ᠲᠠᠷᠬᠠᠨ ᠮᠤᠤᠮᠢᠩᠭᠠᠨ ᠤ ᠤᠶᠠᠩᠭ᠎ᠠ ᠤᠨᠳᠤᠷᠤᠭᠰᠡᠨ ᠲᠠᠯ᠎ᠡ ᠨᠤᠳᠤᠭ ᠤᠨ ᠦᠵᠡᠮᠵᠢ ᠶᠢᠨ ᠤᠷᠤᠨ
ᠨᠡᠶᠢᠲᠡᠯᠡᠭᠰᠡᠨ ᠴᠠᠭ᠄
2018-07-02
            ᠤᠶᠠᠩᠭ᠎ᠠ ᠤᠨᠳᠤᠷᠤᠭᠰᠡᠨ ᠲᠠᠯ᠎ᠡ ᠨᠤᠳᠤᠭ ᠤᠨ ᠦᠵᠡᠮᠵᠢ ᠶᠢᠨ ᠤᠷᠤᠨ ᠨᠢ ᠪᠠᠶ᠋ᠬᠠᠤᠪᠤᠭ᠎ᠠ ᠰᠤᠮᠤᠨ ᠤ ᠲᠠᠪᠰᠢᠯᠲᠦ ᠭᠠᠴᠠᠭᠠᠨ ᠤ ᠤᠯᠠᠭᠠᠨ ᠬᠠᠲᠡ ᠨᠤᠲᠤᠭ ᠲᠡᠭᠡᠷ᠎ᠡ ᠪᠠᠶᠢᠷᠢᠯᠠᠵᠦ᠂ ᠤᠨᠴᠠᠯᠢᠬᠲᠦ ᠬᠤᠭᠤᠯᠡ ᠤᠮᠳᠠᠭᠠᠨ ᠤ ᠮᠤᠩᠭᠤᠯ ᠭᠡᠷ 35᠂ ᠬᠤᠨᠤᠭᠯᠠᠵᠦ ᠪᠠᠭᠤᠳᠠᠯᠯᠠᠬᠤ ᠮᠤᠩᠭᠤᠯ ᠭᠡᠷ 128 ᠪᠠᠶᠢᠨ᠎ᠡ᠃ ᠦᠵᠡᠮᠵᠢ ᠶᠢᠨ ᠤᠷᠤᠨ ᠨᠢ ᠦᠨᠳᠦᠰᠦᠲᠡᠨ ᠤ ᠬᠤᠭᠤᠯᠡ ᠤᠮᠲᠡ ᠬᠤᠨᠤᠭ ᠪᠠᠭᠤᠳᠡᠯ ᠢᠶᠠᠷ ᠭᠤᠤᠯᠯᠠᠬᠤ ᠦᠢᠯᠡᠰ ᠢᠶᠠᠨ ᠪᠤᠯᠭᠠᠵᠦ᠂ ᠪᠦᠭᠡ ᠪᠠᠷᠢᠯᠳᠤᠬᠤ᠂ ᠰᠤᠷ ᠬᠠᠷᠪᠤᠬᠤ᠂ ᠮᠤᠷᠢ ᠤᠷᠤᠯᠳᠤᠬᠤ ᠵᠠᠷᠭᠡ ᠦᠨᠳᠦᠰᠦᠲᠡᠨ ᠤ ᠮᠦᠷᠦᠶᠢᠴᠡᠭᠡᠨ ᠤ ᠵᠦᠢᠯ ᠪᠤᠯᠤᠨ ᠲᠦᠳᠡᠭ ᠭᠠᠯ ᠤᠨ ᠦᠳᠡᠰᠢᠯᠡᠭᠡ᠂ ᠮᠠᠯᠴᠢᠳ ᠤᠨ ᠠᠮᠢᠳᠤᠷᠡᠯ ᠢ ᠪᠠᠶᠠᠴᠢᠯᠡᠨ ᠤᠶᠢᠯᠠᠭᠠᠬᠤ᠂ ᠦᠨᠳᠦᠰᠦᠲᠡᠨ ᠤ ᠤᠨᠴᠠᠯᠢᠭᠲᠦ ᠲᠡᠯᠭᠡᠭᠦᠷ ᠵᠢᠴᠢ ᠪᠤᠰᠤᠳ ᠦᠢᠯᠡᠴᠢᠯᠡᠭᠡᠨ ᠤ ᠢᠵᠢ ᠲᠦᠭᠦᠭᠡᠷᠦᠮᠵᠢ ᠶᠢ ᠪᠦᠷᠢᠳᠦᠭᠦᠯᠵᠦ᠂ ᠢᠲᠡᠵᠦ ᠤᠤᠭᠤᠬᠤ᠂ ᠬᠤᠨᠤᠵᠦ ᠬᠡᠪᠳᠡᠬᠦ᠂ ᠨᠡᠶᠢᠷᠯᠡᠵᠦ ᠴᠡᠩᠭᠡᠯᠳᠦᠬᠦ᠂ ᠲᠤᠭᠤᠷᠢᠨ ᠵᠤᠭᠠᠴᠠᠬᠤ ᠵᠠᠷᠭᠡ ᠡᠯ᠎ᠡ ᠵᠦᠢᠯ ᠤᠨ ᠴᠢᠳᠡᠮᠵᠢ  ᠶᠢ ᠪᠦᠷᠢᠨᠰᠢᠭᠦᠯᠦᠭᠰᠡᠨ ᠪᠠᠶᠢᠨ᠎ᠡ᠃       ᠤᠶᠠᠩᠭ᠎ᠠ ᠤᠨᠳᠤᠷᠤᠭᠰᠡᠨ ᠲᠡᠯ᠎ᠡ ᠨᠤᠳᠤᠭ ᠤᠨ ᠦᠵᠡᠮᠵᠢ ᠶᠢᠨ ᠤᠷᠤᠨ ᠨᠢ ᠠᠮᠢ ᠠᠬᠤᠢ ᠶᠢᠨ ᠲᠡᠯ᠎ᠡ ᠨᠤᠲᠤᠭ ᠤᠨ ᠪᠠᠶᠠᠴᠢᠯᠡᠨ ᠣᠶᠢᠯᠠᠭᠠᠬᠤ ᠵᠤᠭᠠᠴᠡᠯ ᠰᠡᠯᠡᠭᠦᠴᠡᠯ ᠤᠨ ᠦᠢᠯᠡᠰ ᠢ ᠪᠦᠲᠦᠭᠡᠨ ᠪᠠᠶᠢᠭᠤᠯᠬᠤ ᠪᠠᠷ ᠲᠠᠮᠵᠢᠨ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠦᠵᠡᠮᠵᠢ ᠪᠡ ᠮᠠᠯ ᠠᠵᠦ ᠠᠬᠤᠢ ᠶᠢᠨ ᠡᠬᠢ ᠰᠤᠷᠪᠤᠯᠵᠢ ᠶᠢᠨ ᠳᠠᠪᠠᠭᠤᠯᠢᠭ  ᠢ ᠭᠦᠢᠴᠡᠳ ᠪᠠᠲᠠᠷᠠᠭᠤᠯᠵᠦ᠂ ᠵᠢᠭᠤᠯᠴᠢᠯᠡᠯ ᠤᠨ ᠵᠠᠬ᠎ᠠ ᠲᠡᠯᠭᠡᠭᠦᠷ ᠪᠡ ᠦᠨᠳᠦᠰᠦᠲᠡᠨ ᠤ ᠦᠢᠯᠡᠳᠭᠦᠨ ᠢ ᠪᠤᠷᠤᠯᠠᠭᠤᠯᠬᠤ ᠠᠷᠭ᠎ᠠ ᠵᠠᠮ ᠢ ᠦᠷᠭᠡᠳᠭᠡᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠲᠡᠭᠦᠯᠵᠦ᠂ ᠭᠠᠵᠠᠷ ᠤᠷᠤᠨ  ᠤ ᠠᠵᠦ ᠠᠬᠤᠢ ᠶᠢᠨ ᠪᠦᠲᠦᠴᠡ ᠶᠢᠨ ᠲᠤᠬᠢᠷᠠᠭᠤᠯᠤᠯᠲᠡ ᠶᠢᠨ ᠲᠡᠰ ᠲᠡᠪᠰᠢᠭᠦᠯᠬᠦ ᠶᠢ ᠠᠬᠢᠭᠤᠯᠵᠦ ᠪᠠᠶᠢᠨ᠎ᠡ᠃

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号