠦ ᠰᠠᠭᠤᠷᠢᠨ ᠭᠠᠵᠠᠷ | ᠲᠦᠷᠪᠠ᠂ ᠬᠦᠳᠡᠯᠭᠡᠭᠡᠨ ᠳᠤ ᠣᠷᠣᠯᠴᠠᠬᠤ ᠬᠦᠮᠦᠰ | 1. ᠬᠤᠰᠢᠭᠤᠨ ᠤ ᠲᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠣᠯᠭ᠎ᠠ᠂ ᠪᠠᠶᠢᠩᠭᠤ ᠶᠢᠨ ᠬᠤᠷᠢᠶᠠᠨ ᠤ | ᠪᠠᠶᠢᠭᠤᠯᠭ᠎ᠠ ᠵᠢᠨᠣᠳᠣᠷᠢᠳᠬᠤ ᠪᠠᠭ ᠤᠨ ᠪᠦᠷᠢᠯᠳᠦᠭᠦᠨ ᠵᠢᠴᠢ ᠠᠵᠢᠯᠲᠠᠳ᠃ | 2. ᠬᠤᠰᠢᠭᠤᠨᠤ ᠡᠯ᠎ᠡ ᠪᠠᠶᠢᠭᠤᠯᠭ᠎ᠠ᠂ ᠡᠯ᠎ᠡ ᠠᠵᠣ ᠠᠬᠤᠶᠢᠯᠠᠯ᠂ ᠠᠵᠢᠯ ᠦᠢᠯᠡᠰ ᠤᠨ ᠪᠠᠶᠢᠭᠤᠯᠭ᠎ᠠ᠂ ᠡᠯ᠎ᠡ | ᠰᠠᠯᠠᠭ᠎ᠠ ᠮᠦᠴᠢᠷ᠂ ᠬᠤᠰᠢᠭᠤᠨ ᠳᠤ ᠰᠠᠭᠤᠭ᠎ᠠ ᠡᠯ᠎ᠡ ᠪᠠᠶᠢᠭᠤᠯᠭ᠎ᠠ᠂ ᠴᠡᠷᠢᠭ ᠪᠠᠶᠢᠯᠳᠣᠭᠴᠢ ᠵᠡᠷᠭᠡ᠃ | 3. ᠪᠠᠲᠣᠬᠠᠭᠠᠯᠭᠠ ᠪᠠᠯᠭᠠᠰᠣᠨ ᠤ ᠣᠳᠣᠷᠢᠳᠬᠤ ᠪᠠᠭ ᠤᠨ ᠬᠢ ᠵᠢᠴᠢ ᠠᠵᠢᠯᠲᠠᠳ᠃ | ᠲᠠᠪᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢ | ︵ᠨᠢᠭᠡ︶ ᠣᠢ ᠰᠢᠭᠤᠢ ᠶᠢᠨ ᠲᠤᠪᠴᠢᠶ᠎ᠡ ᠡᠯ᠎ᠡ ᠰᠠᠯᠠᠭ᠎ᠠ ᠮᠦᠴᠢᠷ᠂ ᠡᠯ᠎ᠡ ᠪᠠᠶᠢᠭᠤᠯᠭ᠎ᠠ ᠶᠢᠨ | ᠬᠠᠷᠢᠭᠤᠴᠠᠯᠭᠠᠲᠣ ᠭᠠᠵᠠᠷ ᠢ ᠬᠤᠪᠢᠶᠠᠵᠣ᠂ ᠣᠶᠢᠵᠢᠭᠤᠯᠬᠤ ᠠᠵᠢᠯᠯᠠᠭ᠎ᠠ ᠶᠢ ᠪᠣᠲᠠᠲᠠᠢ ᠪᠠᠶᠢᠴᠠᠭᠠᠨ ᠵᠢᠯᠣᠭᠤᠳᠦᠨᠠ᠃ | ᠪᠠᠰᠠ ᠵᠣᠯᠵᠠᠭ᠎ᠠ ᠮᠣᠳᠣ ᠶᠢ ᠨᠢᠭᠡᠲᠦᠯᠲᠠᠢ ᠠᠪᠴᠢᠷᠠᠵᠣ᠂ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠵᠢᠨᠠᠯᠪᠠᠨ ᠵᠢᠷᠦᠮ | ᠤᠨᠣᠶᠢᠵᠢᠭᠤᠯᠬᠤ ᠰᠠᠭᠤᠷᠢᠨ ᠭᠠᠵᠠᠷ ᠤᠨ ᠣᠰᠣᠯᠠᠬᠤ᠂ ᠪᠣᠶᠢᠵᠢᠭᠤᠯᠣᠨᠬᠠᠮᠢᠶᠠᠷᠬᠤ ᠵᠡᠷᠭᠡ ᠠᠵᠢᠯᠯᠠᠭ᠎ᠠ ᠶᠢ | ᠬᠠᠷᠢᠭᠤᠴᠠᠨ᠎ᠠ᠃ | ︵ᠬᠤᠶᠠᠷ︶ ᠣᠰᠣᠨ ᠤ ᠶᠠᠪᠣᠳᠠᠯ ᠤᠨ ᠲᠣᠪᠴᠢᠶ᠎ᠠ ᠡᠯ᠎ᠡ ᠠᠯᠪᠠᠨ ᠵᠢᠷᠦᠮ ᠤᠨ ᠮᠣᠳᠣ ᠲᠠᠷᠢᠬᠤ ᠰᠠᠭᠤᠷᠢᠨ | ᠭᠠᠵᠠᠷ ᠲᠤ ᠣᠰᠣᠨ ᠬᠤᠭᠤᠯᠠᠢ ᠤᠬᠰᠠᠷᠠᠵᠦ ᠣᠰᠣ ᠲᠠᠮᠵᠢᠭᠤᠯᠬᠤ ᠡᠭᠦᠷᠭᠡ ᠶᠢ ᠬᠠᠷᠢᠭᠤᠴᠠᠨ᠎ᠠ᠃ | ︵ᠭᠤᠷᠪᠠ︶ ᠡᠯ᠎ᠡ ᠪᠠᠶᠢᠭᠤᠯᠭ᠎ᠠ ᠦᠪᠡᠷ ᠦᠪᠡᠷ ᠤᠨ ᠬᠠᠷᠢᠭᠤᠴᠠᠬᠤ ᠭᠠᠵᠠᠷ ᠲᠤ ᠪᠠᠨ ᠣᠷᠢᠳᠠᠪᠡᠷ ᠨᠦᠬᠡ | ᠮᠠᠯᠲᠠᠬᠤ᠂ ᠰᠢᠷᠣᠢ ᠰᠣᠯᠢᠬᠤ ᠵᠡᠷᠭᠡ ᠠᠵᠢᠯ ᠢ ᠬᠢᠵᠣ᠂ ᠨᠢᠭᠡᠲᠣᠯᠲᠠᠢ ᠮᠣᠳᠣ ᠲᠠᠷᠢᠬᠤ ᠡᠳᠦᠷ ᠡᠬᠢᠯᠡᠯᠲᠠ ᠶᠢᠨ ᠶᠣᠰᠣᠯᠠᠯ | ᠳᠤ ᠣᠷᠣᠯᠴᠠᠵᠣ᠂ ᠮᠣᠳᠣ ᠲᠠᠷᠢᠬᠤ ᠡᠭᠦᠷᠭᠡ ᠪᠠᠨ ᠪᠡᠶᠡᠯᠡᠭᠦᠯᠦᠨ᠎ᠠ᠃ ︵ᠨᠠᠷᠢᠨ ᠠᠭᠤᠯᠭ᠎ᠠ ᠶᠢ ᠲᠠᠭᠠᠯᠲᠠ | ᠬᠦᠨᠦᠰᠦᠭᠲᠣ ᠠᠴᠠ ᠦᠵᠡᠭᠡᠷᠡᠢ︶ | ︵ᠲᠦᠷᠪᠡ︶ ᠡᠯ᠎ᠡ ᠰᠣᠮᠣ ᠰᠢᠶᠠᠩ ᠪᠠᠯᠭᠠᠰᠣ᠂ ᠪᠠᠷᠠᠭᠤᠨ ᠠᠵᠣ ᠠᠬᠤᠶᠢᠯᠠᠯ ᠤᠨ ᠣᠷᠣᠨ ᠦᠪᠡᠷ ᠤᠨ | ᠠᠯᠪᠠᠨ ᠵᠢᠷᠦᠮ ᠤᠨ ᠮᠣᠳᠣ ᠲᠠᠷᠢᠬᠤ ᠰᠠᠭᠤᠷᠢᠨ ᠭᠠᠵᠠᠷ ᠢᠶᠠᠨ ᠦᠪᠡᠷᠲᠡᠭᠡᠨ ᠰᠣᠩᠭᠤᠵᠣ᠂ ᠲᠠᠷᠢᠵᠣ ᠣᠶᠢᠵᠢᠭᠤᠯᠬᠤ | ᠭᠠᠵᠠᠷ ᠢᠶᠠᠨ ᠲᠣᠭᠲᠠᠵᠣ᠂ ᠣᠯᠠᠨ ᠢ ᠵᠣᠬᠢᠶᠠᠨ ᠪᠠᠶᠢᠭᠤᠯᠦᠨ ᠮᠣᠳᠣ ᠲᠠᠷᠢᠨ ᠣᠶᠢᠵᠢᠭᠤᠯᠵᠣ᠂ ᠪᠣᠶᠢᠵᠢᠭᠤᠯᠬᠤ ᠪᠠ | ᠬᠠᠮᠢᠶᠠᠷᠬᠤ ᠠᠵᠢᠯ ᠢ ᠬᠠᠷᠢᠭᠤᠴᠠᠨ᠎ᠠ᠃ | ᠵᠢᠷᠭᠤᠭ᠎ᠠ᠂ ᠬᠦᠳᠡᠯᠭᠡᠭᠡᠨ ᠤ ᠱᠠᠭᠠᠷᠳᠠᠯᠭ᠎ᠠ | ᠡᠯ᠎ᠡ ᠰᠣᠮᠣ ᠰᠢᠶᠠᠩ ᠪᠠᠯᠭᠠᠰᠦ᠂ ᠡᠯ᠎ᠡ ᠰᠠᠯᠠᠭ᠎ᠠ ᠮᠦᠴᠢᠷ ᠡᠨᠡᠬᠦ ᠣᠳᠠᠭᠠᠨ ᠤ ᠠᠯᠪᠠᠨ ᠵᠢᠷᠦᠮ ᠤᠨ ᠮᠣᠳᠣ | ᠲᠠᠷᠢᠬᠤ ᠠᠵᠢᠯ ᠢ ᠳᠡᠭᠡᠳᠣ ᠬᠡᠮᠵᠢᠶ᠎ᠠ ᠪᠠᠷ ᠬᠦᠨᠳᠦᠳᠭᠡᠨ ᠦᠵᠡᠵᠣ᠂ ᠠᠵᠢᠯᠲᠠᠳ ᠢᠶᠠᠨ ᠣᠷᠢᠳᠴᠢᠯᠠᠨ ᠵᠣᠬᠢᠶᠠᠨ | ᠪᠠᠶᠢᠭᠤᠯᠵᠣ᠂ ᠨᠦᠬᠡ ᠮᠠᠯᠳᠠᠨ ᠰᠢᠷᠣᠢ ᠰᠣᠯᠢᠨ᠂ ᠠᠵᠢᠯᠲᠠᠳ ᠢᠶᠠᠨ ᠵᠣᠬᠢᠶᠠᠨᠪᠠᠶᠢᠭᠤᠯᠵᠣ ᠬᠦᠳᠡᠯᠭᠡᠭᠡᠨ ᠦᠷᠨᠢᠭᠦᠯᠬᠦ | ᠡᠳᠦᠷ ᠠᠵᠢᠯᠯᠭᠠᠨ ᠳᠤ ᠨᠢᠭᠡᠲᠦᠯᠲᠠᠢ ᠣᠷᠣᠯᠴᠠᠭᠤᠯᠣᠨ᠎ᠠ᠃ ᠨᠦᠬᠡ ᠮᠠᠯᠲᠠᠨ ᠰᠢᠷᠣᠢ ᠰᠣᠯᠢᠬᠤ ᠠᠵᠢᠯ ᠢ 4 ᠰᠠᠷ᠎ᠠ | ᠶᠢᠨ14 ᠤ ᠡᠳᠦᠷ ᠠᠴᠠ ᠡᠮᠦᠨ᠎ᠠ ᠬᠢᠵᠣ ᠲᠠᠭᠤᠰᠬᠠᠨ᠎ᠠ᠃ ᠮᠣᠲᠣ ᠲᠠᠷᠢᠬᠤ ᠬᠦᠳᠡᠯᠭᠡᠭᠡᠨ ᠦᠷᠨᠢᠭᠦᠯᠬᠦ ᠬᠤᠭᠤᠴᠠᠭᠠᠨ | ᠳᠤ᠂ ᠪᠠᠷᠢᠮᠵᠢᠶ᠎ᠠ ᠶᠣᠰᠣᠭᠠᠷ ᠶᠠᠪᠣᠭᠳᠠᠭᠤᠯᠣᠨ᠎ᠠ᠂ ᠣᠷᠣᠯᠴᠠᠬᠤ ᠬᠦᠮᠦᠨ ᠤ ᠲᠤᠭ᠎ᠠ ᠪᠠ ᠠᠵᠢᠯ ᠤᠨ ᠠᠬᠢᠴᠠ ᠶᠢ | ᠪᠠᠲᠣᠯᠬᠤ ᠬᠡᠷᠡᠭᠲᠠᠢ᠃ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠵᠣ᠂ ᠠᠵᠢᠯ ᠢ ᠴᠠᠭ ᠲᠣᠬᠠᠢ ᠳᠤᠨᠢ | ᠨᠠᠶᠢᠳᠠᠪᠣᠷᠢᠵᠢᠭᠤᠯᠬᠤ ᠦᠭᠡᠢ᠂ ᠣᠶᠢᠵᠢᠭᠤᠯᠬᠤ ᠴᠠᠭ ᠬᠤᠭᠤᠴᠠᠭ᠎ᠠ ᠶᠢ ᠬᠤᠶᠢᠰᠢᠯᠠᠭᠤᠯᠵᠣ᠂ ᠲᠤᠭ᠎ᠠ ᠬᠡᠮᠵᠢᠶ᠎ᠡ ᠪᠠ | ᠴᠢᠨᠠᠷ ᠴᠢᠨᠰᠠᠭ᠎ᠠ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ ᠬᠢᠨᠠᠨ ᠰᠢᠯᠭᠠᠯᠲᠠ ᠶᠢᠨ ᠱᠠᠭᠠᠷᠳᠠᠯᠭ᠎ᠠ ᠶᠣᠰᠣᠭᠠᠷ | ᠪᠠᠶᠢᠭᠤᠯᠭ᠎ᠠ ᠶᠢᠨ ᠭᠤᠣᠯ ᠣᠳᠣᠷᠢᠳᠣᠯᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠲᠠᠭᠠᠯᠲᠠ ᠮᠠᠲ᠋ᠧᠷᠢᠶᠠᠯ᠄ 2018 ᠣᠨ ᠤ ᠬᠠᠪᠣᠷ ᠤᠨ ᠣᠯᠠᠷᠢᠯ ᠤᠨ ᠠᠯᠪᠠᠨ ᠵᠢᠷᠦᠮ ᠤᠨ ᠮᠣᠳᠣ ᠲᠠᠷᠢᠬᠤ | ᠠᠵᠢᠯᠯᠠᠭᠠᠨ ᠤ ᠬᠤᠪᠢᠶᠠᠷᠢᠯᠠᠬᠤ ᠬᠦᠨᠦᠰᠦᠭᠲᠣ | ᠠᠯᠪᠠᠨ ᠵᠢᠷᠦᠮ ᠤᠨ ᠮᠣᠲᠣ ᠲᠠᠷᠢᠬᠤ ᠠᠵᠢᠯᠯᠠᠭᠠᠨ ᠤ ᠬᠠᠷᠢᠯᠴᠠᠬᠤ ᠠᠷᠭ᠎ᠠ᠄ | ᠶᠠᠩ ᠸᠧᠨ ᠲᠢᠩ 13848235045 | ᠯᠢ ᠶᠤᠸᠠᠢ ᠴᠢᠶᠠᠩ 13947245462 | | ᠲᠠᠷᠬᠠᠨ ᠮᠣᠣᠮᠢᠩᠭᠠᠨ ᠬᠤᠯᠪᠣᠭᠠᠲᠣ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ | 2018 ᠣᠨ ᠤ 4 ᠰᠠᠷ᠎ᠠ ᠶᠢᠨ 8 ᠤ ᠡᠳᠦᠷ ᠲᠠᠷᠬᠠᠭᠠᠪᠡ᠃ | |