ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠠᠴᠠ | ᠳᠠᠷᠬᠠᠭᠠᠭᠰᠠᠨ ︽ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠦᠪᠡᠷᠲᠡᠭᠡᠨ ᠵᠠᠰᠠᠬᠤ ᠤᠷᠤᠨ ᠤ ︿ᠳᠦᠷᠪᠡᠨ | ᠰᠠᠶᠢᠨ ᠬᠦᠳᠡᠭᠡ ᠲᠤᠰᠬᠤᠨ ᠤ ᠵᠠᠮ﹀ ᠤᠨ ᠳᠠᠭᠤᠷᠢᠶᠠᠯ ᠬᠤᠰᠢᠭᠤ ᠶᠢ ᠪᠠᠶᠢᠭᠤᠯᠬᠤ ᠬᠡᠷᠡᠭᠵᠢᠭᠦᠯᠦᠯᠲᠡ ᠶᠢᠨ ᠲᠦᠰᠦᠯ︾ | ᠤᠨ ᠲᠤᠬᠠᠢ ᠮᠡᠳᠡᠭᠳᠡᠯ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ | ᠵᠠᠰᠠᠭ ᠤᠨ ᠤᠷᠳᠤᠨ ᠤ ᠠᠯᠪᠠᠨ ᠭᠡᠷ ﹇2018﹈ 9 ᠲᠤᠭᠠᠳᠤ | | | ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠪᠠᠷᠠᠭᠤᠨ ᠠᠵᠤ ᠠᠬᠤᠢ ᠶᠢᠨ ᠲᠤᠭᠤᠷᠢᠭ | ᠤᠨ ᠬᠠᠮᠢᠶᠠᠷᠤᠯᠲᠡ ᠶᠢᠨ ᠵᠦᠪᠯᠡᠯ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ | ᠪᠠᠶᠢᠭᠤᠯᠭ᠎ᠠ ᠨᠢᠭᠡᠴᠡ᠄ | ᠬᠤᠰᠢᠭᠤ ᠠᠷᠠᠳ ᠤᠨ ᠵᠠᠰᠠᠭ ᠤᠨ ᠤᠷᠳᠤᠨ ᠤ 2018 ᠤᠨ ᠤ 3 ᠳ᠋ᠤᠭᠠᠷ ᠤᠳᠠᠭᠠᠨ ᠤ ᠵᠠᠰᠠᠭ ᠤᠨ | ᠤᠷᠳᠤᠨ ᠤ ᠪᠠᠶᠢᠩᠭᠤ ᠶᠢᠨ ᠬᠤᠷᠠᠯᠳᠤᠭᠠᠨ ᠢᠶᠠᠷ ᠶᠠᠷᠢᠯᠴᠠᠨ ᠵᠦᠪᠰᠢᠶᠡᠷᠡᠭᠰᠡᠨ ︽ᠳᠠᠷᠬᠠᠨ ᠮᠤᠤᠮᠢᠩᠭᠠᠨ ᠬᠤᠯᠪᠤᠭᠠᠲᠤ | ᠬᠤᠰᠢᠭᠤ ᠦᠪᠡᠷᠲᠡᠭᠡᠨ ᠵᠠᠰᠠᠬᠤ ᠤᠷᠤᠨ ᠤ ︿ᠳᠦᠷᠪᠡᠨ ᠰᠠᠶᠢᠨ ᠬᠦᠳᠡᠭᠡ ᠲᠤᠰᠬᠤᠨ ᠤ ᠵᠠᠮ﹀ ᠤᠨ ᠳᠠᠭᠤᠷᠢᠶᠠᠯ | ᠬᠤᠰᠢᠭᠤ ᠶᠢ ᠪᠠᠶᠢᠭᠤᠯᠬᠤ ᠬᠡᠷᠡᠭᠵᠢᠭᠦᠯᠦᠯᠲᠡ ᠶᠢᠨ ᠲᠦᠰᠦᠯ︾ ᠢ ᠳᠠᠷᠬᠠᠭᠠᠪᠠ᠃ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | 2018 ᠤᠨ ᠤ 3 ᠰᠠᠷ᠎ᠠ ᠶᠢᠨ 28 ᠳᠤ | | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠨ | ᠬᠦᠳᠡᠭᠡ ᠲᠤᠰᠬᠤᠨ ᠤ ᠵᠠᠮ︾ ᠤᠨ ᠳᠠᠭᠤᠷᠢᠶᠠᠯ ᠬᠤᠰᠢᠭᠤ ᠶᠢ ᠪᠠᠶᠢᠭᠤᠯᠬᠤ ᠬᠡᠷᠡᠭᠵᠢᠭᠦᠯᠦᠯᠲᠡ ᠶᠢᠨ ᠲᠦᠰᠦᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ | ᠶᠢᠨ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢᠨ ᠴᠢᠬᠤᠯᠠ ᠵᠢᠭᠠᠪᠤᠷᠢ | ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠦᠳᠡᠭᠡ | ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ᠂ ᠬᠠᠮᠢᠶᠠᠷᠤᠯᠲᠡ᠂ ᠠᠷᠠᠴᠢᠯᠠᠯᠲᠡ᠂ ᠲᠡᠭᠡᠭᠡᠪᠦᠷᠢ ᠶᠢᠨ | ᠵᠤᠬᠢᠴᠠᠩᠭᠤᠢ ᠦᠷᠭᠦᠯᠵᠢᠯᠡᠨ ᠬᠦᠭᠵᠢᠬᠦ ᠶᠢ ᠲᠦᠷᠭᠡᠳᠭᠡᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ | ︽ᠪᠠᠶᠢᠭᠤᠯᠤᠯᠲᠡ ᠰᠠᠶᠢᠨ᠂ ᠬᠠᠮᠢᠶᠠᠷᠤᠯᠲᠡ ᠰᠠᠶᠢᠨ᠂ ᠠᠷᠠᠴᠢᠯᠠᠯᠲᠡ ᠰᠠᠶᠢᠨ᠂ ᠲᠡᠭᠡᠭᠡᠪᠦᠷᠢ ᠡᠵᠡᠩᠨᠡᠯᠲᠡ ᠰᠠᠶᠢᠨ︾ ᠪᠠᠶᠢᠬᠤ | ︽ᠳᠦᠷᠪᠡᠨ ᠰᠠᠶᠢᠨ︾ ᠤ ᠶᠡᠷᠦᠩᠬᠡᠢ ᠬᠠᠷᠠᠯᠲᠡ ᠶᠢ ᠪᠡᠶᠡᠯᠡᠭᠦᠯᠵᠤ᠂ ᠵᠠᠮ ᠲᠡᠭᠡᠭᠡᠪᠦᠷᠢ ᠶᠢᠨ ᠶᠠᠮᠤᠨ ᠤ ︽︿ᠳᠦᠷᠪᠡᠨ | ᠰᠠᠶᠢᠨ ᠬᠦᠳᠡᠭᠡ ᠲᠤᠰᠬᠤᠨ ᠤ ᠵᠠᠮ﹀ ᠤᠨ ᠪᠠᠶᠢᠭᠤᠯᠤᠯᠲᠡ ᠶᠢ ᠲᠦᠯᠬᠢᠨ ᠠᠬᠢᠭᠤᠯᠬᠤ ᠲᠤᠬᠠᠢ ᠰᠠᠨᠠᠯ︾ ︵ᠵᠠᠮ | ᠲᠡᠭᠡᠭᠡᠪᠦᠷᠢ ᠶᠢᠨ ᠶᠠᠮᠤᠨ ᠠᠴᠠ ᠲᠠᠷᠬᠠᠭᠠᠭᠰᠠᠨ ﹇2015﹈ 73 ᠲᠤᠭᠠᠲᠤ︶ ᠪᠠ ᠦᠪᠡᠷᠲᠡᠭᠡᠨ ᠵᠠᠰᠠᠬᠤ ᠤᠷᠤᠨ ᠤ | ᠵᠠᠮ ᠲᠡᠭᠡᠭᠡᠪᠦᠷᠢ ᠶᠢᠨ ᠲᠢᠩᠬᠢᠮ ᠤᠨ ︽︿ᠳᠦᠷᠪᠡᠨ ᠰᠠᠶᠢᠨ ᠬᠦᠳᠡᠭᠡ ᠲᠤᠰᠬᠤᠨ ᠤ ᠵᠠᠮ﹀ ᠤᠨ ᠪᠦᠲᠦᠭᠡᠨ | ᠪᠠᠶᠢᠭᠤᠯᠤᠯᠲᠡ ᠶᠢᠨ ᠠᠵᠢᠯᠯᠠᠭᠠᠨ ᠦᠷᠨᠢᠭᠦᠯᠬᠦ ᠲᠦᠰᠦᠯ ᠤᠨ ᠲᠤᠬᠠᠢ ᠮᠡᠳᠡᠭᠳᠡᠯ︾ ︵ᠦᠪᠤᠷ ᠮᠤᠩᠭᠤᠯ ᠤᠨ ᠵᠡᠮ | ᠬᠠᠷᠢᠯᠴᠠᠭᠠᠨ ᠤ ᠲᠤᠪᠴᠢᠶ᠎ᠡ ᠠᠴᠠ ᠲᠡᠷᠬᠠᠭᠠᠭᠰᠠᠨ ﹇2015﹈ 699 ᠲᠤᠭᠠᠲᠤ︶ ᠤᠨ ᠱᠠᠭᠠᠷᠳᠠᠯᠭ᠎ᠠ ᠪᠠᠷ᠂ ᠮᠠᠨ ᠤ | ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠰ ᠲᠦᠰᠦᠯ ᠢ ᠲᠤᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠨ᠂ ᠬᠥᠮᠦᠨ ᠢᠶᠠᠷ ᠭᠤᠣᠯ | ᠪᠤᠯᠭᠠᠵᠤ᠂ ᠬᠥᠳᠡᠭᠡ ᠲᠣᠰᠬᠤᠨ ᠤ ᠬᠦᠭᠵᠢᠯᠲᠡ ᠳᠤ ᠦᠢᠯᠡᠴᠢᠯᠡᠬᠦ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠡ ᠳᠤ ᠦᠢᠯᠡᠴᠢᠯᠡᠬᠦ᠂ ᠵᠢᠭᠤᠯᠴᠢᠯᠠᠯ ᠤᠨ ᠨᠡᠭᠡᠭᠡᠨ ᠬᠦᠭᠵᠢᠯᠲᠡ ᠳᠤ ᠦᠢᠯᠡᠴᠢᠯᠡᠬᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠭᠤᠣᠯᠳᠠᠯᠭ᠎ᠠ ᠳᠤ ᠦᠢᠯᠡᠴᠢᠯᠡᠬᠦ᠂ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠶᠤᠯᠭᠦᠶ ᠶᠢᠨ ᠬᠢᠷᠢ ᠬᠡᠮᠵᠢᠶ᠎ᠡ᠂ ᠰᠢᠭᠤᠳ | ᠨᠡᠪᠲᠡᠷᠡᠬᠦ ᠬᠢᠷᠢ ᠬᠡᠮᠵᠢᠶ᠎ᠡ᠂ ᠦᠢᠯᠡᠴᠢᠯᠡᠬᠦ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠬᠦᠴᠢᠷ ᠠᠰᠠᠭᠤᠳᠠᠯ ᠢ ᠠᠯᠬᠤᠮ | ᠠᠯᠬᠤᠮ ᠢᠶᠠᠷ ᠰᠢᠢᠳᠪᠦᠷᠢᠯᠡᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠪᠦᠬᠦ ᠲᠠᠯ᠎ᠠ ᠪᠠᠷ ᠳᠡᠰ ᠳᠡᠪᠰᠢᠬᠦ᠂ | ᠮᠠᠯᠵᠢᠬᠤ ᠲᠠᠷᠢᠶᠠᠯᠠᠬᠤ ᠣᠷᠣᠨ ᠤ ᠪᠦᠬᠦ ᠲᠠᠯ᠎ᠠ ᠶᠢᠨ ᠲᠠᠪᠰᠢᠯᠳᠠ᠂ ᠮᠠᠯᠴᠢᠨ ᠲᠠᠷᠢᠶᠠᠴᠢᠳ ᠤᠨ ᠪᠦᠬᠦ ᠲᠠᠯ᠎ᠠ ᠶᠢᠨ | ᠬᠥᠭᠵᠢᠯᠲᠡ ᠳᠤ ᠨᠡᠩ ᠬᠦᠴᠦᠲᠡᠶ ᠲᠦᠰᠢᠭ ᠪᠣᠯᠤᠨ ᠪᠠᠲᠤᠯᠠᠭ᠎ᠠ ᠬᠠᠩᠭᠠᠬᠤ ᠬᠡᠷᠡᠭᠲᠡᠶ᠃ | ᠬᠤᠶᠠᠷ᠂ ᠠᠵᠢᠯ ᠤᠨ ᠬᠠᠷᠠᠯᠲᠡ ᠪᠠ ᠡᠭᠦᠷᠭᠡ | ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢ ᠪᠦᠬᠦ ᠲᠠᠯ᠎ᠠ ᠪᠠᠷ | ᠲᠦᠯᠬᠢᠨ ᠠᠬᠢᠭᠤᠯᠵᠤ᠂ ᠵᠠᠰᠠᠮᠠᠯ ᠵᠠᠮ ᠤᠨ ᠲᠤᠤᠷᠵᠢᠯ ᠤᠨ ᠪᠦᠲᠦᠴᠡ ᠶᠢ ᠰᠢᠯᠢᠳᠡᠭᠵᠢᠭᠦᠯᠵᠤ᠂ ᠬᠢᠨᠠᠨ ᠬᠠᠮᠢᠶᠠᠷᠤᠯᠲᠡ | ᠶᠢᠨ ᠰᠢᠰᠲ᠋ᠧᠮ ᠢ ᠲᠡᠭᠦᠯᠳᠡᠷᠵᠢᠭᠦᠯᠵᠤ᠂ ᠪᠦᠲᠦᠴᠡ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠠᠷᠠᠴᠢᠯᠠᠭ᠎ᠠ | ᠬᠠᠮᠠᠭᠠᠯᠠᠯᠲᠡ ᠶᠢᠨ ᠬᠢᠷᠢ ᠲᠦᠪᠰᠢᠨ ᠢ ᠨᠡᠮᠡᠭᠳᠡᠭᠦᠯᠵᠤ᠂ ᠲᠡᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠵᠤ᠂ 2018 | ᠤᠨ ᠤ ᠰᠡᠭᠦᠯᠴᠢ ᠪᠤᠯᠲᠠᠯ᠎ᠠ ᠦᠪᠡᠷᠲᠡᠭᠡᠨ ᠵᠠᠰᠠᠬᠤ ᠤᠷᠤᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤ | ᠳᠠᠭᠤᠷᠢᠶᠠᠯ ᠬᠤᠰᠢᠭᠤ ᠶᠢ ᠪᠠᠶᠢᠭᠤᠯᠤᠨ᠎ᠡ᠃ ᠬᠦᠳᠡᠭᠡ ᠲᠤᠰᠬᠤᠨ ᠤ ᠵᠠᠰᠠᠮᠠᠯ ᠵᠠᠮ ᠤᠨ ᠠᠷᠠᠴᠢᠯᠠᠯᠲᠡ ᠬᠠᠮᠠᠭᠠᠯᠠᠯᠲᠡ | ᠶᠢᠨ ᠬᠠᠮᠢᠶᠠᠷᠤᠯᠲᠡ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠤ᠂ ᠪᠠᠶᠡᠴᠢ ᠴᠤᠭᠴᠠ ᠶᠢᠨ | ᠬᠠᠷᠢᠭᠤᠴᠠᠯᠭ᠎ᠠ ᠶᠢ ᠤᠯᠠᠮ ᠲᠤᠳᠤᠳᠬᠠᠵᠤ᠂ ᠬᠠᠮᠢᠶᠠᠷᠤᠯᠲᠡ ᠶᠢᠨ ᠪᠦᠲᠦᠴᠡ ᠶᠢ ᠤᠯᠠᠮ ᠰᠢᠯᠤᠭᠤᠳᠬᠠᠵᠤ᠂ ᠪᠡᠯᠡ | ᠮᠦᠩᠬᠦ ᠶᠢᠨ ᠵᠠᠷᠤᠴᠠᠭᠤᠯᠤᠯᠲᠡ ᠶᠢ ᠤᠯᠠᠮ ᠲᠤᠭᠲᠠᠪᠤᠷᠢᠲᠡᠢ ᠪᠤᠯᠭᠠᠵᠤ᠂ ᠠᠷᠠᠴᠢᠯᠠᠭ᠎ᠠ ᠬᠠᠮᠠᠭᠠᠯᠠᠯᠲᠡ ᠬᠠᠮᠢᠶᠠᠷᠤᠯᠲᠡ | ᠶᠢᠨ ᠪᠠᠶᠢᠭᠤᠯᠤᠮᠵᠢ ᠶᠢ ᠤᠯᠠᠮ ᠲᠡᠭᠦᠯᠳᠡᠷᠵᠢᠭᠦᠯᠦᠨ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ | ᠭᠤᠷᠪᠠᠨ ᠱᠠᠳᠤ ᠬᠤᠯᠪᠤᠭᠠᠯᠠᠭᠰᠠᠨ ᠵᠠᠰᠠᠮᠠᠯ ᠵᠠᠮ ᠤᠨ ᠠᠷᠠᠴᠢᠯᠠᠯᠲᠡ ᠬᠠᠮᠠᠭᠠᠯᠠᠯᠲᠡ ᠬᠠᠮᠢᠶᠠᠷᠤᠯᠲᠡ ᠶᠢᠨ ᠰᠢᠨ᠎ᠡ | ᠲᠤᠭᠲᠠᠴᠠ ᠶᠢ ᠪᠠᠶᠢᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠶᠢᠭᠤᠯᠤᠯᠲᠡ ᠬᠠᠮᠢᠶᠠᠷᠤᠯᠲᠡ ᠡᠵᠡᠩᠨᠡᠯᠲᠡ | ᠶᠢᠨ ᠬᠢᠷᠢ ᠲᠦᠪᠰᠢᠨ ᠢ ᠪᠦᠲᠦᠮᠵᠢᠲᠡᠢ ᠨᠡᠮᠡᠭᠳᠡᠭᠦᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠲᠤᠤᠷᠵᠢᠯ ᠤᠨ | ᠪᠦᠲᠦᠴᠡ ᠶᠢ ᠢᠯᠡᠷᠭᠡᠢ ᠰᠢᠯᠢᠳᠡᠭᠵᠢᠭᠦᠯᠦᠨ᠂ ᠴᠢᠨᠠᠷ ᠴᠢᠨᠰᠠᠭ᠎ᠠ ᠢᠯᠡ ᠪᠠᠷ ᠰᠠᠶᠢᠵᠢᠷᠠᠵᠤ᠂ ᠠᠷᠠᠴᠢᠯᠠᠭ᠎ᠠ ᠬᠠᠮᠠᠭᠠᠯᠠᠯᠲᠡ | ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠮ ᠤᠨ ᠦᠮᠴᠢ ᠵᠠᠮ ᠤᠨ ᠡᠷᠭᠡ ᠶᠢ ᠪᠦᠲᠦᠮᠵᠢᠲᠡᠢ ᠬᠠᠮᠠᠭᠠᠯᠠᠵᠤ᠂ ᠵᠠᠮ ᠤᠨ | ᠤᠷᠴᠢᠨ ᠢ ᠭᠤᠶᠤ ᠪᠤᠯᠭᠠᠵᠤ᠂ ᠬᠦᠳᠡᠭᠡ ᠲᠤᠰᠬᠤᠨ ᠤ ᠲᠡᠭᠡᠭᠡᠪᠦᠷᠢ ᠪᠤᠯᠤᠨ ᠪᠠᠷᠠᠭ᠎ᠠ ᠲᠡᠭᠡᠭᠡᠪᠦᠷᠢ ᠶᠢᠨ ᠦᠢᠯᠡᠴᠢᠯᠡᠭᠡᠨ | ᠤ ᠰᠢᠰᠲ᠋ᠧᠮ ᠢ ᠲᠡᠭᠦᠯᠳᠡᠷᠵᠢᠭᠦᠯᠵᠤ᠂ ᠬᠤᠲᠠ ᠬᠦᠳᠡᠭᠡ ᠶᠢᠨ ᠵᠠᠰᠠᠮᠠᠯ ᠵᠠᠮ ᠤᠨ ᠨᠢᠭᠡ ᠴᠤᠭᠴᠠᠵᠢᠯᠲᠡ ᠶᠢᠨ ᠬᠡᠪ | ᠪᠠᠶᠢᠳᠠᠯ ᠦᠨᠳᠦᠰᠦᠨ ᠳᠡᠭᠡᠨ ᠪᠦᠷᠢᠯᠳᠦᠵᠤ᠂ ᠵᠠᠮ ᠬᠠᠷᠢᠯᠴᠠᠭ᠎ᠠ ᠪᠠᠷ ᠶᠠᠳᠠᠭᠤ ᠶᠢ ᠳᠡᠳᠬᠦᠬᠦ ᠰᠢᠪᠲᠤᠯᠤᠯᠲᠡ ᠶᠢ | ᠪᠡᠶᠡᠯᠡᠭᠦᠯᠵᠤ᠂ ᠬᠦᠳᠡᠭᠡ ᠲᠤᠰᠬᠤᠨ ᠢ ᠬᠦᠭᠵᠢᠭᠦᠯᠬᠦ ᠪᠤᠳᠤᠯᠭ᠎ᠠ ᠪᠠ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ | ᠪᠠᠶᠢᠭᠤᠯᠬᠤ ᠳᠤ ᠲᠤᠯᠭᠠᠭᠤᠷᠢ ᠬᠦᠴᠦᠨ ᠪᠤᠯᠬᠤ ᠶᠢ ᠪᠡᠶᠡᠯᠡᠭᠦᠯᠦᠨ᠎ᠡ᠃ | ︵ᠨᠢᠭᠡ︶ ᠬᠦᠳᠡᠭᠡ ᠲᠤᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠪᠠᠶᠢᠭᠤᠯᠤᠨ᠎ᠠ᠃ | 1.ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠭᠤᠤᠯᠳᠠᠯᠭ᠎ᠠ | 2018 ᠤᠨ ᠳᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠨᠢ ᠬᠦᠳᠡᠭᠡ | ᠲᠤᠰᠬᠤᠨ ᠢ ᠬᠦᠭᠵᠢᠭᠦᠯᠬᠦ ᠪᠤᠳᠤᠯᠭ᠎ᠠ ᠳᠤ ᠦᠢᠯᠡᠴᠢᠯᠡᠬᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠡ ᠳᠤ | ᠬᠦᠴᠦ ᠨᠡᠮᠡᠬᠦ᠂ ᠬᠦᠳᠡᠭᠡ ᠲᠤᠰᠬᠤᠨ ᠮᠠᠯᠵᠢᠬᠤ ᠤᠷᠤᠨ ᠤ ᠤᠳᠤᠬᠢᠴᠢᠯᠠᠯᠲᠡ ᠶᠢ ᠳᠡᠮᠵᠢᠬᠦ᠂ ᠦᠵᠡᠰᠭᠦᠯᠡᠩᠲᠦ | ᠰᠠᠶᠢᠬᠠᠨ ᠬᠦᠳᠡᠭᠡ ᠲᠤᠰᠬᠤᠨ ᠢ ᠪᠠᠶᠢᠭᠤᠯᠬᠤ ᠪᠠᠷ ᠭᠤᠤᠯᠳᠠᠯᠭ᠎ᠠ ᠪᠤᠯᠭᠠᠵᠤ᠂ ᠲᠤᠰᠬᠠᠢ ᠲᠦᠷᠦᠯ ᠤᠨ ᠪᠡᠯᠡ ᠮᠦᠩᠬᠦ | ᠲᠡᠮᠡᠴᠡᠨ ᠤᠯᠬᠤ ᠬᠦᠴᠦᠯᠡᠴᠡ ᠪᠠᠨ ᠨᠡᠮᠡᠭᠳᠡᠭᠦᠯᠦᠨ᠂ ᠵᠢᠱᠢᠯᠲᠡ ᠪᠠᠷ 3.42 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠬᠤᠷᠳᠤ ᠨᠡᠮᠡᠭᠳᠡᠭᠦᠯᠬᠦ ᠴᠢᠳᠠᠮᠵᠢ ᠶᠢᠨ ᠢᠨᠵᠧᠨᠧᠷᠢᠩ ᠢ | ᠬᠡᠷᠡᠭᠵᠢᠭᠦᠯᠵᠤ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ᠂ ᠡᠬᠢ ᠪᠠᠶᠠᠯᠢᠭ ᠤᠨ ᠵᠠᠮ᠂ ᠬᠤᠰᠢᠭᠤ ᠰᠢᠶᠠᠨ ᠪᠠ | ᠰᠢᠶᠠᠩ ᠤᠨ ᠵᠠᠮ ᠤᠨ ᠬᠤᠯᠪᠤᠭᠠᠰᠤ ᠪᠤᠯᠤᠨ ᠪᠤᠰᠤᠳ ᠴᠢᠬᠤᠯᠠ ᠲᠤᠤᠷᠵᠢᠯ ᠤᠨ ᠵᠠᠮ ᠤᠨ ᠪᠦᠲᠦᠭᠡᠨ | ᠪᠠᠶᠢᠭᠤᠯᠤᠯᠲᠡ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠡ᠃ ᠮᠠᠯᠵᠢᠬᠤ ᠲᠠᠷᠢᠶᠠᠯᠠᠬᠤ ᠤᠷᠤᠨ ᠪᠤᠯᠤᠨ ᠲᠦᠪ | ᠬᠤᠲᠠ ᠪᠠᠯᠭᠠᠰᠤ᠂ ᠵᠢᠭᠤᠯᠴᠢᠯᠠᠯ ᠤᠨ ᠦᠵᠡᠮᠵᠢ ᠶᠢᠨ ᠤᠷᠤᠨ᠂ ᠠᠵᠤ ᠦᠢᠯᠡᠰ ᠤᠨ ᠰᠠᠭᠤᠷᠢᠨ ᠭᠠᠵᠠᠷ᠂ ᠡᠯ᠎ᠡ | ᠲᠤᠭᠤᠷᠢᠭ ᠤᠨ ᠪᠦᠲᠦᠮᠵᠢᠲᠡᠢ ᠬᠤᠯᠪᠤᠯᠳᠠᠬᠤ ᠶᠢ ᠠᠬᠢᠭᠤᠯᠵᠤ᠂ ᠵᠠᠰᠠᠮᠠᠯ ᠵᠠᠮ ᠢᠶᠠᠷ ᠦᠢᠯᠡᠰ ᠢᠶᠠᠨ ᠬᠦᠭᠵᠢᠭᠦᠯᠵᠤ᠂ | ᠦᠢᠯᠡᠰ ᠤᠨ ᠬᠦᠭᠵᠢᠯᠲᠡ ᠪᠠᠷ ᠤᠷᠤᠯᠭ᠎ᠠ ᠪᠠᠨ ᠨᠡᠮᠡᠭᠳᠡᠭᠦᠯᠬᠦ ᠵᠤᠷᠢᠯᠲᠡ ᠳᠤ ᠬᠦᠷᠦᠨ᠎ᠡ᠃ | 2019 ᠤᠨ ᠳᠤ᠂ ᠵᠢᠱᠢᠯᠲᠡ ᠪᠠᠷ 2.21 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠬᠦᠳᠡᠭᠡ | ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠲᠦᠰᠦᠯ 12 ᠶᠢ ᠬᠡᠷᠡᠭᠵᠢᠭᠦᠯᠵᠤ᠂ 183.2 | ᠺᠢᠯᠤᠮᠧᠲᠷ ᠵᠠᠰᠠᠮᠠᠯ ᠵᠠᠮ ᠵᠠᠰᠠᠨ᠎ᠠ᠂ 2020 ᠤᠨ ᠳᠤ ᠵᠢᠱᠢᠯᠲᠡ ᠪᠠᠷ 1.92 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠲᠦᠰᠦᠯ 15 ᠶᠢ | ᠬᠡᠷᠡᠭᠵᠢᠭᠦᠯᠵᠤ᠂ 167 ᠺᠢᠯᠤᠮᠧᠲᠷ ᠵᠠᠰᠠᠮᠠᠯ ᠵᠠᠮ ᠵᠠᠰᠠᠨ᠎ᠠ᠂ 2020 ᠤᠨ ᠬᠦᠷᠬᠦ ᠳᠤ᠂ ᠬᠦᠳᠡᠭᠡ ᠲᠤᠰᠬᠤᠨ | ᠮᠠᠯᠵᠢᠬᠤ ᠤᠷᠤᠨ ᠤ ᠵᠠᠰᠠᠮᠠᠯ ᠵᠠᠮ ᠤᠨ ᠲᠤᠤᠷᠵᠢᠯ ᠢᠯᠡᠷᠬᠡᠢ ᠰᠠᠶᠢᠵᠢᠷᠠᠵᠤ᠂ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠬᠡᠷᠡᠭᠴᠡᠭᠡᠨ ᠤ ᠶᠠᠪᠤᠵᠤ ᠰᠠᠭᠤᠬᠤ ᠨᠦᠬᠦᠴᠡᠯ ᠢ ᠢᠯᠡᠷᠭᠡᠢ ᠰᠠᠶᠢᠵᠢᠷᠠᠭᠤᠯᠤᠨ᠂ ᠪᠦᠬᠦ ᠬᠤᠰᠢᠭᠤᠨ ᠤ | ᠪᠤᠢ ᠪᠦᠬᠦᠢ ᠪᠠᠶᠢᠭᠠᠯᠢᠭ ᠲᠤᠰᠬᠤᠨ ᠳᠤ ᠪᠠᠷᠤᠭᠰᠢᠨ ᠵᠠᠮ᠂ ᠱᠦᠢᠨᠢ ᠵᠠᠮ ᠨᠡᠪᠲᠡᠷᠡᠬᠦ ᠬᠠᠷᠠᠯᠲᠡ ᠶᠢ ᠪᠡᠶᠡᠯᠡᠭᠦᠯᠵᠤ᠂ | ᠬᠦᠳᠡᠭᠡ ᠲᠤᠰᠬᠤᠨ ᠮᠠᠯᠵᠢᠬᠤ ᠤᠷᠤᠨ ᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠳᠤ ᠬᠦᠴᠤᠲᠡᠢ | ᠲᠤᠯᠭᠠᠭᠤᠷᠢ ᠪᠤᠯᠭᠠᠨ᠎ᠠ᠃ | ︵1︶ ᠨᠡᠪᠲᠡᠷᠡᠬᠦ ᠳᠤ ᠬᠦᠴᠢᠷ ᠬᠡᠰᠡᠭ ᠤᠨ ᠠᠰᠠᠭᠤᠳᠠᠯ ᠢ ᠰᠢᠢᠳᠪᠦᠷᠢᠯᠡᠨ᠎ᠡ᠃ 1.6 ᠳ᠋ᠦᠩᠰᠢᠭᠤᠷ ᠲᠦᠭᠦᠷᠢᠭ | ᠤᠨ ᠪᠡᠯᠡ ᠤᠷᠤᠭᠤᠯᠵᠤ᠂ X065 ᠶᠢ ᠬᠡᠷᠡᠭᠵᠢᠭᠦᠯᠦᠨ ᠬᠤᠩᠭᠤᠷᠲᠠᠯ᠎ᠠ ᠶᠡᠭᠡ ᠬᠦᠬᠦᠷᠭᠡ ᠠᠴᠠ ᠰᠢᠷᠠᠮᠦ᠋ᠷᠡᠨ᠂ | ᠪᠠᠲᠤᠬᠠᠭᠠᠯᠭ᠎ᠠ ᠤᠷᠤᠭᠤ ᠶᠠᠪᠤᠬᠤ ᠵᠠᠮ ᠬᠦᠷᠬᠦ ᠬᠡᠰᠡᠭ ᠤᠨ ᠵᠠᠯᠭᠠᠯᠳᠠ ᠶᠢ 10 ᠺᠢᠯᠤᠮᠧᠲᠷ ᠵᠠᠰᠠᠨ᠎ᠠ᠃ | ︵2︶ ᠬᠡᠰᠡᠭ ᠪᠦᠯᠦᠭ ᠲᠤᠰᠬᠤᠨ ᠳᠤ ᠨᠡᠪᠲᠡᠷᠡᠬᠦ ᠵᠠᠮ ᠢ ᠦᠷᠭᠡᠳᠭᠡᠨ ᠪᠠᠶᠢᠭᠤᠯᠤᠨ᠎ᠡ᠃ 1041 ᠲᠦᠮᠡᠨ | ᠲᠦᠭᠦᠷᠢᠭ ᠤᠨ ᠪᠡᠯᠡ ᠤᠷᠤᠭᠤᠯᠵᠤ᠂ ᠲᠤᠰᠬᠤᠨ ᠳᠤ ᠨᠡᠪᠲᠡᠷᠡᠬᠦ 3 ᠵᠤᠷᠪᠤᠰ ᠵᠠᠮ ᠤᠨ 32 ᠺᠢᠯᠤᠮᠧᠲᠷ ᠵᠠᠰᠠᠮᠠᠯ ᠵᠠᠮ | ᠢ ᠵᠠᠰᠠᠨ᠎ᠠ ︵ᠱᠦᠢ ᠯᠥᠩ ᠲᠠᠨ ᠠᠴᠠ ᠪᠠᠶᠠᠨ ᠰᠢᠨ᠎ᠡ ᠲᠤᠰᠬᠤᠨ ᠬᠦᠷᠬᠦ 3.8 ᠺᠢᠯᠤᠮᠧᠲᠷ᠂ ᠦᠬᠡᠷᠬᠤᠳᠳᠤᠭ ᠠᠴᠠ | ᠳ᠋ᠠ ᠬᠠᠨ ᠬᠠᠢ ᠬᠦᠷᠬᠦ 7.7 ᠺᠢᠯᠤᠮᠧᠲᠷ᠂ ᠶᠡᠭᠡ ᠰᠡᠭᠦᠵᠢ ᠠᠴᠠ ᠪᠠᠷᠠᠭᠤᠨ ᠭᠠᠰᠢᠭᠤᠨ ᠬᠦᠷᠬᠦ 20.5 ᠺᠢᠯᠤᠮᠧᠲᠷ︶᠃ | | ︵3︶ ᠵᠠᠰᠠᠭ ᠵᠠᠬᠢᠷᠭᠠᠨ ᠤ ᠲᠤᠰᠬᠤᠨ᠂ ᠪᠠᠶᠢᠭᠠᠯᠢᠭ ᠲᠤᠰᠬᠤᠨ ᠠᠴᠠ ᠲᠤᠰᠬᠤᠨ ᠬᠦᠷᠬᠦ ᠬᠠᠷᠢᠯᠴᠠᠨ | ᠨᠡᠪᠲᠡᠷᠡᠯᠴᠡᠭᠰᠡᠨ ᠵᠠᠮ ᠤᠨ ᠦᠭᠡᠷᠡᠴᠢᠯᠡᠯᠲᠡ ᠶᠢᠨ ᠲᠡᠰ ᠳᠠᠪᠰᠢᠯᠲᠡ᠃ 7117 ᠲᠦᠮᠡᠨ ᠲᠦᠭᠦᠷᠢᠭ ᠤᠨ ᠪᠡᠯᠡ | ᠤᠷᠤᠭᠤᠯᠵᠤ᠂ ᠰᠢᠨ᠎ᠡ ᠪᠠᠷ ᠵᠠᠰᠠᠬᠤ ᠵᠠᠰᠠᠮᠠᠯ ᠵᠡᠮ ᠤᠨ ᠪᠦᠲᠦᠭᠡᠨ ᠪᠠᠶᠢᠭᠤᠯᠤᠯᠲᠡ 9 ᠵᠤᠷᠪᠤᠰ 41.1 ᠺᠢᠯᠤᠮᠧᠲᠷ | ᠵᠠᠰᠠᠨ᠎ᠠ᠃ | ︵4︶ ᠬᠦᠳᠡᠭᠡ ᠲᠤᠰᠬᠤᠨ ᠤ ᠵᠠᠰᠠᠮᠠᠯ ᠵᠠᠮ ᠤᠨ ᠲᠡᠷᠭᠡ ᠬᠦᠯᠢᠶᠡᠬᠦ ᠭᠠᠵᠠᠷ ᠤᠨ ᠪᠦᠲᠦᠭᠡᠨ ᠪᠠᠶᠢᠭᠤᠯᠤᠯᠲᠡ | ᠶᠢ ᠲᠦᠷᠭᠡᠳᠭᠡᠨ᠎ᠡ᠃ 304 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ | ᠤᠨ ᠲᠡᠷᠭᠡ ᠬᠦᠯᠢᠶᠡᠬᠦ ᠭᠠᠵᠠᠷ 45 ᠶᠢ ᠪᠠᠶᠢᠭᠤᠯᠤᠨ᠎ᠡ᠃ | ︵5︶ ᠡᠬᠢ ᠰᠤᠷᠪᠤᠯᠵᠢ ᠶᠢᠨ ᠵᠠᠮ᠂ ᠠᠵᠤ ᠦᠢᠯᠡᠰ ᠤᠨ ᠵᠠᠮ ᠤᠨ ᠪᠦᠲᠦᠭᠡᠨ ᠪᠠᠶᠢᠭᠤᠯᠤᠯᠲᠡ ᠶᠢ | ᠲᠦᠷᠭᠡᠳᠭᠡᠨ᠎ᠡ᠃ 1119 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠤᠩᠭᠤᠷᠲᠠᠯ᠎ᠠ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠲᠤᠭᠤᠷᠢᠭ ᠤᠨ ᠠᠵᠤ ᠦᠢᠯᠡᠰ ᠤᠨ ᠵᠠᠮ ᠢ 1 ᠵᠤᠷᠪᠤᠰ 5.8 ᠺᠢᠯᠤᠮᠧᠲᠷ | ᠪᠠᠶᠢᠭᠤᠯᠤᠨ᠎ᠠ᠃ | ︵6︶ ᠬᠦᠳᠡᠭᠡ ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠡ ᠶᠢᠨ ᠪᠠᠷᠢᠯᠭ᠎ᠠ ᠶᠢ | ᠬᠡᠷᠡᠭᠵᠢᠭᠦᠯᠦᠨ᠎ᠡ᠃ 1098 ᠲᠦᠭᠦᠷᠢᠭ ᠤᠨ ᠪᠡᠯᠡ ᠤᠷᠤᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠠᠮᠤᠷ | ᠲᠦᠪᠰᠢᠨ ᠤ ᠬᠠᠮᠠᠭᠠᠯᠠᠯᠲᠡ ᠶᠢᠨ ᠪᠠᠷᠢᠯᠭ᠎ᠠ 18 ᠶᠢ ᠪᠠᠶᠢᠭᠤᠯᠵᠤ᠂ 54.96 ᠺᠢᠯᠤᠮᠧᠲᠷ ᠤᠷᠲᠤ ᠳᠠᠯᠲᠠ ᠠᠶᠤᠯ | ᠲᠠᠢ ᠵᠠᠮ ᠤᠨ ᠠᠰᠠᠭᠤᠳᠠᠯ ᠢ ᠰᠢᠢᠳᠪᠦᠷᠢᠯᠡᠨ᠎ᠡ᠃ | ︵7︶ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢ ᠲᠦᠷᠭᠡᠳᠭᠡᠨ᠎ᠡ᠃ 6000 | ᠲᠦᠮᠡᠨ ᠲᠦᠭᠦᠷᠢᠭ ᠤᠨ ᠪᠡᠯᠡ ᠤᠷᠤᠭᠤᠯᠵᠤ᠂ X089 ᠴᠠᠭᠠᠨᠬᠠᠳᠠ ᠰᠤᠮᠤᠨ ᠠᠴᠠ ᠳᠠᠷᠬᠠᠨ ᠰᠤᠮᠤ ᠬᠦᠷᠬᠦ | ᠵᠢᠭᠤᠯᠴᠢᠯᠠᠯ ᠤᠨ ᠵᠠᠮ 1 ᠵᠤᠷᠪᠤᠰ 24.5 ᠺᠢᠯᠤᠮᠧᠲᠷ ᠤᠷᠲᠤ ᠶᠢ ᠵᠠᠰᠠᠵᠤ᠂ 400 ᠲᠦᠮᠡᠨ ᠲᠦᠭᠦᠷᠢᠭ ᠤᠨ ᠪᠡᠯᠡ | ᠤᠷᠤᠭᠤᠯᠵᠤ᠂ ᠯᠥᠩ ᠮᠸᠢ ᠢᠦᠢ ᠷᠥᠩ ᠤᠨ ᠬᠠᠭᠤᠴᠢᠨ ᠰᠠᠭᠤᠴᠠ ᠬᠦᠷᠬᠦ ᠬᠤᠪᠢᠰᠬᠠᠯᠲᠤ ᠬᠦᠮᠦᠵᠢᠯ ᠤᠨ | ᠵᠢᠭᠤᠯᠴᠢᠯᠠᠯ ᠤᠨ ᠵᠠᠮ ᠢ 2 ᠺᠢᠯᠤᠮᠧᠲᠷ ᠦᠭᠡᠷᠡᠴᠢᠯᠡᠨ ᠰᠠᠶᠢᠵᠢᠷᠠᠭᠤᠯᠵᠤ ᠲᠡᠰ ᠲᠡᠪᠰᠢᠭᠦᠯᠦᠨ᠎ᠡ᠃ | ︵8︶ ᠬᠢᠯᠢ ᠶᠢᠨ ᠬᠠᠮᠠᠭᠠᠯᠠᠯᠲᠡ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢ ᠬᠡᠷᠡᠭᠵᠢᠭᠦᠯᠦᠨ᠎ᠡ᠃ | 1102 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠤᠯᠤᠰ ᠤᠨ ᠲᠡᠰ ᠤᠨ ᠵᠠᠮ ᠤᠨ 210 ᠱᠤᠭᠤᠮ | ︵K80+106 ᠬᠡᠰᠡᠭ︶ ᠠᠴᠠ ᠤᠯᠠᠭᠠᠡᠲᠤᠭ ᠮᠠᠯᠵᠢᠯ ᠤᠨ ᠲᠠᠯᠠᠪᠠᠢ ᠶᠢᠨ ᠷᠠᠳᠡᠷ ᠴᠡᠷᠢᠭ ᠠᠩᠬᠢ ᠬᠦᠷᠬᠦ 1 | ᠵᠤᠷᠪᠤᠰ 5.1 ᠺᠢᠯᠤᠮᠧᠲᠷ ᠵᠠᠰᠠᠮᠠᠯ ᠵᠠᠮ ᠢ ᠵᠠᠰᠠᠨ᠎ᠠ᠃ | ︵ᠬᠤᠶᠠᠷ︶ ᠬᠦᠳᠡᠭᠡ ᠲᠤᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠬᠠᠮᠢᠶᠠᠷᠤᠨ᠎ᠠ᠃ | ᠬᠡᠷᠡᠭ ᠤᠨ ᠡᠷᠭᠡ ᠪᠠ ᠵᠠᠷᠤᠳᠠᠯ ᠤᠨ ᠬᠠᠷᠢᠭᠤᠴᠠᠯᠭ᠎ᠠ ᠬᠠᠷᠢᠯᠴᠠᠨ ᠵᠤᠬᠢᠴᠠᠯᠳᠤᠭᠰᠠᠨ ᠡᠳ᠋ ᠤᠨ ᠶᠠᠪᠤᠳᠠᠯ ᠤᠨ | ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠱᠠᠭᠠᠷᠳᠠᠯᠭ᠎ᠠ ᠪᠤᠯᠤᠨ ︽ᠰᠢᠶᠠᠨ ᠤ ᠵᠠᠮ ᠢ ᠰᠢᠶᠠᠨ ᠠᠴᠠ | ᠬᠠᠮᠢᠶᠠᠷᠴᠤ᠂ ᠰᠢᠶᠠᠩ ᠤ ᠵᠠᠮ ᠢ ᠰᠢᠶᠠᠩ ᠠᠴᠠ ᠬᠠᠮᠢᠶᠠᠷᠴᠤ᠂ ᠲᠤᠰᠬᠤᠨ ᠤ ᠵᠠᠮ ᠢ ᠲᠤᠰᠬᠤᠨ ᠠᠴᠠ ᠬᠠᠮᠢᠶᠠᠷᠬᠤ︾ | ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠮᠢᠶᠠᠷᠤᠯᠲᠡ ᠶᠢᠨ ᠪᠠᠶᠢᠭᠤᠯᠤᠮᠵᠢ ᠶᠢᠨ ᠱᠠᠭᠠᠷᠳᠠᠯᠭ᠎ᠠ ᠪᠠᠷ᠂ ᠤᠯᠠᠨ | ᠨᠡᠶᠢᠲᠡ ᠶᠢᠨ ᠡᠳ᠋ ᠤᠨ ᠵᠠᠰᠠᠭ ᠤᠨ ᠪᠡᠯᠡ ᠤᠷᠤᠭᠤᠯᠤᠯᠲᠡ ᠪᠠᠷ ᠭᠤᠤᠯ ᠪᠤᠯᠭᠠᠵᠤ᠂ ᠤᠯᠠᠨ ᠲᠠᠯ᠎ᠠ ᠶᠢᠨ ᠪᠡᠯᠡ | ᠤᠷᠤᠭᠤᠯᠤᠯᠲᠡ ᠪᠠᠷ ᠳᠡᠳ᠋ ᠪᠤᠯᠭᠠᠭᠰᠠᠨ ᠪᠡᠯᠡ ᠮᠦᠩᠬᠦᠨ ᠤ ᠪᠠᠲᠤᠯᠠᠭ᠎ᠠ ᠶᠢᠨ ᠲᠤᠭᠳᠠᠴᠠ ᠶᠢ ᠪᠠᠶᠢᠭᠤᠯᠤᠨ᠎ᠠ᠃ | ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠮᠢᠶᠠᠷᠤᠯᠲᠡ ᠶᠢᠨ ᠬᠡᠯᠪᠡᠷᠢ ᠶᠢ ᠰᠢᠨᠡᠳᠭᠡᠵᠤ᠂ ᠢᠲᠡᠪᠬᠢᠲᠡᠢ ᠬᠠᠶᠢᠨ | ᠰᠦᠪᠡᠭᠴᠢᠯᠡᠵᠤ᠂ ᠬᠠᠷᠢᠭᠤᠴᠠᠯᠭ᠎ᠠ ᠲᠤᠳᠤᠷᠬᠠᠢ᠂ ᠵᠤᠬᠢᠴᠠᠭᠤᠯᠤᠯᠲᠡ ᠡᠮᠬᠢ ᠳᠠᠷᠠᠭ᠎ᠠ ᠲᠠᠢ᠂ ᠬᠢᠨᠠᠨ ᠬᠠᠮᠢᠶᠠᠷᠤᠯᠲᠡ | ᠲᠦᠪ ᠴᠢᠩᠭ᠎ᠠ᠂ ᠱᠠᠩᠨᠠᠯ ᠲᠤᠷᠭᠠᠭᠤᠯᠢ ᠴᠢᠩᠭ᠎ᠠ ᠬᠦᠴᠦᠲᠡᠢ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ | ᠤᠨ ︽ᠵᠠᠮ ᠤᠨ ᠳᠠᠷᠤᠭ᠎ᠠ︾ ᠶᠢᠨ ᠳᠦᠷᠢᠮ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | 1.ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠲᠦᠰᠦᠯ ᠤᠨ ᠬᠠᠮᠢᠶᠠᠷᠤᠯᠲᠡ | ᠶᠢ ᠴᠢᠩᠭᠠᠳᠬᠠᠨ᠎ᠠ᠃ ︽ᠰᠠᠶᠢᠨ ᠵᠠᠮ ᠪᠠᠶᠢᠭᠤᠯᠵᠤ ᠰᠠᠶᠢᠲᠤᠷ ᠠᠷᠠᠴᠢᠯᠠᠨ ᠬᠠᠮᠠᠭᠠᠯᠠᠬᠤ︾ ᠤᠬᠠᠮᠰᠠᠷ ᠢ ᠴᠢᠩᠭᠠᠳᠬᠠᠵᠤ᠂ | ᠲᠦᠯᠦᠪᠵᠢᠭᠦᠯᠭᠡ ᠶᠢᠨ ᠱᠠᠭᠠᠷᠳᠠᠯᠭ᠎ᠠ᠂ ᠬᠦᠳᠡᠭᠡ ᠲᠤᠰᠬᠤᠨ ᠤ ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ | ᠪᠠᠷᠢᠮᠵᠢᠶ᠎ᠡ ᠪᠤᠯᠤᠨ ᠳᠦᠷᠢᠮᠵᠢᠭᠰᠡᠨ ᠪᠠᠶᠢᠭᠤᠯᠤᠯᠲᠡ ᠶᠢ ᠴᠢᠩᠭ᠎ᠠ ᠪᠠᠷᠢᠮᠲᠠᠯᠠᠵᠤ᠂ ᠬᠠᠶᠢᠨ ᠬᠡᠮᠵᠢᠯᠲᠡ᠂ ᠵᠢᠷᠤᠭ | ᠲᠦᠯᠦᠪᠯᠡᠭᠡ᠂ ᠠᠵᠢᠯ ᠶᠠᠪᠤᠭᠳᠠᠬᠤ᠂ ᠠᠵᠢᠯ ᠲᠠᠭᠤᠰᠴᠤ ᠰᠢᠯᠭᠠᠨ ᠠᠪᠬᠤ ᠪᠤᠭᠤᠮᠲᠠ ᠶᠢ ᠴᠢᠩᠭ᠎ᠠ ᠠᠳᠬᠤᠵᠤ᠂ | ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠲᠦᠰᠦᠯ ᠤᠨ ᠲᠦᠯᠦᠪᠯᠡᠭᠡ᠂ ᠪᠡᠯᠡ | ᠮᠦᠩᠬᠦᠨ ᠤ ᠢᠷᠡᠯᠲᠡ᠂ ᠬᠡᠷ᠎ᠡ ᠳᠤ ᠤᠷᠢᠬᠤ ᠬᠠᠮᠢᠶᠠᠷᠤᠯᠲᠡ᠂ ᠠᠵᠢᠯ ᠶᠠᠪᠤᠭᠳᠠᠬᠤ ᠬᠠᠮᠢᠶᠠᠷᠤᠯᠲᠡ᠂ ᠴᠢᠨᠠᠷ ᠤᠨ | ᠬᠢᠨᠠᠯᠲᠡ᠂ ᠪᠡᠯᠡ ᠮᠦᠩᠬᠦᠨ ᠤ ᠬᠡᠷᠡᠭᠯᠡᠭᠡ᠂ ᠠᠵᠢᠯ ᠲᠠᠭᠤᠰᠴᠤ ᠰᠢᠯᠭᠠᠨ ᠠᠪᠬᠤ ︽ᠳᠤᠯᠤᠭ᠎ᠠ ᠶᠢ ᠢᠯᠡ ᠪᠤᠯᠭᠠᠬᠤ︾ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠤ᠂ ᠠᠵᠢᠯ ᠲᠦᠷᠦᠯ ᠤᠨ ᠬᠢᠨᠠᠨ ᠬᠠᠮᠢᠶᠠᠷᠤᠯᠲᠡ ᠶᠢ ᠴᠢᠩᠭᠠᠳᠬᠠᠵᠤ᠂ | ᠨᠡᠶᠢᠭᠡᠮ ᠤᠨ ᠬᠢᠨᠠᠯᠲᠡ ᠶᠢ ᠬᠦᠯᠢᠶᠡᠨ ᠠᠪᠴᠤ᠂ ᠵᠠᠰᠠᠮᠠᠯ ᠵᠠᠮ ᠨᠢᠭᠡᠪᠦᠷᠢ ᠶᠢᠨ ᠪᠦᠲᠦᠭᠡᠨ ᠪᠠᠶᠢᠭᠤᠯᠤᠯᠲᠡ ᠶᠢ ᠠᠮᠤᠷ | ᠲᠦᠪᠰᠢᠨ ᠤ ᠪᠠᠷᠢᠯᠭ᠎ᠠ ᠪᠠᠶᠢᠬᠤ ᠶᠢ ᠪᠠᠲᠤᠯᠠᠬᠤ ᠬᠡᠷᠡᠭᠲᠡᠢ᠃ | 2.ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠮᠢᠶᠠᠷᠤᠯᠲᠡ ᠶᠢᠨ ᠪᠠᠶᠢᠭᠤᠯᠤᠮᠵᠢ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠤᠯᠠᠨ ᠲᠦᠮᠡᠨ ᠬᠠᠮᠠᠭᠠᠯᠠᠵᠤ ᠤᠯᠠᠨ ᠲᠦᠮᠡᠨ ᠠᠷᠠᠴᠢᠯᠠᠬᠤ ᠲᠤᠭᠳᠠᠴᠠ ᠶᠢ ᠤᠯᠠᠮ ᠢᠶᠠᠷ | ᠲᠡᠭᠦᠯᠳᠡᠷᠵᠢᠭᠦᠯᠵᠤ᠂ ᠤᠯᠠᠨ ᠲᠦᠮᠡᠨ ᠤ ᠳᠤᠮᠳᠠ ᠠᠴᠠ ᠠᠯᠪᠠᠨ ᠵᠢᠷᠤᠮ ᠤᠨ ᠵᠠᠮ ᠬᠠᠮᠠᠭᠠᠯᠠᠭᠴᠢ ᠤᠷᠢᠬᠤ ᠪᠠᠷ | ᠳᠠᠮᠵᠢᠭᠤᠯᠵᠤ᠂ ᠱᠠᠩᠨᠠᠯ ᠤᠨ ᠠᠷᠭ᠎ᠠ ᠬᠡᠮᠵᠢᠶ᠎ᠡ ᠲᠤᠭᠳᠠᠭᠠᠵᠤ᠂ ᠵᠠᠮ ᠳᠠᠭᠠᠤ ᠳᠠᠬᠢ ᠲᠤᠰᠬᠤᠨ ᠤ ᠠᠷᠠᠳ ᠤᠨ ᠵᠠᠮ | ᠬᠠᠮᠢᠶᠠᠷᠴᠤ ᠠᠷᠠᠴᠢᠯᠠᠬᠤ ᠠᠵᠢᠯ ᠳᠤ ᠤᠷᠤᠯᠴᠠᠬᠤ ᠶᠢ ᠵᠤᠷᠢᠭᠵᠢᠭᠤᠯᠤᠨ᠂ ᠬᠤᠰᠢᠭᠤᠨ ᠳᠤ ᠵᠠᠮ ᠤᠨ ᠠᠵᠢᠯᠲᠡᠨ᠂ | ᠰᠤᠮᠤ ᠰᠢᠶᠠᠩ ᠪᠠᠯᠭᠠᠰᠤᠨ ᠳᠤ ᠬᠢᠨᠠᠨ ᠬᠠᠮᠢᠶᠠᠷᠤᠭᠴᠢ᠂ ᠭᠠᠴᠠᠭ᠎ᠠ ᠲᠤᠰᠬᠤᠨ ᠳᠤ ᠵᠠᠮ ᠬᠠᠮᠠᠭᠠᠯᠠᠭᠴᠢ ᠲᠠᠢ ᠪᠠᠶᠢᠬᠤ | ᠵᠠᠮ ᠤᠨ ᠦᠮᠴᠢ ᠵᠠᠮ ᠤᠨ ᠡᠷᠭᠡ ᠶᠢᠨ ᠬᠠᠮᠠᠭᠠᠯᠠᠯᠲᠡ ᠶᠢᠨ ᠡᠩᠨᠡᠭᠡ ᠶᠢ ᠪᠠᠶᠢᠭᠤᠯᠤᠨ᠎ᠠ᠃ | 3.ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠮᠵᠢ ᠶᠢᠨ ᠴᠢᠳᠠᠪᠤᠷᠢ | ᠶᠢᠨ ᠪᠠᠶᠢᠭᠤᠯᠤᠯᠲᠡ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠠᠵᠤ ᠦᠢᠯᠡᠰ ᠤᠨ ᠪᠠᠶᠢᠭᠤᠯᠤᠮᠵᠢ ᠶᠢᠨ ᠪᠦᠲᠦᠴᠡ | ᠶᠢᠨ ᠦᠭᠡᠷᠡᠴᠢᠯᠡᠯᠲᠡ ᠶᠢᠨ ᠠᠵᠢᠯ ᠲᠠᠢ ᠤᠶᠠᠯᠳᠤᠭᠤᠯᠤᠨ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠦᠯᠲᠡ ᠶᠢᠨ ᠶᠡᠭᠡ ᠠᠩᠬᠢ ᠶᠢ ᠪᠠᠶᠢᠭᠤᠯᠵᠤ᠂ ᠳᠤᠤᠷ᠎ᠠ ᠱᠠᠳᠤᠨ ᠳᠤ ᠪᠠᠨ 6 ᠵᠠᠮ ᠲᠡᠭᠡᠭᠡᠪᠦᠷᠢ ᠶᠢᠨ | ᠬᠠᠤᠯᠢ ᠬᠡᠷᠡᠭᠵᠢᠭᠦᠯᠦᠯᠲᠡ ᠶᠢᠨ ᠳᠤᠮᠳᠠ ᠠᠩᠬᠢ ᠪᠠᠶᠢᠭᠤᠯᠵᠤ᠂ ᠵᠠᠮ ᠤᠨ ᠶᠠᠪᠤᠳᠠᠯ ᠤᠨ ᠬᠠᠤᠯᠢ ᠬᠡᠷᠡᠭᠵᠢᠭᠦᠯᠦᠭᠴᠢ | ᠶᠡᠭᠡ ᠪᠠᠷ ᠲᠤᠳᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ | ᠬᠡᠷᠡᠭᠵᠢᠭᠦᠯᠦᠯᠲᠡ ᠶᠢᠨ ᠦᠷ᠎ᠡ ᠠᠰᠢᠭ ᠤᠨ ᠨᠤᠷᠮ᠎ᠠ ᠶᠢ ᠭᠦᠢᠴᠡᠳ ᠨᠡᠮᠡᠭᠳᠡᠭᠦᠯᠦᠨ᠎ᠡ᠃ ᠬᠤᠰᠢᠭᠤᠨ ᠤ ᠵᠠᠮ | ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠬᠢ ᠪᠤᠯᠤᠨ ᠵᠠᠮ ᠤᠨ ᠴᠠᠭᠳᠠᠭ᠎ᠠ᠂ ᠲᠡᠭᠡᠭᠡᠪᠦᠷᠢ | ᠶᠢᠨ ᠬᠠᠮᠢᠶᠠᠷᠤᠯᠲᠡ ᠵᠡᠷᠭᠡ ᠤᠯᠠᠨ ᠰᠠᠯᠠᠭ᠎ᠠ ᠮᠦᠴᠢᠷ ᠲᠠᠢ ᠬᠠᠮᠲᠤᠷᠠᠭᠰᠠᠨ ᠬᠠᠤᠯᠢ ᠬᠡᠷᠡᠭᠵᠢᠭᠦᠯᠬᠦ ᠬᠤᠯᠪᠤᠭᠠᠯᠠᠯ ᠢᠶᠠᠨ | ᠬᠦᠴᠦᠲᠡᠢ ᠦᠷᠭᠡᠳᠭᠡᠵᠤ᠂ ᠰᠤᠮᠤ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠬᠠᠮᠲᠤᠷᠠᠨ ᠬᠠᠤᠯᠢ | ᠬᠡᠷᠡᠭᠵᠢᠭᠦᠯᠬᠦ ᠠᠵᠢᠯ ᠤᠨ ᠠᠷᠭ᠎ᠠ ᠬᠡᠯᠪᠡᠷᠢ ᠶᠢ ᠪᠠᠶᠢᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠵᠠᠮ ᠤᠨ | ᠶᠠᠪᠤᠳᠠᠯ ᠤᠨ ᠬᠠᠮᠢᠶᠠᠷᠤᠯᠲᠡ ᠶᠢᠨ ᠪᠦᠷᠬᠦᠴᠡ ᠶᠢ ᠪᠡᠶᠡᠯᠡᠭᠦᠯᠦᠨ᠎ᠡ᠃ | 4.ᠬᠠᠤᠯᠢ ᠬᠡᠷᠡᠭᠵᠢᠭᠦᠯᠬᠦ ᠬᠠᠮᠢᠶᠠᠷᠤᠯᠲᠡ ᠶᠢᠨ ᠬᠦᠴᠦᠯᠡᠴᠡ ᠪᠠᠨ ᠴᠢᠩᠭᠠᠳᠬᠠᠨ᠎ᠠ᠃ ᠬᠡᠲᠦᠷᠡᠭᠦᠯᠦᠨ ᠠᠴᠢᠵᠤ | ᠲᠡᠭᠡᠭᠡᠪᠦᠷᠢᠯᠡᠬᠦ ᠶᠢ ᠴᠡᠭᠴᠡᠯᠡᠬᠦ ᠬᠦᠴᠦᠯᠡᠴᠡ ᠪᠠᠨ ᠴᠢᠩᠭᠠᠳᠬᠠᠵᠤ᠂ ᠡᠯ᠎ᠡ ᠵᠦᠢᠯ ᠤᠨ ᠬᠦᠳᠡᠭᠡ ᠲᠤᠰᠬᠤᠨ ᠤ ᠵᠠᠰᠠᠮᠠᠯ | ᠵᠠᠮ ᠤᠨ ᠵᠠᠮ ᠬᠠᠷᠢᠯᠴᠠᠭᠠᠨ ᠤ ᠪᠡᠯᠡᠳᠬᠡᠮᠵᠢ ᠶᠢ ᠡᠪᠳᠡᠵᠤ ᠬᠤᠬᠢᠷᠠᠭᠤᠯᠬᠤ ᠰᠢᠨᠵᠢᠲᠡᠢ ᠦᠢᠯᠡ ᠠᠵᠢᠯᠯᠠᠭ᠎ᠠ ᠶᠢ ᠴᠠᠭ | ᠲᠤᠬᠠᠢ ᠳᠤ ᠨᠢ ᠬᠤᠷᠢᠭᠯᠠᠨ ᠵᠤᠭᠰᠤᠭᠠᠵᠤ ᠪᠠᠶᠢᠴᠠᠭᠠᠨ ᠰᠢᠢᠳᠪᠦᠷᠢᠯᠡᠨ᠎ᠡ᠃ ᠰᠢᠶᠠᠨ ᠰᠢᠶᠠᠩ ᠤ ᠵᠠᠰᠠᠮᠠᠯ ᠵᠠᠮ᠂ | ᠵᠢᠭᠤᠯᠴᠢᠯᠠᠯ ᠤᠨ ᠵᠠᠰᠠᠮᠠᠯ ᠵᠠᠮ ᠤᠨ ᠴᠢᠬᠤᠯᠠ ᠵᠠᠮ ᠤᠨ ᠬᠡᠰᠡᠭ ᠲᠤ ᠬᠡᠲᠦᠷᠡᠭᠦᠯᠦᠨ ᠠᠴᠢᠬᠤ ᠶᠢ ᠴᠡᠭᠴᠡᠯᠡᠬᠦ ᠭᠠᠵᠠᠷ | 4 ᠶᠢ ᠪᠠᠶᠢᠭᠤᠯᠵᠤ᠂ ᠴᠢᠬᠤᠯᠠ ᠬᠤᠯᠪᠤᠭᠠᠰᠤ ᠴᠡᠭ ᠭᠠᠵᠠᠷ ᠲᠤ ᠦᠨᠳᠦᠷ ᠦᠷᠭᠡᠨ ᠶᠢ ᠬᠢᠵᠠᠭᠠᠷᠯᠠᠬᠤ ᠲᠦᠭᠦᠭᠡᠷᠦᠮᠵᠢ | ᠪᠠᠶᠢᠭᠤᠯᠵᠤ᠂ ᠵᠠᠮ ᠤᠨ ᠦᠢᠯᠡᠰ ᠵᠠᠮ ᠤᠨ ᠡᠷᠭᠡ ᠶᠢᠨ ᠬᠠᠮᠠᠭᠠᠯᠠᠯᠲᠡ ᠶᠢᠨ ᠬᠦᠴᠦᠯᠡᠴᠡ ᠶᠢ ᠴᠢᠩᠭᠠᠳᠬᠠᠨ᠎ᠠ᠃ | ︵ᠭᠤᠷᠪᠠ︶ ᠬᠦᠳᠡᠭᠡ ᠲᠤᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠠᠷᠠᠴᠢᠯᠠᠨ ᠬᠠᠮᠠᠭᠠᠯᠠᠨ᠎ᠠ᠃ | 1.ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ︽ᠰᠢᠶᠠᠨ ᠤ | ᠵᠠᠮ ᠢ ᠰᠢᠶᠠᠨ ᠠᠴᠠ ᠠᠷᠠᠴᠢᠯᠠᠵᠤ᠂ ᠰᠢᠶᠠᠩ ᠤ ᠵᠠᠮ ᠢ ᠰᠢᠶᠠᠩ ᠠᠴᠠ ᠠᠷᠠᠴᠢᠯᠠᠵᠤ᠂ ᠲᠤᠰᠬᠤᠨ ᠤ ᠵᠠᠮ ᠢ ᠲᠤᠰᠬᠤᠨ | ᠠᠴᠠ ᠠᠷᠠᠴᠢᠯᠠᠬᠤ︾ ᠵᠠᠷᠴᠢᠮ ᠢ ᠦᠨᠳᠦᠰᠦᠯᠡᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠷᠢᠶ᠎ᠡ ᠭᠠᠵᠠᠷ ᠢ | ᠲᠤᠭᠲᠠᠭᠠᠭᠰᠠᠨ ᠤ ᠳᠠᠷᠠᠭ᠎ᠠ 2018 ᠤᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ ᠬᠤᠯᠪᠤᠭᠳᠠᠯ ᠪᠦᠬᠦᠢ | ᠠᠯᠬᠤᠮ ᠳᠠᠷᠠᠭᠠᠯᠠᠯ ᠢᠶᠠᠷ ᠡᠯ᠎ᠡ ᠰᠤᠮᠤ ᠰᠢᠶᠠᠩ ᠪᠠᠯᠭᠠᠰᠤ ᠪᠤᠯᠤᠨ ᠭᠠᠴᠠᠭ᠎ᠠ ᠲᠤᠰᠬᠤᠨ ᠤ ᠵᠠᠰᠠᠮᠠᠯ ᠵᠠᠮ ᠤᠨ ᠦᠮᠴᠢ | ᠶᠢᠨ ᠡᠷᠭᠡ ᠶᠢ ᠰᠢᠯᠵᠢᠭᠦᠯᠦᠨ ᠦᠭᠬᠦ ᠠᠵᠢᠯ ᠢ ᠭᠦᠢᠴᠡᠳᠭᠡᠵᠤ᠂ ᠤᠯᠠᠮ ᠢᠶᠠᠷ ︽ᠬᠤᠰᠢᠭᠤ ᠪᠠᠷ ᠭᠤᠤᠯ ᠪᠤᠯᠭᠠᠵᠤ᠂ | ᠠᠵᠢᠯ ᠮᠡᠷᠭᠡᠵᠢᠯ ᠢᠶᠠᠷ ᠵᠢᠯᠤᠭᠤᠳᠤᠯᠭ᠎ᠠ ᠪᠤᠯᠭᠠᠵᠤ᠂ ᠰᠠᠯᠠᠭ᠎ᠠ ᠮᠦᠴᠢᠷ ᠵᠤᠬᠢᠴᠠᠨ ᠠᠵᠢᠯᠯᠠᠵᠤ᠂ ᠨᠡᠶᠢᠭᠡᠮ ᠠᠴᠠ | ᠤᠷᠤᠯᠴᠠᠭᠰᠠᠨ︾ ᠠᠷᠠᠴᠢᠯᠠᠨ ᠬᠠᠮᠠᠭᠠᠯᠠᠬᠤ ᠠᠵᠢᠯ ᠤᠨ ᠲᠤᠭᠳᠠᠴᠠ ᠶᠢ ᠪᠦᠷᠢᠯᠳᠦᠭᠦᠯᠦᠨ᠎ᠡ᠃ | 2.ᠡᠳ᠋ ᠤᠨ ᠵᠠᠰᠠᠭ ᠤᠨ ᠪᠡᠯᠡ ᠤᠷᠤᠭᠤᠯᠤᠯᠲᠡ ᠪᠠᠷ ᠭᠤᠤᠯ ᠪᠤᠯᠭᠠᠭᠰᠠᠨ ᠵᠠᠷᠤᠳᠠᠯ ᠤᠨ ᠪᠠᠲᠤᠯᠠᠭ᠎ᠠ ᠶᠢᠨ | ᠲᠤᠭᠳᠠᠴᠠ ᠶᠢ ᠪᠠᠶᠢᠭᠤᠯᠤᠨ᠎ᠠ᠃ 2018 ᠤᠨ ᠳᠤ ᠬᠤᠰᠢᠭᠤᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠶᠡᠭᠡ ᠠᠩᠬᠢ ᠶᠢ ᠪᠦᠷᠢᠨ ᠬᠡᠮᠵᠢᠶ᠎ᠡ ᠪᠠᠷ ᠴᠠᠯᠢᠩᠵᠢᠭᠤᠯᠤᠭᠰᠠᠨ ᠠᠵᠢᠯ ᠦᠢᠯᠡᠰ ᠤᠨ ᠪᠠᠶᠢᠭᠤᠯᠭ᠎ᠠ ᠶᠢᠨ | ᠡᠩᠨᠡᠭᠡᠨ ᠳᠤ ᠤᠷᠤᠭᠤᠯᠵᠤ᠂ ᠵᠢᠯ ᠤᠨ ᠲᠤᠳᠤᠷ᠎ᠠ ᠰᠤᠮᠤ ᠰᠢᠶᠠᠩ ᠪᠠᠯᠭᠠᠰᠤ ᠪᠤᠯᠤᠨ ᠭᠠᠴᠠᠭ᠎ᠠ ᠲᠤᠰᠬᠤᠨ ᠤ ᠵᠦᠪᠯᠡᠯ | ᠤᠨ ᠬᠤᠶᠠᠷ ᠱᠠᠲᠤᠨ ᠤ ᠬᠦᠳᠡᠭᠡ ᠲᠤᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠶᠢᠨ | ᠡᠵᠡᠩᠨᠡᠯᠲᠡ ᠶᠢᠨ ᠵᠠᠷᠤᠳᠠᠯ ᠢ ᠡᠳ᠋ ᠤᠨ ᠵᠠᠰᠠᠭ ᠤᠨ ᠤᠷᠢᠳᠴᠢᠯᠠᠭᠰᠠᠨ ᠲᠦᠰᠦᠪ ᠲᠤ ᠤᠷᠤᠭᠤᠯᠤᠨ ᠬᠠᠮᠢᠶᠠᠷᠴᠤ᠂ | ᠠᠷᠠᠴᠢᠯᠠᠨ ᠬᠠᠮᠠᠭᠠᠯᠠᠬᠤ ᠦᠷᠲᠡᠭᠡ ᠰᠠᠯᠪᠤᠷᠢ ᠶᠢᠨ ᠪᠠᠶᠢᠭᠤᠯᠤᠮᠵᠢ᠂ ᠠᠵᠢᠯᠲᠡᠨ᠂ ᠵᠠᠷᠤᠳᠠᠯ ᠵᠡᠷᠭᠡ ᠭᠤᠷᠪᠠᠨ ᠵᠦᠢᠯ ᠢ | ᠪᠦᠷᠢᠳᠦᠭᠦᠯᠦᠨ᠎ᠡ᠃ 2018 ᠤᠨ ᠤ ᠵᠢᠯ ᠤᠨ ᠡᠴᠦᠰ ᠪᠤᠯᠲᠠᠯ᠎ᠠ᠂ ᠬᠦᠳᠡᠭᠡ ᠲᠤᠰᠬᠤᠨ ᠤ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠯᠲᠡ ᠶᠢᠨ ᠨᠤᠷᠮ᠎ᠠ ᠶᠢ 100% ᠳᠤ ᠬᠦᠷᠭᠡᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠯᠲᠡ ᠶᠢᠨ ᠢᠵᠢ ᠪᠦᠷᠢᠳᠦᠭᠰᠡᠨ ᠪᠡᠯᠡ ᠮᠦᠩᠬᠦ ᠶᠢ ᠨᠠᠶᠢᠳᠠᠪᠤᠷᠢᠵᠢᠭᠤᠯᠵᠤ᠂ ᠠᠷᠠᠴᠢᠯᠠᠨ | ᠬᠠᠮᠠᠭᠠᠯᠠᠯᠲᠠ ᠶᠢᠨ ᠪᠦᠬᠦ ᠵᠠᠷᠤᠳᠠᠯ ᠢ ᠡᠳ᠋ ᠤᠨ ᠵᠠᠰᠠᠭ ᠤᠨ ᠤᠷᠢᠳᠴᠢᠯᠠᠭᠰᠠᠨ ᠲᠦᠰᠦᠪ ᠲᠤ ᠤᠷᠤᠭᠤᠯᠬᠤ ᠶᠢᠨ | ᠬᠠᠮᠲᠤ ᠲᠤᠭᠳᠠᠪᠤᠷᠢᠲᠡᠢ ᠨᠡᠮᠡᠭᠳᠡᠭᠦᠯᠬᠦ ᠲᠤᠭᠳᠠᠴᠠ ᠶᠢ ᠪᠠᠶᠢᠭᠤᠯᠤᠨ᠂ ᠬᠦᠳᠡᠭᠡ ᠲᠤᠰᠬᠤᠨ ᠤ ᠵᠠᠰᠠᠮᠠᠯ ᠵᠠᠮ ᠤᠨ | ᠠᠷᠠᠴᠢᠯᠠᠨ ᠬᠠᠮᠠᠭᠠᠯᠠᠬᠤ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠵᠤ᠂ ᠵᠠᠮ ᠪᠠᠶᠢᠪᠠᠯ ᠠᠷᠠᠴᠢᠯᠠᠭ᠎ᠠ ᠪᠠᠶᠢᠬᠤ ᠶᠢ | ᠵᠢᠩᠬᠢᠨᠢ ᠪᠠᠷ ᠪᠡᠶᠡᠯᠡᠭᠦᠯᠦᠨ᠎ᠡ᠃ | 3.ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠭᠤᠷᠪᠠᠨ ᠱᠠᠲᠤᠨ ᠠᠴᠠ ᠬᠤᠯᠪᠤᠭᠠᠯᠠᠵᠤ | ᠠᠷᠠᠴᠢᠯᠠᠨ ᠬᠠᠮᠠᠭᠠᠯᠠᠬᠤ ᠲᠤᠭᠳᠠᠴᠠ ᠶᠢ ᠪᠠᠶᠢᠭᠤᠯᠤᠨ᠎ᠠ᠃ ᠬᠤᠰᠢᠭᠤ ᠱᠠᠲᠤᠨ ᠤ ᠬᠦᠳᠡᠭᠡ ᠲᠤᠰᠬᠤᠨ ᠤ ᠵᠠᠰᠠᠮᠠᠯ ᠵᠠᠮ | ᠤᠨ ᠠᠷᠠᠴᠢᠯᠠᠭ᠎ᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠤ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ | ᠤᠨ ᠤᠷᠲᠤᠨ᠂ ᠭᠠᠴᠠᠭ᠎ᠠ ᠲᠤᠰᠬᠤᠨ ᠤ ᠵᠦᠪᠯᠡᠯ ᠪᠠ ᠮᠠᠯᠴᠢᠨ ᠲᠠᠷᠢᠶᠠᠴᠢᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ 2018 ᠤᠨ ᠳᠤ ᠪᠦᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠬᠦᠳᠡᠭᠡ ᠲᠤᠰᠬᠤᠨ ᠤ | ᠵᠠᠰᠠᠮᠠᠯ ᠵᠠᠮ ᠠᠷᠠᠴᠢᠯᠠᠨ ᠬᠠᠮᠠᠭᠠᠯᠠᠬᠤ ᠦᠷᠲᠡᠭᠡ ᠪᠠᠶᠢᠭᠤᠯᠵᠤ᠂ ᠭᠠᠴᠠᠭ᠎ᠠ ᠲᠤᠰᠬᠤᠨ ᠳᠤ ᠵᠠᠰᠠᠮᠠᠯ ᠵᠠᠮ ᠠᠷᠠᠴᠢᠯᠠᠨ | ᠬᠠᠮᠠᠭᠠᠯᠠᠬᠤ ᠰᠠᠯᠪᠤᠷᠢ ᠪᠠᠶᠢᠭᠤᠯᠤᠨ᠂ ᠪᠠᠶᠢᠭᠤᠯᠤᠯᠲᠡ ᠶᠢᠨ ᠨᠤᠷᠮ᠎ᠠ ᠶᠢ 100% ᠳᠤ ᠬᠦᠷᠭᠡᠨ᠎ᠡ᠃ ᠰᠤᠮᠤ ᠰᠢᠶᠠᠩ | ᠪᠠᠯᠭᠠᠰᠤᠨ ᠤ ᠠᠷᠠᠴᠢᠯᠠᠨ ᠬᠠᠮᠠᠭᠠᠯᠠᠬᠤ ᠦᠷᠲᠡᠭᠡ ᠶᠢ ᠰᠤᠮᠤ ᠰᠢᠶᠠᠩ ᠪᠠᠯᠭᠠᠰᠤ ᠪᠠᠷ ᠭᠤᠤᠯ ᠴᠤᠭᠴᠠ ᠪᠤᠯᠭᠠᠵᠤ᠂ | ᠲᠤᠰᠬᠠᠢ ᠠᠵᠢᠯ ᠤᠨ ᠠᠷᠠᠴᠢᠯᠠᠨ ᠬᠠᠮᠠᠭᠠᠯᠠᠬᠤ ᠠᠵᠢᠯᠲᠡᠨ ᠲᠤᠬᠢᠷᠠᠭᠤᠯᠤᠨ᠎ᠠ᠃ ᠭᠠᠴᠠᠭ᠎ᠠ ᠲᠤᠰᠬᠤᠨ ᠤ ᠠᠷᠠᠴᠢᠯᠠᠨ | ᠬᠠᠮᠠᠭᠠᠯᠠᠬᠤ ᠰᠠᠯᠪᠤᠷᠢ ᠭᠠᠴᠠᠭ᠎ᠠ ᠲᠤᠰᠬᠤᠨ ᠢᠶᠠᠷ ᠭᠤᠤᠯ ᠴᠤᠭᠴᠠ ᠪᠤᠯᠭᠠᠵᠤ᠂ ᠲᠤᠰᠬᠠᠢ ᠠᠵᠢᠯ ᠤᠨ ᠠᠷᠠᠴᠢᠯᠠᠨ | ᠬᠠᠮᠠᠭᠠᠯᠠᠭᠴᠢ ᠲᠤᠬᠢᠷᠠᠭᠤᠯᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠢ | ᠪᠤᠳᠠᠲᠠᠢ ᠨᠠᠶᠢᠳᠠᠪᠤᠷᠢᠵᠢᠭᠤᠯᠤᠨ᠎ᠠ᠃ | 4.ᠠᠮᠢ ᠨᠠᠰᠤᠨ ᠤ ᠠᠮᠤᠷ ᠲᠦᠪᠰᠢᠨ ᠤ ᠬᠠᠮᠠᠭᠠᠯᠠᠯᠲᠡ ᠶᠢᠨ ᠢᠨᠵᠧᠨᠧᠷᠢᠩ ᠢ ᠬᠡᠷᠡᠭᠵᠢᠭᠦᠯᠤᠨ᠎ᠡ᠃ ᠠᠶᠤᠯ | ᠪᠠᠷᠲᠠᠭ᠎ᠠ ᠲᠠᠢ ᠵᠠᠮ ᠤᠨ ᠬᠡᠰᠡᠭ ᠪᠤᠯᠤᠨ ᠳᠠᠯᠳᠠ ᠠᠶᠤᠯ ᠨᠢᠭᠤᠭᠳᠠᠵᠤ ᠪᠠᠶᠢᠭ᠎ᠠ ᠵᠠᠮ ᠤᠨ ᠬᠡᠰᠡᠭ ᠢ ᠨᠠᠷᠢᠨ ᠨᠢᠮᠪᠠᠢ | ᠪᠠᠶᠢᠴᠠᠭᠠᠨ ᠲᠤᠳᠤᠷᠠᠭᠤᠯᠵᠤ᠂ ᠵᠠᠰᠠᠮᠠᠯ ᠵᠠᠮ ᠤᠨ ᠨᠠᠯᠠᠤ ᠬᠡᠰᠡᠭ᠂ ᠪᠠᠷᠲᠠᠭᠠᠲᠤ ᠬᠡᠰᠡᠭ ᠪᠤᠯᠤᠨ ᠬᠦᠬᠦᠷᠭᠡ᠂ ᠨᠦᠬᠡᠨ ᠵᠠᠮ | ᠤᠨ ᠭᠡᠰᠡᠭ ᠤᠨ ᠳᠠᠯᠳᠠ ᠠᠶᠤᠯ ᠢ ᠪᠠᠶᠢᠴᠠᠭᠠᠨ ᠲᠤᠳᠤᠷᠠᠭᠤᠯᠵᠤ ᠵᠠᠰᠠᠨ ᠴᠡᠭᠴᠡᠯᠡᠨ᠎ᠡ᠃ ᠤᠭᠵᠢᠮ ᠡᠷᠭᠢᠯᠲᠡ ᠶᠢᠨ | ᠬᠡᠰᠡᠭ᠂ ᠦᠷᠭᠦᠯᠵᠢᠯᠡᠨ ᠮᠤᠷᠤᠶᠢᠬᠤ ᠬᠡᠰᠡᠭ ᠪᠤᠯᠤᠨ ᠤᠷᠤᠭᠤ ᠪᠠᠭᠤᠬᠤ ᠵᠠᠢ ᠨᠢ ᠤᠷᠲᠤ᠂ ᠤᠰᠤᠨ ᠳᠤ ᠤᠷᠤᠬᠤ | ᠪᠤᠶᠤ ᠠᠰᠬ᠎ᠠ ᠬᠠᠳᠠ ᠲᠠᠢ ᠵᠠᠮ ᠤᠨ ᠬᠡᠰᠡᠭ ᠤᠨ ᠠᠮᠤᠷ ᠲᠦᠪᠰᠢᠨ ᠤ ᠬᠠᠮᠠᠭᠠᠯᠠᠯᠲᠡ ᠶᠢᠨ ᠲᠦᠬᠦᠭᠡᠷᠦᠮᠵᠢ᠂ ᠵᠠᠮ ᠤᠨ | ᠲᠡᠮᠳᠡᠭ ᠪᠦᠷᠢᠨ ᠲᠡᠭᠦᠯᠳᠡᠷ ᠪᠤᠰᠤ ᠠᠰᠠᠭᠤᠳᠠᠯ ᠢ ᠭᠤᠤᠯᠴᠢᠯᠠᠨ ᠰᠢᠢᠳᠪᠦᠷᠢᠯᠡᠨ᠎ᠡ᠃ ᠠᠶᠤᠯ ᠲᠠᠢ ᠬᠦᠬᠦᠷᠭᠡ ᠶᠢᠨ | ᠵᠠᠰᠠᠨ ᠴᠡᠭᠴᠡᠯᠡᠯᠲᠡ ᠶᠢ ᠴᠢᠩᠭᠠᠳᠬᠠᠵᠤ᠂ ᠰᠡᠷᠡᠮᠵᠢᠯᠡᠭᠦᠯᠬᠦ᠂ ᠲᠤᠭᠤᠷᠢᠵᠤ ᠶᠠᠪᠤᠬᠤ ᠵᠠᠮ ᠤᠨ ᠲᠡᠮᠳᠡᠭ ᠢ | ᠲᠡᠭᠦᠯᠳᠡᠷᠵᠢᠭᠦᠯᠵᠤ᠂ ᠬᠠᠮᠠᠭᠠᠯᠠᠯᠲᠡ ᠶᠢᠨ ᠲᠦᠭᠦᠭᠡᠷᠦᠮᠵᠢ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠡᠮᠳᠡᠭ ᠢ ᠪᠦᠬᠦ | ᠲᠠᠯ᠎ᠠ ᠪᠠᠷ ᠲᠡᠭᠦᠯᠳᠡᠷᠵᠢᠭᠦᠯᠦᠨ᠂ ᠠᠶᠤᠯ ᠲᠠᠢ ᠬᠦᠬᠦᠷᠭᠡ ᠶᠢᠨ ᠵᠠᠰᠠᠨ ᠴᠡᠭᠴᠡᠯᠡᠯᠲᠡ ᠪᠤᠯᠤᠨ ᠵᠠᠮ ᠤᠨ ᠰᠠᠭᠠᠳ ᠢ | ᠠᠷᠢᠯᠭᠠᠬᠤ ᠠᠵᠢᠯ ᠢ ᠴᠢᠩᠭᠠᠳᠬᠠᠨ᠎ᠠ᠃ | 5.︽ᠦᠵᠡᠰᠬᠦᠯᠡᠩᠲᠦ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢ ᠢᠲᠡᠪᠬᠢᠲᠡᠢ | ᠦᠷᠨᠢᠭᠦᠯᠦᠨ᠎ᠡ᠃ ᠬᠦᠳᠡᠭᠡ ᠲᠤᠰᠬᠤᠨ ᠤ ᠵᠠᠰᠠᠮᠠᠯ ᠵᠠᠮ ᠤᠨ ᠤᠷᠴᠢᠨ ᠲᠤᠭᠤᠷᠢᠨ ᠤ ᠵᠠᠰᠠᠨ ᠴᠡᠭᠴᠡᠯᠡᠯᠲᠡ ᠶᠢ | ᠬᠦᠴᠦᠲᠡᠢ ᠠᠳᠬᠤᠵᠤ᠂ ᠨᠦᠬᠦᠴᠡᠯ ᠳᠤ ᠬᠦᠷᠦᠭᠰᠡᠨ ᠰᠢᠶᠠᠨ ᠤ ᠲᠡᠰ ᠤᠨ ᠵᠠᠰᠠᠮᠠᠯ ᠵᠠᠮ ᠤᠨ ᠵᠠᠮ ᠲᠠᠷᠢᠶᠠᠨ ᠤ | ᠵᠠᠭᠠᠭ᠂ ᠵᠠᠮ ᠪᠡᠯᠴᠢᠭᠡᠷ ᠤᠨ ᠵᠠᠭᠠᠭ᠂ ᠵᠠᠮ ᠤᠷᠤᠨ ᠰᠠᠭᠤᠴᠠ ᠶᠢᠨ ᠵᠠᠭᠠᠭ ᠢ ᠦᠨᠳᠦᠰᠤᠨ ᠳᠡᠭᠡᠨ ᠲᠤᠳᠤᠷᠬᠠᠶᠢᠯᠠᠵᠤ᠂ | ᠰᠢᠶᠠᠩ ᠤᠨ ᠵᠠᠮ ᠤᠨ ᠵᠠᠰᠠᠨ ᠴᠡᠭᠴᠡᠯᠡᠯᠲᠡ ᠶᠢ ᠡᠮᠬᠢ ᠳᠠᠷᠠᠭ᠎ᠠ ᠲᠠᠢ ᠲᠦᠯᠬᠢᠨ ᠠᠬᠢᠭᠤᠯᠵᠤ᠂ ᠵᠠᠮ ᠳᠡᠭᠡᠷ᠎ᠡ ᠬᠤᠭ | ᠨᠤᠪᠰᠢ ᠦᠭᠡᠢ᠂ ᠬᠠᠵᠠᠭᠤ ᠰᠤᠪᠠᠭ ᠲᠤ ᠨᠤᠪᠰᠢ ᠦᠭᠡᠢ ᠪᠠᠶᠢᠬᠤ ᠶᠢ ᠪᠡᠶᠡᠯᠡᠭᠦᠯᠦᠨ᠂ ᠬᠦᠳᠡᠭᠡ ᠲᠤᠰᠬᠤᠨ ᠮᠠᠯᠵᠢᠬᠤ | ᠤᠷᠤᠨ ᠤ ᠤᠷᠤᠰᠢᠨ ᠠᠮᠢᠳᠤᠷᠠᠬᠤ ᠤᠷᠴᠢᠨ ᠢ ᠦᠨᠡᠨᠬᠦ ᠰᠠᠶᠢᠵᠢᠷᠠᠭᠤᠯᠵᠤ᠂ ᠠᠮᠤᠷ ᠲᠦᠪᠰᠢᠨ ᠦᠵᠡᠰᠬᠦᠯᠡᠩᠲᠦ | ᠰᠠᠶᠢᠬᠠᠨ ᠵᠠᠮ ᠨᠡᠪᠲᠡᠷᠡᠯᠭᠡ ᠶᠢᠨ ᠤᠷᠴᠢᠨ ᠢ ᠪᠠᠶᠢᠭᠤᠯᠤᠨ᠎ᠠ᠃ | 6.ᠬᠢᠨᠠᠨ ᠰᠢᠯᠭᠠᠯᠲᠡ ᠰᠢᠯᠭᠠᠨ ᠪᠠᠶᠢᠴᠠᠭᠠᠯᠲᠡ ᠪᠠᠨ ᠴᠢᠩᠭᠠᠳᠬᠠᠨ᠎ᠠ᠃ ᠬᠦᠳᠡᠭᠡ ᠲᠤᠰᠬᠤᠨ ᠤ ᠵᠠᠰᠠᠮᠠᠯ ᠵᠠᠮ | ᠤᠨ ᠠᠷᠠᠴᠢᠯᠠᠭ᠎ᠠ ᠬᠠᠮᠠᠭᠠᠯᠠᠯᠲᠡ ᠶᠢ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠴᠠ ᠡᠯ᠎ᠡ ᠰᠤᠮᠤ | ᠰᠢᠶᠠᠩ ᠪᠠᠯᠭᠠᠰᠤᠨ ᠤ ᠠᠵᠢᠯ ᠢ ᠬᠢᠨᠠᠨ ᠰᠢᠯᠭᠠᠬᠤ ᠠᠭᠤᠯᠭ᠎ᠠ ᠳᠤ ᠤᠷᠤᠭᠤᠯᠵᠤ᠂ ᠬᠤᠰᠢᠭᠤᠨ ᠤ ᠵᠠᠮ ᠲᠡᠭᠡᠭᠡᠪᠦᠷᠢ | ᠶᠢᠨ ᠲᠤᠪᠴᠢᠶᠡᠨ ᠠᠴᠠ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠭᠠᠴᠠᠭ᠎ᠠ ᠲᠤᠰᠬᠤᠨ ᠤ | ᠵᠦᠪᠯᠡᠯ ᠤᠨ ᠬᠦᠳᠡᠭᠡ ᠲᠤᠰᠬᠤᠨ ᠤ ᠵᠠᠰᠠᠮᠠᠯ ᠵᠠᠮ ᠤᠨ ᠠᠵᠢᠯᠲᠡᠨ ᠤ ᠲᠤᠭᠤᠷᠢᠨ ᠪᠠᠶᠢᠴᠠᠭᠠᠯᠲᠡ᠂ ᠵᠢᠯᠤᠭᠤᠳᠤᠯᠭ᠎ᠠ᠂ | ᠰᠢᠯᠭᠠᠨ ᠪᠠᠶᠢᠴᠠᠭᠠᠯᠲᠡ᠂ ᠬᠢᠨᠠᠨ ᠰᠢᠯᠭᠠᠯᠲᠡ ᠵᠡᠷᠭᠡ ᠶᠢ ᠴᠢᠩᠭᠠᠳᠬᠠᠵᠤ᠂ ᠬᠢᠨᠠᠨ ᠰᠢᠯᠭᠠᠯᠲᠡ ᠶᠢᠨ ᠨᠠᠷᠢᠨ ᠳᠦᠷᠢᠮ ᠢ | ᠲᠤᠭᠳᠠᠭᠠᠨ᠎ᠠ᠃ ︽ᠲᠤᠭᠲᠠᠭᠰᠠᠨ ᠬᠡᠮᠵᠢᠶ᠎ᠡ ᠪᠠᠷ ᠬᠤᠪᠢᠶᠠᠷᠢᠯᠠᠬᠤ᠂ ᠲᠡᠰ ᠬᠤᠪᠢᠶᠠᠨ ᠬᠠᠮᠢᠶᠠᠷᠬᠤ᠂ ᠬᠠᠷᠠᠯᠲᠡ ᠪᠠᠷ ᠬᠢᠨᠠᠨ | ᠰᠢᠯᠭᠠᠬᠤ︾ ᠵᠠᠷᠢᠮ ᠢ ᠪᠠᠷᠢᠮᠲᠠᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠤᠷᠲᠤ᠂ | ᠨᠦᠬᠦᠪᠦᠷᠢ ᠶᠢᠨ ᠪᠠᠷᠢᠮᠵᠢᠶ᠎ᠡ ᠪᠤᠯᠤᠨ ᠡᠯ᠎ᠡ ᠰᠤᠮᠤ ᠰᠢᠶᠠᠩ ᠪᠠᠯᠭᠠᠰᠤᠨ ᠤ ᠵᠢᠯ ᠤᠨ ᠬᠢᠨᠠᠨ ᠰᠢᠯᠭᠠᠯᠲᠡ ᠶᠢᠨ ᠦᠷ᠎ᠡ | ᠳ᠋ᠦᠩ ᠢ ᠦᠨᠳᠦᠰᠦᠯᠡᠨ ᠪᠡᠯᠡ ᠮᠦᠩᠬᠦ ᠬᠤᠪᠢᠶᠠᠷᠢᠯᠠᠨ᠎ᠠ᠃ | ︵ᠳᠦᠷᠪᠡ︶ ᠬᠦᠳᠡᠭᠡ ᠲᠤᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠡᠵᠡᠩᠨᠡᠨ᠎ᠡ᠃ | 1.ᠲᠡᠭᠡᠭᠡᠪᠦᠷᠢ ᠶᠢᠨ ᠦᠢᠯᠡᠴᠢᠯᠡᠭᠡᠨ ᠤ ᠲᠤᠤᠷᠵᠢᠯ ᠢ ᠲᠡᠭᠦᠯᠳᠡᠷᠵᠢᠭᠦᠯᠦᠨ᠎ᠡ᠃ ︽ᠬᠤᠲᠠ ᠬᠦᠳᠡᠭᠡ ᠶᠢ | ᠨᠢᠭᠡᠳᠦᠯᠲᠡᠢ ᠲᠦᠯᠦᠪᠵᠢᠭᠦᠯᠬᠦ᠂ ᠬᠤᠲᠠ ᠪᠠᠷ ᠬᠦᠳᠡᠭᠡ ᠶᠢ ᠳᠠᠭᠠᠭᠤᠯᠬᠤ᠂ ᠬᠤᠲᠠ ᠬᠦᠳᠡᠭᠡ ᠶᠢ ᠨᠢᠭᠡ | ᠴᠤᠭᠵᠠᠵᠢᠭᠤᠯᠬᠤ᠂ ᠠᠶᠠᠨᠴᠢᠨ ᠪᠠ ᠠᠴᠢᠶ᠎ᠡ ᠲᠡᠭᠡᠭᠡᠪᠦᠷᠢ ᠶᠢ ᠬᠠᠮᠲᠤ ᠳᠤᠨᠢ ᠠᠳᠬᠤᠬᠤ᠂ ᠲᠡᠭᠡᠭᠡᠪᠦᠷᠢ ᠰᠢᠤᠳᠠᠨ ᠢ | ᠤᠶᠠᠯᠳᠤᠭᠤᠯᠬᠤ︾ ᠶᠡᠷᠦᠩᠬᠡᠢ ᠦᠵᠡᠯᠲᠡ ᠪᠠᠷ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠡ ᠪᠠ ᠵᠠᠮ ᠲᠡᠭᠡᠭᠡᠪᠦᠷᠢ ᠶᠢᠨ ᠨᠢᠭᠡ ᠴᠤᠭᠴᠠᠵᠢᠯᠲᠡ ᠶᠢᠨ ᠬᠦᠭᠵᠢᠯᠲᠡ ᠶᠢ ᠲᠦᠯᠬᠢᠨ | ᠠᠬᠢᠭᠤᠯᠵᠤ᠂ ᠤᠳᠤᠬᠢ 9 ᠰᠤᠮᠤ ᠰᠢᠶᠠᠩ ᠪᠠᠯᠭᠠᠰᠤᠨ ᠤ ᠠᠶᠠᠨᠴᠢᠨ ᠤ ᠲᠡᠭᠡᠭᠡᠪᠦᠷᠢ ᠶᠢᠨ ᠦᠷᠲᠡᠭᠡ ᠶᠢ ᠭᠦᠢᠴᠡᠳ | ᠠᠰᠢᠭᠯᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠲᠡᠭᠡᠭᠡᠪᠦᠷᠢ ᠦᠢᠯᠡᠴᠢᠯᠡᠭᠡᠨ ᠤ ᠲᠤᠤᠷᠵᠢᠯ | ᠪᠠ ᠦᠷᠲᠡᠭᠡ ᠲᠠᠯᠠᠪᠠᠢ ᠶᠢᠨ ᠪᠦᠲᠦᠭᠡᠨ ᠪᠠᠶᠢᠭᠤᠯᠤᠯᠲᠡ ᠶᠢᠨ ᠲᠡᠭᠦᠯᠳᠡᠷᠵᠢᠯᠲᠡ ᠶᠢ ᠲᠦᠷᠭᠡᠳᠭᠡᠨ᠎ᠡ᠃ | 2.ᠬᠦᠳᠡᠭᠡ ᠲᠤᠰᠬᠤᠨ ᠮᠠᠯᠵᠢᠬᠤ ᠤᠷᠤᠨ ᠤ ᠠᠶᠠᠨᠴᠢᠨ ᠤ ᠲᠡᠭᠡᠭᠡᠪᠦᠷᠢ ᠶᠢᠨ ᠬᠢᠷᠢ ᠲᠦᠪᠰᠢᠨ ᠢ | ᠨᠡᠮᠡᠭᠳᠡᠭᠦᠯᠦᠨ᠎ᠡ᠃ ᠤᠯᠠᠨ ᠲᠦᠮᠡᠨ ᠤ ᠠᠶᠠᠯᠠᠯ ᠤᠨ ᠱᠠᠭᠠᠷᠳᠠᠯᠭ᠎ᠠ ᠳᠤ ᠨᠡᠶᠢᠴᠡᠬᠦ ᠬᠦᠳᠡᠭᠡ ᠲᠤᠰᠬᠤᠨ ᠤ ᠠᠶᠠᠨᠴᠢᠨ | ᠤ ᠲᠡᠭᠡᠭᠡᠪᠦᠷᠢ ᠶᠢᠨ ᠡᠭᠡᠯᠵᠢ ᠶᠢᠨ ᠮᠠᠰᠢᠨ ᠤ ᠵᠠᠮ ᠱᠤᠭᠤᠮ ᠢ ᠨᠡᠭᠡᠭᠳᠡᠭᠦᠯᠵᠤ᠂ ᠬᠠᠭᠤᠴᠢᠨ ᠮᠠᠰᠢᠨ ᠤ ᠲᠡᠭᠡᠭᠡᠪᠦᠷᠢ | ᠶᠢᠨ ᠦᠢᠯᠡᠴᠢᠯᠡᠭᠡ ᠶᠢ ᠵᠤᠭᠰᠤᠭᠠᠬᠤ ᠶᠢ ᠲᠦᠷᠭᠡᠳᠭᠡᠵᠤ᠂ ᠠᠶᠠᠨᠴᠢᠨ ᠤ ᠲᠡᠭᠡᠭᠡᠪᠦᠷᠢ ᠶᠢᠨ ᠴᠢᠳᠠᠮᠵᠢ ᠶᠢ ᠪᠦᠭᠦ ᠲᠠᠯ᠎ᠠ | ᠪᠠᠷ ᠨᠡᠮᠡᠭᠳᠡᠭᠦᠯᠵᠤ᠂ 2020 ᠤᠨ ᠬᠦᠷᠬᠦ ᠳᠤ᠂ ᠨᠦᠬᠦᠴᠡᠯ ᠳᠤ ᠨᠡᠶᠢᠴᠡᠭᠰᠡᠨ ᠲᠦᠷᠢᠮᠵᠢᠯᠲᠦ ᠲᠤᠰᠬᠤᠨ ᠳᠤ | ᠨᠡᠪᠲᠡᠷᠡᠬᠦ ᠠᠶᠠᠨᠴᠢᠨ ᠤ ᠲᠡᠭᠡᠭᠡᠪᠦᠷᠢ ᠶᠢᠨ ᠦᠢᠯᠡᠴᠢᠯᠡᠭᠡ ᠶᠢ 95% ᠠᠴᠠ ᠳᠡᠭᠡᠭᠰᠢ ᠪᠤᠯᠭᠠᠨ᠎ᠠ᠃ | 3.ᠬᠦᠳᠡᠭᠡ ᠲᠤᠰᠬᠤᠨ ᠤ ᠵᠠᠰᠠᠮᠠᠯ ᠵᠠᠮ ᠤᠨ ᠲᠡᠷᠭᠡ ᠬᠦᠯᠢᠶᠡᠬᠦ ᠰᠠᠷᠠᠪᠴᠢ ᠶᠢᠨ ᠪᠠᠶᠢᠭᠤᠯᠤᠯᠲᠡ ᠶᠢ | ᠴᠢᠩᠭᠠᠳᠬᠠᠨ᠎ᠠ᠃ ᠬᠦᠳᠡᠭᠡ ᠲᠤᠰᠬᠤᠨ ᠤ ᠵᠠᠰᠠᠮᠠᠯ ᠵᠠᠮ ᠤᠨ ᠲᠡᠷᠭᠡ ᠬᠦᠯᠢᠶᠡᠬᠦ ᠰᠠᠷᠠᠪᠴᠢ ᠶᠢᠨ ᠪᠠᠶᠢᠭᠤᠯᠤᠯᠲᠡ ᠶᠢ | ᠰᠢᠨᠵᠢᠯᠡᠬᠦ ᠤᠬᠠᠭᠠᠨᠴᠢ ᠪᠠᠷ ᠲᠦᠯᠦᠪᠯᠡᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠲᠡᠷᠭᠡ ᠬᠦᠯᠢᠶᠡᠬᠦ ᠰᠠᠷᠠᠪᠴᠢ | ᠪᠤᠯᠤᠨ ᠰᠢᠨ᠎ᠡ ᠪᠠᠷ ᠪᠠᠶᠢᠭᠤᠯᠵᠤ ᠪᠠᠶᠢᠭ᠎ᠠ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠡ ᠶᠢᠨ ᠪᠠᠷᠢᠯᠭ᠎ᠠ ᠶᠢ ᠬᠠᠮᠲᠤ ᠳᠤ ᠨᠢ ᠵᠢᠷᠤᠵᠤ ᠲᠦᠯᠦᠪᠯᠡᠨ᠂ ᠬᠠᠮᠲᠤ ᠳᠤ ᠨᠢ ᠪᠠᠶᠢᠭᠤᠯᠵᠤ᠂ ᠬᠠᠮᠲᠤ ᠳᠤ | ᠨᠢ ᠬᠡᠷᠡᠭᠯᠡᠭᠡᠨ ᠳᠤ ᠤᠷᠤᠭᠤᠯᠬᠤ ᠶᠢ ᠪᠡᠶᠡᠯᠡᠭᠦᠯᠦᠨ᠎ᠡ᠃ 2018 ᠤᠨ ᠳᠤ ᠲᠦᠯᠦᠪᠯᠡᠯᠭᠡ ᠪᠠᠷ 45 ᠲᠡᠷᠭᠡ | ᠬᠦᠯᠢᠶᠡᠬᠦ ᠰᠠᠷᠠᠪᠴᠢ ᠰᠢᠨ᠎ᠡ ᠪᠠᠷ ᠪᠠᠶᠢᠭᠤᠯᠤᠨ᠎ᠠ᠂ 2020 ᠤᠨ ᠳᠤ ᠪᠤᠯᠬᠤ ᠳᠤ ᠪᠦᠬᠦ ᠬᠤᠰᠢᠭᠤᠨ ᠤ ᠪᠤᠢ ᠪᠦᠬᠦᠢ | ᠰᠤᠮᠤ ᠰᠢᠶᠠᠩ ᠪᠠᠯᠭᠠᠰᠤᠨ ᠳᠤ ᠠᠶᠠᠨᠴᠢᠨ ᠤ ᠦᠷᠲᠡᠭᠡ ᠪᠠᠶᠢᠭᠤᠯᠵᠤ᠂ ᠵᠠᠰᠠᠭ ᠵᠠᠬᠢᠷᠭᠠᠨ ᠤ ᠲᠤᠰᠬᠤᠨ ᠳᠤ ᠲᠡᠷᠭᠡ | ᠬᠦᠯᠢᠶᠡᠬᠦ ᠰᠠᠷᠠᠪᠴᠢ ᠪᠠᠶᠢᠭᠤᠯᠬᠤ ᠬᠠᠷᠠᠯᠲᠡ ᠶᠢ ᠪᠡᠶᠡᠯᠡᠭᠦᠯᠦᠨ᠎ᠡ᠃ | 4.ᠤᠯᠠᠨ ᠵᠦᠢᠯ ᠤᠨ ᠠᠷᠭ᠎ᠠ ᠬᠡᠯᠪᠡᠷᠢ ᠪᠠᠷ ᠬᠦᠳᠡᠭᠡ ᠲᠤᠰᠬᠤᠨ ᠮᠠᠯᠵᠢᠬᠤ ᠤᠷᠤᠨ ᠤ ᠪᠠᠷᠠᠭ᠎ᠠ ᠭᠦᠢᠯᠭᠡᠭᠡᠨ | ᠤ ᠲᠤᠷᠰᠢᠯᠲᠡ ᠶᠢᠨ ᠴᠡᠭ ᠪᠤᠯᠤᠨ ᠳᠠᠭᠤᠷᠢᠶᠠᠯ ᠪᠠᠷᠢᠯᠭ᠎ᠠ ᠶᠢᠨ ᠠᠵᠢᠯ ᠢ ᠦᠷᠨᠢᠭᠦᠯᠦᠨ᠎ᠡ᠃ ᠪᠠᠷᠠᠭ᠎ᠠ ᠭᠦᠢᠯᠭᠡᠭᠡᠨ ᠤ | ᠪᠤᠤᠬᠢᠶ᠎ᠡ ᠰᠢᠤᠳᠠᠨ ᠤ ᠦᠢᠯᠡᠴᠢᠯᠡᠭᠡ ᠶᠢᠨ ᠲᠤᠤᠷᠵᠢᠯ ᠢ ᠲᠤᠰᠬᠤᠨ ᠪᠠᠯᠭᠠᠰᠤᠨ ᠳᠤ ᠬᠦᠷᠲᠡᠯ᠎ᠡ ᠦᠷᠭᠦᠯᠵᠢᠯᠡᠭᠦᠯᠵᠤ᠂ | ︽ᠲᠡᠭᠡᠭᠡᠪᠦᠷᠢ ᠰᠢᠤᠳᠠᠨ ᠢ ᠤᠶᠠᠯᠳᠤᠭᠤᠯᠬᠤ︾ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠢ | ᠬᠤᠳᠠ ᠳᠤ ᠤᠷᠤᠭᠤᠯᠬᠤ᠂ ᠲᠠᠷᠢᠶᠠᠯᠠᠩ ᠤᠨ ᠪᠡᠯᠡ ᠮᠦᠩᠬᠦ ᠪᠤᠯᠤᠨ ᠡᠳᠦᠷ ᠲᠤᠲᠤᠮ ᠤᠨ ᠬᠡᠷᠡᠭᠯᠡᠭᠡᠨ ᠤ ᠪᠤᠳᠠᠰ ᠢ | ᠬᠦᠳᠡᠭᠡ ᠲᠤᠰᠬᠤᠨ ᠳᠤ ᠬᠦᠷᠭᠡᠬᠦ ᠬᠤᠤᠰ ᠴᠢᠭᠯᠡᠯᠲᠦ ᠪᠠᠷᠠᠭ᠎ᠠ ᠭᠦᠢᠯᠭᠡᠭᠡᠨ ᠤ ᠦᠢᠯᠡᠴᠢᠯᠡᠭᠡ ᠶᠢ ᠲᠦᠷᠭᠡᠳᠭᠡᠵᠤ᠂ | ᠤᠯᠠᠮ ᠢᠶᠠᠷ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠭᠤᠷᠪᠠᠨ ᠱᠠᠳᠤ ᠶᠢ ᠪᠦᠷᠬᠦᠭᠰᠡᠨ | ᠪᠠᠷᠠᠭ᠎ᠠ ᠭᠦᠢᠯᠭᠡᠭᠡᠨ ᠤ ᠲᠤᠤᠷᠵᠢᠯ ᠢ ᠪᠠᠶᠢᠭᠤᠯᠤᠨ᠎ᠠ᠃ | ᠭᠤᠷᠪᠠ᠂ ᠬᠡᠷᠡᠭᠵᠢᠭᠦᠯᠬᠦ ᠠᠯᠬᠤᠮ ᠳᠠᠷᠠᠭᠠᠯᠠᠯ | ︵ᠨᠢᠭᠡ︶ ᠤᠬᠠᠭᠤᠯᠠᠨ ᠳᠠᠶᠢᠴᠢᠯᠠᠬᠤ ᠱᠠᠲᠤ ︵2018 ᠤᠨ ᠤ 1 ᠰᠠᠷ᠎ᠠ︶ | ᠰᠤᠨᠢᠨ ᠰᠡᠳᠭᠦᠯ᠂ ᠷᠠᠳᠢᠤ᠋ ᠲᠧᠯᠸᠢᠰ ᠵᠡᠷᠭᠡ ᠰᠢᠨ᠎ᠡ ᠮᠡᠳᠡᠭᠡ ᠵᠠᠭᠤᠴᠢᠯᠠᠭᠤᠷ ᠢ ᠭᠦᠢᠴᠡᠳ ᠠᠰᠢᠭᠯᠠᠵᠤ᠂ | ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢᠨ ᠤᠳᠬ᠎ᠠ ᠠᠭᠤᠯᠭ᠎ᠠ ᠪᠠ | ᠴᠢᠬᠤᠯᠠ ᠴᠢᠨᠠᠷ ᠢ ᠶᠡᠬᠡᠪᠠᠷ ᠤᠬᠠᠭᠤᠯᠵᠤ᠂ ᠪᠦᠬᠦ ᠨᠡᠶᠢᠭᠡᠮ ᠢᠶᠠᠷ ᠢᠶᠠᠨ ᠬᠦᠳᠡᠭᠡ ᠲᠤᠰᠬᠤᠨ ᠤ ᠵᠠᠰᠠᠮᠠᠯ ᠵᠠᠮ ᠢ | ᠬᠠᠯᠠᠮᠵᠢᠯᠠᠨ ᠳᠡᠮᠵᠢᠲᠡᠭ ᠰᠢᠯᠢᠳᠡᠭ ᠰᠠᠶᠢᠬᠠᠨ ᠨᠡᠶᠢᠭᠡᠮ ᠤᠨ ᠤᠷᠴᠢᠨ ᠢ ᠪᠤᠢ ᠪᠤᠯᠭᠠᠨ᠎ᠠ᠃ | ︵ᠬᠤᠶᠠᠷ︶ ᠪᠦᠬᠦ ᠲᠠᠯ᠎ᠠ ᠪᠠᠷ ᠬᠡᠷᠡᠭᠵᠢᠭᠦᠯᠬᠦ ᠱᠠᠲᠤ ︵2018 ᠤᠨ ᠤ 2 ᠰᠠᠷ᠎ᠠ—2020 ᠤᠨ ᠤ 9 | ᠰᠠᠷ᠎ᠠ︶ | 1.2018 ᠤᠨ ᠤ 2 ᠰᠠᠷ᠎ᠠ—2018 ᠤᠨ 12 ᠰᠠᠷ᠎ᠠ | 3 ᠰᠠᠷ᠎ᠠ ᠶᠢᠨ 30 ᠠᠴᠠ ᠡᠮᠦᠨ᠎ᠡ᠂ ᠪᠦᠬᠦ ᠬᠤᠰᠢᠭᠤᠨ ᠤ ᠬᠦᠳᠡᠭᠡ ᠲᠤᠰᠬᠤᠨ ᠮᠠᠯᠵᠢᠬᠤ ᠤᠷᠤᠨ ᠤ | ᠵᠠᠰᠠᠮᠠᠯ ᠵᠠᠮ ᠤᠨ ᠦᠨᠳᠦᠰᠦᠨ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠳᠠᠭᠤᠰᠬᠠᠵᠤ᠂ ᠬᠦᠳᠡᠭᠡ ᠲᠤᠰᠬᠤᠨ ᠤ | ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠪᠦᠬᠦ ᠵᠠᠷᠤᠳᠠᠯ ᠢ ᠬᠤᠰᠢᠭᠤ ᠡᠳ᠋ ᠤᠨ ᠵᠠᠰᠠᠭ ᠤᠨ ᠲᠤᠪᠴᠢᠶᠡᠨ ᠤ | ᠤᠷᠢᠳᠴᠢᠯᠠᠭᠰᠠᠨ ᠳᠦᠰᠦᠪ ᠲᠤ ᠤᠷᠤᠭᠤᠯᠵᠤ᠂ ᠤᠨ ᠢᠶᠠᠷ ᠬᠢᠵᠠᠭᠠᠷᠯᠠᠨ ᠤᠯᠭᠤᠵᠤ᠂ ᠡᠯ᠎ᠡ ᠰᠤᠮᠤ ᠰᠢᠶᠠᠩ ᠪᠠᠯᠭᠠᠰᠤ᠂ | ᠡᠯ᠎ᠡ ᠬᠤᠯᠪᠤᠭᠳᠠᠬᠤ ᠰᠠᠯᠠᠭ᠎ᠠ ᠮᠦᠴᠢᠷ ᠲᠦᠰᠦᠯ ᠤᠨ ᠱᠠᠭᠠᠷᠳᠠᠯᠭ᠎ᠠ ᠶᠤᠰᠤᠭᠠᠷ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠷᠭ᠎ᠠ ᠪᠠᠷᠢᠯ ᠢ ᠴᠢᠩᠭᠠᠳᠬᠠᠨ᠂ ᠯᠠᠪᠳᠠᠭᠤᠨ ᠢᠶᠠᠷ ᠲᠦᠯᠬᠢᠨ ᠠᠬᠢᠭᠤᠯᠤᠨ᠎ᠡ᠃ | 4 ᠰᠠᠷ᠎ᠠ ᠶᠢᠨ 15 ᠠᠴᠠ ᠡᠮᠦᠨ᠎ᠡ᠂ ᠵᠢᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ | ᠲᠦᠯᠦᠪᠯᠡᠭᠡ ᠳᠤ ᠤᠷᠤᠭᠰᠠᠨ ᠲᠦᠰᠦᠯ ᠢ ᠪᠦᠬᠦᠨ ᠢ ᠠᠵᠢᠯ ᠡᠬᠢᠯᠡᠭᠦᠯᠦᠨ᠎ᠡ᠃ | 4 ᠰᠠᠷ᠎ᠠ ᠶᠢᠨ 30 ᠠᠴᠠ ᠡᠮᠦᠨ᠎ᠡ᠂ ᠬᠦᠳᠡᠭᠡ ᠲᠤᠰᠬᠤᠨ ᠤ ᠵᠠᠰᠠᠮᠠᠯ ᠵᠠᠮ ᠤᠨ ᠬᠠᠷᠢᠶᠠᠯᠠᠭᠳᠠᠬᠤ ᠤᠷᠤᠨ ᠢ | ᠲᠤᠳᠤᠷᠬᠠᠶᠢᠯᠠᠵᠤ ᠬᠤᠯᠪᠤᠭᠳᠠᠬᠤ ᠠᠯᠬᠤᠮ ᠳᠠᠷᠠᠭᠠᠯᠠᠯ ᠢᠶᠠᠷ ᠰᠤᠮᠤ ᠰᠢᠶᠠᠩ ᠪᠠᠯᠭᠠᠰᠤ ᠪᠠ ᠭᠠᠴᠠᠭ᠎ᠠ ᠲᠤᠰᠬᠤᠨ ᠳᠤ | ᠰᠢᠯᠵᠢᠭᠦᠯᠦᠨ ᠦᠭᠴᠤ᠂ ᠬᠤᠯᠪᠤᠭᠳᠠᠬᠤ ᠭᠠᠷ ᠭᠦᠢᠴᠡᠳᠭᠡᠯ ᠢ ᠪᠦᠷᠢᠨ ᠭᠦᠢᠴᠡᠳ ᠪᠤᠯᠭᠠᠨ᠎ᠠ᠃ | 10 ᠰᠠᠷ᠎ᠠ ᠶᠢᠨ 30 ᠠᠴᠠ ᠡᠮᠦᠨ᠎ᠡ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠵᠢᠯ ᠤᠨ ᠡᠭᠦᠷᠭᠡ | ᠪᠠᠨ ᠪᠡᠶᠡᠯᠡᠭᠦᠯᠦᠨ᠎ᠡ᠃ | 10 ᠰᠠᠷ᠎ᠠ ᠶᠢᠨ 30 ᠠᠴᠠ ᠡᠮᠦᠨ᠎ᠡ᠂ ᠤᠷᠤᠰᠢᠵᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠲᠦᠪᠯᠡᠷᠡᠭᠰᠡᠨ | ᠵᠠᠰᠠᠨ ᠴᠡᠭᠴᠡᠯᠡᠯᠲᠡ ᠬᠢᠵᠤ᠂ ᠨᠢᠭᠡᠨᠳᠡ ᠵᠠᠰᠠᠭᠰᠠᠨ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠢ ᠠᠯᠬᠤᠮ | ᠳᠠᠷᠠᠭ᠎ᠠ ᠲᠠᠢ ᠪᠠᠷ ᠳᠠᠩᠰᠠᠯᠠᠨ ᠳᠡᠪᠲᠡᠷᠯᠡᠵᠤ᠂ ︽ᠳᠦᠷᠪᠠᠨ ᠰᠠᠶᠢᠨ ᠬᠦᠳᠡᠭᠡ ᠲᠤᠰᠬᠤᠨ ᠤ ᠵᠠᠮ︾ ᠤᠨ ᠪᠠᠶᠢᠭᠤᠯᠤᠯᠲᠠ | ᠶᠢᠨ ᠬᠤᠯᠪᠤᠭᠳᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ ᠤᠷᠤᠨ ᠤ | ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠳᠠᠭᠤᠷᠢᠶᠠᠯ ᠬᠤᠰᠢᠭᠤ ᠶᠢ ᠡᠭᠦᠳᠦᠨ ᠪᠠᠶᠢᠭᠤᠯᠬᠤ ᠳᠤ ᠬᠢᠨᠠᠨ | ᠰᠢᠯᠭᠠᠭᠤᠯᠬᠤ ᠨᠦᠬᠦᠴᠡᠯ ᠢ ᠪᠦᠷᠢᠳᠦᠭᠦᠯᠦᠨ᠎ᠡ᠃ | 2.2019 ᠤᠨ ᠤ 1 ᠰᠠᠷ᠎ᠠ—2019 ᠤᠨ ᠤ 12 ᠰᠠᠷ᠎ᠠ | ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠳᠠᠭᠤᠷᠢᠶᠠᠯ | ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠲᠤᠳᠬᠠᠵᠤ᠂ ᠬᠦᠳᠡᠭᠡ ᠲᠤᠰᠬᠤᠨ ᠮᠠᠯᠵᠢᠬᠤ | ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ ᠠᠷᠠᠴᠢᠯᠠᠨ ᠬᠠᠮᠠᠭᠠᠯᠠᠯᠲᠡ ᠲᠡᠭᠡᠭᠡᠪᠦᠷᠢ ᠶᠢᠨ ᠰᠢᠨ᠎ᠡ | ᠬᠡᠪ ᠵᠠᠭᠪᠤᠷ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠡ᠃ ᠬᠦᠳᠡᠭᠡ ᠲᠤᠰᠬᠤᠨ ᠤ ᠵᠠᠰᠠᠮᠠᠯ ᠵᠠᠮ ᠤᠨ ᠬᠦᠭᠵᠢᠯᠲᠡ | ᠪᠤᠯᠤᠨ ᠨᠡᠶᠢᠭᠡᠮ ᠤᠨ ᠵᠠᠮ ᠬᠠᠷᠢᠯᠴᠠᠭᠠᠨ ᠤ ᠱᠠᠭᠠᠷᠳᠠᠯᠭ᠎ᠠ ᠦᠨᠳᠦᠰᠦᠨ ᠳᠡᠭᠡᠨ ᠨᠡᠶᠢᠴᠡᠵᠤ᠂ ᠬᠠᠤᠯᠢ ᠪᠠᠷ ᠵᠠᠮ | ᠬᠠᠮᠢᠶᠠᠷᠴᠤ᠂ ᠵᠠᠮ ᠢ ᠬᠠᠶᠢᠷᠠᠯᠠᠨ᠂ ᠵᠠᠮ ᠢ ᠬᠠᠮᠠᠭᠠᠯᠠᠬᠤ ᠤᠬᠠᠮᠰᠠᠷ ᠢᠯᠡᠷᠭᠡᠢ ᠨᠡᠮᠡᠭᠳᠡᠵᠤ᠂ ᠬᠦᠳᠡᠭᠡ ᠲᠤᠰᠬᠤᠨ | ᠮᠠᠯᠵᠢᠬᠤ ᠤᠷᠤᠨ ᠤ ᠵᠠᠮ ᠬᠠᠮᠢᠶᠠᠷᠬᠤ ᠬᠠᠮᠢᠶᠠᠷᠤᠯᠲᠡ ᠶᠢ ᠨᠡᠶᠢᠳᠡᠮ ᠪᠦᠷᠭᠦᠭᠦᠯᠦᠨ᠎ᠡ᠃ ᠬᠦᠳᠡᠭᠡ ᠲᠤᠰᠬᠤᠨ ᠮᠠᠯᠵᠢᠬᠤ | ᠤᠷᠤᠨ ᠤ ᠵᠠᠰᠠᠮᠠᠯ ᠵᠠᠮ ᠪᠠ ᠠᠮᠢ ᠨᠠᠰᠤ ᠠᠮᠤᠷ ᠲᠦᠪᠰᠢᠨ ᠤ ᠬᠠᠮᠠᠭᠠᠯᠠᠯᠲᠠ ᠶᠢᠨ ᠪᠠᠷᠢᠯᠭ᠎ᠠ ᠶᠢᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠰᠠᠶᠢᠨ ᠵᠠᠮ ᠤᠨ ᠨᠤᠷᠮ᠎ᠠ᠂ ᠰᠢᠯᠢᠳᠡᠭ ᠵᠠᠮ | ᠤᠨ ᠨᠤᠷᠮ᠎ᠠ ᠶᠢ ᠯᠠᠪᠳᠠᠭᠤᠨ ᠢᠶᠠᠷ ᠨᠡᠮᠡᠭᠳᠡᠭᠦᠯᠦᠨ᠎ᠡ᠃ | 3.2020 ᠤᠨ ᠤ 1 ᠰᠠᠷ᠎ᠠ—2020 ᠤᠨ ᠤ 9 ᠰᠠᠷ᠎ᠠ | ᠪᠦᠬᠦ ᠤᠯᠤᠰ ᠤᠨ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠳᠠᠭᠤᠷᠢᠶᠠᠯ ᠬᠤᠰᠢᠭᠤ ᠶᠢ | ᠢᠲᠡᠪᠬᠢᠲᠡᠢ ᠡᠭᠦᠳᠦᠨ ᠪᠠᠶᠢᠭᠤᠯᠵᠤ᠂ ᠬᠤᠯᠪᠤᠭᠳᠠᠬᠤ ᠪᠠᠷᠢᠮᠵᠢᠶ᠎ᠡ᠂ ᠲᠦᠷᠦ ᠶᠢᠨ ᠪᠤᠳᠤᠯᠭ᠎ᠠ᠂ ᠳᠦᠷᠢᠮ ᠢ | ᠲᠡᠭᠦᠯᠳᠡᠷᠵᠢᠭᠦᠯᠦᠨ᠂ ᠪᠦᠬᠦ ᠬᠤᠰᠢᠭᠤᠨ ᠤ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠡ ᠶᠢᠨ | ᠡᠷᠡᠭᠦᠯ ᠬᠦᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠡ᠃ | ︵ᠭᠤᠷᠪᠠ︶ ᠳ᠋ᠦᠩᠨᠡᠨ ᠠᠬᠢᠭᠤᠯᠬᠤ ᠱᠠᠲᠤ ︵2020 ᠤᠨ ᠤ 10 ᠰᠠᠷ᠎ᠠ—12 ᠰᠠᠷ᠎ᠠ︶ | ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢᠨ ᠦᠷ᠎ᠡ ᠠᠰᠢᠭ ᠢ | ᠪᠦᠬᠦ ᠲᠠᠯ᠎ᠠ ᠪᠠᠷ ᠳ᠋ᠦᠩᠨᠡᠨ ᠵᠠᠳᠠᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠬᠦᠭᠵᠢᠯᠲᠡ | ᠶᠢᠨ ᠰᠠᠨᠠᠯ ᠰᠢᠭᠦᠮᠵᠢ ᠶᠢ ᠳᠤᠷᠠᠳᠤᠨ ᠭᠠᠷᠭᠠᠵᠤ᠂ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ ᠪᠦᠲᠦᠭᠡᠨ | ᠪᠠᠶᠢᠭᠤᠯᠤᠯᠲᠡ ᠶᠢᠨ ᠦᠷᠭᠦᠯᠵᠢ ᠶᠢᠨ ᠦᠷ᠎ᠡ ᠠᠰᠢᠭᠲᠤ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠳᠦᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠤᠬᠢᠶᠠᠨ ᠪᠠᠶᠢᠭᠤᠯᠤᠯᠲᠡ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠳᠠᠷᠬᠠᠨ ᠮᠤᠤᠮᠢᠩᠭᠠᠨ | ᠬᠤᠯᠪᠤᠭᠠᠲᠤ ᠬᠤᠰᠢᠭᠤ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠨ ᠵᠠᠰᠠᠮᠠᠯ ᠵᠠᠮ︾ ᠤᠨ ᠳᠠᠭᠤᠷᠢᠶᠠᠯ | ᠬᠤᠰᠢᠭᠤ ᠶᠢ ᠡᠭᠦᠳᠦᠨ ᠪᠠᠶᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ ︵ᠵᠤᠬᠢᠶᠠᠨ ᠪᠠᠶᠢᠭᠤᠯᠤᠯᠲᠡ ᠶᠢᠨ | ᠪᠦᠲᠦᠴᠡ ᠶᠢ ᠬᠤᠶᠢᠨ᠎ᠠ ᠳᠠᠭᠠᠯᠳᠤᠭᠤᠯᠵᠤ ᠪᠤᠢ︶᠂ ᠤᠳᠤᠷᠢᠳᠬᠤ ᠳᠤᠭᠤᠶᠢᠯᠠᠩ ᠤᠨ ᠡᠯ᠎ᠡ ᠬᠡᠰᠢᠭᠦᠨ ᠪᠠᠶᠢᠭᠤᠯᠭ᠎ᠠ | ᠠᠴᠠ ᠵᠤᠬᠢᠶᠠᠨ ᠪᠠᠶᠢᠭᠤᠯᠤᠯᠲᠡ ᠶᠢᠨ ᠠᠵᠢᠯᠯᠠᠭ᠎ᠠ ᠶᠢ ᠳᠡᠭᠡᠲᠦ ᠬᠡᠮᠵᠢᠶ᠎ᠡ ᠪᠠᠷ ᠬᠦᠨᠳᠦᠳᠭᠡᠨ᠂ ᠨᠢᠭᠳᠠ ᠬᠠᠮᠵᠢᠯᠴᠠᠵᠤ᠂ | ᠬᠠᠮᠲᠤ ᠪᠠᠷ ᠠᠬᠢᠭᠤᠯᠤᠨ᠂ ᠵᠤᠬᠢᠶᠠᠨ ᠪᠠᠶᠢᠭᠤᠯᠤᠯᠲᠡ ᠶᠢᠨ ᠤᠳᠤᠷᠢᠳᠤᠯᠭ᠎ᠠ ᠪᠠ ᠪᠤᠳᠠᠳᠠᠢ ᠬᠡᠷᠡᠭᠵᠢᠭᠦᠯᠦᠯᠲᠡ ᠶᠢ | ᠦᠨᠡᠨᠬᠦ ᠴᠢᠩᠭᠠᠳᠬᠠᠵᠤ᠂ ᠡᠭᠦᠷᠭᠡ ᠲᠤᠳᠤᠷᠬᠠᠢ᠂ ᠬᠠᠷᠢᠭᠤᠴᠠᠯᠭ᠎ᠠ ᠢᠯᠡ᠂ ᠨᠠᠶᠢᠳᠠᠪᠤᠷᠢᠵᠢᠭᠤᠯᠤᠯᠲᠡ ᠬᠦᠴᠦᠲᠡᠢ ᠪᠠᠶᠢᠬᠤ | ᠬᠡᠷᠡᠭᠲᠡᠢ᠃ ᠤᠯᠠᠨ ᠲᠦᠮᠡᠨ ᠤ ᠲᠤᠰᠬᠠᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠂ | ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠬᠦᠳᠡᠭᠡ ᠲᠤᠰᠬᠤᠨ ᠮᠠᠯᠵᠢᠬᠤ ᠤᠷᠤᠨ ᠤ | ᠵᠠᠰᠠᠮᠠᠯ ᠵᠠᠮ ᠤᠨ ᠬᠦᠭᠵᠢᠯᠲᠡ ᠶᠢᠨ ᠰᠢᠯᠢᠳᠡᠭ ᠰᠠᠶᠢᠨ ᠤᠷᠴᠢᠨ ᠨᠦᠬᠦᠴᠡᠯ ᠢ ᠪᠦᠷᠢᠯᠳᠦᠭᠦᠯᠦᠨ᠎ᠡ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠡ᠃ ᠬᠦᠳᠡᠭᠡ ᠲᠤᠰᠬᠤᠨ ᠤ ᠵᠠᠰᠠᠮᠠᠯ ᠵᠠᠮ | ᠤᠨ ᠪᠠᠶᠢᠭᠤᠯᠤᠯᠲᠡ᠂ ᠬᠠᠮᠢᠶᠠᠷᠤᠯᠲᠡ᠂ ᠠᠷᠠᠴᠢᠯᠠᠯᠲᠡ᠂ ᠲᠡᠭᠡᠭᠡᠪᠦᠷᠢ ᠶᠢᠨ ᠵᠤᠬᠢᠴᠠᠩᠭᠤᠢ ᠬᠦᠭᠵᠢᠯᠲᠡ ᠶᠢᠨ ᠲᠦᠷᠦ ᠶᠢᠨ | ᠪᠤᠳᠤᠯᠭ᠎ᠠ ᠠᠷᠭ᠎ᠠ ᠪᠠᠷᠢᠯ ᠤᠨ ᠪᠠᠶᠢᠭᠤᠯᠤᠯᠲᠡ ᠲᠡᠭᠦᠯᠳᠡᠷᠵᠢᠭᠦᠯᠦᠯᠲᠡ ᠶᠢ ᠲᠦᠯᠬᠢᠨ ᠠᠬᠢᠭᠤᠯᠵᠤ᠂ ︽ᠳᠦᠷᠪᠡᠨ ᠰᠠᠶᠢᠨ | ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠤᠰᠢᠭᠤ ᠵᠠᠰᠠᠭ ᠤᠨ ᠤᠷᠳᠤᠨ ᠤ | ᠵᠢᠯ ᠤᠨ ᠬᠢᠨᠠᠨ ᠰᠢᠯᠭᠠᠯᠲᠡ ᠶᠢᠨ ᠬᠦᠷᠢᠶᠡᠨ ᠳᠤ ᠤᠷᠤᠭᠤᠯᠵᠤ᠂ ᠠᠵᠢᠯ ᠤᠨ ᠤᠷᠤᠭᠰᠢᠲᠡᠢ ᠶᠠᠪᠤᠭᠳᠠᠬᠤ ᠳᠤ | ᠰᠢᠯᠢᠳᠡᠭ ᠤᠷᠴᠢᠨ ᠢ ᠪᠦᠷᠢᠯᠳᠦᠭᠦᠯᠦᠨ᠎ᠡ᠃ ᠪᠦᠬᠦ ᠲᠠᠯ᠎ᠠ ᠪᠠᠷ ᠠᠵᠢᠯ ᠤᠨ ᠡᠭᠦᠷᠭᠡ ᠶᠢ ᠬᠤᠪᠢᠶᠠᠷᠢᠯᠠᠵᠤ᠂ ᠪᠦᠲᠦᠭᠡᠨ | ᠪᠠᠶᠢᠭᠤᠯᠤᠯᠲᠡ ᠶᠢᠨ ᠬᠠᠷᠠᠯᠲᠡ ᠶᠢ ᠨᠠᠷᠢᠯᠢᠭᠵᠢᠭᠤᠯᠵᠤ᠂ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ | ᠪᠠᠶᠢᠭᠤᠯᠤᠮᠵᠢ ᠬᠦᠮᠦᠨ ᠪᠤᠯᠤᠨ ᠪᠠᠲᠤᠯᠠᠭᠠᠨ ᠤ ᠠᠷᠭ᠎ᠠ ᠪᠠᠷᠢᠯ ᠢ ᠨᠠᠶᠢᠳᠠᠪᠤᠷᠢᠵᠢᠭᠤᠯᠵᠤ᠂ ︽ᠳᠦᠷᠪᠡᠨ ᠰᠠᠶᠢᠨ | ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢᠨ ᠡᠯ᠎ᠡ ᠲᠦᠷᠦᠯ ᠤᠨ ᠬᠠᠷᠠᠯᠲᠡ ᠶᠢ ᠠᠮᠵᠢᠯᠲᠡ | ᠲᠠᠢ ᠪᠡᠶᠡᠯᠡᠭᠦᠯᠦᠨ᠂ ᠤᠯᠠᠨ ᠲᠦᠮᠡᠨ ᠳᠤ ᠦᠷ᠎ᠡ ᠠᠰᠢᠭ ᠬᠦᠷᠲᠡᠭᠡᠬᠦ ᠬᠡᠷᠡᠭᠲᠡᠢ᠃ | ︵ᠭᠤᠷᠪᠠ︶ ᠪᠡᠯᠡ ᠮᠦᠩᠬᠦᠨ ᠤ ᠪᠠᠲᠤᠯᠠᠭ᠎ᠠ ᠶᠢ ᠴᠢᠩᠭᠠᠳᠬᠠᠨ᠎ᠠ᠃ ᠤᠯᠠᠨ ᠨᠡᠶᠢᠲᠡ ᠶᠢᠨ ᠡᠳ᠋ ᠤᠨ ᠵᠠᠰᠠᠭ ᠤᠨ | ᠪᠡᠯᠡ ᠤᠷᠤᠭᠤᠯᠤᠯᠲᠡ ᠪᠠᠷ ᠭᠤᠤᠯ ᠪᠤᠯᠭᠠᠵᠤ᠂ ᠤᠯᠠᠨ ᠵᠦᠢᠯ ᠤᠨ ᠠᠷᠭ᠎ᠠ ᠪᠠᠷᠢᠯ ᠢᠶᠠᠷ ᠳᠡᠳ᠋ ᠪᠤᠯᠭᠠᠬᠤ ︽ᠳᠦᠷᠪᠡᠨ | ᠰᠠᠶᠢᠨ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠶᠢᠨ ᠪᠡᠯᠡ ᠮᠦᠩᠬᠦ ᠬᠤᠷᠠᠮᠳᠤᠭᠤᠯᠬᠤ | ᠲᠤᠭᠳᠠᠴᠠ ᠶᠢ ᠪᠠᠶᠢᠭᠤᠯᠤᠨ᠎ᠠ᠃ ᠲᠠᠸᠠᠷ ᠤᠨ ᠦᠷᠲᠡᠭ ᠤᠨ ᠨᠡᠮᠡᠭᠳᠡᠯ᠂ ᠵᠠᠮ ᠤᠨ ᠤᠷᠳᠤ ᠪᠠ ᠡᠳ᠋ ᠤᠨ ᠵᠠᠰᠠᠭ ᠤᠨ | ᠨᠡᠮᠡᠭᠳᠡᠯ ᠵᠡᠷᠭᠡ ᠠᠴᠠ ᠰᠢᠯᠲᠠᠭᠠᠯᠠᠭᠰᠠᠨ ᠠᠷᠠᠴᠢᠯᠠᠨ ᠬᠠᠮᠠᠭᠠᠯᠠᠯᠲᠡ ᠬᠠᠮᠢᠶᠠᠷᠤᠯᠲᠠ ᠶᠢᠨ ᠪᠡᠯᠡ ᠮᠦᠩᠬᠦ ᠶᠢ | ᠨᠡᠮᠡᠭᠳᠡᠭᠦᠯᠬᠦ ᠲᠤᠭᠳᠠᠴᠠ ᠶᠢ ᠪᠠᠶᠢᠭᠤᠯᠤᠨ᠎ᠠ᠃ ᠳᠡᠭᠡᠲᠦ ᠱᠠᠲᠤᠨ ᠤ ᠨᠦᠬᠦᠪᠦᠷᠢ᠂ ᠲᠤᠰᠬᠠᠢ ᠲᠦᠷᠦᠯ ᠤᠨ ᠪᠡᠯᠡ | ᠮᠦᠩᠬᠦ ᠶᠢ ᠢᠲᠡᠪᠬᠢᠲᠡᠢ ᠲᠡᠮᠡᠴᠡᠨ ᠤᠯᠵᠤ᠂ ᠬᠤᠤᠰᠯᠠᠨ ᠬᠠᠪᠰᠤᠷᠴᠤ ᠳᠡᠮᠵᠢᠬᠦ᠂ ᠤᠨᠤᠪᠴᠢᠲᠡᠢ ᠪᠠᠷ ᠶᠠᠳᠠᠭᠤ ᠶᠢ | ᠳᠡᠳᠬᠦᠬᠦ ᠪᠤᠯᠤᠨ ᠮᠠᠯᠵᠢᠬᠤ ᠲᠠᠷᠢᠶᠠᠯᠠᠬᠤ ᠲᠠᠢ ᠬᠤᠯᠪᠤᠭᠳᠠᠭᠰᠠᠨ ᠪᠡᠯᠡ ᠮᠦᠩᠬᠦ ᠶᠢ ᠬᠦᠳᠡᠭᠡ ᠲᠤᠰᠬᠤᠨ ᠤ ᠵᠠᠰᠠᠮᠠᠯ | ᠵᠠᠮ ᠤᠨ ᠬᠦᠭᠵᠢᠯᠲᠡ ᠳᠤ ᠰᠢᠨᠵᠢᠯᠡᠬᠦ ᠤᠬᠠᠭᠠᠨᠴᠢ ᠪᠠᠷ ᠠᠰᠢᠭᠯᠠᠨ᠎ᠠ᠃ ︽ᠱᠠᠩᠨᠠᠬᠤ ᠪᠠᠷ ᠨᠦᠬᠦᠪᠦᠷᠢ ᠢ | ᠤᠷᠤᠯᠠᠭᠤᠯᠬᠤ︾ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠤ᠂ ︽ᠠᠰ ᠠᠰ ᠢᠶᠠᠷ ᠨᠢ ᠵᠦᠪᠯᠡᠬᠦ︾ ᠠᠵᠢᠯ ᠤᠨ | ᠬᠦᠳᠡᠭᠡ ᠲᠤᠰᠬᠤᠨ ᠤ ᠵᠠᠰᠠᠮᠠᠯ ᠵᠠᠮ ᠤᠨ ᠬᠦᠭᠵᠢᠯᠲᠡ ᠶᠢᠨ ᠠᠵᠢᠯ ᠳᠤᠮᠳᠠᠬᠢ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠪᠡᠯᠡ ᠮᠦᠩᠬᠦᠨ ᠤ ᠬᠡᠷᠡᠭᠯᠡᠯᠲᠡ ᠶᠢᠨ ᠬᠢᠨᠠᠨ ᠪᠠᠶᠢᠴᠠᠭᠠᠯᠲᠡ ᠶᠢ ᠴᠢᠩᠭᠠᠳᠬᠠᠵᠤ᠂ ᠪᠡᠯᠡ ᠮᠦᠩᠬᠦ | ᠬᠡᠷᠡᠭᠯᠡᠭᠰᠡᠨ ᠦᠷ᠎ᠡ ᠠᠰᠢᠭ ᠢ ᠨᠡᠮᠡᠭᠳᠡᠭᠦᠯᠦᠨ᠎ᠡ᠃ | ︵ᠳᠦᠷᠪᠡ︶ ᠬᠢᠨᠠᠨ ᠪᠠᠶᠢᠴᠠᠭᠠᠯᠲᠡ ᠰᠢᠯᠭᠠᠨ ᠪᠠᠶᠢᠴᠠᠭᠠᠯᠲᠡ ᠶᠢ ᠴᠢᠩᠭᠠᠳᠬᠠᠨ᠎ᠠ᠃ ᠬᠢᠨᠠᠨ ᠰᠢᠯᠭᠠᠯᠲᠡ ᠶᠢᠨ | ᠦᠷ᠎ᠡ ᠳ᠋ᠦᠩ ᠢ ᠲᠦᠰᠦᠯ ᠤᠨ ᠱᠠᠩᠨᠠᠯ ᠲᠤᠷᠭᠤᠭᠤᠯᠢ ᠲᠠᠢ ᠤᠶᠠᠯᠳᠤᠭᠤᠯᠬᠤ ᠲᠤᠭᠳᠠᠴᠠ ᠶᠢ ᠪᠠᠶᠢᠭᠤᠯᠤᠨ | ᠲᠡᠭᠦᠯᠳᠡᠷᠵᠢᠭᠦᠯᠵᠤ᠂ ᠬᠢᠨᠠᠨ ᠪᠠᠶᠢᠴᠠᠭᠠᠯᠲᠡ ᠬᠢᠨᠠᠨ ᠰᠢᠯᠭᠠᠯᠲᠡ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠡ᠂ ᠪᠦᠲᠦᠭᠡᠨ ᠪᠠᠶᠢᠭᠤᠯᠤᠯᠲᠡ ᠶᠢᠨ ᠴᠢᠨᠠᠷ᠂ ᠠᠵᠢᠯ ᠤᠨ ᠠᠬᠢᠴᠠ᠂ ᠪᠡᠯᠡ | ᠮᠦᠩᠬᠦ ᠪᠦᠷᠢᠳᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠵᠢᠯᠤᠭᠤᠳᠴᠤ᠂ ᠤᠷᠤᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠨ᠎ᠡ᠃ ᠬᠤᠰᠢᠭᠤ ᠵᠠᠮ ᠲᠡᠭᠡᠭᠡᠪᠦᠷᠢ ᠶᠢᠨ ᠲᠤᠪᠴᠢᠶ᠎ᠡ | ᠠᠴᠠ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠭᠠᠴᠠᠭ᠎ᠠ ᠲᠤᠰᠬᠤᠨ ᠤ ᠵᠦᠪᠯᠡᠯ ᠢ ᠤᠳᠤᠷᠢᠳᠬᠤ | ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠤᠷᠳᠤᠨ ᠪᠠ ᠵᠤᠬᠢᠶᠠᠨ ᠪᠠᠶᠢᠭᠤᠯᠤᠯᠲᠡ ᠶᠢᠨ ︽ᠳᠦᠷᠪᠡᠨ | ᠰᠠᠶᠢᠨ ᠬᠦᠳᠡᠭᠡ ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠡ ᠳᠤᠮᠳᠠᠬᠢ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ | | ᠳᠠᠭᠠᠯᠲᠡ ᠮᠠᠲ᠋ᠧᠷᠢᠶᠠᠯ᠄ | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠨ | ᠬᠦᠳᠡᠭᠡ ᠲᠤᠰᠬᠤᠨ ᠤ ᠵᠠᠮ︾ ᠤᠨ ᠳᠠᠭᠤᠷᠢᠶᠠᠯ ᠬᠤᠰᠢᠭᠤ ᠶᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ | ᠮᠠᠨ ᠤ ᠬᠤᠰᠢᠭᠤ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ ᠤᠨ | ᠳᠠᠭᠤᠷᠢᠶᠠᠯ ᠬᠤᠰᠢᠭᠤ ᠶᠢ ᠪᠠᠶᠢᠭᠤᠯᠬᠤ ᠠᠵᠢᠯ ᠤᠨ ᠵᠤᠬᠢᠶᠠᠨ ᠪᠠᠶᠢᠭᠤᠯᠤᠯᠲᠡ ᠤᠳᠤᠷᠢᠳᠤᠯᠭ᠎ᠠ ᠶᠢ ᠦᠨᠡᠨᠬᠦ | ᠪᠠᠲᠤᠯᠠᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾ | ᠤᠨ ᠳᠠᠭᠤᠷᠢᠶᠠᠯ ᠬᠤᠰᠢᠭᠤ ᠶᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ ︵ᠬᠤᠶᠢᠰᠢᠳᠡ | ᠤᠳᠤᠷᠢᠳᠬᠤ ᠳᠤᠭᠤᠶᠢᠯᠠᠩ ᠭᠡᠨ᠎ᠡ︶᠂ ᠳᠤᠭᠤᠶᠢᠯᠠᠩ ᠤᠨ ᠪᠦᠷᠢᠯᠳᠦᠭᠦᠨ ᠳᠤ᠄ | ᠳᠤᠭᠤᠶᠢᠯᠠᠩ ᠤᠨ ᠳᠠᠷᠤᠭ᠎ᠠ᠄ ᠵᠠᠩ ᠶᠥᠩ ᠸᠧᠨ ︵ᠬᠤᠰᠢᠭᠤ ᠨᠠᠮ ᠤᠨ ᠬᠤᠷᠢᠶᠡᠨ ᠤ ᠳᠡᠳ᠋ ᠱᠦᠵᠢ᠂ ᠵᠠᠰᠠᠭ | ᠤᠨ ᠤᠷᠳᠤᠨ ᠤ ᠬᠤᠰᠢᠭᠤ ᠳᠠᠷᠤᠭ᠎ᠠ︶ | ᠳᠤᠭᠤᠶᠢᠯᠠᠩ ᠤᠨ ᠳᠡᠳ᠋ ᠳᠠᠷᠤᠭ᠎ᠠ᠄ ᠯᠤ᠋ ᠮᠢᠩ ᠹᠦ᠋ ︵ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ︶ | ᠬᠡᠰᠢᠭᠦᠳ᠄ ᠯᠢ ᠪᠣᠣ ᠴᠦᠨ ︵ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ︶ | ᠬᠤ᠋ ᠰᠢᠶᠣᠣ ᠹᠧᠩ ︵ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠰᠢᠨᠵᠢᠯᠡᠭᠡ ᠮᠡᠷᠭᠡᠵᠢᠯ | ᠢᠶᠠᠷ ᠶᠠᠳᠠᠭᠤ ᠶᠢ ᠳᠡᠳᠬᠦᠬᠦ ᠠᠯᠪᠠᠨ ᠭᠡᠷ ᠤᠨ ᠡᠷᠬᠢᠯᠡᠭᠴᠢ︶ | ᠯᠢᠦ ᠶᠢᠨ ᠯᠢᠶᠠᠩ ︵ᠵᠠᠰᠠᠭ ᠤᠨ ᠤᠷᠳᠤᠨ ᠤ ᠠᠯᠪᠠᠨ ᠭᠡᠷ ᠤᠨ ᠳᠡᠳ᠋ ᠡᠷᠬᠢᠯᠡᠭᠴᠢ︶ | ᠰᠦᠨ ᠿᠢ ᠴᠢᠩ ︵ᠵᠠᠮ ᠲᠡᠭᠡᠭᠡᠪᠦᠷᠢ ᠶᠢᠨ ᠲᠤᠪᠴᠢᠶᠡᠨ ᠤ ᠳᠠᠷᠤᠭ᠎ᠠ︶ | ᠡᠷᠳᠡᠮᠲᠦ ︵ᠬᠦᠭᠵᠢᠯᠲᠡ ᠪᠠ ᠦᠭᠡᠷᠡᠴᠢᠯᠡᠯᠲᠡ ᠶᠢᠨ ᠲᠤᠪᠴᠢᠶᠡᠨ ᠤ ᠳᠠᠷᠤᠭ᠎ᠠ︶ | ᠡᠷᠳᠡᠨᠢᠵᠠᠶᠠᠭᠠ ︵ᠤᠷᠤᠨ ᠲᠤᠭᠠᠨ ᠤ ᠠᠯᠪᠠᠨ ᠭᠡᠷ ᠤᠨ ᠡᠷᠬᠢᠯᠡᠭᠴᠢ︶ | ᠴᠠᠩ ᠠᠢ ᠯᠢᠨ ︵ᠬᠦᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ | ᠤ ᠳᠠᠷᠤᠭ᠎ᠠ︶ | ᠰᠦᠨ ᠰᠢᠶᠠᠨ ︵ᠠᠵᠤ ᠠᠬᠤᠢ ᠬᠤᠳᠠᠯᠳᠤᠭᠠᠨ ᠤ ᠶᠠᠪᠤᠳᠠᠯ ᠪᠠ ᠰᠤᠷᠠᠭ ᠵᠠᠩᠬᠢᠵᠢᠯᠲᠡ ᠶᠢᠨ ᠲᠤᠪᠴᠢᠶᠡᠨ ᠤ | ᠳᠠᠷᠤᠭ᠎ᠠ︶ | ᠰᠤᠶᠤᠯᠲᠦ ︵ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠤᠪᠴᠢᠶᠡᠨ ᠤ ᠳᠠᠷᠤᠭ᠎ᠠ︶ | ᠵᠠᠩ ᠵᠧᠨ ᠵᠢᠶᠦ᠋ᠨ ︵ᠤᠷᠤᠨ ᠰᠠᠭᠤᠴᠠ ᠪᠠ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠲᠤᠪᠴᠢᠶᠡᠨ ᠤ | ᠳᠠᠷᠤᠭ᠎ᠠ︶ | ᠰᠦᠬᠡ ︵ᠤᠷᠴᠢᠨ ᠲᠤᠭᠤᠷᠢᠨ ᠤ ᠬᠠᠮᠠᠭᠠᠯᠠᠯᠲᠡ ᠶᠢᠨ ᠲᠤᠪᠴᠢᠶᠡᠨ ᠤ ᠳᠠᠷᠤᠭ᠎ᠠ︶ | ᠠᠯᠲᠠᠨᠪᠠᠭᠠᠨ᠎ᠠ ︵ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠡᠨ ᠤ ᠳᠠᠷᠤᠭ᠎ᠠ︶ | ᠮᠠ ᠶᠦᠨ ᠲᠢᠶᠠᠨ ︵ᠤᠢ ᠰᠢᠭᠤᠢ ᠶᠢᠨ ᠲᠤᠪᠴᠢᠶᠡᠨ ᠤ ᠳᠠᠷᠤᠭ᠎ᠠ︶ | ᠭᠥᠸᠧ ᠼᠠᠢ ︵ᠤᠰᠤᠨ ᠤ ᠶᠠᠪᠤᠳᠠᠯ ᠤᠨ ᠲᠤᠪᠴᠢᠶᠡᠨ ᠤ ᠳᠠᠷᠤᠭ᠎ᠠ︶ | ᠮᠠ ᠸᠧᠨ ᠭᠠᠩ ︵ᠰᠤᠶᠤᠯ ᠲᠠᠮᠢᠷ ᠷᠠᠳᠢᠤ᠋ ᠲᠧᠯᠸᠢᠰ ᠲᠤᠪᠴᠢᠶᠡᠨ ᠤ ᠳᠠᠷᠤᠭ᠎ᠠ︶ | ᠰᠦᠨ ᠹᠦ᠋ ᠱᠠᠨ ︵ᠵᠢᠭᠤᠯᠴᠢᠯᠠᠯ ᠤᠨ ᠲᠤᠪᠴᠢᠶᠡᠨ ᠤ ᠳᠠᠷᠤᠭ᠎ᠠ︶ | ᠨᠠᠷᠠᠰᠤ ︵ᠨᠤᠲᠤᠭ ᠪᠠᠯᠴᠢᠭᠡᠷ ᠤᠨ ᠬᠢᠨᠠᠨ ᠬᠠᠮᠢᠶᠠᠷᠤᠯᠲᠡ ᠶᠢᠨ ᠲᠤᠪᠴᠢᠶᠡᠨ ᠤ ᠳᠠᠷᠤᠭ᠎ᠠ︶ | ᠢᠯᠠᠯᠲᠡ ︵ᠡᠳ᠋ ᠤᠨ ᠵᠠᠰᠠᠭ ᠤᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠵᠣᠣ ᠵᠢᠶᠦ᠋ᠨ ᠸᠧᠨ ︵ᠵᠠᠮ ᠲᠡᠭᠡᠭᠡᠪᠦᠷᠢ ᠶᠢᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠸᠠᠩ ᠪᠢᠩ ᠰᠢᠶᠠᠨ ︵ᠵᠠᠮ ᠲᠡᠭᠡᠭᠡᠪᠦᠷᠢ ᠶᠢᠨ ᠲᠤᠪᠴᠢᠶᠡᠨ ᠤ ᠳᠡᠳ᠋ ᠲᠤᠪᠴᠢᠶᠡᠨ ᠳᠠᠷᠤᠭ᠎ᠠ︶ | ᠭᠥᠸᠧ ᠬᠤᠸᠠ ︵ᠪᠠᠲᠤᠬᠠᠭᠠᠯᠭ᠎ᠠ ᠪᠠᠯᠭᠠᠰᠤᠨ ᠤ ᠳᠠᠷᠤᠭ᠎ᠠ︶ | ᠱᠢ ᠭᠠᠩ ︵ᠰᠢᠪᠠᠷᠬᠦ᠋ᠷᠢᠶ᠎ᠡ ᠪᠠᠯᠭᠠᠰᠤᠨ ᠤ ᠳᠠᠷᠤᠭ᠎ᠠ︶ | ᠯᠢᠦ ᠵᠢᠶᠠᠨ ᠭᠥᠩ ︵ᠦᠬᠡᠷᠬᠤᠳᠳᠤᠭ ᠪᠠᠯᠭᠠᠰᠤᠨ ᠤ ᠳᠠᠷᠤᠭ᠎ᠠ︶ | ᠲᠤᠯᠭᠠᠭᠤᠷᠢ ︵ᠰᠢᠷᠠᠮᠦ᠋ᠷᠡᠨ ᠪᠠᠯᠭᠠᠰᠤᠨ ᠤ ᠳᠠᠷᠤᠭ᠎ᠠ︶ | ᠸᠠᠩ ᠶᠥᠩ ᠳ᠋ᠦᠩ ︵ᠮᠢᠩᠭᠠᠨ ᠪᠠᠯᠭᠠᠰᠤᠨ ᠤ ᠳᠠᠷᠤᠭ᠎ᠠ︶ | ᠪᠠᠲᠤᠴᠢᠯᠠᠭᠤ ︵ᠪᠠᠶᠠᠨᠬᠤᠸᠠ ᠪᠠᠯᠭᠠᠰᠤᠨ ᠤ ᠳᠠᠷᠤᠭ᠎ᠠ︶ | ᠰᠡᠴᠡᠨᠲᠤᠶᠠᠭ᠎ᠠ ︵ᠳᠠᠷᠬᠠᠨ ᠰᠤᠮᠤᠨ ᠤ ᠳᠠᠷᠤᠭ᠎ᠠ︶ | ᠬᠤᠩ ᠮᠧᠢ ︵ᠴᠠᠭᠠᠨᠬᠠᠳᠠ ᠰᠤᠮᠤᠨ ᠤ ᠳᠠᠷᠤᠭ᠎ᠠ︶ | ᠯᠢᠦ ᠸᠧᠨ ᠵᠢᠶᠦ᠋ᠨ ︵ᠪᠠᠶ᠋ᠬᠠᠤᠪᠤᠭ᠎ᠠ ᠰᠤᠮᠤᠨ ᠤ ᠳᠠᠷᠤᠭ᠎ᠠ︶ | ᠯᠢᠦ ᠹᠧᠢ ︵ᠵᠠᠮ ᠤᠨ ᠴᠠᠭᠳᠠᠭᠠᠨ ᠤ ᠶᠡᠭᠡ ᠠᠩᠬᠢ ᠶᠢᠨ ᠳᠠᠷᠤᠭ᠎ᠠ︶ | ᠭᠥᠸᠧ ᠴᠢᠶᠠᠩ ︵ᠲᠡᠭᠡᠭᠡᠪᠦᠷᠢ ᠶᠢᠨ ᠬᠠᠮᠢᠶᠠᠷᠤᠯᠲᠡ ᠶᠢᠨ ᠰᠠᠯᠪᠤᠷᠢ ᠶᠢᠨ ᠳᠠᠷᠤᠭ᠎ᠠ︶ | ᠶᠠᠩ ᠴᠠᠩ ᠴᠦᠨ ︵ᠮᠠᠨᠳᠤᠯ ᠪᠠᠯᠭᠠᠰᠤᠨ ᠤ ᠳᠠᠷᠤᠭ᠎ᠠ︶ | ᠨᠢᠦ ᠵᠢᠶᠧ ︵ᠰᠢ ᠾᠧ ᠰᠢᠶᠠᠩ ᠤᠨ ᠳᠠᠷᠤᠭ᠎ᠠ︶ | ᠶᠠᠩ ᠴᠧᠩ ᠱᠧᠩ ︵ᠪᠠᠭ᠎ᠠ ᠤᠩᠭᠤᠨ ᠪᠠᠯᠭᠠᠰᠤᠨ ᠤ ᠳᠠᠷᠤᠭ᠎ᠠ︶ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠵᠠᠮ ᠲᠡᠭᠡᠭᠡᠪᠦᠷᠢ ᠶᠢᠨ ᠲᠤᠪᠴᠢᠶᠡᠨ ᠳᠤ | ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠪᠠᠷ ᠰᠦᠨ ᠿᠢ ᠴᠢᠩ ᠨᠦᠬᠦᠷ ᠲᠤᠰᠢᠶᠠᠯ ᠬᠠᠪᠰᠤᠷᠭᠠᠨ ᠠᠵᠢᠯᠯᠠᠵᠤ᠂ | ᠡᠳᠦᠷ ᠲᠤᠲᠤᠮ ᠤᠨ ᠠᠵᠢᠯ ᠪᠤᠯᠤᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ | ᠬᠡᠪᠯᠡᠨ ᠬᠦᠷᠭᠡᠬᠦ ᠪᠠᠶᠢᠭᠤᠯᠭ᠎ᠠ᠄ ᠬᠤᠰᠢᠭᠤ ᠨᠠᠮ ᠤᠨ ᠬᠤᠷᠢᠶᠡᠨ ᠤ ᠠᠯᠪᠠᠨ ᠭᠡᠷ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠠᠯᠪᠠᠨ ᠭᠡᠷ᠂ ᠵᠠᠰᠠᠭ ᠤᠨ ᠤᠷᠳᠤᠨ ᠤ | ᠠᠯᠪᠠᠨ ᠭᠡᠷ | | ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ | ᠵᠠᠰᠠᠭ ᠤᠨ ᠤᠷᠳᠤᠨ ᠤ ᠠᠯᠪᠠᠨ ᠭᠡᠷ | | 2018 ᠤᠨ ᠤ 3 ᠰᠠᠷ᠎ᠠ ᠶᠢᠨ 28 ᠳᠤ ᠲᠡᠷᠬᠠᠭᠠᠪᠠ | | | | | | | | | | | | | | | | | | | | | | | | | | | | | | | | | | | | |