ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠵᠠᠭᠠᠭᠯᠠᠨ ᠲᠤᠭᠳᠠᠭᠠᠬᠤ ᠶᠢ ᠬᠡᠷᠡᠭᠵᠢᠭᠦᠯᠬᠦ ᠲᠦᠰᠦᠯ︾ ᠢ ᠲᠠᠷᠬᠠᠭᠠᠬᠤ ᠲᠤᠬᠠᠢ ᠮᠡᠲᠡᠭᠲᠡᠯ
ᠨᠡᠶᠢᠲᠡᠯᠡᠭᠰᠡᠨ ᠴᠠᠭ᠄
2018-09-25
                   ᠲᠠᠷᠬᠠᠨ ᠮᠤᠤᠮᠢᠩᠭᠠᠨ ᠵᠠᠰᠠᠭ ᠠᠯᠪᠠᠨ ᠲᠠᠷᠬᠠᠭᠠᠬᠰᠡᠨ ﹇2018﹈ 25 ᠳ᠋ᠤᠭᠠᠷ ᠲᠤᠭᠠᠲᠦᠡᠯ᠎ᠡ ᠰᠤᠮᠤ ᠰᠢᠶᠠᠩ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳᠪᠦᠷᠢ ᠶᠢᠨ ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠤᠰᠢᠭᠤᠨ ᠤ ᠡᠯ᠎ᠡ ᠰᠢᠭᠤᠳ ᠬᠠᠷᠢᠶ᠎ᠡ ᠰᠠᠯᠠᠭ᠎ᠠ ᠮᠦᠴᠢᠷ ᠪᠠᠶᠢᠭᠤᠯᠭ᠎ᠠ᠂ ᠡᠯ᠎ᠡ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ᠄      ᠲᠠᠷᠬᠠᠨ ᠮᠤᠤᠮᠢᠩᠭᠠᠨ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ᠂ ᠲᠤᠤᠷ᠎ᠡ ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠵᠠᠭᠠᠭᠯᠠᠨ ᠲᠤᠭᠳᠠᠭᠠᠬᠤ ᠶᠢ ᠬᠡᠷᠡᠭᠵᠢᠭᠦᠯᠬᠦ ᠲᠦᠰᠦᠯ︾ ᠢ ᠲᠠ ᠤᠯᠠᠨ ᠳᠤ ᠲᠠᠷᠬᠠᠭᠠᠯ᠎ᠡ᠃ ᠪᠤᠳᠠᠳᠠᠢ ᠪᠠᠶᠢᠲᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠠᠢ᠃                                                           ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ                                       ᠠᠷᠡᠳ ᠤᠨ ᠵᠠᠰᠠᠭ ᠤᠨ ᠤᠷᠳᠤᠨ ᠤ ᠠᠯᠪᠠᠨ ᠭᠡᠷ                                       2018 ᠤᠨ ᠤ 6 ᠰᠡᠷ᠎ᠡ ᠶᠢᠨ 26 ᠤ ᠡᠳᠤᠷ          ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠵᠠᠭᠠᠭᠯᠠᠨ ᠲᠤᠭᠳᠠᠭᠠᠬᠤ ᠶᠢ ᠬᠡᠷᠡᠭᠵᠢᠭᠦᠯᠬᠦ ᠲᠦᠰᠦᠯ      ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ  ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠪᠠᠶᠢᠭᠤᠯᠬᠤ ᠪᠤᠯ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠡᠯ ᠤᠨ ᠬᠤᠷᠢᠶᠠᠨ ᠤ ᠬᠢᠭᠰᠡᠨ ᠴᠢᠬᠤᠯᠡ ᠪᠠᠶᠢᠯᠳᠤᠬᠤ ᠪᠤᠳᠤᠯᠭ᠎ᠠ ᠶᠢᠨ ᠰᠢᠢᠳᠪᠦᠷᠢ ᠪᠤᠯᠤᠨ ᠴᠢᠬᠤᠯᠡ ᠪᠠᠶᠢᠭᠤᠯᠤᠯ ᠤᠨ ᠴᠢᠨᠠᠷᠲᠠᠢ ᠲᠠᠢ ᠲᠤᠬᠢᠷᠠᠭᠤᠯᠤᠯᠲᠡ᠂ ᠲᠠᠷᠢᠶᠠᠯᠠᠩ ᠤᠨ ᠬᠠᠩᠭᠠᠯᠭ᠎ᠠ ᠶᠢᠨ ᠲᠡᠯ᠎ᠡ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠵᠦ᠂ ᠲᠠᠷᠢᠶᠠᠯᠠᠩ ᠤᠨ ᠤᠷᠤᠨ ᠪᠦᠰᠡ ᠶᠢᠨ ᠪᠠᠶᠢᠷᠢᠯᠡᠯ ᠢ ᠰᠢᠯᠢᠳᠡᠭᠵᠢᠭᠦᠯᠬᠦ ᠴᠢᠬᠤᠯᠡ ᠠᠷᠭ᠎ᠠ ᠮᠠᠶ᠋ᠢᠭ ᠪᠤᠯᠬᠤ ᠮᠦᠷᠲᠡᠭᠡᠨ ᠲᠠᠷᠢᠶᠠᠯᠠᠩ ᠤᠨ ᠲᠤᠬᠢᠷᠠᠭᠤᠯᠭ᠎ᠠ ᠡᠵᠡᠮᠰᠢᠯ ᠢ ᠲᠡᠭᠦᠯᠲᠡᠷᠵᠢᠭᠦᠯᠵᠦ᠂ ᠤᠳᠤᠬᠢᠴᠢᠯᠠᠭᠰᠡᠨ ᠲᠠᠷᠢᠶᠠᠯᠠᠩ ᠠᠵᠦ ᠠᠬᠤᠢ ᠶᠢᠨ ᠬᠦᠭᠵᠢᠯᠲᠡ ᠶᠢ ᠠᠬᠢᠭᠤᠯᠬᠤ ᠪᠦᠲᠦᠮᠵᠢᠲᠠᠢ ᠠᠷᠭ᠎ᠠ ᠵᠠᠮ ᠪᠤᠯᠤᠨ᠎ᠡ᠃ ᠪᠤᠭᠤᠲᠦ ᠬᠤᠲᠡ ᠶᠢᠨ ︽ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠵᠠᠭᠠᠭᠯᠠᠨ ᠲᠤᠭᠳᠠᠭᠠᠬᠤ ᠶᠢ ᠬᠡᠷᠡᠭᠵᠢᠭᠦᠯᠬᠦ ᠲᠦᠰᠦᠯ︾ ︵ᠪᠤᠭᠤᠲᠦ ᠵᠠᠰᠠᠭ ᠠᠯᠪᠠᠨ ᠲᠠᠷᠬᠠᠭᠠᠭᠰᠡᠨ ﹇2018﹈ 18 ᠳ᠋ᠤᠭᠠᠷ ᠲᠤᠭᠠᠲᠦ︶ ᠪᠤᠯᠤᠨ ︽ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠵᠠᠭᠠᠭᠯᠠᠨ ᠲᠤᠭᠳᠠᠭᠠᠬᠤ ᠠᠵᠢᠯ ᠢ ᠰᠠᠶᠢᠳᠤᠷ ᠬᠢᠬᠦ ᠲᠤᠬᠠᠢ ᠮᠡᠲᠡᠭᠲᠡᠯ︾ ︵ᠪᠤᠭᠤᠲᠦ ᠲᠠᠷᠢᠶᠠᠯᠠᠩ ᠲᠤᠪᠴᠢᠶ᠎ᠡ ᠲᠠᠷᠬᠠᠭᠠᠭᠰᠡᠨ ﹇2018﹈ 312 ᠳ᠋ᠤᠭᠠᠷ ᠲᠤᠭᠠᠲᠦ︶ ᠤᠨ ᠱᠠᠭᠠᠷᠲᠠᠯᠭ᠎ᠠ ᠢ ᠦᠨᠳᠦᠰᠦᠯᠡᠨ᠂ ᠮᠠᠨ ᠤ ᠬᠤᠰᠢᠭᠤᠨ ᠤ ᠪᠤᠳᠠᠳᠦ ᠪᠠᠶᠢᠲᠡᠯ ᠲᠠᠢ ᠤᠶᠠᠯᠳᠤᠭᠤᠯᠤᠨ ᠲᠤᠰ ᠲᠦᠰᠦᠯ ᠢ ᠲᠤᠭᠳᠠᠭᠠᠪᠡ᠃      ᠨᠢᠭᠡ᠂ ᠵᠢᠯᠤᠭᠤᠳᠬᠤ ᠦᠵᠡᠯ ᠰᠠᠨᠠᠭ᠎ᠠ      ᠡᠯ᠎ᠡ ᠱᠠᠳᠤᠨ ᠤ ᠲᠠᠷᠢᠶᠠᠯᠠᠩ ᠤᠨ ᠴᠢᠳᠠᠮᠵᠢᠲᠦ ᠤᠷᠤᠨ ᠤ ᠲᠦᠷᠢᠮ ᠪᠠᠶᠢᠭᠤᠯᠤᠯ ᠰᠢᠢᠳᠪᠦᠷᠢ ᠪᠠᠶᠢᠷᠢᠯᠠᠭᠤᠯᠤᠯᠲᠡ ᠶᠢ ᠨᠠᠶᠢᠳᠠᠪᠦᠷᠢᠵᠢᠭᠤᠯᠬᠤ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ᠂ ᠤᠯᠤᠰ ᠤᠨ ᠠᠮᠦ ᠪᠤᠳᠠᠭᠠᠨ  ᠤ ᠠᠮᠦᠷ ᠲᠦᠪᠰᠢᠨ ᠪᠡ ᠲᠠᠷᠢᠶᠠᠯᠠᠩ ᠤᠨ ᠪᠦᠲᠦᠭᠳᠡᠭᠦᠨ ᠤ ᠪᠦᠲᠦᠮᠵᠢᠲᠠᠢ ᠬᠠᠩᠭᠠᠯᠭ᠎ᠠ ᠶᠢ ᠪᠠᠳᠤᠯᠠᠬᠤ ᠪᠠᠷ ᠬᠠᠷᠠᠯᠲᠡ ᠪᠤᠯᠭᠠᠨ᠂ ᠲᠠᠷᠢᠶᠠᠯᠠᠩ ᠤᠨ ᠬᠠᠩᠭᠠᠯᠭ᠎ᠠ ᠶᠢᠨ ᠲᠡᠯ᠎ᠡ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠣᠭᠤᠮ ᠪᠤᠯᠭᠠᠨ᠂ ᠪᠠᠶᠠᠴᠢ ᠴᠤᠭᠴᠡ ᠶᠢᠨ ᠴᠢᠳᠠᠮᠵᠢᠲᠦ ᠤᠷᠤᠨ ᠤ ᠲᠦᠯᠦᠪᠯᠡᠭᠡ ᠪᠡ ᠲᠠᠪᠠᠭᠤᠯᠢᠭ ᠲᠠᠷᠢᠶᠠᠯᠠᠩ ᠤᠨ ᠪᠦᠲᠦᠭᠳᠡᠭᠦᠨ ᠤ ᠪᠠᠶᠢᠷᠢᠯᠡᠯ ᠢᠶᠠᠷ ᠲᠦᠰᠢᠭ ᠪᠤᠯᠭᠠᠨ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢᠶᠠᠷ ᠰᠠᠭᠤᠷᠢ ᠪᠤᠯᠭᠠᠨ᠂ ︽ᠬᠤᠶᠠᠷ ᠤᠷᠤᠨ︾ ᠤ ᠵᠠᠭᠠᠭᠯᠠᠯ ᠢ ᠨᠠᠷᠢᠨ ᠪᠤᠳᠠᠳᠠᠢ ᠲᠤᠭᠳᠠᠭᠠᠵᠦ᠂ ᠤᠷᠤᠨ ᠪᠦᠰᠡ ᠶᠢᠨ ᠪᠠᠶᠢᠷᠢᠯᠠᠯ ᠪᠡ ᠴᠢᠬᠤᠯᠡ ᠡᠯᠧᠮᠧᠨ᠋ᠲ ᠶᠢᠨ ᠤᠶᠠᠯᠳᠤᠯ ᠢ ᠰᠢᠯᠢᠲᠡᠭᠵᠢᠭᠦᠯᠵᠦ᠂ ᠲᠠᠷᠢᠶᠠᠯᠠᠩ ᠤᠨ ᠪᠦᠲᠦᠴᠡ ᠶᠢᠨ ᠲᠤᠬᠢᠷᠠᠭᠤᠯᠤᠯᠲᠡ ᠶᠢ ᠠᠬᠢᠭᠤᠯᠵᠦ᠂ ᠲᠠᠷᠢᠶᠠᠯᠠᠩ ᠤᠨ ᠪᠦᠲᠦᠭᠳᠡᠭᠦᠨ ᠤ ᠶᠠᠰᠦ ᠴᠢᠨᠠᠷ᠂ ᠦᠷ᠎ᠡ ᠠᠰᠢᠭ ᠪᠡ ᠵᠠᠬ᠎ᠠ ᠲᠡᠯᠭᠡᠭᠦᠷ ᠤᠨ ᠦᠷᠢᠰᠦᠯᠳᠤᠬᠦ ᠬᠦᠴᠦᠨ ᠢ ᠨᠡᠮᠡᠭᠲᠡᠭᠦᠯᠵᠦ᠂ ᠲᠠᠷᠢᠶᠠᠯᠠᠩ ᠤᠨ ᠤᠳᠤᠬᠢᠴᠢᠯᠠᠯᠲᠡ ᠶᠢᠨ ᠪᠦᠲᠦᠭᠡᠨ ᠪᠠᠶᠢᠭᠤᠯᠤᠯᠲᠡ ᠶᠢ ᠠᠬᠢᠭᠤᠯᠬᠤ ᠪᠡ ᠴᠢᠨᠡᠭᠡᠯᠢᠭ ᠨᠡᠶᠢᠭᠡᠮ ᠢ ᠪᠦᠬᠦ ᠲᠡᠯ᠎ᠡ ᠪᠠᠷ ᠪᠠᠶᠢᠭᠤᠯᠤᠨ ᠪᠦᠲᠦᠭᠡᠬᠦ  ᠳᠤ ᠪᠠᠲᠦ ᠪᠠᠬᠢ ᠰᠠᠭᠤᠷᠢ ᠶᠢ ᠲᠠᠯᠪᠢᠬᠤ ᠬᠡᠷᠡᠭᠲᠠᠢ᠃      ᠬᠤᠶᠠᠷ᠂ ᠡᠭᠦᠷᠭᠡ ᠬᠠᠷᠠᠯᠲᠡ      ᠪᠤᠭᠤᠲᠦ ᠬᠤᠲᠡ ᠮᠠᠨ ᠤ ᠬᠤᠰᠢᠭᠤᠨ ᠳᠤ 50 ᠲᠦᠮᠡᠨ ᠮᠦ ᠶᠢᠨ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠡᠭᠦᠷᠭᠡ ᠪᠠᠭᠤᠯᠭᠠᠵᠦ᠂ ᠡᠭᠦᠨ ᠤ ᠲᠤᠳᠤᠷ᠎ᠡ ᠡᠷᠳᠡᠨᠢ ᠰᠢᠰᠢ 30 ᠲᠦᠮᠡᠨ ᠮᠦ᠂ ᠪᠤᠭᠤᠲᠠᠢ 20 ᠲᠦᠮᠡᠨ ᠮᠦ᠃ ᠤᠯᠤᠰ᠂ ᠦᠪᠡᠷᠲᠡᠭᠡᠨ ᠵᠠᠰᠠᠬᠤ ᠤᠷᠤᠨ ᠪᠡ ᠪᠤᠭᠤᠲᠦ ᠬᠤᠲᠡ ᠶᠢᠨ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠶᠢ ᠬᠡᠷᠡᠭᠵᠢᠭᠦᠯᠬᠦ ᠨᠠᠷᠢᠨ ᠲᠦᠷᠢᠮ ᠢ ᠦᠨᠳᠦᠰᠦᠯᠡᠨ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠦᠷ᠎ᠡ ᠪᠦᠲᠦᠭᠡᠯ ᠢ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠠᠩᠰᠠᠯᠠᠭᠰᠡᠨ ᠠᠵᠢᠯ ᠤᠨ ᠲᠤᠭ᠎ᠠ ᠪᠠᠷᠢᠮᠲᠡ ᠪᠡ ᠦᠷ᠎ᠡ ᠪᠦᠲᠦᠭᠡᠯ ᠲᠠᠢ ᠨᠡᠶᠢᠴᠡᠭᠦᠯᠦᠨ ᠲᠠᠪᠬᠤᠴᠠᠭᠤᠯᠬᠤ ᠤᠴᠢᠷ ᠠᠴᠠ᠂ ᠮᠠᠨ ᠤ ᠬᠤᠰᠢᠭᠤᠨ  ᠤ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠨᠢ ᠵᠦᠪᠭᠡᠨ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠢ ᠨᠤᠳᠠᠯᠠᠭᠰᠡᠨ ᠪᠠᠭ᠎ᠠ ᠤᠩᠭᠤᠨ ᠰᠢᠶᠠᠩ᠂ ᠰᠢᠪᠡᠷᠬᠦ᠋ᠷᠢᠶ᠎ᠡ ᠪᠠᠯᠭᠠᠰᠤ᠂ ᠦᠬᠡᠷᠬᠤᠳᠳᠤᠭ ᠪᠠᠯᠭᠠᠰᠤ ᠪᠤᠯᠤᠨ ᠰᠢ ᠾᠧ ᠰᠢᠶᠠᠩ ᠳᠤ ᠦᠷᠨᠢᠭᠦᠯᠬᠦ ᠪᠤᠯᠤᠨ᠎ᠡ᠃ ᠵᠠᠭᠠᠭᠯᠠᠨ ᠲᠤᠭᠳᠠᠭᠠᠬᠤ ᠡᠭᠦᠷᠭᠡ ᠶᠢ ᠪᠦᠬᠦ ᠲᠡᠯ᠎ᠡ ᠪᠠᠷ ᠪᠠᠶᠡᠯᠡᠭᠦᠯᠬᠦ  ᠶᠢᠨ ᠲᠦᠯᠦᠭᠡ᠂ ᠮᠠᠨ ᠤ ᠬᠤᠰᠢᠭᠤᠨ ᠤ ᠭᠤᠤᠯᠯᠠᠬᠤ ᠲᠠᠷᠢᠮᠠᠯ ᠤᠨ ᠵᠦᠢᠯᠡᠰ ᠢᠶᠠᠷ ᠲᠡᠪᠡᠭᠤᠯᠢᠭ ᠤᠷᠤᠨ ᠪᠦᠰᠡ ᠶᠢᠨ ᠪᠠᠶᠢᠷᠢᠯᠡᠯ ᠪᠡ ᠲᠦᠷᠪᠡᠨ ᠰᠢᠶᠠᠩ ᠪᠠᠯᠭᠠᠰᠤᠨ ᠤ ᠤᠳᠤ ᠪᠠᠶᠢᠭ᠎ᠠ ᠲᠠᠷᠢᠶᠠᠨ ᠭᠠᠵᠠᠷ ᠤᠨ ᠲᠠᠯᠠᠪᠠᠢ᠂ ᠭᠠᠵᠠᠷ ᠤᠨ ᠦᠩ ᠰᠢᠮ᠎ᠡ ᠶᠢᠨ ᠲᠦᠪᠰᠢᠨ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠡ ᠶᠢᠨ ᠲᠠᠯᠠᠪᠠᠢ᠂ ᠲᠠᠷᠢᠮᠠᠯ  ᠤᠨ ᠵᠦᠢᠯᠡᠰ ᠤᠨ ᠲᠠᠷᠢᠬᠤ ᠲᠠᠯᠠᠪᠠᠢ ᠶᠢ ᠵᠠᠭᠠᠭᠯᠠᠨ ᠲᠤᠭᠳᠠᠭᠠᠬᠤ ᠵᠡᠷᠭᠡ ᠡᠯᠧᠮᠧᠨ᠋ᠲ ᠲᠠᠢ ᠤᠶᠠᠯᠳᠤᠭᠤᠯᠤᠨ᠂ ᠡᠯ᠎ᠡ ᠰᠢᠶᠠᠩ ᠪᠠᠯᠭᠠᠰᠤᠨ ᠤ ᠵᠠᠭᠠᠭᠯᠠᠨ ᠲᠤᠭᠳᠠᠭᠠᠬᠤ ᠡᠭᠦᠷᠭᠡ ︵ᠲᠠᠭᠠᠯᠲᠡ ᠶᠢ ᠦᠵᠡᠭᠡᠷᠡᠢ︶ ᠶᠢ ᠲᠤᠭᠳᠠᠭᠠᠨ᠂ ᠦᠪᠡᠷᠲᠡᠭᠡᠨ ᠵᠠᠰᠠᠬᠤ ᠤᠷᠤᠨ ᠪᠡ ᠪᠤᠭᠤᠲᠦ ᠬᠤᠲᠡ ᠶᠢᠨ ︽ᠭᠤᠷᠪᠠᠨ ᠵᠢᠯ ᠳᠤ ᠵᠠᠭᠠᠭᠯᠠᠨ ᠲᠤᠭᠳᠠᠭᠠᠵᠦ᠂ ᠲᠠᠪᠤᠨ ᠵᠢᠯ ᠳᠤ ᠪᠠᠶᠢᠭᠤᠯᠤᠨ ᠲᠠᠭᠤᠰᠬᠠᠵᠦ᠂ ᠡᠭᠦᠷᠢᠲᠡ ᠬᠠᠮᠢᠶᠠᠷᠤᠨ ᠬᠠᠮᠠᠭᠠᠯᠠᠬᠤ︾ ᠨᠢᠭᠡᠳᠤᠯᠲᠠᠢ ᠪᠠᠶᠢᠷᠢᠯᠠᠭᠤᠯᠤᠯᠲᠡ ᠶᠤᠰᠤᠭᠠᠷ᠂ 2018 ᠤᠨ ᠳᠤ ᠵᠠᠭᠠᠭᠯᠠᠨ ᠲᠤᠭᠳᠠᠭᠠᠬᠤ ᠠᠵᠢᠯ ᠢ ᠪᠦᠬᠦ ᠲᠡᠯ᠎ᠡ ᠪᠠᠷ ᠦᠷᠨᠢᠭᠦᠯᠵᠦ᠂ 2019 ᠤᠨ ᠤ ᠡᠴᠤᠰ ᠪᠤᠯᠬᠤ ᠪᠠᠷ ᠡᠬᠡ ᠵᠢᠷᠤᠭ ᠪᠦᠲᠦᠭᠡᠵᠦ᠂ ᠲᠠᠩᠰᠡᠯᠠᠨ ᠬᠦᠮᠦᠷᠭᠡᠯᠡᠬᠦ ᠶᠢᠨ ᠬᠠᠮᠲᠦ ᠱᠠᠲᠤ ᠲᠠᠷᠠᠭᠠᠯᠠᠨ ᠬᠤᠷᠢᠶᠠᠩᠭᠤᠶᠢᠯᠠᠵᠦ᠂ ᠲᠡᠭᠡᠷ᠎ᠡ ᠲᠤᠤᠷ᠎ᠡ ᠵᠤᠬᠢᠴᠠᠯᠳᠤᠭᠰᠡᠨ᠂ ᠲᠦᠷᠢᠮᠵᠢᠨ ᠨᠢᠭᠡᠳᠦᠭᠰᠡᠨ ᠮᠡᠲᠡᠭᠡ ᠵᠠᠩᠬᠢ ᠶᠢᠨ ᠰᠢᠰᠲ᠋ᠧᠮ ᠢ ᠪᠦᠷᠢᠯᠳᠤᠭᠦᠯᠦᠨ᠎ᠡ᠃       ᠭᠤᠷᠪᠡ᠂ ᠵᠠᠭᠠᠭᠯᠠᠨ ᠲᠤᠭᠳᠠᠭᠠᠬᠤ ᠦᠨᠳᠦᠰᠦᠯᠡᠯ      ︵ᠨᠢᠭᠡ︶ ︽ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠪᠠᠶᠢᠭᠤᠯᠬᠤ ᠲᠤᠬᠠᠢ ᠲᠦᠷᠦ ᠶᠢᠨ ᠶᠠᠪᠤᠳᠡᠯ  ᠤᠨ ᠬᠤᠷᠢᠶᠠᠨ ᠤ ᠵᠢᠯᠤᠭᠤᠳᠬᠤ ᠰᠠᠨᠠᠯ︾ ᠵᠢᠴᠢ ︽ᠪᠤᠭᠤᠲᠦ ᠬᠤᠲᠡ ᠶᠢᠨ ᠠᠮᠦ ᠪᠤᠳᠠᠭᠠᠨ ᠤ ᠦᠢᠯᠡᠳᠪᠦᠷᠢᠯᠡᠯ ᠤᠨ ᠴᠢᠲᠠᠮᠵᠢᠲᠦ ᠤᠷᠤᠨ ᠪᠡ ᠴᠢᠬᠤᠯᠡ ᠲᠠᠷᠢᠶᠠᠯᠠᠩ ᠤᠨ ᠪᠦᠲᠦᠭᠳᠡᠭᠦᠨ ᠤ ᠦᠢᠯᠡᠳᠪᠦᠷᠢᠯᠡᠯ ᠤᠨ ᠬᠠᠮᠠᠭᠠᠯᠠᠯᠲᠡ ᠶᠢᠨ ᠤᠷᠤᠨ ᠢ ᠵᠠᠭᠠᠭᠯᠠᠨ ᠲᠤᠭᠳᠠᠭᠠᠬᠤ ᠶᠢ ᠬᠡᠷᠡᠭᠵᠢᠭᠦᠯᠬᠦ ᠲᠦᠰᠦᠯ︾ ᠤᠨ ᠲᠤᠭᠳᠠᠭᠠᠯ ᠪᠡ ᠱᠠᠭᠠᠷᠲᠠᠯᠭ᠎ᠠ᠃      ︵ᠬᠤᠶᠠᠷ︶ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠤᠭᠳᠠᠭᠠᠭᠰᠡᠨ ᠦᠷ᠎ᠡ ᠪᠦᠲᠦᠭᠡᠯ᠂ ᠪᠦᠬᠦ ᠤᠯᠤᠰ ᠤᠨ ᠬᠤᠶᠠᠳᠠᠬᠢ ᠤᠳᠠᠭᠠᠨ ᠤ ᠭᠠᠵᠠᠷ ᠰᠢᠷᠤᠢ ᠶᠢᠨ ᠠᠰᠢᠭᠯᠠᠯᠲᠡ ᠶᠢᠨ ᠪᠠᠶᠢᠲᠡᠯ ᠢ ᠪᠠᠶᠢᠴᠠᠭᠠᠭᠰᠡᠨ ᠦᠷ᠎ᠡ ᠪᠦᠲᠦᠭᠡᠯ᠂ ᠬᠦᠲᠡᠭᠡ ᠲᠤᠰᠬᠤᠨ ᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠠᠩᠰᠠᠯᠠᠭᠰᠡᠨ ᠪᠡ ᠤᠯᠤᠰ ᠤᠨ ᠦᠮᠴᠢᠯᠡᠯᠲᠦ ᠲᠠᠷᠢᠶᠠᠯᠠᠩ ᠤᠨ ᠲᠠᠯᠠᠪᠡᠢ ᠶᠢᠨ ᠭᠠᠵᠠᠷ ᠰᠢᠷᠤᠢ ᠶᠢ ᠠᠰᠢᠭᠯᠠᠬᠤ ᠡᠷᠭᠡ  ᠶᠢ ᠨᠤᠳᠠᠯᠠᠨ ᠲᠠᠩᠰᠠᠯᠠᠭᠰᠡᠨ ᠦᠷ᠎ᠡ ᠪᠦᠲᠦᠭᠡᠯ᠂ ᠲᠠᠷᠢᠶᠠᠨ ᠭᠠᠵᠠᠷ ᠤᠨ ᠦᠩ ᠰᠢᠮ᠎ᠡ ᠶᠢᠨ ᠪᠠᠶᠢᠴᠠᠭᠠᠯᠲᠡ ᠪᠡ ᠶᠠᠰᠦ ᠴᠢᠨᠠᠷ ᠤᠨ ᠦᠨᠡᠯᠡᠯᠲᠡ ᠶᠢᠨ ᠦᠷ᠎ᠡ ᠪᠦᠲᠦᠭᠡᠯ ᠵᠡᠷᠭᠡ᠃      ︵ᠭᠤᠷᠪᠡ︶ ᠲᠠᠷᠬᠠᠨ ᠮᠤᠤᠮᠢᠩᠭᠠᠨ ᠬᠤᠰᠢᠭᠤᠨ ᠤ ᠤᠯᠤᠰ ᠠᠷᠡᠳ ᠤᠨ ᠠᠵᠦ ᠠᠬᠤᠢ ᠶᠢᠨ ᠬᠦᠭᠵᠢᠯᠲᠡ᠂ ᠤᠳᠦ ᠦᠶ᠎ᠡ ᠶᠢᠨ ᠲᠠᠷᠢᠶᠠᠯᠠᠩ ᠮᠠᠯ ᠠᠵᠦ ᠠᠬᠤᠢ᠂ ᠭᠠᠵᠠᠷ ᠰᠢᠷᠤᠢ ᠶᠢᠨ ᠠᠰᠢᠭᠯᠠᠯᠲᠡ᠂ ᠤᠰᠤᠨ ᠡᠬᠢ ᠪᠠᠶᠠᠯᠢᠭ ᠤᠨ ᠠᠰᠢᠭᠯᠠᠯᠲᠡ᠂ ᠬᠤᠲᠡ ᠬᠦᠲᠡᠭᠡ ᠶᠢᠨ ᠪᠦᠲᠦᠭᠡᠨ ᠪᠠᠶᠢᠭᠤᠯᠤᠯᠲᠡ᠂ ᠵᠠᠮ ᠬᠠᠷᠢᠯᠴᠠᠭ᠎ᠠ ᠵᠡᠷᠭᠡ ᠬᠠᠮᠢᠶ᠎ᠡ ᠪᠦᠭᠦᠢ ᠬᠦᠷᠢᠶᠡᠨ ᠳᠠᠬᠢ ︽ᠠᠷᠪᠠᠨ ᠭᠤᠷᠪᠠᠳᠤᠭᠠᠷ ᠲᠠᠪᠦᠨ ᠵᠢᠯ︾ ᠤᠨ ᠬᠤᠭᠤᠴᠠᠭᠠᠨ ᠳᠠᠬᠢ ᠬᠦᠭᠵᠢᠯᠲᠡ ᠶᠢᠨ ᠲᠦᠯᠦᠪᠯᠡᠭᠡ᠃      ︵ᠲᠦᠷᠪᠡ︶ ᠲᠠᠷᠢᠶᠠᠯᠠᠩ ᠤᠨ ᠪᠦᠲᠦᠭᠳᠡᠭᠦᠨ ᠤ ᠲᠠᠷᠢᠬᠤ ᠤᠯᠠᠮᠵᠢᠯᠠᠯ ᠪᠡ ᠦᠢᠯᠡᠳᠪᠦᠷᠢᠯᠡᠯ ᠤᠨ ᠴᠢᠳᠠᠪᠦᠷᠢ  ᠶᠢᠨ ᠪᠠᠶᠢᠲᠡᠯ᠂ ᠤᠶᠢᠷ᠎ᠡ ᠶᠢᠨ ᠭᠤᠷᠪᠠᠨ ᠵᠢᠯ ᠳᠠᠬᠢ ᠭᠤᠤᠯᠯᠠᠬᠤ ᠲᠠᠷᠢᠮᠠᠯ ᠤᠨ ᠵᠦᠢᠯᠡᠰ ᠤᠨ ᠲᠠᠷᠢᠬᠤ ᠲᠠᠯᠠᠪᠠᠢ᠂ ᠤᠨᠠᠯᠲᠡ ᠶᠢᠨ ᠬᠡᠮᠵᠢᠶ᠎ᠡ᠃      ᠲᠦᠷᠪᠡ᠂ ᠵᠠᠭᠠᠭᠯᠠᠨ ᠲᠤᠭᠳᠠᠭᠠᠬᠤ ᠱᠠᠭᠠᠷᠲᠠᠯᠭ᠎ᠠ ᠪᠡ ᠪᠠᠷᠢᠮᠵᠢᠶ᠎ᠡ      ︵ᠨᠢᠭᠡ︶ ᠵᠠᠭᠠᠭᠯᠠᠨ ᠲᠤᠭᠳᠠᠭᠠᠬᠤ ᠱᠠᠭᠠᠷᠲᠠᠯᠭ᠎ᠠ      ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠳᠤ ︽ᠭᠤᠷᠪᠠᠨ ᠡᠷᠬᠡᠪᠰᠢ︾᠂ ︽ᠭᠤᠷᠪᠡ ᠶᠢ ᠤᠷᠢᠳᠠᠪᠡᠷ ᠰᠤᠩᠭᠤᠬᠤ︾᠂ ︽ᠲᠦᠷᠪᠡ ᠶᠢ ᠬᠢᠵᠠᠭᠠᠷᠯᠠᠬᠤ︾ ᠶᠢ ᠡᠷᠬᠡᠪᠰᠢ ᠪᠠᠷᠢᠮᠳᠠᠯᠠᠬᠤ ᠬᠡᠷᠡᠭᠲᠠᠢ᠃      ᠭᠤᠷᠪᠠᠨ ᠡᠷᠭᠡᠪᠰᠢ᠄ ᠡᠷᠬᠡᠪᠰᠢ ᠦᠨᠢᠲᠡ ᠶᠢᠨ ᠦᠨᠳᠦᠰᠦᠨ ᠲᠠᠷᠢᠶᠠᠨ ᠭᠠᠵᠠᠷ ᠪᠠᠶᠢᠬᠤ᠂ ᠡᠷᠬᠡᠪᠰᠢ ᠴᠢᠨᠠᠷ ᠰᠠᠶᠢᠲᠠᠢ ᠭᠠᠵᠠᠷ ᠪᠠᠶᠢᠬᠤ᠂ ᠡᠷᠬᠡᠪᠰᠢ ᠬᠤᠶᠠᠷ ᠶᠡᠭᠡ ᠲᠠᠷᠢᠮᠠᠯ ᠤᠨ ᠵᠦᠢᠯᠡᠰ ᠢᠶᠠᠷ ᠲᠠᠪᠠᠭᠤᠯᠢᠭ ᠤᠷᠤᠨ ᠪᠠᠶᠢᠬᠤ ᠬᠡᠷᠡᠭᠲᠠᠢ᠃      ᠭᠤᠷᠪᠡ ᠶᠢ ᠤᠷᠢᠳᠠᠪᠡᠷ ᠰᠤᠩᠭᠤᠬᠤ᠄ ᠦᠨᠳᠦᠰᠦᠨ ᠲᠦᠭᠦᠭᠡᠷᠦᠮᠵᠢ ᠶᠢᠨ ᠢᠵᠢ ᠪᠦᠷᠢᠯᠳᠦᠭᠰᠡᠨ ᠤᠰᠤᠯᠠᠯᠭ᠎ᠠ  ᠶᠢᠨ ᠲᠠᠷᠢᠶᠠᠨ ᠭᠠᠵᠠᠷ ᠪᠤᠶᠦ ᠨᠠᠯᠢᠶᠠᠳ ᠲᠡᠭᠰᠢᠯᠢᠭ ᠦᠨᠳᠦᠷ ᠪᠠᠷᠢᠮᠵᠢᠶᠠᠲᠦ ᠡᠷᠲᠡ ᠲᠠᠷᠢᠶᠠᠯᠠᠬᠤ ᠭᠠᠵᠠᠷ ᠢ ᠤᠷᠢᠲᠡᠪᠡᠷ ᠰᠤᠩᠭᠤᠬᠤ᠂ ᠦᠢᠯᠡᠳᠪᠦᠷᠢᠯᠡᠯ ᠤᠨ ᠲᠡᠯᠲᠡ ᠬᠦᠴᠦᠨ ᠢᠶᠠᠷ ᠶᠡᠭᠡ ᠭᠠᠵᠠᠷ ᠢ ᠤᠷᠢᠳᠠᠪᠡᠷ ᠰᠤᠩᠭᠤᠬᠤ᠂ ᠨᠢᠭᠡᠨᠲᠡ ᠪᠠᠶᠢᠭᠤᠯᠤᠭᠳᠠᠭᠰᠡᠨ ᠪᠤᠶᠦ ᠲᠦᠯᠦᠪᠯᠡᠨ ᠪᠠᠶᠢᠭᠤᠯᠵᠦ ᠪᠠᠶᠢᠭ᠎ᠠ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ ᠤᠷᠢᠳᠠᠪᠡᠷ ᠰᠤᠩᠭᠤᠬᠤ ᠬᠡᠷᠡᠭᠲᠠᠢ᠃      ᠲᠦᠷᠪᠡ ᠶᠢ ᠬᠢᠵᠠᠭᠠᠷᠯᠠᠬᠤ᠄ ᠲᠠᠷᠢᠶᠠᠯᠠᠬᠤ ᠶᠢ ᠵᠤᠭᠰᠤᠭᠠᠭᠰᠡᠨ ᠭᠠᠵᠠᠷ ᠢ ᠬᠤᠪᠢᠶᠠᠷᠢᠯᠠᠨ ᠤᠷᠤᠭᠤᠯᠬᠤ ᠶᠢ ᠬᠢᠵᠠᠭᠠᠷᠯᠠᠬᠤ᠂ ᠠᠮᠢ ᠠᠬᠤᠢ ᠶᠢᠨ ᠨᠦᠬᠦᠴᠡᠯ ᠢᠶᠠᠷ ᠬᠡᠪᠡᠷᠡᠭ ᠭᠠᠵᠠᠷ ᠢ ᠬᠤᠪᠢᠶᠠᠷᠢᠯᠠᠨ ᠤᠷᠤᠭᠤᠯᠬᠤ ᠶᠢ ᠬᠢᠵᠠᠭᠠᠷᠯᠠᠬᠤ᠂ ᠪᠤᠬᠢᠷᠳᠤᠯ ᠶᠡᠭᠡᠲᠠᠢ ᠭᠠᠵᠠᠷ ᠢ ᠬᠤᠪᠢᠶᠠᠷᠢᠯᠠᠨ ᠤᠷᠤᠭᠤᠯᠬᠤ ᠶᠢ ᠬᠢᠵᠠᠭᠠᠷᠯᠠᠬᠤ᠂ ᠲᠦᠭᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠤᠷᠤᠭᠤᠯᠬᠤ ᠶᠢ ᠬᠢᠵᠠᠭᠠᠷᠯᠠᠬᠤ ᠬᠡᠷᠡᠭᠲᠠᠢ᠃      ︵ᠬᠤᠶᠠᠷ︶ ᠵᠠᠭᠠᠭᠯᠠᠨ ᠲᠤᠭᠳᠠᠭᠠᠬᠤ ᠪᠠᠷᠢᠮᠵᠢᠶ᠎ᠡ      1. ᠲᠠᠷᠢᠶᠠᠨ ᠭᠠᠵᠠᠷ ᠤᠨ ᠰᠠᠭᠤᠷᠢ ᠨᠦᠬᠦᠴᠡᠯ ᠰᠠᠶᠢᠨ ᠪᠠᠶᠢᠬᠤ ᠬᠡᠷᠡᠭᠲᠠᠢ᠃ ᠵᠠᠬ᠎ᠠ ᠲᠤᠳᠤᠷᠬᠠᠢ᠂ ᠬᠠᠷᠢᠴᠠᠩᠭᠤᠢ ᠲᠡᠭᠰᠢᠭᠡᠨ ︵ᠨᠠᠯᠠᠤᠴᠡ ᠶᠢᠨ ᠬᠡᠮᠵᠢᠶ᠎ᠡ ᠨᠢ 15 ᠭᠷᠠᠳᠦ᠋ᠰ ᠠᠴᠠ ᠲᠤᠤᠷ᠎ᠡ︶᠂ ᠬᠦᠷᠦᠰᠦᠨ ᠤ ᠦᠩ ᠰᠢᠮ᠎ᠡ ᠨᠢ ᠲᠤᠭᠳᠠᠭᠤᠨ ᠪᠠᠶᠢᠬᠤ᠃ ᠵᠠᠭᠠᠭᠯᠠᠨ ᠲᠤᠭᠳᠠᠭᠠᠬᠤ ︽ᠬᠤᠶᠠᠷ ᠤᠷᠤᠨ︾ ᠤ ᠭᠠᠵᠠᠷ ᠨᠢ ᠬᠠᠷᠢᠴᠠᠩᠭᠤᠢ ᠪᠠᠷ ᠲᠦᠪᠯᠡᠷᠡᠨ ᠵᠠᠯᠭᠠᠯᠳᠤᠭᠰᠡᠨ ᠪᠠᠶᠢᠵᠦ᠂ ᠲᠡᠭᠰᠢ ᠭᠠᠵᠠᠷ ᠤᠨ ᠲᠠᠯᠠᠪᠠᠢ ᠨᠢ ᠵᠠᠷᠴᠢᠮ ᠲᠡᠭᠡᠷ᠎ᠡ ᠪᠠᠨ 500 ᠮᠦ ᠠᠴᠠ ᠪᠠᠭ᠎ᠠ ᠪᠠᠶᠢᠵᠦ ᠪᠤᠯᠬᠤ ᠦᠭᠡᠢ᠂ ᠲᠤᠪᠤᠴᠠᠭ ᠭᠠᠵᠠᠷ ᠤᠨ ᠲᠠᠯᠠᠪᠠᠢ ᠨᠢ 100 ᠮᠦ ᠠᠴᠠ ᠪᠠᠭ᠎ᠠ ᠪᠠᠶᠢᠵᠤ ᠪᠤᠯᠬᠤ ᠦᠭᠡᠢ᠃      2. ᠤᠷᠤᠨ ᠪᠦᠰᠡ ᠶᠢᠨ ᠳᠠᠪᠠᠭᠤᠯᠢᠭ ᠢᠯᠡᠷᠭᠡᠢ ᠪᠠᠶᠢᠬᠤ ᠬᠡᠷᠡᠭᠲᠠᠢ᠃ ᠠᠮᠢ ᠠᠬᠤᠢ ᠶᠢᠨ ᠤᠷᠴᠢᠨ ᠨᠦᠬᠦᠴᠡᠯ ᠰᠠᠶᠢᠨ᠂ ᠪᠦᠲᠦᠭᠳᠡᠭᠦᠨ ᠤ ᠤᠨᠠᠯᠲᠡ ᠦᠨᠳᠦᠷ ᠴᠢᠨᠠᠷ ᠰᠠᠶᠢᠨ᠂ ᠨᠠᠯᠢᠶᠠᠳ ᠴᠢᠩᠭ᠎ᠠ ᠵᠠᠬ᠎ᠠ ᠲᠡᠯᠭᠡᠭᠦᠷ ᠤᠨ ᠦᠷᠢᠰᠤᠯᠳᠦᠬᠦ ᠬᠦᠴᠦᠨ ᠲᠠᠢ ᠪᠠᠶᠢᠬᠤ ᠬᠡᠷᠡᠭᠲᠠᠢ᠃ ᠤᠶᠢᠷ᠎ᠡ ᠶᠢᠨ ᠭᠤᠷᠪᠠᠨ ᠵᠢᠯ ᠤᠨ ᠬᠤᠭᠤᠴᠠᠭᠠᠨ ᠳᠠᠬᠢ ᠲᠠᠷᠢᠬᠤ ᠲᠠᠯᠠᠪᠠᠢ ᠦᠨᠳᠦᠰᠦᠨ ᠳᠡᠭᠡᠨ ᠲᠤᠭᠳᠠᠭᠤᠨ ᠪᠤᠯᠬᠤ ᠲᠦᠪᠯᠡᠷᠡᠨ ᠵᠠᠯᠭᠠᠯᠳᠤᠭᠰᠡᠨ ᠲᠠᠷᠢᠶᠠᠨ ᠭᠠᠵᠠᠷ ᠪᠠᠶᠢᠬᠤ ᠬᠡᠷᠡᠭᠲᠠᠢ᠃       ᠲᠠᠪᠤ᠂ ᠵᠠᠭᠠᠭᠯᠠᠨ ᠲᠤᠭᠳᠠᠭᠠᠬᠤ ᠠᠷᠭ᠎ᠠ ᠪᠠᠷᠢᠯ      ︵ᠨᠢᠭᠡ︶ ᠲᠦᠰᠦᠯ ᠲᠤᠭᠳᠠᠭᠠᠨ᠎ᠡ᠃ ᠵᠠᠭᠠᠭᠯᠠᠨ ᠲᠤᠭᠳᠠᠭᠠᠬᠤ ᠠᠵᠢᠯ ᠨᠢ ᠲᠠᠷᠢᠶᠠᠯᠠᠬᠤ ᠤᠷᠤᠨ ᠤ ᠲᠦᠷᠪᠡᠨ ᠰᠢᠶᠠᠩ ᠪᠠᠯᠭᠠᠰᠤ ᠪᠠᠷ ᠭᠤᠤᠯ ᠴᠤᠭᠴᠡ ᠪᠤᠯᠭᠠᠨ᠂ ᠲᠤᠬᠠᠢ ᠶᠢᠨ ᠭᠠᠵᠠᠷ ᠤᠨ ᠪᠤᠳᠠᠳᠦ ᠪᠠᠶᠢᠲᠡᠯ ᠪᠡ ᠡᠬᠢ ᠰᠤᠷᠪᠤᠯᠵᠢ ᠶᠢᠨ ᠨᠦᠬᠦᠴᠡᠯ ᠢ ᠦᠨᠳᠦᠰᠦᠯᠡᠨ ᠠᠵᠢᠯ ᠤᠨ ᠲᠦᠰᠦᠯ ᠲᠤᠭᠳᠠᠭᠠᠵᠦ᠂ ᠠᠵᠢᠯ ᠤᠨ ᠡᠭᠦᠷᠭᠡ ᠬᠠᠷᠠᠯᠲᠡ  ᠪᠠᠨ ᠲᠤᠳᠤᠷᠬᠠᠶᠢᠯᠠᠵᠦ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠢ ᠨᠢᠭᠡᠳᠤᠯᠲᠠᠢ ᠲᠦᠯᠦᠪᠯᠡᠨ᠎ᠡ᠃ ᠡᠯ᠎ᠡ ᠰᠤᠮᠤ ᠰᠢᠶᠠᠩ ᠪᠠᠯᠭᠠᠰᠤ ᠵᠠᠭᠠᠭᠯᠠᠨ ᠲᠤᠭᠳᠠᠭᠠᠬᠤ ᠠᠵᠢᠯ ᠤᠨ ᠲᠦᠰᠦᠯ ᠢᠶᠠᠨ 2018 ᠤᠨ ᠤ 7 ᠰᠡᠷ᠎ᠡ ᠶᠢᠨ 20 ᠠᠴᠠ ᠡᠮᠦᠨ᠎ᠡ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶᠠᠨ ᠳᠤ ᠮᠡᠲᠡᠭᠦᠯᠬᠦ ᠬᠡᠷᠡᠭᠲᠠᠢ᠃      ︵ᠬᠤᠶᠠᠷ︶ ᠲᠤᠷᠰᠢᠯᠲᠡ ᠶᠢᠨ ᠠᠵᠢᠯ ᠢ ᠰᠠᠶᠢᠳᠤᠷ ᠬᠢᠨ᠎ᠡ᠃ ︽ᠭᠤᠷᠪᠠᠨ ᠵᠢᠯ ᠳᠤ ᠪᠡᠶᠡᠯᠡᠭᠦᠯᠬᠦ︾ ᠶᠡᠷᠦᠩᠭᠡᠢ ᠱᠠᠭᠠᠷᠳᠠᠯᠭ᠎ᠠ ᠶᠤᠰᠤᠭᠠᠷ᠂ 2018 ᠤᠨ ᠳᠤ ᠲᠤᠷᠰᠢᠯᠲᠡ ᠶᠢᠨ ᠠᠵᠢᠯ ᠢ ᠰᠠᠶᠢᠳᠤᠷ ᠬᠢᠬᠦ ᠶᠢᠨ ᠬᠠᠮᠲᠦ ᠵᠠᠭᠠᠭᠯᠠᠨ ᠲᠤᠭᠳᠠᠭᠠᠬᠤ ᠠᠵᠢᠯ ᠢ ᠪᠦᠬᠦ ᠲᠡᠯ᠎ᠡ ᠪᠠᠷ ᠦᠷᠨᠢᠭᠦᠯᠬᠦ ᠬᠡᠷᠡᠭᠲᠠᠢ᠃      ︵ᠭᠤᠷᠪᠡ︶ ᠵᠤᠬᠢᠶᠠᠨ ᠪᠠᠶᠢᠭᠤᠯᠤᠯᠲᠡ ᠶᠢ ᠰᠠᠶᠢᠳᠤᠷ ᠬᠢᠨ᠎ᠡ᠃ ᠡᠯ᠎ᠡ ᠲᠦᠷᠦᠯ ᠤᠨ ᠠᠵᠢᠯ ᠢ ᠬᠠᠷᠢᠯᠴᠠᠨ ᠤᠶᠠᠯᠳᠤᠭᠤᠯᠵᠦ᠂ ᠤᠷᠤᠨ ᠪᠦᠰᠡ ᠶᠢᠨ ᠭᠠᠵᠠᠷ ᠰᠢᠷᠤᠢ ᠶᠢᠨ ᠪᠠᠶᠢᠲᠡᠯ ᠢ ᠤᠶᠢᠯᠠᠭᠠᠭᠰᠡᠨ ᠰᠠᠭᠤᠷᠢᠨ ᠲᠡᠭᠡᠷ᠎ᠡ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠢ ᠦᠷᠨᠢᠭᠦᠯᠬᠦ ᠬᠡᠷᠡᠭᠲᠠᠢ᠃      1. ᠡᠬᠡ ᠵᠢᠷᠤᠭ ᠪᠦᠲᠦᠭᠡᠬᠦ᠃ ᠭᠠᠵᠠᠷ ᠰᠢᠷᠤᠢ ᠶᠢᠨ ᠠᠰᠢᠭᠯᠠᠯᠲᠡ ᠶᠢᠨ ᠪᠠᠶᠢᠲᠡᠯ ᠢ ᠪᠠᠶᠢᠴᠠᠭᠠᠭᠰᠡᠨ ᠦᠷ᠎ᠡ ᠪᠦᠲᠦᠭᠡᠯ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠤᠭᠳᠠᠭᠠᠭᠰᠡᠨ ᠦᠷ᠎ᠡ ᠪᠦᠲᠦᠭᠡᠯ᠂ ᠬᠦᠲᠡᠭᠡ ᠲᠤᠰᠬᠤᠨ ᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠠᠩᠰᠡᠯᠠᠩᠰᠠᠨ ᠪᠢᠴᠢᠭ ᠮᠠᠲ᠋ᠧᠷᠢᠶᠡᠯ᠂ ᠲᠠᠷᠢᠶᠠᠯᠠᠩ ᠤᠨ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠦᠷᠢ ᠶᠢᠨ ᠪᠦᠲᠦᠭᠡᠨ ᠪᠠᠶᠢᠭᠤᠯᠤᠯᠲᠡ ᠵᠢᠴᠢ ᠪᠤᠰᠤᠳ ᠬᠠᠮᠢᠶ᠎ᠡ ᠪᠦᠬᠦᠢ ᠠᠭᠤᠯᠭ᠎ᠠ ᠶᠢᠨ ᠪᠢᠴᠢᠭ ᠮᠠᠲ᠋ᠧᠷᠢᠶᠡᠯ᠂ ᠵᠢᠷᠤᠭᠲᠦ ᠮᠠᠲ᠋ᠧᠷᠢᠶᠡᠯ᠂ ᠳ᠋ᠡᠶᠢᠲ᠋ᠠ ᠮᠠᠲ᠋ᠧᠷᠢᠶᠡᠯ ᠢ ᠴᠤᠭᠯᠠᠭᠤᠯᠬᠤ ᠬᠡᠷᠡᠭᠲᠠᠢ᠃ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠤᠭᠳᠠᠭᠠᠭᠰᠡᠨ ᠦᠷ᠎ᠡ ᠪᠦᠲᠦᠭᠡᠯ᠂ ᠬᠦᠲᠡᠭᠡ ᠲᠤᠰᠬᠤᠨ ᠤ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠠᠩᠰᠡᠯᠠᠩᠰᠠᠨ ᠦᠷ᠎ᠡ ᠪᠦᠲᠦᠭᠡᠯ ᠪᠡ ᠲᠠᠷᠢᠶᠠᠨ ᠭᠠᠵᠠᠷ ᠤᠨ ᠦᠩ ᠰᠢᠮ᠎ᠡ ᠶᠢ ᠦᠨᠡᠯᠡᠭᠰᠡᠨ ᠦᠷ᠎ᠡ ᠪᠦᠲᠦᠭᠡᠯ ᠪᠠᠷ ᠰᠠᠭᠤᠷᠢ ᠪᠤᠯᠭᠠᠨ᠂ ᠲᠤᠰᠬᠠᠢ ᠪᠠᠶᠢᠭᠤᠯᠤᠮᠵᠢ ᠳᠤ ᠨᠠᠶᠢᠲᠡᠨ ᠬᠠᠮᠢᠶ᠎ᠡ ᠪᠦᠬᠦᠢ ᠲᠦᠯᠦᠪᠵᠢᠭᠦᠯᠭᠡ ᠶᠢᠨ ᠦᠷ᠎ᠡ ᠪᠦᠲᠦᠭᠡᠯ ᠢ ᠲᠠᠪᠬᠤᠴᠠᠭᠤᠯᠤᠨ᠂ ᠬᠦᠮᠦᠨ ᠤ ᠬᠦᠴᠦ ᠪᠠᠷ ᠮᠠᠭᠠᠳᠯᠠᠨ ᠨᠤᠳᠠᠯᠠᠬᠤ ᠪᠤᠯᠤᠨ ᠶᠡᠷᠦᠩᠬᠡᠶᠢᠯᠡᠨ ᠰᠢᠨᠵᠢᠯᠡᠬᠦ ᠪᠠᠷ ᠲᠠᠮᠵᠢᠨ ︽ᠬᠤᠶᠠᠷ ᠤᠷᠤᠨ︾ ᠤ ᠵᠠᠭᠠᠭ ᠵᠠᠬ᠎ᠠ ᠶᠢ ᠠᠩᠬ᠎ᠠ ᠲᠤᠭᠳᠠᠭᠠᠵᠦ᠂ ᠵᠠᠭᠠᠭᠯᠠᠨ ᠲᠤᠭᠳᠠᠭᠠᠬᠤ ᠠᠵᠢᠯ ᠤᠨ ᠡᠭᠡ ᠵᠢᠷᠤᠭ ᠢ ᠪᠦᠲᠦᠭᠡᠨ᠎ᠡ᠃      2. ᠪᠤᠳᠠᠳᠦ ᠭᠠᠵᠠᠷ ᠤᠨ ᠬᠠᠶᠢᠨ ᠪᠠᠶᠢᠴᠠᠭᠠᠯᠲᠡ ᠬᠢᠬᠦ᠃ ᠠᠵᠢᠯ ᠤᠨ ᠡᠬᠡ ᠵᠢᠷᠤᠭ ᠢ ᠦᠨᠳᠦᠰᠦᠯᠡᠨ ᠪᠤᠳᠠᠳᠦ ᠭᠠᠵᠠᠷ ᠤᠨ ᠬᠠᠶᠢᠨ ᠪᠠᠶᠢᠴᠠᠭᠠᠯᠲᠡ ᠬᠢᠵᠦ᠂ ︽ᠬᠤᠶᠠᠷ ᠤᠷᠤᠨ︾ ᠤ ᠭᠠᠵᠠᠷ ᠤᠨ ᠤᠷᠤᠨ ᠪᠠᠶᠢᠷᠢ᠂ ᠲᠤᠭ᠎ᠠ ᠬᠡᠮᠵᠢᠶ᠎ᠡ᠂ ᠵᠠᠭᠠᠭ ᠵᠠᠬ᠎ᠠ ᠵᠢᠴᠢ ︽ᠬᠤᠶᠠᠷ ᠤᠷᠤᠨ︾ ᠤ ᠬᠡᠪᠴᠢᠶᠠᠨ ᠳᠠᠬᠢ ᠲᠠᠷᠢᠶᠠᠯᠠᠩ ᠮᠠᠯ ᠠᠵᠦ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠡ ᠶᠢᠨ ᠪᠠᠶᠢᠲᠡᠯ ᠢ ᠪᠠᠶᠢᠴᠠᠭᠠᠨ ᠲᠤᠳᠤᠯᠠᠵᠦ᠂ ᠡᠬᠡ ᠵᠢᠷᠤᠭ ᠤᠨ ᠮᠡᠲᠡᠭᠡ ᠵᠠᠩᠬᠢ ᠨᠢ ᠪᠤᠳᠠᠳᠦ ᠪᠠᠶᠢᠲᠡᠯ ᠲᠠᠢ ᠵᠦᠷᠢᠶ᠎ᠡ ᠡᠭᠦᠰᠪᠡᠯ ᠬᠢᠨᠠᠨ ᠬᠠᠷᠭᠤᠭᠤᠯᠤᠭᠠᠳ ᠵᠦᠪ ᠵᠠᠰᠠᠯᠲᠡ ᠤᠷᠤᠭᠤᠯᠵᠦ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠵᠢᠷᠤᠭ ᠲᠦᠷᠰᠦ᠂ ᠲᠤᠭ᠎ᠠ ᠪᠠᠷᠢᠮᠲᠡ᠂ ᠪᠣᠳᠠᠳᠦ ᠪᠠᠶᠢᠲᠡᠯ ᠨᠢᠭᠡᠳᠤᠯᠲᠠᠢ ᠪᠠᠶᠢᠬᠤ ᠶᠢ ᠪᠠᠲᠤᠯᠠᠨ᠎ᠡ᠃      3. ᠠᠯᠪᠠᠨ ᠵᠠᠷ ᠨᠡᠶᠢᠳᠡᠯᠡᠬᠦ᠃ ᠨᠡᠶᠢᠳᠡᠯᠡᠬᠦ ᠮᠠᠲ᠋ᠧᠷᠢᠶᠡᠯ ᠢᠶᠠᠨ ᠰᠢᠶᠠᠩ ᠪᠠᠯᠭᠠᠰᠤ᠂ ᠭᠠᠴᠠᠭ᠎ᠠ ᠲᠤᠰᠬᠤᠨ ᠳᠤ ᠬᠦᠷᠭᠡᠵᠦ ᠬᠢᠨᠠᠨ ᠵᠦᠪᠰᠢᠶᠠᠷᠡᠭᠦᠯᠦᠭᠰᠡᠨ ᠤ ᠲᠠᠷᠠᠭ᠎ᠠ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠳᠤ ᠬᠤᠯᠪᠤᠭᠳᠠᠭᠰᠡᠨ ᠰᠢᠶᠠᠩ ᠪᠠᠯᠭᠠᠰᠦ᠂ ᠭᠠᠴᠠᠭ᠎ᠠ ᠲᠤᠰᠬᠤᠨ ᠳᠤ ᠠᠯᠪᠠᠨ ᠵᠠᠷ ᠨᠠᠭᠠᠵᠦ ᠢᠯᠡ ᠪᠠᠷ ᠨᠡᠶᠢᠲᠡᠯᠡᠨ᠂ ᠠᠯᠪᠠᠨ ᠵᠠᠷ ᠲᠤ ᠰᠠᠨᠠᠯ ᠦᠭᠡᠢ ᠪᠠᠶᠢᠳᠡᠯ ᠲᠤᠤᠷ᠎ᠡ᠂ ᠰᠢᠶᠠᠩ ᠪᠠᠯᠭᠠᠰᠦ᠂ ᠭᠠᠴᠠᠭ᠎ᠠ ᠲᠤᠰᠬᠤᠨ ᠠᠴᠠ ᠲᠠᠮᠠᠭ᠎ᠠ ᠲᠠᠷᠤᠵᠦ ᠨᠤᠳᠠᠯᠠᠨ ᠵᠦᠪᠰᠢᠶᠡᠷᠡᠨ᠎ᠡ᠃      4. ᠳ᠋ᠡᠶᠢᠲ᠋ᠡ ᠶᠢᠨ ᠬᠦᠮᠦᠷᠭᠡ ᠪᠠᠶᠢᠭᠤᠯᠬᠤ᠃ ᠶᠠᠰᠦ ᠴᠢᠨᠠᠷ ᠤᠨ ᠪᠠᠶᠢᠴᠭᠠᠯᠲᠡ ᠶᠢ ᠦᠩᠭᠡᠷᠡᠭᠡᠭᠰᠡᠨ ᠤ ᠲᠠᠷᠠᠭ᠎ᠠ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠦᠨᠳᠦᠰᠦᠨ ᠮᠠᠲ᠋ᠧᠷᠢᠶᠡᠯ᠂ ᠵᠢᠷᠤᠭ ᠲᠦᠷᠰᠦ᠂ ᠬᠦᠰᠦᠨᠦᠭᠲᠦ ᠲᠤᠪᠬᠢᠮᠡᠯ ᠤᠨ ᠦᠷ᠎ᠡ ᠪᠦᠲᠦᠭᠡᠯ ᠢ ᠬᠦᠮᠦᠷᠭᠡ ᠳᠤ ᠤᠷᠤᠭᠤᠯᠤᠨ᠎ᠡ᠃      5. ᠪᠠᠶᠢᠴᠠᠭᠠᠨ ᠰᠢᠯᠭᠠᠬᠤ᠃ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠦᠷ᠎ᠡ ᠪᠦᠲᠦᠭᠡᠯ  ᠢ ᠲᠤᠳᠤᠭᠠᠲᠦ ᠳᠤ ᠪᠠᠨ ᠬᠢᠨᠠᠨ ᠬᠠᠷᠭᠤᠭᠤᠯᠵᠦ᠂ ᠭᠠᠳᠠᠭᠠᠲᠦ ᠳᠤ ᠪᠠᠨ ᠬᠢᠨᠠᠨ ᠪᠠᠶᠢᠴᠠᠭᠠᠬᠤ ᠪᠤᠯᠤᠨ ᠪᠤᠳᠠᠳᠦ ᠭᠠᠵᠠᠷ  ᠲᠤ ᠰᠤᠭᠤᠯᠤᠨ ᠪᠠᠶᠢᠴᠠᠭᠠᠬᠤ ᠶᠢ ᠤᠶᠠᠯᠳᠤᠭᠤᠯᠤᠨ ᠪᠠᠶᠢᠴᠠᠭᠠᠨ ᠰᠢᠯᠭᠠᠨ᠎ᠡ᠃ ᠬᠤᠰᠢᠭᠤ ᠵᠠᠰᠠᠭ ᠤᠨ ᠤᠷᠳᠤᠨ ᠠᠴᠠ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ᠂ ᠦᠭᠡᠷᠡᠴᠢᠯᠡᠯᠲᠡ ᠬᠦᠭᠵᠢᠯᠲᠡ ᠶᠢᠨ ᠲᠤᠪᠴᠢᠶ᠎ᠡ᠂ ᠡᠳ᠋ ᠤᠨ ᠵᠠᠰᠠᠭ  ᠤᠨ ᠲᠤᠪᠴᠢᠶ᠎ᠡ᠂ ᠭᠠᠵᠠᠷ ᠰᠢᠷᠤᠢ ᠶᠢᠨ ᠲᠤᠪᠴᠢᠶ᠎ᠡ᠂ ᠤᠰᠤᠨ ᠤ ᠶᠠᠪᠤᠳᠡᠯ ᠤᠨ ᠲᠤᠪᠴᠢᠶ᠎ᠡ᠂ ᠲᠤᠭ᠎ᠠ ᠪᠦᠷᠢᠳᠭᠡᠯ ᠤᠨ ᠲᠤᠪᠴᠢᠶ᠎ᠡ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ ᠬᠤᠰᠢᠭᠤᠨ ᠤ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠦᠷ᠎ᠡ ᠪᠦᠲᠦᠭᠡᠯ ᠳᠤ ᠪᠠᠶᠢᠴᠠᠭᠠᠨ ᠰᠢᠯᠭᠠᠵᠦ ᠱᠠᠲᠦ ᠲᠠᠷᠠᠭᠠᠯᠠᠨ ᠲᠡᠭᠡᠭᠰᠢ ᠮᠡᠲᠡᠭᠦᠯᠦᠨ᠎ᠡ᠃      6. ᠦᠷ᠎ᠡ ᠪᠦᠲᠦᠭᠡᠯ ᠢ ᠨᠢ ᠬᠠᠮᠢᠶᠠᠷᠬᠤ᠃︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠦᠷ᠎ᠡ ᠪᠦᠲᠦᠭᠡᠯ ᠰᠢᠯᠭᠠᠨ ᠪᠠᠶᠢᠴᠠᠭᠠᠯᠲᠡ ᠳᠤ ᠬᠢᠷᠢ ᠲᠡᠩᠴᠡᠭᠰᠡᠨ ᠤ ᠲᠠᠷᠠᠭ᠎ᠠ᠂ ᠱᠠᠲᠦ ᠲᠠᠷᠠᠭᠠᠯᠠᠨ ᠪᠤᠭᠤᠲᠦ ᠬᠤᠲᠡ ᠪᠤᠯᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ᠂ ᠭᠠᠵᠠᠷ ᠰᠢᠷᠤᠢ ᠶᠢᠨ ᠲᠤᠪᠴᠢᠶ᠎ᠡ ᠪᠤᠯᠤᠨ ᠦᠭᠡᠷᠡᠴᠢᠯᠡᠯᠲᠡ ᠬᠦᠭᠵᠢᠯᠲᠡ ᠶᠢᠨ ᠰᠠᠯᠠᠭ᠎ᠠ ᠮᠦᠴᠢᠷ ᠲᠤ ᠬᠦᠷᠭᠡᠨ ᠲᠡᠩᠰᠠᠯᠠᠭᠤᠯᠵᠦ᠂ ᠬᠤᠵᠢᠮ ︽ᠬᠤᠶᠠᠷ ᠤᠷᠤᠨ︾ ᠤ ᠪᠦᠲᠦᠭᠡᠨ ᠪᠠᠶᠢᠭᠤᠯᠤᠯᠲᠡ ᠪᠡ ᠬᠠᠮᠢᠶᠠᠷᠤᠯᠲᠡ ᠬᠠᠮᠠᠭᠠᠯᠠᠯᠲᠡ ᠶᠢ ᠲᠡᠮᠵᠢᠬᠦ ᠬᠠᠮᠢᠶ᠎ᠡ ᠪᠦᠭᠦᠢ ᠲᠦᠷᠦ ᠶᠢᠨ ᠪᠤᠳᠤᠯᠭ᠎ᠠ ᠶᠢ ᠨᠠᠶᠢᠳᠠᠪᠦᠷᠢᠵᠢᠭᠤᠯᠬᠤ ᠦᠨᠳᠦᠰᠦᠯᠡᠯ ᠪᠤᠯᠭᠠᠵᠦ᠂ ᠦᠷ᠎ᠡ ᠪᠦᠲᠦᠭᠡᠯ ᠤᠨ ᠬᠠᠮᠲᠦ ᠪᠠᠷ ᠡᠳ᠋ᠯᠡᠬᠦ ᠶᠢ ᠠᠬᠢᠭᠤᠯᠤᠨ᠎ᠡ᠃      ᠵᠢᠷᠭᠤᠭ᠎ᠠ᠂ ᠠᠵᠢᠯ ᠤᠨ ᠠᠷᠭ᠎ᠠ ᠬᠡᠮᠵᠢᠶ᠎ᠡ     ︵ᠨᠢᠭᠡ︶ ᠵᠤᠬᠢᠶᠠᠨ ᠪᠠᠶᠢᠭᠤᠯᠬᠤ ᠤᠳᠤᠷᠢᠳᠤᠯᠭ᠎ᠠ ᠶᠢ ᠴᠢᠩᠭᠠᠳᠬᠠᠨ᠎ᠡ᠃ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠢ ᠰᠠᠶᠢᠳᠤᠷ ᠬᠢᠬᠦ ᠶᠢᠨ ᠲᠦᠯᠦᠭᠡ᠂ ᠬᠤᠰᠢᠭᠤᠨ ᠤ ᠵᠠᠰᠠᠭ ᠤᠨ ᠤᠷᠳᠤᠨ ᠤ ᠬᠤᠪᠢᠶᠠᠨ ᠬᠠᠮᠢᠶᠠᠷᠬᠤ ᠤᠳᠤᠷᠢᠳᠤᠯᠭ᠎ᠠ ᠪᠠᠷ ᠲᠤᠭᠤᠶᠢᠯᠠᠩ ᠤᠨ ᠲᠠᠷᠤᠭ᠎ᠠ ᠪᠤᠯᠭᠠᠨ᠂ ᠲᠠᠷᠢᠶᠠᠯᠠᠩ ᠮᠠᠯ ᠠᠵᠦ ᠠᠬᠤᠢ᠂ ᠡᠳ᠋ ᠤᠨ ᠵᠠᠰᠠᠭ᠂ ᠭᠠᠵᠠᠷ ᠰᠢᠷᠤᠢ᠂ ᠦᠭᠡᠷᠡᠴᠢᠯᠡᠯᠲᠡ ᠬᠦᠭᠵᠢᠯᠲᠡ᠂ ᠲᠤᠭ᠎ᠠ ᠪᠦᠷᠢᠳᠭᠡᠯ ᠵᠡᠷᠭᠡ ᠰᠠᠯᠠᠭ᠎ᠠ ᠮᠦᠴᠢᠷ ᠪᠤᠯᠤᠨ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠳᠡᠳ ᠢᠶᠠᠷ ᠬᠡᠰᠢᠭᠦᠨ ᠪᠤᠯᠭᠠᠭᠰᠡᠨ ᠬᠤᠰᠢᠭᠤᠨ ᠤ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠤᠳᠤᠷᠢᠳᠬᠤ ᠪᠠᠭ᠎ᠠ ᠲᠤᠭᠤᠶᠢᠯᠠᠩ ᠢ ᠪᠠᠶᠢᠭᠤᠯᠵᠦ᠂ ᠤᠳᠤᠷᠢᠳᠬᠤ ᠲᠤᠭᠤᠶᠢᠯᠠᠩ ᠤᠨ ᠠᠯᠪᠠᠨ ᠭᠡᠷ ᠢ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶᠡᠨ ᠳᠤ ᠲᠤᠬᠢᠷᠠᠭᠤᠯᠵᠦ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠢ ᠬᠡᠷᠡᠭᠵᠢᠭᠦᠯᠬᠦ ᠲᠦᠰᠦᠯ ᠢ ᠲᠤᠭᠳᠠᠭᠠᠵᠦ᠂ ᠬᠠᠮᠢᠶ᠎ᠡ ᠪᠦᠬᠦᠢ ᠰᠠᠯᠠᠭ᠎ᠠ ᠮᠦᠴᠢᠷ ᠢ ᠵᠤᠬᠢᠴᠠᠭᠤᠯᠤᠨ ᠵᠤᠬᠢᠶᠠᠨ ᠪᠠᠶᠢᠭᠤᠯᠵᠦ ᠠᠵᠢᠯ ᠦᠷᠨᠢᠭᠦᠯᠦᠨ᠎ᠡ᠃ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠬᠠᠮᠲᠤᠷᠠᠭᠰᠡᠨ ᠬᠤᠷᠡᠯ ᠤᠨ ᠲᠦᠷᠢᠮ ᠢ ᠪᠠᠶᠢᠭᠤᠯᠵᠦ᠂ ᠲᠤᠭᠳᠠᠭᠰᠡᠨ ᠬᠤᠭᠤᠴᠠᠭᠠᠨ ᠳᠤ ᠠᠵᠢᠯ ᠢ ᠠᠬᠢᠭᠤᠯᠬᠤ ᠬᠤᠷᠡᠯ ᠬᠤᠷᠠᠯᠳᠤᠵᠦ᠂ ᠠᠵᠢᠯ ᠤᠨ ᠪᠠᠶᠢᠲᠡᠯ ᠢᠶᠠᠨ ᠴᠠᠭ ᠲᠤᠬᠠᠢ ᠳᠤ ᠨᠢ ᠤᠯᠤᠯᠴᠠᠵᠦ᠂ ᠠᠵᠢᠯ  ᠤᠨ ᠲᠤᠮᠲᠡ ᠲᠤᠯᠭᠠᠷᠠᠭᠰᠡᠨ ᠠᠰᠠᠭᠤᠳᠡᠯ ᠪᠡ ᠬᠦᠴᠢᠷ ᠪᠡᠷᠭᠡᠰᠢᠶᠡᠯ ᠢ ᠶᠠᠷᠢᠯᠴᠠᠨ ᠰᠢᠢᠳᠪᠦᠷᠢᠯᠡᠨ᠎ᠡ᠃     ︵ᠬᠤᠶᠠᠷ︶ ᠵᠤᠬᠢᠴᠠᠭᠤᠯᠬᠤ ᠡᠷᠴᠢᠮ ᠢ ᠴᠢᠩᠭᠠᠷᠠᠭᠤᠯᠤᠨ᠎ᠡ᠃ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠴᠠᠭ ᠪᠡᠴᠢᠮ᠂ ᠡᠭᠦᠷᠭᠡ ᠬᠦᠨᠲᠦ᠂ ᠬᠤᠯᠪᠤᠭᠳᠠᠭᠰᠡᠨ ᠬᠡᠪᠴᠢᠶ᠎ᠡ ᠦᠷᠭᠡᠨ ᠮᠦᠷᠲᠡᠭᠡᠨ ᠲᠤᠰᠬᠠᠢ ᠴᠢᠨᠠᠷ ᠢᠶᠠᠷ ᠴᠢᠩᠭ᠎ᠠ ᠪᠠᠶᠢᠵᠦ᠂ ᠲᠠᠷᠢᠶᠠᠯᠠᠩ ᠮᠠᠯ ᠠᠵᠦ ᠠᠬᠤᠢ᠂ ᠡᠳ᠋ ᠤᠨ ᠵᠠᠰᠠᠭ᠂ ᠭᠠᠵᠠᠷ ᠰᠢᠷᠤᠢ᠂ ᠦᠭᠡᠷᠡᠴᠢᠯᠡᠯᠲᠡ ᠬᠦᠭᠵᠢᠯᠲᠡ᠂ ᠲᠤᠭ᠎ᠠ ᠪᠦᠷᠢᠳᠭᠡᠯ ᠵᠡᠷᠭᠡ ᠰᠠᠯᠠᠭ᠎ᠠ ᠮᠦᠴᠢᠷ ᠪᠤᠯᠤᠨ ᠰᠤᠮᠤ ᠰᠢᠶᠠᠩ ᠪᠠᠯᠭᠠᠰᠦ ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠬᠤᠪᠢᠶᠠᠷᠢᠯᠠᠨ ᠵᠤᠬᠢᠴᠠᠭᠤᠯᠵᠦ᠂ ᠬᠠᠷᠢᠯᠴᠠᠨ ᠬᠠᠮᠵᠢᠯᠴᠠᠵᠦ᠂ ᠲᠠᠪᠠᠭᠤᠯᠢᠭ ᠢᠶᠠᠨ ᠨᠦᠬᠦᠪᠦᠷᠢᠯᠡᠵᠦ᠂ ᠠᠵᠢᠯ ᠢᠶᠠᠨ ᠬᠠᠮᠲᠦ ᠪᠠᠷ ᠨᠠᠶᠢᠳᠠᠪᠤᠷᠢᠵᠢᠭᠤᠯᠤᠨ᠎ᠡ᠃ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ ᠵᠠᠭᠠᠭᠯᠠᠨ ᠲᠤᠭᠳᠠᠭᠠᠬᠤ ᠡᠭᠦᠷᠭᠡ ᠶᠢᠨ ᠵᠠᠳᠠᠯᠤᠯᠲᠡ ᠶᠢ ᠪᠤᠳᠠᠳᠠᠢ ᠬᠠᠷᠢᠭᠤᠴᠠᠵᠦ᠂ ᠠᠵᠢᠯ ᠤᠨ ᠲᠦᠰᠦᠯ᠂ ᠪᠠᠷᠢᠮᠵᠢᠶ᠎ᠡ᠂ ᠬᠢᠨᠠᠨ ᠰᠢᠯᠭᠠᠵᠦ ᠦᠨᠡᠯᠡᠬᠦ ᠲᠦᠷᠢᠮ ᠲᠠᠷᠠᠭᠠᠯᠠᠯ ᠢ ᠲᠤᠭᠳᠠᠭᠠᠵᠦ᠂ ᠲᠠᠩᠰᠡ ᠲᠡᠪᠲᠡᠷ᠂ ᠵᠢᠷᠤᠭ ᠲᠦᠷᠰᠦ᠂ ᠬᠦᠮᠦᠷᠭᠡ ᠪᠠᠶᠢᠭᠤᠯᠬᠤ ᠠᠵᠢᠯ ᠢ ᠬᠠᠷᠢᠭᠤᠴᠠᠨ᠎ᠡ︔ ᠦᠭᠡᠷᠡᠴᠢᠯᠡᠯᠲᠡ ᠬᠦᠭᠵᠢᠯᠲᠡ ᠶᠢᠨ ᠲᠤᠪᠴᠢᠶ᠎ᠡ ︽ᠬᠤᠶᠠᠷ ᠤᠷᠤᠨ︾ ᠢ ᠲᠠᠷᠢᠶᠠᠯᠠᠩ ᠮᠠᠯ ᠠᠵᠦ ᠠᠬᠤᠢ ᠶᠢᠨ ᠬᠦᠭᠵᠢᠯᠲᠡ ᠶᠢᠨ ᠲᠦᠯᠦᠪᠵᠢᠭᠦᠯᠭᠡ ᠳᠤ ᠤᠷᠤᠭᠤᠯᠬᠤ ᠶᠢᠨ ᠬᠠᠮᠲᠦ ᠪᠤᠰᠤᠳ ᠲᠤᠰᠬᠠᠢ ᠲᠦᠯᠦᠪᠵᠢᠭᠦᠯᠭᠡ ᠲᠠᠢ ᠰᠠᠶᠢᠳᠤᠷ ᠠᠪᠤᠴᠠᠯᠳᠤᠭᠤᠯᠵᠦ᠂ ᠲᠠᠷᠢᠶᠠᠯᠠᠩ ᠳᠤ ᠬᠤᠯᠪᠤᠭᠳᠠᠭᠰᠡᠨ ᠲᠦᠷᠦᠯ ᠵᠦᠢᠯ ᠢ ᠨᠢᠭᠡᠳᠭᠡᠨ ︽ᠬᠤᠶᠠᠷ ᠤᠷᠤᠨ︾ ᠲᠡᠶᠢᠰᠢ ᠬᠡᠯᠪᠡᠶᠢᠬᠦ ᠶᠢ ᠬᠠᠷᠢᠭᠤᠴᠠᠨ᠎ᠡ︔ ᠡᠳ᠋ ᠤᠨ ᠵᠠᠰᠠᠭ ᠤᠨ ᠲᠤᠪᠴᠢᠶ᠎ᠡ ᠡᠳ᠋ ᠤᠨ ᠵᠠᠰᠠᠭ ᠤᠨ ᠲᠠᠷᠢᠶᠠᠯᠠᠩ ᠳᠤ ᠦᠵᠡᠭᠦᠯᠬᠦ ᠲᠠᠮᠵᠢᠯᠭᠡ ᠶᠢᠨ ᠪᠦᠳᠤᠴᠡ ᠶᠢ ᠤᠯᠠᠮ ᠢᠶᠠᠷ ᠰᠢᠯᠢᠲᠡᠭᠵᠢᠭᠦᠯᠵᠦ᠂ ᠲᠠᠷᠢᠶᠠᠯᠠᠩ ᠳᠤ ᠬᠤᠯᠪᠤᠭᠳᠠᠭᠰᠡᠨ ᠪᠡᠯᠡ ᠮᠦᠩᠭᠦ ᠶᠢ ᠨᠢᠭᠡᠳᠭᠡᠨ ᠠᠰᠢᠭᠯᠠᠬᠤ ᠶᠢ ᠠᠬᠢᠭᠤᠯᠵᠦ᠂ ︽ᠬᠤᠶᠠᠷ ᠤᠷᠤᠨ︾ ᠤ ᠡᠳ᠋ ᠤᠨ ᠵᠠᠰᠠᠭ ᠤᠨ ᠨᠦᠬᠦᠪᠦᠷᠢ ᠶᠢᠨ ᠪᠡᠯᠡ ᠮᠦᠩᠭᠦ ᠬᠤᠷᠠᠮᠳᠤᠭᠤᠯᠬᠤ ᠪᠡ ᠠᠰᠢᠭᠯᠠᠬᠤ ᠬᠠᠮᠢᠶᠠᠷᠤᠯᠲᠡ ᠶᠢᠨ ᠠᠵᠢᠯ ᠢ ᠬᠠᠷᠢᠭᠤᠴᠡᠨ᠎ᠡ︔ ᠭᠠᠵᠠᠷ ᠰᠢᠷᠤᠢ ᠶᠢᠨ ᠲᠤᠪᠴᠢᠶ᠎ᠡ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠤᠭᠳᠠᠭᠠᠬᠤ ᠪᠤᠯᠤᠨ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠶᠢ ᠠᠪᠤᠴᠠᠯᠳᠤᠭᠤᠯᠬᠤ ᠠᠵᠢᠯ ᠢ ᠰᠠᠶᠢᠳᠤᠷ ᠬᠢᠵᠦ᠂ ᠤᠳᠤ ᠪᠠᠶᠢᠭ᠎ᠠ ᠲᠠᠷᠢᠶᠠᠨ ᠭᠠᠵᠠᠷ ᠤᠨ ᠡᠬᠢ ᠰᠣᠷᠪᠤᠯᠵᠢ ᠪᠡ ᠦᠨᠢᠲᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠤᠭᠳᠠᠭᠠᠭᠰᠡᠨ ᠦᠷ᠎ᠡ ᠪᠦᠲᠦᠭᠡᠯ ᠢ ᠬᠠᠮᠲᠦ ᠪᠠᠷ ᠡᠳ᠋ᠯᠡᠵᠦ᠂ ︽ᠬᠤᠶᠠᠷ ᠤᠷᠤᠨ︾ ᠤ ᠡᠬᠡ ᠵᠢᠷᠤᠭ ᠪᠦᠲᠦᠭᠡᠵᠦ ᠬᠦᠮᠦᠷᠭᠡ ᠳᠤ ᠤᠷᠤᠭᠤᠯᠬᠤ ᠠᠵᠢᠯ ᠢ ᠬᠠᠷᠢᠭᠤᠴᠠᠨ᠎ᠡ︔ ᠪᠤᠰᠤᠳ ᠰᠠᠯᠠᠭ᠎ᠠ ᠮᠦᠴᠢᠷ ᠨᠢ ᠦᠪᠡᠷ ᠦᠪᠡᠷ ᠤᠨ ᠡᠭᠦᠷᠭᠡ ᠴᠢᠳᠠᠮᠵᠢ ᠪᠠᠨ ᠦᠨᠳᠦᠰᠦᠯᠡᠨ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠢ ᠢᠳᠡᠪᠬᠢᠯᠡᠨ ᠬᠠᠮᠵᠢᠯᠴᠠᠵᠦ᠂ ︽ᠬᠤᠶᠠᠷ ᠤᠷᠤᠨ︾ ᠤ ᠪᠦᠲᠦᠭᠡᠨ ᠪᠠᠶᠢᠭᠤᠯᠤᠯᠲᠡ ᠶᠢ ᠲᠡᠮᠵᠢᠨ᠎ᠡ᠃ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠭᠤᠤᠯ ᠴᠤᠭᠴᠡ ᠪᠤᠯᠤᠭᠰᠡᠨ ᠲᠦᠷᠪᠠᠨ ᠰᠢᠶᠠᠩ ᠪᠠᠯᠭᠠᠰᠤ ᠨᠢ ᠲᠠᠷᠤᠢ ᠲᠦᠷᠭᠡᠨ ᠤᠳᠤᠷᠢᠳᠬᠤ ᠪᠠᠭ᠎ᠠ ᠲᠤᠭᠤᠶᠢᠯᠠᠩ ᠪᠠᠶᠢᠭᠤᠯᠵᠦ᠂ ᠲᠤᠰᠬᠠᠢ ᠬᠦᠮᠦᠨ ᠲᠤᠬᠢᠷᠠᠭᠤᠯᠤᠨ᠂ ︽ᠲᠦᠰᠦᠯ︾ ᠤᠨ ᠱᠠᠭᠠᠷᠳᠠᠯᠭ᠎ᠠ ᠶᠤᠰᠤᠭᠠᠷ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ  ᠢ ᠬᠢᠨᠠᠮᠠᠭᠠᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃      ︵ᠭᠤᠷᠪᠡ︶ ᠤᠬᠠᠭᠤᠯᠤᠨ ᠲᠠᠭᠠᠭᠤᠯᠬᠤ ᠠᠵᠢᠯ ᠢ ᠴᠢᠩᠭᠠᠳᠬᠠᠨ᠎ᠡ᠃ ᠡᠯ᠎ᠡ ᠵᠦᠢᠯ ᠤᠨ ᠰᠤᠨᠢᠨ ᠮᠡᠲᠡᠭᠡ ᠵᠠᠭᠤᠴᠢᠯᠠᠭᠤᠷ ᠢ ᠭᠦᠢᠴᠡᠳ ᠠᠰᠢᠭᠯᠠᠨ ᠤᠯᠠᠨ ᠲᠡᠰ ᠲᠠᠪᠬᠤᠷᠭᠠᠲᠦ᠂ ᠤᠯᠠᠨ ᠬᠡᠯᠪᠡᠷᠢ ᠶᠠᠩᠵᠦᠲᠦ᠂ ᠦᠷᠬᠦᠯᠵᠢᠯᠡᠭᠰᠡᠨ ᠴᠢᠨᠠᠷᠲᠠᠢ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠤᠬᠠᠭᠤᠯᠭ᠎ᠠ ᠶᠢᠨ ᠠᠵᠢᠯ ᠢ ᠦᠷᠨᠢᠭᠦᠯᠵᠦ᠂ ᠦᠷᠭᠡᠨ ᠤᠯᠠᠨ ᠮᠠᠯᠴᠢᠨ ᠲᠠᠷᠢᠶᠠᠴᠢᠳ ᠤᠨ ᠤᠯᠤᠰ ᠤᠨ ᠬᠠᠮᠢᠶ᠎ᠡ ᠪᠦᠭᠦᠢ ᠲᠦᠷᠦ ᠶᠢᠨ ᠪᠤᠳᠤᠯᠭ᠎ᠠ ᠶᠢ ᠪᠦᠬᠦ ᠲᠡᠯ᠎ᠡ ᠪᠠᠷ ᠤᠨᠤᠪᠴᠢᠲᠠᠢ ᠤᠶᠢᠯᠠᠭᠠᠬᠤ ᠶᠢ ᠪᠠᠳᠤᠯᠠᠵᠦ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠳᠤ ᠠᠰᠢᠭᠲᠠᠢ ᠠᠵᠢᠯ  ᠤᠨ ᠤᠷᠴᠢᠨ ᠨᠦᠬᠦᠴᠡᠯ ᠪᠡ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠨ᠎ᠡ᠃ ᠠᠬᠤᠢ ᠲᠠᠯᠠᠪᠠᠢ ᠶᠢᠨ ᠲᠤᠭᠤᠷᠢᠨ ᠦᠵᠡᠭᠦᠯᠭᠡ ᠬᠢᠬᠦ᠂ ᠲᠤᠷᠰᠢᠯᠭ᠎ᠠ ᠰᠤᠯᠢᠯᠴᠠᠬᠤ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ ᠬᠡᠯᠪᠡᠷᠢ ᠪᠠᠷ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠲᠤᠮᠲᠡᠬᠢ ᠰᠠᠶᠢᠨ ᠠᠷᠭ᠎ᠠ ᠲᠤᠷᠰᠢᠯᠭ᠎ᠠ ᠶᠢ ᠤᠬᠠᠭᠤᠯᠵᠦ᠂ ᠨᠡᠶᠢᠲᠡᠯᠢᠭ ᠵᠢᠱᠢᠶ᠎ᠡ ᠶᠢ ᠬᠦᠮᠦᠵᠢᠭᠦᠯᠦᠨ᠂ ᠠᠵᠢᠯ ᠤᠨ ᠡᠮᠬᠢ ᠲᠢᠭᠯᠢᠮ ᠲᠠᠢ ᠶᠠᠪᠤᠭᠳᠠᠬᠤ ᠶᠢ ᠠᠬᠢᠭᠤᠯᠤᠨ᠎ᠡ᠃      ︵ᠲᠦᠷᠪᠡ︶ ᠬᠢᠨᠠᠨ ᠵᠢᠯᠤᠭᠤᠳᠴᠦ ᠰᠢᠯᠭᠠᠨ ᠦᠨᠡᠯᠡᠬᠦ ᠠᠵᠢᠯ ᠢ ᠴᠢᠩᠭᠠᠳᠬᠠᠨ᠎ᠡ᠃ ᠲᠤᠰ ᠲᠦᠰᠦᠯ ᠢ ᠲᠠᠷᠬᠠᠭᠠᠭᠰᠡᠨ ᠡᠳᠤᠷ ᠠᠴᠠ ᠡᠬᠢᠯᠡᠨ ᠲᠠᠷᠢᠶᠠᠯᠠᠬᠤ ᠤᠷᠤᠨ ᠤ ᠲᠦᠷᠪᠠᠨ ᠰᠢᠶᠠᠩ ᠪᠠᠯᠭᠠᠰᠤ ᠨᠢ ᠲᠤᠭᠳᠠᠮᠠᠯ ᠬᠤᠭᠤᠴᠠᠭᠠᠨ ᠳᠤ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ ᠳᠤ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠠᠬᠢᠴᠡ ᠶᠢᠨ ᠪᠠᠶᠢᠲᠡᠯ ᠢᠶᠠᠨ ᠮᠡᠲᠡᠭᠦᠯᠵᠦ᠂ ᠰᠡᠷ᠎ᠡ ᠪᠤᠯᠭᠠᠨ ᠮᠡᠲᠡᠭᠦᠯᠦᠯᠲᠡ ᠲᠠᠢ᠂ ᠵᠢᠯ ᠤᠨ ᠡᠴᠤᠰ ᠲᠤ ᠳ᠋ᠦᠩᠨᠨᠡᠯᠲᠡ ᠲᠠᠢ ᠪᠠᠶᠢᠬᠤ ᠶᠢ ᠪᠠᠳᠤᠯᠠᠨ᠎ᠡ᠃ ᠲᠠᠷᠢᠶᠠᠯᠠᠩ ᠮᠠᠯ ᠠᠵᠦ ᠠᠬᠤᠢ᠂ ᠡᠳ᠋ ᠤᠨ ᠵᠠᠰᠠᠭ᠂ ᠭᠠᠵᠠᠷ ᠰᠢᠷᠤᠢ᠂ ᠦᠭᠡᠷᠡᠴᠢᠯᠡᠯᠲᠡ ᠬᠦᠭᠵᠢᠯᠲᠡ ᠵᠡᠷᠭᠡ ᠰᠠᠯᠠᠭ᠎ᠠ ᠮᠦᠴᠢᠷ ᠤᠨ ᠬᠢᠨ ᠬᠢᠨᠠᠨ ᠪᠠᠶᠢᠴᠠᠭᠠᠬᠤ ᠲᠤᠭᠤᠶᠢᠯᠠᠩ ᠪᠠᠶᠢᠭᠤᠯᠵᠦ᠂ ᠠᠵᠢᠯ ᠳᠤ ᠬᠢᠨᠠᠨ ᠪᠠᠶᠢᠴᠠᠭᠠᠯᠲᠡ ᠬᠢᠵᠦ᠂ ᠡᠯ᠎ᠡ ᠭᠠᠵᠠᠷ ᠤᠷᠤᠨ ᠤ ᠠᠵᠢᠯ ᠤᠨ ᠪᠠᠶᠢᠲᠡᠯ  ᠢ ᠦᠨᠳᠦᠰᠦᠯᠡᠨ ᠬᠢᠨᠠᠨ ᠪᠠᠶᠢᠴᠠᠭᠠᠭᠰᠡᠨ ᠰᠠᠨᠠᠭᠤᠯᠤᠮᠵᠢ ᠵᠤᠬᠢᠶᠠᠵᠦ᠂ ᠬᠢᠨᠠᠨ ᠪᠠᠶᠢᠴᠠᠭᠠᠭᠰᠡᠨ ᠪᠠᠶᠢᠲᠡᠯ ᠢᠶᠠᠨ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠳᠤ ᠮᠡᠲᠡᠭᠦᠯᠵᠦ᠂ ᠴᠠᠭ ᠲᠤ ᠨᠢ ᠲᠤᠬᠢᠷᠠᠭᠤᠯᠤᠨ ᠪᠦᠬᠦ ᠬᠤᠰᠢᠭᠤᠨ ᠳᠤ ᠮᠡᠲᠡᠭᠡᠯᠡᠬᠦ ᠶᠢᠨ ᠬᠠᠮᠲᠦ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠤᠨ ᠦᠷᠨᠢᠭᠦᠯᠦᠭᠰᠡᠨ ᠪᠠᠶᠢᠲᠡᠯ ᠵᠢᠴᠢ ᠦᠷ᠎ᠡ ᠪᠦᠲᠦᠭᠡᠯ ᠢ ᠰᠢᠶᠠᠩ ᠪᠠᠯᠭᠠᠰᠤᠨ ᠤ ᠬᠠᠷᠢᠭᠤᠴᠠᠯᠭᠠᠲᠦ ᠲᠦᠷᠢᠮ ᠤᠨ ᠰᠢᠯᠭᠠᠨ ᠦᠨᠡᠯᠡᠬᠦ ᠪᠡ ᠭᠠᠵᠠᠷ ᠤᠷᠤᠨ ᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠦᠷᠢᠶ᠎ᠡ ᠬᠡᠪᠴᠢᠶᠠᠨ ᠳᠤ ᠤᠷᠤᠭᠤᠯᠤᠨ᠎ᠡ᠃            ᠲᠠᠭᠠᠯᠲᠡ ᠨᠢᠭᠡ᠄ ᠲᠠᠷᠠᠬᠨ ᠮᠤᠤᠮᠢᠩᠭᠠᠨ ᠬᠤᠯᠪᠤᠭᠠᠲᠦ ᠬᠤᠰᠢᠭᠤᠨ ᠤ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠡᠭᠦᠷᠭᠡ ᠶᠢᠨ ᠬᠤᠪᠢᠶᠠᠷᠢᠯᠡᠯ      ᠨᠢᠭᠡᠴᠢ᠄ ᠲᠦᠮᠡᠨ ᠮᠦ      ᠲᠠᠷᠢᠮᠠᠯ ᠤᠨ ᠵᠦᠢᠯᠡᠰ᠄ ᠡᠷᠳᠡᠨᠢ ᠰᠢᠰᠢ᠂ ᠪᠤᠭᠤᠲᠠᠢ

     ᠲᠠᠭᠠᠯᠲᠡ ᠬᠤᠶᠠᠷ᠄ ᠲᠠᠷᠠᠬᠨ ᠮᠤᠤᠮᠢᠩᠭᠠᠨ ᠬᠤᠯᠪᠤᠭᠠᠲᠦ ᠬᠤᠰᠢᠭᠤᠨ ᠤ ︽ᠬᠤᠶᠠᠷ ᠤᠷᠤᠨ︾ ᠢ ᠵᠠᠭᠠᠭᠯᠠᠨ

ᠲᠤᠭᠳᠠᠭᠠᠬᠤ ᠡᠭᠦᠷᠭᠡ ᠶᠢᠨ ᠬᠤᠪᠢᠶᠠᠷᠢᠯᠡᠯ ᠤᠨ ᠦᠨᠳᠦᠰᠦᠯᠡᠯ

     1. ᠤᠯᠤᠰ᠂ ᠦᠪᠡᠷᠲᠡᠭᠡᠨ ᠵᠠᠰᠠᠬᠤ ᠤᠷᠤᠨ ᠪᠡ ᠪᠤᠭᠤᠲᠦ ᠬᠤᠲᠡ ᠶᠢᠨ ︽ᠬᠤᠶᠠᠷ ᠤᠷᠤᠨ︾ ᠢ ᠵᠠᠭᠠᠭᠯᠠᠨ

ᠲᠤᠭᠳᠠᠭᠠᠬᠤ ᠶᠢ ᠬᠡᠷᠡᠭᠵᠢᠭᠦᠯᠬᠦ ᠨᠠᠷᠢᠨ ᠲᠦᠷᠢᠮ ᠢ ᠦᠨᠳᠦᠰᠦᠯᠡᠨ᠂ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ

ᠦᠷ᠎ᠡ ᠪᠦᠲᠦᠭᠡᠯ ᠢ ᠭᠠᠵᠠᠷ ᠰᠢᠷᠤᠢ ᠶᠢ ᠲᠠᠭᠠᠭᠠᠴᠢᠯᠠᠨ ᠡᠵᠡᠩᠨᠡᠬᠦ ᠡᠷᠭᠡ ᠶᠢ ᠨᠤᠳᠠᠯᠠᠨ ᠲᠠᠩᠰᠠᠯᠠᠭᠰᠡᠨ ᠠᠵᠢᠯ ᠤᠨ

ᠲᠤᠭ᠎ᠠ ᠪᠠᠷᠢᠮᠲᠡ ᠪᠡ ᠵᠢᠷᠤᠭᠲᠦ ᠲᠦᠷᠰᠦ ᠶᠢᠨ ᠦᠷ᠎ᠡ ᠪᠦᠲᠦᠭᠡᠯ ᠲᠠᠢ ᠨᠡᠶᠢᠴᠡᠭᠦᠯᠦᠨ ᠲᠠᠪᠬᠤᠴᠠᠭᠤᠯᠬᠤ ᠤᠴᠢᠷ

 ᠠᠴᠠ᠂ ᠮᠠᠨ ᠤ ᠬᠤᠰᠢᠭᠤᠨ ᠤ ︽ᠬᠤᠶᠠᠷ ᠤᠷᠤᠨ︾ ᠢ ᠵᠠᠭᠠᠭᠯᠠᠨ ᠲᠤᠭᠳᠠᠭᠠᠬᠤ ᠠᠵᠢᠯ ᠨᠢ ᠵᠦᠪᠭᠡᠨ ᠭᠠᠵᠠᠷ ᠰᠢᠷᠤᠢ

 ᠶᠢᠨ ᠲᠠᠭᠠᠭᠠᠴᠢᠯᠠᠨ ᠡᠵᠡᠩᠨᠡᠬᠦ ᠡᠷᠭᠡ ᠶᠢ ᠨᠢ ᠨᠤᠳᠠᠯᠠᠭᠰᠡᠨ ᠪᠠᠭ᠎ᠠ ᠤᠩᠭᠤᠨ ᠰᠢᠶᠠᠩ᠂ ᠰᠢᠪᠡᠷᠬᠦ᠋ᠷᠢᠶ᠎ᠡ ᠪᠠᠯᠭᠠᠰᠤ᠂

ᠦᠬᠡᠷᠬᠤᠳᠳᠤᠭ ᠪᠠᠯᠭᠠᠰᠤ ᠪᠤᠯᠤᠨ ᠰᠢ ᠾᠧ ᠰᠢᠶᠠᠩ ᠳᠤ ᠦᠷᠨᠢᠭᠦᠯᠬᠦ ᠪᠤᠯᠤᠨ᠎ᠡ᠃

     2. ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ ᠶᠢᠨ 2018 ᠤᠨ ᠤ ᠪᠦᠷᠢᠳᠭᠡᠭᠰᠡᠨ ᠲᠠᠷᠢᠮᠠᠯ ᠤᠨ

ᠵᠦᠢᠯᠡᠰ ᠤᠨ ᠲᠠᠷᠢᠬᠤ ᠲᠠᠯᠠᠪᠠᠢ ᠪᠠᠷ ᠰᠠᠭᠤᠷᠢ ᠲᠤᠭ᠎ᠠ ᠪᠤᠯᠭᠠᠵᠦ᠂ ᠤᠰᠤᠨ ᠲᠠᠷᠢᠶᠠᠨ ᠤ ᠭᠠᠵᠠᠷ ᠢ ᠪᠦᠬᠦᠨ ᠢ ᠡᠷᠳᠡᠨᠢ

ᠰᠢᠰᠢ ᠲᠠᠷᠢᠬᠤ ᠪᠠᠷ ᠲᠦᠯᠦᠪᠯᠡᠵᠦ ︵ᠤᠰᠤᠨ ᠲᠠᠷᠢᠶᠠᠨ ᠤ ᠲᠠᠷᠢᠬᠤ ᠲᠠᠯᠠᠪᠠᠢ ᠨᠢ ᠦᠨᠳᠦᠰᠦᠨ ᠲᠠᠷᠢᠶᠠᠨ ᠭᠠᠵᠠᠷ ᠤᠨ

ᠲᠤᠭᠳᠠᠭᠠᠭᠰᠡᠨ ᠲᠠᠯᠠᠪᠠᠢ ᠠᠴᠠ ᠪᠦᠷ ᠶᠡᠭᠡ ᠪᠤᠯᠬᠤᠷ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠶᠢ ᠠᠲᠡ

ᠪᠤᠳᠤᠯᠬᠢᠯᠠᠭᠰᠡᠨ ᠦᠭᠡᠢ︶᠂ ᠪᠠᠭ᠎ᠠ ᠤᠩᠭᠤᠨ ᠰᠢᠶᠠᠩ 4 ᠲᠦᠮᠡᠨ ᠮᠦ᠂ ᠰᠢᠪᠡᠷᠬᠦ᠋ᠷᠢᠶ᠎ᠡ ᠪᠠᠯᠭᠠᠰᠤ 9 ᠲᠦᠮᠡᠨ ᠮᠦ᠂

ᠦᠬᠡᠷᠬᠤᠳᠳᠤᠭ ᠪᠠᠯᠭᠠᠰᠦ 8 ᠲᠦᠮᠡᠨ ᠮᠦ᠂ ᠰᠢ ᠾᠧ ᠰᠢᠶᠠᠩ 3 ᠲᠦᠮᠡᠨ ᠮᠦ ᠲᠠᠷᠢᠨ᠎ᠡ᠃

     3. ᠦᠯᠡᠲᠡᠭᠰᠡᠨ 6 ᠲᠦᠮᠡᠨ ᠮᠦ ᠡᠷᠳᠡᠨᠢ ᠰᠢᠰᠢ ᠶᠢ ᠦᠯᠡᠲᠡᠵᠦ ᠪᠠᠶᠢᠭ᠎ᠠ ᠬᠠᠭᠤᠷᠠᠢ ᠲᠠᠷᠢᠶᠠᠨ ᠭᠠᠵᠠᠷ ᠤᠨ

ᠡᠵᠡᠯᠡᠬᠦ ᠬᠤᠪᠢ ᠪᠠᠷ ᠬᠤᠪᠢᠶᠠᠷᠢᠯᠡᠨ᠎ᠡ᠄

     ᠪᠠᠭ᠎ᠠ ᠤᠩᠭᠤᠨ ᠰᠢᠶᠠᠩ᠄ 6÷︵80—24︶×︵16.7—4︶= 1.4 ᠲᠦᠮᠡᠨ ᠮᠦ

     ᠰᠢᠪᠡᠷᠬᠦ᠋ᠷᠢᠶ᠎ᠡ ᠪᠠᠯᠭᠠᠰᠤ᠄ 6÷︵80—24︶×︵23.3—9︶= 1.5 ᠲᠦᠮᠡᠨ ᠮᠦ

     ᠦᠬᠡᠷᠬᠤᠳᠳᠤᠭ ᠪᠠᠯᠭᠠᠰᠤ᠄ 6÷︵80—24︶×︵23.9—8︶= 1.7 ᠲᠦᠮᠡᠨ ᠮᠦ

     ᠰᠢ ᠾᠧ ᠰᠢᠶᠠᠩ᠄ 6÷︵80—24︶×︵16.1—3︶= 1.4 ᠲᠦᠮᠡᠨ ᠮᠦ

     4. ᠡᠴᠤᠰ ᠤᠨ ᠲᠤᠭᠳᠠᠭᠠᠭᠰᠡᠨ ᠡᠷᠳᠡᠨᠢ ᠰᠢᠰᠢ ᠶᠢᠨ ᠲᠠᠷᠢᠬᠤ ᠲᠠᠯᠠᠪᠠᠢ ᠨᠢ ᠨᠡᠶᠢᠲᠡ 30 ᠲᠦᠮᠡᠨ ᠮᠦ᠂

ᠡᠭᠦᠨ ᠤ ᠲᠤᠳᠤᠷ᠎ᠡ᠂ ᠪᠠᠭ᠎ᠠ ᠤᠩᠭᠤᠨ ᠰᠢᠶᠠᠩ 5.4 ᠲᠦᠮᠡᠨ ᠮᠦ᠂ ᠰᠢᠪᠡᠷᠬᠦ᠋ᠷᠢᠶ᠎ᠡ ᠪᠠᠯᠭᠠᠰᠤ 10.5 ᠲᠦᠮᠡᠨ ᠮᠦ᠂

ᠦᠬᠡᠷᠬᠤᠳᠳᠤᠭ ᠪᠠᠯᠭᠠᠰᠤ 9.7 ᠲᠦᠮᠡᠨ ᠮᠦ᠂ ᠰᠢ ᠾᠧ ᠰᠢᠶᠠᠩ 4.4 ᠲᠦᠮᠡᠨ ᠮᠦ᠃

     5. ᠪᠤᠭᠤᠲᠠᠢ ᠶᠢᠨ ᠵᠠᠭᠠᠭᠯᠠᠨ ᠲᠤᠭᠳᠠᠭᠠᠭᠰᠡᠨ ᠲᠠᠯᠠᠪᠠᠢ ᠨᠢ ᠨᠡᠶᠢᠲᠡ 20 ᠲᠦᠮᠡᠨ ᠮᠦ᠂ ᠦᠯᠡᠲᠡᠵᠦ

ᠪᠠᠶᠢᠭ᠎ᠠ ᠬᠠᠭᠤᠷᠠᠢ ᠲᠠᠷᠢᠶᠠᠨ ᠭᠠᠵᠠᠷ ᠤᠨ ᠡᠵᠡᠯᠡᠬᠦ ᠬᠤᠪᠢ ᠪᠠᠷ ᠬᠤᠪᠢᠶᠠᠷᠢᠯᠡᠨ᠎ᠡ᠄

     ᠪᠠᠭ᠎ᠠ ᠤᠩᠭᠤᠨ ᠰᠢᠶᠠᠩ᠄ 20÷︵80—30︶×︵16.7—5.4︶= 4.5 ᠲᠦᠮᠡᠨ ᠮᠦ

     ᠰᠢᠪᠡᠷᠬᠦ᠋ᠷᠢᠶ᠎ᠡ ᠪᠠᠯᠭᠠᠰᠤ᠄ 20÷︵80—30︶×︵23.3—10.5︶= 5 ᠲᠦᠮᠡᠨ ᠮᠦ

     ᠦᠬᠡᠷᠬᠤᠳᠳᠤᠭ ᠪᠠᠯᠭᠠᠰᠦ᠄ 20÷︵80—30︶×︵23.9—9.7︶= 5.8 ᠲᠦᠮᠡᠨ ᠮᠦ

     ᠰᠢ ᠾᠧ ᠰᠢᠶᠠᠩ᠄ 20÷︵80—30︶×︵16.1—4.4︶= 4.7 ᠲᠦᠮᠡᠨ ᠮᠦ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号