ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠦᠢᠳᠡ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠬᠡᠨ ᠢ ᠳᠡᠰ ᠳᠡᠪᠰᠢᠬᠦᠯᠬᠦ ᠢᠨᠵᠧᠨᠧᠷᠢᠩ  ᠢ ᠬᠡᠷᠡᠭᠵᠢᠬᠦᠯᠬᠦ ᠳᠦᠰᠦᠯ ᠢ ᠳᠠᠷᠬᠠᠭᠠᠬᠤ ᠳᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-05-08
ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠪᠦᠢᠳᠡ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠬᠡᠨ ᠢ ᠳᠡᠰ ᠳᠡᠪᠰᠢᠬᠦᠯᠬᠦ ᠢᠨᠵᠧᠨᠧᠷᠢᠩ ᠢ ᠬᠡᠷᠡᠭᠵᠢᠬᠦᠯᠬᠦ ᠳᠦᠰᠦᠯ ᠢ ᠳᠠᠷᠬᠠᠭᠠᠬᠤ ᠳᠤᠬᠠᠢ ᠮᠡᠳᠡᠭᠳᠡᠯ                                                         ᠲᠠᠷᠬᠠᠨ ᠮᠤᠤᠮᠢᠩᠭᠠᠨ ᠵᠠᠰᠠᠭ ᠲᠠᠷᠬᠠᠭᠠᠭᠰᠡᠨ ﹇2018﹈6 ᠳ᠋ᠤᠭᠠᠷ ᠲᠤᠭᠠᠲᠦ ᠡ᠊‍ᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠪᠠᠷᠠᠭᠤᠨ ᠠᠵᠤ ᠦᠢᠯᠡᠳᠪᠤᠷᠢ ᠶᠢᠨ ᠳᠤᠭᠤᠷᠢᠭ ᠤᠨ ᠬᠠᠮᠢᠶᠠᠷᠤᠯᠳᠠ ᠶᠢᠨ ᠵᠦᠪᠯᠡᠯ᠂ ᠬᠤᠰᠢᠭᠤᠨ ᠤ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ᠄      ᠮᠠᠨ ᠤ ᠬᠤᠰᠢᠭᠤᠨ ᠤ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠦᠴᠦᠨ ᠤ ᠰᠠᠭᠤᠷᠢ ᠳᠦᠬᠦᠭᠡᠷᠦᠮᠵᠢ  ᠶᠢ ᠳᠡᠰ ᠳᠡᠪᠰᠢᠬᠦᠯᠦᠨ ᠵᠠᠰᠠᠨ ᠰᠠᠶᠢᠵᠢᠷᠠᠭᠤᠯᠬᠤ ᠠᠵᠢᠯ ᠢ ᠳᠦᠷᠭᠡᠳᠭᠡᠨ ᠠᠬᠢᠭᠤᠯᠵᠤ᠂ ᠪᠤᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠦᠢᠯᠡᠳᠪᠤᠷᠢᠯᠡᠯ ᠠᠮᠢᠳᠤᠷᠠᠯ ᠤᠨ ᠬᠢᠷᠢ ᠳᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠦᠨ᠂ ᠬᠤᠳᠠ ᠪᠠᠯᠭᠠᠰᠤᠨ ᠤ ᠶᠡᠷᠦᠩᠭᠡᠶᠢᠯᠡᠭᠰᠡᠨ ᠳᠠᠭᠠᠭᠠᠴᠠ ᠴᠢᠳᠠᠪᠤᠷᠢ ᠶᠢ ᠳᠡᠭᠡᠭᠰᠢᠯᠡᠬᠦᠯᠵᠤ᠂ ᠭᠠᠵᠠᠷ ᠤᠷᠤᠨ ᠤ ᠠᠵᠤ ᠠᠬᠤᠢ ᠶᠢᠨ ᠨᠡᠮᠡᠭᠳᠡᠯ ᠪᠤᠯᠤᠨ ᠨᠡᠶᠢᠬᠡᠮ ᠤᠨ ᠡᠶ᠎ᠡ ᠵᠤᠬᠢᠴᠠᠯ ᠢ ᠠᠬᠢᠭᠤᠯᠬᠤ ᠶᠢᠨ ᠲᠦᠯᠦᠭᠡ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠡᠳ ᠤᠨ ᠵᠠᠰᠠᠭ ᠤᠨ ᠤᠷᠳᠤᠨ ᠤ ︽ᠪᠤᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠭᠡᠨ ᠢ ᠳᠡᠰ ᠳᠡᠪᠰᠢᠬᠦᠯᠬᠦ ᠢᠨᠵᠧᠨ᠋ᠷᠢᠩ ᠢ ᠬᠡᠷᠡᠭᠵᠢᠬᠦᠯᠬᠦ ᠳᠤᠬᠠᠢ ᠰᠠᠨᠠᠯ︾ ︵ᠦᠪᠦᠷ ᠵᠠᠰᠠᠭ ᠲᠠᠷᠬᠠᠭᠠᠭᠰᠡᠨ﹇2017﹈ 66 ᠳ᠋ᠤᠭᠠᠷ ᠳᠤᠭᠠᠳᠤ︶ ᠤᠨ ᠱᠠᠭᠠᠷᠳᠠᠯᠭ᠎ᠠ ᠶᠤᠰᠤᠭᠠᠷ᠂ ᠳᠤᠰᠬᠠᠶᠢᠯᠠᠨ ᠳᠤᠰ ᠳᠦᠰᠦᠯ ᠢ ᠳᠤᠭᠳᠠᠭᠠᠪᠠ᠃      ᠨᠢᠭᠡ᠂ ᠶᠡᠷᠦᠩᠭᠡᠢ ᠱᠠᠭᠠᠷᠳᠠᠯᠭ᠎ᠠ      ᠨᠡᠮᠡᠭᠳᠠᠯ ᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ᠂ ᠳᠤᠭᠳᠠᠭᠤᠨ‌ᠢ ᠪᠠᠳᠤᠯᠠᠬᠤ ᠱᠠᠭᠠᠷᠳᠠᠯᠭ᠎ᠠ ᠶᠤᠰᠤᠭᠠᠷ᠂ ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠳᠠᠯᠠᠵᠤ᠂ ᠬᠤᠲᠠ ᠪᠠᠯᠭᠠᠰᠤᠵᠢᠯᠲᠡ ᠶᠢ ᠬᠦᠭᠵᠢᠬᠦᠯᠬᠦ ᠬᠡᠷᠡᠭᠴᠡᠭᠡ ᠳᠤ ᠵᠤᠬᠢᠴᠠᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠦᠴᠦᠨ ᠤ ᠰᠠᠭᠤᠷᠢ ᠳᠦᠬᠦᠭᠡᠷᠦᠮᠵᠢ  ᠶᠢ ᠪᠦᠷᠢᠨᠰᠢᠬᠦᠯᠬᠦ ᠪᠠᠷ ᠡᠬᠢᠯᠡᠯᠳᠡ ᠶᠢᠨ ᠴᠡᠭ ᠪᠠ ᠵᠤᠭᠰᠤᠴᠠ ᠪᠤᠯᠭᠠᠵᠤ᠂ ᠪᠤᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠭᠡᠨ ᠢ ᠳᠡᠰ ᠳᠡᠪᠰᠢᠬᠦᠯᠦᠨ ᠵᠠᠰᠠᠨ ᠰᠠᠶᠢᠵᠢᠷᠠᠭᠤᠯᠬᠤ ᠶᠢ ᠳᠦᠷᠭᠡᠳᠭᠡᠨ ᠠᠬᠢᠭᠤᠯᠵᠤ᠂ ᠪᠤᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠡᠷᠦᠭᠡ ᠶᠢᠨ ᠦᠢᠯᠡᠳᠪᠦᠷᠢᠯᠡᠯ ᠠᠮᠢᠳᠤᠷᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠬᠦᠯᠵᠤ᠂ ᠮᠠᠯᠵᠢᠬᠤ ᠳᠠᠷᠢᠶᠠᠯᠠᠬᠤ ᠡᠷᠦᠭᠡ ᠶᠢᠨ ᠠᠮᠢᠳᠤᠷᠠᠯ ᠤᠨ ᠴᠢᠨᠠᠷ ᠴᠢᠨᠰᠠᠭ᠎ᠠ ᠪᠤᠯᠤᠨ ᠵᠤᠯ ᠵᠢᠷᠭᠠᠯ ᠤᠨ ᠵᠢᠭᠠᠯᠳᠠ ᠳᠤᠭ᠎ᠠ ᠶᠢ ᠳᠡᠭᠡᠭᠰᠢᠯᠡᠬᠦᠯᠵᠤ᠂ ᠴᠢᠨᠡᠭᠡᠯᠢᠭ ᠨᠡᠶᠢᠬᠡᠮ ᠢ ᠪᠦᠬᠦ ᠳᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠦ ᠪᠠᠬᠢ ᠰᠠᠭᠤᠷᠢ ᠶᠢ ᠳᠠᠯᠪᠢᠨ᠎ᠡ᠃      ᠬᠤᠶᠠᠷ᠂ ᠬᠡᠷᠡᠭᠵᠢᠬᠦᠯᠬᠦ ᠵᠠᠷᠴᠢᠮ     ︵ᠨᠢᠭᠡ︶ ᠰᠢᠨᠵᠢᠯᠡᠬᠦ ᠤᠬᠠᠭᠠᠨᠴᠢ ᠪᠠᠷ ᠳᠦᠯᠦᠪᠯᠡᠵᠤ᠂ ᠠᠯᠬᠤᠮ ᠳᠠᠷᠠᠭ᠎ᠠ ᠲᠠᠢ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ᠳᠤᠰ ᠭᠠᠵᠠᠷ ᠤᠨ ᠢᠶᠠᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠬᠢᠷᠢ ᠳᠦᠪᠰᠢᠨ ᠢᠶᠠᠨ ᠦᠨᠳᠦᠰᠦᠯᠡᠵᠤ᠂ ᠪᠤᠳᠠᠳᠠᠢ ᠲᠠᠢ ᠪᠠᠨ ᠤᠶᠠᠯᠳᠤᠭᠤᠯᠤᠨ᠂ ᠴᠠᠬᠢᠯᠭᠠᠨ ᠬᠡᠷᠡᠭᠯᠡᠬᠦ ᠡᠷᠦᠭᠡ ᠶᠢᠨ ᠴᠠᠬᠢᠯᠭᠠᠨ ᠬᠡᠷᠡᠭᠯᠡᠭᠡᠨ ᠢ ᠳᠡᠰ ᠳᠡᠪᠰᠢᠬᠦᠯᠦᠨ ᠦᠭᠡᠷᠡᠴᠢᠯᠡᠬᠦ ᠬᠠᠷᠠᠯᠳᠠ ᠡᠭᠦᠷᠭᠡ ᠪᠠᠨ ᠵᠤᠬᠢᠰᠳᠠᠢ ᠳᠤᠭᠳᠠᠭᠠᠵᠤ᠂ ᠴᠢᠳᠠᠯ ᠤᠨ ᠢᠶᠠᠨ ᠬᠢᠷᠢ ᠪᠠᠷ ᠬᠢᠵᠤ᠂ ᠠᠯᠬᠤᠮ ᠠᠯᠬᠤᠮ ᠢᠶᠠᠷ ᠳᠦᠯᠬᠢᠨ ᠠᠬᠢᠭᠤᠯᠤᠨ᠎ᠡ᠃ ᠪᠡᠯᠴᠢᠭᠡᠷᠯᠡᠨ ᠮᠠᠯᠵᠢᠬᠤ ᠶᠢ ᠵᠤᠭᠰᠤᠭᠠᠬᠤ ᠤᠷᠤᠨ᠂ ᠨᠡᠭᠡᠭᠡᠨ ᠬᠦᠭᠵᠢᠬᠦᠯᠬᠦ ᠶᠢ ᠬᠤᠷᠢᠭᠯᠠᠬᠤ ᠤᠷᠤᠨ ᠤ ᠳᠤᠳᠤᠷᠠᠬᠢ ᠦᠢᠯᠡᠳᠪᠤᠷᠢᠯᠡᠯ ᠠᠮᠢᠳᠤᠷᠠᠯ ᠪᠠ ᠡᠯ᠎ᠡ ᠱᠠᠳᠤᠨ ᠤ ᠵᠠᠰᠠᠭ ᠤᠨ ᠤᠷᠳᠤᠨ ᠤ ᠨᠡᠬᠦᠯᠭᠡᠨ ᠰᠢᠯᠵᠢᠬᠦᠯᠬᠦ ᠲᠥᠯᠦᠪᠯᠡᠭᠡ ᠳᠤ ᠤᠷᠤᠭᠤᠯᠤᠭᠰᠡᠨ ᠬᠡᠷᠡᠭᠯᠡᠭᠴᠢᠳ ᠢ ᠢᠳᠡᠪᠬᠢᠳᠠᠢ ᠤᠳᠤᠷᠢᠳᠦᠨ ᠳᠠᠭᠠᠭᠤᠯᠵᠦ᠂ ᠳᠦᠷᠦ ᠶᠢᠨ ᠪᠤᠳᠤᠯᠭ᠎ᠠ ᠶᠤᠰᠤᠭᠠᠷ ᠴᠠᠬᠢᠯᠭᠠᠨ ᠲᠤᠤᠷᠵᠢᠯ ᠤᠨ ᠪᠦᠷᠬᠦᠴᠡ ᠶᠢᠨ ᠤᠷᠤᠨ ᠪᠦᠰᠡ ᠳᠤ ᠨᠡᠬᠦᠯᠭᠡᠵᠤ᠂ ᠳᠦᠷ ᠴᠠᠭ ᠳᠡᠰ ᠳᠡᠪᠰᠢᠬᠦᠯᠵᠤ ᠵᠠᠰᠠᠨ ᠰᠠᠶᠢᠵᠢᠷᠠᠭᠤᠯᠤᠯᠳᠠ ᠬᠢᠬᠦ ᠦᠭᠡᠢ᠃ ᠠᠮᠢ ᠠᠬᠤᠢ  ᠶᠢᠨ ᠬᠡᠪᠡᠷᠡᠭ ᠤᠷᠤᠨ ᠤ ᠳᠤᠳᠤᠷᠠᠬᠢ ᠬᠡᠷᠡᠭᠯᠡᠭᠴᠢᠳ ᠲᠤ ᠵᠠᠷᠴᠢᠮ ᠳᠡᠭᠡᠷ᠎ᠡ ᠪᠠᠨ ᠴᠠᠬᠢᠯᠭᠠᠨ ᠲᠤᠤᠷᠵᠢᠯ ᠢ ᠤᠷᠳᠤᠳᠬᠠᠨ ᠴᠠᠬᠢᠯᠭᠠᠨ ᠬᠠᠩᠭᠠᠬᠤ ᠶᠢ ᠵᠦᠪᠰᠢᠶᠡᠷᠡᠬᠦ ᠦᠭᠡᠢ᠃     ︵ᠬᠤᠶᠠᠷ︶ ᠵᠠᠰᠠᠭ ᠤᠨ ᠤᠷᠳᠤᠨ ᠭᠤᠤᠯ ᠤᠳᠤᠷᠢᠳᠴᠤ᠂ ᠵᠠᠬ᠎ᠠ ᠳᠡᠯᠭᠡᠬᠦᠷ ᠢᠶᠠᠷ ᠬᠦᠳᠡᠯᠭᠡᠭᠴᠢ ᠪᠤᠯᠭᠠᠨ᠎ᠠ᠃ ᠪᠤᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠭᠡᠨ‌ᠢ ᠳᠡᠰ ᠳᠡᠪᠰᠢᠬᠦᠯᠬᠦ ᠢᠨᠵᠧᠨᠧᠷᠢᠩ ᠨᠢ ᠲᠦᠷᠦ ᠶᠢᠨ ᠪᠤᠳᠤᠯᠭ᠎ᠠ ᠶᠢᠨ ᠴᠢᠨᠠᠷ ᠪᠠ ᠨᠠᠶᠢᠳᠠ ᠶᠢᠨ ᠠᠰᠠᠷᠠᠮᠵᠢ ᠶᠢᠨ ᠴᠢᠨᠠᠷ ᠢᠶᠠᠷ ᠴᠢᠩᠭ᠎ᠠ ᠪᠠᠶᠢᠵᠤ᠂ ᠪᠦᠬᠦ ᠬᠤᠰᠢᠭᠤᠨ ᠤ ᠨᠢᠭᠡᠳᠦᠯᠳᠠᠢ ᠤᠳᠤᠷᠢᠳᠤᠯᠭ᠎ᠠ ᠪᠡ ᠳᠤᠬᠢᠷᠠᠭᠤᠯᠤᠯᠳᠠ ᠶᠢ ᠪᠠᠷᠢᠮᠳᠠᠯᠠᠨ᠎ᠠ᠃ ᠵᠠᠬ᠎ᠠ ᠳᠡᠯᠭᠡᠬᠦᠷ ᠤᠨ ᠲᠤᠭᠲᠠᠴᠡ ᠶᠢᠨ ᠦᠢᠯᠡᠳᠤᠯ ᠢ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠤᠯᠤᠨ ᠮᠠᠯᠴᠢᠨ ᠳᠠᠷᠢᠶᠠᠴᠢᠳ ᠤᠨ ᠢᠳᠡᠪᠬᠢᠵᠢᠯ ᠢ ᠬᠦᠢᠴᠡᠳ ᠳᠠᠶᠢᠴᠢᠯᠠᠵᠤ᠂ ᠨᠡᠶᠢᠬᠡᠮ ᠤᠨ ᠬᠦᠴᠦᠨ ᠢ ᠳᠠᠶᠢᠴᠢᠯᠠᠵᠤ ᠦᠷᠭᠡᠨ ᠳᠡᠯᠭᠡᠷᠡᠩᠭᠦᠢ ᠤᠷᠤᠯᠴᠠᠭᠤᠯᠤᠨ᠎ᠡ᠃     ︵ᠭᠤᠷᠪᠠ︶ ᠲᠤᠬᠠᠢ ᠶᠢᠨ ᠭᠠᠵᠠᠷ ᠲᠤ ᠨᠢ ᠳᠤᠬᠢᠷᠠᠭᠤᠯᠵᠤ᠂ ᠤᠯᠠᠨ ᠠᠷᠭ᠎ᠠ ᠪᠠᠷᠢᠯ ᠢᠶᠠᠷ ᠵᠠᠰᠠᠨ ᠰᠠᠶᠢᠵᠢᠷᠠᠭᠤᠯᠤᠨ᠎ᠡ᠃ ᠴᠠᠬᠢᠯᠭᠠᠨ ᠲᠤᠤᠷᠵᠢᠯ ᠢ ᠤᠷᠳᠤᠳᠬᠠᠵᠤ ᠴᠠᠬᠢᠯᠭᠠᠨ ᠬᠠᠩᠭᠠᠬᠤ ᠶᠢ ᠰᠢᠢᠳᠪᠤᠷᠢᠯᠡᠬᠦ ᠨᠦᠬᠦᠴᠡᠯ  ᠲᠠᠢ ᠮᠦᠷᠳᠡᠭᠡᠨ ᠴᠠᠬᠢᠯᠭᠠᠨ ᠬᠠᠩᠭᠠᠬᠤ ᠴᠢᠨᠠᠷ ᠢ ᠪᠠᠳᠤᠯᠠᠵᠤ᠂ ᠲᠤᠤᠷᠵᠢᠯ ᠴᠠᠬᠢᠯᠭᠠᠨ ᠬᠦᠴᠦᠳᠠᠯ ᠤᠨ ᠠᠰᠠᠭᠤᠳᠠᠯ ᠭᠠᠷᠬᠤ ᠦᠭᠡᠢ ᠡᠷᠦᠭᠡ ᠶᠢ ᠴᠠᠬᠢᠯᠭᠠᠨ ᠲᠤᠤᠷᠵᠢᠯ ᠤᠨ ᠢᠨᠵᠧᠨᠧᠷᠢᠩ ᠳᠤ ᠤᠷᠤᠭᠤᠯᠤᠨ᠎ᠠ᠃ ᠤᠷᠴᠢᠮ ᠤᠨ ᠵᠢᠯ ᠤᠨ ᠴᠠᠬᠢᠯᠭᠠᠨ ᠲᠤᠤᠷᠵᠢᠯ ᠤᠷᠤᠭᠤᠯᠬᠤ ᠨᠦᠬᠦᠴᠡᠯ ᠦᠭᠡᠢ ᠡᠷᠦᠭᠡ ᠳᠤ ᠬᠠᠨᠳᠤᠭᠤᠯᠤᠨ᠂ ᠰᠠᠶᠢᠨ ᠳᠤᠷ᠎ᠠ ᠶᠢᠨ ᠵᠠᠷᠴᠢᠮ ᠶᠤᠰᠤᠭᠠᠷ᠂ ᠰᠢᠨ᠎ᠡ ᠡᠨᠧᠷᠬᠢ ᠶᠢᠨ ᠡᠷᠦᠬᠡ ᠳᠤ ᠬᠡᠷᠡᠭᠯᠡᠬᠦ ᠰᠢᠰᠲ᠋ᠧᠮ ᠢ ᠳᠡᠰ ᠳᠡᠪᠰᠢᠬᠦᠯᠦᠨ᠎ᠡ᠃ ᠵᠠᠷᠴᠢᠮ ᠳᠡᠭᠡᠷ᠎ᠡ ᠪᠠᠨ ᠮᠠᠯᠴᠢᠨ ᠡᠷᠦᠭᠡ ᠪᠦᠷᠢ ᠶᠢᠨ ᠤᠷᠳᠤ ᠬᠤᠭᠤᠴᠠᠭᠠᠨ ᠤ ᠰᠠᠭᠤᠷᠢᠰᠢᠯ ᠤᠨ ᠴᠡᠭ ᠲᠤ ᠵᠦᠪᠭᠡᠨ ᠨᠢᠭᠡ ᠢᠵᠢ ᠰᠢᠨ᠎ᠡ ᠡᠨᠧᠷᠬᠢ ᠶᠢᠨ ᠰᠢᠰᠲ᠋ᠧᠮ ᠢ ᠳᠡᠰ ᠳᠡᠪᠰᠢᠬᠦᠯᠵᠤ᠂ ᠤᠬᠤᠷ ᠬᠤᠭᠤᠴᠠᠭᠠᠨ ᠤ ᠮᠠᠯᠵᠢᠯ ᠤᠨ ᠴᠡᠭ ᠲᠤ ᠳᠤᠬᠢᠷᠠᠭᠤᠯᠬᠤ ᠦᠭᠡᠢ᠃ ᠠᠮᠢᠳᠤᠷᠠᠯ ᠤᠨ ᠬᠡᠷᠡᠭᠴᠡᠭᠡ ᠪᠠ ᠳᠦᠬᠦᠮ ᠦᠢᠯᠡᠳᠪᠤᠷᠢᠯᠡᠯ ᠤᠨ ᠬᠡᠷᠡᠭᠴᠡᠭᠡ ᠶᠢ ᠬᠠᠩᠭᠠᠬᠤ᠂ ᠦᠢᠯᠡᠳᠪᠤᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠵᠠᠷᠴᠢᠮ ᠶᠤᠰᠤᠭᠠᠷ᠂ ᠰᠢᠨ᠎ᠡ ᠡᠨᠧᠷᠬᠢ ᠶᠢᠨ ᠰᠢᠰᠲ᠋ᠧᠮ ᠢ ᠳᠡᠰ ᠳᠡᠪᠰᠢᠬᠦᠯᠬᠦ ᠳᠤ 2000 ᠸᠠᠲ ᠪᠤᠶᠤ 3000 ᠸᠠᠲ ᠪᠤᠯᠭᠠᠨ ᠳᠡᠰ ᠳᠡᠪᠰᠢᠬᠦᠯᠦᠨ ᠬᠡᠷᠡᠭᠯᠡᠵᠤ ᠪᠤᠯᠤᠨ᠎ᠡ᠃      ︵ᠳᠦᠷᠪᠡ︶ ᠬᠠᠮᠳᠤᠪᠡᠷ ᠠᠷᠭ᠎ᠠ ᠪᠤᠳᠤᠵᠦ᠂ ᠱᠠᠳᠤ ᠬᠤᠪᠢᠶᠠᠨ ᠡᠭᠦᠷᠭᠡᠯᠡᠨ᠎ᠡ᠃ ᠴᠠᠬᠢᠯᠭᠠᠨ‌‍ᠲ᠋ᠤᠤᠷᠵᠢᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠭᠦ ᠶᠢ ᠦᠪᠦᠷ ᠮᠤᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠤᠮᠫᠠᠨᠢ ᠠᠴᠠ ᠬᠠᠷᠢᠭᠤᠴᠠᠨ᠎ᠠ᠃ ᠰᠢᠨ᠎ᠡ ᠡᠨᠧᠷᠬᠢ ᠶᠢᠨ ᠡᠷᠦᠬᠡ ᠳᠤ ᠬᠡᠷᠡᠭᠯᠡᠬᠦ ᠰᠢᠰᠲ᠋ᠧᠮ ᠢ ᠳᠡᠰ ᠳᠡᠪᠰᠢᠭᠦᠯᠦᠨ2000 ᠸᠠᠲ ᠪᠤᠯᠭᠠᠬᠤ ᠪᠡᠯᠡ ᠮᠦᠩᠭᠦ ᠶᠢ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶᠂ ᠬᠡᠷᠡᠭᠯᠡᠭᠴᠢ ᠵᠡᠷᠭᠡ ᠳᠦᠷᠪᠡᠨ ᠳᠠᠯ᠎ᠠ ᠠᠴᠠ ᠬᠠᠷᠢᠭᠤᠴᠠᠨ᠎ᠠ᠃ 2000 ᠸᠠᠲ ᠤᠨ ᠪᠠᠭᠳᠠᠭᠠᠮᠵᠢ ᠠᠴᠠ ᠳᠠᠪᠠᠭᠰᠠᠨ ᠪᠡᠯᠡ ᠮᠦᠩᠭᠦ ᠶᠢ ᠬᠡᠷᠡᠭᠯᠡᠭᠴᠢᠳ ᠦᠪᠡᠷᠳᠡᠭᠡᠨ ᠰᠢᠢᠳᠪᠤᠷᠢᠯᠡᠨ᠎ᠡ᠃      ᠭᠤᠷᠪᠠ᠂ ᠵᠠᠰᠠᠨ ᠰᠠᠶᠢᠵᠢᠷᠠᠭᠤᠯᠬᠤ ᠬᠦᠷᠢᠶ᠎ᠠ ᠬᠡᠪᠴᠢᠶ᠎ᠠ      ᠪᠦᠬᠦ ᠬᠤᠰᠢᠭᠤᠨ ᠤ ᠴᠠᠬᠢᠯᠭᠠᠨ ᠲᠤᠤᠷᠵᠢᠯ ᠢᠶᠠᠷ ᠴᠠᠬᠢᠯᠭᠠᠨ ᠬᠠᠩᠭᠠᠬᠤ ᠶᠢ ᠪᠡᠶᠡᠯᠡᠭᠦᠯᠦᠭᠡ ᠦᠭᠡᠢ ᠡᠷᠦᠭᠡ᠃ ᠡᠯ᠎ᠡ ᠳᠦᠷᠦᠯ ᠤᠨ ᠰᠢᠨ᠎ᠡ ᠪᠠᠷ ᠪᠠᠶᠢᠭᠤᠯᠤᠭᠰᠠᠨ ᠤᠷᠤᠨ ᠰᠠᠭᠤᠴᠠ᠂ ᠬᠡᠪᠴᠢᠶ᠎ᠡ ᠪᠠᠨ ᠦᠷᠭᠡᠳᠭᠡᠵᠤ ᠤᠭᠰᠠᠷᠠᠬᠤ ᠶᠠᠪᠤᠴᠠ ᠪᠠᠷ ᠳᠠᠮᠵᠢᠨ ᠴᠠᠬᠢᠯᠭᠠᠨ ᠲᠤᠤᠷᠵᠢᠯ ᠢᠶᠠᠷ ᠴᠠᠬᠢᠯᠭᠠᠨ ᠬᠠᠩᠭᠠᠬᠤ ᠶᠢ ᠪᠡᠶᠡᠯᠡᠬᠦᠯᠵᠤ ᠳᠡᠶᠢᠯᠬᠦ ᠬᠡᠷᠡᠭᠯᠡᠭᠴᠢᠳ ᠲᠤᠰ ᠳᠡᠰ ᠳᠡᠪᠰᠢᠬᠦᠯᠦᠨ ᠵᠠᠰᠠᠨ ᠰᠠᠶᠢᠵᠢᠷᠠᠭᠤᠯᠬᠤ ᠬᠡᠪᠴᠢᠶᠠᠨ ᠳᠤ ᠪᠠᠭᠳᠠᠬᠤ ᠦᠭᠡᠢ᠃ ᠬᠤᠶᠠᠷ ᠵᠤᠶᠢᠯ ᠤᠨ ᠳᠡᠰ ᠳᠡᠪᠰᠢᠬᠦᠯᠬᠦ ᠠᠷᠭ᠎ᠠ ᠠᠪᠤᠨ᠎ᠡ᠄      ︵ᠨᠢᠭᠡ︶ ᠴᠠᠬᠢᠯᠭᠠᠨ ᠲᠤᠤᠷᠵᠢᠯ ᠤᠷᠤᠭᠤᠯᠬᠤ ᠬᠡᠯᠪᠡᠷᠢ ᠪᠠᠷ ᠳᠡᠰ ᠳᠡᠪᠰᠢᠬᠦᠯᠬᠦ ᠶᠢ ᠪᠡᠶᠡᠯᠡᠬᠦᠯᠦᠨ᠎ᠡ᠃ ᠪᠦᠬᠦ ᠬᠤᠰᠢᠭᠤᠨ ᠳᠤ ᠴᠠᠬᠢᠯᠭᠠᠨ ᠲᠤᠤᠷᠵᠢᠯ ᠤᠷᠤᠭᠤᠯᠵᠤ ᠳᠡᠰ ᠳᠡᠪᠰᠢᠬᠦᠯᠬᠦ ᠳᠤ ᠳᠤᠬᠢᠷᠠᠬᠤ ᠡᠷᠦᠭᠡ 303 ᠪᠠᠶᠢᠵᠦ᠂ ᠴᠠᠬᠢᠯᠭᠠᠨ ᠲᠤᠤᠷᠵᠢᠯ ᠤᠨ ᠠᠵᠤ ᠠᠬᠤᠶᠢᠯᠠᠯ ᠬᠠᠷᠢᠭᠤᠴᠠᠨ ᠳᠡᠰ ᠳᠡᠪᠰᠢᠬᠦᠯᠵᠤ ᠵᠠᠰᠠᠨ ᠰᠠᠶᠢᠵᠢᠷᠠᠭᠤᠯᠤᠨ᠎ᠡ᠃      ︵ᠬᠤᠶᠠᠷ︶ ᠰᠢᠨ᠎ᠡ ᠡᠨᠧᠷᠬᠢ ᠶᠢ ᠡᠷᠦᠭᠡ ᠳᠤ ᠬᠡᠷᠡᠭᠯᠡᠬᠦ ᠰᠢᠰᠲ᠋ᠧᠮ ᠢ ᠳᠡᠰ ᠳᠡᠪᠰᠢᠭᠦᠯᠦᠨ᠎ᠡ᠃ ᠮᠠᠨ ᠤ ᠬᠤᠰᠢᠭᠤᠨ ᠳᠤ ᠰᠢᠨ᠎ᠡ ᠡᠨᠧᠷᠬᠢ ᠶᠢ ᠡᠷᠦᠬᠡ ᠳᠤ ᠬᠡᠷᠡᠭᠯᠡᠬᠦ ᠰᠢᠰᠲ᠋ᠧᠮ ᠢ ᠳᠡᠰ ᠳᠡᠪᠰᠢᠬᠦᠯᠬᠦ ᠳᠤ ᠨᠡᠶᠢᠴᠡᠭᠰᠡᠨ ᠡᠷᠦᠭᠡ 1337 ᠪᠠᠶᠢᠵᠤ᠂ ᠡᠬᠦᠨ ᠳᠤ᠂ 2000 ᠸᠠᠲ ᠪᠤᠯᠭᠠᠨ ᠳᠡᠰ ᠳᠡᠪᠰᠢᠬᠦᠯᠬᠦ ᠡᠷᠦᠭᠡ 1287᠂ 3000 ᠸᠠᠲ ᠪᠤᠯᠭᠠᠨ ᠳᠡᠰ ᠳᠡᠪᠰᠢᠬᠦᠯᠬᠦ ᠡᠷᠦᠭᠡ 1᠂ ᠳᠡᠰ ᠳᠡᠪᠰᠢᠬᠦᠯᠬᠦ ᠦᠭᠡᠢ ᠡᠷᠦᠭᠡ 49 ᠪᠠᠶᠢᠨ᠎ᠠ᠃      ᠳᠦᠷᠪᠡ᠂ ᠠᠬᠢᠴᠠ ᠶᠢᠨ ᠳᠤᠬᠢᠷᠠᠭᠤᠯᠤᠯᠳᠠ      ᠦᠪᠡᠷᠳᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ᠂ ᠬᠤᠶᠠᠷ ᠵᠢᠯ ᠤᠨ ᠬᠤᠭᠤᠴᠠᠭ᠎ᠠ ᠶᠢ ᠬᠡᠷᠡᠭᠯᠡᠨ ᠪᠤᠶᠢᠳᠠ ᠪᠦᠭᠯᠡᠬᠦᠦ ᠮᠠᠯᠴᠢᠨ ᠲᠠᠷᠢᠶᠠᠴᠢᠨ ᠡᠷᠦᠭᠡ ᠶᠢᠨ ᠴᠠᠬᠢᠯᠭᠠᠨ ᠬᠡᠷᠡᠭᠯᠡᠭᠡᠨ ᠢ ᠳᠡᠰ ᠳᠡᠪᠰᠢᠬᠦᠯᠬᠦ ᠶᠢ ᠪᠡᠶᠡᠯᠡᠬᠦᠯᠦᠨ᠎ᠡ᠃ ᠡᠬᠦᠨ ᠳᠤ᠂ 303 ᠡᠷᠦᠭᠡ ᠳᠤ ᠴᠠᠬᠢᠯᠭᠠᠨ ᠤᠷᠤᠭᠤᠯᠵᠤ᠂ 6500 ᠳᠦᠮᠡᠡ ᠳᠦᠬᠦᠷᠢᠭ ᠤᠨ ᠪᠡᠯᠡ ᠤᠷᠤᠭᠤᠯᠵᠤ᠂ ᠴᠠᠬᠢᠯᠭᠠᠨ ᠲᠤᠤᠷᠵᠢᠯ ᠤᠨ ᠠᠵᠤ ᠠᠬᠤᠶᠢᠯᠠᠯ ᠠᠴᠠ ᠰᠢᠢᠳᠪᠤᠷᠢᠯᠡᠨ᠎ᠡ᠃ 1288 ᠡᠷᠦᠭᠡ ᠶᠢᠨ ᠰᠢᠰᠲ᠋ᠧᠮ ᠢ ᠳᠡᠰ ᠳᠡᠪᠰᠢᠬᠦᠯᠵᠤ᠂ 3992.8 ᠳᠦᠮᠡᠨ ᠳᠦᠬᠦᠷᠢᠭ ᠤᠨ ᠪᠡᠯᠡ ᠤᠷᠤᠭᠤᠯᠤᠨ᠎ᠡ᠃      2018 ᠤᠨ ᠳᠤ 303 ᠡᠷᠦᠭᠡ ᠳᠤ ᠴᠠᠬᠢᠯᠭᠠᠨ ᠲᠤᠤᠷᠵᠢᠯ ᠤᠷᠤᠭᠤᠯᠬᠤ ᠪᠦᠳᠦᠭᠡᠨ ᠪᠠᠶᠢᠭᠤᠯᠤᠯᠳᠠ ᠶᠢᠨ ᠡᠬᠦᠷᠭᠡ ᠶᠢ ᠪᠡᠶᠡᠯᠡᠬᠦᠯᠦᠨ᠎ᠡ᠃ 4 ᠰᠠᠷ᠎ᠠ ᠳᠤ ᠢᠨᠵᠧᠨᠧᠷᠢᠩ ᠤᠨ ᠳᠠᠭᠠᠭᠠᠴᠢᠯᠠᠯᠳᠠ ᠵᠠᠷᠯᠠᠬᠤ ᠶᠢᠨ ᠪᠠᠶᠡᠯᠡᠭᠦᠯᠵᠦ᠂ 5 ᠰᠠᠷ᠎ᠠ ᠳᠤ ᠢᠨᠵᠧᠨᠧᠷᠢᠩ ᠤᠨ ᠬᠤᠳᠠᠯᠳᠤᠨ ᠠᠪᠬᠤ ᠬᠡᠷ᠎ᠡ ᠶᠢ ᠲᠤᠭᠳᠠᠵᠦ᠂ 6 ᠰᠠᠷ᠎ᠠ ᠳᠤ ᠠᠵᠢᠯ ᠡᠬᠢᠯᠡᠬᠦᠯᠵᠤ᠂ 9 ᠰᠠᠷ᠎ᠠ ᠳᠤ ᠪᠦᠳᠦᠭᠡᠨ ᠪᠠᠶᠢᠭᠤᠯᠬᠤ ᠠᠵᠢᠯ ᠢᠶᠠᠨ ᠳᠠᠭᠤᠰᠬᠠᠨ᠎ᠠ᠃      2018 ᠤᠨ ᠳᠤ1288 ᠡᠷᠦᠭᠡ ᠶᠢᠨ ᠰᠢᠨ᠎ᠡ ᠡᠨᠧᠷᠬᠢ ᠶᠢᠨ ᠡᠷᠦᠬᠡ ᠳᠤ ᠬᠡᠷᠡᠭᠯᠡᠬᠦ ᠰᠢᠰᠲ᠋ᠧᠮ ᠢ ᠪᠦᠳᠦᠭᠡᠨ ᠪᠠᠶᠢᠭᠤᠯᠬᠤ ᠡᠬᠦᠷᠭᠡ ᠪᠠᠨ ᠪᠠᠶᠡᠯᠡᠬᠦᠯᠦᠨ᠎ᠡ᠃ 1 ᠰᠠᠷ᠎ᠠ ᠳᠤ ᠢᠨᠵᠧᠨᠧᠷᠢᠩ ᠤᠨ ᠳᠠᠭᠠᠭᠠᠴᠢᠯᠠᠯᠳᠠ ᠵᠠᠷᠯᠠᠬᠤ  ᠶᠢ ᠪᠡᠶᠡᠯᠡᠬᠦᠯᠵᠤ᠂ 2 ᠰᠠᠷ᠎ᠠ ᠳᠤ ᠢᠨᠵᠧᠨᠧᠷᠢᠩ ᠤᠨ ᠬᠤᠳᠠᠯᠳᠤᠨ ᠠᠪᠬᠤ ᠬᠡᠷ᠎ᠡ ᠶᠢ ᠳᠤᠭᠳᠠᠵᠤ᠂ 3 ᠰᠠᠷ᠎ᠠ ᠳᠤ ᠮᠠᠯᠵᠢᠬᠤ ᠡᠷᠦᠭᠡ ᠶᠢᠨ ᠦᠪᠡᠷᠳᠡᠭᠡᠨ ᠴᠤᠭᠯᠠᠭᠤᠯᠬᠤ ᠠᠵᠢᠯ ᠢ ᠬᠦᠢᠴᠡᠳᠭᠡᠨ᠂ 4 ᠰᠠᠷ᠎ᠠ ᠳᠤ ᠢᠨᠵᠧᠨᠧᠷᠢᠩ ᠤᠨ ᠪᠡᠯᠡᠳᠭᠡᠯ ᠳᠦᠬᠦᠭᠡᠷᠦᠮᠵᠢ ᠶᠢ ᠳᠤᠰᠢᠶᠠᠬᠤ ᠪᠤᠯᠤᠨ ᠤᠭᠰᠠᠷᠠᠵᠤ ᠡᠬᠢᠯᠡᠨ᠎ᠡ᠃ 6 ᠰᠠᠷ᠎ᠠ ᠳᠤ ᠤᠭᠰᠠᠷᠠᠵᠤ ᠳᠤᠬᠢᠷᠠᠭᠤᠯᠬᠤ ᠠᠵᠢᠯ ᠢ ᠦᠨᠳᠦᠰᠦᠨ ᠳᠤ ᠪᠠᠨ ᠳᠠᠭᠤᠰᠬᠠᠵᠦ᠂ 7 ᠰᠠᠷ᠎ᠠ ᠳᠤ ᠰᠢᠯᠭᠠᠨ ᠪᠠᠶᠢᠴᠠᠭᠠᠬᠤ ᠲᠤᠭᠤᠶᠢᠯᠠᠩ  ᠢ ᠵᠤᠬᠢᠶᠠᠨ ᠪᠠᠶᠢᠭᠤᠯᠵᠤ ᠬᠢᠨᠠᠨ ᠰᠢᠯᠭᠠᠯᠲᠡ ᠶᠢ ᠡᠬᠢᠯᠡᠭᠦᠯᠦᠨ᠂ 8 ᠰᠠᠷ᠎ᠠ ᠳᠤ ᠰᠢᠯᠭᠠᠨ ᠠᠪᠬᠤ ᠠᠵᠢᠯ ᠢᠶᠠᠨ ᠪᠡᠶᠡᠯᠡᠬᠦᠯᠦᠨ᠎ᠡ᠃     ᠳᠠᠪᠤ᠂ ᠪᠠᠳᠤᠯᠠᠬᠤ ᠠᠷᠭ᠎ᠠ ᠬᠡᠮᠵᠢᠶ᠎ᠡ     ︵ᠨᠢᠭᠡ︶ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠨ᠎ᠠ᠃ ᠵᠤᠬᠢᠶᠠᠨ ᠪᠠᠶᠢᠭᠤᠯᠤᠮᠵᠢ ᠶᠢᠨ ᠪᠦᠳᠦᠴᠡ ᠶᠢ ᠪᠠᠶᠢᠭᠤᠯᠤᠨ ᠪᠦᠷᠢᠨᠰᠢᠭᠦᠯᠵᠦ᠂ ᠬᠠᠮᠵᠢᠯᠴᠠᠭ᠎ᠠ ᠪᠠᠨ ᠳᠤᠬᠢᠷᠠᠭᠤᠯᠤᠨ ᠨᠢᠬᠳᠠᠷᠠᠭᠤᠯᠵᠤ᠂ ᠨᠠᠷᠢᠨ ᠨᠢᠮᠪᠠᠢ ᠵᠤᠬᠢᠶᠠᠨ ᠪᠠᠶᠢᠭᠤᠯᠵᠤ ᠬᠡᠷᠡᠭᠵᠢᠬᠦᠯᠦᠨ᠂ ᠳᠡᠰ ᠳᠡᠪᠰᠢᠬᠦᠯᠬᠦ ᠢᠨᠵᠧᠨᠧᠷᠢᠩ ᠤᠨ ᠪᠤᠳᠠᠳᠤ ᠦᠷ᠎ᠠ ᠠᠰᠢᠭ ᠤᠯᠬᠤ ᠶᠢ ᠪᠠᠳᠤᠯᠠᠬᠤ ᠬᠡᠷᠡᠭᠳᠠᠢ᠃ ᠪᠦᠳᠦᠭᠡᠨ ᠪᠠᠶᠢᠭᠤᠯᠤᠯᠳᠠ ᠶᠢᠨ ᠤᠳᠤᠷᠢᠳᠬᠤ ᠪᠠᠭ᠎ᠠ ᠳᠤᠭᠤᠶᠢᠯᠠᠩ ᠢ ᠵᠤᠬᠢᠶᠠᠨ ᠪᠠᠶᠢᠭᠤᠯᠵᠤ᠂ ᠳᠤᠨᠤᠭ ᠳᠦᠬᠦᠭᠡᠷᠦᠮᠵᠢ ᠶᠢ ᠤᠭᠰᠠᠷᠠᠬᠤ᠂ ᠮᠠᠯᠵᠢᠬᠤ ᠡᠷᠦᠭᠡ ᠶᠢᠨ ᠳᠠᠩᠰᠠ ᠡᠪᠬᠡᠮᠡᠯ ᠪᠠᠶᠢᠭᠤᠯᠬᠤ᠂ ᠮᠡᠷᠭᠡᠵᠢᠯ ᠤᠨ ᠪᠤᠯᠪᠠᠰᠤᠷᠠᠯ ᠬᠦᠷᠳᠡᠭᠡᠬᠦ ᠵᠢᠴᠢ ᠠᠵᠢᠯ ᠤᠨ ᠠᠮᠦᠷ ᠲᠦᠪᠰᠢᠨ ᠤ ᠵᠢᠯᠤᠭᠤᠳᠤᠮᠵᠢ ᠵᠡᠷᠭᠡ ᠪᠠᠲᠤᠯᠠᠭ᠎ᠠ ᠦᠢᠯᠡᠴᠢᠯᠡᠭᠡᠨ  ᠤ ᠠᠵᠢᠯ ᠢ ᠰᠠᠶᠢᠳᠤᠷ ᠬᠢᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠳᠦᠷᠭᠡᠳᠭᠡᠨ᠎ᠡ᠃ ᠴᠢᠨᠠᠷ ᠤᠨ ᠪᠠᠶᠢᠴᠠᠭᠠᠯᠳᠠ ᠶᠢᠨ ᠤᠳᠤᠷᠢᠳᠬᠤ ᠪᠠᠭ᠎ᠠ ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠨᠢ ᠬᠥᠭᠵᠢᠯᠳᠡ ᠦᠭᠡᠷᠡᠴᠢᠯᠡᠯᠳᠡ ᠶᠢᠨ ᠵᠦᠪᠯᠡᠯ᠂ ᠴᠠᠬᠢᠯᠭᠠᠨ ᠬᠠᠩᠭᠠᠬᠤ ᠳᠤᠪᠴᠢᠶ᠎ᠠ ᠵᠢᠴᠢ ᠰᠤᠮᠤ ᠪᠠᠯᠭᠠᠰᠤᠨ ᠤ ᠵᠠᠰᠠᠭ ᠤᠨ ᠤᠷᠳᠤᠨ  ᠢᠶᠠᠷ ᠪᠦᠷᠢᠯᠳᠤᠵᠤ᠂ ᠢᠨᠵᠧᠨᠧᠷᠢᠩ ᠤᠨ ᠶᠠᠰᠤ ᠴᠢᠨᠠᠷ ᠲᠤ ᠮᠦᠷᠳᠡᠨ ᠬᠢᠨᠠᠯᠳᠠ ᠳᠠᠯᠪᠢᠨ᠎ᠡ᠃     ︵ᠬᠤᠶᠠᠷ︶ ᠪᠡᠯᠡ ᠮᠦᠩᠬᠦ ᠶᠢᠨ ᠨᠠᠶᠢᠳᠠᠪᠤᠷᠢᠵᠢᠭᠤᠯᠤᠯᠲᠡ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ  ᠤ ᠬᠥᠭᠵᠢᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ︽ᠪᠤᠶᠢᠳᠠ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠭᠡᠨ ᠢ ᠳᠡᠰ ᠳᠡᠪᠰᠢᠬᠦᠯᠬᠦ ᠢᠨᠵᠧᠨᠧᠷᠢᠩ ᠤᠨ ᠡᠷᠦᠭᠡ ᠳᠤ ᠬᠦᠨᠵᠡᠭᠡᠶᠢᠷᠡᠵᠤ ᠪᠠᠶᠢᠴᠠᠭᠠᠯᠳᠠ ᠬᠢᠬᠦ ᠵᠡᠷᠭᠡ ᠠᠵᠢᠯ ᠤᠨ ᠳᠤᠬᠠᠢ ᠮᠡᠳᠡᠭᠳᠡᠯ︾ ︵﹇2017﹈ 247 ᠳ᠋ᠤᠭᠠᠷ ᠳᠤᠭᠠᠳᠤ ᠪᠢᠴᠢᠭ ᠮᠠᠲ᠋ᠧᠷᠢᠶᠠᠯ︶᠂ ︽ᠪᠦᠢᠳᠡ ᠪᠦᠭᠯᠡᠬᠦᠦ ᠮᠠᠯᠵᠢᠬᠤ ᠳᠠᠷᠢᠶᠠᠯᠠᠬᠤ ᠤᠷᠤᠨ ᠤ ᠴᠠᠬᠢᠯᠭᠠᠨ ᠬᠡᠷᠡᠭᠯᠡᠬᠡᠨ ᠢ ᠳᠡᠰ ᠳᠡᠪᠰᠢᠬᠦᠯᠬᠦ ᠢᠨᠵᠧᠨᠧᠷᠢᠩ ᠢ ᠬᠡᠷᠡᠭᠵᠢᠬᠦᠯᠬᠦ ᠳᠦᠰᠦᠯ ᠢ ᠬᠡᠪᠯᠡᠨ ᠳᠠᠷᠬᠠᠭᠠᠬᠤ ᠳᠤᠬᠠᠢ ᠦᠪᠡᠷᠲᠡᠭᠡᠨ ᠵᠠᠰᠠᠬᠤ ᠤᠷᠤᠨ ᠤ ᠬᠥᠭᠵᠢᠯᠳᠡ ᠦᠭᠡᠷᠡᠴᠢᠯᠡᠯᠳᠡ ᠶᠢᠨ ᠵᠦᠪᠯᠡᠯ ᠪᠠ ᠡᠳ᠋ ᠤᠨ ᠵᠠᠰᠠᠭ ᠤᠨ ᠳᠢᠩᠬᠢᠮ ᠤᠨ ᠬᠠᠮᠳᠤᠷᠠᠨ ᠳᠠᠷᠬᠠᠭᠠᠭᠰᠠᠨ ᠮᠡᠳᠡᠭᠳᠡᠯ︾ ︵﹇2017﹈ 247 ᠳ᠋ᠤᠭᠠᠷ ᠳᠤᠭᠠᠳᠤ ᠪᠢᠴᠢᠭ ᠮᠠᠲ᠋ᠧᠷᠢᠶᠠᠯ︶ ᠤᠨ ᠱᠠᠭᠠᠷᠳᠠᠯᠭ᠎ᠠ ᠶᠤᠰᠤᠭᠠᠷ᠂ ᠴᠠᠬᠢᠯᠭᠠᠨ ᠲᠤᠤᠷᠵᠢᠯ ᠤᠷᠤᠭᠤᠯᠤᠨ ᠳᠡᠰ ᠳᠡᠪᠰᠢᠬᠦᠯᠬᠦ ᠪᠡᠯᠡ ᠮᠦᠩᠭᠦ ᠶᠢ ᠴᠠᠬᠢᠯᠭᠠᠨ ᠲᠤᠤᠷᠵᠢᠯ ᠤᠨ ᠠᠵᠤ ᠠᠬᠤᠶᠢᠯᠠᠯ ᠠᠴᠠ ᠪᠡᠯᠡ ᠮᠦᠩᠬᠦ ᠭᠠᠷᠭᠠᠨ ᠰᠢᠢᠳᠪᠤᠷᠢᠯᠡᠨ᠎ᠡ᠃ ᠰᠢᠨ᠎ᠡ ᠡᠨᠧᠷᠬᠢ ᠶᠢ ᠬᠡᠷᠡᠭᠯᠡᠬᠦ ᠡᠷᠦᠭᠡ ᠶᠢᠨ ᠰᠢᠰᠲ᠋ᠧᠮ ᠤᠨ ᠳᠡᠰ ᠳᠡᠪᠰᠢᠬᠦᠯᠬᠦ  ᠳᠤ ᠬᠡᠷᠡᠭᠰᠡᠬᠦ ᠪᠡᠯᠡ ᠮᠦᠩᠭᠦ ᠶᠢ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ᠂ ᠬᠡᠷᠡᠭᠯᠡᠭᠴᠢᠳ 40%᠂ 35%᠂ 10%᠂ 15% ᠪᠠᠷ ᠪᠡᠯᠡ ᠭᠠᠷᠭᠠᠵᠤ᠂ 2000 ᠸᠠᠲ ᠤᠨ ᠬᠡᠮᠵᠢᠶ᠎ᠡ ᠠᠴᠠ ᠬᠡᠳᠤᠷᠡᠭᠰᠡᠨ ᠪᠡᠯᠡ ᠮᠦᠩᠭᠦ ᠶᠢ ᠬᠡᠷᠡᠭᠯᠡᠭᠴᠢᠳ ᠦᠪᠡᠷᠳᠡᠭᠡᠨ ᠰᠢᠢᠳᠪᠤᠷᠢᠯᠡᠵᠤ᠂ ᠮᠠᠨ ᠤ ᠬᠤᠰᠢᠭᠤᠨ ᠤ ᠡᠳ᠋ ᠤᠨ ᠵᠠᠰᠠᠭ ᠠᠴᠠ 400 ᠳᠦᠮᠡᠨ ᠳᠦᠬᠦᠷᠢᠭ ᠤᠷᠴᠢᠮ ᠪᠡᠯᠡ ᠭᠠᠷᠭᠠᠵᠤ᠂ ᠬᠡᠷᠡᠭᠯᠡᠭᠴᠢᠳ 600 ᠳᠦᠮᠡᠨ ᠳᠦᠬᠦᠷᠢᠭ ᠤᠷᠴᠢᠮ ᠪᠡᠯᠡ ᠮᠦᠩᠭᠦ ᠭᠠᠷᠭᠠᠨ᠎ᠠ᠃ ᠬᠤᠰᠢᠭᠤᠨ ᠤ ᠡᠳ᠋ ᠤᠨ ᠵᠠᠰᠠᠭ ᠠᠴᠠ ᠳᠠᠭᠠᠭᠠᠴᠢᠯᠠᠭᠰᠠᠨ ᠪᠡᠯᠡ ᠮᠦᠩᠭᠦᠨ ᠤ ᠬᠡᠷᠡᠭᠴᠡᠭᠡ ᠶᠢ ᠤᠨ ᠤ ᠡᠳ᠋ ᠤᠨ ᠵᠠᠰᠠᠭ ᠤᠨ ᠳᠦᠰᠦᠪ ᠲᠤ ᠤᠷᠤᠭᠤᠯᠵᠤ᠂ ᠬᠡᠷᠡᠭᠯᠡᠭᠴᠢᠳ ᠦᠪᠡᠷᠳᠡᠭᠡᠨ ᠬᠠᠷᠢᠭᠤᠴᠠᠬᠤ ᠪᠡᠯᠡ ᠮᠦᠩᠭᠦ ᠶᠢ ᠡᠯ᠎ᠡ ᠰᠤᠮᠤ ᠪᠠᠯᠭᠠᠰᠤ ᠵᠤᠬᠢᠶᠠᠨ ᠪᠠᠶᠢᠭᠤᠯᠵᠤ᠂ ᠳᠠᠭᠠᠭᠠᠴᠢᠯᠠᠯᠳᠠ ᠵᠠᠷᠯᠠᠬᠤ ᠶᠢ ᠬᠦᠢᠴᠡᠳᠭᠡᠬᠦ ᠦᠶᠡᠰ ᠦᠪᠡᠷ ᠢᠶᠠᠨ ᠴᠤᠭᠯᠠᠭᠤᠯᠬᠤ ᠠᠵᠢᠯ ᠢ ᠬᠠᠮᠳᠤ ᠳᠤ ᠨᠢ ᠬᠦᠢᠴᠡᠳᠭᠡᠨ᠎ᠡ᠃      ︵ᠭᠤᠷᠪᠠ︶ ᠢᠨᠵᠧᠨᠧᠷᠢᠩ ᠤᠨ ᠬᠠᠮᠢᠶᠠᠷᠤᠯᠳᠠ ᠶᠢ ᠴᠢᠩᠭᠠᠷᠠᠭᠤᠯᠤᠨ᠎ᠡ᠃ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠮᠦᠷᠳᠡᠨ ᠬᠢᠨᠠᠨ ᠪᠤᠳᠤᠯᠳᠠ ᠶᠢ ᠴᠢᠩᠭᠠᠳᠬᠠᠵᠤ᠂ ᠳᠦᠭᠦᠭᠡᠷᠦᠮᠵᠢ ᠬᠤᠳᠠᠯᠳᠤᠨ ᠠᠪᠬᠤ᠂ ᠢᠨᠵᠧᠨᠧᠷᠢᠩ ᠤᠨ ᠬᠠᠮᠢᠶᠠᠷᠤᠯᠳᠠ᠂ ᠪᠠᠷᠢᠯᠭ᠎ᠠ ᠶᠢᠨ ᠶᠠᠰᠤ ᠴᠢᠨᠠᠷ᠂ ᠪᠡᠯᠡ ᠮᠦᠩᠭᠦᠨ ᠤ ᠬᠠᠮᠢᠶᠠᠷᠤᠯᠳᠠ ᠪᠠ ᠬᠡᠷᠡᠭᠯᠡᠯᠳᠡ ᠵᠡᠷᠭᠡ ᠶᠢ ᠪᠠᠭᠳᠠᠭᠠᠭᠰᠠᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢᠨ ᠪᠦᠬᠦ ᠶᠠᠪᠤᠴᠠ ᠳᠤ ᠬᠢᠨᠠᠯᠳᠠ ᠳᠠᠯᠪᠢᠨ᠎ᠠ᠃ ᠬᠤᠳᠠᠯᠳᠤᠨ ᠠᠪᠴᠤ ᠬᠡᠷᠡᠭᠯᠡᠬᠦ ᠰᠢᠨ᠎ᠡ ᠡᠨᠧᠷᠬᠢ ᠶᠢᠨ ᠴᠠᠬᠢᠯᠭᠠᠨ ᠨᠡᠪᠳᠡᠷᠡᠬᠦᠯᠬᠦ ᠳᠦᠭᠦᠭᠡᠷᠦᠮᠵᠢ᠂ ᠴᠠᠬᠢᠯᠭᠠᠨ ᠬᠤᠷᠢᠶᠠᠭᠤᠷ ᠵᠡᠷᠭᠡ ᠨᠢ ᠤᠯᠤᠰ ᠤᠨ ᠳᠤᠳᠤᠭᠠᠳᠤ ᠶᠢᠨ ᠳᠡᠷᠢᠬᠦᠨ ᠤ ᠬᠢᠷᠢ ᠳᠦᠪᠰᠢᠨ ᠳᠤ ᠬᠦᠷᠦᠭᠰᠡᠨ ᠪᠠᠶᠢᠵᠤ᠂ ᠪᠦᠷᠢᠨ ᠢᠵᠢ ᠰᠢᠨ᠎ᠡ ᠡᠨᠧᠷᠬᠢ ᠶᠢᠨ ᠴᠠᠬᠢᠯᠭᠠᠨ ᠬᠠᠩᠭᠠᠬᠤ ᠰᠢᠰᠲ᠋ᠧᠮ ᠵᠢᠴᠢ ᠳ᠋ᠠᠩ ᠭᠠᠭᠴᠠ ᠳᠦᠬᠦᠭᠡᠷᠦᠮᠵᠢ ᠨᠢ ︽ᠴᠠᠬᠢᠯᠭᠠᠨ ᠳᠤᠤᠷᠵᠢᠯ ᠤᠨ ᠬᠡᠯᠪᠡᠷᠢ ᠳᠤ ᠨᠡᠶᠢᠯᠡᠭᠡ ᠦᠭᠡᠢ ᠡᠷᠦᠭᠡ ᠳᠤ ᠬᠡᠷᠡᠭᠯᠡᠬᠦ ᠰᠠᠯᠬᠢ ᠬᠡᠷᠡᠯ  ᠢᠶᠠᠷ ᠴᠠᠬᠢᠯᠭᠠᠨ ᠭᠠᠷᠭᠠᠬᠤ ᠰᠢᠰᠲ᠋ᠧᠮ ᠤᠨ ᠨᠢᠭᠡᠳᠤᠭᠡᠷ ᠪᠦᠯᠦᠭ᠄ ᠮᠡᠷᠭᠡᠵᠢᠯ ᠤᠨ ᠨᠥᠬᠦᠴᠡᠯ︾ ︵GBT19115.1—2003︶ ᠵᠡᠷᠭᠡ ᠤᠯᠤᠰ ᠤᠨ ᠪᠠᠷᠢᠮᠵᠢᠶ᠎ᠠ ᠳᠤ ᠨᠡᠶᠢᠴᠡᠵᠤ᠂ ᠴᠢᠨᠠᠷ ᠢ ᠪᠠᠳᠤᠯᠠᠬᠤ ᠬᠤᠭᠤᠴᠠᠭ᠎ᠠ ᠨᠢ ᠵᠠᠷᠴᠢᠮ ᠳᠡᠭᠡᠷ᠎ᠡ  ᠪᠠᠨ 4 ᠵᠢᠯ ᠠᠴᠠ ᠲᠤᠤᠷ᠎ᠡ ᠪᠠᠶᠢᠵᠤ ᠪᠤᠯᠬᠤ ᠦᠭᠡᠢ᠃      ︵ᠳᠦᠷᠪᠡ︶ ᠬᠤᠶᠢᠰᠢᠳᠠ ᠶᠢᠨ ᠠᠷᠠᠴᠢᠯᠠᠭ᠎ᠠ ᠶᠢ ᠴᠢᠩᠭ᠎ᠠ ᠠᠳᠬᠤᠨ᠎ᠠ᠃ ᠰᠢᠨ᠎ᠡ ᠡᠨᠧᠷᠬᠢ ᠶᠢ ᠬᠡᠷᠡᠭᠯᠡᠬᠦ ᠡᠷᠦᠭᠡ  ᠶᠢᠨ ᠪᠤᠯᠪᠠᠰᠤᠷᠠᠯ ᠵᠢᠴᠢ ᠬᠤᠶᠢᠰᠢᠳᠠ ᠶᠢᠨ ᠠᠷᠠᠴᠢᠯᠠᠭ᠎ᠠ ᠬᠠᠮᠢᠶᠠᠷᠤᠯᠳᠠ ᠶᠢᠨ ᠠᠵᠢᠯ ᠢ ᠦᠨᠡᠨᠬᠦ ᠰᠠᠶᠢᠳᠤᠷ ᠠᠳᠬᠤᠬᠤ ᠬᠡᠷᠡᠭᠳᠠᠢ᠃ ᠢᠨᠵᠧᠨᠧᠷᠢᠩ ᠢ ᠬᠡᠷᠡᠭᠵᠢᠬᠦᠯᠬᠦ ᠦᠶᠡᠰ᠂ ᠳᠠᠭᠠᠭᠠᠴᠢᠯᠠᠯᠳᠠ ᠤᠯᠤᠭᠰᠠᠨ ᠠᠵᠤ ᠠᠬᠤᠶᠢᠯᠠᠯ  ᠠᠴᠠ ᠲᠦᠷᠢᠮᠵᠢᠭᠦᠨ ᠬᠡᠷᠡᠭᠯᠡᠬᠦ ᠬᠦᠲᠦᠯᠪᠦᠷᠢ ᠶᠢ ᠨᠢᠭᠡᠳᠦᠯᠳᠠᠢ ᠲᠠᠷᠤᠮᠯᠠᠨ ᠮᠠᠯᠵᠢᠬᠤ ᠡᠷᠦᠭᠡ ᠳᠤ ᠳᠠᠷᠬᠠᠭᠠᠨ ᠦᠭᠴᠦ᠂ ᠬᠡᠷᠡᠭᠯᠡᠭᠴᠢᠳ ᠲᠤ ᠵᠢᠭᠠᠨ ᠵᠢᠯᠤᠭᠤᠳᠴᠤ ᠪᠤᠯᠪᠠᠰᠤᠷᠠᠯ ᠬᠦᠷᠳᠡᠭᠡᠬᠦ ᠠᠵᠢᠯ ᠢ ᠰᠠᠶᠢᠳᠤᠷ ᠬᠢᠬᠦ ᠬᠡᠷᠡᠭᠳᠠᠢ᠃ ᠳᠤᠨᠤᠭ ᠳᠦᠭᠦᠭᠡᠷᠦᠮᠵᠢ ᠶᠢᠨ ᠴᠢᠨᠠᠷ ᠢ ᠪᠠᠳᠤᠯᠠᠬᠤ ᠬᠤᠭᠤᠴᠠᠭᠠᠨ ᠳᠤ ᠳᠠᠭᠠᠭᠠᠴᠢᠯᠠᠯᠳᠠ ᠤᠯᠤᠭᠰᠠᠨ ᠠᠵᠤ ᠠᠬᠤᠶᠢᠯᠠᠯ ᠨᠢ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠡᠬᠦᠷᠭᠡ ᠪᠠᠨ ᠦᠨᠡᠨ ᠪᠤᠳᠠᠳᠠᠢ ᠬᠡᠷᠡᠭᠵᠢᠬᠦᠯᠵᠤ ᠪᠠᠶᠢᠬᠤ ᠡᠰᠡᠬᠦ  ᠳᠤ ᠬᠢᠨᠠᠯᠳᠠ ᠳᠠᠯᠪᠢᠵᠤ᠂ ᠴᠢᠨᠠᠷ ᠢ ᠪᠠᠳᠤᠯᠠᠬᠤ ᠬᠤᠭᠤᠴᠠᠭᠠᠨ ᠠᠴᠠ ᠰᠡᠬᠦᠯᠡᠷ᠂ ᠡᠳ᠋ ᠤᠨ ᠵᠠᠰᠠᠭ ᠤᠨ ᠶᠠᠮᠦᠨ ᠠᠴᠠ ᠲᠠᠷᠬᠠᠭᠠᠭᠰᠡᠨ︽ᠵᠠᠰᠠᠭ ᠤᠨ ᠤᠷᠳᠤᠨ ᠤ ᠬᠤᠳᠠᠯᠳᠤᠨ ᠠᠪᠬᠤ ᠦᠢᠯᠡᠴᠢᠯᠡᠭᠡᠨ ᠤ ᠬᠠᠮᠢᠶᠠᠷᠤᠯᠳᠠ ᠶᠢᠨ ᠠᠷᠭ᠎ᠠ ︵ᠲᠦᠷ ᠬᠡᠷᠡᠭᠵᠢᠬᠦᠯᠬᠦ︶︾ ᠵᠡᠷᠭᠡ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠᠷ᠂ ᠵᠠᠰᠠᠭ ᠤᠨ ᠤᠷᠳᠤᠨ ᠤ ᠬᠤᠳᠠᠯᠳᠤᠨ ᠠᠪᠴᠤ ᠦᠢᠯᠡᠴᠢᠯᠡᠬᠦ ᠬᠡᠯᠪᠡᠷᠢ ᠪᠠᠷ᠂ ᠬᠤᠶᠢᠰᠢᠳᠠ ᠶᠢᠨ ᠬᠠᠮᠢᠶᠠᠷᠤᠯᠳᠠ ᠶᠢᠨ ᠴᠢᠨᠠᠷᠲᠠᠢ᠂ ᠮᠡᠷᠭᠡᠵᠢᠯ ᠤᠨ ᠴᠢᠨᠠᠷᠲᠠᠢ ᠦᠢᠯᠡᠴᠢᠯᠡᠭᠡ ᠬᠠᠩᠭᠠᠬᠤ ᠬᠡᠷᠡᠭᠳᠠᠢ᠃ ᠴᠠᠬᠢᠯᠭᠠᠨ ᠬᠤᠷᠢᠶᠠᠭᠤᠷ ᠤᠨ ᠰᠡᠬᠦᠯᠡᠷᠬᠢ ᠬᠤᠭᠤᠴᠠᠭᠠᠨ ᠤ ᠠᠷᠠᠴᠢᠯᠠᠯᠳᠠ ᠬᠠᠮᠠᠭᠠᠯᠠᠯᠳᠠ ᠶᠢᠨ ᠲᠤᠭᠲᠠᠴᠡ ᠶᠢ ᠪᠠᠶᠢᠭᠤᠯᠤᠨ᠂ ᠳᠤᠨᠤᠭ ᠳᠦᠬᠦᠭᠡᠷᠤᠮᠵᠢ ᠶᠢᠨ ᠤᠷᠳᠤ ᠬᠤᠭᠤᠴᠠᠭᠠᠨ  ᠤ ᠳᠤᠭᠳᠠᠭᠤᠨ ᠢᠶᠠᠷ ᠠᠵᠢᠯᠯᠠᠬᠤ ᠶᠢ ᠪᠠᠳᠤᠯᠠᠬᠤ ᠬᠡᠷᠡᠭᠳᠠᠢ᠃      ︵ᠳᠠᠪᠤ︶ ᠮᠡᠷᠭᠡᠵᠢᠯ ᠤᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠠᠢ᠃ ᠪᠤᠭᠤᠳᠤ ᠬᠤᠳᠠ ᠶᠢᠨ ᠴᠠᠬᠢᠯᠭᠠᠨ ᠬᠠᠩᠭᠠᠬᠤ ᠲᠤᠪᠴᠢᠶᠠᠨ ᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠬᠤᠪᠢᠶᠠᠷᠢ ᠲᠤᠪᠴᠢᠶᠠᠨ ᠠᠴᠠ ᠰᠢᠨ᠎ᠡ ᠡᠨᠧᠷᠬᠢ ᠶᠢ ᠴᠠᠬᠢᠯᠭᠠᠨ ᠲᠤᠤᠷᠵᠢᠯ ᠪᠤᠯᠭᠠᠨ ᠬᠤᠪᠢᠷᠠᠭᠤᠯᠬᠤ ᠢᠨᠵᠧᠨᠧᠷᠢᠩ ᠳᠤ ᠮᠡᠷᠭᠡᠵᠢᠯ ᠤᠨ ᠳᠡᠮᠵᠢᠯᠭᠡ ᠪᠠ ᠪᠠᠷᠢᠯᠭ᠎ᠠ ᠶᠢᠨ ᠠᠵᠢᠯ ᠤᠨ ᠵᠢᠯᠤᠭᠤᠳᠤᠮᠵᠢ ᠬᠠᠩᠭᠠᠬᠤ ᠶᠢ ᠬᠠᠷᠢᠭᠤᠴᠡᠨ᠎ᠡ᠃      ︵ᠵᠢᠷᠭᠤᠭ᠎ᠠ︶ ᠬᠢᠨᠠᠯᠳᠠ ᠲᠠᠯᠪᠢᠵᠤ ᠬᠢᠨᠠᠨ ᠪᠤᠳᠤᠬᠤ ᠶᠢ ᠴᠢᠩᠭᠠᠳᠬᠠᠬᠤ ᠬᠡᠷᠡᠭᠳᠠᠢ᠃ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ ᠠᠴᠠ ᠬᠤᠰᠢᠭᠤᠨ ᠳᠡᠰ ᠤᠨ ᠢᠵᠢ ᠪᠡᠯᠡ ᠮᠦᠩᠬᠦ ᠦᠭᠬᠦ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠂ ᠬᠤᠰᠢᠭᠤᠨ ᠤ ᠬᠢᠨᠠᠨ ᠪᠤᠲᠤᠯᠲᠠ ᠶᠢᠨ ᠳᠤᠪᠴᠢᠶ᠎ᠠ ᠠᠴᠠ ᠢᠨᠵᠧᠨᠧᠷᠢᠩ ᠤᠨ ᠪᠡᠯᠡ ᠮᠦᠩᠭᠦᠨ ᠤ ᠬᠡᠷᠡᠭᠯᠡᠭᠡᠨ ᠤ ᠪᠠᠶᠢᠳᠠᠯ ᠳᠤ ᠬᠢᠨᠠᠨ ᠪᠤᠲᠤᠯᠲᠠ ᠬᠢᠵᠦ᠂ᠬᠢᠨᠠᠯᠳᠠ ᠳᠠᠯᠪᠢᠬᠤ ᠶᠢ ᠬᠠᠷᠢᠭᠤᠴᠠᠵᠤ᠂ ᠪᠡᠯᠡ ᠮᠦᠩᠭᠦ ᠶᠢ ᠬᠠᠤᠯᠢ ᠪᠤᠰᠤ ᠪᠠᠷ ᠬᠡᠷᠡᠭᠯᠡᠵᠤ ᠪᠠᠶᠢᠭ᠎ᠠ ᠠᠰᠠᠭᠤᠲᠡᠯ ᠢᠯᠡᠷᠡᠪᠠᠯ᠂ ᠬᠠᠤᠯᠢ ᠶᠤᠰᠤᠭᠠᠷ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠠᠢ᠃                                                      ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠵᠠᠰᠠᠭ ᠤᠨ ᠤᠷᠳᠤᠨ                                 2018 ᠤᠨ ᠤ 1 ᠰᠠᠷ᠎ᠠ ᠶᠢᠨ 9 ᠤ ᠡᠳᠦᠷ ᠲᠠᠷᠬᠠᠭᠠᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号