2018 ᠤᠨ ᠤ ᠨᠢᠭᠡᠳᠦᠭᠡᠷ ᠤᠯᠠᠷᠢᠯ ᠳᠤ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠲᠤᠭᠳᠠᠭᠤᠨ ᠢᠶᠠᠷ ᠨᠡᠮᠡᠭᠲᠡᠪᠡ
ᠨᠡᠶᠢᠲᠡᠯᠡᠭᠰᠡᠨ ᠴᠠᠭ᠄
2018-05-11
                   ᠮᠠᠯᠵᠢᠬᠤ ᠲᠠᠷᠢᠶᠠᠯᠠᠬᠤ ᠤᠷᠤᠨ ᠤ ᠡᠷᠦᠭᠡ ᠶᠢ ᠰᠤᠩᠭᠤᠨ ᠪᠠᠶᠢᠴᠠᠭᠠᠭᠰᠡᠨ ᠮᠠᠲ᠋ᠧᠷᠢᠶᠠᠯ ᠢ ᠦᠨᠳᠦᠰᠦᠯᠡᠪᠡᠯ᠂ 2018 ᠤᠨ ᠤ ᠨᠢᠭᠡᠲᠦᠭᠡᠷ ᠤᠯᠠᠷᠢᠯ ᠳᠤ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭᠠᠯᠢ ᠠᠷᠡᠳ ᠤᠨ ᠠᠮᠢᠳᠤᠷᠡᠯ ᠤᠨ ᠬᠡᠷᠡᠭᠯᠡᠭᠡᠨ ᠤ ᠲᠤᠮᠲᠠᠴᠢ ᠵᠠᠷᠤᠯᠭ᠎ᠠ ᠨᠢ 2310.2 ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠳᠤ 9.1% ᠪᠠᠷ ᠨᠡᠮᠡᠭᠳᠡᠵᠦ᠂ ᠨᠢᠳᠤᠨᠤᠨ ᠲᠠᠢ ᠬᠠᠷᠢᠴᠠᠭᠤᠯᠪᠡᠯ ᠠᠳᠠᠯᠢ ᠬᠤᠭᠤᠴᠠᠭᠠᠨ ᠳᠤ 4.6 ᠵᠠᠭᠤᠨ ᠤ ᠬᠤᠪᠢ ᠪᠠᠷ ᠨᠡᠮᠡᠭᠳᠡᠪᠡ᠃ ᠡᠭᠦᠨ ᠤ ᠲᠤᠳᠤᠷ᠎ᠡ᠂ ᠢᠳᠡᠭᠡᠨ ᠤᠮᠳᠠᠭᠠᠨ ᠠᠷᠢᠬᠢ ᠲᠠᠮᠠᠬᠢ ᠶᠢᠨ ᠬᠡᠷᠡᠭᠯᠡᠭᠡᠨ ᠤ ᠵᠠᠷᠤᠯᠭ᠎ᠠ ᠨᠢ 859 ᠲᠦᠭᠦᠷᠢᠭ᠂ 3.4% ᠪᠠᠷ ᠨᠡᠮᠡᠭᠳᠡᠵᠦ᠂ ᠬᠤᠪᠴᠡᠰᠦ ᠵᠠᠰᠠᠯ ᠤᠨ ᠵᠠᠷᠤᠯᠭ᠎ᠠ ᠨᠢ 348.7 ᠲᠦᠭᠦᠷᠢᠭ ᠲᠤ ᠬᠦᠷᠴᠦ᠂ 3.2% ᠢᠶᠠᠷ ᠨᠡᠮᠡᠭᠳᠡᠪᠡ᠃ ᠤᠷᠤᠨ ᠰᠠᠭᠤᠴᠡ ᠶᠢᠨ ᠵᠠᠷᠤᠯᠭ᠎ᠠ ᠨᠢ 156 ᠲᠦᠭᠦᠷᠢᠭ ᠪᠠᠶᠢᠵᠦ᠂ 11.1% ᠪᠠᠷ ᠨᠡᠮᠡᠭᠲᠡᠪᠡ᠃ ᠠᠮᠢᠳᠣᠷᠡᠯ ᠤᠨ ᠡᠳ᠋ᠯᠡᠯ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ ᠨᠢ 166.7 ᠲᠦᠭᠦᠷᠢᠭ ᠲᠤ ᠬᠦᠷᠴᠦ᠂ 18.7% ᠢᠶᠠᠷ ᠨᠡᠮᠡᠭᠲᠡᠪᠡ᠃ ᠵᠠᠮ ᠬᠠᠷᠢᠯᠴᠠᠭ᠎ᠠ ᠴᠢᠮᠡᠭᠡ ᠬᠤᠯᠪᠤᠭᠠᠨ ᠤ ᠵᠠᠷᠤᠯᠭ᠎ᠠ ᠨᠢ 385 ᠲᠦᠭᠦᠷᠢᠭ᠂ 8.9% ᠪᠠᠷ ᠨᠡᠮᠡᠭᠳᠡᠪᠡ᠃ ᠰᠤᠷᠭᠠᠨ ᠬᠦᠮᠦᠵᠢᠯ ᠰᠤᠶᠤᠯ ᠨᠠᠭᠠᠳᠤᠮ ᠤᠨ ᠵᠠᠷᠤᠯᠭ᠎ᠠ ᠨᠢ 207.8 ᠲᠦᠭᠦᠷᠢᠭ ᠪᠠᠶᠢᠵᠦ᠂ 15.1% ᠪᠠᠷ ᠨᠡᠮᠡᠭᠲᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ ᠨᠢ 172 ᠲᠦᠭᠦᠷᠢᠭ᠂ 7.8% ᠪᠠᠷ ᠨᠡᠮᠡᠭᠲᠡᠪᠡ᠃ ᠪᠤᠰᠤᠳ ᠡᠳ᠋ᠯᠡᠯ ᠬᠡᠷᠡᠭᠰᠡᠯ ᠪᠡ ᠦᠢᠯᠡᠴᠢᠯᠡᠭᠡᠨ ᠤ ᠵᠠᠷᠤᠯᠭ᠎ᠠ ᠨᠢ 15 ᠲᠦᠭᠦᠷᠢᠭ ᠪᠠᠶᠢᠵᠦ᠂ 41.5% ᠪᠠᠷ ᠨᠡᠮᠡᠭᠳᠡᠭᠰᠡᠨ ᠪᠠᠶᠢᠨ᠎ᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号