︽ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︿ᠤᠯᠠᠨ ᠦᠨᠡᠮᠯᠡᠯ ᠢ ᠨᠢᠭᠡ ᠪᠤᠯᠭᠠᠬᠤ﹀ ᠳᠠᠩᠰᠠᠯᠠᠯ ᠤᠨ ᠳᠦᠷᠢᠮ ᠤᠨ ᠥᠭᠡᠷᠡᠴᠢᠯᠡᠯᠳᠡ ᠶᠢ ᠬᠡᠷᠡᠭᠵᠢᠭᠦᠯᠬᠦ ᠲᠦᠰᠦᠯ︾ ᠢ ᠳᠠᠷᠬᠠᠭᠠᠬᠤ ᠳᠤᠬᠠᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-05-09

     ︽ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︿ᠤᠯᠠᠨ ᠦᠨᠡᠮᠯᠡᠯ ᠢ ᠨᠢᠭᠡ ᠪᠤᠯᠭᠠᠬᠤ﹀ ᠳᠠᠩᠰᠠᠯᠠᠯ ᠤᠨ

ᠳᠦᠷᠢᠮ ᠤᠨ ᠥᠭᠡᠷᠡᠴᠢᠯᠡᠯᠳᠡ ᠶᠢ ᠬᠡᠷᠡᠭᠵᠢᠭᠦᠯᠬᠦ ᠲᠦᠰᠦᠯ︾ ᠢ ᠳᠠᠷᠬᠠᠭᠠᠬᠤ ᠳᠤᠬᠠᠢ ᠳᠠᠷᠬᠠᠨ ᠮᠤᠤᠮᠢᠩᠭᠠᠨ

ᠬᠤᠯᠪᠤᠭᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ

                   

                  ᠳᠠᠷᠬᠠᠨ ᠮᠤᠤᠮᠢᠩᠭᠠᠨ ᠵᠠᠰᠠᠭ ᠠᠯᠪᠠᠨ ᠳᠠᠷᠬᠠᠭᠠᠭᠰᠠᠨ ﹇2018﹈ 4 ᠳ᠋ᠤᠭᠠᠷ ᠲᠤᠭᠠᠳᠤ

ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠪᠠᠷᠠᠭᠤᠨ ᠠᠵᠤ ᠦᠢᠯᠡᠳᠪᠤᠷᠢ ᠶᠢᠨ

ᠲᠤᠭᠤᠷᠢᠭ ᠤᠨ ᠬᠠᠮᠢᠶᠠᠷᠤᠯᠳᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂

ᠪᠠᠶᠢᠭᠤᠯᠭ᠎ᠠ᠄

     ᠠᠷᠠᠳ ᠤᠨ ᠵᠠᠰᠠᠭ ᠤᠨ ᠤᠷᠳᠤᠨ ᠤ ᠵᠥᠪᠰᠢᠶᠡᠷᠡᠯ ᠢᠶᠠᠷ ︽ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ

 ᠤ ︿ᠤᠯᠠᠨ ᠦᠨᠡᠮᠯᠡᠯ ᠢ ᠨᠢᠭᠡ ᠪᠤᠯᠭᠠᠬᠤ﹀ ᠳᠠᠩᠰᠠᠯᠠᠯ ᠤᠨ ᠳᠦᠷᠢᠮ ᠤᠨ ᠥᠭᠡᠷᠡᠴᠢᠯᠡᠯᠳᠡ‌‍ᠶᠢ ᠬᠡᠷᠡᠭᠵᠢᠭᠦᠯᠬᠦ ᠲᠦᠰᠦᠯ︾

 ᠢ ᠲᠠᠨᠠᠷ ᠲᠤ ᠳᠠᠷᠬᠠᠭᠠᠯ᠎ᠠ᠃ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠲᠤᠭᠤᠰᠢᠯᠠᠭᠤᠯᠤᠨ

ᠨᠠᠶᠢᠳᠠᠪᠤᠷᠢᠵᠢᠭᠤᠯᠤᠭᠠᠷᠠᠢ᠃

                                             2018 ᠤᠨ ᠤ 1 ᠰᠠᠷ᠎ᠠ ᠶᠢᠨ 18 ᠤ ᠡᠳᠦᠷ

     ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽ᠤᠯᠠᠨ ᠦᠨᠡᠮᠯᠡᠯ ᠢ ᠨᠢᠭᠡ ᠪᠤᠯᠭᠠᠬᠤ︾ ᠳᠠᠩᠰᠠᠯᠠᠯ ᠤᠨ

ᠳᠦᠷᠢᠮ ᠤᠨ ᠥᠭᠡᠷᠡᠴᠢᠯᠡᠯᠳᠡ ᠶᠢ ᠬᠡᠷᠡᠭᠵᠢᠭᠦᠯᠬᠦ ᠲᠦᠰᠦᠯ

     

     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠤ᠂ ᠬᠤᠳᠠᠯᠳᠤᠭᠠᠨ ᠤ ᠶᠠᠪᠤᠳᠠᠯ ᠤᠨ

ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠦᠨᠳᠦᠰᠦᠨ ᠮᠡᠳᠡᠭᠡ

ᠵᠠᠩᠭᠢ ᠶᠢ ᠡᠯ᠎ᠡ ᠰᠠᠯᠠᠭ᠎ᠠ ᠮᠥᠴᠢᠷ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠂ ᠡᠭᠦᠨ ᠤ ᠤᠯᠠᠮ ᠠᠴᠠ ᠠᠵᠤ

ᠠᠬᠤᠶᠢᠯᠠᠯ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠤᠴᠢᠵᠤ ᠢᠷᠡᠬᠦ ᠤᠳᠠᠭ᠎ᠠ ᠶᠢ ᠪᠠᠭᠠᠰᠬᠠᠨ᠂ ᠠᠵᠤ

ᠠᠬᠤᠶᠢᠯᠠᠯ ᠤᠨ ᠲᠦᠷᠢᠮ ᠤᠨ ᠴᠢᠨᠠᠷᠲᠠᠶ ᠥᠪᠡᠷ ᠤᠨ ᠥᠷᠳᠡᠭ ᠢ ᠪᠠᠭᠤᠷᠠᠭᠤᠯᠵᠤ᠂ ᠪᠥᠬᠦᠳᠡ ᠣᠯᠠᠨ ᠢᠶᠠᠷ ᠢᠶᠠᠨ ᠠᠳᠠᠯ

ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠵᠢ‌ᠡᠭᠦᠳᠬᠦ ᠳᠤ ᠬᠦᠴᠦ ᠨᠡᠮᠡᠬᠦ ᠶᠢᠨ ᠳᠤᠯᠠᠳᠠ᠂

ᠬᠤᠰᠢᠭᠤᠨ ᠤ ᠪᠣᠳᠠᠲᠤ ᠪᠠᠶᠢᠳᠠᠯ ᠢ ᠦᠨᠳᠤᠰᠤᠯᠠᠨ ᠳᠤᠰ ᠬᠡᠷᠡᠭᠵᠢᠭᠦᠯᠬᠦ ᠲᠥᠰᠦᠯ ᠢ ᠲᠤᠭᠳᠠᠭᠠᠪᠠ᠃

    ᠨᠢᠭᠡ᠂ ᠶᠡᠷᠦᠩᠬᠡᠶ ᠬᠠᠷᠠᠯᠲᠠ

     ︽ᠤᠯᠠᠨ ᠦᠨᠡᠮᠯᠡᠯ ᠢ ᠨᠢᠭᠡ ᠪᠤᠯᠭᠠᠬᠤ︾ ᠳᠠᠩᠰᠠᠯᠠᠯ ᠤᠨ ᠲᠦᠷᠢᠮ ᠪᠣᠯ ᠮᠡᠳᠡᠭᠡ ᠵᠠᠩᠭᠢ ᠴᠤᠭᠯᠠᠭᠤᠯᠬᠤ᠂

ᠵᠠᠷᠯᠠᠯ ᠢ ᠳᠡᠮᠳᠡᠭᠯᠡᠬᠦ᠂ ᠬᠠᠮᠢᠶᠠᠷᠤᠯᠲᠠ ᠶᠢᠨ ᠪᠠᠶᠢᠴᠠᠭᠠᠬᠤ ᠳᠤ ᠪᠡᠯᠡᠳᠬᠡᠬᠦ ᠲᠦᠷᠦᠯ ᠤᠨ ᠠᠵᠤ ᠠᠬᠤᠶᠢᠯᠠᠯ ᠳᠤ

ᠬᠤᠯᠪᠤᠭᠳᠠᠬᠤ ᠬᠡᠷᠡᠴᠢ ᠦᠨᠡᠮᠯᠡᠯ ᠤᠨ ᠤᠴᠢᠷ ᠶᠠᠪᠤᠳᠠᠯ ᠵᠢᠴᠢ ᠠᠵᠤ ᠠᠬᠤᠶᠢᠯᠠᠯ ᠤᠨ ᠳᠠᠩᠰᠠᠯᠠᠬᠤ ᠮᠡᠳᠡᠭᠡ ᠵᠠᠩᠭᠢ

 ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠢᠶᠠᠷᠤᠯᠳᠠ ᠬᠡᠷᠡᠭᠴᠡᠭᠡ ᠶᠢ ᠬᠠᠩᠭᠠᠵᠤ ᠴᠢᠳᠠᠬᠤ ᠠᠵᠤ

ᠠᠬᠤᠶᠢᠯᠠᠯ ᠳᠤ ᠬᠤᠯᠪᠣᠭᠳᠠᠬᠤ ᠭᠡᠷᠡᠴᠢ ᠦᠨᠡᠮᠯᠡᠯ ᠪᠠ ᠬᠦᠰᠦᠨᠦᠭᠲᠦ ᠲᠠᠭᠯᠠᠨ ᠮᠡᠳᠡᠭᠦᠯᠬᠦ ᠲᠥᠷᠥᠯ ᠤᠨ ᠤᠴᠢᠷ

ᠶᠠᠪᠤᠳᠠᠯ ᠢ ︵ᠳᠠᠷᠠᠭᠠᠴᠢ ᠪᠠᠷ ᠳᠦᠭᠦᠮᠴᠢᠯᠠᠨ ︽ᠠᠵᠤ ᠠᠬᠤᠶᠢᠯᠠᠯ ᠳᠤ ᠬᠤᠯᠪᠣᠭᠳᠠᠬᠤ ᠭᠡᠷᠡᠴᠢ ᠦᠨᠡᠮᠯᠡᠯ ᠤᠨ ᠵᠦᠢᠯ︾

ᠭᠡᠵᠦ ᠲᠣᠪᠴᠢᠯᠠᠨ᠎ᠠ︶ ᠡᠵᠡᠩᠨᠡᠯᠲᠡ ᠶᠢᠨ ᠦᠨᠡᠮᠯᠡᠯ ᠳᠡᠭᠡᠷ᠎ᠡ ᠡᠮᠬᠢᠯᠡᠨ ᠨᠡᠶᠢᠯᠡᠭᠦᠯᠬᠦ ᠪᠤᠯᠤᠨ᠎ᠡ᠃ ᠡᠮᠬᠢᠯᠡᠨ ᠨᠡᠶᠢᠯᠡᠭᠦᠯᠵᠦ

ᠪᠤᠯᠬᠤ ᠶᠢ ᠨᠢ ᠠᠯᠢ ᠴᠢᠳᠠᠬᠤ ᠪᠠᠷ ᠡᠮᠬᠢᠯᠡᠨ ᠨᠡᠶᠢᠯᠡᠭᠦᠯᠵᠦ᠂ ᠳᠦᠭᠦᠮᠴᠢᠯᠠᠵᠤ ᠪᠤᠯᠬᠤ ᠶᠢ ᠨᠢ ᠠᠯᠢ ᠴᠢᠳᠠᠬᠤ ᠪᠠᠷ

ᠳᠦᠭᠦᠮᠴᠢᠯᠡᠨ᠂ ᠬᠠᠰᠤᠵᠤ ᠪᠤᠯᠬᠤ ᠶᠢ ᠨᠢ ᠠᠯᠢ ᠴᠢᠳᠠᠬᠤ ᠪᠠᠷ ᠬᠠᠰᠤᠬᠤ ᠵᠠᠷᠴᠢᠮ ᠤᠨ ᠶᠤᠰᠤᠭᠠᠷ ︽ᠦᠨᠡᠮᠯᠡᠯ ᠢ

ᠬᠠᠰᠤᠬᠤ︾ ᠪᠠᠷ ︽ᠵᠠᠰᠠᠭ ᠢ ᠴᠣᠮᠬᠠᠳᠬᠠᠬᠤ︾ ᠢ ᠳᠠᠶᠢᠴᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ

ᠠᠵᠢᠯ ᠤᠨ ᠦᠷ᠎ᠡ ᠪᠦᠲᠦᠭᠡᠯ ᠢ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠤᠴᠢᠷ ᠶᠠᠪᠤᠳᠠᠯ

ᠭᠦᠢᠴᠡᠳᠬᠡᠬᠦ ᠳᠤ ᠳᠦᠭᠦᠮ ᠦᠵᠡᠭᠦᠯᠵᠤ᠂ ︽ᠳ᠋ᠠᠶᠢᠲ᠋ᠠ ᠮᠡᠳᠡᠭᠡ ᠶᠢ ᠢᠯᠡᠭᠦᠦ ᠰᠤᠯᠢᠯᠴᠠᠵᠤ᠂ ᠠᠵᠤ ᠠᠬᠤᠶᠢᠯᠠᠯ ᠢ

ᠳᠤᠲᠠᠭᠤ ᠭᠦᠶᠦᠯᠬᠡᠬᠦ︾ ᠶᠢ ᠪᠡᠶᠡᠯᠡᠭᠦᠯᠦᠨ᠂ ᠡᠭᠦᠨ ᠤ ᠤᠯᠠᠮ ᠠᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ

ᠰᠢᠯᠢᠳᠡᠭᠵᠢᠭᠦᠯᠵᠤ᠂ ᠵᠠᠬ᠎ᠠ ᠳᠡᠯᠭᠡᠭᠦᠷ ᠤᠨ ᠠᠮᠢᠵᠢᠷᠡᠯ ᠤᠨ ᠬᠦᠴᠦᠨ ᠢ ᠬᠥᠭᠵᠢᠭᠡᠵᠦ᠂ ᠠᠵᠤ ᠠᠬᠤᠶ ᠨᠡᠶᠢᠭᠡᠮ ᠤᠨ

ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠪᠠᠷ ᠬᠠᠷᠠᠯᠳᠠ ᠪᠤᠯᠭᠠᠨ᠎ᠠ᠃

     ᠬᠤᠶᠠᠷ᠂ ᠦᠨᠳᠦᠰᠦᠨ ᠵᠠᠷᠴᠢᠮ

     ᠵᠤᠬᠢᠴᠠᠭᠤᠯᠤᠨ‌‍ᠰᠢᠯᠦᠭᠤᠳᠬᠠᠬᠤ ᠵᠠᠷᠴᠢᠮ ᠢ ᠪᠠᠷᠢᠮᠳᠠᠯᠠᠨ᠎ᠠ᠃ ᠰᠠᠯᠠᠭ᠎ᠠ ᠮᠥᠴᠢᠷ ᠤᠳ  ᠤᠨ ᠬᠤᠭᠤᠷᠣᠨᠳᠣᠬᠢ

ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠳᠦᠷᠢᠮ ᠤᠨ ᠠᠪᠴᠠᠯᠳᠤᠭ᠎ᠠ ᠶᠢ ᠴᠢᠬᠤᠯᠠᠴᠢᠯᠠᠵᠤ᠂ ᠲᠤᠬᠠᠶᠢᠯᠠᠭᠰᠠᠨ

ᠠᠵᠢᠯ ᠤᠨ ᠶᠠᠪᠤᠴᠠ ᠶᠢ ᠰᠢᠯᠦᠭᠤᠳᠬᠠᠨ᠂ ᠣᠯᠠᠨ ᠰᠠᠯᠠᠭ᠎ᠠ ᠮᠥᠴᠢᠷ ᠤᠨ ᠠᠵᠢᠯ ᠢ ᠰᠢᠨᠵᠢᠯᠡᠬᠦ ᠤᠬᠠᠭᠠᠨᠴᠢ᠂

ᠵᠣᠬᠢᠰᠲᠠᠶ᠂ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠪᠦᠷᠢᠨ ᠪᠦᠲᠦᠨ ᠠᠵᠢᠯ ᠤᠨ ᠲᠦᠷᠢᠮ ᠤᠨ ᠰᠢᠰᠲ᠋ᠧᠮ ᠢ ᠪᠤᠢ

ᠪᠤᠯᠭᠠᠨ᠂ ᠳᠠᠩᠰᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠤᠴᠢᠷ ᠶᠠᠪᠤᠳᠠᠯ

ᠭᠦᠢᠴᠡᠳᠬᠡᠬᠦ ᠳᠤ ᠳᠦᠭᠦᠮ ᠦᠵᠡᠭᠦᠯᠦᠨ᠎ᠡ᠃

     ᠲᠦᠷᠢᠮᠵᠢᠭᠦᠯᠦᠨ ᠨᠢᠭᠡᠳᠬᠡᠬᠦ ᠵᠠᠷᠴᠢᠮ ᠢ ᠪᠠᠷᠢᠮᠳᠠᠯᠠᠨ᠎ᠠ᠃ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ

ᠴᠢᠬᠤᠯᠠᠴᠢᠯᠠᠵᠤ᠂ ᠳᠠᠩᠰᠠᠯᠠᠬᠤ ᠶᠠᠪᠤᠴᠠ ᠪᠠ ᠭᠡᠷᠡᠴᠢ ᠦᠨᠡᠮᠯᠡᠯ ᠲᠠᠷᠬᠠᠭᠠᠬᠤ ᠠᠵᠢᠯ ᠤᠨ ᠲᠥᠷᠢᠮ ᠢ ᠰᠢᠨᠵᠢᠯᠡᠬᠦ

ᠤᠬᠠᠭᠠᠨᠴᠢ ᠪᠠᠷ ᠲᠣᠭᠲᠠᠭᠠᠵᠤ᠂ ᠨᠢᠭᠡᠳᠦᠯᠲᠡᠶ ︽ᠣᠯᠠᠨ ᠦᠨᠡᠮᠯᠡᠯ ᠢ ᠨᠢᠭᠡ ᠪᠤᠯᠭᠠᠬᠤ︾ ᠳᠠᠩᠰᠠᠯᠠᠯ ᠤᠨ ᠶᠠᠪᠤᠴᠠ ᠪᠠ

ᠳᠠᠩᠰᠠᠯᠠᠯ ᠤᠨ ᠱᠠᠭᠠᠷᠳᠠᠯᠭ᠎ᠠ ᠶᠢ ᠬᠡᠷᠡᠭᠵᠢᠭᠦᠯᠦᠨ᠎ᠡ᠃

     ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠳᠠᠯᠠᠨ᠎ᠠ᠃ ︽ᠣᠯᠠᠨ ᠦᠨᠡᠮᠯᠡᠯ ᠢ ᠨᠢᠭᠡ

ᠪᠤᠯᠭᠠᠬᠤ︾ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢᠶᠠᠷ ᠠᠴᠢᠶᠠᠯᠠᠪᠤᠷᠢ ᠪᠣᠯᠭᠠᠨ᠂ ᠰᠠᠯᠠᠭ᠎ᠠ ᠮᠥᠴᠢᠷ ᠤᠳ

ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ

ᠬᠤᠭᠤᠷᠣᠨᠳᠣᠬᠢ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ

ᠪᠠᠳᠤᠯᠠᠨ᠂ ᠳᠠᠩᠰᠠᠯᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠡᠷᠡᠭᠯᠡᠭᠡᠨ ᠢ ᠪᠡᠶᠡᠯᠡᠭᠦᠯᠦᠨ᠎ᠡ᠃

     ᠭᠤᠷᠪᠠ᠂ ᠬᠡᠷᠡᠭᠵᠢᠭᠦᠯᠬᠦ ᠬᠡᠪᠴᠢᠶ᠎ᠡ

     ᠪᠦᠭᠦ ᠬᠤᠰᠢᠭᠤᠨ ᠤ ᠡᠯ᠎ᠡ ᠲᠦᠷᠦᠯ ᠤᠨ ᠠᠵᠤ ᠠᠬᠤᠶᠢᠯᠠᠯ᠃ ᠺᠤᠮᠫᠠᠨᠢ ᠶᠢᠨ ᠳᠦᠷᠢᠮᠳᠤ ᠪᠠ ᠺᠣᠮᠫᠠᠨᠢ ᠶᠢᠨ

ᠳᠦᠷᠢᠮᠲᠦ ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠭᠡᠳᠡᠨ᠂ ᠬᠤᠷᠰᠢᠭᠰᠠᠨ ᠠᠵᠤ ᠠᠬᠤᠶᠢᠯᠠᠯ᠂ ᠬᠤᠪᠢ

ᠬᠥᠮᠦᠨ ᠤ ᠲᠤᠰᠠᠭᠠᠷ ᠪᠡᠯᠡ ᠤᠷᠤᠭᠤᠯᠤᠭᠰᠠᠨ ᠠᠵᠤ ᠠᠬᠤᠶᠢᠯᠠᠯ᠂ ᠲᠠᠷᠢᠶᠠᠴᠢᠳ ᠤᠨ ᠳᠤᠰᠬᠠᠶᠢᠵᠢᠭᠰᠠᠨ

ᠬᠤᠷᠰᠢᠶᠠᠵᠢᠯ ᠢ ᠪᠠᠭᠳᠠᠭᠠᠨ᠎ᠠ᠃

      ᠲᠦᠷᠪᠡ᠂ ᠠᠭᠤᠯᠭ᠎ᠠ ᠪᠠᠨ ᠡᠮᠬᠢᠯᠡᠨ ᠨᠡᠶᠢᠯᠡᠭᠦᠯᠬᠦ

     ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠣᠯᠠᠨ ᠦᠨᠡᠮᠯᠡᠯ ᠢ ᠨᠢᠭᠡ ᠪᠤᠯᠭᠠᠬᠤ﹀

ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠲᠦᠷᠦ ᠠᠯᠪᠠᠨ ᠲᠡᠷᠬᠠᠭᠠᠭᠰᠡᠨ

﹇2017﹈ 41 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠤᠯᠠᠨ

ᠦᠨᠡᠮᠯᠡᠯ ᠢ ᠨᠢᠭᠡ ᠪᠤᠯᠭᠠᠬᠤ﹀ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠦᠯ ᠢ ᠳᠠᠷᠬᠠᠭᠠᠬᠤ ᠳᠤᠬᠠᠢ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ

ᠮᠡᠳᠡᠭᠳᠡᠯ︾ ︵ᠦᠪᠦᠷ ᠵᠠᠰᠠᠭ ᠠᠯᠪᠠᠨ ᠲᠡᠷᠬᠠᠭᠠᠭᠰᠡᠨ ﹇2017﹈ 136 ᠳ᠋ᠤᠭᠠᠷ ᠲᠤᠭᠠᠳᠤ︶ ᠪᠣᠯᠤᠨ ︽︿ᠤᠯᠠᠨ

ᠦᠨᠡᠮᠯᠡᠯ ᠢ ᠨᠢᠭᠡ ᠪᠤᠯᠭᠠᠬᠤ﹀ ᠳᠠᠩᠰᠠᠯᠠᠯ ᠤᠨ ᠳᠦᠷᠢᠮ ᠤᠨ ᠥᠭᠡᠷᠡᠴᠢᠯᠡᠯᠳᠡ ᠶᠢ ᠠᠬᠢᠭᠤᠯᠬᠤ ᠶᠢ ᠬᠡᠷᠡᠭᠵᠢᠭᠦᠯᠬᠦ

ᠲᠦᠰᠦᠯ ᠢ ᠳᠠᠷᠬᠠᠭᠠᠬᠤ ᠳᠤᠬᠠᠢ ᠪᠤᠭᠤᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ︾ ︵

ᠪᠤᠭᠤᠲᠦ ᠵᠠᠰᠠᠭ ᠠᠯᠪᠠᠨ ᠲᠠᠷᠬᠠᠭᠠᠭᠰᠡᠨ﹇2017﹈ 188 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ

ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠰᠢᠨᠵᠢ ᠴᠢᠨᠠᠷ

 ᠲᠤ ᠬᠠᠷᠢᠶᠠᠯᠠᠭᠳᠠᠬᠤ ᠪᠠ ᠬᠠᠤᠯᠢ ᠶᠣᠰᠣᠭᠠᠷ ᠪᠠᠶᠢᠭᠤᠯᠬᠤ ᠨᠥᠬᠦᠴᠡᠯ ᠳᠤ ᠵᠡᠷᠭᠡᠪᠡᠷ ᠨᠡᠶᠢᠴᠡᠭᠰᠡᠨ ᠠᠵᠤ

ᠠᠬᠤᠶᠢᠯᠠᠯ ᠳᠤ ᠬᠤᠯᠪᠣᠭᠳᠠᠬᠤ ᠭᠡᠷᠡᠴᠢ ᠦᠨᠡᠮᠯᠡᠯ ᠤᠨ ᠵᠦᠢᠯᠡᠰ ᠢ ᠡᠮᠬᠢᠯᠡᠨ ᠨᠡᠶᠢᠯᠡᠭᠦᠯᠦᠨ᠎ᠡ᠃ ︽ᠲᠠᠪᠤᠨ ᠦᠨᠡᠮᠯᠡᠯ ᠢ

ᠨᠢᠭᠡ ᠪᠤᠯᠭᠠᠬᠤ︾ ᠶᠢ ᠬᠡᠷᠡᠭᠵᠢᠭᠦᠯᠬᠦ ᠪᠣᠯᠤᠨ ᠪᠦᠬᠦ ᠬᠤᠲᠠ ᠶᠢᠨ ᠠᠵᠤ ᠠᠬᠤᠶᠢᠯᠠᠯ ᠳᠤ ᠬᠤᠯᠪᠣᠭᠳᠠᠬᠤ ᠭᠡᠷᠡᠴᠢ

ᠦᠨᠡᠮᠯᠡᠯ ᠤᠨ ᠵᠦᠢᠯᠡᠰ ᠢ ᠡᠮᠬᠢᠯᠡᠬᠦ ᠰᠠᠭᠤᠷᠢᠨ ᠳᠡᠭᠡᠷ᠎ᠡ᠂ ︽ᠨᠢᠭᠡ ᠪᠦᠯᠦᠭ ᠢ ᠲᠦᠯᠦᠪᠰᠢᠭᠦᠯᠵᠤ᠂ ᠨᠢᠭᠡ ᠪᠦᠯᠦᠭ ᠢ

ᠨᠡᠶᠢᠯᠡᠭᠦᠯᠬᠦ︾ ᠵᠠᠷᠴᠢᠮ ᠢ ᠦᠨᠳᠤᠰᠤᠯᠠᠨ᠂ ᠳᠠᠷᠠᠭᠠᠬᠢ ᠠᠵᠤ ᠠᠬᠤᠶᠢᠯᠠᠯ ᠳᠤ ᠬᠤᠯᠪᠣᠭᠳᠠᠬᠤ ᠭᠡᠷᠡᠴᠢ ᠦᠨᠡᠮᠯᠡᠯ ᠤᠨ

ᠵᠦᠢᠯᠡᠰ ᠢ ᠡᠮᠬᠢᠯᠡᠨ ᠨᠡᠶᠢᠯᠡᠭᠦᠯᠦᠨ᠎ᠡ᠃ ︽ᠨᠢᠭᠡ ᠰᠦᠯᠵᠢᠶᠡᠨ ᠳᠡᠭᠡᠷ᠎ᠡ ᠠᠵᠢᠯᠯᠠᠬᠤ᠂ ᠬᠠᠷᠢᠯᠴᠠᠨ ᠬᠤᠯᠪᠣᠭᠠᠯᠠᠨ

ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ︾ ᠵᠠᠭᠪᠤᠷ ᠢᠶᠠᠷ ᠲᠠᠮᠵᠢᠨ ︽ᠣᠯᠠᠨ ᠦᠨᠡᠮᠯᠡᠯ ᠢ

ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ ᠬᠡᠷᠡᠭᠯᠡᠬᠦ︾ ᠶᠢ ᠪᠡᠶᠡᠯᠡᠭᠦᠯᠦᠨ᠎ᠡ᠃

     ︵ᠨᠢᠭᠡ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2 ᠵᠤᠷᠪᠤᠰ᠄ ᠠᠯᠪᠠᠨ ᠲᠠᠮᠠᠭ᠎ᠠ ᠰᠡᠶᠢᠯᠡᠬᠦ

ᠳᠠᠩᠰᠠᠯᠠᠯ᠂ ᠬᠠᠶᠠᠭᠳᠠᠮᠠᠯ ᠬᠠᠭᠤᠴᠢᠨ ᠲᠡᠮᠦᠷᠯᠢᠭ ᠬᠤᠷᠢᠶᠠᠨ ᠠᠪᠬᠤ ᠡᠵᠡᠩᠨᠡᠭᠴᠢ ᠶᠢᠨ ᠳᠠᠩᠰᠠᠯᠠᠯ᠃

     ︵ᠬᠤᠶᠠᠷ︶ ᠬᠤᠰᠢᠭᠤᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠪᠦᠲᠦᠭᠡᠨ

ᠪᠠᠶᠢᠭᠤᠯᠤᠯᠲᠠ ᠶᠢᠨ ᠲᠣᠪᠴᠢᠶ᠎ᠠ 1 ᠵᠤᠷᠪᠤᠰ᠄ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠵᠢᠨ‌ᠡᠵᠡᠩᠨᠡᠨ

ᠬᠠᠮᠢᠶᠠᠷᠬᠤ ᠪᠠᠶᠢᠭᠤᠯᠤᠮᠵᠢ ᠶᠢᠨ ᠳᠠᠩᠰᠠᠯᠠᠯ᠃

     ︵ᠭᠤᠷᠪᠠ︶ ᠬᠤᠰᠢᠭᠤᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠪᠦᠷᠢ 1 ᠵᠤᠷᠪᠤᠰ᠄ ᠵᠠᠮ ᠲᠡᠭᠡᠭᠡᠪᠦᠷᠢ

ᠵᠢᠴᠢ ᠵᠠᠮ ᠲᠡᠭᠡᠭᠡᠪᠦᠷᠢ ᠶᠢᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠡᠵᠡᠩᠨᠡᠭᠴᠢ ᠬᠤᠪᠢᠶᠠᠷᠢ ᠺᠤᠮᠫᠠᠨᠢ

ᠪᠠᠶᠢᠭᠤᠯᠬᠤ ᠳᠠᠩᠰᠠᠯᠠᠯ᠃

     ︵ᠲᠦᠷᠪᠡ︶ ᠬᠤᠰᠢᠭᠤᠨ ᠤ ᠠᠵᠤ ᠠᠬᠤᠶ ᠬᠤᠳᠠᠯᠳᠤᠭᠠᠨ ᠤ ᠶᠠᠪᠤᠳᠠᠯ ᠪᠣᠯᠤᠨ ᠮᠡᠳᠡᠭᠡ ᠵᠠᠩᠭᠢᠵᠢᠯᠲᠠ ᠶᠢᠨ

ᠲᠤᠪᠴᠢᠶ᠎ᠠ 7 ᠵᠤᠷᠪᠤᠰ᠄ ᠭᠠᠳᠠᠭᠠᠳᠤ ᠠᠷᠠᠯᠵᠢᠶ᠎ᠠ ᠡᠵᠡᠩᠨᠡᠭᠴᠢ ᠶᠢᠨ ᠳᠠᠩᠰᠠᠯᠠᠯ᠂  ᠲᠠᠬᠢᠨ ᠠᠰᠢᠭᠯᠠᠵᠦ ᠪᠤᠯᠬᠤ ᠡᠬᠢ

ᠪᠠᠶᠠᠯᠢᠭ ᠢ ᠡᠵᠡᠩᠨᠡᠭᠴᠢ ᠶᠢᠨ ᠳᠠᠩᠰᠠᠯᠠᠯ᠂ ᠤᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠭᠴᠢ ᠠᠵᠤ

ᠠᠬᠤᠶᠢᠯᠠᠯ ᠤᠨ ᠳᠠᠩᠰᠠᠯᠠᠯ᠂ ᠭᠠᠷ ᠳᠠᠮᠵᠢᠭᠰᠠᠨ ᠲᠡᠷᠭᠡᠨ ᠰᠣᠯᠢᠯᠴᠠᠭᠠᠨ ᠤ ᠵᠠᠬ᠎ᠠ ᠳᠡᠯᠭᠡᠭᠦᠷ ᠤᠨ ᠡᠵᠡᠩᠨᠡᠭᠴᠢ ᠶᠢᠨ

ᠳᠠᠩᠰᠠᠯᠠᠯ᠂ ᠭᠠᠷ ᠳᠠᠮᠵᠢᠭᠰᠠᠨ ᠲᠡᠷᠭᠡᠨ ᠤ ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠᠯᠠᠯ᠂ ᠮᠠᠰᠢᠨ ᠲᠡᠷᠭᠡ

ᠬᠠᠩᠭᠠᠬᠤ ᠬᠤᠳᠠᠯᠳᠤᠭᠠᠴᠢᠨ ᠤ ᠳᠠᠩᠰᠠᠯᠠᠯ᠂ ᠮᠠᠰᠢᠨ ᠲᠡᠷᠭᠡ ᠡᠵᠡᠩᠨᠡᠨ ᠪᠤᠷᠤᠯᠠᠭᠤᠯᠤᠭᠴᠢ ᠶᠢᠨ ᠳᠠᠩᠰᠠᠯᠠᠯ᠃

     ︵ᠲᠠᠪᠤ︶ ᠬᠤᠰᠢᠭᠤᠨ ᠤ ᠵᠢᠭᠤᠯᠴᠢᠯᠠᠯ ᠤᠨ ᠲᠣᠪᠴᠢᠶ᠎ᠠ 2 ᠵᠤᠷᠪᠤᠰ᠄ ᠵᠢᠭᠤᠯᠴᠢᠯᠠᠯ ᠤᠨ ᠬᠤᠷᠢᠶᠠᠨ ᠤ

ᠬᠤᠪᠢᠶᠠᠷᠢ ᠬᠤᠷᠢᠶᠠᠨ ᠤ ᠳᠠᠩᠰᠠᠯᠠᠯ᠂ ᠵᠢᠭᠤᠯᠴᠢᠯᠠᠯ ᠤᠨ ᠭᠠᠵᠠᠷ ᠤᠨ ᠦᠢᠯᠡᠴᠢᠯᠡᠭᠡᠨ ᠤ ᠴᠡᠭ ᠤᠨ ᠳᠠᠩᠰᠠᠯᠠᠯ᠃

     ︵ᠵᠢᠷᠭᠤᠭ᠎ᠠ︶ ᠬᠤᠰᠢᠭᠤ ᠰᠣᠶᠣᠯ ᠲᠠᠮᠢᠷ ᠷᠠᠳᠢᠤ᠋ ᠲᠧᠯᠸᠢᠰ ᠤᠨ ᠲᠣᠪᠴᠢᠶ᠎ᠠ 1 ᠵᠤᠷᠪᠤᠰ᠄ ᠬᠡᠪᠯᠡᠭᠳᠡᠬᠦᠨ‌ᠢ

ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠨᠢᠭᠡᠴᠡ ᠬᠠᠤᠯᠢ ᠶᠢᠨ ᠬᠥᠮᠦᠨ ᠤ ᠬᠢᠷᠢ ᠬᠡᠮ ᠳᠤ ᠨᠡᠶᠢᠴᠡᠬᠦ

ᠦᠭᠡᠢ ᠰᠠᠯᠪᠤᠷᠢ ᠪᠠᠶᠢᠭᠤᠯᠤᠮᠵᠢ ᠶᠢ ᠪᠠᠶᠢᠭᠤᠯᠬᠤ ᠳᠠᠩᠰᠠᠯᠠᠯ᠃

     ᠲᠠᠪᠤ᠂ ᠬᠡᠷᠡᠭᠵᠢᠭᠦᠯᠬᠦ ᠶᠠᠪᠤᠴᠠ

     ︵ᠨᠢᠭᠡ︶ ᠭᠤᠶᠤᠴᠢᠯᠠᠬᠤ ᠳᠠᠩᠰᠠᠯᠠᠬᠤ ᠬᠢᠨᠠᠨ ᠵᠥᠪᠰᠢᠶᠡᠷᠡᠬᠦ ᠶᠠᠪᠤᠴᠠ ᠶᠢ ᠳᠦᠷᠢᠮᠵᠢᠭᠦᠯᠦᠨ᠎ᠡ᠃ ᠬᠢᠨᠠᠨ

ᠵᠥᠪᠰᠢᠶᠡᠷᠡᠭᠦ ᠶᠠᠪᠤᠴᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠳᠠᠩᠰᠠᠯᠠᠬᠤ ᠬᠢᠨᠠᠨ ᠵᠥᠪᠰᠢᠶᠡᠷᠡᠬᠦ ᠴᠠᠭ ᠤᠨ

ᠬᠢᠵᠠᠭᠠᠷ ᠢ ᠪᠤᠭᠤᠨᠢᠰᠬᠠᠨ᠎ᠠ᠃ ᠡᠯ᠎ᠡ ᠪᠠᠶᠢᠭᠤᠯᠭ᠎ᠠ ᠨᠢᠭᠡᠴᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠯᠪᠠᠷ

ᠣᠶᠢᠯᠠᠭᠠᠮᠵᠢᠲᠠᠶ ︽ᠤᠯᠠᠨ ᠦᠨᠡᠮᠯᠡᠯ ᠢ ᠨᠢᠭᠡ ᠪᠤᠯᠭᠠᠬᠤ︾ ᠳᠠᠩᠰᠠᠯᠠᠯ ᠤᠨ ᠬᠦᠲᠦᠯᠪᠦᠷᠢ ᠶᠢ ᠲᠤᠭᠳᠠᠭᠠᠵᠤ᠂ ᠠᠵᠤ

ᠠᠬᠤᠶᠢᠯᠠᠯ ᠤᠨ ᠲᠠᠩᠰᠠᠯᠠᠯ ᠪᠠᠶᠢᠭᠤᠯᠬᠤ᠂ ᠳᠠᠩᠰᠠᠯᠠᠯ ᠢ ᠬᠤᠪᠢᠷᠠᠭᠤᠯᠬᠤ᠂ ᠳᠠᠩᠰᠠᠯᠠᠯ ᠢ ᠬᠦᠴᠦᠨ ᠦᠭᠡᠢ ᠪᠣᠯᠭᠠᠬᠤ

ᠵᠡᠷᠭᠡ ᠡᠯ᠎ᠡ ᠭᠤᠭᠴᠤᠭᠠᠨ ᠤ ᠠᠵᠢᠯᠯᠠᠭᠠᠨ ᠤ ᠶᠠᠪᠤᠭᠳᠠᠬᠤ ᠶᠠᠪᠤᠴᠠ ᠶᠢ ᠳᠤᠳᠤᠷᠬᠠᠢ ᠪᠤᠯᠭᠠᠨ᠎ᠠ᠃

    ︵ᠬᠤᠶᠠᠷ︶ ᠳᠠᠩᠰᠠᠯᠠᠨ ᠬᠠᠮᠢᠶᠠᠷᠬᠤ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠎ᠡ᠃ ᠢᠯᠡ ᠪᠠᠷ

ᠭᠦᠢᠴᠡᠳᠬᠡᠬᠦ᠂ ᠬᠤᠭᠤᠴᠠᠭ᠎ᠠ ᠲᠣᠭᠲᠠᠭᠠᠨ ᠭᠦᠢᠴᠡᠳᠬᠡᠬᠦ ᠶᠢ ᠪᠠᠷᠢᠮᠳᠠᠯᠠᠵᠤ᠂ ᠳᠠᠩᠰᠠᠯᠠᠭᠰᠠᠨ ᠠᠵᠤ ᠠᠬᠤᠶᠢᠯᠠᠯ ᠤᠨ

ᠦᠨᠳᠤᠰᠤᠨ ᠮᠡᠳᠡᠭᠡ ᠵᠠᠩᠬᠢ ᠶᠢ ᠴᠠᠭ ᠲᠤᠬᠠᠶ ᠳᠤᠨᠢ ᠢᠯᠡ ᠪᠤᠯᠭᠠᠬᠤ ᠬᠡᠷᠡᠭᠲᠠᠢ᠃ ᠡᠯ᠎ᠡ ᠰᠠᠯᠠᠭ᠎ᠠ ᠮᠥᠴᠢᠷ᠂ ᠡᠯ᠎ᠡ

ᠪᠠᠶᠢᠭᠤᠯᠭ᠎ᠠ ᠴᠠᠭ ᠲᠤᠬᠠᠶ ᠳᠤᠨᠢ ᠵᠥᠪᠯᠡᠯᠭᠡ ᠥᠭᠬᠦ ᠦᠢᠯᠡᠴᠢᠯᠡᠭᠡ ᠬᠠᠩᠭᠠᠵᠤ᠂ ᠳᠠᠩᠰᠠᠯᠠᠵᠤ ᠬᠢᠨᠠᠨ ᠵᠥᠪᠰᠢᠶᠡᠷᠡᠬᠦ

ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃

    ︵ᠭᠤᠷᠪᠠ︶ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠳᠠᠮᠵᠢᠭᠤᠯᠬᠤ ᠪᠠ ᠲᠤᠭ᠎ᠠ ᠪᠠᠷᠢᠮᠲᠠ ᠶᠢ

ᠬᠠᠮᠲᠤᠪᠠᠷ ᠡᠳ᠋ᠯᠡᠬᠦ ᠶᠢ ᠪᠠᠲᠤᠯᠠᠬᠤ ᠲᠣᠭᠲᠠᠴᠠ ᠶᠢ ᠪᠠᠶᠢᠭᠤᠯᠤᠨ᠎ᠠ᠃ ᠨᠢᠭᠡᠳᠦᠯᠲᠡᠶ ᠳᠦᠷᠢᠮᠵᠢᠯ ᠪᠠ ᠪᠠᠷᠢᠮᠵᠢᠶ᠎ᠠ

ᠶᠣᠰᠣᠭᠠᠷ᠂ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠨ᠂ ᠮᠡᠳᠡᠭᠡ ᠵᠠᠩᠭᠢ ᠶᠢ ᠬᠠᠮᠳᠤᠪᠠᠷ ᠡᠳ᠋ᠯᠡᠬᠦ ᠶᠢ

ᠪᠡᠶᠡᠯᠡᠭᠦᠯᠬᠦ ᠬᠡᠷᠡᠭᠲᠠᠢ᠃ ︽ᠣᠯᠠᠨ ᠦᠨᠡᠮᠯᠡᠯ ᠢ ᠨᠢᠭᠡ ᠪᠤᠯᠭᠠᠬᠤ︾ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ

 ᠢᠶᠠᠷ ᠰᠠᠭᠤᠷᠢ ᠪᠤᠯᠭᠠᠨ ᠮᠡᠳᠡᠭᠡ ᠵᠠᠩᠭᠢ ᠰᠣᠯᠢᠯᠴᠠᠵᠤ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ

ᠠᠯᠤᠰᠯᠠᠭᠰᠠᠨ ᠮᠡᠳᠡᠭᠡ ᠵᠠᠩᠭᠢ ᠶᠢ ᠳᠠᠮᠵᠢᠭᠤᠯᠬᠤ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠶᠢ

ᠪᠠᠶᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠳᠠᠩᠰᠠᠯᠠᠯ ᠤᠨ ᠪᠠᠶᠢᠭᠤᠯᠤᠮᠵᠢ ᠠᠵᠤ ᠠᠬᠤᠶᠢᠯᠠᠯ ᠤᠨ ᠳᠠᠩᠰᠠᠯᠠᠯ ᠢ

ᠭᠦᠢᠴᠡᠳᠬᠡᠭᠰᠡᠨ ᠤ ᠳᠠᠷᠠᠭ᠎ᠠ ᠮᠡᠳᠡᠭᠡ ᠵᠠᠩᠬᠢ ᠶᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠭ᠎ᠠ ᠳᠤ

ᠳᠠᠮᠵᠢᠭᠤᠯᠵᠤ᠂ ᠡᠯ᠎ᠡ ᠰᠠᠯᠠᠭ᠎ᠠ ᠮᠥᠴᠢᠷ᠂ ᠪᠠᠶᠢᠭᠤᠯᠭ᠎ᠠ ᠠᠴᠠ ᠰᠢᠢᠳᠪᠤᠷᠢᠯᠡᠵᠤ ᠳᠠᠭᠤᠰᠤᠭᠰᠠᠨ ᠤᠴᠢᠷ ᠶᠠᠪᠤᠳᠠᠯ ᠤᠨ

ᠪᠠᠶᠢᠳᠠᠯ ᠢᠶᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢᠶᠠᠷ ᠲᠠᠮᠵᠢᠨ ᠳᠠᠩᠰᠠᠯᠠᠬᠤ ᠪᠠᠶᠢᠭᠤᠯᠭ᠎ᠠ ᠳᠤ

ᠮᠡᠳᠡᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠳᠡᠭᠡᠷ᠎ᠡ ᠰᠢᠨ᠎ᠡ ᠪᠠᠷ ᠨᠡᠮᠡᠭᠳᠡᠭᠰᠡᠨ‌ᠮᠡᠷᠭᠡᠨ ᠴᠤᠬᠤᠷ

 ᠨᠢ ᠠᠶᠠᠨᠳᠠᠭᠠᠨ ᠦᠨᠳᠤᠰᠤᠨ ᠮᠡᠳᠡᠭᠡ ᠵᠠᠩᠬᠢ ᠪᠤᠯᠤᠨ ᠪᠦᠷᠢᠯᠳᠤᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂

ᠨᠡᠶᠢᠭᠡᠮ ᠨᠡᠶᠢᠲᠡ ᠮᠡᠷᠭᠡᠨ ᠴᠤᠬᠤᠷ ᠢ ᠰᠢᠷᠪᠢᠬᠦ ᠪᠠᠷ ᠳᠠᠮᠵᠢᠨ‌ᠨᠢᠭᠡᠨᠲᠡ ᠰᠢᠢᠳᠪᠤᠷᠢᠯᠡᠭᠰᠡᠨ ᠪᠦᠬᠦᠳᠡ ᠭᠡᠷᠡᠴᠢ ᠦᠨᠡᠮᠯᠡᠯ

ᠪᠣᠯᠤᠨ ᠪᠤᠰᠤᠳ ᠮᠡᠳᠡᠭᠡ ᠵᠠᠩᠭᠢ ᠶᠢ ᠯᠠᠪᠯᠠᠨ ᠪᠠᠶᠢᠴᠠᠭᠠᠵᠦ ᠪᠣᠯᠤᠨ᠎ᠠ᠃

    ︵ᠲᠦᠷᠪᠡ︶ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠬᠡᠷᠡᠭᠯᠡᠭᠡᠨ ᠢ ᠦᠭᠡᠷᠡᠴᠢᠯᠡᠨ᠎ᠡ᠃ ︽ᠣᠯᠠᠨ ᠦᠨᠡᠮᠯᠡᠯ ᠢ

ᠨᠢᠭᠡ ᠪᠤᠯᠭᠠᠬᠤ᠂ ᠨᠢᠭᠡ ᠭᠡᠷᠡᠴᠢ ᠳᠤ ᠨᠢᠭᠡ ᠨᠣᠮᠧᠷ ᠬᠡᠷᠡᠭᠯᠡᠬᠦ︾ ᠢ ᠪᠡᠶᠡᠯᠡᠭᠦᠯᠦᠭᠰᠡᠨ ᠤ ᠳᠠᠷᠠᠭ᠎ᠠ᠂ ᠬᠤᠯᠪᠣᠭᠳᠠᠯ ᠪᠦᠬᠦᠢ

ᠪᠠᠶᠢᠭᠤᠯᠭ᠎ᠠ ᠨᠢᠭᠡᠴᠡ ᠳᠤ ︽ᠮᠡᠳᠡᠭᠦᠯᠵᠦ ᠳᠠᠩᠰᠠᠯᠠᠭᠤᠯᠬᠤ ᠦᠨᠡᠮᠯᠡᠯ  ᠪᠢᠴᠢᠭ᠂ ᠬᠦᠰᠦᠨᠦᠭᠲᠦ︶︾ ᠥᠭᠭᠦ ᠶᠢ

ᠵᠤᠭᠰᠤᠭᠠᠨ᠎ᠠ᠂ ᠠᠵᠤ ᠠᠬᠤᠶᠢᠯᠠᠯ ᠠᠴᠠ ︽ᠤᠯᠠᠨ ᠦᠨᠡᠮᠯᠡᠯ ᠢ ᠨᠢᠭᠡ ᠪᠤᠯᠭᠠᠬᠤ︾ ᠶᠢ ᠬᠡᠷᠡᠭᠵᠢᠭᠦᠯᠦᠭᠰᠡᠨ ᠤ ᠳᠠᠷᠠᠭᠠᠬᠢ

ᠡᠵᠡᠩᠨᠡᠯᠲᠡ ᠶᠢᠨ ᠦᠨᠡᠮᠯᠡᠯ ᠢᠶᠠᠷ ᠢᠶᠠᠨ ᠬᠤᠯᠪᠣᠭᠳᠠᠯ ᠪᠦᠬᠦᠢ ᠤᠴᠢᠷ ᠶᠠᠪᠤᠳᠠᠯ ᠢ ᠭᠦᠢᠴᠡᠳᠬᠡᠬᠦ ᠳᠤ ᠡᠯ᠎ᠡ

ᠪᠠᠶᠢᠭᠤᠯᠭ᠎ᠠ ᠨᠢᠭᠡᠴᠡ ᠴᠥᠮ ᠵᠥᠪᠰᠢᠶᠡᠷᠡᠬᠦ ᠪᠠ ᠬᠡᠷᠡᠭᠯᠡᠯᠳᠡ ᠳᠤ ᠤᠷᠤᠭᠤᠯᠬᠤ ᠬᠡᠷᠡᠭᠲᠠᠢ᠂ ᠠᠵᠤ ᠠᠬᠤᠶᠢᠯᠠᠯ ᠠᠴᠠ

ᠢᠯᠡᠭᠦᠴᠡ ᠭᠡᠷᠡᠴᠢᠯᠡᠬᠦ ᠪᠢᠴᠢᠭ ᠮᠠᠲ᠋ᠧᠷᠢᠶᠠᠯ ᠠᠪᠬᠤ ᠪᠠᠷ ᠱᠠᠭᠠᠷᠳᠠᠵᠤ ᠪᠤᠯᠬᠤ ᠦᠭᠡᠢ᠃ ᠣᠨᠴᠠᠭᠠᠶ ᠪᠠᠶᠢᠳᠠᠯ ᠲᠤᠤᠷ᠎ᠡ

ᠠᠵᠤ ᠠᠬᠤᠶᠢᠯᠠᠯ ᠨᠢ ︽ᠮᠡᠳᠡᠭᠦᠯᠵᠦ ᠳᠠᠩᠰᠠᠯᠠᠭᠤᠯᠬᠤ ᠦᠨᠡᠮᠯᠡᠯ ︵ᠪᠢᠴᠢᠭ᠂ ᠬᠦᠰᠦᠨᠦᠭᠲᠦ︶︾ ᠢ ᠠᠪᠬᠤ ᠬᠡᠷᠡᠭᠴᠡᠭᠡ

 ᠲᠠᠢ ᠪᠤᠯᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠭᠤᠶᠤᠴᠢᠯᠠᠨ‌ᠠᠪᠬᠤ ᠬᠡᠷᠡᠭᠲᠡᠶ᠃

     ︵ᠲᠠᠪᠤ︶ ᠥᠭᠡᠷᠡᠴᠢᠯᠡᠯᠳᠡ ᠶᠢᠨ ᠠᠪᠴᠠᠯᠳᠤᠵᠤ ᠰᠢᠯᠵᠢᠬᠦ ᠶᠢ ᠰᠠᠶᠢᠲᠤᠷ ᠬᠢᠨ᠎ᠡ᠃ ᠨᠢᠭᠡᠨᠲᠡ ︽ᠲᠠᠪᠤᠨ

ᠦᠨᠡᠮᠯᠡᠯ ᠢ ᠨᠢᠭᠡ ᠪᠤᠯᠭᠠᠬᠤ︾ ᠳᠠᠩᠰᠠᠯᠠᠯ ᠤᠨ ᠵᠠᠭᠪᠤᠷ ᠢ ᠦᠨᠳᠤᠰᠤᠯᠠᠨ ᠨᠢᠭᠡᠳᠤᠯᠳᠠᠢ ᠨᠡᠶᠢᠭᠡᠮ ᠤᠨ ᠢᠲᠡᠭᠡᠮᠵᠢ ᠶᠢᠨ

ᠣᠷᠣᠯᠠᠯ ᠺᠤᠳ᠋ ᠤᠨ ᠡᠵᠡᠩᠨᠡᠯᠲᠡ ᠶᠢᠨ ᠦᠨᠡᠮᠯᠡᠯ ᠠᠪᠤᠭᠰᠠᠨ ᠠᠵᠤ ᠠᠬᠤᠶᠢᠯᠠᠯ ᠲᠡᠬᠢᠠ ᠰᠢᠨ᠎ᠡ ᠪᠠᠷ ︽ᠤᠯᠠᠨ

ᠦᠨᠡᠮᠯᠡᠯ ᠢ ᠨᠢᠭᠡ ᠪᠤᠯᠭᠠᠬᠤ︾ ᠳᠡᠩᠰᠡᠯᠡᠯᠲᠡ ᠶᠢ ᠭᠦᠢᠴᠡᠳᠬᠡᠬᠦ ᠴᠢᠬᠤᠯᠠ ᠦᠭᠡᠢ᠂ ᠳᠠᠩᠰᠠᠯᠠᠬᠤ ᠪᠠᠶᠢᠭᠤᠯᠭ᠎ᠠ ᠠᠴᠠ

ᠳᠠᠩᠰᠠᠯᠠᠬᠤ ᠮᠡᠳᠡᠭᠡ ᠵᠠᠩᠭᠢ ᠶᠢ ︽ᠤᠯᠠᠨ ᠦᠨᠡᠮᠯᠡᠯ ᠢ ᠨᠢᠭᠡ ᠪᠤᠯᠭᠠᠬᠤ︾ ᠮᠡᠳᠡᠭᠡ ᠵᠠᠩᠭᠢ ᠶᠢᠨ ᠦᠢᠯᠡᠴᠢᠯᠡᠭᠡᠨ ᠤ

ᠲᠠᠪᠴᠠᠩ ᠢᠶᠠᠷ ᠲᠠᠮᠵᠢᠨ ᠭᠡᠷᠡᠴᠢ ᠲᠡᠮᠳᠡᠭ ᠢ ᠡᠮᠬᠢᠯᠡᠨ ᠨᠡᠶᠢᠯᠡᠭᠦᠯᠬᠦ ᠳᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ

ᠮᠥᠴᠢᠷ ᠲᠤ ᠬᠤᠪᠢᠶᠠᠯᠴᠠᠨ᠎ᠠ᠃ ᠠᠵᠤ ᠠᠬᠤᠶᠢᠯᠠᠯ ᠤᠨ ᠤᠤᠯ ‍ᠤᠨ‌‍ᠭᠡᠷᠡᠴᠢ ᠦᠨᠡᠮᠯᠡᠯ ᠤᠨ ᠬᠦᠴᠦᠨ ᠲᠠᠢ

ᠬᠤᠭᠤᠴᠠᠭ᠎ᠠ ᠨᠢ ᠳᠠᠭᠤᠰᠬᠤ᠂ ᠲᠠᠩᠰᠠᠯᠠᠯᠳᠠ ᠶᠢ ᠬᠤᠪᠢᠷᠠᠭᠤᠯᠬᠤ ᠪᠠᠷ ᠭᠤᠶᠤᠴᠢᠯᠠᠬᠤ ᠪᠤᠶᠤ ᠡᠵᠡᠩᠨᠡᠯᠲᠡ ᠶᠢᠨ

ᠦᠨᠡᠮᠯᠡᠯ ᠢ ᠨᠢ ᠰᠣᠯᠢᠵᠤ ᠥᠭᠬᠦ ᠶᠢ ᠭᠤᠶᠤᠴᠢᠯᠠᠭᠰᠠᠨ ᠦᠶ᠎ᠡ ᠳᠤ ᠳᠠᠩᠰᠠᠯᠠᠬᠤ ᠪᠠᠶᠢᠭᠤᠯᠭ᠎ᠠ ᠠᠴᠠ ᠨᠢᠭᠡᠳᠦᠯᠲᠡᠶ

ᠨᠡᠶᠢᠭᠡᠮ ᠤᠨ ᠢᠲᠡᠭᠡᠮᠵᠢ ᠶᠢᠨ ᠤᠷᠤᠯᠠᠯ ᠺᠤᠳ᠋ ᠬᠠᠳᠠᠭᠰᠠᠨ ᠡᠵᠡᠩᠨᠡᠯᠲᠡ ᠵᠢᠨ‌ᠦᠨᠡᠮᠯᠡᠯ ᠰᠣᠯᠢᠵᠤ ᠣᠯᠭᠤᠬᠤ ᠬᠡᠷᠡᠭᠲᠡᠶ᠃

    ︵ᠵᠢᠷᠭᠤᠭ᠎ᠠ︶ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠬᠤᠰᠢᠭᠤᠨ ᠤ ᠵᠠᠬ᠎ᠠ

ᠳᠡᠯᠭᠡᠭᠦᠷ ᠤᠨ ᠭᠤᠣᠯ ᠴᠣᠭᠴᠠ ᠶᠢᠨ ᠪᠦᠭᠦ ᠰᠦᠯᠵᠢᠶᠠᠨ ᠤ ᠳ᠋ᠠᠶᠢᠲ᠋ᠠ ᠲᠠᠪᠴᠠᠩ ᠢ ᠲᠦᠷᠭᠡᠳᠬᠡᠨ ᠪᠠᠶᠢᠭᠤᠯᠵᠤ᠂ ᠡᠯ᠎ᠡ

ᠰᠠᠯᠠᠭ᠎ᠠ ᠮᠥᠴᠢᠷ᠂ ᠪᠠᠶᠢᠭᠤᠯᠭ᠎ᠠ ᠶᠢᠨ ᠳ᠋ᠠᠶᠢᠲ᠋ᠠ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠲᠡᠷᠡᠯᠴᠡᠬᠦ ᠶᠢ

ᠠᠯᠬᠤᠮ ᠠᠯᠬᠤᠮ ᠢᠶᠠᠷ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠰᠤᠷᠠᠭ ᠵᠠᠩᠭᠢ ᠶᠢᠨ

ᠭᠠᠭᠴᠠᠭᠠᠷᠳᠠᠯ︾ ᠢ ᠡᠪᠳᠡᠵᠦ᠂ ︽ᠤᠯᠠᠨ ᠦᠨᠡᠮᠯᠡᠯ ᠢ ᠨᠢᠭᠡ ᠪᠤᠯᠭᠠᠬᠤ︾ ᠳᠡᠩᠰᠡᠯᠡᠯᠲᠡ ᠶᠢᠨ ᠲᠦᠷᠢᠮ ᠤᠨ

ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠠᠢ᠃

    ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ

    ︵ᠨᠢᠭᠡ︶ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠡ

ᠪᠥᠬᠦᠢ ᠰᠠᠯᠠᠭ᠎ᠠ ᠮᠥᠴᠢᠷ ︽ᠣᠯᠠᠨ ᠦᠨᠡᠮᠯᠡᠯ ᠢ ᠨᠢᠭᠡ ᠪᠤᠯᠭᠠᠬᠤ︾ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ

ᠤᠳᠤᠷᠢᠳᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ︽ᠤᠯᠠᠨ

ᠦᠨᠡᠮᠯᠡᠯ ᠢ ᠨᠢᠭᠡ ᠪᠤᠯᠭᠠᠬᠤ︾ ᠳᠠᠩᠰᠠᠯᠠᠯ ᠤᠨ ᠲᠦᠷᠢᠮ ᠤᠨ ᠥᠭᠡᠷᠡᠴᠢᠯᠡᠯᠲᠡ ᠶᠢ ᠤᠷᠤᠭᠰᠢᠳᠠᠢ ᠬᠡᠷᠡᠭᠵᠢᠭᠦᠯᠬᠦ ᠳᠤ

ᠴᠢᠬᠤᠯᠠ ᠪᠦᠬᠦᠢ ᠠᠵᠢᠯᠲᠡᠨ᠂ ᠲᠠᠯᠠᠪᠤᠷ᠂ ᠲᠥᠬᠦᠭᠡᠷᠦᠮᠵᠢ ᠪᠠ ᠵᠠᠷᠤᠳᠠᠯ ᠢ ᠪᠠᠲᠤᠯᠠᠬᠤ ᠬᠡᠷᠡᠭᠲᠡᠶ᠃ ︽ᠤᠯᠠᠨ ᠦᠨᠡᠮᠯᠡᠯ ᠢ

ᠨᠢᠭᠡ ᠪᠤᠯᠭᠠᠬᠤ︾ ᠵᠡᠷᠭᠡ ᠳᠡᠰ ᠤᠨ ᠲᠦᠷᠢᠮ ᠤᠨ ᠥᠭᠡᠷᠡᠴᠢᠯᠡᠯᠲᠡ ᠶᠢ ᠮᠥᠷᠳᠡᠨ ᠤᠶᠢᠯᠠᠭᠠᠬᠤ ᠪᠠ ᠪᠠᠶᠢᠴᠠᠭᠠᠵᠤ

ᠵᠢᠭᠠᠨ ᠵᠢᠯᠣᠭᠤᠳᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠳᠤᠮᠳᠠ ᠭᠠᠷᠤᠭᠰᠠᠨ ᠠᠰᠠᠭᠤᠳᠠᠯ ᠢ ᠴᠠᠭ

ᠲᠤᠬᠠᠶ ᠳᠤᠨᠢ ᠵᠣᠬᠢᠴᠠᠭᠤᠯᠤᠨ ᠰᠢᠢᠳᠪᠤᠷᠢᠯᠡᠬᠦ ᠬᠡᠷᠡᠭᠲᠡᠶ᠃

    ︵ᠬᠤᠶᠠᠷ︶ ᠵᠤᠬᠢᠴᠠᠭᠤᠯᠤᠨ ᠠᠬᠢᠭᠤᠯᠬᠤ ᠬᠡᠷᠡᠭᠲᠠᠢ᠃ ︽ᠣᠯᠠᠨ ᠦᠨᠡᠮᠯᠡᠯ ᠢ  ᠨᠢᠭᠡ ᠪᠤᠯᠭᠠᠬᠤ︾ ᠳᠠᠩᠰᠠᠯᠠᠬᠤ

ᠲᠦᠷᠢᠮ ᠤᠨ ᠥᠭᠡᠷᠡᠴᠢᠯᠡᠯᠲᠡ ᠨᠢ ᠡᠯ᠎ᠡ ᠰᠤᠮᠤ ᠰᠢᠶᠠᠩ ᠪᠠᠯᠭᠠᠰᠤ ᠪᠣᠯᠤᠨ ᠬᠠᠮᠢᠶ᠎ᠠ ᠪᠦᠬᠦᠢ ᠡᠭᠦᠷᠭᠡ ᠴᠢᠳᠠᠪᠬᠢᠳᠤ

ᠰᠠᠯᠠᠭ᠎ᠠ ᠮᠥᠴᠢᠷ ᠲᠤ ᠬᠤᠯᠪᠤᠭᠳᠠᠨ᠎ᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠡ ᠪᠥᠬᠦᠢ ᠰᠠᠯᠠᠭ᠎ᠠ ᠮᠥᠴᠢᠷ

ᠵᠤᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠪᠠᠲᠤᠯᠠᠭ᠎ᠠ ᠶᠢ ᠴᠢᠩᠭᠠᠳᠬᠠᠨ᠂

ᠠᠵᠢᠯ ᠤᠨ ᠨᠡᠶᠢᠯᠡᠯ ᠬᠦᠴᠦᠨ ᠢ ᠪᠦᠷᠢᠯᠳᠤᠭᠦᠯᠬᠦ ᠬᠡᠷᠡᠭᠲᠠᠢ᠃

    ︵ᠭᠤᠷᠪᠠ︶ ᠥᠷᠭᠡᠨ ᠳᠡᠯᠭᠡᠷ ᠤᠬᠠᠭᠤᠯᠬᠤ ᠬᠡᠷᠡᠭᠲᠡᠶ᠃ ᠤᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ

ᠠᠪᠴᠤ᠂ ᠡᠯ᠎ᠡ ᠵᠦᠢᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠠᠰᠢᠭᠯᠠᠨ᠂ ︽ᠣᠯᠠᠨ ᠦᠨᠡᠮᠯᠡᠯ ᠢ ᠨᠢᠭᠡ ᠪᠤᠯᠭᠠᠬᠤ᠂

ᠨᠢᠭᠡ ᠭᠡᠷᠡᠴᠢ ᠳᠤ ᠨᠢᠭᠡ ᠨᠣᠮᠧᠷ ᠬᠡᠷᠡᠭᠯᠡᠬᠦ︾ ᠥᠭᠡᠷᠡᠴᠢᠯᠡᠯᠲᠡ ᠶᠢ ᠤᠬᠠᠭᠤᠯᠤᠨ ᠲᠠᠶᠢᠯᠪᠤᠷᠢᠯᠠᠵᠤ᠂ ᠵᠠᠰᠠᠭ ᠤᠨ

ᠣᠷᠳᠣᠨ ᠤ ᠰᠠᠯᠠᠭ᠎ᠠ ᠮᠥᠴᠢᠷ ᠤᠨ ᠠᠵᠢᠯ ᠶᠠᠪᠤᠲᠡᠯ ᠭᠦᠢᠴᠡᠳᠭᠡᠬᠦ ᠴᠣᠩᠬᠤᠪᠴᠢ ᠪᠠ ᠲᠣᠣᠷ ᠰᠦᠯᠵᠢᠶ᠎ᠡ ᠵᠡᠷᠭᠡ

ᠣᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠨ ᠠᠵᠤ ᠠᠬᠤᠶᠢᠯᠠᠯ ᠪᠠ ᠣᠯᠠᠨ ᠲᠦᠮᠡᠨ ᠤ ᠠᠰᠠᠭᠤᠯᠳᠠ ᠳᠤ

ᠬᠠᠷᠢᠭᠤᠯᠲᠠ ᠥᠭᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ

ᠬᠠᠷᠢᠭᠤᠯᠲᠠ ᠥᠭᠴᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠥᠭᠡᠷᠡᠴᠢᠯᠡᠯᠲᠡ ᠶᠢ ᠮᠡᠳᠡᠭᠦᠯᠵᠤ᠂

ᠥᠭᠡᠷᠡᠴᠢᠯᠡᠯᠲᠡ ᠶᠢ ᠳᠡᠮᠵᠢᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ

ᠬᠡᠷᠡᠭᠲᠡᠶ᠃

    ︵ᠲᠦᠷᠪᠡ︶ ᠬᠢᠨᠠᠯᠲᠠ ᠳᠠᠯᠪᠢᠠ ᠵᠢᠯᠣᠭᠤᠳᠬᠤ ᠪᠠᠨ ᠴᠢᠩᠭᠠᠳᠬᠠᠨ᠎ᠡ᠃ ᠡᠯ᠎ᠡ ᠰᠤᠮᠤ ᠰᠢᠶᠠᠩ ᠪᠠᠯᠭᠠᠰᠤ᠂ ᠡᠯ᠎ᠡ

ᠬᠠᠮᠢᠶ᠎ᠡ ᠪᠥᠬᠦᠢ ᠰᠠᠯᠠᠭ᠎ᠠ ᠮᠥᠴᠢᠷ ᠲᠤᠰ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ

ᠪᠦᠬᠦᠢ ᠠᠵᠢᠯ ᠤᠨ ᠳᠦᠷᠢᠮ ᠢ ᠨᠠᠷᠢᠨ ᠬᠢᠨᠠᠮᠠᠭᠠᠶ ᠲᠣᠭᠲᠠᠭᠠᠵᠤ᠂ ︽ᠣᠯᠠᠨ ᠦᠨᠡᠮᠯᠡᠯ ᠢ ᠨᠢᠭᠡ ᠪᠤᠯᠭᠠᠬᠤ︾ ᠳᠠᠩᠰᠠᠯᠠᠯ

 ᠤᠨ ᠲᠦᠷᠢᠮ ᠤᠨ ᠥᠭᠡᠷᠡᠴᠢᠯᠡᠯᠲᠡ ᠳᠤ ᠬᠤᠯᠪᠤᠭᠳᠠᠬᠤ ᠡᠯ᠎ᠡ ᠵᠦᠢᠯ ᠤᠨ ᠠᠵᠢᠯ ᠢ ᠬᠠᠷᠢᠭᠤᠴᠠᠯᠭ᠎ᠠ ᠡᠭᠦᠷᠭᠡᠯᠡᠵᠦ

ᠪᠠᠶᠢᠭ᠎ᠠ ᠪᠠᠶᠢᠭᠤᠯᠭ᠎ᠠ ᠠᠴᠠ ᠠᠵᠢᠯ ᠤᠨ ᠱᠠᠭᠠᠷᠳᠠᠯᠭ᠎ᠠ ᠶᠣᠰᠣᠭᠠᠷ᠂ ᠰᠠᠶᠢᠲᠤᠷ ᠮᠦᠷᠲᠡᠨ ᠪᠠᠶᠢᠴᠠᠭᠠᠬᠤ ᠬᠡᠷᠡᠭᠲᠡᠶ᠃

                             

                ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ

                               2018 ᠤᠨ ᠤ 1 ᠰᠠᠷ᠎ᠠ ᠶᠢᠨ18 ᠤ ᠡᠳᠦᠷ ᠳᠠᠷᠬᠠᠭᠠᠪᠠ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号