ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ ᠠᠯᠪᠠᠨ ᠭᠡᠷ ᠤᠨ | ︽ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ 2018 ᠤᠨ ᠤ ᠢᠯᠡ ᠵᠠᠰᠠᠭ ᠤᠨ ᠠᠵᠢᠯ ᠤᠨ ᠭᠤᠤᠯᠳᠠᠯᠭ᠎ᠠ︾ | ᠶᠢᠨ ᠲᠤᠬᠠᠢ ᠮᠡᠲᠡᠭᠲᠡᠯ | | ᠲᠠᠷᠬᠠᠨ ᠮᠤᠤᠮᠢᠩᠭᠠᠨ ᠵᠠᠰᠠᠭ ᠠᠯᠪᠠᠨ ᠲᠠᠷᠬᠠᠭᠠᠭᠰᠡᠨ ﹇2018﹈ 18 ᠳ᠋ᠤᠭᠠᠷ ᠲᠤᠭᠠᠲᠦ | | | ᠡᠯ᠎ᠡ ᠰᠤᠮᠤ ᠰᠢᠶᠠᠩ ᠪᠠᠯᠭᠠᠰᠤᠨ ᠤ ᠠᠷᠡᠳ ᠤᠨ ᠵᠠᠰᠠᠭ ᠤᠨ ᠤᠷᠳᠤᠨ᠂ ᠪᠠᠷᠠᠭᠤᠨ ᠠᠵᠦ ᠦᠢᠯᠡᠳᠪᠦᠷᠢ ᠶᠢᠨ | ᠲᠤᠭᠤᠷᠢᠭ ᠤᠨ ᠬᠠᠮᠢᠶᠠᠷᠤᠯᠲᠡ ᠶᠢᠨ ᠵᠦᠪᠯᠡᠯ᠂ ᠬᠤᠰᠢᠭᠤᠨ ᠤ ᠡᠯ᠎ᠡ ᠰᠢᠭᠤᠳ ᠬᠠᠷᠢᠶ᠎ᠡ ᠰᠠᠯᠠᠭ᠎ᠠ ᠮᠦᠴᠢᠷ | ᠪᠠᠶᠢᠭᠤᠯᠭ᠎ᠠ᠂ ᠡᠯ᠎ᠡ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ᠄ | ᠬᠤᠰᠢᠭᠤ ᠵᠠᠰᠠᠭ ᠤᠨ ᠤᠷᠳᠤᠨ ᠤ 2018 ᠤᠨ ᠤ 6 ᠳ᠋ᠤᠭᠠᠷ ᠤᠳᠠᠭᠠᠨ ᠤ ᠨᠠᠮ ᠤᠨ ᠲᠤᠭᠤᠶᠢᠯᠠᠩ ᠤᠨ | ᠬᠤᠷᠡᠯ ᠠᠴᠠ ᠶᠠᠷᠢᠯᠴᠠᠨ ᠵᠦᠪᠰᠢᠶᠡᠷᠡᠭᠰᠡᠨ ︽ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ 2018 ᠤᠨ ᠤ | ᠢᠯᠡ ᠵᠠᠰᠠᠭ ᠤᠨ ᠠᠵᠢᠯ ᠤᠨ ᠭᠤᠤᠯᠳᠠᠯᠭ᠎ᠠ︾ ᠢ ᠲᠠ ᠨᠠᠷ ᠲᠤ ᠲᠠᠷᠬᠠᠭᠠᠯ᠎ᠡ᠃ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | | ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ | ᠠᠷᠡᠳ ᠤᠨ ᠵᠠᠰᠠᠭ ᠤᠨ ᠤᠷᠳᠤᠨ ᠤ ᠠᠯᠪᠠᠨ ᠭᠡᠷ | | 2018 ᠤᠨ ᠤ 5 ᠰᠡᠷ᠎ᠡ ᠶᠢᠨ 8 ᠤ ᠡᠳᠤᠷ | | | | ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ 2018 ᠤᠨ ᠤ ᠢᠯᠡ ᠵᠠᠰᠠᠭ ᠤᠨ ᠠᠵᠢᠯ ᠤᠨ | ᠭᠤᠤᠯᠳᠠᠯᠭ᠎ᠠ | ᠨᠠᠮ ᠤᠨ ᠠᠷᠪᠡ ᠶᠢᠰᠦᠳᠤᠭᠡᠷ ᠶᠡᠭᠡ ᠬᠤᠷᠡᠯ ᠪᠡ ᠠᠷᠪᠡ ᠶᠢᠰᠦᠳᠦᠭᠡᠷ ᠶᠡᠭᠡ ᠬᠤᠷᠡᠯ ᠤᠨ ᠬᠤᠶᠠᠳᠤᠭᠠᠷ᠂ | ᠭᠤᠷᠪᠠᠳᠤᠭᠠᠷ ᠪᠦᠭᠦᠲᠡ ᠬᠤᠷᠡᠯᠳᠤᠭᠠᠨ ᠤ ᠵᠤᠷᠢᠭ ᠰᠠᠨᠠᠭ᠎ᠠ ᠶᠢ ᠪᠦᠬᠦ ᠲᠡᠯ᠎ᠡ ᠪᠠᠷ ᠲᠤᠭᠤᠰᠢᠯᠠᠭᠤᠯᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠲᠦᠪ ᠬᠤᠷᠢᠶ᠎ᠡ᠂ ᠲᠦᠷᠦ ᠶᠢᠨ ᠶᠡᠪᠤᠳᠡᠯ ᠤᠨ ᠬᠤᠷᠢᠶᠠᠨ ᠤ ᠵᠠᠰᠠᠭ | ᠤᠨ ᠶᠠᠪᠤᠳᠡᠯ ᠢ ᠢᠯᠡ ᠪᠤᠯᠭᠠᠬᠤ ᠠᠵᠢᠯ ᠢ ᠪᠦᠬᠦ ᠲᠡᠯ᠎ᠡ ᠪᠠᠷ ᠲᠦᠯᠬᠢᠨ ᠠᠬᠢᠭᠤᠯᠬᠤ ᠲᠤᠬᠠᠢ ᠰᠢᠷᠢᠰ | ᠪᠠᠶᠢᠷᠢᠯᠠᠭᠤᠯᠤᠯᠲᠡ ᠵᠢᠴᠢ ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠳᠡ ᠶᠢᠨ ᠵᠠᠰᠠᠭ ᠤᠨ ᠶᠠᠪᠤᠳᠡᠯ ᠢ ᠢᠯᠡ | ᠪᠤᠯᠭᠠᠬᠤ ᠠᠵᠢᠯ ᠢ ᠪᠦᠬᠦ ᠲᠡᠯ᠎ᠡ ᠪᠠᠷ ᠲᠦᠯᠬᠢᠨ ᠠᠬᠢᠭᠤᠯᠬᠤ ᠲᠤᠬᠠᠢ ᠬᠠᠮᠢᠶ᠎ᠡ ᠪᠦᠬᠦᠢ ᠪᠢᠴᠢᠭ ᠮᠠᠲ᠋ᠧᠷᠢᠶᠡᠯ ᠤᠨ | ᠵᠤᠷᠢᠭ ᠰᠠᠨᠠᠭ᠎ᠠ ᠶᠢ ᠬᠦᠨᠵᠡᠭᠡᠢ ᠨᠡᠶᠢᠳᠠᠪᠦᠷᠢᠵᠢᠭᠤᠯᠵᠦ᠂ ᠬᠤᠰᠢᠭᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ | ᠴᠢᠬᠤᠯᠡ ᠰᠢᠢᠳᠪᠦᠷᠢ ᠪᠠᠶᠢᠷᠢᠯᠠᠭᠤᠯᠤᠯᠲᠡ ᠪᠡ ᠤᠯᠠᠨ ᠲᠦᠮᠡᠨ ᠤ ᠠᠩᠬᠠᠷᠤᠯ ᠤᠨ ᠲᠤᠭᠤᠷᠢᠨ ᠳᠤ᠂ ᠨᠢᠭᠡᠲᠤᠯᠲᠠᠢ | ᠲᠦᠯᠦᠪᠯᠡᠨ᠂ ᠭᠤᠤᠯᠳᠠᠯᠭ᠎ᠠ ᠪᠠᠨ ᠲᠤᠪᠦᠶᠢᠯᠭᠠᠵᠦ᠂ ᠰᠢᠢᠳᠪᠦᠷᠢ᠂ ᠬᠡᠷᠡᠭᠵᠢᠭᠦᠯᠦᠯᠲᠡ᠂ ᠬᠠᠮᠢᠶᠠᠷᠤᠯᠲᠡ᠂ ᠦᠢᠯᠡᠴᠢᠯᠡᠭᠡ᠂ | ᠦᠷ᠎ᠡ ᠳ᠋ᠦᠩ ᠢ ᠢᠯᠡ ᠪᠠᠷ ᠨᠡᠶᠢᠲᠡᠯᠡᠬᠦ ᠶᠢ ᠬᠦᠴᠦᠯᠡᠨ ᠠᠬᠢᠭᠤᠯᠵᠦ᠂ ᠢᠯᠡ ᠵᠠᠰᠠᠭ ᠤᠨ ᠶᠠᠰᠦ ᠴᠢᠨᠠᠷ ᠪᠡ ᠦᠷ᠎ᠡ | ᠪᠦᠲᠦᠮᠵᠢ ᠶᠢ ᠲᠠᠰᠤᠷᠠᠯᠲᠡ ᠦᠭᠡᠢ ᠲᠡᠭᠡᠭᠰᠢᠯᠡᠭᠦᠯᠵᠦ᠂ ᠵᠠᠰᠠᠭ ᠤᠨ ᠤᠷᠳᠤᠨ ᠤ ᠴᠢᠳᠠᠮᠵᠢ ᠶᠢᠨ ᠦᠭᠡᠷᠡᠴᠢᠯᠡᠯᠲᠡ ᠶᠢ | ᠠᠬᠢᠭᠤᠯᠵᠦ᠂ ᠵᠠᠰᠠᠭ ᠢ ᠴᠤᠮᠠᠳᠬᠠᠨ ᠡᠷᠭᠡ ᠶᠢ ᠪᠠᠭᠤᠯᠭᠠᠬᠤ ᠶᠢ ᠬᠦᠨᠵᠡᠭᠡᠶᠢᠷᠡᠭᠦᠯᠵᠦ᠂ ᠬᠢᠨᠠᠯᠲᠡ ᠬᠠᠮᠢᠶᠠᠷᠤᠯᠲᠡ ᠶᠢᠨ | ᠰᠢᠨ᠎ᠡ ᠬᠡᠯᠪᠡᠷᠢ ᠶᠢ ᠡᠭᠦᠳᠴᠦ᠂ ᠠᠵᠦ ᠠᠬᠤᠢ ᠨᠡᠶᠢᠭᠡᠮ ᠤᠨ ᠦᠷᠬᠦᠯᠵᠢᠯᠠᠨ ᠡᠷᠡᠭᠦᠯ ᠢᠶᠠᠷ ᠬᠦᠭᠵᠢᠬᠦ ᠶᠢ ᠠᠬᠢᠭᠤᠯᠵᠦ᠂ | ᠠᠷᠡᠳ ᠲᠦᠮᠡᠨ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠪᠦᠲᠦᠭᠡᠨ | ᠪᠠᠶᠢᠭᠤᠯᠬᠤ ᠳᠤ ᠬᠦᠴᠦ ᠨᠡᠮᠠᠷᠢᠯᠠᠵᠦ᠂ ᠮᠠᠨ ᠤ ᠬᠤᠰᠢᠭᠤᠨ ᠤ ᠪᠤᠳᠠᠳᠠᠢ ᠪᠠᠶᠢᠲᠡᠯ ᠲᠠᠢ ᠤᠶᠠᠯᠳᠤᠭᠤᠯᠤᠨ᠂ 2018 | ᠤᠨ ᠤ ᠢᠯᠡ ᠵᠠᠰᠠᠭ ᠤᠨ ᠠᠵᠢᠯ ᠤᠨ ᠭᠤᠤᠯᠳᠠᠯᠭ᠎ᠠ ᠶᠢ ᠤᠨᠴᠠᠭᠠᠶᠢᠯᠠᠨ ᠲᠤᠭᠳᠠᠭᠠᠭᠰᠡᠨ ᠪᠠᠶᠢᠨ᠎ᠡ᠃ | ᠨᠢᠭᠡ᠂ ᠢᠯᠡ ᠲᠠᠶᠢᠯᠦᠮᠵᠢ ᠶᠢᠨ ᠬᠠᠷᠢᠭᠤᠯᠲᠡ ᠦᠭᠬᠦ ᠠᠵᠢᠯ ᠢ ᠴᠢᠩᠭᠠᠳᠬᠠᠨ᠎ᠡ᠃ | ︵ᠨᠢᠭᠡ︶ ᠬᠠᠦᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠬᠤ ᠲᠤᠭᠤᠷᠢᠨ ᠳᠤ ᠢᠯᠡ ᠵᠠᠰᠠᠭ ᠤᠨ | ᠠᠵᠢᠯ ᠢ ᠪᠦᠬᠦ ᠲᠡᠯ᠎ᠡ ᠪᠠᠷ ᠠᠬᠢᠭᠤᠯᠤᠨ᠎ᠡ᠃ ᠢᠯᠡ ᠲᠤᠳᠤᠷᠬᠠᠢ ᠪᠠᠶᠢᠬᠤ ᠶᠢ ᠵᠠᠰᠠᠭ ᠤᠨ ᠤᠷᠳᠤᠨ ᠤ ᠠᠵᠢᠯ ᠤᠨ | ᠦᠨᠳᠦᠰᠦᠨ ᠱᠠᠭᠠᠷᠲᠠᠯᠭ᠎ᠠ ᠪᠤᠯᠭᠠᠨ᠂ ᠢᠯᠡ ᠪᠤᠯᠭᠠᠬᠤ ᠶᠢ ᠬᠡᠪ ᠤᠨ ᠪᠠᠶᠢᠳᠡᠯ ᠳᠤ ᠪᠠᠶᠢᠯᠭᠠᠬᠤ ᠶᠢ ᠪᠠᠷᠢᠮᠳᠠᠯᠠᠨ᠂ ᠵᠠᠰᠠᠭ | ᠤᠨ ᠤᠷᠳᠤᠨ ᠤ ᠪᠦᠬᠦᠲᠡ ᠬᠤᠷᠡᠯᠳᠤᠭᠠᠨ ᠪᠡ ᠪᠠᠶᠢᠩᠭᠤ ᠶᠢᠨ ᠬᠤᠷᠡᠯ ᠳᠤ ᠶᠠᠷᠢᠯᠴᠠᠵᠦ ᠲᠤᠭᠳᠠᠭᠠᠭᠰᠡᠨ ᠬᠡᠷᠡᠭ | ᠶᠠᠪᠤᠳᠡᠯ᠂ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠠᠴᠠ ᠲᠤᠭᠳᠠᠭᠠᠭᠰᠡᠨ ᠰᠢᠢᠳᠪᠦᠷᠢᠲᠦ ᠪᠤᠳᠤᠯᠭ᠎ᠠ᠂ ᠬᠠᠦᠯᠢ | ᠶᠤᠰᠤᠭᠠᠷ ᠨᠢᠭᠤᠴᠡ ᠶᠢ ᠬᠠᠮᠠᠭᠠᠯᠠᠬᠤ ᠠᠴᠠ ᠤᠨᠳᠤᠤ ᠮᠡᠲᠡᠭᠡ ᠵᠠᠩᠬᠢ ᠶᠢ ᠴᠠᠭ ᠲᠤᠬᠠᠢ ᠳᠤ ᠨᠢ ᠢᠯᠡ ᠪᠠᠷ | ᠨᠡᠶᠢᠲᠡᠯᠡᠵᠦ᠂ ᠬᠠᠦᠯᠢ ᠶᠤᠰᠤᠭᠠᠷ ᠵᠠᠰᠠᠭ ᠶᠠᠪᠤᠭᠤᠯᠬᠤ ᠪᠡ ᠰᠢᠢᠳᠪᠦᠷᠢ ᠪᠤᠳᠤᠯᠭ᠎ᠠ ᠶᠢᠨ ᠪᠤᠳᠠᠳᠦ ᠠᠮᠵᠢᠯᠲᠡ ᠤᠯᠬᠤ | ᠶᠢ ᠠᠬᠢᠭᠤᠯᠵᠦ᠂ ᠠᠷᠡᠳ ᠤᠯᠠᠨ ᠤ ᠪᠠᠶᠢᠳᠡᠯ ᠢ ᠮᠡᠲᠡᠬᠦ ᠡᠷᠭᠡ ᠶᠢ ᠪᠠᠲᠤᠯᠠᠨ᠎ᠡ᠃ ᠬᠠᠮᠲᠦ ᠶᠢᠨ ᠠᠰᠢᠭ ᠲᠤᠰᠡ᠂ ᠤᠯᠠᠨ | ᠨᠡᠶᠢᠲᠡ ᠶᠢᠨ ᠡᠷᠭᠡ ᠠᠰᠢᠭ ᠲᠤ ᠬᠤᠯᠪᠤᠭᠳᠠᠭᠰᠡᠨ ᠲᠦᠷᠢᠮᠵᠢᠯ ᠪᠢᠴᠢᠭ ᠮᠠᠲ᠋ᠧᠷᠢᠶᠡᠯ ᠢ ᠲᠤᠭᠳᠠᠭᠠᠨ ᠨᠡᠶᠢᠳᠡᠯᠡᠵᠦ᠂ | ᠬᠠᠮᠢᠶ᠎ᠡ ᠪᠦᠬᠦᠢ ᠮᠡᠲᠡᠭᠡ ᠵᠠᠩᠬᠢ ᠶᠢ ᠨᠡᠶᠢᠲᠡᠯᠡᠬᠦ ᠳᠤ ᠲᠤᠳᠤᠷᠬᠠᠢ ᠲᠤᠭᠳᠠᠭᠠᠯ ᠭᠠᠷᠭᠠᠵᠦ᠂ ᠲᠦᠷᠦ ᠶᠢᠨ ᠪᠤᠳᠤᠯᠭ᠎ᠠ | ᠶᠢᠨ ᠬᠡᠷᠡᠭᠵᠢᠭᠦᠯᠦᠯᠲᠡ ᠶᠢ ᠨᠡᠩ ᠢᠯᠡ ᠲᠤᠳᠤ ᠪᠤᠯᠭᠠᠬᠤ ᠬᠡᠷᠡᠭᠲᠠᠢ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ | ᠦᠭᠡᠷᠡᠴᠢᠯᠡᠯᠲᠡ ᠪᠡ ᠡᠭᠦᠷᠭᠡ ᠴᠢᠳᠠᠮᠵᠢ ᠶᠢᠨ ᠰᠢᠯᠢᠲᠡᠭᠵᠢᠭᠦᠯᠦᠯᠲᠡ ᠲᠠᠢ ᠤᠶᠠᠯᠳᠤᠭᠤᠯᠤᠨ᠂ ᠵᠠᠰᠠᠭ ᠤᠨ ᠤᠷᠳᠤᠨ ᠤ | ᠡᠷᠭᠡ ᠡᠭᠦᠷᠭᠡ ᠶᠢᠨ ᠨᠠᠷᠢᠨ ᠲᠠᠩᠰᠡ ᠶᠢ ᠲᠤᠬᠢᠷᠠᠭᠤᠯᠬᠤ ᠪᠡ ᠢᠯᠡ ᠪᠤᠯᠭᠠᠬᠤ ᠠᠵᠢᠯ ᠢ ᠰᠠᠶᠢᠳᠤᠷ ᠬᠢᠵᠦ᠂ ᠵᠠᠰᠠᠭ | ᠵᠠᠬᠢᠷᠭᠠᠨ ᠤ ᠡᠷᠭᠡ ᠶᠢᠨ ᠬᠢᠵᠠᠭᠠᠷᠯᠠᠯ ᠪᠡ ᠬᠢᠨᠠᠯᠲᠡ ᠶᠢ ᠴᠢᠩᠭᠠᠳᠬᠠᠵᠦ᠂ ᠵᠠᠰᠠᠭ ᠤᠨ ᠤᠷᠳᠤᠨ ᠤ ᠬᠠᠦᠯᠢ ᠶᠤᠰᠤᠭᠠᠷ | ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠡ ᠪᠠᠷ ᠭᠦᠢᠴᠡᠳᠭᠡᠬᠦ ᠶᠢ ᠠᠬᠢᠭᠤᠯᠤᠨ᠎ᠡ᠃ ᠡᠯ᠎ᠡ ᠰᠤᠮᠤ ᠰᠢᠶᠠᠩ ᠪᠠᠯᠭᠠᠰᠤ᠂ | ᠡᠯ᠎ᠡ ᠰᠠᠯᠠᠭ᠎ᠠ ᠮᠦᠴᠢᠷ ᠪᠠᠶᠢᠭᠤᠯᠭ᠎ᠠ ᠠᠷᠡᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠡ ᠤᠯᠤᠰ ᠲᠦᠷᠦ ᠶᠢᠨ | ᠵᠦᠪᠯᠡᠯᠭᠡᠨ ᠤ ᠬᠡᠰᠢᠭᠦᠨ ᠤ ᠰᠠᠨᠠᠯ ᠵᠦᠪᠯᠡᠯᠭᠡ ᠶᠢ ᠰᠢᠢᠳᠪᠦᠷᠢᠯᠡᠭᠰᠡᠨ ᠦᠷ᠎ᠡ ᠳ᠋ᠦᠩ ᠢ ᠢᠯᠡ ᠪᠠᠷ ᠨᠡᠶᠢᠲᠡᠯᠡᠬᠦ ᠶᠢ | ᠤᠯᠠᠮ ᠨᠢᠭᠡ ᠠᠯᠬᠤᠮ ᠠᠬᠢᠭᠤᠯᠵᠦ᠂ ᠨᠡᠶᠢᠭᠡᠮ ᠳᠤ ᠠᠩᠬᠠᠷᠤᠯ ᠢᠶᠠᠨ ᠬᠠᠨᠳᠤᠭᠤᠯᠵᠦ᠂ ᠤᠯᠤᠰ ᠠᠷᠡᠳ ᠤᠨ ᠠᠵᠦ | ᠠᠮᠢᠳᠤᠷᠡᠯ ᠲᠠᠢ ᠬᠤᠯᠪᠤᠭᠳᠠᠬᠤ ᠰᠠᠨᠠᠯ ᠵᠦᠪᠯᠡᠯᠭᠡ ᠳᠤ ᠢᠯᠡ ᠪᠠᠷ ᠬᠠᠷᠢᠭᠤᠯᠲᠡ ᠦᠭᠬᠦ ᠭᠡᠷᠡᠭᠲᠠᠢ᠃ ᠵᠠᠬ᠎ᠠ ᠲᠡᠯᠭᠡᠭᠦᠷ | ᠲᠤ ᠤᠷᠤᠬᠤ ᠨᠠᠵᠠᠭᠠᠢ ᠲᠡᠯ᠎ᠡ ᠶᠢᠨ ᠨᠠᠷᠢᠨ ᠲᠠᠩᠰᠡ ᠶᠢᠨ ᠢᠯᠡ ᠲᠤᠭᠲᠠᠴᠡ ᠶᠢ ᠬᠡᠷᠡᠭᠵᠢᠭᠦᠯᠵᠦ᠂ ︽ᠬᠤᠶᠠᠷ ᠢ | ᠰᠤᠭᠤᠴᠢᠬᠤ᠂ ᠨᠢᠭᠡ ᠶᠢ ᠢᠯᠡ ᠪᠤᠯᠭᠠᠬᠤ︾ ᠬᠢᠨᠠᠯᠲᠡ ᠬᠠᠮᠢᠶᠠᠷᠤᠯᠲᠡ ᠶᠢ ᠪᠦᠬᠦ ᠲᠡᠯ᠎ᠡ ᠪᠠᠷ ᠬᠡᠷᠡᠭᠵᠢᠭᠦᠯᠵᠦ᠂ ᠬᠢᠨᠠᠯᠲᠡ | ᠬᠠᠮᠢᠶᠠᠷᠤᠯᠲᠡ ᠪᠡ ᠬᠠᠦᠯᠢ ᠬᠡᠷᠡᠭᠵᠢᠭᠦᠯᠦᠯᠲᠡ ᠶᠢᠨ ᠮᠡᠲᠡᠭᠡ ᠵᠠᠩᠬᠢ ᠶᠢ ᠤᠯᠠᠨ ᠠᠷᠭ᠎ᠠ ᠪᠠᠷ᠂ ᠪᠦᠬᠦ ᠲᠡᠯ᠎ᠡ ᠪᠠᠷ ᠴᠠᠭ | ᠲᠤᠬᠠᠢ ᠳᠤ ᠨᠢ ᠨᠡᠶᠢᠲᠡᠯᠡᠵᠦ᠂ ᠬᠢᠨᠠᠨ ᠬᠠᠮᠢᠶᠠᠷᠬᠤ ᠴᠢᠳᠠᠪᠬᠢ ᠪᠡ ᠲᠦᠪ ᠭᠤᠤᠯᠴᠢ ᠴᠢᠨᠠᠷ ᠶᠢ ᠲᠡᠭᠡᠭᠰᠢᠯᠡᠭᠦᠯᠵᠦ᠂ | ᠬᠢᠨᠠᠯᠲᠡ ᠬᠠᠮᠢᠶᠠᠷᠤᠯᠲᠡ ᠶᠢᠨ ᠰᠦᠷᠲᠡᠭᠦᠯᠬᠦ ᠬᠦᠴᠦᠨ ᠪᠡ ᠨᠡᠶᠢᠲᠡ ᠶᠢᠨ ᠢᠲᠡᠭᠡᠭᠦᠯᠬᠦ ᠬᠦᠴᠦᠨ ᠢ ᠨᠡᠮᠡᠭᠲᠡᠭᠦᠯᠬᠦ | ᠬᠡᠷᠡᠭᠲᠠᠢ᠃ | ︵ᠬᠤᠶᠠᠷ︶ ᠭᠤᠤᠯᠳᠠᠯᠭᠠᠲᠦ ᠬᠦᠷᠢᠶ᠎ᠡ ᠬᠡᠪᠴᠢᠶᠠᠨ ᠳᠤ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠬᠦᠴᠦᠯᠡᠴᠡ ᠶᠢ ᠡᠷᠴᠢᠮᠵᠢᠭᠦᠯᠦᠨ᠎ᠡ᠃ ᠡᠳ᠋ ᠤᠨ ᠵᠠᠰᠠᠭ ᠤᠨ ᠲᠦᠰᠦᠪ ᠪᠡ ᠲᠦᠰᠦᠪ ᠤᠨ ᠭᠦᠢᠴᠡᠳᠭᠡᠯ᠂ ᠴᠢᠬᠤᠯᠡ | ᠶᠡᠭᠡ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠤᠨ ᠵᠦᠪᠰᠢᠶᠠᠷᠡᠯ ᠪᠡ ᠬᠡᠷᠡᠭᠵᠢᠭᠦᠯᠦᠯᠲᠡ᠂ ᠤᠯᠠᠨ ᠨᠡᠶᠢᠲᠡ | ᠶᠢᠨ ᠡᠬᠢ ᠪᠠᠶᠠᠯᠢᠭ ᠤᠨ ᠲᠤᠬᠢᠷᠠᠭᠤᠯᠤᠯᠲᠡ᠂ ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ | ᠪᠠᠶᠢᠭᠤᠯᠤᠯᠲᠡ ᠵᠡᠷᠭᠡ ᠬᠦᠷᠢᠶ᠎ᠡ ᠬᠡᠪᠴᠢᠶᠠᠨ ᠳᠠᠬᠢ ᠵᠠᠰᠠᠭ ᠤᠨ ᠤᠷᠳᠤᠨ ᠤ ᠮᠡᠲᠡᠭᠡ ᠵᠠᠩᠬᠢ ᠶᠢ ᠢᠯᠡ ᠪᠠᠷ | ᠨᠡᠶᠢᠳᠡᠯᠡᠬᠦ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢ ᠡᠭᠦᠷᠭᠡ | ᠬᠠᠷᠢᠭᠤᠴᠠᠯᠭ᠎ᠠ ᠶᠢᠨ ᠶᠤᠰᠤᠭᠠᠷ ᠬᠠᠮᠢᠶ᠎ᠡ ᠪᠦᠭᠦᠢ ᠠᠵᠢᠯ ᠢ ᠰᠠᠶᠢᠳᠤᠷ ᠬᠢᠬᠦ ᠬᠡᠷᠡᠭᠲᠠᠢ᠃ ᠵᠠᠰᠠᠭ ᠤᠨ ᠤᠷᠳᠤᠨ ᠤ | ᠦᠷᠢ ᠰᠢᠷᠢ ᠶᠢᠨ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠠᠷᠭ᠎ᠠ ᠶᠢ ᠲᠤᠭᠳᠠᠭᠠᠵᠦ᠂ ᠪᠤᠳᠠᠳᠠᠢ ᠲᠠᠢ | ᠤᠶᠠᠯᠳᠤᠭᠤᠯᠤᠨ ᠲᠤᠰ ᠭᠠᠵᠠᠷ ᠤᠷᠤᠨ ᠤ ᠲᠤᠬᠠᠶᠢᠯᠠᠭᠰᠡᠨ ᠠᠵᠢᠯ ᠲᠦᠷᠦᠯ ᠤᠨ ᠨᠡᠶᠢᠭᠡᠮ ᠳᠤ ᠦᠵᠡᠭᠦᠯᠦᠭᠰᠡᠨ | ᠨᠦᠯᠦᠭᠡ ᠪᠠᠷ ᠶᠡᠭᠡ ᠪᠦᠲᠦᠭᠡᠨ ᠪᠠᠶᠢᠭᠤᠯᠤᠯᠲᠡ ᠶᠢᠨ ᠲᠦᠷᠦᠯ ᠵᠦᠢᠯ ᠢ ᠰᠤᠩᠭᠤᠨ᠂ ᠵᠦᠪᠰᠢᠶᠡᠷᠡᠯ ᠤᠨ ᠮᠡᠲᠡᠭᠡ | ᠵᠠᠩᠬᠢ᠂ ᠲᠠᠭᠠᠭᠠᠴᠢᠯᠠᠯᠲᠡ ᠶᠢᠨ ᠮᠡᠲᠡᠭᠡ ᠵᠠᠩᠬᠢ᠂ ᠭᠠᠵᠠᠷ ᠰᠢᠷᠤᠢ ᠲᠠᠳᠠᠪᠦᠷᠢᠯᠠᠬᠤ ᠮᠡᠲᠡᠭᠡ ᠵᠠᠩᠬᠢ᠂ ᠴᠢᠬᠤᠯᠡ ᠶᠡᠭᠡ | ᠵᠢᠷᠤᠭ ᠲᠦᠯᠦᠪᠯᠡᠭᠡ ᠶᠢ ᠬᠤᠪᠢᠷᠠᠭᠠᠬᠤ ᠮᠡᠲᠡᠭᠡ ᠵᠠᠩᠬᠢ᠂ ᠪᠠᠷᠢᠯᠭ᠎ᠠ ᠶᠢᠨ ᠠᠵᠢᠯ ᠤᠨ ᠲᠤᠬᠠᠢ ᠮᠡᠲᠡᠭᠡ ᠵᠠᠩᠬᠢ᠂ ᠶᠠᠰᠦ | ᠴᠢᠨᠠᠷ ᠠᠮᠦᠷ ᠲᠦᠪᠰᠢᠨ ᠤ ᠬᠢᠨᠠᠯᠲᠡ ᠬᠠᠮᠢᠶᠠᠷᠤᠯᠲᠡ ᠶᠢᠨ ᠮᠡᠲᠡᠭᠡ ᠵᠠᠩᠬᠢ᠂ ᠪᠠᠷᠢᠯᠭ᠎ᠠ ᠲᠠᠭᠤᠰᠬᠤ ᠬᠠᠮᠢᠶ᠎ᠡ ᠪᠦᠭᠦᠢ | ᠮᠡᠲᠡᠭᠡ ᠵᠠᠩᠬᠢ ᠵᠡᠷᠭᠡ ᠠᠭᠤᠯᠭ᠎ᠠ ᠶᠢ ᠢᠯᠡ ᠪᠠᠷ ᠨᠡᠶᠢᠳᠡᠯᠡᠬᠦ ᠠᠵᠢᠯ ᠢ ᠰᠠᠶᠢᠳᠤᠷ ᠬᠢᠬᠦ ᠬᠡᠷᠡᠭᠲᠠᠢ᠃ | ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠯᠪᠠᠨ ᠵᠠᠷ᠂ ᠬᠢᠷᠢ ᠬᠡᠮ ᠢ ᠬᠢᠨᠠᠨ ᠪᠠᠶᠢᠴᠠᠭᠠᠭᠰᠡᠨ | ᠦᠷ᠎ᠡ ᠳ᠋ᠦᠩ᠂ ᠠᠷᠠᠯᠵᠢᠶᠠᠨ ᠤ ᠦᠩᠭᠡᠷᠡᠯᠲᠡ ᠶᠢᠨ ᠮᠡᠲᠡᠭᠡ ᠵᠠᠩᠬᠢ᠂ ᠠᠷᠠᠯᠵᠢᠶ᠎ᠡ ᠲᠤᠬᠢᠷᠠᠭᠰᠡᠨ ᠮᠡᠲᠡᠭᠡ ᠵᠠᠩᠬᠢ᠂ | ᠬᠡᠯᠡᠯᠴᠡᠭᠡᠷ ᠭᠦᠢᠴᠡᠳᠭᠡᠭᠰᠡᠨ ᠮᠡᠲᠡᠭᠡ ᠵᠠᠩᠬᠢ ᠵᠢᠴᠢ ᠬᠠᠮᠢᠶ᠎ᠡ ᠪᠦᠬᠦᠢ ᠬᠤᠪᠢᠷᠠᠭᠠᠬᠤ ᠮᠡᠲᠡᠭᠡ ᠵᠠᠩᠬᠢ ᠶᠢ ᠢᠯᠡ ᠪᠠᠷ | ᠨᠡᠶᠢᠲᠡᠯᠡᠬᠦ ᠠᠵᠢᠯ ᠢ ᠬᠠᠦᠯᠢ ᠶᠤᠰᠤᠭᠠᠷ ᠰᠠᠶᠢᠳᠤᠷ ᠬᠢᠬᠦ ᠬᠡᠷᠡᠭᠲᠠᠢ᠃ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠤᠭ᠎ᠠ ᠪᠠᠷᠢᠮᠲᠡ ᠶᠢ ᠬᠠᠮᠲᠦ ᠪᠠᠷ ᠡᠳ᠋ᠯᠡᠬᠦ ᠲᠠᠪᠴᠠᠩ ᠰᠢᠰᠲ᠋ᠧᠮ ᠤᠨ ᠪᠦᠲᠦᠭᠡᠨ ᠪᠠᠶᠢᠭᠤᠯᠤᠯᠲᠡ ᠶᠢ | ᠠᠬᠢᠭᠤᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠡ ᠶᠢᠨ ᠪᠦᠬᠦ ᠶᠠᠪᠤᠴᠡ ᠶᠢ ᠢᠯᠡ ᠲᠤᠳᠤ | ᠪᠤᠯᠭᠠᠨ᠎ᠡ᠃ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠨᠡᠶᠢᠭᠡᠮ ᠤᠨ ᠲᠡᠳᠭᠦᠮᠵᠢ᠂ ᠢᠲᠡᠭᠡᠨ ᠤᠮᠳᠠᠭᠠᠨ | ᠤ ᠠᠮᠦᠷ ᠲᠦᠪᠰᠢᠨ᠂ ᠴᠢᠬᠤᠯᠡ ᠶᠡᠭᠡ ᠤᠷᠴᠢᠨ ᠠᠬᠤᠢ ᠶᠢᠨ ᠪᠤᠬᠢᠷᠳᠤᠯ ᠪᠡ ᠠᠮᠢ ᠠᠬᠤᠢ ᠶᠢᠨ ᠡᠪᠳᠡᠭᠳᠡᠯ ᠢ | ᠪᠠᠶᠢᠴᠠᠭᠠᠨ ᠰᠢᠢᠳᠪᠦᠷᠢᠯᠡᠭᠰᠡᠨ ᠵᠡᠷᠭᠡ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠶᠢ ᠲᠦᠯᠬᠢᠨ ᠠᠬᠢᠭᠤᠯᠵᠦ᠂ | ᠮᠡᠷᠭᠡᠵᠢᠯ ᠤᠨ ᠠᠷᠭ᠎ᠠ ᠪᠠᠷᠢᠯ ᠪᠠᠷ ᠮᠡᠲᠡᠭᠡ ᠵᠠᠩᠬᠢ ᠶᠢ ᠬᠠᠶᠢᠨ ᠡᠷᠢᠵᠦ ᠪᠤᠯᠬᠤ᠂ ᠬᠢᠨᠠᠨ ᠪᠠᠶᠢᠴᠠᠭᠠᠵᠦ ᠪᠤᠯᠬᠤ᠂ | ᠠᠰᠢᠭᠯᠠᠵᠦ ᠪᠤᠯᠬᠤ ᠪᠤᠯᠭᠠᠨ᠎ᠡ᠃ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠨᠢ ᠭᠤᠤᠯᠳᠠᠯᠭᠠᠲᠦ ᠬᠦᠷᠢᠶ᠎ᠡ | ᠬᠡᠪᠴᠢᠶᠠᠨ ᠳᠠᠬᠢ ᠮᠡᠲᠡᠭᠡ ᠵᠠᠩᠬᠢ ᠶᠢ ᠢᠯᠡ ᠪᠠᠷ ᠨᠡᠶᠢᠳᠡᠯᠡᠬᠦ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠦᠨᠳᠦᠰᠦᠨ ᠭᠠᠷᠴᠠᠭ ᠲᠤ ᠤᠷᠤᠭᠤᠯᠤᠨ᠎ᠡ᠃ ᠵᠠᠰᠠᠭ ᠤᠨ ᠤᠷᠳᠤᠨ ᠤ ᠢᠯᠡ ᠵᠠᠰᠠᠭ ᠤᠨ ᠪᠦᠬᠦ ᠵᠢᠯ ᠤᠨ ᠠᠵᠢᠯ ᠤᠨ | ᠢᠯᠡᠳᠭᠡᠯ ᠳᠤ ᠭᠤᠤᠯᠳᠠᠯᠭᠠᠲᠦ ᠬᠦᠷᠢᠶ᠎ᠡ ᠬᠡᠪᠴᠢᠶᠡᠨ ᠳᠠᠬᠢ ᠮᠡᠲᠡᠭᠡ ᠵᠠᠩᠬᠢ ᠶᠢ ᠢᠯᠡ ᠪᠤᠯᠭᠠᠭᠰᠡᠨ ᠪᠠᠶᠢᠳᠡᠯ ᠢ | ᠨᠡᠶᠢᠲᠡᠯᠡᠵᠦ᠂ ᠨᠡᠶᠢᠭᠡᠮ ᠨᠡᠶᠢᠲᠡ ᠶᠢᠨ ᠬᠢᠨᠠᠯᠲᠡ ᠶᠢ ᠬᠦᠯᠢᠶᠠᠨ᠎ᠡ᠃ | ︵ᠭᠤᠷᠪᠡ︶ ᠵᠠᠬ᠎ᠠ ᠲᠡᠯᠭᠡᠭᠦᠷ ᠢ ᠲᠤᠭᠳᠠᠪᠤᠷᠢᠵᠢᠭᠤᠯᠬᠤ ᠲᠦᠰᠦᠪ ᠤᠨ ᠲᠤᠭᠤᠷᠢᠨ ᠳᠤ ᠲᠦᠷᠦ ᠶᠢᠨ | ᠪᠤᠳᠤᠯᠭ᠎ᠠ ᠶᠢᠨ ᠲᠠᠶᠢᠯᠦᠮᠵᠢ ᠶᠢ ᠴᠢᠩᠭᠠᠳᠬᠠᠨ᠎ᠡ᠃ ᠦᠨᠳᠦᠷ ᠴᠢᠨᠠᠷᠲᠠᠢ ᠬᠦᠭᠵᠢᠯᠲᠡ ᠶᠢ ᠠᠬᠢᠭᠤᠯᠬᠤ ᠦᠨᠳᠦᠰᠦᠨ | ᠱᠠᠭᠠᠷᠳᠠᠯᠭ᠎ᠠ ᠶᠢ ᠪᠠᠲᠦ ᠠᠳᠬᠤᠵᠦ᠂ ᠬᠠᠩᠭᠠᠯᠭ᠎ᠠ ᠶᠢᠨ ᠲᠡᠯ᠎ᠡ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠬᠦᠨᠵᠡᠭᠡᠢ ᠠᠬᠢᠭᠤᠯᠬᠤ᠂ ᠦᠨᠳᠦᠰᠦᠨ ᠴᠢᠨᠠᠷᠲᠠᠢ ᠵᠠᠩᠭᠢᠯᠭ᠎ᠠ ᠶᠢᠨ ᠬᠦᠷᠢᠶ᠎ᠡ ᠬᠡᠪᠴᠢᠶᠠᠨ ᠳᠠᠬᠢ ᠦᠭᠡᠷᠡᠴᠢᠯᠡᠯᠲᠡ ᠶᠢ | ᠬᠦᠨᠵᠡᠭᠡᠶᠢᠷᠡᠭᠦᠯᠬᠦ᠂ ᠬᠦᠲᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠶᠡᠭᠡ ᠬᠦᠴᠦ | ᠪᠠᠷ ᠬᠡᠷᠡᠭᠵᠢᠭᠦᠯᠬᠦ᠂ ᠤᠷᠤᠨ ᠪᠦᠰᠡ ᠶᠢ ᠵᠤᠬᠢᠴᠠᠩᠭᠤᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠯᠠᠪᠳᠠᠭᠤᠨ | ᠪᠠᠳᠤᠲᠠᠢ ᠠᠬᠢᠭᠤᠯᠬᠤ᠂ ᠬᠡᠷᠡᠭᠯᠡᠭᠡ ᠶᠢ ᠢᠳᠡᠪᠬᠢᠲᠠᠢ ᠦᠷᠭᠡᠳᠭᠡᠵᠦ ᠪᠦᠲᠦᠮᠵᠢᠲᠠᠢ ᠪᠡᠯᠡ ᠤᠷᠤᠭᠤᠯᠤᠯᠲᠡ ᠶᠢ | ᠠᠬᠢᠭᠤᠯᠬᠤ᠂ ᠪᠦᠬᠦ ᠲᠡᠯ᠎ᠡ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠤᠭᠦᠯᠬᠦ᠂ ᠠᠷᠠᠳ ᠤᠨ | ᠠᠮᠢᠳᠤᠷᠡᠯ ᠢ ᠪᠠᠳᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠲᠡᠭᠡᠭᠰᠢᠯᠡᠭᠦᠯᠬᠦ ᠵᠡᠷᠭᠡ ᠴᠢᠬᠤᠯᠡ ᠶᠡᠭᠡ | ᠪᠠᠶᠢᠷᠢᠯᠠᠭᠤᠯᠤᠯᠲᠡ ᠲᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠬᠠᠮᠢᠶ᠎ᠡ ᠪᠦᠬᠦᠢ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ᠂ ᠬᠡᠷᠡᠭᠵᠢᠭᠦᠯᠦᠭᠰᠡᠨ ᠪᠠᠶᠢᠳᠡᠯ ᠪᠡ ᠠᠵᠢᠯ ᠤᠨ ᠦᠷ᠎ᠡ ᠪᠦᠲᠦᠮᠵᠢ ᠳᠤ ᠰᠠᠶᠢᠳᠤᠷ ᠲᠠᠶᠢᠯᠤᠮᠵᠢ ᠬᠢᠬᠦ | ᠬᠡᠷᠡᠭᠲᠠᠢ᠃ | ᠵᠠᠰᠠᠭ ᠤᠨ ᠤᠷᠳᠤᠨ ᠠᠴᠠ ᠪᠠᠶᠢᠭᠤᠯᠤᠯ ᠤᠨ ᠪᠦᠲᠦᠭᠡᠨ ᠪᠠᠶᠢᠭᠤᠯᠤᠯᠲᠡ ᠶᠢ ᠴᠢᠩᠭᠠᠳᠬᠠᠵᠦ᠂ ᠮᠡᠲᠡᠭᠡ ᠵᠠᠩᠬᠢ | ᠨᠡᠶᠢᠲᠡᠯᠡᠬᠦ ᠪᠡᠶᠠᠴᠢ ᠴᠤᠭᠴᠡ ᠶᠢᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠦ᠂ ᠭᠤᠤᠯ ᠬᠠᠷᠢᠭᠤᠴᠠᠯᠭᠠᠲᠡᠨ ᠨᠢ | ᠴᠢᠬᠤᠯᠡ ᠶᠡᠭᠡ ᠲᠦᠷᠦ ᠶᠢᠨ ᠪᠤᠳᠤᠯᠭ᠎ᠠ ᠶᠢᠨ ︽ᠨᠢᠭᠡᠳᠦᠭᠡᠷ ᠲᠠᠶᠢᠯᠪᠦᠷᠢᠯᠠᠭᠴᠢ︾ ᠶᠢᠨ ᠡᠭᠦᠷᠭᠡ ᠬᠠᠷᠢᠭᠤᠴᠠᠯᠭ᠎ᠠ ᠪᠠᠨ | ᠰᠠᠶᠢᠳᠤᠷ ᠬᠦᠢᠴᠡᠳᠭᠡᠵᠦ᠂ ᠰᠤᠨᠢᠨ ᠮᠡᠲᠡᠭᠡ ᠨᠡᠶᠢᠲᠡᠯᠡᠬᠦ ᠬᠤᠷᠡᠯ ᠳᠤ ᠤᠷᠤᠯᠴᠠᠬᠤ ᠪᠤᠶᠦ ᠪᠤᠰᠤᠳ ᠬᠡᠯᠪᠡᠷᠢ ᠪᠠᠷ | ᠲᠠᠮᠵᠢᠨ ᠲᠦᠷᠦ ᠶᠢᠨ ᠪᠤᠳᠤᠯᠭ᠎ᠠ ᠶᠢᠨ ᠠᠬᠤᠢ ᠪᠠᠶᠢᠳᠠᠯ᠂ ᠴᠢᠬᠤᠯᠡ ᠡᠭᠦᠷᠭᠡ᠂ ᠬᠤᠶᠢᠰᠢᠲᠡ ᠶᠢᠨ ᠠᠵᠢᠯ ᠤᠨ | ᠪᠤᠳᠤᠯᠬᠢᠯᠡᠯ ᠵᠠᠷᠭᠡ ᠳᠤ ᠬᠦᠨᠵᠡᠭᠡᠢ ᠲᠠᠶᠢᠯᠦᠮᠵᠢ ᠬᠢᠵᠦ᠂ ᠡᠷᠭᠡᠲᠦ ᠮᠡᠲᠡᠭᠡ ᠵᠠᠩᠬᠢ ᠪᠡ ᠲᠦᠷᠦ ᠶᠢᠨ ᠪᠤᠳᠤᠯᠭ᠎ᠠ ᠶᠢᠨ | ᠵᠤᠷᠢᠯᠭ᠎ᠠ ᠶᠢ ᠴᠠᠭ ᠲᠤᠬᠠᠢ ᠳᠤ ᠨᠢ ᠵᠦᠪ ᠤᠨᠤᠪᠴᠢᠲᠠᠢ ᠲᠠᠮᠵᠢᠭᠤᠯᠬᠤ ᠬᠡᠷᠡᠭᠲᠠᠢ᠃ ᠮᠡᠷᠭᠡᠵᠢᠯ ᠤᠨ ᠴᠢᠨᠠᠷ ᠢᠶᠠᠷ | ᠴᠢᠩᠭ᠎ᠠ ᠲᠦᠷᠦ ᠶᠢᠨ ᠪᠤᠳᠤᠯᠭ᠎ᠠ ᠶᠢ ᠲᠦᠷᠦᠭᠦᠯᠡᠨ ᠲᠤᠭᠤᠷᠪᠢᠨ ᠪᠢᠴᠢᠭᠰᠡᠨ ᠰᠠᠯᠠᠭ᠎ᠠ ᠮᠦᠴᠢᠷ ᠨᠢ ᠪᠤᠳᠠᠲᠦ ᠲᠤᠭ᠎ᠠ | ᠪᠠᠷᠢᠮᠲᠡ᠂ ᠪᠤᠳᠠᠳᠦ ᠵᠢᠱᠢᠶ᠎ᠡ ᠪᠠᠷ ᠲᠦᠷᠦ ᠶᠢᠨ ᠪᠤᠳᠤᠯᠭ᠎ᠠ ᠳᠤ ᠵᠦᠪ ᠤᠨᠤᠪᠴᠢᠲᠠᠢ᠂ ᠠᠮᠢᠲᠦ ᠲᠦᠷᠰᠦᠯᠢᠭ᠂ ᠲᠦᠭᠦᠮ | ᠤᠶᠢᠯᠠᠭᠠᠮᠵᠢᠲᠠᠢ ᠲᠠᠶᠢᠯᠦᠮᠵᠢ ᠬᠢᠵᠦ᠂ ᠠᠯᠳᠠᠭ᠎ᠠ ᠪᠤᠷᠤᠭᠤ ᠭᠠᠷᠭᠠᠬᠤ ᠠᠴᠠ ᠵᠠᠶᠢᠯᠠᠰᠬᠢᠬᠦ ᠬᠡᠷᠡᠭᠲᠠᠢ᠃ ᠴᠢᠬᠤᠯᠡ ᠶᠡᠭᠡ | ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ | ᠰᠡᠷᠭᠡᠶᠢᠯᠡᠨ ᠵᠠᠰᠠᠬᠤ ᠭᠤᠷᠪᠠᠨ ᠶᠡᠭᠡ ᠪᠠᠬᠢᠯᠡᠯᠲᠡ ᠶᠢ ᠰᠢᠪᠳᠤᠯᠬᠤ ᠲᠠᠶᠢᠯᠠᠯᠳᠤᠭᠠᠨ ᠤ ᠲᠤᠬᠠᠢ ᠬᠠᠮᠢᠶ᠎ᠡ ᠪᠦᠭᠦᠢ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠠᠶᠢᠯᠪᠤᠷᠢᠯᠠᠬᠤ ᠠᠵᠢᠯ ᠢ ᠭᠤᠤᠯᠴᠢᠯᠠᠨ ᠠᠳᠬᠤᠵᠦ᠂ ᠵᠠᠬ᠎ᠠ ᠲᠡᠯᠭᠡᠭᠦᠷ | ᠤᠨ ᠲᠦᠰᠦᠪ ᠤᠨ ᠬᠤᠪᠢᠷᠠᠯᠲᠡ ᠶᠢ ᠨᠢᠬᠲᠡ ᠠᠩᠬᠠᠷᠴᠦ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠬᠦᠭ | ᠠᠶᠠᠰ ᠪᠡ ᠬᠦᠴᠦᠯᠡᠴᠡ ᠶᠢ ᠰᠠᠶᠢᠳᠣᠷ ᠡᠵᠡᠮᠰᠢᠵᠦ᠂ ᠶᠡᠷᠢᠶ᠎ᠡ ᠬᠡᠯᠡᠯᠴᠡᠭᠡ ᠶᠢ ᠬᠦᠲᠦᠯᠦᠨ ᠲᠠᠭᠠᠭᠤᠯᠵᠦ᠂ ᠲᠦᠷᠦ ᠶᠢᠨ | ᠪᠤᠳᠤᠯᠭ᠎ᠠ ᠶᠢᠨ ᠨᠠᠶᠢᠳᠠᠪᠦᠷᠢᠵᠢᠭᠤᠯᠤᠯᠲᠡ ᠶᠢ ᠠᠬᠢᠭᠤᠯᠬᠤ ᠳᠤ ᠤᠬᠢ ᠰᠠᠶᠢᠨ ᠤᠷᠴᠢᠨ ᠠᠬᠤᠢ ᠶᠢ ᠪᠤᠢ ᠪᠤᠯᠭᠠᠬᠤ | ᠬᠡᠷᠡᠭᠲᠠᠢ᠃ | ︵ᠲᠦᠷᠪᠡ︶ ᠨᠡᠶᠢᠭᠡᠮ ᠤᠨ ᠠᠩᠬᠠᠷᠴᠦ ᠪᠠᠶᠢᠭ᠎ᠠ ᠴᠢᠬᠤᠯᠡ ᠶᠡᠭᠡ ᠠᠰᠠᠭᠤᠳᠡᠯ ᠤᠨ ᠲᠤᠭᠤᠷᠢᠨ ᠳᠤ ᠶᠠᠷᠢᠶ᠎ᠡ | ᠬᠡᠯᠡᠯᠴᠡᠭᠡᠨ ᠤ ᠬᠠᠷᠢᠭᠤ ᠲᠤᠰᠬᠠᠯ ᠢ ᠴᠢᠩᠭᠠᠳᠬᠠᠨ᠎ᠡ᠃ ᠶᠡᠷᠢᠶ᠎ᠡ ᠬᠡᠯᠡᠯᠴᠡᠭᠡᠨ ᠤ ᠲᠦᠭᠰᠢᠭᠦᠷᠢ ᠶᠢ ᠰᠡᠷᠭᠡᠶᠢᠯᠡᠬᠦ | ᠤᠬᠠᠮᠰᠠᠷ ᠢ ᠲᠡᠭᠡᠭᠰᠢᠯᠡᠭᠦᠯᠵᠦ᠂ ᠴᠤᠬᠤᠶᠢᠯᠲᠡ ᠶᠢᠨ ᠴᠢᠨᠠᠷᠲᠠᠢ ᠶᠠᠷᠢᠶ᠎ᠡ ᠬᠡᠯᠡᠯᠴᠡᠭᠡ᠂ ᠤᠨᠴᠠᠭᠠᠶᠢᠯᠠᠨ ᠠᠵᠦ ᠠᠬᠤᠢ | ᠨᠡᠶᠢᠭᠡᠮ ᠳᠤ ᠬᠤᠯᠪᠤᠭᠳᠠᠭᠰᠡᠨ ᠴᠢᠬᠤᠯᠡ ᠶᠡᠭᠡ ᠲᠦᠷᠦ ᠶᠢᠨ ᠪᠤᠳᠤᠯᠭ᠎ᠠ᠂ ᠨᠠᠮ ᠵᠠᠰᠠᠭ ᠤᠨ ᠢᠲᠡᠭᠡᠭᠦᠯᠬᠦ ᠬᠦᠴᠦᠨ ᠢ | ᠨᠦᠯᠦᠭᠡᠯᠡᠬᠦ᠂ ᠶᠤᠰᠤ ᠰᠤᠷᠳᠠᠬᠤᠨ ᠤ ᠬᠢᠵᠠᠭᠠᠷ ᠱᠤᠭᠤᠮ ᠳᠤ ᠲᠠᠭᠠᠷᠢᠯᠲᠡ ᠦᠵᠡᠭᠦᠯᠬᠦ ᠲᠠᠯ᠎ᠡ ᠳᠠᠬᠢ ᠵᠠᠰᠠᠭ ᠤᠨ | ᠶᠠᠪᠤᠳᠠᠯ ᠤᠨ ᠶᠠᠷᠢᠶ᠎ᠡ ᠬᠡᠯᠡᠯᠴᠡᠭᠡᠨ ᠤ ᠪᠠᠶᠢᠲᠡᠯ ᠢ ᠰᠢᠯᠭᠠᠨ ᠴᠤᠭᠯᠠᠭᠤᠯᠵᠦ᠂ ᠴᠠᠭ ᠲᠤᠬᠠᠢ ᠳᠤ ᠨᠢ ᠤᠷᠢᠳᠴᠢᠯᠠᠨ | ᠰᠡᠷᠡᠮᠵᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠦ᠂ ᠵᠤᠬᠢᠰᠲᠠᠢ ᠰᠢᠢᠳᠪᠦᠷᠢᠯᠡᠵᠦ᠂ ᠪᠦᠲᠦᠮᠵᠢᠲᠠᠢ | ᠬᠠᠷᠢᠭᠤᠯᠲᠡ ᠦᠭᠬᠦ ᠬᠡᠷᠡᠭᠲᠠᠢ᠃ ᠡᠮᠨᠡᠭᠦᠯᠬᠦ᠂ ᠰᠤᠷᠭᠠᠭᠤᠯᠢ ᠳᠤ ᠤᠷᠤᠬᠤ᠂ ᠤᠷᠤᠨ ᠰᠠᠭᠤᠴᠡ᠂ ᠠᠶᠦᠯᠭᠦᠢ | ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠢᠲᠡᠭᠡᠨ ᠤ ᠵᠦᠢᠯ ᠡᠮ ᠤᠨ ᠵᠦᠢᠯ ᠤᠨ | ᠠᠮᠦᠷ ᠲᠦᠪᠰᠢᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠠᠷᠭᠡ ᠠᠷᠡᠳ ᠤᠨ ᠠᠮᠢᠳᠤᠷᠡᠯ ᠤᠨ ᠲᠡᠯ᠎ᠡ ᠳᠠᠬᠢ | ᠶᠡᠷᠢᠶ᠎ᠡ ᠬᠡᠯᠡᠯᠴᠡᠭᠡᠨ ᠤ ᠬᠠᠷᠢᠭᠤ ᠲᠤᠰᠬᠠᠯ ᠤᠨ ᠠᠵᠢᠯ ᠢ ᠰᠠᠶᠢᠳᠤᠷ ᠬᠢᠵᠦ᠂ ᠨᠡᠶᠢᠭᠡᠮ ᠤᠨ ᠤᠪᠤᠷ ᠰᠡᠳᠬᠢᠯᠭᠡ ᠶᠢ | ᠤᠨᠤᠪᠴᠢᠲᠠᠢ ᠡᠵᠡᠮᠰᠢᠵᠦ᠂ ᠠᠰᠠᠭᠤᠳᠡᠯ ᠡᠭᠦᠰᠦᠭᠰᠡᠨ ᠰᠢᠯᠲᠠᠭᠠᠨ᠂ ᠠᠰᠠᠭᠤᠳᠡᠯ ᠢ ᠰᠢᠢᠳᠪᠦᠷᠢᠯᠡᠬᠦ ᠲᠦᠰᠦᠯ ᠪᠡ | ᠬᠢᠵᠠᠭᠠᠷᠯᠠᠬᠤ ᠡᠯᠧᠮᠧᠨ᠋ᠲ ᠵᠡᠷᠭᠡ ᠶᠢ ᠲᠤᠳᠤᠷᠬᠠᠢ ᠲᠠᠶᠢᠯᠪᠦᠷᠢᠯᠡᠵᠦ᠂ ᠨᠡᠶᠢᠭᠡᠮ ᠤᠨ ᠵᠢᠱᠢᠯᠲᠡ ᠶᠢ ᠨᠡᠩ ᠰᠠᠶᠢᠨ ᠢᠶᠠᠷ | ᠬᠦᠲᠦᠯᠦᠨ ᠲᠠᠭᠠᠭᠤᠯᠤᠨ᠎ᠡ᠃ ᠤᠬᠠᠭᠤᠯᠬᠤ᠂ ᠨᠧᠤᠨ᠂ ᠲᠤᠳᠤᠭᠠᠲᠦ ᠶᠢ ᠬᠠᠮᠠᠭᠠᠯᠠᠬᠤ ᠵᠠᠷᠭᠡ ᠰᠠᠯᠠᠭ᠎ᠠ ᠮᠦᠴᠢᠷ ᠲᠠᠢ | ᠬᠠᠮᠲᠤᠷᠠᠭᠰᠡᠨ ᠲᠠᠷᠤᠢ ᠲᠦᠷᠭᠡᠨ ᠬᠠᠷᠢᠭᠤ ᠲᠤᠰᠬᠠᠯ ᠦᠭᠬᠦ᠂ ᠵᠤᠬᠢᠴᠠᠩᠭᠤᠢ ᠪᠠᠷ ᠬᠠᠮᠳᠤᠷᠡᠨ ᠬᠦᠲᠡᠯᠦᠯᠴᠡᠬᠦ | ᠲᠤᠭᠳᠠᠴᠡ ᠶᠢ ᠪᠠᠶᠢᠭᠤᠯᠤᠨ ᠲᠡᠭᠦᠯᠲᠡᠷᠵᠢᠭᠦᠯᠵᠦ᠂ ᠰᠤᠨᠢᠨ ᠮᠡᠲᠡᠭᠡ ᠵᠠᠭᠤᠴᠢᠯᠠᠭᠤᠷ ᠤᠨ ᠬᠢᠨ ᠲᠠᠢ ᠬᠠᠷᠢᠯᠴᠠᠭ᠎ᠠ ᠪᠠᠨ | ᠴᠢᠩᠭᠠᠳᠬᠠᠵᠦ᠂ ᠵᠠᠰᠠᠭ ᠤᠨ ᠶᠠᠪᠤᠳᠠᠯ ᠤᠨ ᠶᠡᠷᠢᠶ᠎ᠡ ᠬᠡᠯᠡᠯᠴᠡᠭᠡᠨ ᠤᠨ ᠬᠠᠷᠢᠭᠤ ᠲᠤᠰᠬᠠᠯ ᠤᠨ ᠰᠠᠨᠠᠭᠠᠴᠢᠯᠠᠭᠠᠲᠦ | ᠴᠢᠨᠠᠷ᠂ ᠬᠠᠨᠳᠣᠯᠭᠠᠲᠦ ᠴᠢᠨᠠᠷ᠂ ᠪᠦᠳᠤᠮᠵᠢᠲᠦ ᠴᠢᠨᠠᠷ ᠢ ᠲᠡᠭᠡᠭᠰᠢᠯᠡᠭᠦᠯᠦᠨ᠎ᠡ᠃ ᠬᠡᠨᠡᠳᠲᠡ ᠶᠢᠨ ᠬᠡᠷᠡᠭ ᠤᠨ ᠲᠤᠬᠠᠢ | ᠶᠠᠷᠢᠶ᠎ᠡ ᠬᠡᠯᠡᠯᠴᠡᠭᠡᠨ ᠤ ᠬᠠᠷᠢᠭᠤ ᠲᠤᠰᠬᠠᠯ ᠤᠨ ᠠᠵᠢᠯ ᠢ ᠪᠦᠲᠦᠮᠵᠢᠲᠠᠢ ᠰᠠᠶᠢᠳᠤᠷ ᠬᠢᠵᠦ᠂ ᠡᠷᠭᠡᠲᠦ ᠮᠡᠲᠡᠭᠡ ᠵᠠᠩᠬᠢ | ᠶᠢ ᠴᠠᠭ ᠲᠤᠬᠠᠢ ᠳᠤ ᠨᠢ ᠵᠦᠪ ᠤᠨᠤᠪᠴᠢᠲᠠᠢ ᠨᠡᠶᠢᠳᠡᠯᠡᠬᠦ ᠬᠡᠷᠡᠭᠲᠠᠢ᠃ ᠵᠠᠰᠠᠭ ᠤᠨ ᠶᠠᠪᠤᠳᠠᠯ ᠤᠨ ᠶᠠᠷᠢᠶ᠎ᠡ ᠬᠡᠯᠡᠯᠴᠡᠭᠡ | ᠶᠢ ᠠᠷᠭᠠᠴᠠᠬᠤ ᠠᠵᠢᠯ ᠤᠨ ᠦᠷ᠎ᠡ ᠪᠦᠲᠦᠮᠵᠢ ᠳᠤ ᠦᠨᠡᠯᠡᠯᠲᠡ ᠬᠢᠵᠦ᠂ ᠬᠠᠷᠢᠭᠤᠴᠠᠯᠭ᠎ᠠ ᠨᠡᠭᠡᠮᠵᠢᠯᠡᠬᠦ ᠲᠦᠷᠢᠮ | ᠲᠤᠭᠳᠠᠭᠠᠵᠦ᠂ ᠴᠢᠬᠤᠯᠡ ᠶᠡᠭᠡ ᠵᠠᠰᠠᠭ ᠤᠨ ᠶᠠᠪᠤᠳᠡᠯ ᠤᠨ ᠶᠡᠷᠢᠶ᠎ᠡ ᠬᠡᠯᠡᠯᠴᠡᠭᠡᠨ ᠤ ᠠᠰᠠᠭᠤᠳᠠᠯ ᠢ ᠰᠢᠢᠳᠪᠦᠷᠢᠯᠡᠭᠰᠡᠨ | ᠪᠠᠷ ᠪᠠᠷᠤᠭᠲᠠᠢ᠂ ᠵᠤᠬᠢᠰ ᠦᠭᠡᠢ᠂ ᠴᠠᠭ ᠲᠤᠬᠠᠢ ᠳᠤ ᠨᠢ ᠮᠡᠳᠡᠭᠦᠯᠦᠭᠰᠡᠨ ᠦᠭᠡᠢ ᠬᠠᠷᠢᠭᠤᠴᠠᠭᠰᠡᠨ ᠨᠢᠭᠡᠴᠡ ᠵᠢᠴᠢ | ᠬᠠᠮᠢᠶ᠎ᠡ ᠪᠦᠭᠦᠢ ᠬᠠᠷᠢᠭᠤᠴᠠᠯᠭᠠᠲᠡᠨ ᠢ ᠮᠡᠲᠡᠭᠡᠯᠡᠨ ᠰᠢᠭᠦᠮᠵᠢᠯᠡᠬᠦ ᠪᠤᠶᠦ ᠪᠤᠯᠵᠦᠨ ᠶᠠᠷᠢᠯᠴᠠᠬᠤ ᠪᠠᠷ ᠲᠠᠮᠵᠨ ᠵᠠᠰᠠᠨ | ᠴᠡᠭᠴᠡᠯᠡᠨ᠎ᠡ᠃ | ᠬᠤᠶᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠪᠤᠳᠠᠳᠦ ᠦᠷ᠎ᠡ ᠪᠦᠲᠦᠮᠵᠢ ᠶᠢ | ᠬᠦᠴᠦᠯᠡᠨ ᠲᠡᠭᠡᠭᠰᠢᠯᠡᠭᠦᠯᠦᠨ᠎ᠡ᠃ | ︵ᠲᠠᠪᠤ︶ ᠰᠦᠯᠵᠢᠶᠡᠨ ᠲᠡᠭᠡᠷ᠎ᠡ ᠤᠴᠢᠷ ᠶᠠᠪᠤᠳᠠᠯ ᠬᠦᠢᠴᠡᠳᠭᠡᠬᠦ ᠦᠢᠯᠡᠴᠢᠯᠡᠭᠡ ᠶᠢ ᠢᠯᠡ ᠪᠤᠯᠭᠠᠬᠤ ᠶᠢ | ᠠᠬᠢᠭᠤᠯᠤᠨ᠎ᠡ᠃ ︽ᠲᠦᠷᠦ ᠶᠢᠨ ᠶᠠᠪᠤᠳᠡᠯ ᠤᠨ ᠬᠤᠷᠢᠶᠡᠨ ᠤ ︿ᠢᠨᠲ᠋ᠧᠷ ᠰᠦᠯᠵᠢᠶ᠎ᠡ+ ᠵᠠᠰᠠᠭ ᠤᠨ ᠶᠠᠪᠤᠳᠠᠯ ᠤᠨ | ᠦᠢᠯᠡᠴᠢᠯᠡᠭᠡ﹀ ᠶᠢᠨ ᠠᠵᠢᠯ ᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠲᠦᠷᠦ ᠲᠠᠷᠬᠠᠭᠠᠭᠰᠡᠨ | ﹇2016﹈ 55 ᠳ᠋ᠤᠭᠠᠷ ᠲᠤᠭᠠᠲᠦ︶ ᠵᠢᠴᠢ ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠲᠡ ᠶᠢᠨ ᠬᠠᠮᠢᠶ᠎ᠡ ᠪᠦᠭᠦᠢ | ᠪᠢᠴᠢᠭ ᠮᠡᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ︽ᠠᠭᠤᠯᠵᠠᠬᠤ ᠦᠭᠡᠢ ᠪᠠᠷ ᠬᠢᠨᠠᠨ ᠵᠦᠪᠰᠢᠶᠡᠷᠡᠬᠦ︾ ᠵᠡᠷᠭᠡ | ᠨᠡᠶᠢᠲᠡᠯᠢᠭ ᠠᠷᠭ᠎ᠠ ᠲᠤᠷᠰᠢᠯᠭ᠎ᠠ ᠪᠠᠷ ᠲᠤᠯᠢ ᠪᠤᠯᠭᠠᠨ ᠲᠡᠯᠭᠡᠷᠡᠭᠦᠯᠵᠦ᠂ ᠦᠢᠯᠡᠴᠢᠯᠡᠭᠡᠨ ᠤ ᠬᠡᠯᠪᠡᠷᠢ ᠪᠠᠨ ᠲᠠᠰᠤᠷᠠᠯᠲᠡ | ᠦᠭᠡᠢ ᠰᠢᠨᠡᠴᠢᠯᠡᠵᠦ᠂ ᠠᠷᠠᠯᠵᠢᠶ᠎ᠡ ᠡᠵᠡᠩᠨᠡᠯᠲᠡ ᠶᠢᠨ ᠤᠷᠴᠢᠨ ᠠᠬᠤᠢ ᠶᠢ ᠰᠢᠯᠢᠲᠡᠭᠵᠢᠭᠦᠯᠵᠦ᠂ ᠵᠠᠬ᠎ᠠ ᠲᠡᠯᠭᠡᠭᠦᠷ ᠤᠨ | ᠭᠤᠤᠯ ᠴᠤᠭᠴᠡ ᠳᠤ ᠠᠮᠢᠵᠢᠷᠠᠯ ᠤᠨ ᠬᠦᠴᠦᠨ ᠨᠡᠮᠡᠷᠢᠯᠡᠵᠦ᠂ ᠠᠷᠡᠳ ᠤᠯᠠᠨ ᠳᠤ ᠲᠦᠭᠦᠮ ᠦᠵᠡᠭᠦᠯᠦᠨ᠎ᠡ᠃ | ︽ᠢᠨᠲ᠋ᠧᠷ ᠰᠦᠯᠵᠢᠶ᠎ᠡ+ ᠵᠠᠰᠠᠭ ᠤᠨ ᠶᠠᠪᠤᠳᠡᠯ ᠤᠨ ᠦᠢᠯᠡᠴᠢᠯᠡᠭᠡ︾ ᠶᠢᠨ ᠲᠤᠬᠠᠢ ᠬᠠᠮᠢᠶ᠎ᠡ ᠪᠦᠭᠦᠢ ᠲᠦᠷᠦ ᠶᠢᠨ | ᠪᠤᠳᠤᠯᠭ᠎ᠠ ᠶᠢ ᠨᠠᠶᠢᠳᠠᠪᠦᠷᠵᠢᠭᠤᠯᠤᠭᠰᠡᠨ ᠪᠠᠶᠢᠳᠡᠯ ᠵᠢᠴᠢ ᠱᠠᠲᠦ ᠦᠶᠡᠴᠢ ᠠᠮᠵᠢᠯᠲᠡ ᠶᠢ ᠴᠠᠭ ᠲᠤᠬᠠᠢ ᠳᠤ ᠨᠢ ᠢᠯᠡ | ᠪᠠᠷ ᠨᠡᠶᠢᠳᠡᠯᠡᠬᠦ ᠬᠡᠷᠡᠭᠲᠠᠢ᠃ ᠰᠦᠯᠵᠢᠶᠡᠨ ᠲᠡᠭᠡᠷ᠎ᠡ ᠤᠴᠢᠷ ᠶᠠᠪᠤᠳᠡᠯ ᠬᠦᠢᠴᠡᠳᠭᠡᠬᠦ ᠦᠢᠯᠡᠴᠢᠯᠡᠭᠡᠨ ᠤ ᠶᠠᠪᠤᠳᠠᠯ ᠤᠨ | ᠨᠠᠷᠢᠨ ᠲᠠᠩᠰᠡ ᠶᠢ ᠢᠯᠡ ᠪᠤᠯᠭᠠᠵᠦ᠂ ᠨᠡᠩ ᠤᠯᠠᠨ ᠤᠴᠢᠷ ᠶᠠᠪᠤᠳᠠᠯ ᠢ ᠰᠦᠯᠵᠢᠶᠠᠨ ᠲᠡᠭᠡᠷ᠎ᠡ ᠭᠦᠢᠴᠡᠳᠭᠡᠵᠦ᠂ ᠤᠴᠢᠷ | ᠶᠠᠪᠤᠳᠡᠯ ᠤᠨ ᠭᠠᠷᠴᠠᠭ᠂ ᠪᠠᠷᠢᠮᠵᠢᠶ᠎ᠡ ᠶᠢ ᠨᠠᠷᠢᠨ ᠤᠨᠤᠪᠴᠢᠲᠠᠢ ᠲᠤᠭᠳᠠᠭᠠᠵᠦ᠂ ᠤᠯᠠᠨ ᠲᠦᠮᠡᠨ ᠤ ᠤᠴᠢᠷ ᠶᠠᠪᠤᠳᠠᠯ | ᠭᠦᠢᠴᠡᠳᠭᠡᠬᠦ ᠶᠢ ᠨᠡᠩ ᠲᠦᠭᠦᠮ ᠲᠤᠳᠤᠷᠬᠠᠢ ᠪᠤᠯᠭᠠᠨ᠎ᠡ᠃ ᠵᠠᠰᠠᠭ ᠤᠨ ᠶᠠᠪᠤᠳᠡᠯ ᠤᠨ ᠦᠢᠯᠡᠴᠢᠯᠡᠭᠡᠨ ᠤᠨ ᠲᠦᠪ ᠤᠨ | ᠰᠦᠯᠵᠢᠶᠠᠨ ᠳᠠᠬᠢ ᠮᠡᠲᠡᠭᠡ ᠵᠠᠩᠬᠢ ᠶᠢᠨ ᠬᠠᠷᠢᠯᠴᠠᠨ ᠨᠡᠪᠲᠡᠷᠡᠵᠦ ᠬᠠᠷᠢᠯᠴᠠᠨ ᠬᠤᠯᠪᠤᠭᠠᠯᠠᠬᠤ ᠶᠢ ᠲᠦᠷᠭᠡᠳᠭᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠰᠦᠯᠵᠢᠶ᠎ᠡ ᠪᠠᠷ ᠨᠡᠶᠢᠲᠡᠮ ᠭᠦᠢᠴᠡᠳᠭᠡᠬᠦ︾ ᠶᠢ | ᠠᠬᠢᠭᠤᠯᠤᠨ᠎ᠡ᠃ ᠬᠠᠷᠢᠯᠴᠠᠭ᠎ᠠ ᠰᠤᠯᠢᠯᠴᠠᠭᠠᠨ ᠤ ᠲᠡᠯᠭᠡᠴᠡ ᠶᠢᠨ ᠬᠦᠯᠢᠶᠠᠨ ᠠᠪᠴᠦ ᠰᠢᠢᠳᠪᠦᠷᠢᠯᠡᠬᠦ᠂ ᠰᠢᠯᠵᠢᠭᠦᠯᠦᠨ | ᠭᠦᠢᠴᠡᠳᠭᠡᠬᠦ ᠪᠡ ᠬᠠᠷᠢᠭᠤ ᠲᠤᠰᠬᠠᠯ ᠤᠨ ᠲᠤᠭᠳᠠᠴᠡ ᠶᠢ ᠪᠠᠶᠢᠭᠤᠯᠤᠨ ᠲᠡᠭᠦᠯᠲᠡᠷᠵᠢᠭᠦᠯᠵᠦ᠂ ᠴᠠᠭ ᠲᠤᠬᠠᠢ ᠳᠤ ᠨᠢ | ᠬᠠᠷᠢᠭᠤᠯᠲᠡ ᠦᠭᠴᠦ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠨ᠎ᠡ᠃ | ︵ᠵᠢᠷᠭᠤᠭ᠎ᠠ︶ ᠬᠤᠲᠡ ᠶᠢᠨ ᠠᠷᠡᠳ ᠤᠨ ᠶᠡᠭᠡ ᠲᠢᠩᠭᠢᠮ ᠤᠨ ᠦᠢᠯᠡᠴᠢᠯᠡᠭᠡᠨ ᠤ ᠴᠢᠳᠠᠪᠦᠷᠢ ᠶᠢ | ᠲᠡᠭᠡᠭᠰᠢᠯᠡᠭᠦᠯᠦᠨ᠎ᠡ᠃ ᠬᠤᠲᠡ ᠶᠢᠨ ᠠᠷᠡᠳ ᠤᠨ ᠶᠡᠭᠡ ᠲᠢᠩᠭᠢᠮ ᠤᠨ ᠪᠦᠲᠦᠭᠡᠨ ᠪᠠᠶᠢᠭᠤᠯᠤᠯᠲᠡ ᠬᠠᠮᠢᠶᠠᠷᠤᠯᠲᠡ ᠶᠢ | ᠴᠢᠩᠭᠠᠳᠬᠠᠵᠦ᠂ ᠰᠦᠯᠵᠢᠶᠠᠨ ᠲᠡᠭᠡᠷ᠎ᠡ ᠲᠤᠤᠷᠡᠬᠢ ᠠᠭᠤᠰᠤᠯᠴᠡᠯ ᠢ ᠠᠬᠢᠭᠤᠯᠵᠦ᠂ ᠦᠢᠯᠡᠴᠢᠯᠡᠭᠡᠨ ᠤ ᠡᠬᠢ ᠪᠠᠶᠠᠯᠢᠭ ᠢ | ᠨᠢᠭᠡᠳᠤᠯᠲᠠᠢ ᠲᠦᠯᠦᠪᠯᠡᠵᠦ᠂ ᠦᠢᠯᠡᠴᠢᠯᠡᠭᠡᠨ ᠤ ᠪᠠᠷᠢᠮᠵᠢᠶ᠎ᠡ ᠶᠢ ᠨᠢᠭᠡᠳᠤᠯᠲᠠᠢ ᠪᠤᠯᠭᠠᠵᠦ᠂ ᠠᠵᠢᠯ ᠤᠨ ᠲᠤᠭᠳᠠᠴᠡ ᠶᠢ | ᠰᠢᠯᠤᠭᠤᠳᠬᠠᠵᠦ᠂ ᠰᠠᠯᠠᠭ᠎ᠠ ᠮᠦᠴᠢᠷ ᠤᠨ ᠵᠤᠬᠢᠴᠠᠯᠳᠤᠯ ᠢ ᠴᠢᠩᠭᠠᠷᠠᠭᠤᠯᠵᠦ᠂ ᠤᠯᠠᠨ ᠲᠦᠮᠡᠨ ᠪᠡ ᠠᠵᠦ ᠠᠬᠤᠶᠢᠯᠠᠯ | ᠤᠨ ᠡᠷᠭᠡᠪᠰᠢ ᠠᠬᠤᠢ ᠲᠠᠯᠠᠪᠠᠢ ᠳᠤ ᠬᠦᠷᠴᠦ ᠤᠴᠢᠷ ᠶᠠᠪᠤᠳᠡᠯ ᠭᠦᠢᠴᠡᠳᠭᠡᠬᠦ ᠪᠠᠶᠢᠳᠡᠯ ᠢ ︽ᠨᠢᠭᠡ ᠯᠡ ᠠᠯᠪᠠᠨ ᠭᠡᠷ | ᠲᠤ ᠰᠢᠢᠳᠪᠦᠷᠢᠯᠡᠬᠦ︾᠂ ︽ᠬᠡᠲᠦᠷᠡᠬᠦ ᠳᠡᠭᠡᠨ ᠨᠢᠭᠡ ᠯᠡ ᠤᠳᠠᠭ᠎ᠠ ᠬᠦᠶᠦᠯᠭᠡᠬᠦ︾ ᠪᠤᠯᠭᠠᠨ᠎ᠡ᠃ ᠬᠤᠰᠢᠭᠤᠨ ᠤ ᠲᠡᠰ ᠤᠨ | ︽ᠨᠢᠭᠡ ᠯᠡ ᠲᠡᠭᠡᠷ᠎ᠡ ᠬᠦᠢᠴᠡᠳᠭᠡᠬᠦ︾ ᠤᠴᠢᠷ ᠶᠠᠪᠤᠳᠡᠯ ᠤᠨ ᠨᠠᠷᠢᠨ ᠲᠠᠩᠰᠡ ᠪᠡ ᠤᠴᠢᠷ ᠶᠠᠪᠤᠳᠠᠯ ᠬᠦᠢᠴᠡᠳᠭᠡᠬᠦ | ᠤᠳᠤᠷᠢᠳᠤᠮᠵᠢ ᠶᠢ ᠨᠡᠶᠢᠳᠡᠯᠡᠨ᠎ᠡ᠃ ︽ᠨᠢᠭᠡ ᠯᠡ ᠴᠤᠩᠬᠤᠪᠴᠢ ᠲᠡᠭᠡᠷ᠎ᠡ ᠵᠡᠷᠭᠡ ᠪᠠᠷ ᠭᠦᠢᠴᠡᠳᠭᠡᠬᠦ︾ ᠵᠠᠭᠪᠦᠷ ᠢ | ᠲᠦᠭᠡᠮᠡᠯᠵᠢᠭᠦᠯᠵᠦ᠂ ᠨᠢᠭᠡᠲᠤᠯᠲᠠᠢ ᠬᠦᠯᠢᠶᠠᠨ ᠠᠪᠬᠤ᠂ ᠨᠢᠭᠡ ᠯᠡ ᠬᠦᠰᠦᠨᠦᠭᠲᠦ ᠲᠠᠭᠯᠠᠬᠤ᠂ ᠠᠷᠦ ᠲᠠᠪᠴᠡᠩ ᠳᠤ | ᠬᠤᠪᠢᠶᠠᠷᠢᠯᠠᠨ ᠬᠦᠢᠴᠡᠳᠭᠡᠬᠦ ᠶᠢ ᠬᠡᠷᠡᠭᠵᠢᠭᠦᠯᠦᠨ᠎ᠡ᠃ ᠬᠤᠲᠡ ᠶᠢᠨ ᠠᠷᠠᠳ ᠤᠨ ᠶᠡᠭᠡ ᠲᠢᠩᠭᠢᠮ ᠤᠨ ᠬᠠᠳᠠᠭᠤ | ᠵᠦᠭᠡᠯᠡᠨ ᠲᠤᠨᠤᠭᠯᠠᠯ ᠤᠨ ᠢᠵᠢ ᠪᠦᠷᠢᠯᠳᠤᠬᠦᠯᠬᠦ ᠶᠢ ᠴᠢᠩᠭᠠᠳᠬᠠᠵᠦ᠂ ᠬᠦᠴᠦᠨ ᠤ ᠲᠤᠬᠢᠷᠠᠭᠤᠯᠤᠯᠲᠡ ᠶᠢ | ᠰᠢᠯᠢᠲᠡᠭᠵᠢᠭᠦᠯᠵᠦ᠂ ᠬᠦᠮᠦᠨ ᠠᠵᠢᠯᠲᠡᠨ᠂ ᠲᠤᠨᠤᠭ ᠲᠦᠭᠦᠭᠡᠷᠦᠮᠵᠢ᠂ ᠠᠯᠪᠠᠨ ᠵᠠᠷᠤᠲᠡᠯ ᠤᠨ ᠪᠠᠲᠤᠯᠠᠭ᠎ᠠ ᠶᠢ ᠰᠠᠶᠢᠳᠤᠷ | ᠬᠢᠵᠦ᠂ ᠤᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠬᠡᠷᠡᠭᠴᠡᠭᠡ ᠳᠤ ᠬᠠᠨᠳᠤᠭᠤᠯᠤᠨ ᠶᠡᠷᠦᠩᠬᠡᠶᠢᠯᠡᠭᠰᠡᠨ | ᠴᠤᠩᠬᠤᠪᠴᠢ ᠪᠠᠶᠢᠭᠤᠯᠤᠨ᠎ᠡ᠃ ᠵᠤᠷᠢᠭᠵᠢᠭᠤᠯᠬᠤ ᠬᠢᠵᠠᠭᠠᠷᠯᠠᠬᠤ ᠲᠦᠷᠢᠮ ᠢ ᠪᠠᠶᠢᠭᠤᠯᠤᠨ ᠲᠡᠭᠦᠯᠲᠡᠷᠵᠢᠭᠦᠯᠵᠦ᠂ | ᠠᠵᠢᠯᠲᠡᠨ ᠤ ᠬᠠᠮᠢᠶᠠᠷᠤᠯᠲᠡ ᠶᠢ ᠴᠢᠩᠭᠠᠳᠬᠠᠵᠦ᠂ ᠰᠠᠬᠢᠯᠭ᠎ᠠ ᠪᠠᠲᠦ ᠬᠡᠪ ᠰᠤᠷᠲᠡᠯ ᠢ ᠴᠢᠩᠳᠠᠯᠡᠵᠦ᠂ ᠦᠢᠯᠡᠴᠢᠯᠡᠭᠡᠨ ᠤ | ᠠᠵᠢᠯᠯᠠᠭ᠎ᠠ ᠶᠢ ᠵᠢᠷᠤᠮᠵᠢᠭᠤᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠡ ᠶᠠᠰᠦ ᠴᠢᠨᠠᠷ ᠢ ᠪᠠᠳᠤᠯᠠᠨ | ᠲᠡᠭᠡᠭᠰᠢᠯᠡᠭᠦᠯᠦᠨ᠎ᠡ᠃ | ︵ᠲᠤᠯᠤᠭ᠎ᠠ︶ ᠬᠢᠨᠡᠯᠲᠡ ᠵᠦᠪᠰᠢᠶᠡᠷᠡᠯ ᠤᠨ ᠦᠢᠯᠡᠴᠢᠯᠡᠭᠡ ᠶᠢ ᠰᠢᠯᠢᠲᠡᠭᠵᠢᠭᠦᠯᠦᠨᠡ᠃ ᠲᠤᠭᠳᠠᠮᠠᠯ ᠬᠤᠭᠤᠴᠠᠭᠠᠨ | ᠳᠤ ᠤᠴᠢᠷ ᠶᠠᠪᠤᠳᠡᠯ ᠭᠦᠢᠴᠡᠳᠭᠡᠬᠦ ᠦᠢᠯᠡᠴᠢᠯᠡᠭᠡᠨ ᠤ ᠮᠡᠲᠡᠭᠡ ᠵᠠᠩᠬᠢ ᠶᠢᠨ ᠲᠤᠰᠬᠠᠢ ᠪᠠᠶᠢᠴᠠᠭᠠᠯᠲᠡ ᠶᠢ | ᠦᠷᠨᠢᠭᠦᠯᠵᠦ᠂ ᠢᠯᠡ ᠪᠠᠷ ᠨᠡᠶᠢᠲᠡᠯᠡᠭᠰᠡᠨ ᠤᠴᠢᠷ ᠶᠠᠪᠤᠳᠡᠯ ᠭᠦᠢᠴᠡᠳᠭᠡᠬᠦ ᠦᠢᠯᠡᠴᠢᠯᠡᠭᠡᠨ ᠤ ᠮᠡᠲᠡᠭᠡ ᠵᠠᠩᠬᠢ ᠨᠢ | ᠵᠦᠪ ᠤᠨᠤᠪᠴᠢᠲᠠᠢ ᠲᠦᠷᠢᠮᠵᠢᠭᠰᠡᠨ ᠡᠰᠡᠬᠦ᠂ ᠪᠤᠳᠠᠳᠠᠢ ᠲᠠᠢ ᠨᠡᠶᠢᠴᠡᠬᠦ ᠡᠰᠡᠬᠦ ᠵᠡᠷᠭᠡ ᠶᠢ ᠭᠤᠤᠯᠳᠠᠯᠭ᠎ᠠ ᠲᠠᠢ | ᠪᠠᠶᠢᠴᠠᠭᠠᠵᠦ ᠠᠰᠠᠭᠤᠳᠡᠯ ᠢ ᠤᠯᠵᠦ ᠮᠡᠲᠡᠭᠰᠡᠨ ᠲᠠᠷᠤᠢ ᠳᠤ ᠨᠢ ᠱᠠᠯᠠᠪᠳᠠᠭᠤᠯᠤᠨ ᠴᠡᠭᠴᠡᠯᠡᠨ᠎ᠡ᠃ ︽ᠵᠠᠰᠠᠭ ᠢ | ᠴᠤᠮᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠭᠦᠯᠬᠦ︾ | ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠤᠭᠤᠷᠢᠨ ᠳᠤ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠴᠠᠭ | ᠬᠤᠭᠤᠴᠠᠭ᠎ᠠ᠂ ᠪᠠᠷᠢᠯᠭ᠎ᠠ ᠶᠢᠨ ᠠᠵᠢᠯ ᠤᠨ ᠬᠢᠨᠠᠨ ᠵᠦᠪᠰᠢᠶᠡᠷᠡᠬᠦ ᠴᠠᠭ ᠶᠢ ᠪᠠᠭᠠᠰᠬᠠᠬᠤ ᠬᠠᠮᠢᠶ᠎ᠡ ᠪᠦᠭᠦᠢ ᠠᠷᠭ᠎ᠠ | ᠬᠡᠮᠵᠢᠶ᠎ᠡ᠂ ᠠᠵᠢᠯ ᠤᠨ ᠠᠬᠢᠴᠡ᠂ ᠦᠭᠡᠷᠡᠴᠢᠯᠡᠯᠲᠡ ᠶᠢᠨ ᠦᠷ᠎ᠡ ᠪᠦᠲᠦᠮᠵᠢ ᠵᠠᠷᠭᠡ ᠪᠠᠶᠢᠳᠡᠯ ᠢ ᠴᠠᠭ ᠲᠤᠬᠠᠢ ᠳᠤ ᠨᠢ | ᠢᠯᠡ ᠪᠠᠷ ᠨᠡᠶᠢᠲᠡᠯᠡᠨ᠎ᠡ᠃ ᠤᠯᠠᠨ ᠲᠦᠮᠡᠨ ᠪᠡ ᠠᠵᠤ ᠠᠬᠤᠶᠢᠯᠠᠯ ᠤᠴᠢᠷ ᠶᠠᠪᠤᠳᠡᠯ ᠭᠦᠢᠴᠡᠳᠭᠡᠬᠦ ᠳᠤ ᠬᠡᠷᠡᠭᠰᠡᠬᠦ | ᠡᠯ᠎ᠡ ᠲᠦᠷᠦᠯ ᠤᠨ ᠦᠨᠡᠮᠯᠡᠯ ᠪᠢᠴᠢᠭ᠂ ᠬᠡᠷᠡᠴᠢ ᠮᠠᠲ᠋ᠧᠷᠢᠶᠠᠯ ᠢ ᠡᠮᠬᠢᠯᠡᠨ ᠨᠡᠶᠢᠲᠡᠯᠡᠨ᠎ᠡ᠃ ᠤᠴᠢᠷ ᠶᠠᠪᠤᠳᠡᠯ | ᠭᠦᠢᠴᠡᠳᠭᠡᠬᠦ ᠤᠳᠤᠷᠢᠳᠤᠮᠵᠢ ᠶᠢ ᠤᠯᠠᠮ ᠨᠢᠭᠡ ᠠᠯᠬᠤᠮ ᠲᠦᠷᠢᠮᠵᠢᠭᠦᠯᠦᠨ ᠲᠡᠭᠦᠯᠲᠡᠷᠵᠢᠭᠦᠯᠵᠦ᠂ ᠤᠳᠤᠷᠢᠳᠤᠮᠵᠢ | ᠠᠴᠠ ᠭᠠᠳᠠᠨ᠎ᠡ ᠪᠤᠰᠤᠳ ᠱᠠᠭᠠᠷᠳᠠᠯᠭ᠎ᠠ ᠨᠡᠮᠡᠵᠦ ᠪᠤᠯᠬᠤ ᠦᠭᠡᠢ᠃ ᠭᠦᠢᠴᠡᠳᠭᠡᠬᠦ ᠨᠦᠭᠦᠴᠡᠯ ᠨᠢ ᠬᠤᠪᠢᠷᠠᠯᠲᠡ | ᠭᠠᠷᠤᠭᠰᠡᠨ ᠤᠴᠢᠷ ᠶᠠᠪᠤᠳᠡᠯ ᠳᠤ᠂ ᠬᠢᠨᠠᠨ ᠵᠦᠪᠰᠢᠶᠡᠷᠡᠬᠦ ᠠᠯᠬᠤᠮ ᠲᠠᠷᠠᠭᠠᠯᠠᠯ ᠲᠠᠭᠤᠰᠤᠭᠰᠡᠨ ᠤ ᠲᠠᠷᠠᠭ᠎ᠠ 1 ᠠᠵᠢᠯ | ᠤᠨ ᠡᠳᠤᠷ ᠤᠨ ᠲᠤᠳᠤᠷ᠎ᠡ ᠤᠴᠢᠷ ᠶᠠᠪᠤᠳᠠᠯ ᠤᠨ ᠭᠦᠢᠴᠡᠳᠭᠡᠬᠦ ᠨᠦᠭᠦᠴᠡᠯ ᠨᠢ ᠬᠤᠪᠢᠷᠠᠯᠲᠡ ᠭᠠᠷᠤᠭᠰᠡᠨ ᠬᠠᠮᠢᠶ᠎ᠡ | ᠪᠦᠭᠦᠢ ᠮᠡᠲᠡᠭᠡ ᠵᠠᠩᠬᠢ ᠪᠡ ᠪᠤᠳᠠᠳᠠᠢ ᠬᠡᠷᠡᠭᠵᠢᠭᠦᠯᠬᠦ ᠴᠠᠭ ᠬᠤᠭᠤᠴᠠᠭ᠎ᠠ ᠶᠢ ᠢᠯᠡ ᠪᠠᠷ ᠨᠡᠶᠢᠲᠡᠯᠡᠨ᠎ᠡ᠃ ᠰᠦᠯᠵᠢᠶᠡᠨ | ᠲᠡᠭᠡᠷ᠎ᠡ ᠤᠴᠢᠷ ᠶᠠᠪᠤᠳᠠᠯ ᠭᠦᠢᠴᠡᠳᠭᠡᠬᠦ ᠪᠡ ᠬᠤᠲᠡ ᠶᠢᠨ ᠠᠷᠡᠳ ᠤᠨ ᠶᠡᠭᠡ ᠲᠢᠩᠭᠢᠮ ᠤᠨ ᠤᠴᠢᠷ ᠶᠠᠪᠤᠳᠠᠯ | ᠭᠦᠢᠴᠡᠳᠭᠡᠬᠦ ᠦᠢᠯᠡᠴᠢᠯᠡᠭᠡᠨ ᠤ ᠮᠡᠲᠡᠭᠡ ᠵᠠᠩᠬᠢ ᠶᠢ ᠡᠬᠢ ᠨᠢᠭᠡᠳᠦᠯ ᠲᠠᠢ ᠬᠠᠮᠢᠶᠠᠷᠴᠦ᠂ ᠨᠢᠭᠡᠳᠤᠯᠲᠠᠢ ᠯᠠᠪᠯᠠᠨ | ᠠᠰᠠᠭᠤᠬᠤ ᠮᠡᠲᠡᠯᠭᠡ ᠶᠢᠨ ᠬᠦᠮᠦᠷᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ ᠰᠤᠷᠪᠤᠯᠵᠢ ᠶᠢᠨ ᠬᠦᠮᠦᠷᠭᠡ | ᠶᠢ ᠪᠠᠶᠢᠭᠤᠯᠤᠨ ᠠᠰᠢᠭᠯᠠᠵᠦ᠂ ᠰᠦᠯᠵᠢᠶᠠᠨ ᠲᠡᠭᠡᠷ᠎ᠡ ᠲᠤᠤᠷᠡᠬᠢ ᠤᠴᠢᠷ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ | ᠮᠡᠲᠡᠭᠡ ᠵᠠᠩᠬᠢ ᠶᠢᠨ ᠠᠭᠤᠯᠭ᠎ᠠ ᠶᠢᠨ ᠤᠨᠤᠪᠴᠢᠲᠠᠢ ᠨᠢᠭᠡᠲᠤᠯᠲᠠᠢ ᠪᠠᠶᠢᠬᠤ ᠶᠢ ᠪᠠᠳᠤᠯᠠᠵᠦ᠂ ᠤᠯᠠᠨ ᠲᠦᠮᠠᠨ ᠪᠡ | ᠠᠵᠦ ᠠᠬᠤᠶᠢᠯᠠᠯ ᠤᠨ ᠤᠴᠢᠷ ᠶᠠᠪᠤᠳᠠᠯ ᠭᠦᠢᠴᠡᠳᠭᠡᠬᠦ ᠳᠤ ᠲᠦᠭᠦᠮ ᠦᠵᠡᠭᠦᠯᠦᠨ᠎ᠡ᠃ | ᠭᠤᠷᠪᠡ᠂ ᠢᠯᠡ ᠵᠠᠰᠠᠭ ᠤᠨ ᠲᠠᠪᠴᠠᠩ ᠤᠨ ᠪᠦᠲᠦᠭᠡᠨ ᠪᠠᠶᠢᠭᠤᠯᠤᠯᠲᠡ ᠶᠢ ᠬᠦᠴᠦᠯᠡᠨ ᠠᠬᠢᠭᠤᠯᠤᠨ᠎ᠡ᠃ | ︵ᠨᠡᠢᠮᠡ︶ ᠵᠠᠰᠠᠭ ᠤᠨ ᠤᠷᠳᠤᠨ ᠤ ᠰᠦᠯᠵᠢᠶᠡᠨ ᠤ ᠪᠠᠶᠢᠭᠤᠯᠤᠯᠲᠡ ᠬᠠᠮᠢᠶᠠᠷᠤᠯᠲᠡ ᠶᠢ ᠴᠢᠩᠭᠠᠳᠬᠠᠨ᠎ᠡ᠃ | ︽ᠵᠠᠰᠠᠭ ᠤᠨ ᠤᠷᠳᠤᠨ ᠤ ᠰᠦᠯᠵᠢᠶᠠᠨ ᠤ ᠬᠦᠭᠵᠢᠯᠲᠡ ᠶᠢᠨ ᠵᠢᠭᠠᠯᠲᠡ︾ ︵ᠲᠦᠷᠦ ᠠᠯᠪᠠᠨ ᠲᠠᠷᠬᠠᠭᠠᠭᠰᠡᠨ ﹇2017﹈ | 47 ᠳ᠋ᠤᠭᠠᠷ ᠲᠤᠭᠠᠲᠦ︶ ᠶᠢ ᠬᠢᠨᠠᠮᠠᠭᠠᠢ ᠨᠡᠶᠢᠳᠠᠪᠦᠷᠢᠵᠢᠭᠤᠯᠵᠦ᠂ ᠵᠠᠰᠠᠭ ᠤᠨ ᠤᠷᠳᠤᠨ ᠤ ᠰᠦᠯᠵᠢᠶᠠᠨ ᠤ | ᠬᠠᠮᠢᠶᠠᠷᠤᠯᠲᠡ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠵᠠᠰᠠᠭ ᠤᠨ ᠤᠷᠳᠤᠨ ᠤ ᠰᠦᠯᠵᠢᠶᠠᠨ ᠤ | ᠠᠭᠤᠯᠭ᠎ᠠ ᠶᠢᠨ ᠪᠠᠶᠢᠭᠤᠯᠤᠯᠲᠡ ᠶᠢ ᠴᠢᠩᠭᠠᠳᠬᠠᠵᠦ᠂ ᠮᠡᠲᠡᠭᠡ ᠵᠠᠩᠬᠢ ᠶᠢᠨ ᠡᠬᠢ ᠰᠤᠷᠪᠤᠯᠵᠢ ᠶᠢ ᠪᠠᠶᠠᠯᠢᠭᠵᠢᠭᠤᠯᠵᠦ᠂ | ᠮᠡᠲᠡᠭᠡ ᠵᠠᠩᠬᠢ ᠶᠢᠨ ᠬᠠᠶᠢᠯᠲᠡ ᠬᠢᠬᠦ᠂ ᠤᠴᠢᠷ ᠶᠠᠪᠤᠳᠠᠯ ᠭᠦᠢᠴᠡᠳᠭᠡᠬᠦ ᠦᠢᠯᠡᠴᠢᠯᠡᠭᠡ ᠵᠡᠷᠭᠡ ᠴᠢᠳᠠᠮᠵᠢ ᠶᠢ | ᠴᠢᠩᠭᠠᠳᠬᠠᠨ᠎ᠡ᠃ ᠵᠠᠰᠠᠭ ᠤᠨ ᠤᠷᠳᠤᠨ ᠤ ᠰᠦᠯᠵᠢᠶᠡᠨ ᠤ ᠨᠡᠭᠡᠭᠡᠨ ᠡᠷᠬᠢᠯᠡᠬᠦ ᠶᠠᠪᠤᠴᠡ ᠶᠢ ᠡᠷᠴᠢᠮᠵᠢᠭᠦᠯᠵᠦ᠂ | ᠰᠦᠯᠵᠢᠶᠠᠨ ᠤ ᠨᠡᠷᠡᠶᠢᠳᠤᠯ ᠪᠡ ᠤᠷᠤᠨ ᠬᠠᠶ᠋ᠢᠭ ᠤᠨ ᠬᠠᠮᠢᠶᠠᠷᠤᠯᠲᠡ ᠶᠢ ᠲᠦᠷᠢᠮᠵᠢᠭᠦᠯᠦᠨ᠎ᠡ᠃ ᠵᠠᠰᠠᠭ ᠤᠨ ᠤᠷᠳᠤᠨ | ᠤ ᠰᠦᠯᠵᠢᠶᠡᠨ ᠤ ᠢᠨᠲ᠋ᠧᠷ ᠰᠦᠯᠵᠢᠶᠡᠨ ᠤ ᠬᠡᠯᠡᠯᠴᠡᠭᠡᠷ ᠤᠨ ᠵᠢᠷᠭᠤᠳᠤᠭᠠᠷ ᠬᠡᠪᠯᠡᠯ ︵IPv6︶ ᠤᠨ | ᠪᠠᠶᠢᠷᠢᠯᠠᠭᠤᠯᠤᠯᠲᠡ ᠶᠢ ᠠᠬᠢᠭᠤᠯᠵᠦ᠂ ᠵᠢᠯ ᠤᠨ ᠲᠤᠳᠤᠷ᠎ᠡ ᠵᠠᠰᠠᠭ ᠤᠨ ᠤᠷᠳᠤᠨ ᠤ ᠰᠦᠯᠵᠢᠶᠡᠨ ᠤ ᠢᠨᠲ᠋ᠧᠷ | ᠰᠦᠯᠵᠢᠶᠡᠨ ᠤ ᠬᠡᠯᠡᠯᠴᠡᠭᠡᠷ ᠤᠨ ᠵᠢᠷᠭᠤᠳᠤᠭᠠᠷ ᠬᠡᠪᠯᠡᠯ ᠢ ᠪᠦᠬᠦ ᠲᠡᠯ᠎ᠡ ᠪᠠᠷ ᠲᠠᠮᠵᠢᠬᠦ ᠶᠢ ᠪᠠᠶᠠᠯᠡᠭᠦᠯᠦᠨ᠎ᠡ᠃ ᠵᠠᠰᠠᠭ | ᠤᠨ ᠤᠷᠳᠤᠨ ᠤ ᠰᠦᠯᠵᠢᠶᠠᠨ ᠤ ᠠᠶᠦᠯᠭᠦᠢ ᠶᠢ ᠪᠠᠲᠤᠯᠠᠬᠤ ᠲᠤᠭᠳᠠᠴᠡ ᠶᠢ ᠲᠡᠭᠦᠯᠲᠡᠷᠵᠢᠭᠦᠯᠵᠦ᠂ ᠳᠠᠭᠠᠷᠢᠯᠲᠡ ᠳᠤ | ᠤᠴᠠᠷᠠᠬᠤ᠂ ᠠᠭᠤᠯᠭ᠎ᠠ ᠶᠢ ᠨᠢ ᠥᠭᠡᠷᠡᠲᠦᠭᠦᠯᠬᠦ᠂ ᠸᠢᠷᠦ᠋ᠰ ᠵᠡᠷᠭᠡ ᠶᠢ ᠰᠡᠷᠭᠡᠶᠢᠯᠡᠬᠦ ᠠᠵᠢᠯ ᠢ ᠰᠠᠶᠢᠳᠤᠷ ᠬᠢᠬᠦ ᠬᠡᠷᠡᠭᠲᠠᠢ᠃ | ᠵᠠᠰᠠᠭ ᠤᠨ ᠤᠷᠳᠤᠨ ᠤ ᠰᠦᠯᠵᠢᠶᠡᠨ ᠤ ᠬᠡᠷᠡᠭᠯᠡᠭᠴᠢᠳ ᠤᠨ ᠮᠡᠲᠡᠭᠡ ᠵᠠᠩᠬᠢ ᠶᠢ ᠬᠠᠮᠠᠭᠠᠯᠠᠬᠤ ᠲᠦᠷᠢᠮ ᠢ | ᠪᠠᠶᠢᠭᠤᠯᠤᠨ ᠲᠡᠭᠦᠯᠲᠡᠷᠵᠢᠭᠦᠯᠵᠦ᠂ ᠮᠡᠲᠡᠭᠡ ᠵᠠᠩᠬᠢ ᠶᠢᠨ ᠠᠶᠦᠯᠭᠦᠢ ᠶᠢ ᠪᠠᠳᠤᠯᠠᠨ᠎ᠡ᠃ | ︵ᠶᠢᠰᠦ︶ ︽ᠵᠢᠷᠬᠢᠷ᠎ᠡ ᠪᠢᠴᠢᠯ ᠪᠦᠷᠭᠡ ᠪᠡ ᠰᠢᠯᠵᠢᠶ᠎ᠡ︾ ᠶᠢᠨ ᠰᠢᠨ᠎ᠡ ᠲᠠᠪᠴᠠᠩ ᠢ ᠰᠠᠶᠢᠳᠤᠷ ᠠᠰᠢᠭᠯᠠᠨᠡ᠃ | ᠵᠠᠰᠠᠭ ᠤᠨ ᠶᠠᠪᠤᠳᠡᠯ ᠤᠨ ᠪᠢᠴᠢᠯ ᠪᠦᠷᠭᠡ᠂ ᠵᠢᠷᠬᠢᠷ᠎ᠡ ᠪᠡ ᠰᠢᠯᠵᠢᠶ᠎ᠡ ᠶᠢᠨ ᠠᠮᠢᠳᠤᠯᠢᠭ ᠪᠡ ᠲᠦᠭᠦᠮ ᠲᠦᠳᠡ | ᠲᠠᠪᠠᠭᠤᠯᠢᠭ ᠢ ᠭᠦᠢᠴᠡᠳ ᠠᠰᠢᠭᠯᠠᠵᠦ᠂ ᠮᠡᠲᠡᠭᠡ ᠵᠠᠩᠬᠢ ᠨᠡᠶᠢᠲᠡᠯᠡᠬᠦ᠂ ᠲᠦᠷᠦ ᠶᠢᠨ ᠪᠤᠳᠤᠯᠭ᠎ᠠ ᠲᠠᠶᠢᠯᠪᠤᠷᠢᠯᠠᠬᠤ ᠪᠡ | ᠤᠴᠢᠷ ᠶᠠᠪᠤᠳᠠᠯ ᠭᠦᠢᠴᠡᠳᠭᠡᠬᠦ ᠠᠵᠢᠯ ᠢ ᠰᠠᠶᠢᠳᠤᠷ ᠬᠢᠵᠦ᠂ ᠢᠯᠡ ᠵᠠᠰᠠᠭ ᠤᠨ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠴᠢᠩᠭᠠᠷᠠᠭᠤᠯᠵᠦ᠂ ᠦᠢᠯᠡᠴᠢᠯᠡᠭᠡᠨ ᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ︽ᠬᠡᠨ ᠨᠡᠭᠡᠭᠡᠨ ᠡᠷᠬᠢᠯᠡᠪᠡᠯ᠂ | ᠬᠡᠨ ᠬᠢᠨᠠᠨ ᠬᠠᠮᠢᠶᠠᠷᠬᠤ︾ ᠵᠠᠷᠴᠢᠮ ᠶᠤᠰᠤᠭᠠᠷ᠂ ᠪᠠᠶᠡᠴᠢ ᠴᠤᠭᠴᠡ ᠶᠢᠨ ᠬᠠᠷᠢᠭᠤᠴᠠᠯᠭ᠎ᠠ ᠪᠠᠨ ᠨᠡᠶᠢᠳᠠᠪᠦᠷᠢᠵᠢᠭᠤᠯᠵᠦ᠂ | ᠠᠭᠤᠯᠭ᠎ᠠ ᠶᠢᠨ ᠬᠢᠨᠠᠨ ᠪᠠᠶᠢᠴᠠᠭᠠᠬᠤ ᠶᠢ ᠴᠢᠩᠭ᠎ᠠ ᠠᠳᠬᠤᠵᠦ᠂ ᠵᠠᠰᠠᠭ ᠤᠨ ᠤᠷᠳᠤᠨ ᠤᠨ ᠡᠭᠦᠷᠭᠡ ᠴᠢᠳᠠᠮᠵᠢ ᠲᠠᠢ | ᠰᠢᠭᠤᠳ ᠬᠤᠯᠪᠤᠭ᠎ᠠ ᠦᠭᠡᠢ ᠮᠡᠲᠡᠭᠡ ᠵᠠᠩᠬᠢ ᠶᠢ ᠨᠡᠶᠢᠳᠡᠯᠡᠵᠦ ᠪᠤᠯᠬᠤ ᠦᠭᠡᠢ᠂ ᠮᠡᠲᠡᠭᠡ ᠵᠠᠩᠬᠢ ᠪᠤᠷᠤᠭᠤ ᠨᠡᠶᠢᠲᠡᠯᠡᠵᠦ | ᠮᠠᠭᠤ ᠨᠦᠯᠦᠭᠡ ᠦᠵᠡᠭᠦᠯᠦᠭᠰᠡᠨ ᠪᠠᠶᠢᠪᠡᠯ ᠴᠠᠭ ᠲᠤᠬᠠᠢ ᠳᠤ ᠨᠢ ᠵᠠᠰᠠᠨ ᠴᠡᠭᠴᠡᠯᠡᠨ᠎ᠡ᠃ ︽ᠵᠢᠷᠬᠢᠷ᠎ᠡ ᠪᠢᠴᠢᠯ ᠪᠦᠷᠭᠡ | ᠪᠡ ᠰᠢᠯᠵᠢᠶ᠎ᠡ︾ ᠶᠢᠨ ᠡᠳᠤᠷ ᠲᠤᠳᠤᠮ ᠤᠨ ᠬᠢᠨᠠᠯᠲᠡ ᠬᠠᠮᠢᠶᠠᠷᠤᠯᠲᠡ ᠪᠡ ᠬᠠᠮᠠᠭᠠᠯᠠᠯᠲᠡ ᠶᠢ ᠴᠢᠩᠭᠠᠳᠬᠠᠵᠦ᠂ | ᠬᠠᠮᠠᠭᠠᠯᠠᠬᠤ ᠴᠢᠳᠠᠪᠦᠷᠢ ᠪᠠᠷ ᠲᠤᠷᠤᠢ᠂ ᠠᠩᠬᠠᠷᠤᠯ ᠬᠠᠨᠳᠤᠭᠤᠯᠤᠭᠰᠡᠨ ᠬᠡᠷᠡᠭᠯᠡᠭᠴᠢᠳ ᠪᠠᠭ᠎ᠠ ᠪᠠᠶᠢᠬᠤ ᠶᠢ ᠨᠢ | ᠵᠤᠭᠰᠤᠭᠠᠬᠤ ᠪᠤᠶᠦ ᠨᠢᠭᠡᠳᠭᠡᠵᠦ ᠪᠤᠯᠤᠨ᠎ᠡ᠃ | ︵ᠠᠷᠪᠡ︶ ᠵᠠᠰᠠᠭ ᠤᠨ ᠶᠠᠪᠤᠳᠡᠯ ᠤᠨ ᠡᠯ᠎ᠡ ᠲᠦᠷᠦᠯ ᠤᠨ ᠬᠠᠯᠠᠮᠰᠢᠯ ᠤᠳᠠᠰᠦ ᠶᠢ ᠡᠮᠬᠢᠯᠠᠨ ᠨᠢᠭᠡᠳᠭᠡᠨ᠎ᠡ᠃ | ᠤᠯᠠᠨ ᠲᠦᠮᠡᠨ ᠤ ᠲᠤᠰᠬᠠᠭᠰᠡᠨ ᠵᠠᠰᠠᠭ ᠤᠨ ᠶᠠᠪᠤᠳᠠᠯ ᠤᠨ ᠬᠠᠯᠠᠮᠰᠢᠯ ᠤᠳᠠᠰᠦ ᠶᠢᠨ ᠨᠤᠮᠧᠷ ᠬᠡᠲᠦ ᠤᠯᠠᠨ᠂ | ᠨᠡᠪᠲᠡᠷᠡᠬᠦ ᠨᠤᠷᠮ᠎ᠡ ᠨᠢ ᠲᠤᠤᠷ᠎ᠡ᠂ ᠨᠢᠭᠡᠲᠤᠯᠲᠠᠢ ᠬᠠᠮᠢᠶᠠᠷᠤᠯᠲᠡ ᠲᠤᠳᠠᠮᠠᠭ ᠵᠡᠷᠭᠡ ᠠᠰᠠᠭᠤᠳᠡᠯ ᠳᠤ ᠴᠢᠭᠯᠡᠭᠦᠯᠦᠨ᠂ | ᠵᠠᠰᠠᠭ ᠤᠨ ᠶᠠᠪᠤᠳᠡᠯ ᠤᠨ ᠡᠯ᠎ᠡ ᠲᠦᠷᠦᠯ ᠤᠨ ᠬᠠᠯᠠᠮ ᠤᠳᠠᠰᠦ ᠶᠢ ᠨᠢᠭᠡᠳᠭᠡᠵᠦ᠂ ᠪᠠᠴᠢᠮ ᠤᠳᠠᠰᠦ ᠪᠡ ᠮᠡᠷᠭᠡᠵᠢᠯ | ᠤᠨ ᠴᠢᠨᠠᠷ ᠢᠶᠠᠷ ᠴᠢᠩᠭ᠎ᠠ᠂ ᠬᠤᠷᠠᠮᠠᠯ ᠤᠨ ᠬᠡᠮᠵᠢᠶ᠎ᠡ ᠦᠨᠳᠦᠷ᠂ ᠯᠠᠪᠯᠠᠭ᠎ᠠ ᠶᠢᠨ ᠦᠢᠯᠡᠴᠢᠯᠡᠭᠡᠨ ᠤ ᠬᠡᠮᠵᠢᠶ᠎ᠡ ᠶᠡᠭᠡ ᠠᠴᠠ | ᠪᠤᠯᠵᠦ ᠦᠯᠡᠲᠡᠭᠡᠬᠦ ᠴᠢᠬᠤᠯᠠᠲᠠᠢ ᠠᠴᠠ ᠭᠠᠳᠠᠨ᠎ᠡ ᠪᠤᠰᠤᠳ ᠬᠠᠯᠠᠮᠰᠢᠯ ᠤᠳᠠᠰᠦ ᠶᠢ ᠵᠠᠷᠴᠢᠮ ᠲᠡᠭᠡᠷ᠎ᠡ ᠪᠠᠨ ᠲᠡᠪᠴᠠᠩ | ᠲᠡᠭᠡᠷ᠎ᠡ ᠨᠢᠭᠡᠳᠭᠡᠵᠦ᠂ ᠲᠦᠪᠯᠡᠷᠡᠭᠦᠯᠦᠨ ᠬᠠᠮᠢᠶᠠᠷᠴᠦ᠂ ᠨᠢᠭᠡᠲᠤᠯᠲᠠᠢ ᠬᠦᠯᠢᠶᠠᠨ ᠠᠪᠴᠦ᠂ ᠬᠠᠷᠢᠭᠤᠴᠠᠯᠭ᠎ᠠ ᠶᠤᠰᠤᠭᠠᠷ | ᠰᠢᠯᠵᠢᠭᠦᠯᠦᠨ ᠭᠦᠢᠴᠡᠳᠭᠡᠵᠦ᠂ ᠬᠤᠭᠤᠴᠠᠭ᠎ᠠ ᠶᠤᠰᠤᠭᠠᠷ ᠭᠦᠢᠴᠡᠳᠭᠡᠨ ᠲᠠᠭᠤᠰᠬᠠᠬᠤ ︽ᠪᠦᠷᠢᠨ ᠦᠢᠯᠡᠴᠢᠯᠡᠭᠡ︾ ᠶᠢ | ᠪᠠᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠬᠠᠯᠠᠮᠰᠢᠯ ᠣᠳᠠᠰᠤᠨ ᠤ ᠡᠳᠤᠷ ᠲᠤᠳᠤᠮ ᠤᠨ ᠵᠢᠵᠢᠭᠦᠷᠯᠡᠨ ᠰᠠᠬᠢᠬᠤ᠂ | ᠬᠢᠨᠠᠨ ᠭᠦᠢᠴᠡᠳᠭᠡᠬᠦ ᠵᠢᠴᠢ ᠰᠢᠯᠭᠠᠨ ᠦᠨᠡᠯᠡᠬᠦ ᠠᠵᠢᠯ ᠢ ᠴᠢᠩᠭᠠᠳᠬᠠᠵᠦ᠂ ᠦᠢᠯᠡᠴᠢᠯᠡᠭᠡᠨ ᠤ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ | ︵ᠠᠷᠪᠠᠨ ᠨᠢᠭᠡ︶ ᠵᠠᠰᠠᠭ ᠤᠨ ᠤᠷᠳᠤᠨ ᠤ ᠠᠯᠪᠠᠨ ᠮᠡᠲᠡᠭᠡᠨ ᠤ ᠠᠵᠢᠯ ᠢ ᠡᠮᠬᠢ ᠵᠢᠷᠦᠮ ᠲᠠᠢ ᠦᠷᠨᠢᠭᠦᠯᠦᠨ᠎ᠡ᠃ | ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠵᠠᠰᠠᠭ ᠤᠨ ᠤᠷᠳᠤᠨ ᠤ ᠠᠯᠪᠠᠨ ᠮᠡᠲᠡᠭᠡᠨ ᠤ | ᠠᠵᠢᠯ ᠢ ᠰᠠᠶᠢᠳᠤᠷ ᠬᠢᠬᠦ ᠲᠤᠬᠠᠢ ᠮᠡᠲᠡᠭᠲᠠᠯ︾ ︵ᠲᠦᠷᠦ ᠠᠯᠪᠠᠨ ᠲᠠᠷᠬᠠᠭᠠᠭᠰᠡᠨ ﹇2018﹈ 22 ᠳ᠋ᠤᠭᠠᠷ ᠲᠤᠭᠠᠲᠦ︶ | ᠵᠢᠴᠢ ᠦᠪᠡᠷᠲᠡᠭᠡᠨ ᠵᠠᠰᠠᠬᠤ ᠤᠷᠤᠨ᠂ ᠪᠤᠭᠤᠲᠦ ᠬᠤᠲᠡ ᠶᠢᠨ ᠬᠠᠮᠢᠶ᠎ᠡ ᠪᠦᠭᠦᠢ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠤᠰᠤᠭᠠᠷ᠂ ᠵᠠᠰᠠᠭ ᠤᠨ ᠤᠷᠳᠤᠨ ᠤ ᠠᠯᠪᠠᠨ ᠮᠡᠲᠡᠭᠡ ᠶᠢ ᠨᠡᠭᠡᠭᠡᠨ ᠡᠷᠬᠢᠯᠡᠵᠦ᠂ ᠠᠯᠪᠠᠨ ᠮᠡᠲᠡᠭᠡᠨ ᠤ | ᠴᠠᠬᠢᠮᠵᠢᠯᠠᠯᠲᠡ᠂ ᠳ᠋ᠡᠶᠢᠲ᠋ᠠ ᠶᠢᠨ ᠬᠦᠮᠦᠷᠭᠡ ᠶᠢᠨ ᠪᠠᠶᠢᠭᠤᠯᠤᠯᠲᠡ ᠶᠢ ᠠᠬᠢᠭᠤᠯᠵᠦ᠂ ᠵᠠᠰᠠᠭ ᠤᠨ ᠤᠷᠳᠤᠨ ᠤ ᠠᠯᠪᠠᠨ | ᠮᠡᠲᠡᠭᠡᠨ ᠤ ᠲᠤᠭ᠎ᠠ ᠪᠠᠷᠢᠮᠲᠡ ᠶᠢ ᠡᠮᠬᠢ ᠲᠢᠭᠯᠢᠮ ᠲᠠᠢ ᠨᠡᠭᠡᠭᠡᠨ᠎ᠡ᠃ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ | ᠠᠴᠠ ᠵᠠᠰᠠᠭ ᠤᠨ ᠶᠠᠪᠤᠳᠡᠯ ᠤᠨ ᠠᠯᠪᠠᠨ ᠮᠡᠲᠡᠭᠡ ᠳᠤ ᠪᠢᠴᠢᠭ ᠮᠠᠲ᠋ᠧᠷᠢᠶᠡᠯ ᠬᠠᠩᠭᠠᠵᠦ᠂ ᠵᠠᠰᠠᠭ ᠤᠨ ᠤᠷᠳᠤᠨ ᠠᠴᠠ | ᠠᠯᠪᠠᠨ ᠮᠡᠲᠡᠭᠡᠨ ᠤ ᠬᠡᠯᠪᠡᠷᠢ ᠪᠠᠷ ᠨᠢᠭᠡᠳᠤᠯᠲᠠᠢ ᠨᠡᠶᠢᠳᠡᠯᠡᠬᠦ ᠲᠦᠷᠢᠮ ᠢ ᠬᠡᠷᠡᠭᠵᠢᠭᠦᠯᠦᠨ᠎ᠡ᠃ | ᠲᠦᠷᠪᠡ᠂ ᠢᠯᠡ ᠵᠠᠰᠠᠭ ᠤᠨ ᠲᠦᠷᠢᠮᠵᠢᠭᠦᠯᠦᠯᠲᠡ ᠶᠢ ᠬᠦᠴᠦᠯᠡᠨ ᠠᠬᠢᠭᠤᠯᠤᠨ᠎ᠡ | ︵ᠠᠷᠪᠠᠨ ᠬᠤᠶᠠᠷ︶ ᠵᠠᠰᠠᠭ ᠤᠨ ᠤᠷᠳᠤᠨ ᠤ ᠮᠡᠲᠡᠭᠡ ᠵᠠᠩᠬᠢ ᠶᠢ ᠢᠯᠡ ᠪᠤᠯᠭᠠᠬᠤ ᠲᠦᠷᠢᠮ ᠲᠤᠭᠳᠠᠭᠠᠯ ᠢ | ᠲᠤᠭᠤᠰᠢᠯᠠᠭᠤᠯᠤᠨ ᠨᠠᠶᠢᠳᠠᠪᠦᠷᠢᠵᠢᠭᠤᠯᠤᠨᠡ᠃ ᠰᠢᠨ᠎ᠡ ᠪᠠᠷ ᠨᠡᠶᠢᠲᠡᠯᠡᠬᠦ ᠭᠡᠵᠦ ᠪᠠᠶᠢᠭ᠎ᠠ ︽ᠪᠦᠬᠦᠲᠡ ᠨᠠᠶᠢᠷᠠᠮᠳᠠᠬᠤ | ᠲᠤᠮᠳᠠᠲᠦ ᠠᠷᠡᠳ ᠤᠯᠤᠰ ᠤᠨ ᠵᠠᠰᠠᠭ ᠤᠨ ᠤᠷᠳᠤᠨ ᠤ ᠮᠡᠲᠡᠭᠡ ᠵᠠᠩᠬᠢ ᠶᠢ ᠢᠯᠡ ᠪᠤᠯᠭᠠᠬᠤ ᠲᠤᠭᠳᠠᠭᠠᠯ︾ ᠤᠨ | ᠱᠠᠭᠠᠷᠳᠠᠯᠭ᠎ᠠ ᠶᠢ ᠬᠠᠷᠭᠤᠭᠤᠯᠤᠨ᠂ ᠵᠠᠰᠠᠭ ᠤᠨ ᠤᠷᠳᠤᠨ ᠤ ᠢᠯᠡ ᠪᠠᠷ ᠨᠡᠶᠢᠲᠡᠯᠡᠬᠦ ᠴᠢᠬᠤᠯᠡ ᠲᠠᠢ ᠮᠡᠲᠡᠭᠡ ᠵᠠᠩᠬᠢ | ᠶᠢ ᠪᠦᠬᠦ ᠲᠡᠯ᠎ᠡ ᠪᠠᠷ ᠡᠮᠬᠢᠯᠡᠨ ᠲᠢᠭᠯᠡᠵᠦ᠂ ᠨᠡᠶᠢᠳᠡᠯᠡᠵᠦ ᠠᠮᠵᠢᠭ᠎ᠠ ᠦᠭᠡᠢ ᠶᠢ ᠨᠢ ᠲᠠᠷᠤᠢ ᠲᠦᠷᠭᠡᠨ ᠨᠡᠶᠢᠲᠡᠯᠡᠬᠦ | ᠬᠡᠷᠡᠭᠲᠠᠢ᠃ ᠭᠤᠶᠤᠴᠢᠯᠠᠨ ᠢᠯᠡ ᠪᠤᠯᠭᠠᠬᠤ ᠠᠵᠢᠯ ᠢ ᠲᠠᠰᠤᠷᠠᠯᠲᠡ ᠦᠭᠡᠢ ᠵᠢᠷᠤᠮᠵᠢᠭᠤᠯᠵᠦ᠂ ᠬᠦᠯᠢᠶᠠᠨ ᠠᠪᠬᠤ᠂ | ᠲᠠᠩᠰᠠᠯᠠᠬᠤ᠂ ᠭᠦᠢᠴᠡᠳᠭᠡᠬᠦ᠂ ᠬᠠᠷᠢᠭᠤᠯᠲᠡ ᠦᠭᠬᠦ ᠵᠡᠷᠭᠡ ᠠᠯᠬᠤᠮ ᠲᠠᠷᠠᠭᠠᠯᠠᠯ ᠢ ᠪᠠᠶᠢᠭᠤᠯᠤᠨ ᠪᠦᠷᠢᠨᠰᠢᠭᠦᠯᠵᠦ᠂ | ᠠᠷᠡᠳ ᠢᠷᠭᠡᠳ᠂ ᠬᠠᠦᠯᠢ ᠶᠢᠨ ᠡᠷᠭᠡᠲᠡᠨ ᠪᠡ ᠪᠤᠰᠤᠳ ᠵᠤᠬᠢᠶᠠᠨ ᠪᠠᠶᠢᠭᠤᠯᠤᠯᠲᠡ ᠶᠢᠨ ᠵᠠᠰᠠᠭ ᠤᠨ ᠤᠷᠳᠤᠨ ᠤ | ᠮᠡᠲᠡᠭᠡ ᠵᠠᠩᠬᠢ ᠶᠢ ᠤᠯᠵᠦ ᠮᠡᠲᠡᠬᠦ ᠡᠷᠭᠡ ᠶᠢ ᠬᠠᠦᠯᠢ ᠶᠤᠰᠤᠭᠠᠷ ᠪᠠᠳᠤᠯᠠᠬᠤ ᠬᠡᠷᠡᠭᠲᠠᠢ᠃ ᠲᠤᠭᠳᠠᠭᠠᠯ ᠢ | ᠭᠡᠷᠡᠭᠵᠢᠭᠦᠯᠦᠭᠰᠡᠨ10 ᠵᠢᠯ ᠤᠨ ᠤᠢ ᠪᠡ ᠰᠢᠨ᠎ᠡ ᠪᠠᠷ ᠵᠠᠰᠠᠯᠲᠡ ᠤᠷᠤᠭᠤᠯᠤᠭᠰᠡᠨ ᠲᠤᠭᠳᠠᠭᠠᠯ ᠢ ᠨᠡᠶᠢᠲᠡᠯᠡᠭᠰᠡᠨ ᠲᠠᠢ | ᠤᠶᠠᠯᠳᠤᠭᠤᠯᠤᠨ᠂ ᠤᠯᠠᠨ ᠶᠠᠩᠵᠦ ᠶᠢᠨ ᠤᠬᠠᠭᠤᠯᠭ᠎ᠠ ᠶᠢᠨ ᠬᠦᠲᠡᠯᠭᠡᠭᠡᠨ ᠢ ᠵᠤᠬᠢᠶᠠᠨ ᠪᠠᠶᠢᠭᠤᠯᠤᠨ ᠦᠷᠨᠢᠭᠦᠯᠵᠦ᠂ | ᠤᠯᠠᠨ ᠨᠡᠶᠢᠲᠡ ᠪᠠᠷ ᠢᠶᠠᠨ ᠪᠠᠶᠢᠲᠡᠯ ᠢ ᠬᠦᠢᠴᠡᠳ ᠮᠡᠲᠡᠬᠦ᠂ ᠡᠮᠬᠢ ᠵᠢᠷᠤᠮ ᠲᠠᠢ ᠤᠷᠤᠯᠴᠠᠬᠤ᠂ ᠪᠦᠬᠦ ᠲᠡᠯ᠎ᠡ ᠪᠠᠷ | ᠬᠢᠨᠠᠯᠲᠡ ᠲᠠᠯᠪᠢᠬᠤ ᠰᠠᠶᠢᠨ ᠰᠠᠶᠢᠬᠠᠨ ᠤᠷᠴᠢᠨ ᠨᠦᠬᠦᠴᠡᠯ ᠢ ᠪᠤᠢ ᠪᠤᠯᠭᠠᠬᠤ ᠬᠡᠷᠡᠭᠲᠠᠢ᠃ | ︵ᠠᠷᠪᠠᠨ ᠭᠤᠷᠪᠡ︶ ᠢᠯᠡ ᠵᠠᠰᠠᠭ ᠤᠨ ᠬᠢᠨᠠᠨ ᠪᠠᠶᠢᠴᠠᠭᠠᠯᠲᠡ ᠶᠢᠨ ᠠᠵᠢᠯ ᠢ ᠴᠢᠩᠭᠠᠳᠬᠠᠨ᠎ᠡ᠃ ᠵᠠᠰᠠᠭ ᠤᠨ | ᠤᠷᠳᠤᠨ ᠤ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠠᠴᠠ ᠡᠮᠦᠨ᠎ᠡ ᠬᠠᠦᠯᠢ ᠲᠦᠷᠢᠮ ᠶᠤᠰᠤᠭᠠᠷ ᠴᠢᠩᠭ᠎ᠠ ᠬᠢᠨᠠᠨ | ᠪᠠᠶᠢᠴᠠᠭᠠᠯᠲᠡ ᠬᠢᠵᠦ᠂ ᠤᠨᠴᠠᠭᠠᠶᠢᠯᠠᠨ ᠨᠡᠶᠢᠳᠡᠯᠡᠬᠦ ᠠᠭᠤᠯᠭ᠎ᠠ ᠦᠬᠦᠯᠡᠯ᠂ ᠴᠠᠭ ᠲᠤᠬᠢᠶᠠᠯ᠂ ᠬᠡᠯᠪᠡᠷᠢ ᠮᠠᠶ᠋ᠢᠭ ᠢ | ᠰᠤᠳᠤᠯᠤᠨ ᠮᠠᠭᠠᠳᠯᠠᠵᠦ᠂ ᠨᠡᠶᠢᠲᠡᠯᠡᠭᠰᠡᠨ ᠮᠡᠲᠡᠭᠡ ᠵᠠᠩᠬᠢ ᠶᠢᠨ ᠢᠲᠡᠭᠡᠯ ᠠᠯᠳᠠᠵᠦ᠂ ᠨᠡᠶᠢᠭᠡᠮ ᠤᠨ ᠠᠮᠦᠷ ᠲᠤᠭᠳᠠᠭᠤᠨ | ᠢ ᠨᠦᠯᠦᠭᠡᠯᠡᠬᠦ ᠵᠡᠷᠭᠡ ᠠᠰᠠᠭᠤᠳᠡᠯ ᠡᠭᠦᠰᠭᠦ ᠠᠴᠠ ᠰᠡᠷᠭᠡᠶᠢᠯᠡᠬᠦ ᠬᠡᠷᠡᠭᠲᠠᠢ᠃ ᠬᠤᠪᠢ ᠬᠦᠮᠦᠨ ᠤ ᠨᠢᠭᠤᠴᠡ ᠶᠢ ᠬᠠᠦᠯᠢ | ᠶᠤᠰᠤᠭᠠᠷ ᠬᠠᠮᠠᠭᠠᠯᠠᠵᠦ᠂ ᠵᠠᠯᠬᠠᠭᠠᠨ ᠴᠡᠭᠡᠷᠯᠡᠭᠦᠯᠬᠦ ᠵᠠᠷᠯᠡᠯ᠂ ᠠᠯᠪᠠᠳᠠᠯᠭ᠎ᠠ ᠶᠢᠨ ᠴᠢᠨᠠᠷᠲᠠᠢ ᠮᠡᠲᠡᠭᠡ ᠵᠠᠩᠬᠢ ᠶᠢ ᠢᠯᠡ | ᠪᠠᠷ ᠨᠡᠶᠢᠲᠡᠯᠡᠬᠦ ᠠᠴᠠ ᠭᠠᠳᠠᠨ᠎ᠡ᠂ ᠬᠤᠪᠢ ᠬᠦᠮᠦᠨ ᠤ ᠨᠢᠭᠤᠴᠡ ᠳᠤ ᠬᠤᠯᠪᠤᠭᠳᠠᠭᠰᠡᠨ ᠪᠤᠰᠤᠳ ᠮᠡᠲᠡᠭᠡ ᠵᠠᠩᠬᠢ ᠶᠢ | ᠨᠡᠶᠢᠳᠡᠯᠡᠬᠦ ᠳᠤ ᠲᠤᠰᠬᠠᠢ ᠲᠤᠳᠤᠷᠬᠠᠶᠢᠯᠠᠯ ᠬᠢᠵᠦ᠂ ᠵᠤᠬᠢᠰᠲᠠᠢ ᠠᠷᠭ᠎ᠠ ᠬᠡᠯᠪᠡᠷᠢ ᠪᠡ ᠬᠦᠷᠢᠶ᠎ᠡ ᠬᠡᠪᠴᠢᠶ᠎ᠡ ᠶᠢ | ᠰᠤᠩᠭᠤᠬᠤ ᠬᠡᠷᠡᠭᠲᠠᠢ᠃ | ︵ᠠᠷᠪᠠᠨ ᠲᠦᠷᠪᠡ︶ ᠰᠠᠨᠠᠭᠠᠴᠢᠯᠠᠭ᠎ᠠ ᠠᠴᠠ ᠪᠠᠨ ᠦᠨᠳᠦᠰᠤᠨ ᠭᠠᠷᠴᠠᠭ ᠢ ᠢᠯᠡ ᠪᠠᠷ ᠨᠡᠶᠢᠲᠡᠯᠡᠬᠦ ᠲᠦᠷᠢᠮ ᠢ | ᠪᠦᠬᠦ ᠲᠡᠯ᠎ᠡ ᠪᠠᠷ ᠬᠡᠷᠡᠭᠵᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠦᠨᠳᠦᠰᠤᠨ ᠭᠠᠷᠴᠠᠭ ᠤᠷᠤᠨ ᠲᠤᠭ᠎ᠠ ᠶᠢ ᠢᠯᠡ | ᠪᠠᠷ ᠨᠡᠶᠢᠲᠡᠯᠡᠬᠦ ᠶᠢ ᠪᠡᠶᠡᠯᠡᠭᠦᠯᠬᠦ ᠳᠤ᠂ ᠡᠭᠦᠷᠭᠡ ᠲᠤᠰᠢᠶᠠᠯ ᠤᠨ ᠬᠤᠪᠢᠷᠠᠯᠲᠡ ᠶᠢ ᠦᠨᠳᠦᠰᠦᠯᠡᠨ ᠦᠭᠡᠷᠡᠴᠢᠯᠠᠨ | ᠰᠢᠨᠡᠳᠭᠡᠬᠦ ᠲᠤᠬᠢᠷᠠᠭᠤᠯᠤᠯᠲᠡ ᠬᠢᠬᠦ ᠬᠡᠷᠡᠭᠲᠠᠢ᠃ ᠦᠨᠳᠦᠰᠦᠨ ᠭᠠᠷᠴᠠᠭ ᠤᠷᠤᠨ ᠲᠤᠭ᠎ᠠ ᠨᠢ ︽ᠲᠡᠪᠤ ᠶᠢ ᠢᠯᠡ | ᠪᠤᠯᠭᠠᠬᠤ︾᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠂ ᠶᠠᠷᠢᠶ᠎ᠡ ᠬᠡᠯᠡᠯᠴᠡᠭᠡᠨ ᠤ ᠬᠠᠷᠢᠭᠤ ᠲᠤᠰᠬᠠᠯ᠂ ᠤᠯᠠᠨ ᠨᠡᠶᠢᠲᠡ | ᠪᠠᠷ ᠢᠶᠠᠨ ᠤᠷᠤᠯᠴᠠᠬᠤ ᠵᠡᠷᠭᠡ ᠱᠠᠭᠠᠷᠳᠠᠯᠭ᠎ᠠ ᠶᠢ ᠬᠦᠢᠴᠡᠳ ᠢᠯᠡᠷᠡᠭᠦᠯᠬᠦ ᠬᠡᠷᠡᠭᠲᠠᠢ᠃ | ︵ᠠᠷᠪᠠᠨ ᠲᠠᠪᠦ︶ ᠤᠯᠠᠨ ᠨᠡᠶᠢᠲᠡ ᠶᠢᠨ ᠠᠵᠦ ᠠᠬᠤᠶᠢᠯᠠᠯ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ | ᠮᠡᠲᠡᠭᠡ ᠵᠠᠩᠬᠢ ᠶᠢ ᠢᠯᠡ ᠪᠤᠯᠭᠠᠬᠤ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠬᠤᠰᠢᠭᠤᠨ ᠤ ᠰᠤᠷᠭᠠᠨ | ᠬᠦᠮᠦᠵᠢᠯ᠂ ᠠᠮᠢ ᠠᠬᠤᠢ ᠶᠢᠨ ᠤᠷᠴᠢᠨ ᠨᠦᠬᠦᠴᠡᠯ᠂ ᠰᠤᠶᠤᠯ ᠵᠢᠭᠤᠯᠴᠢᠯᠠᠯ᠂ ᠠᠷᠢᠭᠤᠨ ᠴᠡᠪᠡᠷ ᠡᠷᠡᠭᠦᠯ ᠬᠠᠮᠠᠭᠠᠯᠠᠯ᠂ | ᠤᠷᠤᠨ ᠰᠠᠭᠤᠴᠡ᠂ ᠨᠡᠶᠢᠭᠡᠮ ᠤᠨ ᠲᠡᠳᠭᠦᠮᠵᠢ ᠠᠰᠠᠷᠠᠮᠵᠢ ᠵᠡᠷᠭᠡ ᠭᠤᠤᠯ ᠬᠠᠮᠢᠶᠠᠷᠬᠤ ᠰᠠᠯᠠᠭ᠎ᠠ ᠮᠦᠴᠢᠷ ᠨᠢ ᠵᠢᠯ ᠤᠨ | ᠰᠡᠭᠦᠯᠴᠢ ᠪᠠᠷ ᠤᠯᠠᠨ ᠨᠡᠶᠢᠲᠡ ᠶᠢᠨ ᠠᠵᠦ ᠠᠬᠤᠶᠢᠯᠡᠯ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠬᠠᠮᠢᠶ᠎ᠡ | ᠪᠦᠭᠦᠢ ᠬᠦᠷᠢᠶ᠎ᠡ ᠬᠡᠪᠴᠢᠶᠡᠨ ᠳᠠᠬᠢ ᠮᠡᠲᠡᠭᠡ ᠵᠠᠩᠬᠢ ᠶᠢ ᠢᠯᠡ ᠪᠠᠷ ᠨᠡᠶᠢᠲᠡᠯᠡᠬᠦ ᠲᠦᠷᠢᠮ ᠢ ᠪᠠᠶᠢᠭᠤᠯᠵᠦ᠂ ᠰᠢᠯᠭᠠᠨ | ᠦᠨᠡᠯᠡᠬᠦ᠂ ᠬᠢᠨᠠᠨ ᠵᠦᠪᠯᠡᠬᠦ᠂ ᠬᠠᠷᠢᠭᠤᠴᠠᠯᠭ᠎ᠠ ᠨᠡᠭᠡᠮᠵᠢᠯᠡᠬᠦ ᠪᠤᠯᠤᠨ ᠬᠢᠨᠠᠨ ᠪᠠᠶᠢᠴᠠᠭᠠᠬᠤ ᠪᠤᠳᠠᠳᠠᠢ ᠠᠷᠭ᠎ᠠ ᠶᠢ ᠢᠯᠡ | ᠪᠠᠷ ᠨᠡᠶᠢᠲᠡᠯᠡᠬᠦ ᠶᠢ ᠪᠦᠷᠢᠨᠰᠢᠭᠦᠯᠵᠦ᠂ ᠪᠠᠲᠤᠲᠠᠢ ᠲᠦᠯᠬᠢᠨ ᠠᠬᠢᠭᠤᠯᠤᠨ᠎ᠡ᠃ | ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠡ ᠲᠤᠰ ᠠᠵᠢᠯ ᠤᠨ ᠭᠤᠤᠯᠳᠠᠯᠭ᠎ᠠ ᠶᠢᠨ ᠡᠯ᠎ᠡ ᠵᠦᠢᠯ ᠤᠨ | ᠡᠭᠦᠷᠭᠡ ᠪᠠᠶᠢᠷᠢᠯᠠᠭᠤᠯᠤᠯᠲᠡ ᠶᠢ ᠲᠡᠭᠡᠲᠦ ᠬᠡᠮᠵᠢᠶ᠎ᠡ ᠪᠠᠷ ᠴᠢᠬᠤᠯᠴᠢᠯᠠᠵᠦ᠂ ᠪᠤᠳᠠᠳᠠᠢ ᠠᠷᠭ᠎ᠠ ᠬᠡᠮᠵᠢᠶ᠎ᠡ ᠠᠪᠴᠦ᠂ | ᠬᠢᠨᠠᠮᠠᠭᠠᠢ ᠨᠠᠶᠢᠳᠠᠪᠦᠷᠢᠵᠢᠭᠤᠯᠤᠨᠡ᠃ ᠢᠯᠡ ᠵᠠᠰᠠᠭ ᠤᠨ ᠠᠵᠢᠯ ᠤᠨ ᠴᠢᠳᠠᠪᠦᠷᠢ ᠶᠢᠨ ᠪᠦᠲᠦᠭᠡᠨ ᠪᠠᠶᠢᠭᠤᠯᠤᠯᠲᠡ ᠶᠢ | ᠴᠢᠩᠭᠠᠳᠬᠠᠵᠦ᠂ ᠰᠢᠨ᠎ᠡ ᠲᠤᠭᠳᠠᠭᠠᠯ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠂ ᠵᠠᠰᠠᠭ ᠤᠨ ᠶᠠᠪᠤᠳᠠᠯ ᠤᠨ ᠶᠡᠷᠢᠶ᠎ᠡ | ᠬᠡᠯᠡᠯᠴᠡᠭᠡᠨ ᠤ ᠬᠠᠷᠢᠭᠤ ᠲᠤᠰᠬᠠᠯ ᠵᠡᠷᠭᠡ ᠶᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠦ᠂ ᠲᠤᠬᠠᠶᠢᠯᠠᠭᠰᠡᠨ ᠠᠵᠢᠯ ᠤᠨ | ᠪᠤᠯᠪᠠᠰᠤᠷᠡᠯ ᠢ ᠰᠠᠶᠢᠳᠤᠷ ᠠᠳᠬᠤᠬᠤ ᠬᠡᠷᠡᠭᠲᠠᠢ᠃ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠦ᠂ ᠲᠦᠷᠦ ᠶᠢᠨ | ᠪᠤᠳᠤᠯᠭ᠎ᠠ ᠶᠢᠨ ᠲᠠᠶᠢᠯᠤᠮᠵᠢ᠂ ᠵᠠᠰᠠᠭ ᠤᠨ ᠶᠠᠪᠤᠳᠠᠯ ᠤᠨ ᠶᠡᠷᠢᠶ᠎ᠡ ᠬᠡᠯᠡᠯᠴᠡᠭᠡᠨ ᠤ ᠬᠠᠷᠢᠭᠤ ᠲᠤᠰᠬᠠᠯ᠂ ᠭᠤᠤᠯ | ᠬᠠᠷᠢᠭᠤᠴᠠᠬᠤ ᠬᠦᠮᠦᠨ ᠠᠴᠠ ᠢᠯᠡ ᠵᠠᠰᠠᠭ ᠤᠨ ᠠᠵᠢᠯ ᠢ ᠰᠤᠳᠤᠯᠤᠨ ᠪᠠᠶᠢᠷᠢᠯᠠᠭᠤᠯᠬᠤ ᠪᠡ ᠰᠤᠨᠢᠨ ᠮᠡᠲᠡᠭᠡ | ᠨᠡᠶᠢᠲᠡᠯᠡᠬᠦ ᠬᠤᠷᠡᠯ ᠳᠤ ᠤᠷᠤᠯᠴᠠᠬᠤ ᠵᠡᠷᠭᠡ ᠪᠠᠶᠢᠲᠡᠯ ᠢ ᠰᠢᠯᠭᠠᠨ ᠦᠨᠡᠯᠡᠵᠦ᠂ ᠬᠤᠰᠢᠭᠤᠨ ᠤ ᠵᠠᠰᠠᠭ ᠤᠨ ᠤᠷᠳᠤᠨ | ᠤ ᠠᠯᠪᠠᠨ ᠭᠡᠷ ᠠᠴᠠ ᠨᠠᠶᠢᠳᠠᠪᠦᠷᠢᠵᠢᠭᠤᠯᠤᠭᠰᠡᠨ ᠪᠠᠶᠢᠲᠡᠯ ᠤᠨ ᠲᠤᠰᠬᠠᠢ ᠬᠢᠨᠠᠯᠲᠡ ᠪᠠᠶᠢᠴᠠᠭᠠᠯᠲᠡ ᠶᠢ ᠵᠤᠬᠢᠶᠠᠨ | ᠪᠠᠶᠢᠭᠤᠯᠬᠤ ᠶᠢᠨ ᠬᠠᠮᠲᠦ ᠦᠷ᠎ᠡ ᠳ᠋ᠦᠩ ᠢᠶᠠᠨ ᠴᠠᠭ ᠲᠤᠬᠠᠢ ᠳᠤ ᠨᠢ ᠮᠡᠲᠡᠭᠡᠯᠡᠬᠦ ᠬᠡᠷᠡᠭᠲᠠᠢ᠃ | | | | | | |