ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠡ 2018 ᠤᠨ ᠤ ᠨᠢᠭᠡᠳᠦᠭᠡᠷ ᠤᠯᠠᠷᠢᠯ ᠤᠨ 80 ᠨᠠᠰᠤᠨ ᠠᠴᠠ ᠲᠡᠭᠡᠭᠰᠢᠬᠢ ᠨᠠᠰᠤᠲᠠᠶᠢᠴᠦᠳ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠴᠠᠭ ᠲᠤᠬᠠᠢ ᠳᠤ ᠨᠢ ᠲᠠᠷᠬᠠᠭᠠᠪᠡ
ᠨᠡᠶᠢᠲᠡᠯᠡᠭᠰᠡᠨ ᠴᠠᠭ᠄
2018-04-04
               80 ᠨᠠᠰᠤᠨ ᠠᠴᠠ ᠲᠡᠭᠡᠭᠰᠢᠬᠢ ᠨᠠᠰᠤᠲᠠᠶᠢᠴᠦᠳ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠲᠠᠷᠬᠠᠭᠠᠬᠤ ᠠᠵᠢᠯ ᠢ ᠰᠠᠶᠢᠳᠦᠷ ᠬᠢᠬᠦ ᠶᠢᠨ ᠲᠦᠯᠦᠭᠡ᠂ ᠬᠤᠪᠢ ᠬᠦᠮᠦᠨ ᠠᠴᠠ ᠭᠤᠶᠤᠴᠢᠯᠠᠭᠰᠡᠨ ᠪᠠᠶᠢᠲᠠᠯ ᠲᠤᠤᠷ᠎ᠡ᠂ ᠰᠤᠮᠦ ᠰᠢᠶᠠᠩ ᠪᠠᠯᠭᠠᠰᠤᠨ‌ᠡᠴᠠ ᠬᠢᠨᠠᠵᠦ᠂ ᠬᠤᠰᠢᠭᠤᠨ ᠤᠨ ᠠᠷᠡᠳ ᠤᠨ ᠶᠠᠪᠤᠲᠠᠯ ᠤᠨ ᠲᠤᠪᠴᠢᠶ᠎ᠡ ᠵᠦᠪᠰᠢᠶᠠᠷᠡᠭᠰᠡᠨ ᠤ ᠳᠠᠷᠠᠭ᠎ᠠ᠂ ︽ᠦᠪᠡᠷᠲᠡᠭᠡᠨ ᠵᠠᠰᠠᠬᠤ ᠤᠷᠤᠨ ᠤ 80 ᠨᠠᠰᠤᠨ ᠠᠴᠠ ᠲᠡᠭᠡᠭᠰᠢᠬᠢ ᠨᠠᠰᠤᠲᠠᠶᠢᠴᠦᠳ ᠲᠤ ᠨᠠᠰᠤᠵᠢᠯ ᠤᠨ ᠠᠰᠠᠷᠠᠮᠵᠢ ᠶᠢᠨ ᠮᠦᠩᠭᠦ ᠤᠯᠭᠤᠬᠤ ᠬᠠᠮᠢᠶᠠᠷᠤᠯᠲᠡ ᠶᠢᠨ ᠠᠷᠭ᠎ᠠ ᠶᠢ ᠲᠠᠷᠬᠠᠭᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠡᠳ ᠤᠨ ᠵᠠᠰᠠᠭ ᠤᠨ ᠤᠷᠳᠤᠨ ᠤ ᠠᠯᠪᠡᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠡᠨ ᠲᠡᠷᠬᠠᠭᠠᠭᠰᠡᠨ ﹇2011﹈127 ᠳ᠋ᠤᠭᠠᠷ ᠲᠤᠭᠠᠲᠦ︶ ᠪᠤᠯᠤᠨ ︽ᠪᠤᠭᠤᠲᠦ ᠬᠤᠲᠡ ᠶᠢᠨ 80 ᠨᠠᠰᠤᠨ  ᠠᠴᠠ ᠲᠡᠭᠡᠭᠰᠢᠬᠢ ᠲᠤᠤᠷ᠎ᠡ ᠤᠷᠤᠯᠭ᠎ᠠ ᠲᠠᠢ ᠨᠠᠰᠤᠲᠠᠶᠢᠴᠦᠳ ᠲᠤ ᠨᠠᠰᠤᠵᠢᠯ ᠤᠨ ᠠᠰᠠᠷᠠᠮᠵᠢ ᠶᠢᠨ ᠮᠦᠩᠭᠦ ᠤᠯᠭᠤᠬᠤ ᠬᠡᠷᠡᠭᠵᠢᠭᠦᠯᠦᠯᠲᠡ ᠶᠢᠨ ᠠᠷᠭ᠎ᠠ ᠶᠢ ᠲᠠᠷᠬᠠᠭᠠᠬᠤ ᠲᠤᠬᠠᠢ ᠪᠤᠭᠤᠲᠦ ᠬᠤᠲᠡ ᠶᠢᠨ ᠠᠷᠡᠳ ᠤᠨ ᠵᠠᠰᠠᠭ ᠤᠨ ᠤᠷᠳᠤᠨ  ᠤ ᠠᠯᠪᠡᠨ ᠲᠢᠩᠬᠢᠮ ᠤᠨ ᠮᠡᠳᠡᠭᠳᠡᠯ︾ ︵ᠪᠤᠭᠤᠲᠦ ᠵᠠᠰᠠᠭ ᠠᠯᠪᠡᠨ ᠲᠡᠷᠬᠠᠭᠠᠭᠰᠡᠨ ﹇2012﹈ 72 ᠳ᠋ᠤᠭᠠᠷ ᠲᠤᠭᠠᠲᠦ︶  ᠤᠨ ᠵᠤᠷᠢᠭ ᠰᠠᠨᠠᠭ᠎ᠠ ᠶᠢ ᠦᠨᠳᠦᠰᠦᠯᠡᠨ᠂ ᠪᠦᠬᠦ ᠬᠤᠰᠢᠭᠤᠨ ᠤ 80 ᠨᠠᠰᠤᠨ ᠠᠴᠠ ᠲᠡᠭᠡᠭᠰᠢᠬᠢ ᠲᠤᠤᠷ᠎ᠡ ᠤᠷᠤᠯᠭ᠎ᠠ  ᠲᠠᠢ ᠨᠠᠰᠤᠲᠠᠶᠢᠴᠦᠳ ᠲᠤ ᠨᠠᠰᠤᠵᠢᠯ ᠤᠨ ᠠᠰᠠᠷᠠᠮᠵᠢ ᠶᠢᠨ ᠮᠦᠩᠬᠦ ᠲᠠᠷᠬᠠᠭᠠᠵᠦ᠂ 80 — 99 ᠪᠦᠬᠦᠯᠢ ᠨᠠᠰᠦᠨ  ᠤ ᠨᠠᠰᠤᠲᠠᠶᠢᠴᠤᠳ ᠬᠦᠮᠦᠨ ᠪᠦᠷᠢ ᠰᠠᠷ᠎ᠡ ᠳᠠᠭᠠᠨ100 ᠲᠦᠭᠦᠷᠢᠭ᠂ 100 ᠨᠠᠰᠦᠨ ᠠᠴᠠ ᠲᠡᠭᠡᠭᠰᠢᠬᠢ ᠨᠠᠰᠤᠲᠠᠶᠢᠴᠤᠳ ᠬᠦᠮᠦᠨ ᠪᠦᠷᠢ ᠰᠠᠷ᠎ᠡ ᠳᠠᠭᠠᠨ 600 ᠲᠦᠭᠦᠷᠢᠭ ᠤᠨ ᠨᠦᠬᠦᠪᠦᠷᠢ ᠮᠦᠩᠭᠦ ᠤᠯᠭᠤᠪᠡ᠃ 2018 ᠤᠨ ᠤ ᠨᠢᠭᠡᠳᠦᠭᠡᠷ ᠤᠯᠠᠷᠢᠯ ᠳᠤ᠂ ᠪᠦᠬᠦ ᠬᠤᠰᠢᠭᠤᠨ ᠤ ᠨᠡᠶᠢᠲᠡ 2416 ᠨᠡᠷᠡᠰ ᠨᠠᠰᠤᠲᠠᠶᠢᠴᠤᠳ ᠲᠤ 72.06 ᠲᠦᠮᠡᠨ ᠲᠦᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠦᠩᠭᠦ ᠲᠠᠷᠬᠠᠭᠠᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号