ᠪᠠᠶᠢᠩᠭᠤ ᠶᠢᠨ ᠬᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠄ ᠸᠠᠩ ᠯᠢ ᠵᠢᠶᠦ᠋ᠨ
ᠨᠡᠶᠢᠲᠡᠯᠡᠭᠰᠡᠨ ᠴᠠᠭ᠄
2018-07-02
     
          ᠪᠠᠶᠢᠩᠭᠤ ᠶᠢᠨ ᠬᠡᠰᠢᠭᠦᠨ᠂ ᠬᠤᠰᠢᠭᠤ ᠨᠠᠮ ᠤᠨ ᠬᠤᠷᠢᠶ᠎ᠡ ᠶᠢᠨ ᠠᠯᠪᠠᠨ ᠭᠡᠷ ᠤᠨ ᠡᠷᠬᠢᠯᠡᠭᠴᠢ      ᠬᠤᠰᠢᠭᠤ ᠨᠠᠮ ᠤ ᠬᠤᠷᠢᠶᠠᠨ ᠤ ᠪᠤᠳᠠᠳᠠᠢ ᠠᠵᠢᠯ ᠤᠨ ᠡᠷᠬᠢᠯᠲᠡ ᠵᠤᠬᠢᠴᠠᠭᠤᠯᠭ᠎ᠠ ᠶᠢ ᠬᠠᠷᠢᠭᠤᠴᠠᠵᠦ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠦᠬᠡᠷᠡᠴᠢᠯᠡᠯᠲᠡ ᠶᠢᠨ ᠠᠯᠪᠠᠨ ᠭᠡᠷ ᠤᠨ ᠪᠦᠬᠦ ᠲᠡᠯ᠎ᠡ ᠶᠢᠨ ᠠᠵᠢᠯ ᠢ ᠡᠷᠬᠢᠯᠡᠵᠦ᠂ ᠬᠦᠯᠢᠶᠠᠨ ᠵᠤᠴᠢᠯᠠᠬᠤ ᠠᠯᠪᠠᠨ ᠭᠡᠷ ᠢ ᠬᠤᠪᠢᠳᠠᠨ ᠬᠠᠮᠢᠶᠠᠷᠴᠦ᠂ ᠰᠢᠪᠡᠷᠬᠦ᠋ᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠪᠦᠬᠦ ᠲᠡᠯ᠎ᠡ ᠶᠢᠨ ᠠᠵᠢᠯ ᠢ ᠡᠷᠬᠢᠯᠡᠨ ᠬᠠᠷᠢᠭᠤᠴᠠᠨ᠎ᠡ᠃ ᠲᠤᠪᠴᠢ ᠲᠠᠨᠢᠯᠴᠠᠭᠤᠯᠭ᠎ᠠ      ᠸᠠᠩ ᠯᠢ ᠵᠢᠶᠦ᠋ᠨ᠂ ᠡᠷᠡᠭᠲᠡᠶ᠂ ᠬᠢᠲᠠᠳ ᠦᠨᠳᠦᠰᠦᠲᠡᠨ᠂ 1972 ᠤᠨ ᠤ 1 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠦᠨ᠂ ᠨᠢᠭᠡᠳᠦᠭᠡᠷ ᠰᠤᠷᠤᠯᠭ᠎ᠠ ᠶᠢᠨ ᠨᠠᠮᠲᠠᠷ ᠨᠢ ᠲᠤᠮᠲᠡ ᠵᠡᠷᠭᠡ ᠶᠢᠨ ᠲᠤᠰᠬᠠᠶ ᠮᠡᠷᠭᠡᠵᠢᠯ᠂ 1995 ᠤᠨ ᠤ 11 ᠰᠠᠷ᠎ᠠ ᠳᠤ ᠤᠯᠠᠭᠠᠨᠴᠠᠪ ᠠᠶᠢᠮᠠᠭ ᠤᠨ ᠴᠠᠭᠳᠠᠭᠠᠨ ᠤ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠂ ᠤᠳᠤ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠴᠠᠭᠠᠵᠡ ᠶᠢᠨ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠴᠡᠶ᠂ 1998 ᠤᠨ ᠤ 6 ᠰᠠᠷ᠎ᠠ ᠳᠤ ᠡᠪ ᠬᠠᠮᠲᠤ ᠨᠠᠮ ᠳᠤ ᠡᠯᠰᠡᠭᠲᠡᠵᠦ᠂ 1995 ᠤᠨ ᠤ 11 ᠰᠠᠷ᠎ᠠ ᠳᠤ ᠠᠵᠢᠯ ᠳᠤ ᠣᠷᠣᠵᠠᠶ᠂ ᠣᠳᠣ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠲᠠᠢ᠃      1995.11 — 1997.03 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠴᠠᠭᠳᠠᠭ᠎ᠠ ᠶᠢᠨ ᠶᠡᠭᠡ ᠠᠩᠭᠢ ᠶᠢᠨ ᠲᠠᠩᠨᠠᠨ ᠪᠠᠶᠢᠴᠠᠭᠠᠭᠴᠢ ︵1995.07 — 1998.06 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠰᠤᠷᠤᠯᠴᠠᠪᠠ︶ ᠪᠠᠶᠢᠪᠡ︔      1997.03 — 2003.03 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠳᠣᠲᠣᠭᠠᠳᠤ ᠠᠯᠪᠠᠨ ᠤᠨ ᠠᠵᠢᠯᠲᠡᠨ᠂ ᠶᠡᠭᠡ ᠠᠩᠭᠢ ᠶᠢᠨ ᠳᠠᠷᠤᠭ᠎ᠠ ᠪᠠᠶᠢᠪᠡ︔      2003.03 — 2006.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠰᠠᠭ ᠤᠨ ᠶᠠᠪᠤᠳᠡᠯ ᠤᠨ ᠠᠯᠪᠠᠨ ᠭᠡᠷ ᠤᠨ ᠡᠷᠬᠢᠯᠡᠭᠴᠢ ᠪᠠᠶᠢᠪᠡ︔      2006.01 — 2008.03 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠪᠡᠷᠬᠦ᠋ᠷᠢᠶ᠎ᠡ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠪᠠᠶᠢᠪᠡ︔      2008.03 — 2011.03 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠦᠷᠦ ᠬᠠᠦᠯᠢ ᠴᠠᠭᠠᠵᠡ ᠶᠢᠨ ᠬᠤᠷᠢᠶ᠎ᠡ ᠶᠢᠨ ᠠᠮᠤᠷ ᠲᠣᠭᠲᠠᠭᠤᠨ ᠢ ᠬᠠᠮᠠᠭᠠᠯᠠᠬᠤ ᠠᠯᠪᠠᠨ ᠭᠡᠷ ᠤᠨ ᠳᠡᠳ᠋ ᠡᠷᠬᠢᠯᠡᠭᠴᠢ ᠪᠠᠶᠢᠪᠡ︔      2011.03 — 2013.01 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠪᠠᠶᠢᠪᠡ︔      2013.01 — 2014.12 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠭ᠎ᠠ ᠤᠩᠭᠤᠨ ᠰᠢᠶᠠᠩ ᠤᠨ ᠨᠠᠮ ᠤᠨ ᠬᠤᠷᠢᠶᠠᠨ ᠤ ᠱᠦᠵᠢ ᠪᠠᠶᠢᠪᠡ︔      2014.12 — 2018.05 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠡᠷᠬᠦ᠋ᠷᠢᠶ᠎ᠡ ᠪᠠᠯᠭᠠᠰᠦᠨ ᠤ ᠨᠠᠮ ᠤᠨ ᠬᠤᠷᠢᠶ᠎ᠠ ᠶᠢᠨ ᠭᠡᠰᠢᠭᠦᠨ᠂ ᠨᠠᠮ ᠤᠨ ᠬᠤᠷᠢᠶ᠎ᠠ ᠶᠢᠨ ᠱᠦᠵᠢ ᠪᠠᠶᠢᠪᠡ︔      2018.05 — 2019.09 ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠰᠢᠪᠡᠷᠬᠦ᠋ᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠶᠢᠪᠡ︔      2019.09 — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ ᠲᠣᠰᠢᠶᠡᠯ ᠢ ᠬᠠᠷᠢᠭᠤᠴᠠᠵᠦ ᠪᠤᠢ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号