ᠪᠤᠭᠤᠳᠤ ᠬᠤᠳᠠ ᠶᠢᠨ ᠮᠤᠷᠢᠨ ᠬᠤᠭᠤᠷᠴᠢᠳ ᠤᠨ ᠠᠩᠬᠠᠳᠤᠭᠠᠷ ᠤᠳᠠᠭᠠᠨ ᠤ ᠮᠦᠷᠦᠶᠢᠴᠡᠬᠡᠨ ᠠᠮᠵᠢᠯᠳᠠ  ᠲᠠᠢ ᠦᠨᠳᠦᠷᠯᠡᠯ᠎ᠡ
ᠨᠡᠶᠢᠲᠡᠯᠡᠭᠰᠡᠨ ᠴᠠᠭ᠄
2018-05-30
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠦᠨᠳᠦᠰᠦᠳᠡᠨ ᠤ ᠰᠤᠶᠤᠯ ᠢ ᠮᠠᠨᠳᠤᠭᠤᠯᠤᠨ ᠬᠦᠭᠵᠢᠬᠦᠯᠵᠤ᠂ ᠮᠤᠷᠢᠨ ᠬᠤᠭᠤᠷ ᠤᠨ ᠰᠢᠯᠢᠳᠡᠭ ᠪᠦᠳᠦᠬᠡᠯ ᠢ ᠡᠬᠦᠳᠦᠨ ᠪᠦᠳᠦᠬᠡᠵᠤ᠂ ᠮᠤᠷᠢᠨ ᠬᠤᠭᠤᠷ ᠤᠨ ᠵᠠᠯᠠᠭᠤ ᠴᠢᠳᠠᠪᠤᠷᠢᠳᠠᠨ  ᠢ ᠬᠦᠮᠦᠵᠢᠬᠦᠯᠬᠦ ᠶᠢᠨ ᠳᠤᠰᠠᠳᠠ ᠪᠤᠭᠤᠳᠤ ᠬᠤᠳᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠬᠤᠳᠠ ᠶᠢᠨ ᠰᠤᠷᠭᠠᠨ ᠬᠦᠮᠦᠵᠢᠯ ᠤᠨ ᠳᠤᠪᠴᠢᠶᠠᠨ ᠠᠴᠠ ᠭᠤᠤᠯᠯᠠᠨ ᠡᠷᠬᠢᠯᠡᠭᠰᠡᠨ᠂ ᠬᠦᠨᠳᠡᠯᠡᠨ ᠳᠤᠭᠤᠷᠢᠭ ᠤᠨ ᠦᠨᠳᠦᠰᠦᠳᠡᠨ ᠱᠠᠰᠢᠨ ᠰᠣᠷᠳᠠᠬᠤᠨ ᠤ ᠬᠡᠷᠡᠭ ᠡᠷᠬᠢᠯᠡᠬᠦ ᠳᠤᠪᠴᠢᠶ᠎ᠠ᠂ ᠪᠤᠭᠤᠳᠤ ᠬᠤᠳᠠ ᠶᠢᠨ ᠰᠤᠶᠤᠯ ᠪᠠᠶ᠎ᠠ ᠲᠠᠮᠢᠷ ᠷᠠᠳᠢᠤ᠋ ᠲᠧᠯᠸᠢᠰ  ᠤᠨ ᠳᠤᠪᠴᠢᠶᠠᠨ ᠤ ᠮᠤᠩᠭᠤᠯ ᠨᠠᠶᠢᠷᠠᠭᠤᠯᠬᠤ ᠬᠡᠯᠳᠡᠰ᠂ ᠬᠦᠨᠳᠡᠯᠡᠨ ᠳᠤᠭᠤᠷᠢᠭ ᠤᠨ ᠰᠤᠷᠭᠠᠨ ᠬᠦᠮᠦᠵᠢᠯ ᠤᠨ ᠳᠤᠪᠴᠢᠶ᠎ᠠ ᠳᠠᠭᠠᠭᠠᠴᠢᠯᠠᠨ ᠬᠢᠵᠤ᠂ ᠪᠤᠭᠤᠳᠤ ᠬᠤᠳᠠ ᠶᠢᠨ ᠳᠠᠭᠤᠤ ᠬᠦᠭᠵᠢᠮᠴᠢᠳ ᠤᠨ ᠨᠡᠶᠢᠬᠡᠮᠯᠢᠭ᠂ ᠮᠤᠷᠢᠨ ᠬᠤᠭᠤᠷᠴᠢᠳ ᠤᠨ ᠨᠡᠶᠢᠬᠡᠮᠯᠢᠭ᠂ ᠮᠦᠰᠢᠶᠡᠯ ᠰᠤᠶᠤᠯ ᠤᠷᠠᠯᠢᠭ ᠤᠨ ᠲᠦᠪ ᠬᠠᠪᠰᠣᠷᠤᠨ ᠬᠢᠭᠰᠡᠨ ᠪᠤᠭᠤᠳᠤ ᠬᠤᠳᠠ  ᠶᠢᠨ ᠮᠤᠷᠢᠨ ᠬᠤᠭᠤᠷᠴᠢᠳ ᠤᠨ ᠠᠩᠬᠠᠳᠤᠭᠴᠢ ᠮᠦᠷᠦᠶᠢᠴᠡᠬᠡᠨ 2018 ᠤᠨ ᠤ 4 ᠳ᠋ᠤᠬᠡᠷ ᠰᠠᠷ᠎ᠠ ᠶᠢᠨ 19—20 ᠤ ᠡᠳᠦᠷ ᠬᠦᠨᠳᠡᠯᠡᠨ ᠳᠤᠭᠤᠷᠢᠭ ᠤᠨ ᠰᠤᠶᠤᠯ ᠤᠨ ᠤᠷᠳᠤᠨ ᠳᠤ ᠤᠷᠤᠭᠰᠢᠳᠠᠢ ᠶᠠᠪᠤᠭᠳᠠᠯ᠎ᠠ᠃              ᠳᠤᠰ ᠤᠳᠠᠭᠠᠨ ᠤ ᠮᠦᠷᠦᠶᠢᠴᠡᠬᠡᠨ ᠳᠤ ᠨᠡᠶᠢᠳᠡ ᠵᠠᠭᠤ ᠭᠠᠷᠤᠢ ᠮᠤᠷᠢᠨ ᠬᠤᠭᠤᠷᠴᠢᠳ ᠤᠷᠤᠯᠴᠠᠵᠤ᠂ ᠪᠠᠭᠠᠴᠤᠳ ᠤᠨ ᠳᠤᠭᠤᠶᠢᠯᠠᠩ ᠳᠤ ᠵᠠᠭᠤᠭᠠᠳ ᠬᠦᠮᠦᠨ᠂ ᠵᠠᠯᠠᠭᠤᠴᠤᠳ ᠤᠨ ᠳᠤᠭᠤᠶᠢᠯᠠᠩ ᠳᠤ ᠭᠤᠴᠢᠭᠠᠳ ᠬᠦᠮᠦᠨ᠂ ᠨᠠᠶᠢᠷᠠᠯ ᠬᠦᠭᠵᠢᠮ ᠤᠨ ᠳᠤᠭᠤᠶᠢᠯᠠᠩ19 ᠬᠠᠮᠳᠤᠯᠢᠭ ᠤᠷᠤᠯᠴᠠᠵᠠᠢ᠃ ᠬᠤᠶᠠᠷ ᠡᠳᠦᠷ ᠤᠨ ᠠᠩᠬᠠᠨ ᠤ ᠰᠤᠩᠭᠤᠯᠳᠠ᠂ ᠬᠠᠭᠠᠰ ᠰᠢᠢᠳᠪᠦᠷᠢᠳᠤ ᠤᠷᠤᠯᠳᠤᠭᠠᠨ᠂ ᠰᠢᠢᠳᠪᠦᠷᠢᠳᠤ ᠤᠷᠤᠯᠳᠤᠭᠠᠨ ᠢᠶᠠᠷ ᠪᠤᠭᠤᠳᠤ ᠬᠤᠳᠠ ᠶᠢᠨ ᠮᠤᠩᠭᠤᠯ ᠰᠤᠷᠭᠠᠭᠤᠯᠢ ᠨᠢ ᠪᠠᠭᠠᠴᠤᠳ ᠤᠨ ᠨᠠᠶᠢᠷᠠᠯ ᠬᠦᠭᠵᠢᠮ ᠤᠨ ᠳᠤᠭᠤᠶᠢᠯᠠᠩ ᠤᠨ ᠳᠡᠷᠢᠬᠦᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠯᠠᠭᠠᠨᠮᠦ᠋ᠴᠢᠷ ᠨᠢ ᠵᠠᠯᠠᠭᠤᠴᠤᠳ ᠤᠨ ᠨᠠᠶᠢᠷᠠᠯ ᠬᠦᠭᠵᠢᠮ ᠤᠨ ᠳᠤᠭᠤᠶᠢᠯᠠᠩ ᠤᠨ ᠳᠡᠷᠢᠬᠦᠨ᠂ ᠡᠷᠴᠢᠳᠡᠢ ᠪᠠᠭᠠᠴᠤᠳ ᠤᠨ ᠳᠤᠭᠤᠶᠢᠯᠠᠩ ᠤᠨ ᠳᠡᠷᠢᠬᠦᠨ᠂ ᠠᠰᠠᠷ ᠵᠠᠯᠠᠭᠤᠴᠤᠳ ᠤᠨ ᠳᠤᠭᠤᠶᠢᠯᠠᠩ ᠳᠡᠷᠢᠬᠦᠨ ᠢᠶᠠᠷ ᠳᠤᠰ ᠪᠦᠷᠢ ᠳᠤᠳᠤᠷᠠᠵᠠᠢ᠃              ᠳᠤᠰ ᠤᠳᠠᠭᠠᠨ ᠤ ᠮᠦᠷᠦᠶᠢᠴᠡᠬᠡᠨ ᠨᠢ ᠮᠤᠩᠭᠤᠯ ᠦᠨᠳᠦᠰᠦᠳᠡᠨ ᠤ ᠰᠤᠶᠤᠯ ᠢᠶᠠᠨ ᠮᠠᠨᠳᠤᠭᠤᠯᠤᠨ ᠬᠦᠭᠵᠢᠬᠦᠯᠵᠤ᠂ ᠮᠤᠷᠢᠨ ᠬᠤᠭᠤᠷ ᠤᠨ ᠰᠢᠯᠢᠳᠡᠭ ᠪᠦᠳᠦᠬᠡᠯ ᠢ ᠠᠭᠤᠳᠠᠯᠯᠠᠨ ᠬᠦᠭᠵᠢᠬᠦᠯᠬᠦ ᠪᠠ ᠮᠤᠷᠢᠨ ᠬᠤᠭᠤᠷ ᠤᠨ ᠵᠠᠯᠠᠭᠤ ᠴᠢᠳᠠᠪᠤᠷᠢᠳᠠᠨ ᠢ ᠬᠦᠮᠦᠵᠢᠬᠦᠯᠦᠨ ᠵᠤᠷᠢᠭᠵᠢᠭᠤᠯᠵᠤ᠂ ᠦᠨᠳᠦᠰᠦᠳᠡᠨ ᠤ ᠳᠠᠭᠤᠤ ᠬᠦᠭᠵᠢᠮ ᠤᠨ ᠡᠬᠦᠳᠦᠨ ᠪᠦᠳᠦᠬᠡᠯᠳᠡ ᠪᠠ ᠰᠤᠳᠤᠯᠭᠠᠨ ᠬᠢᠬᠦ ᠳᠤ ᠪᠠᠳᠤ ᠪᠠᠬᠢ ᠰᠠᠭᠤᠷᠢ ᠶᠢ ᠳᠠᠯᠪᠢᠨ ᠦᠭᠴᠡᠢ᠃

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号