︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠨᠠᠷᠢᠨ ᠲᠦᠷᠢᠮ︾ ᠢ ᠲᠠᠷᠬᠠᠭᠠᠬᠤ ᠲᠤᠬᠠᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-04-27
          ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠨᠠᠷᠢᠨ ᠲᠦᠷᠢᠮ︾ ᠢ ᠲᠠᠷᠬᠠᠭᠠᠬᠤ ᠲᠤᠬᠠᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                ᠳᠠᠷᠬᠠᠨ ᠮᠤᠤᠮᠢᠩᠭᠠᠨ ᠠᠷᠠᠳ ᠵᠠᠰᠠᠭ ᠲᠠᠷᠬᠠᠭᠠᠭᠰᠠᠨ ︵﹇2018﹈ 7 ᠳ᠋ᠣᠭᠠᠷ ᠲᠣᠭᠠᠲᠤ︶ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠡ :       ᠡᠳᠦᠭᠡ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠨᠠᠷᠢᠨ ᠳᠦᠷᠢᠮ︾ ᠢ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠᠨᠠᠷ ᠲᠤ ᠲᠠᠷᠬᠠᠭᠠᠯ᠎ᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠦᠨ ᠨᠠᠶᠢᠳᠠᠪᠤᠷᠢᠵᠢᠭᠤᠯᠬᠤ ᠬᠡᠷᠡᠭᠲᠠᠢ᠃                                      2018 ᠤᠨ ᠤ3ᠰᠠᠷᠠᠶᠢᠨ ᠤ16 ᠤ ᠡᠳᠦᠷ            ᠨᠢᠭᠡᠳᠦᠭᠡᠷ ᠪᠦᠯᠦᠭ    ᠶᠡᠷᠦᠩᠬᠡᠶ ᠳᠦᠷᠢᠮ      ᠨᠢᠭᠡᠳᠦᠭᠡᠷ ᠵᠦᠢᠯ᠄ ᠬᠦᠴᠢᠷᠳᠡᠯᠲᠡᠶ ᠣᠯᠠᠨ ᠲᠦᠮᠡᠨ ᠤ ᠭᠡᠨᠡᠳᠲᠡ ᠡᠭᠦᠰᠬᠦ ᠴᠢᠨᠠᠷᠲᠠᠶ᠂ ᠪᠠᠴᠢᠮ ᠴᠢᠨᠠᠷ ᠲᠠᠢ᠂ ᠲᠦᠷ ᠴᠠᠭ ‍ᠤᠨ‌‍ᠴᠢᠨᠠᠷᠲᠠᠶ ᠦᠨᠳᠦᠰᠦᠨ‌ᠠᠮᠢᠳᠤᠷᠠᠯ ᠤᠨ ᠬᠦᠴᠢᠷᠳᠡᠯ ᠢ ᠲᠣᠬᠢᠲᠠᠶ ᠰᠢᠢᠳᠪᠦᠷᠢᠯᠡᠵᠤ᠂ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠤᠨ ᠰᠠᠭᠤᠷᠢ ᠶᠢ ᠪᠠᠲᠤᠯᠠᠬᠤ᠂ ᠪᠠᠴᠢᠮ ᠪᠠ ᠬᠦᠴᠢᠷ ᠢ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠳᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠪᠣᠭᠤᠮᠲᠠ ᠰᠢᠪᠲᠤᠯᠬᠤ ᠶᠠᠪᠤᠴᠠ‌‍ᠶᠢᠨ ᠳᠣᠲᠣᠷᠠᠬᠢ ᠬᠠᠮᠤᠷᠤᠭᠰᠠᠨ ᠴᠢᠨᠠᠷᠲᠠᠶ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠲᠡᠳᠬᠦᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠤᠭᠠᠲᠦ︶ ︽ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠮᠡᠳᠡᠭᠳᠡᠯ︾ ︵ᠲᠦᠷᠦ ᠲᠠᠷᠬᠠᠭᠠᠭᠰᠠᠨ ﹇2014﹈ 47 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠰᠠᠶᠢᠵᠢᠷᠠᠭᠤᠯᠵᠤ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2015﹈ 47 ᠳ᠋ᠤᠭᠠᠷ ᠲᠣᠭᠠᠲᠤ︶ ᠪᠣᠯᠤᠨ ᠪᠤᠭᠤᠲᠤ ᠬᠤᠲᠡ‌‍ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠪᠤᠭᠤᠲᠤ ᠬᠤᠲᠠ ᠶᠢᠨ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠠᠷᠭ᠎ᠠ︾ ︵ᠪᠤᠭᠤᠲᠤ ᠵᠠᠰᠠᠭ ᠠᠯᠪᠠᠨ ᠲᠠᠷᠬᠠᠭᠠᠭᠰᠠᠨ ﹇2015﹈ 186 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠨᠠᠷᠢᠨ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ᠄ ᠲᠦᠷ ᠴᠠᠭ ᠠᠪᠤᠷᠠᠨ ᠲᠤᠰᠠᠯᠠᠬᠤ ᠭᠡᠳᠡᠭ ᠪᠣᠯ ᠭᠡᠨᠡᠳᠲᠡ ᠶᠢᠨ ᠬᠡᠷᠡᠭ᠂ ᠰᠠᠨᠠᠭᠠᠨ ᠳᠤ ᠥᠭᠡᠢ ᠭᠡᠮᠲᠦᠯ᠂ ᠬᠦᠨᠳᠦ ᠶᠡᠭᠡ ᠡᠪᠡᠳᠴᠢᠨ‌ᠡᠮᠭᠡᠭ ᠪᠤᠶᠤ ᠪᠤᠰᠤᠳ ᠣᠨᠴᠠᠭᠠᠶ ᠰᠢᠯᠲᠠᠭᠠᠨ ᠠᠴᠠ ᠪᠤᠯᠵᠤ ᠦᠨᠳᠦᠰᠦᠨ ᠠᠮᠢᠳᠤᠷᠠᠯ ᠬᠦᠴᠢᠷᠲᠡᠶ ᠭᠡᠷ ᠪᠦᠯᠢ ᠪᠤᠶᠤ ᠬᠤᠪᠢ ᠬᠥᠮᠦᠨ ᠳᠤ ᠲᠦᠷᠦ ᠵᠠᠰᠠᠭ ᠠᠴᠠ ᠪᠠᠴᠢᠮ ᠪᠠᠶᠢᠳᠠᠯ ᠢ ᠠᠷᠭᠠᠴᠠᠬᠤ ᠴᠢᠨᠠᠷᠲᠠᠶ᠂ ᠰᠢᠯᠵᠢᠯᠲᠡ ᠶᠢᠨ ᠴᠢᠨᠠᠷᠲᠠᠶ ᠠᠮᠢᠳᠤᠷᠠᠯ ᠢ ᠲᠤᠰᠠᠯᠠᠬᠤ ᠠᠵᠢᠯ ᠢ ᠵᠢᠭᠠᠨ᠎ᠠ᠃     ᠭᠤᠷᠪᠠᠳᠤᠭᠠᠷ ᠵᠦᠢᠯ᠄ ᠲᠥᠷ ᠴᠠᠭ ᠤᠨ ᠲᠤᠰᠠᠯᠠᠮᠵᠢ ᠬᠦᠷᠲᠡᠭᠡᠬᠦ ᠳᠤ ᠳᠣᠤᠷᠠᠬᠢ ᠬᠡᠳᠦᠨ ᠲᠠᠯ᠎ᠠ ᠶᠢᠨ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠶ᠄      ︵ᠨᠢᠭᠡ︶ ᠠᠪᠣᠷᠠᠬᠤ ᠶᠣᠰᠣᠲᠠᠶ ᠪᠦᠭᠦᠨ ᠢ ᠠᠪᠤᠷᠠᠬᠤ ᠵᠠᠷᠴᠢᠮ᠃      ︵ᠬᠤᠶᠠᠷ︶ ᠵᠣᠬᠢᠰᠲᠠᠶ ᠠᠪᠤᠷᠠᠨ ᠲᠤᠰᠠᠯᠠᠬᠤ ᠶᠢ ᠪᠠᠷᠢᠮᠲᠠᠯᠠᠨ᠂ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠤ᠂ ᠲᠦᠷ ᠴᠠᠭ ᠤᠨ ᠬᠦᠴᠢᠷᠳᠡᠯ ᠲᠠᠢ ᠪᠠᠶᠢᠳᠠᠯ ᠠᠴᠠ ᠮᠤᠯᠲᠤᠷᠠᠵᠤ᠂ ᠴᠢᠳᠠᠯ ᠤᠨ ᠬᠢᠷᠢ ᠪᠠᠷ ᠵᠶ᠋ᠠᠨ‌‍ᠴᠢᠷᠮᠠᠶᠢᠬᠤ ᠮᠦᠷᠲᠡᠭᠡᠨ ᠬᠢᠷᠢ ᠲᠤᠳᠤᠷ᠎ᠡ ᠪᠠᠨ ᠬᠢᠬᠦ ᠬᠡᠷᠡᠭᠲᠡᠶ ᠵᠠᠷᠴᠢᠮ᠃      ︵ᠭᠤᠷᠪᠠ︶ ᠡᠷᠬᠡ ᠲᠡᠭᠰᠢ᠂ ᠲᠦᠪ ᠭᠤᠣᠯᠴᠢ᠂ ᠢᠯᠡ ᠲᠤᠲᠦ ᠪᠠ ᠴᠠᠭ ᠲᠤᠬᠠᠶ ᠳᠤᠨᠢ᠂ ᠲᠦᠬᠦᠮ ᠲᠦᠷᠭᠡᠨ᠂ ᠥᠨᠳᠥᠷ ᠦᠷ᠎ᠡ ᠪᠦᠲᠦᠮᠵᠢ ᠶᠢ ᠤᠶᠠᠯᠳᠤᠭᠤᠯᠬᠤ ᠵᠠᠷᠴᠢᠮ᠃      ︵ᠳᠦᠷᠪᠡ︶ ᠦᠨᠳᠦᠰᠦᠨ ᠠᠮᠢᠳᠤᠷᠠᠯ ᠢ ᠪᠠᠲᠤᠯᠠᠬᠤ ᠪᠠ ᠲᠦᠷᠦᠯ ᠬᠤᠪᠢᠶᠠᠨ‌ᠠᠪᠤᠷᠠᠨ ᠲᠡᠳᠬᠦᠬᠦ ᠶᠢ ᠤᠶᠠᠯᠳᠤᠭᠤᠯᠬᠤ ᠵᠠᠷᠴᠢᠮ᠃      ︵ᠲᠠᠪᠤ︶ ᠭᠠᠮᠰᠢᠭ ᠠᠴᠠ ᠠᠪᠤᠷᠠᠬᠤ᠂ ᠪᠠᠴᠢᠮ ᠲᠤᠰᠠᠯᠠᠬᠤ ᠪᠡ ᠡᠯ᠎ᠡ ᠰᠠᠯᠠᠭ᠎ᠠ ᠮᠥᠴᠢᠷ ᠤᠨ ᠬᠢᠨ‌ᠠᠪᠤᠷᠠᠨ ᠲᠤᠰᠠᠯᠠᠬᠤ ᠲᠦᠷᠢᠮ ᠶᠢ ᠣᠷᠭᠠᠨᠢᠭ ᠢᠶᠠᠷ ᠤᠶᠠᠯᠳᠤᠭᠤᠯᠬᠤ ᠵᠠᠷᠴᠢᠮ᠃      ︵ᠵᠢᠷᠭᠤᠭ᠎ᠠ︶ ᠵᠠᠰᠠᠭ ᠤᠨ ᠣᠷᠳᠣᠨ ᠠᠴᠠ ᠳᠤᠰᠠᠯᠠᠬᠤ᠂ ᠨᠢᠭᠦᠯᠡᠰᠦᠩᠭᠦᠶ ᠦᠢᠯᠡᠰ ᠤᠨ ᠬᠠᠨᠳᠢᠪᠯᠠᠯ ᠂ ᠨᠡᠶᠢᠭᠡᠮ ᠤᠨ ᠬᠠᠷᠢᠯᠴᠠᠨ ᠳᠤᠰᠠᠯᠠᠬᠤ ᠶᠢ ᠨᠢᠭᠡᠳᠦᠯᠲᠡᠶ ᠲᠥᠯᠥᠪᠯᠡᠨ ᠤᠶᠠᠯᠳᠤᠭᠤᠯᠬᠤ ᠵᠠᠷᠴᠢᠮ᠃     ᠳᠥᠷᠪᠡᠳᠦᠭᠡᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠢ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠢᠴᠢ ᠬᠠᠮᠢᠶ᠎ᠡ ᠪᠦᠬᠦᠢ ᠰᠠᠯᠠᠭ᠎ᠠ ᠮᠥᠴᠢᠷ ᠬᠠᠷᠢᠭᠤᠴᠠᠨ᠎ᠠ᠃      ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠲᠤᠰ ᠬᠠᠷᠢᠶ᠎ᠠ ᠣᠷᠣᠨ ᠤ ᠳᠤᠲᠤᠷᠠᠬᠢ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠮᠦᠨ᠂ ᠵᠣᠬᠢᠶᠠᠨ ᠪᠠᠶᠢᠭᠤᠯᠤᠯᠲᠠ ᠬᠢᠵᠤ᠂ ᠪᠠᠴᠢᠮ ᠠᠪᠤᠷᠠᠨ ᠲᠤᠰᠠᠯᠠᠬᠤ ᠶᠢ ᠬᠠᠷᠢᠭᠤᠴᠠᠨ ᠤᠳᠤᠷᠢᠳᠴᠤ᠂ ᠶᠡᠷᠦᠩᠬᠡᠶᠢᠯᠡᠨ ᠵᠤᠬᠢᠴᠠᠭᠤᠯᠤᠨ᠂ ᠲᠤᠰ ᠬᠠᠷᠢᠶ᠎ᠠ ᠣᠷᠣᠨ ᠤ ᠲᠦᠷ ᠴᠠᠭ ᠤᠨ ᠠᠪᠤᠷᠠᠨ ᠳᠤᠰᠠᠯᠠᠬᠤ ᠭᠤᠶᠤᠴᠢᠯᠠᠯ ᠶᠢ ᠬᠦᠯᠢᠶᠠᠨ ᠠᠪᠴᠤ ᠰᠢᠢᠳᠪᠦᠷᠢᠯᠡᠬᠦ ᠪᠠ ᠬᠢᠨᠠᠨ ᠬᠠᠷᠭᠤᠭᠤᠯᠤᠨ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠵᠤ᠂ ᠴᠠᠭ ᠲᠤᠬᠠᠢ  ᠳᠤᠨᠢ ᠪᠠᠶᠢᠲᠡᠯ ᠢ ᠤᠶᠢᠯᠠᠭᠠᠨ᠂ ᠲᠤᠰ ᠭᠠᠵᠠᠷ ᠣᠷᠣᠨ ᠤ ᠲᠦᠷ ᠴᠠᠭ ᠠᠪᠤᠷᠠᠨ ᠲᠤᠰᠠᠯᠠᠬᠤ ᠴᠢᠬᠤᠯᠠᠲᠠᠶ  ᠬᠦᠴᠢᠷᠲᠡᠯᠲᠠᠢ ᠤᠯᠠᠨ ᠲᠦᠮᠡᠨ ᠢ ᠵᠢᠭᠰᠠᠭᠠᠨ ᠪᠠᠶᠢᠴᠠᠭᠠᠵᠤ᠂ ᠦᠳᠲᠡᠷ ᠲᠦᠷᠭᠡᠨ ᠢᠶᠠᠷ ᠳᠡᠭᠡᠭᠰᠢ ᠮᠡᠳᠡᠭᠦᠯᠬᠦ ᠬᠡᠷᠡᠭᠲᠡᠶ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠪᠦᠭᠦ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ ᠲᠤᠬᠠᠶᠢᠯᠠᠭᠰᠠᠨ ᠠᠵᠢᠯ  ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠪᠦᠭᠦ ᠬᠤᠰᠢᠭᠤᠨ ᠤ ᠲᠦᠷ ᠴᠠᠭ ᠤᠨ ᠠᠪᠤᠷᠠᠨ ᠲᠤᠰᠠᠯᠠᠬᠤ ᠶᠠᠪᠤᠳᠠᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠲᠤᠰᠢᠶᠠᠯ ᠢ ᠬᠦᠢᠴᠡᠳᠬᠡᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠶᠢ ᠬᠢᠨᠠᠨ ᠳᠤᠭᠲᠠᠭᠠᠨ ᠵᠦᠪᠰᠢᠶᠡᠷᠡᠵᠤ᠂ ᠠᠪᠤᠷᠠᠨ ᠲᠤᠰᠠᠯᠠᠬᠤ ᠮᠥᠩᠭᠦ ᠶᠢ ᠲᠠᠷᠬᠠᠭᠠᠬᠤ ᠪᠠ ᠡᠳᠦᠷ ᠲᠤᠳᠤᠮ ᠤᠨ ᠠᠵᠢᠯ ᠢ ᠲᠦᠷᠢᠮᠵᠢᠭᠤᠯᠤᠨ ᠬᠠᠮᠢᠶᠠᠷᠴᠤ᠂ ᠬᠦᠴᠢᠷᠳᠡᠯᠲᠡᠶ ᠤᠯᠠᠨ ᠲᠦᠮᠡᠨ ᠢ ᠴᠠᠭ ᠲᠤᠬᠠᠶ ᠳᠤᠨᠢ ᠠᠪᠤᠷᠠᠨ ᠳᠤᠰᠠᠯᠠᠵᠤ᠂ ᠬᠦᠴᠢᠷᠳᠡᠯᠲᠡᠶ ᠤᠯᠠᠨ ᠲᠦᠮᠡᠨ ᠤ ᠠᠮᠢᠳᠤᠷᠠᠯ ᠢ ᠦᠨᠡᠨ ᠬᠦ ᠪᠠᠲᠤᠯᠠᠬᠤ ᠬᠡᠷᠡᠭᠲᠡᠶ᠃       ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠴᠤᠭᠯᠠᠭᠤᠯᠤᠨ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠂ ᠪᠡᠯᠡ ᠮᠥᠩᠭᠦ ᠶᠢ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ᠂ ᠰᠤᠷᠭᠠᠨ ᠬᠦᠮᠦᠵᠢᠯ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠥᠮᠦᠨ ᠤ ᠬᠦᠴᠦᠨ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠨᠢᠭᠲᠠ ᠬᠠᠮᠲᠤᠷᠠᠯᠴᠠᠨ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ  ᠶᠢᠨ ᠬᠡᠪᠴᠢᠶᠡᠨ ᠳᠣᠲᠣᠷ᠎ᠠ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠶᠠᠳᠤᠭᠠᠷ ᠪᠦᠯᠦᠭ  ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ     ᠲᠠᠪᠤᠳᠤᠭᠠᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ᠄      ︵ᠨᠢᠭᠡ︶ ᠲᠤᠰ ᠬᠤᠰᠢᠭᠤᠨ ᠤ ᠡᠷᠦᠬᠡ ᠠᠮᠠ ᠲᠠᠢ ᠮᠠᠯᠴᠢᠨ ᠲᠠᠷᠢᠶᠠᠴᠢᠳ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠪᠤᠶᠤ ᠬᠤᠪᠢ ᠬᠥᠮᠦᠨ ︵ᠡᠭᠦᠨ ᠳᠤ ᠺᠠᠳ᠋ᠷ᠂ ᠠᠵᠢᠯᠲᠡᠳ ᠪᠠ ᠠᠵᠢᠯ ᠠᠴᠠ ᠠᠮᠠᠷᠠᠭᠰᠠᠨ ᠬᠥᠮᠦᠰ ᠪᠠᠭᠲᠠᠬᠤ ᠦᠭᠡᠢ︶᠃      ︵ᠬᠤᠶᠠᠷ︶ ᠲᠤᠰ ᠬᠤᠰᠢᠭᠤᠨ ᠤ ᠪᠤᠰᠤ ᠡᠷᠦᠬᠡ ᠠᠮᠠ ᠲᠠᠢ᠂ ᠮᠠᠨ ᠤ ᠬᠤᠰᠢᠭᠤᠨ ᠳᠤ ᠰᠠᠭᠤᠭᠠᠳ ᠨᠢᠭᠡ ᠵᠢᠯ ᠠᠴᠠ ︵ᠨᠢᠭᠡ ᠵᠢᠯ ᠪᠠᠭᠲᠠᠨ᠎ᠠ︶ ᠠᠴᠠ ᠳᠡᠭᠡᠭᠰᠢᠬᠢ ᠬᠤᠭᠤᠴᠠᠭ᠎ᠠ ᠪᠤᠯᠤᠭᠰᠠᠨ ᠬᠦᠴᠢᠷᠲᠠᠯᠲᠠᠢ ᠭᠡᠷ ᠪᠦᠯᠢ ᠪᠤᠶᠤ ᠬᠤᠪᠢ ᠬᠥᠮᠦᠨ᠃      ︵ᠭᠤᠷᠪᠠ︶ ᠲᠤᠰ ᠬᠤᠰᠢᠭᠤᠨ ᠤ ᠪᠤᠰᠤ ᠡᠷᠦᠬᠡ ᠠᠮᠠ ᠲᠠᠢ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠦᠭᠡᠢ᠂ ᠬᠠᠤᠯᠢ ᠶᠣᠰᠣᠨ ᠤ ᠲᠣᠭᠲᠠᠪᠤᠷᠢ ᠲᠠᠢ ᠡᠷᠬᠢᠯᠡᠭᠰᠡᠨ ᠠᠵᠢᠯ ᠦᠭᠡᠢ᠂ ᠠᠮᠢᠳᠤᠷᠠᠬᠤ ᠠᠷᠭ᠎ᠠ ᠦᠭᠡᠢ ᠪᠣᠯᠤᠭᠰᠠᠨ ᠲᠡᠨᠡᠭᠦᠯᠴᠢᠳ ᠭᠤᠶᠢᠷᠠᠨᠴᠢᠳ‌ᠢ ᠲᠡᠩᠬᠡᠷᠡᠭᠦᠯᠦᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠭᠡᠷ ᠪᠦᠯᠢ ᠪᠤᠶᠤ ᠬᠤᠪᠢ ᠬᠥᠮᠦᠨ᠃      ᠵᠢᠷᠭᠤᠳᠤᠭᠠᠷ ᠵᠦᠢᠯ᠄ ᠠᠪᠤᠷᠠᠨ ᠲᠤᠰᠠᠯᠠᠬᠤ ᠭᠡᠷ ᠪᠦᠯᠢ ᠶᠢᠨ ᠬᠦᠷᠳᠡᠬᠦ ᠡᠲᠡᠭᠡᠳ ᠢ ᠲᠤᠳᠤᠯᠠᠬᠤ᠄      ︵ᠨᠢᠭᠡ︶ ᠡᠪᠡᠳᠴᠢᠨ ᠠᠴᠠ ᠪᠤᠯᠵᠤ ᠲᠦᠷ ᠴᠠᠭ ᠠᠪᠤᠷᠠᠨ ᠲᠤᠰᠠᠯᠠᠬᠤ ᠴᠢᠬᠤᠯᠠᠲᠠᠢ ᠡᠲᠡᠭᠡᠳ᠃ ᠭᠡᠷ ᠪᠦᠯᠢ ᠶᠢᠨ ᠪᠦᠷᠢᠯᠳᠦᠬᠦᠨ ᠨᠢ ᠬᠦᠨᠳᠦ ᠡᠪᠡᠳᠴᠢᠨ ᠳᠤ ᠨᠡᠷᠪᠡᠭᠳᠡᠭᠰᠡᠨ  ᠡᠯ᠎ᠡ ᠵᠦᠢᠯ ᠤᠨ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠲᠤᠰᠠᠯᠠᠮᠵᠢ ᠪᠠ ᠨᠡᠶᠢᠭᠡᠮ ᠤᠨ ᠪᠤᠰᠤᠳ ᠵᠦᠳᠡᠭᠰᠡᠳ ᠲᠤ ᠲᠤᠰᠠᠯᠠᠬᠤ ᠠᠪᠤᠷᠠᠨ ᠲᠤᠰᠠᠯᠠᠬᠤ ᠪᠡᠯᠡ ᠮᠥᠩᠭᠦ ᠶᠢ ᠬᠠᠰᠤᠭᠠᠳ‌ᠡᠭᠦᠷᠭᠡᠯᠡᠯ ᠳᠠᠷᠤᠭᠠᠰᠤ ᠮᠥᠨ ᠨᠡᠯᠢᠶᠡᠳ ᠬᠦᠨᠳᠦ᠂ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ‌ᠨᠢ ᠲᠦᠷ ᠴᠠᠭ ᠲᠤᠬᠠᠶ ᠶᠢᠨ ᠭᠠᠵᠠᠷ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠤᠯᠤᠭᠰᠠᠨ ᠬᠦᠴᠢᠷᠲᠠᠯᠲᠡᠢ ᠭᠡᠷ ᠪᠦᠯᠢ᠃      ︵ᠬᠤᠶᠠᠷ︶ ᠰᠤᠷᠭᠠᠭᠤᠯᠢ ᠳᠤ ᠣᠷᠣᠬᠤ ᠶᠢ ᠲᠦᠷ ᠴᠠᠭ ᠠᠪᠤᠷᠠᠨ ᠲᠤᠰᠠᠯᠠᠬᠤ ᠴᠢᠬᠤᠯᠠᠲᠠᠢ ᠡᠲᠡᠭᠡᠳ᠃ ᠦᠷ᠎ᠡ ᠬᠡᠦᠬᠡᠳ ᠤᠨ ᠴᠡᠴᠡᠷᠯᠢᠭ ᠂ ᠰᠤᠷᠭᠠᠭᠤᠯᠢ ᠳᠤ ᠤᠷᠤᠬᠤ ᠵᠠᠷᠤᠳᠠᠯ ᠤᠨ ᠳᠠᠷᠤᠭᠠᠰᠤ ᠬᠡᠲᠦᠷᠬᠡᠶ ᠬᠦᠨᠳᠦ ᠠᠴᠠ ︵ᠬᠤᠪᠢ ᠶᠢᠨ ᠵᠠᠷᠤᠳᠠᠯ ᠤᠨ ᠰᠤᠷᠭᠠᠭᠤᠯᠢ ᠶᠢ ᠰᠤᠩᠭᠤᠭᠰᠠᠨ ᠰᠤᠷᠤᠭᠴᠢ᠂ ᠪᠦᠬᠦᠯᠢ ᠡᠳᠦᠷ ᠢᠶᠠᠷ ᠬᠢᠴᠢᠶᠡᠯᠯᠡᠬᠦ ᠪᠤᠰᠤ ᠶᠡᠭᠡ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠭᠴᠢ᠂ ᠰᠤᠳᠤᠯᠬᠤ ᠰᠤᠷᠤᠭᠴᠢ ᠪᠠ ᠨᠡᠩ ᠦᠨᠳᠤᠷ ᠱᠠᠲᠤᠨ ᠳᠤ ᠪᠠᠶᠢᠬᠤ ᠰᠤᠷᠤᠭᠴᠢ ᠶᠢ ᠪᠠᠭᠲᠠᠭᠠᠬᠤ ᠦᠭᠡᠢ︶ ᠪᠤᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠨᠢ ᠲᠦᠷ ᠴᠠᠭ ᠲᠤᠬᠠᠶ ᠶᠢᠨ ᠭᠠᠵᠠᠷ ᠤᠨ ᠬᠤᠳᠠ ᠬᠥᠳᠡᠭᠡ ᠶᠢᠨ ᠰᠠᠭᠤᠭᠠᠯᠢ ᠠᠷᠠᠳ ‍ᠤᠨ‌ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠬᠤ ᠬᠦᠴᠢᠷᠲᠠᠯᠲᠠᠢ ᠭᠡᠷ ᠪᠦᠯᠢ᠃      ︵ᠭᠤᠷᠪᠠ︶ ᠭᠡᠨᠡᠲᠡᠯ ᠠᠴᠠ ᠪᠤᠯᠵᠤ ᠲᠦᠷ ᠴᠠᠭ ᠠᠪᠤᠷᠠᠨ ᠲᠤᠰᠠᠯᠠᠬᠤ ᠴᠢᠬᠤᠯᠠᠲᠠᠢ ᠡᠲᠡᠭᠡᠳ᠃ ᠭᠡᠷ ᠪᠦᠯᠢ ᠶᠢᠨ ᠪᠦᠷᠢᠯᠳᠦᠬᠦᠨ ᠨᠢ ᠵᠠᠮ ᠬᠠᠷᠢᠯᠴᠠᠭᠠᠨ‌‍ᠤ ᠠᠳᠡᠯ᠂ ᠪᠠᠶᠢᠭᠠᠯᠢ ᠶᠢᠨ ᠭᠠᠮᠰᠢᠭ᠂ ᠬᠥᠮᠦᠨ ᠤ ᠬᠥᠨᠥᠭᠡᠯ ᠵᠡᠷᠭᠡ ᠬᠥᠮᠦᠨ ᠤ ᠪᠡᠶ᠎ᠡ ᠶᠢᠨ ᠰᠠᠨᠠᠭᠠᠨ ᠳᠤ ᠦᠭᠡᠢ ᠤᠴᠠᠷᠡᠯ ᠠᠴᠠ ᠪᠤᠯᠵᠦ᠂ ᠡᠯ᠎ᠡ ᠵᠦᠢᠯ ᠤᠨ ᠲᠥᠯᠥᠪᠦᠷᠢ᠂ ᠳᠠᠭᠠᠳᠬᠠᠯ ᠂ ᠠᠪᠤᠷᠠᠨ ᠲᠤᠰᠠᠯᠠᠭᠰᠠᠨ ᠵᠡᠷᠭᠡ ᠪᠡᠯᠡ ᠮᠥᠩᠭᠦ ᠶᠢ ᠬᠠᠰᠤᠭᠰᠡᠨ ᠤ ᠳᠠᠷᠠᠭ᠎ᠠ ᠳᠠᠷᠤᠭᠠᠰᠤ ᠮᠥᠨ ᠨᠡᠯᠢᠶᠡᠳ ᠬᠦᠨᠳᠦ᠂ ᠡᠰᠡᠭᠦᠯ᠎ᠡ  ᠭᠠᠯ ᠤᠨ ᠠᠶᠤᠯ ᠵᠡᠷᠭᠡ ᠭᠡᠨᠡᠳᠲᠡ ᠶᠢᠨ ᠬᠡᠷᠡᠭ ᠠᠴᠠ ᠪᠤᠯᠵᠤ ᠡᠳ᠋ ᠬᠤᠭᠰᠢᠯ ᠨᠢ ᠬᠦᠨᠳᠦ ᠰᠦᠷᠡᠬᠡᠶ ᠬᠤᠬᠢᠷᠠᠵᠤ᠂ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠨᠢ ᠲᠦᠷ ᠴᠠᠭ ᠲᠤᠬᠠᠶ ᠶᠢᠨ ᠭᠠᠵᠠᠷ  ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ  ᠠᠴᠠ ᠳᠣᠣᠷ᠎ᠠ ᠪᠠᠶᠢᠬᠤ ᠬᠦᠴᠢᠷᠲᠠᠯᠲᠠᠢ ᠭᠡᠷ ᠪᠦᠯᠢ᠃      ︵ᠳᠥᠷᠪᠡ︶ ᠪᠤᠰᠤᠳ ᠲᠦᠷ ᠴᠠᠭ ᠠᠪᠤᠷᠠᠨ ᠲᠤᠰᠠᠯᠠᠬᠤ ᠴᠢᠬᠤᠯᠠᠲᠠᠢ ᠡᠲᠡᠭᠡᠳ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠭᠡᠨᠡᠳᠲᠡ ᠨᠡᠮᠡᠭᠳᠡᠵᠤ᠂ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠲᠦᠷᠡᠵᠤ ᠂ ᠵᠠᠷᠤᠯᠭ᠎ᠠ ᠶᠢᠨ ᠵᠣᠭᠤᠰ ᠤᠨ ᠲᠤᠭ᠎ᠠ ᠨᠢ ᠶᠡᠷᠦ ᠶᠢᠨ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠠᠴᠠ 6 ᠲᠡᠭᠢᠨ‌ᠡᠴᠠ ᠳᠡᠭᠡᠭᠰᠢ ᠨᠡᠮᠡᠭᠳᠡᠭᠡᠳ᠂ ᠦᠨᠳᠦᠰᠦᠨ ᠠᠮᠢᠳᠤᠷᠠᠯ  ᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠤᠯᠭᠠᠷᠠᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠃ ᠡᠰᠡᠬᠦᠯ᠎ᠡ ᠬᠡᠷ ᠪᠦᠯᠢ  ᠨᠢ ᠨᠢᠭᠡ ᠯᠡ ᠤᠳᠠᠭᠠᠨ ᠤ ᠵᠠᠷᠤᠯᠭ᠎ᠠ ᠨᠢ ᠭᠡᠷ ᠪᠦᠯᠢ ᠶᠢᠨ ᠰᠠᠷ᠎ᠠ ᠶᠢᠨ ᠣᠷᠣᠯᠭ᠎ᠠ ᠠᠴᠠ 12 ᠳᠠᠬᠢᠨ ᠢᠯᠡᠭᠦᠤ᠂ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠢᠷᠢ ᠬᠡᠮᠵᠢᠶ᠎ᠡ ᠨᠢ ᠲᠦᠷ ᠴᠠᠭ ᠲᠤᠬᠠᠶ ᠶᠢᠨ ᠭᠠᠵᠠᠷ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ 2 ᠳᠠᠬᠢᠨ ᠢᠯᠡᠭᠦᠤ ᠬᠦᠴᠢᠷᠲᠠᠯᠲᠠᠢ ᠭᠡᠷ ᠪᠦᠯᠢ᠃      ︵ᠲᠠᠪᠤ︶ ᠮᠡᠳᠡᠷᠡᠯ ᠤᠨ ᠡᠪᠡᠳᠴᠢᠲᠡᠨ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠰ᠂ ᠬᠤᠳᠠ ᠪᠠᠯᠭᠠᠰᠤᠨ ᠤ ︽ᠭᠤᠷᠪᠠᠨ ᠥᠭᠡᠢ︾ ᠬᠥᠮᠦᠰ᠂ ᠡᠯ᠎ᠡ ᠲᠦᠷᠦᠯ ᠤᠨ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ ᠬᠡᠦᠬᠡᠳ᠂ ᠬᠦᠴᠢᠷᠳᠡᠯ ᠲᠠᠢ ᠬᠡᠦᠬᠡᠳ᠂ ᠭᠡᠷ ᠲᠡᠭᠡᠨ ᠦᠯᠡᠳᠡᠵᠦ  ᠬᠤᠴᠤᠷᠤᠭᠰᠡᠨ ᠨᠠᠰᠤᠲᠡᠳ᠂ ᠬᠡᠦᠬᠡᠳ᠂ ᠪᠦᠰᠡᠭᠦᠶᠢᠴᠤᠳ᠂ ᠬᠦᠨᠳᠦ ᠬᠡᠮᠵᠢᠶᠡᠨ ᠤ ᠵᠡᠮᠳᠡᠭ ᠬᠥᠮᠦᠨ᠂ ᠨᠢᠭᠡ ᠡᠷᠥᠭᠡ ᠳᠤ ᠪᠠᠶᠢᠬᠤ ᠤᠯᠠᠨ ᠵᠠᠮᠳᠡᠭᠴᠤᠳ᠃ ᠥᠨᠥᠴᠢᠨ ᠥᠷᠥᠭᠡᠰᠦᠨ ᠬᠡᠷ ᠪᠦᠯᠢ᠂ ᠵᠡᠷᠭᠡ ᠬᠦᠴᠢᠷᠳᠡᠯᠲᠡᠶ ᠭᠡᠷ ᠪᠦᠯᠢ ᠃      ︵ᠵᠢᠷᠭᠤᠭ᠎ᠠ︶ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠤᠯᠤᠰ ᠤᠨ ᠳᠡᠰ ᠤᠨ ᠶᠠᠳᠠᠭᠤ ᠬᠦᠴᠢᠷᠲᠠᠯᠲᠠᠢ ᠭᠡᠷ ᠡᠷᠦᠬᠡ ᠵᠢᠴᠢ ᠶᠠᠳᠠᠭᠤ ᠬᠦᠴᠢᠷᠲᠡᠯ ᠤᠨ ᠵᠠᠬ᠎ᠠ ᠬᠦᠪᠡᠭᠡᠨ ᠳᠠᠬᠢ ᠭᠡᠷ ᠪᠦᠯᠢ᠃      ᠳᠣᠯᠣᠳᠤᠭᠠᠷ ᠵᠦᠢᠯ᠄ ᠬᠤᠪᠢ ᠬᠥᠮᠦᠨ ᠢ ᠠᠪᠤᠷᠠᠨ ᠲᠤᠰᠠᠯᠠᠬᠤ ᠶᠢ ᠬᠦᠷᠳᠡᠬᠦ ᠡᠲᠡᠭᠡᠳ ᠢ ᠲᠤᠳᠤᠯᠠᠬᠤ      ︵ᠨᠢᠭᠡ︶ ᠭᠡᠨᠡᠳᠲᠡ ᠢᠶᠠᠷ ᠬᠦᠨᠳᠦ ᠡᠪᠡᠳᠴᠢᠯᠡᠭᠰᠡᠨ᠂ ᠲᠦᠷ ᠴᠠᠭ ᠭᠡᠷ ᠪᠦᠯᠢ ᠶᠢᠨ ᠳᠡᠮᠵᠢᠯᠭᠡ ᠤᠯᠵᠦ ᠲᠡᠶᠢᠯᠦᠭᠰᠡᠨ ᠦᠭᠡᠢ᠂ ᠴᠠᠭ ᠲᠤᠬᠠᠶ ᠳᠤᠨᠢ ᠡᠮᠨᠡᠭᠦᠯᠵᠦ ᠴᠢᠳᠠᠭᠰᠡᠨ ᠦᠭᠡᠢ ᠠᠴᠠ ᠪᠤᠯᠵᠦ ᠪᠡᠶ᠎ᠡ ᠨᠢ ᠵᠡᠮᠳᠡᠭ ᠪᠣᠯᠤᠭᠰᠠᠨ ᠪᠤᠶᠤ ᠠᠮᠢ ᠨᠠᠰᠤᠨ ᠤ ᠠᠶᠤᠯ ᠲᠦᠭᠰᠢᠭᠦᠷᠢ ᠲᠠᠢ ᠬᠤᠪᠢ ᠬᠥᠮᠦᠨ᠃      ︵ᠬᠤᠶᠠᠷ︶ ᠪᠦᠬᠦᠯᠢ 14 ᠨᠠᠰᠤᠨ ᠠᠴᠠ ᠲᠡᠭᠡᠭᠰᠢ᠂ ᠰᠤᠷᠭᠠᠭᠤᠯᠢ ᠳᠤ ᠰᠠᠭᠤᠬᠤ ︵ᠬᠤᠪᠢ ᠶᠢᠨ ᠵᠠᠷᠤᠳᠠᠯ  ᠤᠨ ᠰᠤᠷᠭᠠᠭᠤᠯᠢ ᠶᠢ ᠰᠤᠩᠭᠤᠭᠰᠠᠨ ᠰᠤᠷᠤᠭᠴᠢ᠂ ᠪᠦᠬᠦᠯᠢ ᠡᠳᠦᠷ ᠢᠶᠠᠷ ᠬᠢᠴᠢᠶᠡᠯᠯᠡᠬᠦ ᠪᠤᠰᠤ ᠶᠡᠭᠡ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠭᠴᠢ᠂ ᠰᠤᠳᠤᠯᠬᠤ ᠰᠤᠷᠤᠭᠴᠢ ᠪᠠ ᠨᠡᠩ ᠦᠨᠳᠤᠷ ᠱᠠᠲᠤᠨ ᠳᠤ ᠪᠠᠶᠢᠬᠤ‌‍ᠰᠤᠷᠤᠭᠴᠢ ᠶᠢ ᠪᠠᠭᠲᠠᠭᠠᠬᠤ ᠦᠭᠡᠢ︶ ᠵᠡᠷᠭᠡ ᠠᠰᠠᠭᠤᠳᠠᠯ ᠳᠤ᠂ ᠲᠦᠷ ᠴᠠᠭ ᠭᠡᠷ ᠪᠦᠯᠢ ᠶᠢᠨ ᠳᠡᠮᠵᠢᠯᠭᠡ ᠤᠯᠬᠤ ᠶᠢᠨ ᠠᠷᠭ᠎ᠠ ᠦᠭᠡᠢ᠂ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠵᠤ ᠴᠢᠳᠠᠬᠤ ᠦᠭᠡᠢ᠂ ᠦᠨᠳᠦᠰᠦᠨ ᠠᠮᠢᠳᠤᠷᠠᠯ ᠬᠦᠴᠢᠷᠲᠠᠯᠲᠠᠢ ᠰᠤᠷᠤᠭᠴᠢ᠃      ︵ᠭᠤᠷᠪᠠ︶ ᠵᠠᠮ ᠬᠠᠷᠢᠯᠴᠠᠭᠠᠨ ᠤ ᠠᠳᠡᠯ᠂ ᠤᠰᠦᠠ ᠳᠤ ᠤᠨᠠᠬᠤ᠂ ᠭᠠᠯ ᠤᠨ ᠠᠶᠤᠯ ᠵᠡᠷᠭᠡ ᠭᠡᠨᠡᠳᠲᠡ  ᠶᠢᠨ ᠬᠡᠷᠡᠭ ᠠᠴᠠ ᠪᠤᠯᠵᠤ᠂ ᠪᠡᠶ᠎ᠡ ᠰᠡᠳᠭᠢᠯ ᠨᠢ ᠬᠦᠨᠲᠦ ᠬᠡᠮᠳᠦᠵᠤ᠂ ᠲᠦᠷ ᠴᠠᠭ ᠭᠡᠷ ᠪᠦᠯᠢ ᠶᠢᠨ ᠳᠡᠮᠵᠢᠯᠭᠡ ᠤᠯᠬᠤ ᠶᠢᠨ ᠠᠷᠭ᠎ᠠ ᠦᠭᠡᠢ᠂ ᠠᠮᠢᠳᠤᠷᠠᠯ  ᠨᠢ ᠦᠨᠳᠦᠰᠦᠨ ᠳᠡᠭᠡᠨ ᠮᠤᠬᠤᠷᠳᠠᠭᠰᠠᠨ ᠬᠤᠪᠢ ᠬᠥᠮᠦᠨ᠃      ︵ᠲᠦᠷᠪᠡ︶ ᠭᠡᠨᠡᠳᠲᠡ ᠶᠢᠨ ᠡᠭᠦᠰᠦᠭᠰᠡᠨ ᠬᠡᠷᠡᠭ ᠠᠴᠠ ᠦᠨᠳᠦᠰᠦᠨ ᠠᠮᠢᠳᠤᠷᠠᠯ ᠤᠨ ᠬᠦᠴᠢᠷᠳᠡᠯ ᠳᠤ ᠲᠤᠯᠭᠠᠷᠠᠵᠤ᠂ ᠭᠠᠷᠴᠤ ᠮᠡᠳᠡᠬᠦ ᠪᠡᠶ᠎ᠡ ᠪᠠᠨ ᠭᠡᠮᠲᠦᠭᠡᠭᠰᠡᠨ ᠪᠤᠶᠤ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠠᠵᠢᠯᠯᠠᠭ᠎ᠠ ᠶᠢ ᠬᠢᠬᠦ ᠪᠤᠯᠤᠯᠴᠠᠭ᠎ᠠ ᠲᠠᠢ ᠬᠤᠪᠢ ᠬᠥᠮᠦᠨ ᠃     ᠨᠠᠢᠮᠠᠳᠤᠭᠠᠷ ᠵᠦᠢᠯ᠄ ᠪᠠᠶᠢᠭᠠᠯᠢ ᠶᠢᠨ ᠭᠠᠮᠰᠢᠭ᠂ ᠡ᠊ᠨᠳᠡᠯ ᠤᠨ ᠭᠠᠶ ᠭᠠᠮᠰᠢᠭ᠂ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠵᠡᠷᠭᠡ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠪᠠᠴᠢᠮ ᠲᠦᠷᠭᠡᠨ ᠢᠶᠠᠷ ᠰᠢᠯᠵᠢᠭᠦᠯᠦᠨ ᠲᠥᠪᠬᠢᠨᠡᠭᠦᠯᠬᠦ ᠪᠠ ᠦᠨᠳᠦᠰᠦᠨ ᠠᠮᠢᠳᠤᠷᠠᠯ ᠤᠨ ᠠᠪᠤᠷᠠᠨ ᠳᠤᠰᠯᠠᠬᠤ ᠶᠢ ᠥᠷᠨᠢᠭᠦᠯᠬᠦ ᠴᠢᠬᠤᠯᠠ ᠲᠠᠢ ᠵᠢᠴᠢ ᠡᠪᠡᠳᠴᠢᠨ‌ᠡᠮᠬᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠪᠴᠢᠶᠡᠨ ᠳᠤ ᠬᠠᠷᠢᠶᠠᠯᠠᠭᠳᠠᠨ᠎ᠠ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃      ᠶᠢᠰᠦᠳᠦᠭᠡᠷ ᠵᠦᠢᠯ᠄ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠥᠷ ᠴᠠᠭ ᠤᠨ ᠲᠤᠰᠠᠯᠠᠮᠵᠢ ᠬᠦᠷᠲᠡᠭᠡᠬᠦ ᠦᠬᠡᠢ᠄      ︵ᠨᠢᠭᠡ︶ ᠦᠨᠡᠨ ᠪᠠᠶᠢᠳᠠᠯ ᠢ ᠬᠠᠩᠭᠠᠬᠤ ᠶᠢ ᠲᠡᠪᠴᠢᠭᠰᠡᠨ ᠵᠢᠴᠢ ᠬᠠᠮᠢᠶ᠎ᠡ ᠪᠦᠬᠦᠢ ᠰᠠᠯᠠᠭ᠎ᠠ ᠮᠥᠴᠢᠷ ᠠᠴᠠ ᠬᠠᠨᠳᠤᠯᠭᠠᠲᠤ ᠴᠢᠨᠠᠷ ᠲᠠᠢ ᠠᠪᠤᠷᠠᠨ ᠲᠤᠰᠠᠯᠠᠬᠤ ᠶᠢ ᠬᠦᠯᠢᠶᠡᠨ ᠠᠪᠬᠤ ᠦᠭᠡᠢ᠃      ︵ᠬᠤᠶᠠᠷ︶ ᠬᠠᠤᠯᠢ ᠪᠤᠰᠤ ᠠᠵᠢᠯᠯᠠᠭ᠎ᠠ ᠳᠤ ᠤᠷᠤᠯᠴᠠᠵᠤ ᠭᠡᠷ ᠪᠦᠯᠢ ᠶᠢᠨ ᠦᠨᠳᠦᠰᠦᠨ ᠠᠮᠢᠳᠤᠷᠠᠯ ᠢᠶᠠᠨ ᠬᠦᠴᠢᠷᠳᠡᠯ ᠳᠤ ᠬᠦᠷᠦᠭᠦᠯᠬᠦ᠃      ︵ᠭᠤᠷᠪᠠ︶ ᠭᠤᠶᠤᠴᠢᠯᠠᠭᠴᠢ ᠨᠢ ᠠᠳᠠᠯᠢ ᠨᠢᠭᠡᠨ ᠤᠴᠢᠷ ᠰᠢᠯᠲᠠᠭᠠᠨ ᠢᠶᠠᠷ ᠲᠦᠷ ᠴᠠᠭ ᠤᠨ ᠠᠪᠤᠷᠠᠨ ᠲᠤᠰᠠᠯᠠᠬᠤ ᠶᠢ ᠳᠠᠪᠬᠤᠷᠳᠠᠭᠤᠯᠤᠨ ᠭᠤᠶᠤᠴᠢᠯᠠᠵᠤ᠂ ᠵᠦᠢ ᠶᠣᠰᠣᠨ ᠤ ᠤᠴᠢᠷ ᠰᠢᠯᠲᠠᠭᠠᠨ ᠦᠭᠡᠢ᠃      ︵ᠲᠦᠷᠪᠡ︶ ᠲᠤᠰ ᠬᠠᠷᠢᠶ᠎ᠠ ᠣᠷᠣᠨ ᠤ ᠪᠤᠰᠤ ᠡᠷᠦᠬᠡ ᠠᠮᠠ ᠶᠢᠨ ᠭᠡᠷ ᠪᠦᠯᠢ ᠪᠣᠯᠤᠨ ᠬᠤᠪᠢ ᠬᠥᠮᠦᠨ᠂ ᠳᠤᠰ ᠵᠢᠯ ᠨᠢᠭᠡᠨᠲᠡ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠲᠦᠷ ᠴᠠᠭ ᠤᠨ ᠠᠪᠤᠷᠠᠨ ᠲᠤᠰᠠᠯᠠᠬᠤ ᠶᠢ ᠬᠦᠷᠲᠡᠭᠰᠡᠨ ᠪᠠᠶᠢᠳᠠᠯ᠃      ︵ᠲᠠᠪᠤ︶ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠭᠰᠡᠨ ᠦᠷ᠎ᠡ ᠳ᠋ᠦᠩ ᠨᠢ ᠲᠤᠬᠠᠶ ᠶᠢᠨ ᠭᠠᠵᠠᠷ ᠤᠷᠤᠨ ᠤ ᠱᠠᠭᠠᠷᠳᠠᠯᠭ᠎ᠠ ᠳᠤ ᠨᠡᠶᠢᠴᠡᠬᠦ ᠦᠭᠡᠢ᠃      ︵ᠵᠢᠷᠭᠤᠭ᠎ᠠ︶ ᠬᠠᠤᠯᠢ ᠲᠤᠭᠳᠠᠭᠠᠯ ᠠᠴᠠ ᠵᠥᠷᠢᠴᠡᠭᠰᠡᠨ ᠠᠵᠢᠯᠯᠠᠭ᠎ᠠ ᠳᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠭᠰᠠᠨ ᠶᠤᠰᠤᠭᠠᠷ ᠭᠦᠢᠴᠡᠳᠬᠡᠬᠦ ᠶᠢ ᠲᠡᠪᠴᠢᠭᠰᠡᠨ᠃       ᠭᠤᠷᠪᠠᠳᠤᠭᠠᠷ ᠪᠦᠯᠦᠭ    ᠭᠤᠶᠤᠴᠢᠯᠠᠯ ᠭᠠᠷᠭᠠᠬᠤ ᠪᠠ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ      ᠠᠷᠪᠠᠳᠤᠭᠠᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠨᠢ ᠬᠤᠪᠢ ᠬᠥᠮᠦᠨ ᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠰᠤᠮᠤ ᠰᠢᠶᠠᠩ ᠪᠠᠯᠭᠠᠰᠤ᠂ ᠰᠠᠯᠠᠭ᠎ᠠ ᠮᠦᠴᠢᠷ᠂ ᠨᠡᠶᠢᠭᠡᠮ ᠤᠨ ᠪᠦᠯᠬᠦᠮ ᠭᠥᠯᠢᠶᠡᠨ‌ᠠᠪᠴᠤ ᠰᠢᠢᠳᠪᠦᠷᠢᠯᠡᠨ᠂ ᠰᠤᠮᠤ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠪᠣᠯᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠴᠦᠮ ᠨᠡᠶᠢᠭᠡᠮ ᠤᠨ ᠠᠪᠤᠷᠠᠨ ᠲᠤᠰᠠᠯᠠᠬᠤ ︽ᠨᠢᠭᠡ ᠰᠠᠯᠠᠭ᠎ᠠ ᠮᠥᠴᠢᠷ ᠠᠴᠠ ᠬᠦᠯᠢᠶᠡᠨ ᠠᠪᠬᠤ ᠴᠤᠩᠬᠤ︾ ᠶᠢ ᠪᠠᠶᠢᠭᠤᠯᠵᠤ᠂ ᠲᠦᠷ ᠴᠠᠭ ᠤᠨ ᠠᠪᠤᠷᠠᠨ ᠲᠤᠰᠠᠯᠠᠬᠤ ᠭᠡᠷ ᠪᠦᠯᠢ ᠪᠤᠶᠤ ᠬᠤᠪᠢ ᠬᠥᠮᠦᠨ ᠢ ᠲᠤᠰᠬᠠᠶᠢᠯᠠᠨ ᠬᠦᠯᠢᠶᠡᠨ ᠠᠪᠴᠤ ᠰᠢᠢᠳᠪᠦᠷᠢᠯᠡᠬᠦ ᠪᠠᠭᠲᠡᠨ᠎ᠡ᠃      ᠠᠷᠪᠠᠨ ᠨᠢᠭᠡᠳᠦᠭᠡᠷ ᠵᠦᠢᠯ᠄ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠠᠪᠤᠴᠠ᠄      ︵ᠨᠢᠭᠡ︶ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠭᠡᠷ ᠪᠦᠯᠢ ᠪᠤᠶᠤ ᠬᠤᠪᠢ ᠬᠥᠮᠦᠨ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤᠨ ᠠᠴᠠ ᠲᠦᠷ ᠴᠠᠭ ᠤᠨ ᠠᠪᠤᠷᠠᠨ ᠲᠤᠰᠠᠯᠠᠬᠤ ᠭᠤᠶᠤᠴᠢᠯᠠᠯ ᠳᠤᠷᠠᠳᠴᠤ᠂ ᠪᠠᠴᠢᠮ ᠪᠠᠶᠢᠳᠠᠯ ᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠨ ᠲᠦᠷ ᠴᠠᠭ ᠤᠨ ᠠᠪᠤᠷᠠᠨ ᠲᠤᠰᠠᠯᠠᠬᠤ ᠴᠣᠩᠬᠤ ᠠᠴᠠ ᠭᠤᠶᠤᠴᠢᠯᠠᠯ ᠭᠠᠷᠭᠠᠵᠦ ᠴᠤ ᠪᠤᠯᠤᠨ᠎ᠠ᠂ ᠲᠤᠰ ᠬᠥᠮᠦᠨ ᠤ ᠭᠤᠶᠤᠴᠢᠯᠠᠯ ᠪᠤᠶᠤ ᠪᠤᠰᠤᠳ ᠬᠥᠮᠦᠨ ᠳᠤ ᠨᠠᠶᠢᠳᠠᠵᠤ ᠭᠤᠶᠤᠴᠢᠯᠠᠯ ᠭᠠᠷᠭᠠᠬᠤ ᠬᠡᠷᠡᠭᠲᠡᠶ᠃ ᠲᠤᠬᠠᠶ ᠶᠢᠨ ᠭᠠᠵᠠᠷ ᠤᠨ ᠪᠤᠰᠤ ᠡᠷᠥᠭᠡ ᠠᠮᠠ ᠲᠠᠢ᠂ ᠲᠣᠭᠲᠠᠮᠠᠯ ᠣᠷᠣᠨ ᠰᠠᠭᠤᠴᠠ ᠲᠠᠢ ᠪᠥᠭᠡᠳ ᠨᠢᠭᠡ ᠵᠢᠯ ᠠᠴᠠ ᠳᠡᠭᠡᠭᠰᠢ ᠰᠠᠭᠤᠭᠰᠠᠨ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠨᠢ ᠣᠷᠣᠰᠢᠨ ᠰᠠᠭᠤᠭ᠎ᠠ ᠭᠠᠵᠠᠷ ᠠᠴᠠ ᠪᠠᠨ ᠲᠦᠷ ᠴᠠᠭ ᠤᠨ ᠠᠪᠤᠷᠠᠨ ᠲᠤᠰᠠᠯᠠᠬᠤ ᠶᠢ ᠭᠤᠶᠤᠴᠢᠯᠠᠵᠤ ᠪᠣᠯᠤᠨ᠎ᠠ᠃      ︵ᠬᠤᠶᠠᠷ︶ ᠲᠤᠬᠠᠶ ᠶᠢᠨ ᠭᠠᠵᠠᠷ ᠤᠨ ᠪᠤᠰᠤ ᠡᠷᠦᠬᠡ ᠠᠮᠠ ᠲᠠᠢ᠂ ᠬᠠᠤᠯᠢ ᠶᠣᠰᠣᠨ ᠤ ᠲᠣᠭᠲᠠᠮᠠᠯ ᠣᠷᠣᠨ ᠰᠠᠭᠤᠴᠠ‌ᠦᠭᠡᠢ᠂ ᠳᠤᠭᠲᠠᠭᠰᠠᠨ ᠬᠠᠤᠯᠢ ᠶᠣᠰᠣᠨ ᠤ ᠡᠷᠬᠢᠯᠡᠭᠰᠡᠨ ᠠᠵᠢᠯ ᠦᠬᠡᠢ ᠭᠡᠷ ᠪᠦᠯᠢ ᠪᠤᠶᠦ ᠬᠤᠪᠢ ᠬᠦᠮᠦᠨ  ᠳᠤ᠂ ᠲᠤᠬᠠᠶ ᠶᠢᠨ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠡᠭᠦᠨ ᠤ ᠬᠠᠷᠢᠶ᠎ᠠ ᠣᠷᠣᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ︵ᠥᠭᠡᠷ᠎ᠡ ᠪᠠᠷ ᠬᠡᠯᠡᠪᠡᠯ ᠲᠤᠰᠠᠯᠠᠨ ᠬᠠᠮᠢᠶᠠᠷᠬᠤ ᠦᠷᠳᠡᠭᠡ᠂ ᠨᠠᠰᠤᠨ ᠳᠤ ᠦᠯᠦ ᠬᠦᠷᠦᠭᠰᠡᠳ ᠶᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠥᠪ ᠵᠡᠷᠭᠡ︶ ᠲᠠᠢ ᠬᠠᠪᠰᠤᠷᠤᠨ᠂ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠪᠠᠶᠢᠭᠤᠯᠤᠮᠵᠢ ︵ᠲᠤᠬᠠᠶᠢᠯᠠᠪᠠᠯ 110᠂120᠂119᠂12349 ᠵᠡᠷᠭᠡ︶᠂ ᠡᠮᠴᠢᠯᠡᠭᠡᠨ ᠤ ᠪᠠᠶᠢᠭᠤᠯᠤᠮᠵᠢ ︵ᠵᠢᠱᠢᠶᠡᠯᠡᠪᠡᠯ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠬᠠᠷᠢᠶᠠᠲᠤ ᠣᠷᠣᠨ ᠤ ᠵᠢᠭᠠᠨ ᠲᠣᠭᠲᠠᠭᠠᠭᠰᠠᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠮᠨᠡᠯᠭᠡ ᠶᠢᠨ ᠬᠤᠷᠢᠶ᠎ᠠ︶ ᠵᠡᠷᠭᠡ ᠰᠠᠯᠠᠭ᠎ᠠ ᠮᠥᠴᠢᠷ ᠲᠤ ᠭᠤᠶᠤᠴᠢᠯᠠᠵᠤ ᠬᠠᠪᠰᠤᠷᠤᠭᠤᠯᠬᠤ ᠬᠡᠷᠡᠭᠲᠡᠶ᠃ ᠣᠨᠴᠠᠭᠠᠶ ᠲᠤᠰᠠᠯᠠᠮᠵᠢ ᠤᠯᠬᠤ ᠴᠢᠬᠤᠯᠠᠲᠠᠶ ᠭᠡᠷ ᠪᠦᠯᠢ ᠪᠣᠯᠤᠨ ᠬᠤᠪᠢ ᠬᠥᠮᠦᠨ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠶᠠᠪᠤᠳᠠᠯ ᠤᠨ ᠠᠯᠪᠠᠨ ᠭᠡᠷ ᠨᠢ ᠲᠡᠭᠦᠨ ᠢ ᠬᠠᠪᠰᠤᠷᠤᠨ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶᠠᠨ ᠤ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠴᠣᠩᠬᠤ ᠳᠤ ᠭᠤᠶᠤᠴᠢᠯᠠᠨ ᠠᠪᠤᠷᠠᠨ ᠲᠤᠰᠠᠯᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠶᠢ ᠭᠤᠶᠤᠴᠢᠯᠠᠬᠤ ᠳᠤ ᠳᠡᠪᠰᠢᠬᠦᠯᠬᠦ ᠮᠠᠲ᠋ᠧᠷᠢᠶᠠᠯ ᠄      ︵ᠨᠢᠭᠡ︶ ᠲᠦᠷ ᠴᠠᠭ ᠤᠨ ᠠᠪᠤᠷᠠᠨ ᠲᠤᠰᠠᠯᠠᠬᠤ ᠭᠤᠶᠤᠴᠢᠯᠠᠯ ᠤᠨ ᠪᠢᠴᠢᠭ ᠲᠤᠰᠢᠶᠠᠬᠤ ᠬᠡᠷᠡᠭᠲᠡᠶ᠃      ︵ᠬᠤᠶᠠᠷ︶ ᠬᠦᠴᠢᠷᠲᠠᠯᠲᠠᠢ ᠪᠠᠶᠢᠳᠠᠯ ᠤᠨ ᠭᠡᠷᠡᠴᠢ᠃      ︵ᠭᠤᠷᠪᠠ︶ ᠡᠷᠤᠭᠡ ᠠᠮᠠ ᠶᠢᠨ ᠲᠠᠩᠰᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠭᠡᠷᠡᠴᠢ ᠵᠡᠷᠭᠡ ᠪᠡᠶ᠎ᠡ ᠶᠢᠨ ᠪᠠᠶᠢᠳᠠᠯ ᠤᠨ ᠭᠡᠷᠡᠴᠢ᠃      ︵ᠲᠦᠷᠪᠡ︶ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠤ ᠬᠤᠷᠢᠶ᠎ᠠ ᠪᠤᠶᠤ ᠪᠤᠰᠤᠳ ᠬᠥᠮᠦᠨ ᠢ ᠨᠠᠶᠢᠲᠡᠵᠦ ᠭᠤᠶᠤᠴᠢᠯᠠᠯ ᠢ ᠣᠷᠣᠯᠠᠨ ᠲᠤᠰᠢᠶᠠᠬᠤ ᠳᠤ᠂ ᠨᠠᠶᠢᠳᠠᠯᠭ᠎ᠠ ᠶᠢᠨ ᠪᠢᠴᠢᠭ ᠬᠠᠩᠭᠠᠬᠤ ᠬᠡᠷᠡᠭᠲᠡᠶ᠃      ︵ᠲᠠᠪᠤ︶ ᠲᠤᠰ ᠭᠠᠵᠠᠷ ᠤᠨ ᠪᠤᠰᠤ ᠡᠷᠦᠬᠡ ᠠᠮᠠ ᠶᠢᠨ ᠳᠠᠩᠰᠠ ᠲᠠᠢ ᠨᠢ ᠨᠡᠶᠢᠭᠡᠮ ᠲᠣᠭᠤᠷᠢᠭ᠂ ᠭᠠᠴᠠᠭ᠎ᠠ ᠲᠤᠰᠬᠤᠨ ᠠᠴᠠ ᠪᠠᠶᠢᠩᠭᠤ ᠰᠠᠭᠤᠭ᠎ᠠ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠃       ᠠᠷᠪᠠᠨ ᠭᠤᠷᠪᠠᠳᠤᠭᠠᠷ ᠵᠦᠢᠯ᠄ ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠦᠯᠢᠶᠡᠨ ᠠᠪᠬᠤ ᠮᠦᠷᠲᠡᠬᠡᠨ ᠴᠠᠭ ᠳᠠᠷᠤᠶ ᠳᠤᠨᠢ ᠠᠪᠤᠷᠠᠨ ᠲᠤᠰᠠᠯᠠᠬᠤ ᠬᠡᠷᠡᠭᠲᠡᠶ᠃ ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠦᠭᠡᠶ ᠪᠤᠶᠤ ᠱᠠᠭᠠᠷᠳᠠᠯᠭ᠎ᠠ ᠳᠤ ᠨᠡᠶᠢᠴᠡᠬᠦ ᠦᠭᠡᠢ ᠪᠤᠯ ᠭᠤᠶᠤᠴᠢᠯᠠᠭᠴᠢ ᠪᠤᠶᠤ ᠲᠡᠭᠦᠨ ᠤ ᠣᠷᠣᠯᠠᠭᠴᠢ ᠶᠢ ᠨᠥᠬᠦᠵᠦ ᠪᠦᠷᠢᠳᠦᠭᠦᠯᠬᠦ ᠴᠢᠬᠤᠯᠠᠲᠠᠶ ᠪᠤᠶ ᠪᠦᠬᠦᠢ ᠲᠣᠭᠲᠠᠭᠠᠭᠰᠠᠨ ᠮᠠᠲ᠋ᠧᠷᠢᠶᠠᠯ ᠢᠶᠠᠨ ᠪᠦᠬᠦᠨ ᠶᠢ ᠨᠦᠬᠦᠵᠤ ᠦᠭᠬᠦ ᠶᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ᠄ ᠰᠠᠨᠠᠭᠠᠴᠢᠯᠠᠭ᠎ᠠ ᠠᠴᠠ ᠪᠠᠨ ᠲᠦᠷ ᠴᠠᠭ ᠤᠨ ᠠᠪᠤᠷᠠᠨ ᠲᠤᠰᠠᠯᠠᠬᠤ ᠱᠠᠭᠠᠷᠳᠠᠯᠭ᠎ᠠ ᠪᠠᠶᠢᠬᠤ ᠶᠢ ᠣᠯᠵᠤ ᠮᠡᠳᠡᠪᠡᠯ᠂ ᠬᠦᠯᠢᠶᠡᠨ ᠠᠪᠴᠤ ᠰᠢᠢᠳᠪᠦᠷᠢᠯᠡᠬᠦ ᠶᠠᠪᠤᠴᠠ᠄       ︵ᠨᠢᠭᠡ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ᠂ ᠨᠡᠶᠢᠭᠡᠮ ᠤᠨ ᠪᠦᠯᠬᠦᠮ ᠪᠠ ᠬᠤᠪᠢ ᠬᠥᠮᠦᠨ ᠨᠢ ᠰᠠᠭᠤᠭᠠᠯᠢ ᠠᠷᠠᠳ ᠤᠨ ᠭᠡᠨᠡᠳᠲᠡ ᠶᠢᠨ ᠬᠡᠷᠡᠭ ᠭᠠᠷᠬᠤ᠂ ᠰᠠᠨᠠᠭᠠᠨ ᠳᠤ ᠦᠭᠡᠢ ᠶᠢᠨ ᠭᠡᠨᠡᠳᠡᠯ ᠭᠠᠷᠬᠤ᠂ ᠬᠦᠨᠳᠦ ᠡᠪᠡᠳᠴᠢᠯᠡᠭᠰᠡᠨ ᠵᠡᠷᠭᠡ ᠣᠨᠴᠠᠭᠠᠶ ᠬᠦᠴᠢᠷᠳᠡᠯᠲᠡᠶ ᠬᠥᠮᠦᠰ ᠶᠢ ᠰᠠᠨᠠᠭᠠᠴᠢᠯᠠᠭ᠎ᠠ ᠠᠴᠠ ᠪᠠᠨ ᠬᠦᠴᠢᠷᠲᠡᠯᠲᠠᠢ ᠵᠢᠴᠢ ᠲᠤᠰᠠᠯᠠᠮᠵᠢ ᠭᠤᠶᠤᠴᠢᠯᠠᠬᠤ ᠴᠢᠳᠠᠪᠤᠷᠢ ᠪᠠᠨ ᠠᠯᠳᠠᠭᠰᠠᠨ ᠬᠡᠷ ᠪᠦᠯᠢ ᠪᠤᠶᠤ ᠬᠤᠪᠢ ᠬᠥᠮᠦᠨ ᠶᠢ ᠬᠠᠪᠰᠤᠷᠤᠨ ᠠᠪᠤᠷᠠᠨ ᠲᠤᠰᠠᠯᠠᠬᠤ ᠭᠤᠶᠤᠴᠢᠯᠠᠯ ᠭᠠᠷᠭᠠᠨ᠎ᠡ᠃       ︵ᠬᠤᠶᠠᠷ︶ ᠳᠣᠲᠣᠭᠠᠳᠤ ᠶᠢ ᠬᠠᠮᠠᠭᠠᠯᠠᠬᠤ ᠲᠤᠪᠴᠢᠶ᠎ᠡ᠂ ᠬᠤᠲᠠ ᠶᠢᠨ ᠬᠠᠮᠢᠶᠠᠷᠤᠯᠲᠠ ᠶᠢᠨ ᠶᠡᠭᠡ ᠠᠩᠬᠢ ᠵᠡᠷᠭᠡ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠪᠠᠨ ᠨᠠᠰᠤᠨ ᠳᠤ ᠤᠢᠯᠦ ᠬᠦᠷᠦᠭᠰᠡᠦᠠ ᠂ ᠮᠡᠳᠡᠷᠡᠯ ᠤᠨ ᠡᠪᠡᠳᠴᠢᠨ ᠲᠠᠢ ᠬᠥᠮᠦᠨ ᠪᠠ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠪᠠᠨ ᠠᠯᠲᠠᠭᠰᠡᠨ ᠪᠤᠶᠤ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠯᠠᠭᠳᠠᠭᠰᠡᠨ ᠬᠦᠮᠦᠨ ᠳᠤ ᠰᠠᠨᠠᠭᠠᠴᠢᠯᠠᠭ᠎ᠠ ᠠᠴᠠ ᠪᠠᠨ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠲᠡᠭᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠬᠠᠮᠲᠤ ᠬᠢᠨᠠᠨ ᠬᠠᠮᠠᠭᠠᠯᠠᠭᠴᠢ ᠪᠤᠶᠤ ᠬᠤᠯᠪᠣᠭᠳᠠᠯ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠳᠤ ᠳᠤᠰᠢᠶᠠᠨ᠎ᠠ᠃ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠬᠠᠤᠯᠢ ᠬᠡᠷᠡᠭᠵᠢᠭᠦᠯᠬᠦ ᠶᠠᠪᠤᠴᠠ ᠳᠤ ᠲᠤᠰᠠᠯᠠᠮᠵᠢ ᠭᠤᠶᠤᠴᠢᠯᠠᠬᠤ ᠴᠢᠳᠠᠪᠤᠷᠢ ᠪᠠᠨ ᠠᠯᠳᠠᠭᠰᠠᠨ ᠬᠦᠨᠳᠦ ᠲᠦᠭᠰᠢᠭᠦᠷᠢᠲᠡᠶ ᠡᠪᠡᠳᠴᠢᠲᠡᠨ ᠶᠢ ᠤᠯᠵᠤ ᠮᠡᠳᠡᠭᠰᠡᠨ ᠪᠤᠯ᠂ ᠲᠡᠭᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠠᠢ᠃ ᠰᠠᠨᠠᠭᠠᠴᠢᠯᠠᠭ᠎ᠠ ᠠᠴᠠ ᠪᠠᠨ120 ᠵᠡᠷᠭᠡ ᠡᠮᠴᠢᠯᠡᠭᠡᠨ ᠤ ᠪᠠᠶᠢᠭᠤᠯᠤᠮᠵᠢ ᠶᠢ ᠬᠠᠷᠢᠯᠴᠠᠵᠤ᠂ ᠬᠦᠴᠢᠷᠲᠠᠯᠲᠠᠢ ᠪᠠᠶᠢᠳᠠᠯ ᠠᠴᠠ ᠨᠢ ᠬᠠᠪᠰᠤᠷᠤᠨ ᠵᠠᠶᠢᠯᠠᠭᠤᠯᠬᠤ ᠬᠡᠷᠡᠭᠲᠠᠢ᠃       ︵ᠭᠤᠷᠪᠠ︶ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠷᠠᠳ ᠢᠷᠭᠡᠨ ᠬᠤᠪᠢ ᠬᠥᠮᠦᠨ ᠤ ᠮᠡᠳᠡᠭᠦᠯᠦᠭᠰᠡᠨ ᠠᠪᠤᠷᠠᠨ ᠲᠤᠰᠠᠯᠠᠬᠤ ᠰᠦᠪᠡᠭᠴᠢ ᠶᠢ ᠮᠡᠳᠡᠭᠰᠡᠨ ᠪᠤᠶᠤ ᠬᠦᠯᠢᠶᠡᠭᠰᠡᠨ ᠤ ᠲᠠᠷᠠᠭ᠎ᠠ᠂ ᠰᠠᠨᠠᠭᠠᠴᠢᠯᠠᠭ᠎ᠠ ᠠᠴᠠ ᠪᠠᠨ ᠪᠠᠶᠢᠳᠠᠯ ᠢ ᠨᠢ ᠬᠢᠨᠠᠨ ᠪᠠᠶᠢᠴᠠᠭᠠᠵᠤ᠂ ᠡᠭᠦᠨ ᠳᠤ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠮᠥᠨ ᠨᠡᠶᠢᠴᠡᠭᠰᠡᠨ ᠢ ᠨᠢ ᠬᠠᠪᠰᠤᠷᠤᠨ ᠠᠪᠤᠷᠠᠨ ᠲᠤᠰᠠᠯᠠᠬᠤ ᠭᠤᠶᠤᠴᠢᠯᠠᠯ ᠬᠢᠨ᠎ᠡ᠃      ᠠᠷᠪᠠᠨ ᠲᠠᠪᠤᠳᠤᠭᠠᠷ ᠵᠦᠢᠯ᠄ ᠰᠤᠮᠤ ᠰᠢᠶᠠᠩ ᠪᠠᠯᠭᠠᠰᠤᠨ ᠤ ᠲᠦᠷ ᠴᠠᠭ ᠤᠨ ᠠᠪᠤᠷᠠᠨ ᠲᠤᠰᠠᠯᠠᠬᠤ ᠨᠦᠭᠦᠴᠡᠯ ᠳᠤ ᠨᠡᠶᠢᠴᠡᠭᠰᠡᠨ ᠪᠦᠭᠡᠳ ᠬᠦᠯᠢᠶᠠᠨ ᠠᠪᠤᠭᠰᠠᠨ ᠭᠡᠷ ᠪᠦᠯᠢ ᠪᠤᠶᠤ ᠬᠤᠪᠢ ᠬᠥᠮᠦᠨ‌ᠵᠢ ᠴᠠᠭ ᠲᠤᠬᠠᠶ ᠲᠤᠨᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ᠂ ᠬᠢᠨᠠᠨ ᠬᠠᠷᠭᠤᠭᠤᠯᠤᠭᠠᠳ᠂ 3 ᠠᠵᠢᠯᠯᠠᠬᠤ ᠡᠳᠦᠷ ᠤᠨ ᠳᠣᠲᠣᠷ᠎ᠠ ᠪᠠᠩᠬᠢ ᠶᠢᠨ︽ᠨᠡᠶᠢᠳᠡᠮ ᠬᠡᠷᠡᠭᠯᠡᠬᠦ ᠺᠠᠷᠲ︾  ᠪᠠᠷ ᠲᠠᠮᠵᠢᠨ ᠠᠪᠤᠷᠠᠨ ᠲᠤᠰᠠᠯᠠᠬᠤ ᠡᠲᠡᠭᠡᠳ ᠤᠨ ᠳᠠᠩᠰᠠᠨ ᠡᠷᠦᠬᠡ ᠳᠤ ᠤᠷᠤᠭᠤᠯᠤᠨ᠎ᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠪᠠᠯ᠂ ᠲᠣᠪᠴᠢᠶ᠎ᠠ ᠶᠢᠨ ᠲᠤᠪᠴᠢᠶᠠᠨ ᠤ ᠶᠠᠪᠤᠳᠠᠯ ᠤᠨ ᠬᠤᠷᠠᠯ ᠠᠴᠠ ᠶᠠᠷᠢᠯᠴᠠᠵᠤ ᠪᠠᠲᠤᠯᠠᠭᠰᠠᠨ ᠤ ᠳᠠᠷᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠠᠪᠤᠷᠠᠨ ᠲᠤᠰᠠᠯᠠᠭᠴᠢ ᠶᠢᠨ ᠪᠠᠩᠬᠢ ᠶᠢᠨ ᠳᠠᠩᠰᠠᠨ ᠡᠷᠦᠬᠡ ᠳᠤ ᠤᠷᠤᠭᠤᠯᠤᠨ᠎ᠠ᠃     ᠠᠷᠪᠠᠨ ᠵᠢᠷᠭᠤᠳᠤᠭᠠᠷ ᠵᠦᠢᠯ᠄ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ  ᠶᠠᠪᠤᠴᠠ᠄      ︵ᠨᠢᠭᠡ︶ ᠡᠷᠦᠭᠡ ᠳᠤ ᠣᠷᠣᠵᠤ ᠬᠠᠷᠭᠤᠭᠤᠯᠤᠨ ᠪᠠᠶᠢᠴᠠᠭᠠᠬᠤ ᠪᠠ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ      ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠬᠤ ᠬᠡᠷᠡᠭᠲᠡᠶ᠃ ᠭᠠᠴᠠᠭ᠎ᠠ ᠲᠣᠰᠬᠤᠨ ︵ᠰᠠᠭᠤᠭᠠᠯᠢ ᠲᠤᠭᠤᠷᠢᠨ︶ ᠬᠤᠷᠢᠶᠠᠨ ᠤ ᠬᠠᠪᠰᠤᠷᠤᠯᠭ᠎ᠠ ᠳᠣᠣᠷ᠎ᠠ᠂ ᠭᠤᠶᠤᠴᠢᠯᠠᠭᠴᠢ ᠶᠢᠨ ᠭᠡᠷ ᠪᠦᠯᠢ ᠪᠣᠯᠤᠨ ᠬᠤᠪᠢ ᠬᠥᠮᠦᠨ ᠤ ᠠᠵᠤ ᠠᠮᠢᠳᠤᠷᠠᠯ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ᠂ ᠬᠡᠨ ᠬᠢᠨᠠᠨ ᠪᠠᠶᠢᠴᠠᠭᠠᠪᠠᠯ ᠬᠡᠨ ᠭᠠᠷ ᠤᠨ ᠦᠰᠦᠭ ᠵᠢᠷᠤᠵᠤ᠂ ᠬᠡᠨ ᠬᠠᠷᠢᠭᠤᠴᠠᠬᠤ ᠳᠦᠷᠢᠮ ᠶᠢ ᠪᠠᠷᠢᠮᠲᠠᠯᠠᠵᠤ᠂ ᠲᠡᠷᠡᠴᠢᠯᠡᠨ ᠤᠳᠠᠭ᠎ᠠ ᠪᠦᠷᠢ ᠬᠤᠶᠠᠷ ᠠᠴᠠ ᠳᠣᠭᠤᠭᠰᠢ ᠬᠦᠮᠦᠨ ᠪᠠᠶᠢᠵᠤ ᠪᠣᠯᠬᠤ ᠦᠭᠡᠢ᠃      ︵ᠬᠤᠶᠠᠷ︶ ᠠᠷᠠᠳᠴᠢᠯᠠᠯ ᠢᠶᠠᠷ ᠦᠨᠡᠯᠡᠬᠦ ᠪᠠ ᠨᠡᠶᠢᠲᠡᠯᠡᠬᠦ      ᠰᠤᠮᠤ ᠰᠢᠶᠠᠩ ᠪᠠᠯᠭᠠᠰᠤᠨ ᠠᠴᠠ ᠲᠦᠷ ᠴᠠᠭ ᠤᠨ ᠠᠪᠤᠷᠠᠨ ᠲᠤᠰᠠᠯᠠᠬᠤ ᠶᠢ ᠭᠤᠶᠤᠴᠢᠯᠠᠭᠰᠠᠨ ᠬᠥᠮᠦᠰ ᠤᠨ ᠠᠮᠢᠳᠤᠷᠠᠯ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠭᠰᠠᠨ ᠤ ᠲᠠᠷᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠲᠤ ᠨᠡᠶᠢᠴᠡᠬᠦ ᠭᠡᠷ ᠪᠦᠯᠢ ᠪᠤᠶᠤ ᠬᠤᠪᠢ ᠬᠥᠮᠦᠨ ᠤ ᠪᠠᠶᠢᠳᠠᠯ ᠢ ᠨᠢ ᠦᠵᠡᠵᠦ ᠪᠠᠶᠢᠭᠠᠳ ᠲᠡᠭᠦᠨ ᠤ ᠰᠠᠭᠤᠭ᠎ᠠ ᠭᠠᠴᠠᠭ᠎ᠠ ᠲᠤᠰᠬᠤᠨ ᠳᠤ ᠲᠤᠰᠬᠤᠨ ᠠᠷᠠᠳ ᠤᠨ ᠶᠡᠭᠡ ᠬᠤᠷᠠᠯ ᠪᠤᠶᠤ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠢ ᠬᠤᠷᠠᠯᠳᠤᠭᠤᠯᠵᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠪᠥᠭᠡᠳ ᠵᠠᠷ ᠨᠠᠭᠠᠵᠤ ᠨᠡᠶᠢᠲᠡᠯᠡᠨ᠂ ᠨᠡᠶᠢᠲᠡᠯᠡᠭᠡᠳ 3 ᠡᠳᠦᠷ ᠤᠨ ᠲᠠᠷᠠᠭ᠎ᠠ ᠣᠨᠳᠣᠣ ᠰᠠᠨᠠᠯ ᠦᠭᠡᠢ ᠪᠤᠯ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨᠠᠨ ᠬᠠᠷᠭᠤᠭᠤᠯᠬᠤ ᠶᠢᠨ ᠬᠠᠮᠲᠤ ᠠᠪᠤᠷᠠᠨ ᠲᠤᠰᠠᠯᠠᠬᠤ ᠬᠡᠷᠡᠭᠲᠡᠶ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠨᠢ ᠲᠡᠭᠦᠨ ᠤ ᠭᠡᠷ ᠪᠦᠯᠢ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠲᠣᠪᠴᠢᠶ᠎ᠠ ᠶᠢᠨ ᠶᠠᠪᠤᠳᠠᠯ ᠤᠨ ᠬᠤᠷᠠᠯᠳᠤᠭᠠᠨ ᠳᠡᠭᠡᠷ᠎ᠡ ᠬᠢᠨᠠᠨ ᠰᠤᠳᠤᠯᠤᠭᠠᠳ᠂ ᠠᠪᠤᠷᠠᠨ ᠲᠤᠰᠠᠯᠠᠬᠤ ᠨᠦᠭᠦᠴᠡᠯ ᠳᠤ ᠨᠡᠶᠢᠴᠡᠭᠰᠡᠨ ᠪᠠᠶᠢᠪᠠᠯ᠂ ᠲᠡᠭᠦᠨ ᠤ ᠰᠠᠭᠤᠭ᠎ᠠ ᠭᠠᠵᠠᠷ‌‍ᠲ᠋ᠤ ᠵᠠᠷᠯᠠᠨ ᠨᠡᠶᠢᠲᠡᠯᠡᠵᠦ᠂ ᠨᠡᠶᠢᠲᠡᠯᠡᠭᠡᠳ 3 ᠡᠳᠦᠷ ᠤᠨ ᠲᠠᠷᠠᠭ᠎ᠠ ᠣᠨᠳᠣᠣ ᠰᠠᠨᠠᠯ ᠦᠭᠡᠢ ᠪᠤᠯ᠂ ᠲᠤᠰᠠᠯᠠᠮᠵᠢ ᠬᠦᠷᠲᠡᠭᠡᠬᠦ ᠬᠡᠷᠡᠭᠲᠡᠶ᠃       ︵ᠭᠤᠷᠪᠠ︶ ᠳᠠᠩᠰᠠ ᠡᠪᠬᠡᠮᠡᠯ ᠤᠨ ᠬᠠᠮᠢᠶᠠᠷᠤᠯᠲᠠ       ᠬᠢᠨᠠᠨ ᠵᠥᠪᠰᠢᠶᠡᠷᠡᠬᠦ ᠠᠵᠢᠯ ᠳᠠᠭᠤᠰᠤᠭᠰᠠᠨ ᠤ ᠲᠡᠷᠠᠭ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ‌ᠨᠢ ᠡᠷᠬᠡᠪᠰᠢ ᠬᠢᠨᠠᠨ ᠵᠥᠪᠰᠢᠶᠡᠷᠡᠬᠦ ᠵᠦᠢᠯᠡᠰ ᠤᠨ ᠪᠦᠬᠦ ᠮᠠᠲ᠋ᠧᠷᠢᠶᠠᠯ ᠤᠨ ᠬᠠᠭᠤᠯᠠᠪᠤᠷᠢ ᠶᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠩᠰᠠ ᠡᠪᠬᠡᠮᠡᠯ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠡᠷᠦᠬᠡ ᠪᠠᠷ ᠴᠠᠭᠠᠰᠤᠨ ᠳᠠᠩᠰᠠ ᠡᠪᠬᠡᠮᠡᠯ ᠪᠠ ᠡᠯᠧᠺᠲᠷᠣᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠶ᠃ ᠬᠢᠨᠠᠨ ᠵᠥᠪᠰᠢᠶᠡᠷᠡᠬᠦ ᠲᠥᠷᠥᠯ ᠤᠨ ᠲᠠᠩᠰᠠ ᠡᠪᠬᠡᠮᠡᠯ ︵ᠡᠷᠦᠭᠡ ᠲᠠᠷᠤᠵᠦ ᠪᠠᠶᠢᠴᠠᠭᠠᠬᠤ ᠬᠦᠰᠦᠨᠦᠭᠲᠦ᠂ ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠤᠨ ᠭᠤᠶᠤᠴᠢᠯᠠᠯ ᠤᠨ ᠪᠢᠴᠢᠭ᠂ ᠭᠡᠷ ᠪᠦᠯᠢ ᠶᠢᠨ ᠣᠷᠣᠯᠭ᠎ᠠ ᠶᠢᠨ ᠭᠡᠷᠡᠴᠢᠯᠡᠯ᠂ ᠰᠠᠭᠤᠭᠠᠯᠢ ᠠᠷᠠᠳ ᠤᠨ ᠡᠷᠤᠭᠡ ᠠᠮᠠ ᠶᠢᠨ ᠲᠠᠩᠰᠠ ᠶᠢᠨ ᠳᠡᠪᠲᠡᠷ ᠪᠤᠶᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠭᠤᠯᠠᠪᠤᠷᠢ ᠵᠢᠴᠢ ᠳᠠᠩᠰᠠ ᠡᠪᠬᠡᠮᠡᠯ ᠳᠤ ᠣᠷᠣᠭᠤᠯᠬᠤ ᠶᠣᠰᠣᠲᠠᠶ ᠪᠤᠰᠤᠳ ᠮᠠᠲ᠋ᠧᠷᠢᠶᠠᠯ︶᠂ ᠡᠳᠦᠷ ᠲᠤᠲᠤᠮ ᠤᠨ ᠬᠠᠮᠢᠶᠠᠷᠤᠯᠲᠠ ᠶᠢᠨ ᠲᠥᠷᠥᠯ ᠤᠨ ᠳᠠᠩᠰᠠ ᠡᠪᠬᠡᠮᠡᠯ ︵ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ᠂ ᠪᠣᠳᠠᠲᠤ ᠶᠠᠭᠤᠮ᠎ᠠ ᠶᠢᠨ ᠲᠠᠩᠰᠠ᠂ ᠠᠪᠤᠷᠠᠨ ᠲᠤᠰᠠᠯᠠᠬᠤ ᠡᠲᠡᠭᠡᠳ ᠤᠨ ᠨᠡᠷ᠎ᠡ ᠶᠢᠨ ᠲᠠᠩᠰᠡ ᠵᠢᠴᠢ ᠳᠠᠩᠰᠠ ᠡᠪᠬᠡᠮᠡᠯ ᠳᠤ ᠣᠷᠣᠭᠤᠯᠬᠤ ᠶᠤᠰᠤᠲᠠᠢ ᠪᠤᠰᠤᠳ ᠮᠠᠲ᠋ᠧᠷᠢᠶᠠᠯ︶᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠴᠥᠮ ᠴᠠᠭᠠᠰᠤᠨ ᠳᠠᠩᠰᠠ ᠡᠪᠬᠡᠮᠡᠯ ᠪᠠ ᠡᠯᠧᠺᠲᠷᠣᠨ ᠳᠠᠩᠰᠠ ᠡᠪᠬᠡᠮᠡᠯ ᠢ ᠬᠠᠳᠠᠭᠠᠯᠠᠵᠤ᠂ ᠴᠠᠭᠠᠰᠤᠨ ᠳᠠᠩᠰᠠ ᠡᠪᠬᠡᠮᠡᠯ ᠪᠣᠯᠤᠨ ᠡᠯᠧᠺᠲᠷᠣᠨ ᠳᠠᠩᠰᠠ ᠡᠪᠬᠡᠮᠡᠯ ᠤᠨ ᠠᠭᠤᠯᠭ᠎ᠠ ᠶᠢ ᠨᠢᠭᠡᠳᠦᠯᠲᠡᠶ ᠪᠥᠭᠡᠳ ᠦᠨᠡᠨ ᠪᠠᠶᠢᠬᠤ ᠶᠢ ᠪᠠᠲᠤᠯᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠪᠠᠴᠢᠮ ᠶᠠᠪᠤᠴᠠ᠄      ︵ᠨᠢᠭᠡ︶ ᠪᠠᠴᠢᠮ ᠪᠠᠶᠢᠳᠠᠯ ᠲᠠᠢ ᠦᠶ᠎ᠡ ᠳᠤ ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠴᠤ᠂ ᠬᠤᠪᠢᠷᠠᠭᠤᠯᠬᠤ ᠠᠷᠭ᠎ᠠ ᠦᠭᠡᠢ ᠬᠤᠬᠢᠷᠠᠯ ᠤᠴᠠᠷᠠᠭᠤᠯᠤᠭᠰᠠᠨ ᠪᠤᠶᠤ ᠬᠦᠨᠳᠦ ᠨᠣᠴᠢᠲᠠᠶ ᠦᠷ᠎ᠡ ᠳ᠋ᠦᠩ ᠲᠠᠢ ᠪᠤᠯᠬᠤ  ᠶᠢ ᠰᠡᠷᠭᠡᠶᠢᠯᠡᠬᠦ ᠴᠢᠬᠤᠯᠠᠲᠠᠶ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠠᠴᠢᠮ ᠠᠪᠤᠷᠠᠨ ᠲᠤᠰᠠᠯᠠᠬᠤ ᠶᠠᠪᠤᠴᠠ ᠶᠢ ᠡᠬᠢᠯᠡᠬᠦᠯᠵᠤ᠂ ᠰᠢᠭᠤᠳ ᠭᠤᠶᠤᠴᠢᠯᠠᠯ ᠢ ᠬᠦᠯᠢᠶᠠᠨ ᠠᠪᠬᠤ᠂ ᠰᠢᠭᠤᠳ ᠬᠢᠨᠠᠨ ᠵᠦᠪᠰᠢᠶᠠᠷᠡᠬᠦ᠂ ᠴᠠᠭ ᠲᠤᠬᠠᠶ ᠳᠤᠨᠢ ᠣᠯᠭᠤᠬᠤ ᠠᠷᠭ᠎ᠠ ᠮᠠᠶ᠋ᠢᠭ ᠶᠢ ᠬᠡᠷᠡᠭᠯᠡᠵᠤ᠂ ᠤᠷᠢᠳᠠᠪᠠᠷ ᠠᠪᠤᠷᠠᠨ ᠲᠤᠰᠠᠯᠠᠬᠤ ᠬᠡᠷᠡᠭᠲᠡᠶ᠃ ᠪᠠᠴᠢᠮ ᠪᠠᠶᠢᠳᠠᠯ ᠥᠩᠭᠡᠷᠡᠭᠰᠡᠨ ᠤ ᠲᠠᠷᠠᠭ᠎ᠠ᠂ ᠲᠣᠭᠲᠠᠭᠠᠯ ᠶᠣᠰᠣᠭᠠᠷ ᠨᠥᠬᠦᠵᠦ ᠪᠦᠷᠢᠳᠦᠭᠦᠯᠬᠦ ᠴᠢᠬᠤᠯᠠᠲᠠᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢᠶᠠᠨ ᠬᠢᠬᠦ ᠬᠡᠷᠡᠭᠲᠡᠶ᠃      ︵ᠬᠤᠶᠠᠷ︶ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠠᠷᠠᠳ ᠤᠨ ᠶᠠᠪᠤᠳᠠᠯ ᠤᠨ ︽12349︾ ᠠᠪᠤᠷᠠᠨ ᠲᠤᠰᠠᠯᠠᠬᠤ ᠬᠠᠯᠡᠮ ᠤᠲᠠᠰᠤ ᠪᠠᠷ ᠳᠠᠮᠵᠢᠨ ᠭᠡᠨᠡᠳᠲᠡ ᠶᠢᠨ ᠴᠢᠨᠠᠷᠲᠠᠶ᠂ ᠪᠠᠴᠢᠮ ᠴᠢᠨᠠᠷᠲᠠᠢ᠂ ᠲᠦᠷ ᠴᠠᠭ ᠤᠨ ᠴᠢᠨᠠᠷᠲᠠᠶ ᠠᠮᠢᠳᠤᠷᠠᠯ ᠨᠢ ᠬᠦᠴᠢᠷᠳᠡᠯ ᠲᠠᠢ ᠭᠡᠷ ᠪᠦᠯᠢ ᠪᠣᠯᠤᠨ ᠬᠤᠪᠢ ᠬᠥᠮᠦᠨ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠴᠠᠭ ᠲᠤᠬᠠᠶ ᠳᠤᠨᠢ ᠲᠡᠩᠬᠡᠷᠡᠭᠦᠯᠦᠨ ᠲᠤᠰᠠᠯᠠᠬᠤ ᠶᠢ ᠭᠤᠶᠤᠴᠢᠯᠠᠭᠰᠠᠨ ᠡᠲᠡᠭᠡᠳ ᠤᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠬᠢᠨᠠᠨ ᠬᠠᠷᠭᠤᠭᠤᠯᠬᠤ ᠪᠥᠭᠡᠳ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠴᠢᠬᠤᠯᠠᠲᠠᠶ ᠦᠶ᠎ᠡ ᠳᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠤᠷᠢᠳᠠᠪᠠᠷ ᠠᠪᠤᠷᠠᠨ ᠲᠤᠰᠠᠯᠠᠵᠤ᠂ ᠳᠠᠷᠠᠭ᠎ᠠ ᠳᠤ ᠨᠢ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠨᠥᠬᠦᠪᠥᠷᠢᠯᠡᠨ ᠲᠡᠭᠦᠯᠳᠡᠷᠵᠢᠭᠦᠯᠵᠦ ᠪᠣᠯᠤᠨ᠎ᠠ᠃       ᠳᠥᠷᠪᠡᠳᠦᠭᠡᠷ ᠪᠦᠯᠦᠭ    ᠠᠪᠤᠷᠠᠨ ᠲᠤᠰᠠᠯᠠᠬᠤ ᠪᠠᠷᠢᠮᠵᠢᠶ᠎ᠠ ᠪᠣᠯᠤᠨ ᠠᠷᠭ᠎ᠠ ᠮᠠᠶ᠋ᠢᠭ        ᠠᠷᠪᠠᠨ ᠨᠠᠢᠮᠠᠳᠤᠭᠠᠷ ᠵᠦᠢᠯ᠄ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠪᠤᠷᠠᠨ ᠲᠤᠰᠠᠯᠠᠬᠤ ᠡᠲᠡᠭᠡᠳ ᠤᠨ ᠬᠦᠴᠢᠷᠳᠡᠯ ᠤᠨ ᠲᠦᠷᠦᠯ ᠬᠡᠯᠪᠡᠷᠢ᠂ ᠬᠦᠴᠢᠷ ᠤᠨ ᠬᠡᠮᠵᠢᠶ᠎ᠡ ᠶᠢ ᠦᠨᠳᠦᠰᠦᠯᠡᠨ᠂ ᠪᠤᠰᠤᠳ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠨᠢᠭᠡᠳᠦᠯᠲᠠᠢ ᠪᠤᠳᠤᠯᠬᠢᠯᠠᠨ᠂ ᠭᠤᠶᠤᠴᠢᠯᠠᠭᠰᠠᠨ ᠭᠡᠷ ᠪᠦᠯᠢ ᠪᠤᠶᠤ ᠬᠤᠪᠢ ᠬᠥᠮᠦᠨ ᠤ ᠦᠨᠳᠦᠰᠦᠨ ᠠᠮᠢᠳᠤᠷᠠᠯ  ᠶᠢ ᠪᠠᠲᠤᠯᠠᠬᠤ ᠵᠠᠷᠴᠢᠮ ᠶᠣᠰᠣᠭᠠᠷ᠂ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠢ ᠵᠣᠬᠢᠰᠲᠠᠶ ᠪᠠᠷ ᠲᠣᠭᠲᠠᠭᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠡ᠊ᠩ ᠤᠨ ᠪᠠᠶᠢᠳᠠᠯ ᠳᠣᠣᠷ᠎ᠠ ᠲᠤᠬᠠᠶ ᠶᠢᠨ ᠭᠠᠵᠠᠷ ᠤᠨ ᠬᠤᠳᠠ ᠬᠥᠳᠡᠭᠡ ᠶᠢᠨ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠲᠤᠭ᠎ᠠ ᠪᠠ ᠬᠦᠴᠢᠷ ᠪᠡᠷᠬᠡᠰᠢᠶᠡᠯ ᠦᠷᠭᠦᠯᠵᠢᠯᠡᠭᠰᠡᠨ ᠴᠠᠭ ᠬᠤᠭᠤᠴᠠᠭ᠎ᠠ ᠵᠡᠷᠭᠡ ᠭᠤᠷᠪᠠᠨ ᠡᠯᠧᠮᠧᠨ᠋ᠲ ᠢᠶᠠᠷ ᠲᠤᠭᠠᠴᠠᠭᠠᠯᠠᠨ ᠲᠣᠭᠲᠠᠭᠠᠵᠤ᠂ ᠪᠣᠳᠠᠲᠠᠶ ᠪᠤᠳᠤᠬᠤ ᠠᠷᠭ᠎ᠠ ᠨᠢ ᠳᠣᠣᠷᠠᠬᠢ ᠮᠡᠲᠦ᠄       ᠬᠦᠴᠢᠷᠳᠡᠯ ᠲᠠᠢ ᠭᠡᠷ ᠪᠦᠯᠢ ᠶᠢᠨ ᠨᠢᠭᠡ ᠤᠳᠠᠭ᠎ᠠ ᠶᠢᠨ ᠴᠢᠨᠠᠷᠲᠠᠶ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ = ᠲᠤᠬᠠᠶ ᠶᠢᠨ ᠭᠠᠵᠠᠷ ᠤᠨ ᠲᠤᠰ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ  ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ × ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠥᠮᠦᠨ ᠤ ᠲᠤᠭ᠎ᠠ × ᠬᠦᠴᠢᠷ ᠪᠡᠷᠬᠡᠰᠢᠶᠡᠯ ᠦᠷᠭᠦᠯᠵᠢᠯᠡᠭᠰᠡᠨ ᠴᠠᠭ ᠬᠤᠭᠤᠴᠠᠭ᠎ᠠ ︵ᠰᠠᠷ᠎ᠠ ᠢᠶᠠᠷ ᠨᠢᠭᠡᠴᠢ ᠪᠤᠯᠭᠠᠨ᠎ᠠ︶᠃      ᠬᠤᠷᠢᠳᠤᠭᠠᠷ ᠵᠦᠢᠯ᠄ ᠲᠣᠳᠣᠷᠬᠠᠶ ᠲᠥᠷᠥᠯ ᠬᠤᠪᠢᠶᠠᠨ ᠳᠡᠮᠵᠢᠵᠤ ᠳᠡᠶᠢᠯᠬᠦ ᠳᠤ ᠨᠢ᠂ ᠳᠣᠣᠷᠠᠬᠢ ᠠᠪᠤᠷᠠᠨ ᠲᠤᠰᠠᠯᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠄      ︵ᠨᠢᠭᠡ︶ ᠡᠪᠡᠳᠴᠢᠨ ᠠᠴᠠ ᠪᠤᠯᠵᠦ ᠬᠦᠴᠢᠷᠲᠡᠯ ᠢ ᠪᠤᠢ ᠪᠤᠯᠭᠠᠭᠰᠡᠨ᠄ ᠭᠡᠷ ᠪᠦᠯᠢ ᠶᠢᠨ ᠪᠦᠷᠢᠯᠳᠦᠬᠦᠨ ᠡᠳᠡᠭᠡᠳ ᠬᠦᠨᠳᠦ ᠡᠪᠡᠳᠴᠢᠨ‌‍ᠳᠤ ᠨᠡᠷᠪᠡᠭᠳᠡᠭᠰᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠤᠢ ᠪᠦᠬᠦᠢ ᠡᠮ ᠡᠮᠨᠡᠯᠭᠡ ᠶᠢᠨ ᠪᠠᠲᠤᠯᠠᠭ᠎ᠠ ᠪᠠ ᠨᠡᠶᠢᠭᠡᠮ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢᠨ ᠠᠪᠤᠷᠠᠨ ᠲᠤᠰᠠᠯᠠᠬᠤ ᠮᠥᠩᠭᠦ ᠶᠢ ᠬᠠᠰᠤᠭᠠᠳ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ ᠨᠢ 10000 ᠲᠥᠭᠦᠷᠢᠭ ᠠᠴᠠ ᠳᠡᠭᠡᠭᠰᠢ ︵ᠬᠠᠰᠤᠭᠰᠠᠨ ᠬᠡᠰᠡᠭ ᠠᠭᠤᠯᠬᠤ ᠦᠭᠡᠢ︶᠂ ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠦᠴᠢᠷᠳᠡᠯ ᠢ ᠥᠪᠡᠷ ᠤᠨ ᠬᠦᠴᠦᠨ ᠳᠡᠭᠡᠨ ᠲᠦᠰᠢᠭᠯᠡᠨ ᠰᠢᠢᠳᠪᠦᠷᠢᠯᠡᠵᠤ ᠳᠡᠶᠢᠯᠬᠦ ᠦᠭᠡᠢ ᠪᠠᠶᠢᠳᠠᠯ ᠳᠤ᠂ ᠡᠮ ᠡᠮᠨᠡᠯᠭᠡ ᠶᠢᠨ ᠵᠠᠷᠤᠳᠠᠯ ᠤᠨ 30 % ᠶᠢ ᠥᠪᠡᠷ ᠢᠶᠠᠨ ᠳᠠᠭᠠᠭᠠᠬᠤ ᠶᠣᠰᠣᠭᠠᠷ᠂ ᠠᠷᠠᠳ ᠤᠨ ᠶᠠᠪᠤᠳᠠᠯ ᠤᠨ ᠲᠣᠪᠴᠢᠶ᠎ᠠ ᠡᠴᠠ‌ᠨᠢᠭᠡ ᠤᠳᠠᠭ᠎ᠠ ᠶᠢᠨ ᠴᠢᠨᠠᠷᠲᠠᠶ ᠲᠦᠷ ᠴᠠᠭ ᠤᠨ ᠠᠪᠤᠷᠠᠨ ᠳᠤᠰᠠᠯᠠᠯᠲᠠ ᠦᠭᠴᠤ᠂ ᠠᠪᠤᠷᠠᠨ ᠲᠤᠰᠠᠯᠠᠬᠤ ᠵᠣᠭᠤᠰᠣᠨ ᠲᠤᠭ᠎ᠠ ᠶᠢ 3000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ᠤᠯᠤᠰ ᠤᠨ ᠲᠡᠰ ᠤᠨ ᠶᠠᠳᠠᠭᠤ ᠡᠷᠦᠬᠡ ᠵᠢᠴᠢ ᠶᠠᠳᠠᠭᠤ ᠶᠢᠨ ᠪᠠᠷᠢᠮᠵᠢᠶ᠎ᠠ ᠳᠤ ᠬᠥᠪᠡᠭᠡᠳᠡᠵᠦ ᠪᠠᠶᠢᠭ᠎ᠠ ᠡᠷᠦᠬᠡ᠂ ᠨᠠᠭᠠᠲᠦ ᠵᠠᠬ᠎ᠠ ᠶᠢᠨ ᠪᠠᠲᠤᠯᠠᠭᠠᠲᠤ ᠡᠷᠤᠭᠡ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠬᠥᠮᠦᠰ᠂ ᠬᠤᠳᠠ ᠪᠠᠯᠭᠠᠰᠤᠨ ᠤ ︽ᠭᠤᠷᠪᠠᠨ ᠥᠭᠡᠢ︾ ᠬᠥᠮᠦᠰ᠂ ᠥᠨᠥᠴᠢᠨ ᠬᠡᠦᠬᠡᠳ᠂ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠤᠨ ᠳᠤᠮᠳᠠ ᠬᠦᠨᠳᠦ ᠡᠪᠡᠳᠴᠢᠨ ᠳᠤ ᠨᠡᠷᠪᠡᠭᠳᠡᠭᠰᠡᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠤᠢ ᠪᠦᠬᠦᠢ ᠡᠮ ᠡᠮᠨᠡᠯᠭᠡ ᠶᠢᠨ ᠪᠠᠲᠤᠯᠠᠭ᠎ᠠ ᠪᠠ ᠨᠡᠶᠢᠭᠡᠮ ᠤᠨ ᠠᠪᠤᠷᠠᠨ ᠲᠤᠰᠠᠯᠬᠤ ᠲᠦᠷᠦ ᠶᠢᠨ ᠪᠤᠳᠤᠯᠭ᠎ᠠ ᠶᠢᠨ ᠠᠪᠤᠷᠠᠨ ᠲᠤᠰᠠᠯᠠᠬᠤ ᠮᠥᠩᠭᠦ ᠶᠢ ᠬᠠᠰᠤᠭᠠᠳ᠂ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠡᠮᠨᠡᠯᠭᠡ ᠳᠤ ᠰᠠᠭᠤᠬᠤ ᠡᠮ ᠡᠮᠨᠡᠯᠭᠡ ᠶᠢᠨ ᠵᠠᠷᠤᠳᠠᠯ 5000 ᠲᠥᠭᠦᠷᠢᠭ ᠠᠴᠠ ᠳᠡᠭᠡᠭᠰᠢ ︵ᠬᠠᠰᠤᠭᠰᠠᠨ ᠬᠡᠰᠡᠭ ᠠᠭᠤᠯᠬᠤ ᠦᠭᠡᠢ︶᠂ ᠭᠡᠷ ᠪᠦᠯᠢ ᠶᠢᠨ ᠦᠨᠳᠦᠰᠦᠨ‌ᠠᠮᠢᠳᠤᠷᠠᠯ ᠤᠨ ᠬᠦᠴᠢᠷᠳᠡᠯ ᠢ ᠥᠪᠡᠷ ᠤᠨ ᠬᠦᠴᠦᠨ ᠳᠡᠭᠡᠨ ᠲᠦᠰᠢᠭᠯᠡᠨ ᠰᠢᠢᠳᠪᠦᠷᠢᠯᠡᠵᠤ ᠳᠡᠶᠢᠯᠬᠦ ᠦᠭᠡᠢ ᠪᠠᠶᠢᠳᠠᠯ ᠳᠤ᠂ ᠡᠮ ᠡᠮᠨᠡᠯᠭᠡ ᠶᠢᠨ ᠵᠠᠷᠤᠳᠠᠯ ᠤᠨ35% ᠶᠢ ᠥᠪᠡᠷ ᠢᠶᠠᠨ ᠳᠠᠭᠠᠭᠠᠬᠤ ᠶᠣᠰᠣᠭᠠᠷ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡ ᠤᠳᠠᠭ᠎ᠠ ᠶᠢᠨ ᠴᠢᠨᠠᠷᠲᠠᠶ ᠲᠦᠷ ᠴᠠᠭ ᠤᠨ ᠠᠪᠤᠷᠠᠨ ᠲᠤᠰᠠᠯᠠᠯᠲᠡ ᠦᠭᠴᠦ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ 5000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃       ︵ᠬᠤᠶᠠᠷ︶ ᠰᠤᠷᠭᠠᠨ ᠬᠦᠮᠦᠵᠢᠯ ᠠᠴᠠ ᠪᠤᠯᠵᠦ ᠬᠦᠴᠢᠷᠳᠡᠯ ᠢ ᠪᠤᠢ ᠪᠣᠯᠭᠠᠭᠰᠠᠨ᠄ ᠤᠨᠴᠠᠭᠠᠢ ᠬᠦᠴᠢᠷᠳᠡᠯ  ᠲᠠᠢ ᠬᠡᠷ ᠪᠦᠯᠢ ᠶᠢᠨ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ ᠪᠣᠯᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠠᠪᠤᠷᠠᠬᠤ ᠲᠤᠰᠠᠯᠠᠮᠵᠢ ᠦᠵᠡᠭᠦᠯᠦᠭᠰᠡᠨ ᠤ ᠳᠠᠷᠠᠭ᠎ᠠ᠂ ᠰᠤᠷᠤᠯᠭ᠎ᠠ ᠶᠢᠨ ᠵᠠᠷᠤᠳᠠᠯ ᠨᠢ ᠪᠡᠰᠡ ᠯᠠ ᠭᠡᠷ ᠪᠦᠯᠢ ᠶᠢᠨ ᠠᠮᠢᠳᠤᠷᠠᠯ ᠢ ᠬᠦᠴᠢᠷᠳᠡᠯ ᠲᠠᠢ ᠪᠤᠯᠭᠠᠭᠰᠠᠨ ᠰᠤᠷᠤᠯᠴᠠᠵᠤ ᠪᠠᠶᠢᠭ᠎ᠠ ᠰᠤᠷᠤᠭᠴᠢ ᠳᠤ᠂ ᠪᠣᠳᠠᠲᠤ ᠪᠠᠶᠢᠳᠠᠯ ᠢ ᠦᠨᠳᠦᠰᠦᠯᠡᠨ᠂ ᠬᠥᠮᠦᠨ ᠪᠦᠷᠢ ᠳᠤ ᠵᠢᠯ ᠳᠡᠭᠡᠨ ᠨᠢᠭᠡ ᠤᠳᠠᠭ᠎ᠠ ᠶᠢᠨ ᠴᠢᠨᠠᠷᠲᠠᠶ 500 ᠲᠥᠭᠦᠷᠢᠭ ᠠᠴᠠ ᠳᠣᠣᠷ᠎ᠠ ᠦᠭᠡᠢ᠂ ᠬᠠᠮᠤᠭ ᠥᠨᠳᠥᠷ ᠳᠡᠭᠡᠨ2000 ᠲᠥᠭᠦᠷᠢᠭ ᠤᠨ ᠪᠠᠷᠢᠮᠵᠢᠶ᠎ᠠ  ᠪᠠᠷ ᠲᠦᠷ ᠴᠠᠭ ᠤᠨ ᠠᠪᠤᠷᠠᠬᠤ ᠲᠤᠰᠠᠯᠠᠮᠵᠢ ᠦᠵᠡᠭᠦᠯᠬᠦ ᠬᠡᠷᠡᠭᠲᠠᠢ᠃ ᠤᠯᠤᠰ ᠤᠨ ᠳᠡᠰ ᠤᠨ ᠶᠠᠳᠠᠭᠤ ᠡᠷᠦᠬᠡ ᠵᠢᠴᠢ ᠶᠠᠳᠠᠭᠤ ᠶᠢᠨ ᠪᠠᠷᠢᠮᠵᠢᠶ᠎ᠠ ᠳᠤ ᠬᠥᠪᠡᠭᠡᠳᠡᠵᠦ ᠪᠠᠶᠢᠭ᠎ᠠ ᠡᠷᠦᠬᠡ᠂ ᠨᠠᠭᠠᠲᠦ ᠵᠠᠬ᠎ᠠ ᠶᠢᠨ ᠪᠠᠲᠤᠯᠠᠭᠠᠲᠤ ᠡᠷᠤᠭᠡ᠂ ᠥᠨᠥᠴᠢᠨ ᠬᠡᠦᠬᠡᠳ ᠲᠤ 1000 ᠲᠥᠭᠦᠷᠢᠭ ᠠᠴᠠ ᠳᠣᠣᠷ᠎ᠠ ᠦᠭᠡᠢ᠂ 3000 ᠲᠥᠭᠦᠷᠢᠭ ᠠᠴᠠ ᠬᠡᠲᠦᠷᠡᠭᠦᠯᠵᠦ ᠪᠤᠯᠬᠤ ᠦᠭᠡᠢ ᠪᠠᠷᠢᠮᠵᠢᠶ᠎ᠠ ᠪᠠᠷ ᠲᠦᠷ ᠴᠠᠭ ᠤᠨ ᠠᠪᠤᠷᠠᠬᠤ ᠲᠤᠰᠠᠯᠠᠮᠵᠢ ᠦᠵᠡᠭᠦᠯᠬᠦ ᠬᠡᠷᠡᠭᠲᠠᠢ᠃       ︵ᠭᠤᠷᠪᠠ︶ ᠰᠠᠨᠠᠭᠠᠨ ᠳᠤ ᠦᠭᠡᠢ ᠬᠡᠷᠡᠭ ᠠᠴᠠ ᠪᠤᠯᠵᠤ ᠬᠦᠴᠢᠷᠳᠡᠯ ᠢ ᠪᠤᠢ ᠪᠣᠯᠭᠠᠭᠰᠠᠨ᠄ ᠪᠠᠶᠢᠭᠠᠯᠢ ᠶᠢᠨ ᠭᠠᠶ ᠭᠠᠮᠰᠢᠭ᠂ ᠠᠳᠡᠯ ᠤᠨ ᠭᠠᠶ ᠭᠠᠮᠰᠢᠭ᠂ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠤᠨ ᠠᠮᠤᠷ ᠲᠦᠪᠰᠢᠨ ᠵᠡᠷᠭᠡ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠬᠢᠭᠡᠳ ᠪᠤᠰᠤᠳ ᠭᠡᠨᠡᠳᠲᠡ ᠶᠢᠨ ᠴᠢᠨᠠᠷᠲᠠᠶ ᠠᠳᠡᠯ ᠠᠴᠠ ᠪᠤᠯᠵᠦ ᠠᠮᠢᠳᠤᠷᠠᠯ ᠨᠢ ᠬᠦᠴᠢᠷᠲᠡᠶ ᠪᠤᠯᠤᠭᠰᠠᠨ ᠳᠤ᠂ ᠲᠤᠬᠠᠶ ᠶᠢᠨ ᠭᠠᠵᠠᠷ ᠤᠨ ᠠᠷᠠᠳ ᠤᠨ ᠶᠠᠪᠤᠳᠠᠯ ᠵᠡᠷᠭᠡ ᠬᠠᠮᠢᠶ᠎ᠡ ᠪᠦᠬᠦᠢ ᠰᠠᠯᠠᠭ᠎ᠠ ᠮᠥᠴᠢᠷ ᠶᠡᠷᠦᠩᠬᠡᠶᠢᠯᠡᠨ ᠲᠦᠯᠦᠪᠵᠢᠭᠦᠯᠦᠨ᠂ ᠪᠣᠳᠠᠲᠠᠶ ᠪᠠᠶᠢᠳᠠᠯ ᠢ ᠦᠨᠳᠦᠰᠦᠯᠡᠨ ᠨᠢᠭᠡ ᠯᠡ‌ᠤᠳᠠᠭ᠎ᠠ ᠶᠢᠨ ᠴᠢᠨᠠᠷᠲᠠᠶ 500 ᠲᠥᠭᠦᠷᠢᠭ ᠠᠴᠠ ᠳᠣᠣᠷ᠎ᠠ ᠦᠭᠡᠢ᠂ 3000 ᠲᠥᠭᠦᠷᠢᠭ ᠠᠴᠠ ᠬᠡᠲᠦᠷᠡᠭᠦᠯᠬᠦ ᠦᠭᠡᠢ ᠣᠨᠴᠠᠭᠠᠶ ᠲᠤᠰᠠᠯᠠᠮᠵᠢ ᠦᠵᠡᠭᠦᠯᠬᠦ ᠬᠡᠷᠡᠭᠲᠡᠶ᠃ ᠤᠯᠤᠰ ᠤᠨ ᠳᠡᠰ ᠤᠨ ᠶᠠᠳᠠᠭᠤ ᠡᠷᠦᠬᠡ ᠵᠢᠴᠢ ᠶᠠᠳᠠᠭᠤ ᠶᠢᠨ ᠪᠠᠷᠢᠮᠵᠢᠶ᠎ᠠ ᠳᠤ ᠬᠥᠪᠡᠭᠡᠳᠡᠵᠦ ᠪᠠᠶᠢᠭ᠎ᠠ ᠡᠷᠦᠬᠡ᠂ ᠨᠠᠭᠠᠲᠦ ᠵᠠᠬ᠎ᠠ ᠶᠢᠨ ᠪᠠᠲᠤᠯᠠᠭᠠᠲᠤ ᠡᠷᠤᠭᠡ᠂ ᠥᠨᠥᠴᠢᠨ ᠬᠡᠦᠬᠡᠳ  ᠲᠤ 1000 ᠲᠥᠭᠦᠷᠢᠭ ᠠᠴᠠ ᠳᠣᠣᠷ᠎ᠠ ᠦᠭᠡᠢ᠂ 5000 ᠲᠥᠭᠦᠷᠢᠭ ᠠᠴᠠ ᠬᠡᠲᠦᠷᠡᠭᠦᠯᠵᠦ ᠪᠤᠯᠬᠤ ᠦᠭᠡᠢ ᠪᠠᠷᠢᠮᠵᠢᠶ᠎ᠠ ᠪᠠᠷ ᠲᠦᠷ ᠴᠠᠭ ᠤᠨ ᠠᠪᠤᠷᠠᠬᠤ ᠲᠤᠰᠠᠯᠠᠮᠵᠢ ᠦᠵᠡᠭᠦᠯᠬᠦ ᠬᠡᠷᠡᠭᠲᠠᠢ᠃      ︵ᠲᠦᠷᠪᠡ︶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ᠄ ᠲᠡᠮᠵᠢᠵᠤ ᠲᠤᠰᠠᠯᠠᠬᠤ ᠴᠢᠬᠤᠯᠠᠲᠠᠢ ᠬᠤᠭᠤᠴᠠᠭ᠎ᠠ ᠠᠴᠠ ᠬᠡᠲᠦᠷᠡᠭᠰᠡᠨ ᠬᠤᠶᠢᠨ᠎ᠠ᠂ ᠮᠥᠨ ᠬᠢᠨᠠᠨ ᠬᠠᠮᠠᠭᠠᠯᠠᠭᠴᠢ ᠪᠤᠶᠤ ᠲᠤᠰ ᠬᠥᠮᠦᠨ ᠤ ᠬᠤᠯᠪᠣᠭᠳᠠᠯ ᠪᠦᠬᠦᠢ ᠮᠡᠳᠡᠭᠡ ᠵᠠᠩᠭᠢ ᠶᠢ ᠡᠷᠢᠵᠤ ᠤᠯᠤᠭᠰᠠᠨ ᠦᠬᠡᠢ ᠲᠡᠨᠤᠭᠦᠯᠴᠢᠳ ᠭᠤᠢᠷᠠᠨᠴᠢᠳ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠤ ᠡᠷᠦᠬᠡ ᠠᠮᠠ ᠶᠢᠨ ᠳᠠᠩᠰᠠᠨ ᠶᠢ ᠰᠢᠢᠳᠪᠦᠷᠢᠯᠡᠬᠦ ᠠᠴᠠ ᠡᠮᠦᠨ᠎ᠡ᠂ ᠬᠤᠰᠢᠭᠤ ᠰᠢᠶᠠᠨ ᠤ ᠠᠪᠤᠷᠠᠨ ᠲᠤᠰᠠᠯᠠᠬᠤ ᠦᠷᠲᠡᠭᠡ ᠦᠯᠡᠳᠡᠭᠡᠨ ᠠᠪᠴᠤ᠂ ︽ᠭᠤᠷᠪᠠ ᠦᠬᠡᠢ︾ ᠬᠥᠮᠦᠰ ᠪᠤᠶᠤ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠪᠠᠷ ᠲᠡᠨᠦᠭᠦᠴᠢᠯᠡᠨ ᠭᠤᠶᠢᠷᠠᠨᠴᠢᠯᠠᠬᠤ ᠬᠥᠮᠦᠰ ᠢ ᠲᠤᠰᠬᠠᠶ ᠠᠪᠤᠷᠠᠨ ᠲᠤᠰᠠᠯᠠᠬᠤ ᠮᠥᠩᠭᠦ ᠶᠢ ᠵᠠᠷᠤᠴᠠᠭᠤᠯᠤᠨ ᠳᠤᠰᠠᠯᠠᠨ᠎ᠠ᠃      ︵ᠲᠠᠪᠤ︶ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠴᠢᠬᠤᠯᠠᠲᠠᠶ᠂ ᠤᠶᠤᠨ ᠰᠠᠨᠠᠭᠠᠨ ᠤ ᠲᠠᠶᠢᠳᠬᠤᠷᠠᠭᠤᠯᠤᠯ᠂ ᠴᠢᠳᠠᠪᠤᠷᠢ ᠶᠢᠨ ᠲᠡᠭᠡᠭᠰᠢᠯᠡᠭᠦᠯᠦᠯᠲᠡ ᠬᠢᠬᠦ ᠴᠢᠬᠤᠯᠠᠲᠢ ᠣᠨᠴᠠᠭᠠᠶ ᠲᠡᠩᠬᠡᠷᠡᠭᠦᠯᠦᠨ ᠲᠤᠰᠠᠯᠠᠬᠤ ᠡᠲᠡᠭᠡᠳ‌‍ᠲ᠋ᠤ ᠪᠣᠯ᠂ ᠵᠠᠰᠠᠭ ᠤᠨ ᠣᠷᠳᠣᠨ‌‍ᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠦᠢᠯᠡᠴᠢᠯᠡᠭᠡ ᠬᠤᠳᠠᠯᠳᠤᠨ ᠠᠪᠴᠤ᠂ ᠲᠤᠰᠬᠠᠶ ᠮᠡᠷᠭᠡᠵᠢᠯ ᠤᠨ ᠨᠡᠶᠢᠭᠡᠮ ᠤᠨ ᠦᠢᠯᠡᠴᠢᠯᠡᠭᠡᠨ‌‍ᠤ ᠪᠠᠶᠢᠭᠤᠯᠤᠮᠵᠢ ᠪᠠ ᠨᠡᠢᠭᠡᠮ ᠤᠨ ᠠᠵᠢᠯᠲᠠᠳ‌ᠡᠴᠠ ︽ᠨᠢᠭᠡ ᠪᠠᠷ ᠨᠢᠭᠡ︾ ᠬᠠᠪᠰᠤᠷᠤᠨ ᠲᠡᠳᠬᠦᠬᠦ ᠪᠤᠶᠤ ᠲᠥᠪᠯᠡᠷᠡᠩᠭᠦᠶ ᠲᠠᠶᠢᠯᠪᠤᠷᠢ ᠬᠢᠯᠭᠡᠵᠦ ᠪᠤᠯᠪᠠᠰᠤᠷᠠᠭᠤᠯᠤᠨ᠎ᠡ᠃      ᠬᠤᠷᠢᠨ ᠨᠢᠭᠡᠳᠦᠭᠡᠷ ᠵᠦᠢᠯ᠄ ᠣᠨᠴᠠᠭᠠᠶ ᠶᠠᠪᠤᠳᠠᠯ᠂ ᠣᠨᠴᠠᠭᠠᠶ ᠡᠲᠡᠭᠡᠳ ᠤᠨ ᠠᠪᠤᠷᠠᠨ ᠲᠤᠰᠠᠯᠠᠬᠤ ᠳᠤ ᠨᠢᠭᠡ ᠤᠴᠢᠷ ᠢ ᠨᠢᠭᠡ ᠵᠦᠪᠳᠡᠬᠦ ᠠᠷᠭ᠎ᠠ ᠮᠠᠶ᠋ᠢᠭ ᠠᠪᠴᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ  ᠠᠴᠠ ᠬᠠᠮᠢᠶ᠎ᠠ ᠪᠦᠬᠦᠢ ᠠᠪᠤᠷᠠᠨ ᠲᠤᠰᠠᠯᠠᠬᠤ ᠰᠠᠯᠠᠭ᠎ᠠ ᠮᠥᠴᠢᠷ ᠢ ᠴᠤᠭᠯᠠᠭᠤᠯᠤᠨ ᠬᠠᠮᠲᠤ ᠪᠠᠷ ᠵᠦᠪᠲᠡᠯᠴᠡᠨ᠂ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠠᠷᠭ᠎ᠠ ᠮᠠᠶ᠋ᠢᠭ ᠬᠡᠮᠵᠢᠶ᠎ᠡ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠨ᠎ᠠ᠃       ᠬᠤᠷᠢᠨ ᠬᠤᠶᠠᠳᠤᠭᠠᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠳᠤ ᠨᠢᠭᠡ ᠤᠴᠢᠷ ᠢ ᠨᠢᠭᠡ ᠵᠥᠪᠯᠡᠵᠦ᠂ ᠠᠳᠠᠯᠢ ᠨᠢᠭᠡ ᠭᠤᠶᠤᠴᠢᠯᠠᠭᠴᠢ ᠠᠳᠠᠯᠢ ᠨᠢᠭᠡ ᠤᠴᠢᠷ ᠰᠢᠯᠲᠠᠭᠠᠨ ᠢᠶᠠᠷ ᠨᠢᠭᠡ ᠵᠢᠯ ᠤᠨ ᠳᠣᠲᠣᠷ᠎ᠠ ᠵᠠᠷᠴᠢᠮ ᠳᠡᠭᠡᠷ᠎ᠡ ᠪᠠᠨ ᠵᠥᠪᠬᠡᠨ ᠨᠢᠭᠡ ᠤᠳᠠᠭ᠎ᠠ ᠠᠪᠤᠷᠠᠨ ᠲᠤᠰᠠᠯᠠᠬᠤ ︵ᠠᠳᠠᠯᠢ ᠨᠢᠭᠡᠨ ᠤᠴᠢᠷ ᠰᠢᠯᠲᠠᠭᠠᠨ ᠢᠶᠠᠷ ᠪᠤᠰᠤᠳ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠠᠷᠭ᠎ᠠ ᠵᠠᠮ ᠢᠶᠠᠷ ᠠᠪᠤᠷᠠᠨ ᠲᠤᠰᠠᠯᠠᠬᠤ ᠪᠥᠭᠡᠳ ᠬᠦᠴᠢᠷᠳᠡᠯ ᠢ ᠰᠢᠢᠳᠪᠦᠷᠢᠯᠡᠭᠰᠡᠨ ᠢ ᠪᠠᠭᠲᠠᠭᠠᠨ᠎ᠠ︶ ᠬᠡᠷᠡᠭᠲᠠᠢ᠃ ᠤᠨᠴᠠᠭᠠᠢ ᠪᠠᠶᠢᠲᠡᠯ   ᠢ ᠨᠢ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠮᠠᠭᠠᠳᠯᠠᠨ ᠲᠣᠭᠲᠠᠭᠠᠵᠤ᠂ ᠨᠢᠭᠡ ᠵᠢᠯ ᠤᠨ ᠳᠣᠲᠣᠷ᠎ᠠ ᠬᠠᠮᠤᠭ ᠠᠷᠪᠢᠨ  ᠳᠠᠭᠠᠨ ᠬᠤᠶᠠᠷ ᠤᠳᠠᠭ᠎ᠠ ᠠᠪᠤᠷᠠᠨ ᠲᠤᠰᠠᠯᠠᠬᠤ ᠮᠥᠷᠲᠡᠭᠡᠨ ᠬᠤᠶᠠᠳᠤᠭᠠᠷ ᠤᠳᠠᠭ᠎ᠠ ᠶᠢᠨ ᠠᠪᠤᠷᠠᠨ ᠲᠤᠰᠠᠯᠠᠬᠤ ᠵᠣᠭᠤᠰᠣᠨ ᠤ ᠲᠤᠭ᠎ᠠ ᠶᠢ ᠠᠩᠬ᠎ᠠ ᠤᠳᠠᠭᠠᠨ ᠤ ᠠᠴᠠ ᠬᠡᠲᠦᠷᠡᠭᠦᠯᠵᠦ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ᠄ ᠨᠥᠬᠦᠴᠡᠯ ᠳᠤ ᠨᠡᠶᠢᠴᠡᠭᠰᠡᠨ ᠠᠪᠤᠷᠠᠨ ᠲᠤᠰᠠᠯᠠᠬᠤ ᠡᠲᠡᠭᠡᠳ ᠲᠤ ᠪᠣᠯ᠂ ᠳᠣᠣᠷᠠᠬᠢ ᠠᠷᠭ᠎ᠠ ᠬᠡᠮᠵᠢᠶ᠎ᠡ ᠶᠢ ᠬᠡᠷᠡᠭᠯᠡᠵᠦ ᠠᠪᠤᠷᠠᠨ ᠳᠤᠰᠠᠯᠠᠵᠤ ᠪᠣᠯᠤᠨ᠎ᠠ᠄      ︵ᠨᠢᠭᠡ︶ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠬᠤ᠃ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠡᠶᠢᠭᠡᠮᠴᠢᠯᠡᠨ ᠲᠠᠷᠬᠠᠭᠠᠬᠤ ᠶᠢ ᠪᠦᠬᠦ ᠲᠠᠯ᠎ᠠ ᠪᠠᠷ ᠶᠠᠪᠤᠭᠤᠯᠵᠤ᠂ ᠠᠪᠤᠷᠠᠨ ᠲᠤᠰᠠᠯᠠᠬᠤ ᠮᠥᠩᠭᠦ ᠶᠢ ᠰᠢᠭᠤᠳ ᠠᠪᠤᠷᠠᠨ ᠲᠤᠰᠠᠯᠠᠬᠤ ᠡᠲᠡᠭᠡᠳ ᠤᠨ ᠬᠤᠪᠢ ᠬᠥᠮᠦᠨ ᠤ ᠲᠠᠩᠰᠠᠨ ᠡᠷᠥᠭᠡ ᠳᠤ ᠤᠷᠤᠭᠤᠯᠵᠤ᠂ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠲᠤᠭ᠎ᠠ ᠶᠣᠰᠣᠭᠠᠷ᠂ ᠴᠠᠭ ᠲᠤᠬᠠᠶ ᠳᠤᠨᠢ ᠣᠷᠣᠨ ᠪᠠᠶᠢᠷᠢ ᠳᠤᠨᠢ ᠬᠡᠷᠡᠭᠵᠢᠬᠦᠯᠬᠦ ᠶᠢ ᠦᠨᠡᠨ ᠬᠦ ᠪᠠᠲᠤᠯᠠᠵᠤ᠂ ᠤᠨᠴᠠᠭᠠᠢ ᠪᠠᠶᠢᠳᠡᠯ ᠲᠤᠤᠷ᠎ᠡ᠂ ᠰᠢᠭᠤᠳ ᠪᠡᠯᠡᠨ ᠮᠥᠩᠭᠦ ᠥᠭᠴᠦ ᠪᠣᠯᠤᠨ᠎ᠠ᠃ ᠡᠭᠦᠨ ᠤ ᠬᠠᠮᠲᠤ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠭᠠᠷ ᠭᠦᠢᠴᠡᠳᠬᠡᠯ ᠶᠢ ᠳᠦᠷᠢᠮᠵᠢᠭᠦᠯᠦᠨ᠂ ᠠᠪᠤᠷᠠᠨ ᠲᠤᠰᠠᠯᠠᠬᠤ ᠡᠲᠡᠭᠡᠳ ᠤᠨ ᠨᠡᠷ᠎ᠡ᠂ ᠪᠡᠶ᠎ᠡ ᠶᠢᠨ ᠦᠨᠡᠮᠯᠡᠯ ᠤᠨ ᠲᠤᠭ᠎ᠠ᠂ ᠣᠷᠣᠨ ᠰᠠᠭᠤᠴᠠ ᠶᠢᠨ ᠬᠠᠶ᠋ᠢᠭ᠂ ᠬᠠᠷᠢᠯᠴᠠᠬᠤ ᠤᠲᠠᠰᠤ᠂ ᠬᠦᠴᠢᠷᠳᠡᠯ ᠤᠨ ᠲᠦᠷᠦᠯ ᠵᠦᠢᠯ᠂ ᠠᠪᠤᠷᠠᠨ ᠲᠤᠰᠠᠯᠠᠬᠤ ᠴᠠᠭ᠂ ᠠᠪᠤᠷᠠᠨ ᠲᠤᠰᠠᠯᠠᠬᠤ ᠵᠣᠭᠤᠰᠣᠨ ᠲᠤᠭ᠎ᠠ ᠂ ᠭᠠᠷᠳᠠᠨ ᠬᠢᠬᠦ ᠬᠠᠷᠢᠭᠤᠴᠠᠯᠭᠠᠲᠦ ᠬᠥᠮᠦᠨ ᠵᠡᠷᠭᠡ ᠮᠡᠳᠡᠭᠡ ᠵᠠᠩᠭᠢ ᠲᠠᠢ ᠲᠠᠩᠰᠠ ᠶᠢ ᠪᠠᠶᠢᠭᠤᠯᠵᠤ᠂ ᠬᠠᠮᠲᠤ ᠳᠤᠨᠢ ᠨᠡᠶᠢᠭᠡᠮ ᠲᠡᠭᠡᠷ᠎ᠡ ᠲᠠᠷᠬᠠᠭᠠᠭᠰᠡᠨ ᠪᠠᠶᠢᠳᠠᠯ ᠢ ᠨᠡᠶᠢᠲᠡᠯᠡᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃      ︵ᠬᠤᠶᠠᠷ︶ ᠪᠣᠳᠠᠲᠤ ᠶᠠᠭᠤᠮ᠎ᠠ ᠶᠢ  ᠲᠠᠷᠬᠠᠭᠠᠬᠤ᠃ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠪᠣᠯᠤᠨ ᠠᠪᠤᠷᠠᠨ ᠲᠤᠰᠠᠯᠠᠬᠤ ᠡᠲᠡᠭᠡᠳ ᠤᠨ ᠠᠮᠢᠳᠤᠷᠠᠯ ᠤᠨ ᠦᠨᠳᠦᠰᠦᠨ ᠬᠡᠷᠡᠭᠴᠡᠭᠡ ᠶᠢ ᠦᠨᠳᠦᠰᠦᠯᠡᠨ᠂ ᠬᠤᠪᠴᠠᠰᠤ ᠬᠤᠨᠠᠷ᠂ ᠢᠳᠡᠭᠡᠨ ᠤᠮᠳᠠᠭᠠᠨ᠂ ᠲᠦᠷ ᠴᠠᠭ ᠤᠨ ᠣᠷᠣᠨ ᠰᠠᠭᠤᠴᠠ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ ᠠᠪᠤᠷᠠᠨ ᠲᠤᠰᠠᠯᠠᠬᠤ ᠬᠡᠷᠡᠭᠲᠡᠶ᠃       ᠲᠠᠪᠤᠳᠤᠭᠠᠷ ᠪᠦᠯᠦᠭ    ᠪᠡᠯᠠ ᠮᠦᠩᠭᠦᠨ ᠤ ᠢᠷᠡᠯᠳᠠ      ᠬᠤᠷᠢᠨ ᠳᠥᠷᠪᠡᠳᠦᠭᠡᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠨᠢ ᠳᠡᠭᠡᠳᠦ ᠱᠠᠲᠤᠨ ᠤ ᠲᠤᠰᠬᠠᠶ ᠵᠦᠢᠯ ᠤᠨ ᠪᠡᠯᠡ ᠮᠥᠩᠭᠦ᠂ ᠨᠡᠶᠢᠭᠡᠮ ᠤᠨ ᠪᠡᠯᠡᠭᠯᠡᠨ ᠬᠦᠷᠬᠡᠬᠦ᠂ ᠨᠢᠭᠦᠯᠡᠰᠦᠩᠭᠦᠶ ᠶᠢᠨ ᠬᠠᠨᠳᠢᠪ ᠴᠤᠭᠯᠠᠭᠤᠯᠬᠤ᠂ ᠬᠤᠰᠢᠭᠤᠨ ᠤ ᠵᠠᠰᠠᠭ ᠤᠨ ᠲᠥᠰᠦᠪ᠂ ᠲᠦᠷᠦᠭᠦᠦ ᠵᠢᠯ ᠤᠨ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠶᠢᠨ ᠦᠯᠡᠳᠡᠪᠦᠷᠢ ᠮᠥᠩᠭᠦ ᠶᠢ ᠰᠢᠯᠵᠢᠭᠦᠯᠦᠨ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ︵ᠨᠠᠭᠠᠲᠦ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠭᠡ ᠶᠢᠨ ᠲᠦᠷ ᠴᠠᠭ ᠤᠨ ᠠᠪᠤᠷᠠᠨ ᠲᠤᠰᠠᠯᠠᠬᠤ ᠳᠤ ᠬᠡᠷᠡᠭᠯᠡᠨ᠎ᠡ︶ ᠵᠡᠷᠭᠡ ᠠᠷᠭ᠎ᠠ ᠵᠠᠮ ᠢᠶᠠᠷ ᠬᠠᠮᠲᠤ ᠪᠠᠷ ᠴᠤᠭᠯᠠᠭᠤᠯᠵᠤ ᠪᠣᠯᠤᠨ᠎ᠠ᠃      ᠵᠢᠷᠭᠤᠳᠤᠭᠠᠷ ᠪᠦᠯᠦᠭ    ᠠᠵᠢᠯ ᠤᠨ ᠪᠠᠲᠤᠯᠠᠭ᠎ᠠ ᠪᠠ ᠬᠢᠨᠠᠯᠲᠠ ᠲᠠᠯᠪᠢᠬᠤ       ᠬᠤᠷᠢᠨ ᠲᠠᠪᠤᠳᠤᠭᠠᠷ ᠵᠦᠢᠯ᠄ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠤᠰ ᠭᠠᠵᠠᠷ ᠣᠷᠣᠨ  ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢ ᠭᠦᠢᠴᠡᠳ ᠠᠰᠢᠭᠯᠠᠨ᠂ ᠦᠨᠳᠦᠰᠦᠨ ᠱᠠᠲᠤᠨ ᠤ ᠲᠦᠷ ᠴᠠᠭ ᠤᠨ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠠᠪᠤᠳᠠᠯ ᠢ ᠡᠷᠬᠢᠯᠡᠨ ᠭᠦᠢᠴᠡᠳᠬᠡᠬᠦ ᠬᠦᠴᠦᠨ‌ᠢ ᠲᠡᠭᠦᠯᠳᠡᠷᠵᠢᠭᠦᠯᠦᠨ ᠴᠢᠩᠭᠠᠳᠬᠠᠨ᠎ᠠ᠃      ᠬᠤᠷᠢᠨ ᠵᠢᠷᠭᠤᠳᠤᠭᠠᠷ ᠵᠦᠢᠯ᠄ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠭᠡᠮ ᠤᠨ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠶ ᠳᠤᠨᠢ ᠳᠠᠮᠵᠢᠭᠤᠯᠤᠨ᠂ ᠨᠡᠶᠢᠭᠡᠮ ᠤᠨ ᠪᠤᠰᠤᠳ ᠠᠪᠤᠷᠠᠨ ᠲᠡᠳᠬᠦᠵᠦ ᠬᠠᠮᠢᠶᠠᠷᠬᠤ ᠰᠠᠯᠠᠭ᠎ᠠ ᠮᠥᠴᠢᠷ ᠲᠤ ᠠᠮᠢᠳᠤᠷᠠᠯ ᠤᠨ ᠨᠠᠭᠠᠲᠦ ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ᠂ ᠣᠨᠴᠠ ᠬᠦᠴᠢᠷᠳᠡᠯᠲᠡᠶ ᠠᠰᠠᠷᠠᠭᠤᠯᠤᠨ ᠲᠡᠵᠢᠭᠡᠯᠭᠡᠵᠦ ᠪᠠᠶᠢᠭ᠎ᠠ ᠬᠥᠮᠦᠰ ᠪᠠ ᠪᠤᠰᠤᠳ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠮᠡᠳᠡᠭᠡ ᠵᠠᠩᠭᠢ ᠶᠢ ᠬᠠᠩᠭᠠᠵᠤ᠂ ᠰᠤᠷᠭᠠᠨ ᠬᠦᠮᠦᠵᠢᠯ᠂ ᠣᠷᠣᠨ ᠰᠠᠭᠤᠴᠠ᠂ ᠠᠵᠢᠯ ᠤᠯᠭᠤᠯᠲᠠ᠂ ᠡᠪᠡᠳᠴᠢᠨ‌ᠡᠮᠭᠡᠭ ᠤᠨ ᠪᠠᠴᠢᠮ ᠪᠠᠶᠢᠳᠠᠯ ᠢ ᠠᠷᠭᠠᠴᠠᠬᠤ ᠵᠡᠷᠭᠡ ᠲᠠᠯ᠎ᠠ ᠶᠢᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠳᠤ ᠳᠡᠮᠵᠢᠯᠭᠡ ᠦᠵᠡᠭᠦᠯᠬᠦ ᠬᠡᠷᠡᠭᠲᠡᠶ᠃ ᠰᠤᠷᠭᠠᠨ ᠬᠦᠮᠦᠵᠢᠯ᠂ ᠬᠦᠮᠦᠨ ᠤ ᠬᠦᠴᠦᠨ ᠪᠠ ᠨᠡᠶᠢᠭᠡᠮ ᠤᠨ ᠪᠠᠲᠤᠯᠠᠪᠤᠷᠢ᠂ ᠣᠷᠣᠨ ᠰᠠᠭᠤᠴᠠ‌‍ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠤᠳ ᠲᠤ ᠴᠠᠭ ᠲᠤᠬᠠᠶ ᠳᠤᠨᠢ ᠰᠤᠷᠭᠠᠨ ᠬᠥᠮᠦᠵᠢᠯ ‍ᠤᠨ‌ᠠᠪᠤᠷᠠᠨ ᠳᠤᠰᠠᠯᠠᠬᠤ ᠡᠲᠡᠭᠡᠳ᠂ ᠠᠵᠢᠯ ᠣᠯᠭᠤᠯᠲᠠ ᠶᠢᠨ ᠠᠪᠤᠷᠠᠨ ᠲᠤᠰᠠᠯᠠᠬᠤ ᠡᠲᠡᠭᠡᠳ᠂ ᠣᠷᠣᠨ ᠰᠠᠭᠤᠴᠠ‌‍ᠶᠢᠨ ᠠᠪᠤᠷᠠᠨ ᠳᠤᠰᠠᠯᠠᠬᠤ ᠡᠲᠡᠭᠡᠳ ᠪᠠ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠲᠡᠭᠡᠳ ᠤᠨ ᠬᠠᠮᠢᠶ᠎ᠠ ᠪᠦᠬᠦᠢ ᠦᠨᠳᠦᠰᠦᠨ ᠮᠡᠳᠡᠭᠡ ᠵᠠᠩᠭᠢ ᠶᠢᠨ ᠬᠠᠷᠢᠭᠤ ᠲᠤᠰᠬᠠᠯ ᠦᠭᠬᠦ ᠬᠡᠷᠡᠭᠲᠡᠶ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠦᠷ ᠴᠠᠭ ᠤᠨ ᠠᠪᠤᠷᠠᠨ ᠲᠤᠰᠠᠯᠠᠬᠤ ᠶᠢ ᠭᠤᠶᠤᠴᠢᠯᠠᠭᠰᠠᠨ ᠭᠡᠷ ᠪᠦᠯᠢ ᠪᠤᠶᠤ ᠬᠤᠪᠢ ᠬᠥᠮᠦᠨ ᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠬᠡᠪᠴᠢᠶ᠎ᠡ ᠳᠤ ᠤᠷᠤᠭᠤᠯᠵᠤ᠂ ᠬᠠᠤᠯᠢ ᠶᠣᠰᠣᠭᠠᠷ ᠬᠠᠷᠭᠤᠭᠤᠯᠤᠨ᠂ ᠬᠠᠷᠭᠤᠭᠤᠯᠬᠤ ᠦᠷ᠎ᠡ ᠳ᠋ᠦᠩ ᠤᠨ ᠵᠥᠪ ᠣᠨᠣᠪᠴᠢᠲᠤ ᠴᠢᠨᠠᠷ ᠪᠠ ᠪᠦᠳᠤᠮᠵᠢᠳᠤ ᠴᠢᠨᠠᠷ‌ᠢ ᠦᠨᠡᠨ ᠬᠦ ᠪᠠᠲᠤᠯᠠᠬᠤ ᠬᠡᠷᠡᠭᠲᠡᠶ᠃ ᠬᠠᠷᠭᠤᠭᠤᠯᠬᠤ ᠲᠥᠪ ᠨᠢ ᠵᠠᠪᠠᠯ ᠬᠢᠨᠠᠨ ᠬᠡᠮᠵᠢᠯᠲᠡ ᠶᠢᠨ ᠰᠡᠷᠭᠡᠶᠢᠯᠡᠬᠦ ᠠᠵᠢᠯ ᠢᠶᠠᠨ ᠴᠢᠩᠭᠠᠳᠬᠠᠵᠤ᠂ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ‌ᠢ ᠦᠨᠡᠨ‌‍ᠬᠦ ᠪᠠᠲᠤᠯᠠᠬᠤ ᠬᠡᠷᠡᠭᠲᠡᠶ᠃       ᠬᠤᠷᠢᠨ ᠳᠣᠯᠣᠳᠤᠭᠠᠷ ᠵᠦᠢᠯ᠄ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠢᠨᠠᠨ ᠪᠤᠳᠤᠯᠳᠠ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠲᠦᠷ ᠴᠠᠭ ᠤᠨ ᠠᠪᠤᠷᠠᠨ ᠲᠤᠰᠠᠯᠠᠬᠤ ᠲᠦᠷᠢᠮ ᠤᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠪᠡᠯᠡ ᠮᠦᠩᠭᠦᠨ ᠤ ᠬᠠᠮᠢᠶᠠᠷᠤᠯᠲᠠ ᠪᠣᠯᠤᠨ ᠬᠡᠷᠡᠭᠯᠡᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠶᠢᠨ ᠴᠢᠬᠤᠯᠠ ᠠᠭᠤᠯᠭ᠎ᠠ ᠪᠣᠯᠭᠠᠨ᠂ ᠲᠣᠭᠲᠠᠮᠠᠯ ᠬᠤᠭᠤᠴᠠᠭ᠎ᠠ ᠲᠠᠢ  ᠪᠠᠷ ᠲᠤᠰᠬᠠᠶ ᠪᠠᠶᠢᠴᠠᠭᠠᠯᠲᠠ ᠵᠣᠬᠢᠶᠠᠨ ᠪᠠᠶᠢᠭᠤᠯᠤᠨ ᠬᠢᠵᠦ᠂ ᠰᠢᠬᠠᠨ‌ᠡᠵᠡᠯᠡᠬᠦ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠪᠠᠶᠢᠳᠠᠯ ᠭᠠᠷᠬᠤ ᠶᠢ ᠰᠡᠷᠬᠡᠶᠢᠯᠡᠨ᠎ᠡ᠃        ᠬᠤᠷᠢᠨ ᠨᠠᠢᠮᠠᠳᠤᠭᠠᠷ ᠵᠦᠢᠯ᠄ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ  ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠨᠡᠶᠢᠲᠡ ᠳᠤ ᠨᠡᠶᠢᠲᠡᠯᠡᠬᠦ ᠬᠡᠷᠡᠭᠲᠡᠶ᠂ ᠠᠪᠤᠷᠠᠨ ᠲᠤᠰᠠᠯᠠᠬᠤ ᠡᠲᠡᠭᠡᠳ᠂ ᠠᠪᠤᠷᠠᠨ ᠲᠤᠰᠠᠯᠠᠬᠤ ᠪᠠᠷᠢᠮᠵᠢᠶ᠎ᠠ᠂ ᠰᠢᠢᠳᠪᠦᠷᠢᠯᠡᠬᠦ ᠵᠢᠷᠤᠮ ᠤᠨ ︽ᠭᠤᠷᠪᠠ ᠶᠢ ᠢᠯᠡ ᠪᠤᠯᠭᠠᠬᠤ︾ ᠶᠢ ᠪᠠᠲᠤᠯᠠᠵᠤ᠂ ᠭᠤᠶᠤᠴᠢᠯᠠᠬᠤ ᠰᠢᠯᠲᠠᠭᠠᠨ᠂ ᠬᠢᠨᠠᠨ ᠪᠠᠶᠢᠴᠠᠭᠠᠭᠰᠠᠨ ᠪᠠᠶᠢᠳᠠᠯ ᠂ ᠬᠢᠨᠠᠨ ᠵᠦᠪᠰᠢᠶᠠᠷᠡᠭᠰᠡᠨ ᠦᠷ᠎ᠡ ᠳ᠋ᠦᠩ᠂ ᠠᠪᠤᠷᠠᠨ ᠲᠤᠰᠠᠯᠠᠬᠤ ᠵᠣᠭᠤᠰᠣᠨ ᠤ ᠲᠤᠭ᠎ᠠ  ᠶᠢᠨ ︽ᠳᠦᠷᠪᠡ ᠶᠢ ᠨᠡᠶᠢᠲᠡᠯᠡᠬᠦ︾ ᠶᠢ ᠪᠠᠲᠤᠯᠠᠵᠤ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠪᠠ ᠵᠠᠭᠤᠴᠢᠯᠠᠭᠤᠷ ᠤᠨ ᠢᠯᠡᠴᠢᠯᠡᠭᠰᠡᠨ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ ᠪᠥᠭᠡᠳ ᠰᠢᠢᠳᠪᠦᠷᠢᠯᠡᠭᠰᠡᠨ ᠦᠷ᠎ᠡ ᠳ᠋ᠦ᠋ᠩ ᠢᠶᠠᠨ ᠨᠡᠶᠢᠲᠡᠯᠡᠬᠦ ᠬᠡᠷᠡᠭᠲᠡᠶ᠃       ᠬᠤᠷᠢᠨ ᠶᠢᠰᠦᠳᠦᠭᠡᠷ ᠵᠦᠢᠯ᠄ ᠬᠤᠳᠠᠯ ᠢᠶᠠᠷ ᠮᠡᠳᠡᠭᠦᠯᠬᠦ᠂ ᠨᠢᠭᠤᠨ ᠳᠠᠷᠤᠬᠤ᠂ ᠬᠠᠭᠤᠷᠮᠠᠭ ᠢᠶᠠᠷ ᠵᠣᠬᠢᠶᠠᠬᠤ ᠵᠡᠷᠭᠡ ᠠᠷᠭ᠎ᠠ ᠪᠠᠷᠢᠯ ᠢᠶᠠᠷ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ᠂ ᠡᠳ᠋ ᠪᠣᠳᠠᠰ ᠢ ᠮᠡᠬᠡᠯᠡᠨ ᠠᠪᠤᠭᠰᠠᠨ ᠪᠠᠶᠢᠲᠠᠯ ᠳᠤ᠂ ᠬᠠᠤᠯᠢ ᠪᠤᠰᠤ ᠪᠠᠷ ᠣᠯᠤᠭᠰᠠᠨ ᠠᠪᠤᠷᠠᠨ ᠲᠤᠰᠠᠯᠠᠬᠤ ᠪᠡᠯᠡ ᠮᠥᠩᠭᠦ ᠂ ᠶᠠᠭᠤᠮ᠎ᠠ ᠶᠢ ᠵᠠᠷᠯᠢᠭᠳᠠᠨ ᠪᠤᠴᠠᠭᠠᠯᠭᠠᠨ᠎ᠠ᠃        ᠭᠤᠴᠢᠳᠤᠭᠠᠷ ᠵᠦᠢᠯ᠄ ᠠᠵᠢᠯᠳᠠᠨ ᠠᠵᠢᠯ ᠳᠤ ᠪᠠᠨ ᠴᠠᠯᠠᠭᠠᠶᠢᠳᠡᠵᠦ᠂ ᠬᠤᠪᠢ ᠶᠢᠨ ᠲᠦᠯᠦᠭᠡ ᠬᠠᠤᠯᠢ ᠶᠣᠰᠣ ᠶᠢ ᠵᠥᠷᠢᠴᠡᠭᠰᠡᠨ ᠪᠤᠶᠤ‌ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠲᠣᠭᠲᠠᠭᠠᠯ ᠠᠴᠠ ᠵᠥᠷᠢᠴᠡᠨ ᠲᠦᠷ ᠴᠠᠭ ᠤᠨ ᠠᠪᠤᠷᠠᠨ ᠲᠤᠰᠠᠯᠠᠬᠤ᠂ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠱᠠᠮᠰᠢᠨ ᠨᠡᠭᠦᠯᠭᠡᠵᠦ᠂ ᠥᠷᠢᠲᠦᠵᠦ ᠤᠳᠠᠭᠠᠰᠢᠷᠠᠭᠤᠯᠤᠭᠰᠠᠨ᠂ ᠳᠠᠷᠤᠵᠤ ᠲᠠᠯᠪᠢᠭᠰᠡᠨ ᠪᠠᠶᠢᠭᠤᠯᠭ᠎ᠠ ᠨᠢᠭᠡᠴᠡ ᠪᠤᠶᠦ ᠬᠤᠪᠢ ᠬᠥᠮᠦᠨ ᠢ  ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢᠨ ᠶᠣᠰᠣᠭᠠᠷ ᠪᠠᠶᠢᠭᠤᠯᠭ᠎ᠠ ᠨᠢᠭᠡᠴᠡ ᠪᠠ ᠬᠤᠪᠢ ᠬᠥᠮᠦᠨ‌‍ᠣ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠂ ᠦᠢᠯᠠ ᠠᠵᠢᠯᠯᠠᠭ᠎ᠠ ᠨᠢ ᠬᠦᠨᠳᠦ ᠨᠤᠴᠢᠲᠠᠢ᠂ ᠶᠠᠯᠠᠲᠦ ᠭᠡᠷᠡᠭ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦ ᠬᠡᠷᠡᠭᠲᠡᠶ᠃      ᠳᠣᠯᠣᠳᠤᠭᠠᠷ ᠪᠦᠯᠦᠭ  ᠲᠠᠭᠠᠯᠲᠡ ᠳᠦᠷᠢᠮ      ᠭᠤᠴᠢᠨ ᠨᠢᠭᠡᠳᠦᠭᠡᠷ ᠵᠦᠢᠯ᠄ ᠲᠤᠰ ᠨᠠᠷᠢᠨ ᠳᠦᠷᠢᠮ ᠢ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠂ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号