| | | | ᠰᠤᠷᠪᠤᠯᠵᠢᠯᠠᠭ᠎ᠠ ᠶᠢᠨ ᠭᠦᠨᠲᠦᠲᠦ ᠵᠤᠴᠢᠨ᠄ ᠬᠤᠰᠢᠭᠤᠨ ᠤ ᠤᠰᠤᠨ ᠤ ᠶᠠᠪᠤᠳᠡᠯ ᠤᠨ ᠲᠤᠪᠴᠢᠶ᠎ᠡ ᠶᠢᠨ | ᠲᠠᠷᠤᠭ᠎ᠠ ᠭᠥᠸᠧ ᠼᠠᠢ | ᠰᠤᠷᠪᠤᠯᠵᠢᠯᠠᠭ᠎ᠠ ᠶᠢᠨ ᠴᠠᠭ ᠬᠤᠭᠤᠴᠠᠭ᠎ᠠ᠄ 2018 ᠤᠨ ᠤ 5 ᠰᠡᠷ᠎ᠡ ᠶᠢᠨ 18 ᠤ ᠡᠳᠤᠷ | ᠰᠤᠷᠪᠤᠯᠵᠢᠯᠠᠭ᠎ᠠ ᠶᠢᠨ ᠭᠤᠤᠯ ᠰᠡᠳᠤᠪ᠄ ᠤᠰᠤ ᠬᠠᠩᠭᠠᠬᠤ ᠰᠠᠭᠤᠷᠢ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠡ ᠶᠢ ᠠᠬᠢᠭᠤᠯᠵᠦ᠂ ᠬᠤᠲᠡ ᠪᠠᠯᠭᠠᠰᠤᠨ ᠤ ᠰᠠᠭᠤᠭᠠᠯᠢ ᠠᠷᠡᠳ ᠤᠨ ᠬᠠᠩᠭᠠᠯᠭ᠎ᠠ ᠶᠢᠨ ᠤᠰᠤᠨ ᠤ | ᠶᠠᠰᠦ ᠴᠢᠨᠠᠷ ᠢ ᠲᠡᠭᠡᠭᠰᠢᠯᠡᠭᠦᠯᠬᠦ | ᠬᠦᠲᠦᠯᠦᠭᠴᠢ᠄ ᠶᠠᠭᠤᠨ ᠳᠤ ᠪᠠᠳᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠤᠤᠷ ᠢ | ᠦᠭᠡᠷᠡᠴᠢᠯᠡᠨ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠤᠢ︖ | ᠭᠥᠸᠧ ᠼᠠᠢ᠄ ᠪᠠᠳᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠤᠤᠷ ᠢ ᠲᠡᠭᠡᠲᠦ ᠵᠠᠭᠤᠨ | ᠤ ᠲᠠᠯᠠᠭᠠᠳ ᠤᠨ ᠤ ᠡᠬᠢ ᠪᠠᠷ ᠡᠬᠢᠯᠡᠨ ᠪᠠᠶᠢᠭᠤᠯᠵᠦ᠂ ᠬᠡᠷᠡᠭᠯᠡᠭᠰᠡᠨ ᠴᠠᠭ ᠨᠢ ᠨᠢᠭᠡᠨᠲᠡ 40 ᠭᠠᠷᠤᠢ ᠵᠢᠯ ᠪᠤᠯᠵᠦ᠂ | ᠶᠡᠭᠡᠩᠬᠢ ᠬᠤᠭᠤᠯᠠᠢ ᠶᠢᠨ ᠲᠤᠤᠷ ᠨᠢ ᠬᠠᠭᠤᠴᠢᠷᠠᠵᠦ ᠡᠪᠲᠡᠷᠡᠭᠡᠳ᠂ ᠤᠰᠤ ᠲᠠᠮᠵᠢᠭᠤᠯᠬᠤ ᠬᠤᠭᠤᠯᠠᠢ ᠨᠢ ᠤᠯᠠᠨ | ᠤᠳᠠᠭ᠎ᠠ ᠠᠰᠭᠤᠳᠡᠯ ᠡᠭᠦᠰᠴᠦ᠂ ᠤᠰᠤ ᠶᠢ ᠶᠡᠭᠡᠪᠡᠷ ᠪᠦᠷᠢᠯᠭᠡᠵᠦ ᠪᠠᠶᠢᠬᠤ ᠪᠠᠷ ᠪᠠᠷᠠᠬᠤ ᠦᠭᠡᠢ ᠰᠠᠭᠤᠭᠠᠯᠢ ᠠᠷᠡᠳ | ᠤᠨ ᠬᠡᠪ ᠤᠨ ᠤᠰᠤ ᠬᠡᠷᠡᠭᠯᠡᠬᠦ ᠶᠢ ᠬᠦᠨᠲᠦ ᠨᠤᠴᠢᠲᠠᠢ ᠨᠦᠯᠦᠭᠡᠯᠡᠵᠦ ᠪᠠᠶᠢᠨ᠎ᠡ᠃ ᠪᠠᠳᠤᠬᠠᠭᠠᠯᠭ᠎ᠠ ᠪᠠᠯᠭᠠᠰᠤᠨ ᠤ | ᠤᠰᠤ ᠬᠠᠩᠭᠠᠬᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢ ᠠᠬᠢᠭᠤᠯᠵᠦ᠂ ᠬᠤᠲᠡ ᠪᠠᠯᠭᠠᠰᠤᠨ ᠤ | ᠬᠠᠩᠭᠠᠯᠭ᠎ᠠ ᠶᠢᠨ ᠤᠰᠤᠨ ᠤ ᠶᠠᠰᠦ ᠴᠢᠨᠠᠷ ᠢ ᠲᠡᠭᠡᠭᠰᠢᠯᠡᠭᠦᠯᠬᠦ ᠶᠢᠨ ᠲᠦᠯᠦᠭᠡ᠂ ᠬᠤᠭᠤᠯᠠᠢ ᠶᠢᠨ ᠲᠤᠤᠷ ᠢ | ᠦᠭᠡᠷᠡᠴᠢᠯᠡᠨ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠠᠯᠭᠠᠰᠤᠨ ᠤ ᠰᠠᠭᠤᠭᠠᠯᠢ ᠠᠷᠡᠳ ᠤᠨ | ᠬᠡᠷᠡᠭᠯᠡᠬᠦ ᠤᠰᠤᠨ ᠤ ᠶᠠᠰᠦ ᠴᠢᠨᠠᠷ ᠤᠨ ᠠᠰᠠᠭᠤᠳᠡᠯ ᠢ ᠰᠢᠢᠳᠪᠦᠷᠢᠯᠡᠬᠦ ᠶᠢᠨ ᠲᠦᠯᠦᠭᠡ ᠡᠨᠡ ᠵᠢᠯ ᠤᠰᠤ | ᠴᠡᠪᠡᠷᠰᠢᠭᠦᠯᠬᠦ ᠲᠦᠭᠦᠭᠡᠷᠦᠮᠵᠢ ᠰᠢᠨ᠎ᠡ ᠪᠠᠷ ᠨᠡᠮᠡᠭᠲᠡᠭᠦᠯᠵᠦ᠂ ᠲᠤᠰ ᠲᠦᠭᠦᠭᠡᠷᠦᠮᠵᠢ ᠪᠠᠶᠢᠭᠤᠯᠤᠭᠳᠠᠭᠰᠡᠨ ᠤ ᠲᠠᠷᠠᠭ᠎ᠠ᠂ | ᠤᠰᠤᠨ ᠤ ᠶᠠᠰᠦ ᠴᠢᠨᠠᠷ ᠢ ᠪᠦᠲᠦᠮᠵᠢᠲᠠᠢ ᠰᠠᠶᠢᠵᠢᠷᠠᠭᠤᠯᠵᠦ᠂ ᠪᠠᠲᠤᠬᠠᠭᠠᠯᠭ᠎ᠠ ᠪᠠᠯᠭᠠᠰᠤᠨ ᠤ ᠬᠠᠩᠭᠠᠯᠭ᠎ᠠ ᠶᠢᠨ | ᠤᠰᠤᠨ ᠤ ᠶᠠᠰᠦ ᠴᠢᠨᠠᠷ ᠢ ᠤᠮᠲᠡ ᠤᠰᠤᠨ ᠤ ᠪᠠᠷᠢᠮᠵᠢᠶ᠎ᠡ ᠳᠤ ᠬᠦᠷᠭᠡᠨ᠎ᠡ᠃ | ᠬᠦᠲᠦᠯᠦᠭᠴᠢ᠄ ᠲᠡ ᠪᠠᠳᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠤᠤᠷ ᠢ | ᠦᠭᠡᠷᠡᠴᠢᠯᠡᠨ ᠦᠷᠭᠡᠳᠭᠡᠨ ᠪᠠᠶᠢᠭᠤᠯᠬᠤ ᠢᠨᠵᠧᠨᠧᠷᠢᠩ ᠤᠨ ᠪᠦᠬᠦᠯᠢ ᠴᠤᠭᠴᠡ ᠶᠢᠨ ᠠᠬᠢᠴᠡ ᠶᠢᠨ ᠪᠠᠶᠢᠲᠡᠯ ᠢ | ᠲᠠᠨᠢᠯᠴᠠᠭᠤᠯᠬᠤ ᠤᠤ︖ | ᠭᠥᠸᠧ ᠼᠠᠢ᠄ ᠲᠠᠷᠬᠠᠨ ᠮᠤᠤᠮᠢᠩᠭᠠᠨ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠤᠰᠤ ᠬᠠᠩᠭᠠᠬᠤ | ᠬᠤᠭᠤᠯᠠᠢ ᠶᠢᠨ ᠲᠤᠤᠷ ᠢ ᠦᠭᠡᠷᠡᠴᠢᠯᠡᠨ ᠦᠷᠭᠡᠳᠭᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠢ 2016 | ᠤᠨ ᠤ 9 ᠰᠡᠷ᠎ᠡ ᠶᠢᠨ 15 ᠠᠴᠠ ᠡᠬᠢᠯᠡᠨ ᠪᠠᠶᠢᠭᠤᠯᠵᠦ᠂ 2017 ᠤᠨ ᠤ ᠡᠴᠤᠰ ᠪᠤᠯᠲᠡᠯ᠎ᠡ 22.6 ᠺᠢᠯᠤᠮᠧᠲᠷ | ᠤᠨ ᠬᠤᠭᠤᠯᠠᠢ ᠶᠢᠨ ᠲᠤᠤᠷ ᠢ ᠰᠢᠨ᠎ᠡ ᠪᠠᠷ ᠲᠤᠬᠢᠷᠠᠭᠤᠯᠵᠦ᠂ ᠬᠤᠭᠤᠯᠠᠢ ᠶᠢᠨ ᠲᠤᠤᠷ ᠤᠨ ᠪᠦᠲᠦᠭᠡᠨ ᠪᠠᠶᠢᠭᠤᠯᠤᠯᠲᠡ | ᠶᠢᠨ 70% ᠢ ᠪᠡᠶᠡᠯᠡᠭᠦᠯᠪᠡ︔ ᠪᠠᠶᠢᠴᠠᠭᠠᠬᠤ ᠬᠤᠳᠳᠤᠭ 43 ᠶᠢ ᠰᠢᠨ᠎ᠡ ᠪᠠᠷ ᠪᠠᠶᠢᠭᠤᠯᠵᠦ᠂ 5000 ᠲᠦᠮᠡᠨ | ᠲᠦᠭᠦᠷᠢᠭ ᠤᠨ ᠪᠡᠯᠡ ᠤᠷᠤᠭᠤᠯᠤᠯᠲᠡ ᠶᠢ ᠪᠡᠶᠡᠯᠡᠭᠦᠯᠪᠡ᠃ ᠡᠨᠡ ᠵᠢᠯ ᠤᠨ ᠪᠠᠶᠢᠭᠤᠯᠬᠤ ᠲᠦᠷᠦᠯ ᠵᠦᠢᠯ ᠪᠤᠯ | ᠭᠤᠤᠯᠳᠠᠭᠤ 8 ᠺᠢᠯᠤᠮᠧᠲᠷ ᠤᠨ ᠬᠤᠭᠤᠯᠠᠢ ᠶᠢᠨ ᠲᠤᠤᠷ ᠢ ᠦᠭᠡᠷᠡᠴᠢᠯᠡᠬᠦ ᠵᠢᠴᠢ ᠤᠰᠤ ᠴᠡᠪᠡᠷᠰᠢᠭᠦᠯᠬᠦ | ᠲᠦᠭᠦᠭᠡᠷᠦᠮᠵᠢ ᠤᠭᠰᠠᠷᠠᠬᠤ᠂ ᠤᠰᠤᠨ ᠤ ᠡᠬᠢ ᠬᠤᠳᠳᠤᠭ ᠢ ᠦᠭᠡᠷᠡᠴᠢᠯᠡᠨ ᠰᠢᠨᠡᠳᠭᠡᠬᠦ᠂ ᠬᠤᠭᠤᠯᠠᠢ ᠶᠢᠨ ᠲᠤᠤᠷ ᠢ | ᠬᠢᠨᠠᠨ ᠰᠢᠯᠭᠠᠬᠤ ᠰᠢᠰᠲ᠋ᠧᠮ ᠪᠠᠶᠢᠭᠤᠯᠬᠤ᠂ 4 ᠤᠰᠤᠨ ᠤ ᠦᠢᠯᠡᠳᠪᠦᠷᠢ ᠶᠢ ᠦᠭᠡᠷᠡᠴᠢᠯᠡᠨ ᠰᠢᠨᠡᠳᠭᠡᠬᠦ ᠢᠨᠵᠧᠨᠧᠷᠢᠩ | ᠪᠤᠯᠤᠨ᠎ᠡ᠃ ᠤᠳᠤ ᠶᠠᠭ ᠲᠠᠭᠠᠭᠠᠴᠢᠯᠠᠯᠲᠡ ᠵᠠᠷᠯᠠᠬᠤ ᠪᠡ ᠲᠠᠭᠠᠭᠠᠴᠢᠯᠠᠯᠲᠡ ᠬᠦᠯᠢᠶᠡᠬᠦ ᠭᠠᠷ ᠬᠦᠢᠴᠡᠳᠭᠡᠯ ᠢᠶᠠᠨ | ᠭᠦᠢᠴᠡᠳᠭᠡᠵᠦ᠂ ᠵᠢᠯ ᠤᠨ ᠡᠴᠤᠰ ᠪᠤᠯᠬᠤ ᠪᠠᠷ ᠪᠦᠲᠦᠭᠡᠨ ᠪᠠᠶᠢᠭᠤᠯᠤᠯᠲᠡ ᠶᠢ ᠪᠦᠬᠦᠨ ᠢ ᠪᠡᠶᠡᠯᠡᠭᠦᠯᠬᠦ ᠪᠠᠷ | ᠲᠦᠯᠦᠪᠯᠡᠵᠦ ᠪᠠᠶᠢᠨ᠎ᠡ᠃ | ᠬᠦᠲᠦᠯᠦᠭᠴᠢ᠄ ᠪᠠᠳᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠢᠨᠵᠧᠨᠧᠷᠢᠩ ᠢ ᠠᠬᠢᠭᠤᠯᠬᠤ ᠳᠤ ᠶᠠᠮᠠᠷ | ᠠᠷᠭ᠎ᠠ ᠬᠡᠮᠵᠢᠶ᠎ᠡ ᠠᠪᠬᠤ ᠪᠠᠷ ᠲᠦᠯᠦᠪᠯᠡᠵᠦ ᠪᠠᠶᠢᠬᠤ ᠪᠤᠢ︖ | ᠭᠥᠸᠧ ᠼᠠᠢ᠄ ᠪᠠᠳᠤᠬᠠᠭᠠᠯᠭ᠎ᠠ ᠪᠠᠯᠭᠠᠰᠤᠨ ᠤ ᠤᠰᠤ ᠬᠠᠩᠭᠠᠬᠤ ᠢᠨᠵᠧᠨᠧᠷᠢᠩ ᠢ 2018 ᠤᠨ ᠤ 4 | ᠰᠡᠷ᠎ᠡ ᠶᠢᠨ 20 ᠠᠴᠠ ᠡᠬᠢᠯᠡᠨ ᠪᠠᠶᠢᠭᠤᠯᠵᠦ᠂ ᠲᠤᠰ ᠵᠢᠯ ᠳᠤ 8 ᠺᠢᠯᠤᠮᠧᠲᠷ ᠤᠨ ᠬᠤᠭᠤᠯᠠᠢ ᠶᠢᠨ ᠲᠤᠤᠷ ᠢ | ᠦᠭᠡᠷᠡᠴᠢᠯᠡᠨ ᠪᠠᠶᠢᠭᠤᠯᠬᠤ ᠵᠢᠴᠢ ᠬᠤᠭᠤᠯᠠᠢ ᠶᠢᠨ ᠲᠤᠤᠷ ᠤᠨ ᠬᠠᠷᠢᠶᠠᠲᠦ ᠲᠦᠭᠦᠭᠡᠷᠦᠮᠵᠢ ᠶᠢᠨ ᠪᠦᠲᠦᠭᠡᠨ | ᠪᠠᠶᠢᠭᠤᠯᠤᠯᠲᠡ ᠶᠢ ᠬᠡᠷᠡᠭᠵᠢᠭᠦᠯᠬᠦ ᠶᠢᠨ ᠬᠠᠮᠲᠦ ᠬᠠᠭᠤᠴᠢᠷᠠᠵᠦ ᠡᠪᠳᠡᠷᠡᠭᠰᠡᠨ ᠬᠤᠭᠤᠯᠠᠢ ᠶᠢᠨ ᠲᠤᠤᠷ ᠢ ᠠᠷᠢᠯᠭᠠᠵᠦ᠂ | ᠰᠢᠨ᠎ᠡ ᠬᠤᠭᠤᠯᠠᠢ ᠶᠢᠨ ᠲᠤᠤᠷ ᠢ ᠵᠤᠯᠭᠠᠭᠤᠯᠤᠨ᠂ ᠰᠠᠶᠢᠳᠤᠷ ᠬᠦᠢᠴᠡᠳ ᠠᠰᠢᠭᠯᠠᠨᠡ᠃ 4 ᠤᠰᠤᠨ ᠤ ᠦᠢᠯᠡᠳᠪᠦᠷᠢ | ᠶᠢ ᠦᠭᠡᠷᠡᠴᠢᠯᠡᠨ ᠰᠢᠨᠡᠳᠭᠡᠬᠦ ᠢᠨᠵᠧᠨᠧᠷᠢᠩ ᠢ ᠬᠠᠮᠲᠦ ᠳᠤ ᠨᠢ ᠬᠡᠷᠡᠭᠵᠢᠭᠦᠯᠵᠦ᠂ 10 ᠰᠠᠷ᠎ᠡ ᠶᠢᠨ ᠡᠴᠤᠰ ᠪᠤᠯᠬᠤ | ᠳᠤ ᠪᠦᠬᠦ ᠲᠦᠷᠦᠯ ᠵᠦᠢᠯ ᠤᠨ ᠮᠤᠳᠤ ᠰᠢᠷᠤᠢ ᠶᠢᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠵᠢᠯ ᠤᠨ ᠡᠴᠤᠰ | ᠪᠤᠯᠬᠤ ᠳᠤ ᠤᠰᠤ ᠴᠡᠪᠡᠷᠰᠢᠭᠦᠯᠬᠦ ᠲᠦᠭᠦᠭᠡᠷᠦᠮᠵᠢ ᠤᠭᠰᠠᠷᠠᠬᠤ᠂ ᠲᠤᠷᠰᠢᠬᠤ ᠪᠡ ᠠᠰᠢᠭᠯᠠᠯᠲᠡ ᠳᠤ ᠤᠷᠤᠭᠤᠯᠬᠤ | ᠠᠵᠢᠯ ᠢ ᠪᠡᠶᠡᠯᠡᠭᠦᠯᠦᠨ᠎ᠡ᠃ ᠲᠤᠰ ᠢᠨᠵᠧᠨᠧᠷᠢᠩ ᠪᠠᠶᠢᠭᠤᠯᠤᠭᠳᠠᠭᠰᠡᠨ ᠤ ᠲᠠᠷᠠᠭ᠎ᠠ ᠤᠳᠤᠬᠠᠨ ᠤ ᠤᠰᠤ ᠬᠠᠩᠭᠠᠬᠤ | ᠰᠢᠰᠲ᠋ᠧᠮ ᠤᠨ ᠪᠠᠶᠢᠷᠢᠰᠢᠯ ᠢ ᠪᠦᠲᠦᠮᠵᠢᠲᠠᠢ ᠵᠤᠬᠢᠴᠠᠭᠤᠯᠵᠦ᠂ ᠤᠰᠤ ᠬᠠᠩᠭᠠᠬᠤ ᠶᠢᠨ ᠠᠶᠦᠯᠭᠦᠢ᠂ ᠠᠷᠪᠢᠲᠠᠢ᠂ | ᠵᠤᠬᠢᠰᠲᠠᠢ ᠪᠠᠶᠢᠬᠤ ᠶᠢ ᠪᠠᠲᠤᠯᠠᠵᠦ᠂ ᠤᠰᠤ ᠬᠠᠩᠭᠠᠬᠤ ᠬᠤᠭᠤᠯᠠᠢ ᠶᠢᠨ ᠲᠤᠤᠷ ᠢ ᠡᠷᠬᠢᠯᠲᠡ ᠶᠢᠨ ᠮᠠᠶ᠋ᠢᠭ ᠢᠶᠠᠷ | ᠪᠠᠶᠢᠷᠢᠯᠠᠭᠤᠯᠵᠦ ᠲᠠᠭᠤᠰᠤᠭᠰᠡᠨ ᠤ ᠲᠠᠷᠠᠭ᠎ᠠ ᠬᠠᠩᠭᠠᠬᠤ ᠤᠰᠤᠨ ᠤ ᠲᠠᠷᠤᠯᠲᠡ ᠶᠢ ᠪᠠᠷᠢᠮᠵᠢᠶ᠎ᠡ ᠳᠤ ᠬᠦᠷᠭᠡᠵᠦ᠂ | ᠤᠰᠤ ᠴᠡᠪᠡᠷᠰᠢᠭᠦᠯᠬᠦ ᠢᠨᠵᠧᠨᠧᠷᠢᠩ ᠢ ᠪᠠᠶᠢᠭᠤᠯᠤᠭᠰᠡᠨ ᠤ ᠲᠠᠷᠠᠭ᠎ᠠ ᠤᠰᠤᠨ ᠤ ᠴᠢᠨᠠᠷ ᠴᠢᠰᠠᠭ᠎ᠠ ᠶᠢ ᠤᠯᠠᠮ | ᠴᠢᠨᠠᠭᠰᠢᠲᠡ ᠲᠡᠭᠡᠭᠰᠢᠯᠡᠭᠦᠯᠵᠦ᠂ ᠨᠢᠭᠡᠲᠤᠯᠲᠠᠢ ᠲᠦᠯᠦᠪᠯᠡᠬᠦ᠂ ᠨᠢᠭᠡᠳᠤᠯᠲᠠᠢ ᠬᠠᠮᠢᠶᠠᠷᠬᠤ᠂ ᠵᠤᠬᠢᠰᠲᠠᠢ ᠲᠤᠬᠢᠷᠠᠭᠤᠯᠬᠤ᠂ | ᠡᠨᠧᠷᠬᠢ ᠶᠢᠨ ᠬᠤᠷᠤᠭᠲᠡᠯ ᠢ ᠪᠠᠭᠠᠰᠬᠠᠬᠤ᠂ ᠦᠷ᠎ᠡ ᠠᠰᠢᠭ ᠢ ᠨᠡᠮᠡᠭᠲᠡᠭᠦᠯᠬᠦ ᠵᠤᠷᠢᠯᠭ᠎ᠠ ᠳᠤ ᠪᠠᠨ ᠬᠦᠷᠦᠨ᠎ᠡ᠃ | | | |