2018 ᠤᠨ ᠤ ᠨᠢᠭᠡᠳᠦᠭᠡᠷ ᠤᠯᠠᠷᠢᠯ ᠳᠤ ᠮᠠᠨ ᠤ ᠬᠤᠰᠢᠭᠤᠨ ᠤ ᠬᠤᠳᠠ ᠪᠠᠯᠭᠠᠰᠤᠨ ᠤ ᠪᠠᠶᠢᠩᠭᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠦᠷᠬᠦᠯᠵᠢᠯᠡᠨ ᠨᠡᠮᠡᠭᠲᠡᠪᠡ
ᠨᠡᠶᠢᠲᠡᠯᠡᠭᠰᠡᠨ ᠴᠠᠭ᠄
2018-05-11
                 ᠬᠤᠲᠡ ᠪᠠᠯᠭᠠᠰᠤᠨ ᠤ ᠡᠷᠦᠭᠡ ᠶᠢᠨ ᠰᠤᠩᠭᠤᠨ ᠪᠠᠶᠢᠴᠠᠭᠠᠭᠰᠡᠨ ᠮᠠᠲ᠋ᠧᠷᠢᠶᠠᠯ ᠢ ᠦᠨᠳᠦᠰᠦᠯᠡᠪᠡᠯ᠂ 2018 ᠤᠨ ᠤ ᠨᠢᠭᠡᠲᠦᠭᠡᠷ ᠤᠯᠠᠷᠢᠯ ᠳᠤ ᠪᠦᠬᠦ ᠬᠤᠰᠢᠭᠤᠨ ᠤ ᠬᠤᠲᠡ ᠪᠠᠯᠭᠠᠰᠤᠨ ᠤ ᠪᠠᠶᠢᠩᠭᠤ ᠰᠠᠭᠤᠭᠠᠯᠢ ᠠᠷᠡᠳ ᠤᠨ ᠠᠮᠢᠳᠤᠷᠡᠯ ᠤᠨ ᠬᠡᠷᠡᠭᠯᠡᠭᠡᠨ ᠤ ᠲᠤᠮᠲᠠᠴᠢ ᠵᠠᠷᠤᠯᠭ᠎ᠠ ᠨᠢ 6559 ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠳᠤ 9.1% ᠪᠠᠷ ᠨᠡᠮᠡᠭᠳᠡᠵᠦ᠂ ᠨᠢᠳᠤᠨᠤᠨ ᠲᠠᠢ ᠬᠠᠷᠢᠴᠠᠭᠤᠯᠪᠡᠯ ᠠᠳᠠᠯᠢ ᠬᠤᠭᠤᠴᠠᠭᠠᠨ ᠳᠤ 5.1 ᠵᠠᠭᠤᠨ ᠤ ᠨᠢᠭᠡᠴᠢ  ᠪᠠᠷ ᠨᠡᠮᠡᠭᠳᠡᠪᠡ᠃ ᠡᠭᠦᠨ ᠤ ᠲᠤᠳᠤᠷ᠎ᠡ᠂ ᠢᠳᠡᠭᠡᠨ ᠤᠮᠳᠠᠭᠠᠨ ᠠᠷᠢᠬᠢ ᠲᠠᠮᠠᠬᠢ ᠶᠢᠨ ᠵᠠᠷᠤᠯᠭ᠎ᠠ ᠨᠢ 3003 ᠲᠦᠭᠦᠷᠢᠭ᠂ 5.0% ᠪᠠᠷ ᠨᠡᠮᠡᠭᠳᠡᠵᠦ᠂ ᠬᠤᠪᠴᠠᠰᠦ ᠵᠠᠰᠠᠯ ᠤᠨ ᠵᠠᠷᠤᠯᠭ᠎ᠠ ᠨᠢ 1429 ᠲᠦᠭᠦᠷᠢᠭ ᠲᠤ ᠬᠦᠷᠴᠦ᠂ 9.9% ᠢᠶᠠᠷ ᠨᠡᠮᠡᠭᠳᠡᠪᠡ᠃ ᠤᠷᠤᠨ ᠰᠠᠭᠤᠴᠡ ᠶᠢᠨ ᠵᠠᠷᠤᠯᠭ᠎ᠠ ᠨᠢ 185 ᠲᠦᠭᠦᠷᠢᠭ ᠪᠠᠶᠢᠵᠦ᠂ 2.8% ᠪᠠᠷ ᠨᠡᠮᠡᠭᠲᠡᠪᠡ᠃ ᠠᠮᠢᠳᠣᠷᠡᠯ ᠤᠨ ᠡᠳ᠋ᠯᠡᠯ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ ᠨᠢ 387 ᠲᠦᠭᠦᠷᠢᠭ ᠲᠤ ᠬᠦᠷᠴᠦ᠂ 3.2% ᠢᠶᠠᠷ ᠨᠡᠮᠡᠭᠲᠡᠪᠡ᠃ ᠵᠠᠮ ᠬᠠᠷᠢᠯᠴᠠᠭ᠎ᠠ ᠴᠢᠮᠡᠭᠡ ᠬᠤᠯᠪᠤᠭᠠᠨ ᠤ ᠵᠠᠷᠤᠯᠭ᠎ᠠ ᠨᠢ 740 ᠲᠦᠭᠦᠷᠢᠭ᠂ 36.3% ᠪᠠᠷ ᠨᠡᠮᠡᠭᠳᠡᠪᠡ᠃ ᠰᠤᠷᠭᠠᠨ ᠬᠦᠮᠦᠵᠢᠯ ᠰᠤᠶᠤᠯ ᠨᠠᠭᠠᠳᠤᠮ ᠤᠨ ᠵᠠᠷᠤᠯᠭ᠎ᠠ ᠨᠢ 384 ᠲᠦᠭᠦᠷᠢᠭ ᠪᠠᠶᠢᠵᠦ᠂ 11.3% ᠪᠠᠷ ᠨᠡᠮᠡᠭᠲᠡᠪᠡ᠃ ᠡᠮ ᠡᠮᠨᠡᠯᠭᠡ ᠡᠷᠡᠭᠦᠯ ᠮᠠᠨᠲᠦ ᠶᠢᠨ ᠵᠠᠷᠤᠯᠭ᠎ᠠ ᠨᠢ 263 ᠲᠦᠭᠦᠷᠢᠭ᠂ 4.8% ᠪᠠᠷ ᠨᠡᠮᠡᠭᠲᠡᠪᠡ᠃ ᠪᠤᠰᠤᠳ ᠡᠳ᠋ᠯᠡᠯ ᠬᠡᠷᠡᠭᠰᠡᠯ ᠪᠡ ᠦᠢᠯᠡᠴᠢᠯᠡᠭᠡᠨ ᠤ ᠵᠠᠷᠤᠯᠭ᠎ᠠ ᠨᠢ 168 ᠲᠦᠭᠦᠷᠢᠭ ᠪᠠᠶᠢᠵᠦ᠂ 5.0%  ᠪᠠᠷ ᠨᠡᠮᠡᠭᠳᠡᠭᠰᠡᠨ ᠪᠠᠶᠢᠨ᠎ᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号