| ᠤᠶᠢᠷ᠎ᠡ ᠶᠢᠨ ᠵᠢᠯ ᠳᠤ᠂ ᠮᠠᠨ ᠤ ᠬᠤᠰᠢᠭᠤ ᠬᠤᠲᠡ ᠪᠠᠯᠭᠠᠰᠤᠨ ᠤ ᠰᠠᠭᠤᠷᠢ ᠲᠦᠭᠦᠭᠡᠷᠦᠮᠵᠢ ᠶᠢ ᠲᠠᠰᠤᠷᠠᠯᠲᠡ | ᠦᠭᠡᠢ ᠲᠡᠭᠦᠯᠳᠡᠷᠵᠢᠭᠦᠯᠵᠦ᠂ ᠬᠤᠲᠡ ᠪᠠᠯᠭᠠᠰᠤᠨ ᠤ ᠪᠦᠲᠦᠭᠡᠨ ᠪᠠᠶᠢᠭᠤᠯᠤᠯᠲᠡ ᠶᠢᠨ ᠬᠢᠷᠢ ᠲᠦᠪᠰᠢᠨ ᠢ ᠪᠦᠬᠦ ᠲᠡᠯ᠎ᠡ | ᠪᠠᠷ ᠲᠡᠭᠡᠭᠰᠢᠯᠡᠭᠦᠯᠵᠦ᠂ ᠤᠯᠤᠰ ᠪᠡ ᠦᠪᠡᠷᠲᠡᠭᠡᠨ ᠵᠠᠰᠠᠬᠤ ᠤᠷᠤᠨ ᠤ ᠰᠢᠨ᠎ᠡ ᠬᠡᠯᠪᠡᠷᠢ ᠶᠢᠨ ᠬᠤᠲᠡ ᠪᠠᠯᠭᠠᠰᠤᠵᠢᠯᠲᠡ᠂ | ᠤᠨᠴᠠᠯᠢᠬᠲᠦ ᠵᠢᠵᠢᠭ ᠬᠤᠲᠡ ᠪᠠᠯᠭᠠᠰᠤ ᠶᠢ ᠡᠭᠦᠳᠦᠨ ᠪᠠᠶᠢᠭᠤᠯᠬᠤ ᠪᠡ ᠬᠦᠲᠡᠭᠡ ᠲᠤᠰᠬᠤᠨ ᠢ ᠴᠡᠭᠴᠡᠯᠡᠨ | ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠠᠵᠠ ᠲᠤᠬᠢᠶᠠᠯ ᠢ ᠠᠳᠬᠤᠵᠦ᠂ ᠬᠤᠲᠡ ᠪᠠᠯᠭᠠᠰᠤᠨ ᠤ | ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢ ᠤᠯᠠᠮ ᠨᠢᠭᠡ ᠠᠯᠬᠤᠮ ᠲᠡᠭᠦᠯᠲᠡᠷᠵᠢᠭᠦᠯᠵᠦ᠂ | ᠦᠢᠯᠡᠴᠢᠯᠡᠭᠡᠨ ᠤ ᠴᠢᠳᠠᠪᠬᠢ ᠶᠢᠨ ᠪᠦᠲᠦᠴᠡ ᠶᠢ ᠰᠢᠯᠢᠲᠡᠭᠵᠢᠭᠦᠯᠵᠦ᠂ ᠶᠠᠷᠦᠩᠬᠡᠶᠢᠯᠡᠭᠰᠡᠨ ᠲᠠᠭᠠᠴᠢᠯᠠᠬᠤ ᠴᠢᠳᠠᠪᠦᠷᠢ ᠶᠢ | ᠲᠡᠭᠡᠭᠰᠢᠯᠡᠭᠦᠯᠵᠦ᠂ ᠪᠠᠲᠤᠬᠠᠭᠠᠯᠭ᠎ᠠ ᠶᠢᠨ ᠬᠤᠲᠡ ᠪᠠᠯᠭᠠᠰᠤᠨ ᠤ ᠪᠦᠲᠦᠭᠡᠨ ᠪᠠᠶᠢᠭᠤᠯᠤᠯᠲᠡ ᠨᠢ ᠰᠢᠨᠵᠢᠯᠡᠬᠦ ᠤᠬᠠᠭᠠᠨᠴᠢ | ᠪᠠᠷ ᠲᠦᠯᠦᠪᠯᠡᠭᠰᠡᠨ᠂ ᠬᠡᠪᠴᠢᠶᠡᠵᠢᠭᠰᠡᠨ ᠪᠦᠲᠦᠭᠡᠨ ᠪᠠᠶᠢᠭᠤᠯᠤᠯᠲᠡ᠂ ᠲᠦᠷᠢᠮᠵᠢᠭᠰᠡᠨ ᠬᠠᠮᠢᠶᠠᠷᠤᠯᠲᠡ ᠶᠢᠨ ᠵᠦᠭ | ᠲᠠᠰᠤᠷᠠᠯᠲᠡ ᠦᠭᠡᠢ ᠤᠷᠤᠭᠰᠢᠯᠠᠵᠦ᠂ ᠨᠢᠭᠡᠨ ᠴᠤ᠋ ᠰᠢᠨ᠎ᠡ ᠪᠠᠲᠤᠬᠠᠭᠠᠯᠭ᠎ᠠ ᠪᠠᠯᠭᠠᠰᠤ ᠠᠷᠠᠳ ᠤᠯᠠᠨ ᠤ ᠰᠠᠭᠤᠷᠢᠰᠢᠬᠤ | ᠳᠤ ᠲᠤᠬᠢᠲᠠᠢ ᠤᠷᠴᠢᠨ ᠲᠤᠭᠤᠷᠢᠨ ᠢ ᠡᠭᠦᠳᠦᠭᠰᠡᠨ ᠪᠠᠶᠢᠨ᠎ᠡ᠃ | ᠬᠤᠲᠡ ᠶᠢᠨ ᠲᠦᠷᠢ ᠲᠦᠷᠬᠦ ᠶᠢ ᠦᠭᠡᠷᠡᠴᠢᠯᠡᠵᠦ᠂ ᠲᠠᠭᠠᠴᠢᠯᠠᠬᠤ ᠴᠢᠳᠠᠪᠤᠷᠢ ᠪᠡ ᠲᠤᠬᠢᠲᠠᠢ ᠰᠠᠭᠤᠴᠡ ᠶᠢᠨ | ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠦᠯᠦᠭᠡ᠂ ᠪᠠᠲᠤᠬᠠᠭᠠᠯᠭ᠎ᠠ ᠪᠠᠯᠭᠠᠰᠤ ᠶᠢ | ︽ᠲᠤᠩᠭᠠᠯᠠᠭ ᠤᠰᠤ ᠬᠦᠷᠢᠶᠠᠯᠡᠭᠰᠡᠨ᠂ ᠤᠢ ᠮᠤᠲᠦ ᠨᠤᠭᠤᠭᠠᠷᠠᠭᠰᠡᠨ ᠦᠵᠡᠰᠭᠦᠯᠡᠩᠲᠦ ᠰᠠᠶᠢᠬᠠᠨ︾ ᠤᠮᠠᠷᠠᠲᠦ ᠬᠢᠯᠢ | ᠶᠢᠨ ᠵᠠᠩ ᠦᠢᠯᠡ ᠶᠢᠨ ᠰᠤᠶᠤᠯ ᠵᠤᠭᠠᠴᠡᠯ ᠤᠨ ᠨᠠᠷᠡᠲᠦ ᠪᠠᠯᠭᠠᠰᠤ ᠪᠤᠯᠭᠠᠨ ᠡᠭᠦᠳᠦᠨ ᠪᠠᠶᠢᠭᠤᠯᠬᠤ ᠪᠠᠷ᠂ ᠲᠠᠷᠠᠬᠨ | ᠮᠤᠤᠮᠢᠩᠭᠠᠨ ᠬᠤᠯᠪᠤᠭᠠᠲᠦ ᠬᠤᠰᠢᠭᠤ ᠦᠨᠦ ᠵᠢᠯ ᠳᠤ ᠬᠤᠲᠡ ᠶᠢᠨ ᠪᠦᠲᠦᠭᠡᠨ ᠪᠠᠶᠢᠭᠤᠯᠤᠯᠲᠡ ᠶᠢᠨ ᠭᠤᠤᠯᠳᠠᠯᠭ᠎ᠠ | ᠲᠠᠢ ᠲᠦᠷᠦᠯ ᠵᠦᠢᠯ 14 ᠢ ᠬᠡᠷᠡᠭᠵᠢᠭᠦᠯᠬᠦ ᠪᠠᠷ ᠲᠦᠯᠦᠪᠯᠡᠵᠦ᠂ ᠶᠡᠷᠦᠩᠬᠡᠢ ᠪᠡᠯᠡ ᠤᠷᠤᠭᠤᠯᠤᠯᠲᠡ ᠨᠢ 2024 | ᠳ᠋ᠦᠩᠰᠢᠭᠤᠷ ᠲᠦᠭᠦᠷᠢᠭ ᠪᠠᠶᠢᠵᠦ᠂ ᠲᠤᠰ ᠵᠢᠯ ᠳᠡᠭᠡᠨ 7.99 ᠳ᠋ᠦᠩᠰᠢᠭᠤᠷ ᠲᠦᠭᠦᠷᠢᠭ ᠤᠨ ᠪᠡᠯᠡ | ᠤᠷᠤᠯᠠᠭᠤᠯᠤᠯᠲᠡ ᠶᠢ ᠪᠠᠶᠠᠯᠡᠭᠦᠯᠬᠦ ᠪᠠᠷ ᠲᠦᠯᠦᠪᠯᠡᠵᠦ ᠪᠠᠶᠢᠨ᠎ᠡ᠃ | ᠪᠠᠳᠤᠬᠠᠭᠠᠯᠭ᠎ᠠ ᠪᠠᠯᠭᠠᠰᠤᠨ ᠤ ᠬᠤᠲᠡ ᠶᠢᠨ ᠶᠠᠷᠦᠩᠬᠡᠢ ᠲᠦᠯᠦᠪᠯᠡᠭᠡ ᠪᠠᠷ ᠬᠤᠲᠡ ᠶᠢᠨ ᠵᠠᠰᠠᠭ ᠤᠨ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢ ᠶᠡᠭᠡ ᠪᠠᠷ ᠠᠬᠢᠭᠤᠯᠵᠦ᠂ ᠬᠤᠲᠡ ᠶᠢᠨ ᠵᠠᠰᠠᠭ ᠪᠡ ᠤᠢ | ᠴᠡᠴᠡᠷᠯᠢᠭ ᠤᠨ ᠲᠦᠭᠦᠭᠡᠷᠦᠮᠵᠢ ᠶᠢ ᠲᠡᠰ ᠲᠡᠪᠰᠢᠭᠦᠯᠬᠦ᠂ ᠵᠡᠭᠡᠯᠢ ᠭᠤᠲᠤᠮᠵᠢ ᠶᠢᠨ ᠦᠵᠡᠮᠵᠢ ᠶᠢᠨ ᠦᠭᠡᠷᠡᠴᠢᠯᠡᠯᠲᠡ | ᠵᠠᠷᠭᠡ ᠢᠨᠵᠧᠨᠧᠷᠢᠩ᠂ ᠰᠢᠨ᠎ᠡ ᠬᠤᠲᠡ ᠲᠤᠭᠤᠷᠢᠭ ᠤᠨ ᠬᠤᠲᠡ ᠶᠢᠨ ᠵᠠᠰᠠᠭ ᠤᠨ ᠰᠠᠭᠤᠷᠢ ᠲᠦᠭᠦᠭᠡᠷᠦᠮᠵᠢ ᠶᠢᠨ | ᠦᠷᠭᠦᠯᠵᠢᠯᠡᠭᠰᠡᠨ ᠪᠦᠲᠦᠭᠡᠨ ᠪᠠᠶᠢᠭᠤᠯᠤᠯᠲᠡ ᠶᠢᠨ ᠢᠨᠵᠧᠨᠧᠷᠢᠩ ᠢ ᠪᠠᠶᠠᠯᠡᠭᠦᠯᠵᠦ᠂ ᠪᠠᠲᠤᠬᠠᠭᠠᠯᠭ᠎ᠠ ᠪᠠᠯᠭᠠᠰᠤᠨ ᠤ | ᠪᠤᠬᠢᠷᠲᠦᠯ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠦᠷᠭᠡᠳᠭᠡᠬᠦ ᠦᠭᠡᠷᠡᠴᠢᠯᠡᠯᠲᠡ᠂ ᠰᠠᠯᠬᠢᠨ ᠬᠦᠴᠦ ᠪᠠᠷ | ᠴᠠᠬᠢᠯᠭᠠᠨ ᠭᠠᠷᠭᠠᠵᠦ᠂ ᠢᠯᠴᠢ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ ᠬᠤᠲᠡ ᠪᠠᠯᠭᠠᠰᠤᠨ ᠤ ᠶᠡᠷᠦᠩᠬᠡᠶᠢᠯᠡᠭᠰᠡᠨ | ᠲᠠᠭᠠᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠡ ᠶᠢᠨ ᠵᠠᠰᠠᠭ ᠤᠨ ᠤᠢ ᠴᠡᠴᠡᠷᠯᠢᠭ | ᠤᠨ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠵᠦ᠂ ᠬᠠᠰᠠᠷ ᠴᠡᠴᠡᠷᠯᠢᠭ ᠤᠨ ᠦᠷᠬᠦᠯᠵᠢᠯᠡᠭᠰᠡᠨ ᠪᠦᠲᠦᠭᠡᠨ | ᠪᠠᠶᠢᠭᠤᠯᠤᠯᠲᠡ᠂ ᠭᠤᠤᠯ ᠤᠨ ᠵᠠᠮ ᠤᠨ ᠠᠮᠢ ᠠᠬᠤᠢ ᠶᠢ ᠰᠡᠷᠭᠦᠭᠡᠬᠦ ᠵᠠᠷᠭᠡ ᠵᠠᠯᠭᠠᠮᠵᠢ ᠢᠨᠵᠧᠨᠧᠷᠢᠩ ᠢ ᠪᠠᠶᠠᠯᠡᠭᠦᠯᠵᠦ᠂ | ᠤᠳᠤ ᠪᠠᠶᠢᠭ᠎ᠠ ᠴᠡᠴᠡᠷᠯᠢᠭ ᠠᠭᠤᠳᠠᠮ ᠲᠠᠯᠠᠪᠠᠢ ᠶᠢᠨ ᠨᠦᠬᠦᠵᠦ ᠲᠠᠷᠢᠬᠤ ᠶᠢ ᠪᠦᠲᠦᠮᠵᠢᠲᠠᠢ ᠬᠢᠵᠦ᠂ ᠪᠦᠲᠦᠭᠡᠨ | ᠪᠠᠶᠢᠭᠤᠯᠤᠭᠰᠠᠨ ᠨᠤᠭᠤᠭᠠᠷᠠᠭᠤᠯᠤᠯᠲᠡ ᠶᠢᠨ ᠲᠠᠯᠠᠪᠠᠢ ᠶᠢ10 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠲᠡᠭᠦᠯᠵᠦ᠂ | ᠬᠤᠲᠡ ᠪᠠᠯᠭᠠᠰᠤ ᠶᠢ ᠤᠯᠠᠮ ᠭᠤᠶᠤ ᠪᠤᠯᠭᠠᠵᠦ᠂ ᠠᠭᠤᠯᠡ ᠤᠰᠤᠨ ᠤ ᠬᠤᠲᠡ ᠪᠠᠯᠭᠠᠰᠤ ᠶᠢᠨ ᠤᠨᠴᠠᠯᠢᠬᠲᠦ ᠲᠠᠳᠠᠬᠤ | ᠬᠦᠴᠦᠨ ᠢ ᠢᠯᠡᠷᠡᠭᠦᠯᠦᠭᠰᠡᠨ ᠪᠠᠶᠢᠨ᠎ᠡ᠃ ᠲᠦᠭᠦᠮ ᠪᠦᠲᠦᠴᠡᠲᠦ ᠤᠷᠤᠨ ᠰᠠᠭᠤᠴᠡ ᠶᠢᠨ ᠦᠭᠡᠷᠡᠴᠢᠯᠡᠯᠲᠡ ᠶᠢᠨ | ᠡᠭᠦᠷᠭᠡ ᠶᠢ ᠪᠦᠭᠦ ᠲᠡᠯ᠎ᠡ ᠪᠠᠷ ᠪᠡᠶᠠᠯᠡᠭᠦᠯᠵᠦ᠂ ᠬᠤᠳᠠᠯᠳᠤᠭᠠᠴᠢᠨ ᠤᠷᠢᠵᠦ ᠪᠡᠯᠡ ᠤᠷᠤᠭᠤᠯᠵᠦ᠂ ᠰᠤᠶᠤᠯ ᠵᠢᠭᠤᠯᠴᠢᠯᠡᠯ | ᠤᠨ ᠠᠵᠦ ᠦᠢᠯᠡᠰ ᠤᠨ ᠲᠤᠭᠤᠷᠢᠭ᠂ ᠭᠤᠤᠯ ᠤᠨ ᠵᠠᠭᠦᠨᠲᠡᠬᠢ ᠰᠢᠨ᠎ᠡ ᠲᠤᠭᠤᠷᠢᠭ ᠤᠨ ᠭᠡᠷ ᠭᠠᠵᠠᠷ ᠬᠦᠷᠦᠩᠬᠡ ᠶᠢᠨ | ᠨᠠᠭᠡᠭᠡᠯᠲᠡ ᠵᠠᠷᠭᠡ ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠰᠠᠭᠤᠷᠢᠰᠢᠬᠤ ᠤᠷᠴᠢᠨ ᠨᠦᠬᠦᠴᠡᠯ ᠢ | ᠦᠨᠡᠨᠬᠦ ᠰᠠᠶᠢᠵᠢᠷᠠᠭᠤᠯᠵᠦ᠂ ᠬᠤᠲᠡ ᠪᠠᠯᠭᠠᠰᠤᠨ ᠤ ᠲᠡᠰ ᠲᠦᠪᠰᠢᠨ ᠢ ᠲᠡᠭᠡᠭᠰᠢᠯᠡᠭᠦᠯᠦᠭᠰᠡᠨ ᠪᠠᠶᠢᠨ᠎ᠡ᠃ | ᠲᠦᠷᠦᠯ ᠵᠦᠢᠯ ᠢ ᠴᠢᠩᠭ᠎ᠠ ᠠᠳᠬᠤᠬᠤ ᠶᠢᠨ ᠬᠠᠮᠲᠦ ᠮᠠᠨ ᠤ ᠬᠤᠰᠢᠭᠤ ᠭᠤᠤᠯᠳᠠᠯᠭ᠎ᠠ ᠲᠠᠢ ᠲᠦᠷᠦᠯ ᠵᠦᠢᠯ | ᠤᠨ ᠮᠦᠷᠳᠡᠨ ᠦᠢᠯᠡᠴᠢᠯᠡᠭᠡᠨ ᠢ ᠤᠯᠠᠮ ᠨᠢᠭᠡ ᠠᠯᠬᠤᠮ ᠴᠢᠩᠭᠠᠳᠬᠠᠵᠦ᠂ ᠪᠠᠲᠤᠬᠠᠭᠠᠯᠭ᠎ᠠ ᠪᠠᠯᠭᠠᠰᠤᠨ ᠤ ᠬᠤᠲᠡ ᠶᠢᠨ | ᠶᠠᠷᠦᠩᠬᠡᠢ ᠲᠦᠯᠦᠪᠯᠡᠭᠡ᠂ ᠬᠢᠵᠠᠭᠠᠷᠯᠠᠬᠤ ᠴᠢᠨᠠᠷᠲᠠᠢ ᠨᠠᠷᠢᠯᠢᠭ ᠲᠦᠯᠦᠪᠯᠡᠭᠡ ᠪᠠᠷ ᠬᠢᠯᠠᠰ ᠴᠡᠭ ᠪᠡ ᠤᠨᠴᠠᠯᠢᠭ ᠢ | ᠲᠤᠪᠤᠶᠢᠯᠭᠠᠵᠦ᠂ ᠦᠨᠳᠦᠷ ᠲᠦᠷᠢᠮᠵᠢᠯ᠂ ᠦᠨᠳᠤᠷ ᠪᠠᠷᠢᠮᠵᠢᠶ᠎ᠡ ᠪᠠᠷ ᠪᠠᠳᠤᠬᠠᠭᠠᠯᠭ᠎ᠠ ᠪᠠᠯᠭᠠᠰᠤᠨ ᠤ ᠬᠠᠭᠤᠴᠢᠨ ᠬᠤᠲᠡ | ᠲᠤᠭᠤᠷᠢᠭ ᠤᠨ ᠲᠡᠰ ᠲᠡᠪᠰᠢᠭᠦᠯᠬᠦ ᠪᠡ ᠰᠢᠨ᠎ᠡ ᠲᠤᠭᠤᠷᠢᠭ ᠤᠨ ᠪᠦᠲᠦᠭᠡᠨ ᠪᠠᠶᠢᠭᠤᠯᠤᠯᠲᠡ ᠶᠢ ᠪᠡᠶᠡᠯᠡᠭᠦᠯᠵᠦ᠂ | ᠲᠦᠯᠦᠪᠯᠡᠭᠡᠨ ᠤ ᠬᠠᠦᠯᠢ ᠶᠢ ᠬᠡᠷᠡᠭᠵᠢᠭᠦᠯᠬᠦ ᠶᠢ ᠴᠢᠩᠭᠠᠳᠬᠠᠵᠦ᠂ ᠲᠦᠷᠢᠮ ᠢ ᠵᠦᠷᠢᠴᠡᠭᠰᠡᠨ ᠪᠠᠷᠢᠯᠭ᠎ᠠ ᠶᠢ ᠪᠠᠶᠢᠴᠠᠭᠠᠨ | ᠰᠢᠢᠳᠪᠦᠷᠢᠯᠡᠬᠦ ᠬᠦᠴᠦᠯᠡᠴᠡ ᠪᠠᠨ ᠶᠡᠭᠡᠳᠭᠡᠵᠦ᠂ ᠵᠢᠷᠤᠭ ᠲᠦᠯᠦᠪᠯᠡᠭᠡ ᠶᠢ ᠠᠮᠵᠢᠯᠲᠡ ᠲᠠᠢ ᠪᠡᠶᠡᠯᠡᠭᠦᠯᠬᠦ ᠶᠢ | ᠪᠠᠲᠤᠯᠠᠨ᠎ᠡ᠃ | ᠤᠳᠤᠬᠠᠨ ᠤ ᠪᠠᠳᠤᠬᠠᠭᠠᠯᠭ᠎ᠠ ᠪᠠᠯᠭᠠᠰᠦ ᠨᠢ᠂ ᠵᠤᠷᠪᠦᠰ ᠵᠤᠷᠪᠤᠰ ᠦᠷᠭᠡᠨ ᠲᠠᠷᠳᠠᠩ ᠵᠠᠮ᠂ ᠵᠢᠭᠲᠡᠷᠡᠭᠰᠡᠨ ᠴᠡᠪᠡᠷ | ᠲᠡᠭᠰᠢ ᠭᠤᠶᠤ ᠰᠠᠶᠢᠬᠠᠨ ᠠᠰᠠᠷ ᠪᠠᠷᠢᠯᠭ᠎ᠠ ᠪᠠᠷ ᠲᠦᠭᠦᠷᠴᠦ᠂ ᠮᠠᠰᠢᠨ ᠲᠡᠷᠭᠡ ᠬᠦᠷ ᠬᠦᠭᠵᠢᠶᠠᠨᠲᠠᠢ ᠨᠠᠭᠠᠰᠢ ᠴᠠᠭᠠᠰᠢ | ᠰᠦᠯᠵᠢᠯᠳᠤᠨ᠂ ᠲᠠᠯ᠎ᠡ ᠨᠤᠳᠤᠭ ᠤᠨ ᠨᠠᠷᠡᠲᠦ ᠪᠠᠯᠭᠠᠰᠦ ᠨᠢ ᠦᠵᠡᠰᠭᠦᠯᠡᠩᠲᠦ ᠰᠠᠶᠢᠬᠠᠨ ᠬᠤᠲᠡ ᠪᠠᠯᠭᠠᠰᠤ ᠪᠤᠯᠤᠭᠠᠳ | ᠲᠠᠯ᠎ᠡ ᠨᠤᠳᠤᠭ ᠤᠨ ᠲᠤᠬᠢᠲᠠᠢ ᠰᠠᠶᠢᠬᠠᠨ ᠰᠢᠨ᠎ᠡ ᠬᠡᠪ ᠪᠠᠶᠢᠲᠡᠯ ᠢᠶᠠᠷ ᠢᠷᠡᠭᠰᠡᠨ ᠤᠯᠠᠨ ᠳᠤ ᠪᠠᠨ ᠲᠠᠭᠠᠰᠢᠶᠠᠭᠲᠡᠨ᠂ | ᠵᠤᠭᠠᠴᠠᠭᠰᠡᠳ ᠢ ᠪᠠᠶᠠᠰᠬᠠᠳᠠᠭ ᠰᠠᠨ᠃ | | | | | | | | | | | | | | | | | | | | | | | | | | | | | | | | | | | | | | | | | | | | | | | | | | | | | | | | | | | | | |