ᠤᠯᠤᠰ ᠪᠠᠶᠢᠭᠤᠯᠤᠭᠳᠠᠭᠰᠡᠨ ᠪᠠᠶᠠᠷ ᠤᠨ ᠠᠮᠠᠷᠠᠯᠲᠡ ᠶᠢᠨ ᠬᠤᠭᠤᠴᠠᠭᠠᠨ ᠳᠤ ᠰᠢᠷᠠᠮᠦ᠋ᠷᠡᠨ ᠤ ᠵᠢᠭᠤᠯᠴᠢᠯᠠᠯ  ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠳᠤ ᠬᠠᠮᠲᠤᠷᠠᠭᠰᠠᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2019-10-10
     ᠤᠯᠤᠰ ᠪᠠᠶᠢᠭᠤᠯᠤᠭᠳᠠᠭᠰᠡᠨ ᠪᠠᠶᠠᠷ ᠤᠨ ᠠᠮᠠᠷᠡᠯᠲᠡ ᠶᠢᠨ ᠬᠤᠭᠤᠴᠠᠭᠠᠨ ᠳᠤ᠂ ᠰᠣᠶᠣᠯ ᠵᠢᠭᠤᠯᠴᠢᠯᠠᠯ ᠤᠨ ᠲᠢᠩᠬᠢᠮ ᠤᠨ ᠵᠠᠬ᠎ᠠ ᠳᠡᠯᠭᠡᠭᠦᠷ ᠤᠨ ᠭᠠᠵᠠᠷ ᠤᠨ ᠳᠠᠷᠤᠭ᠎ᠠ ᠯᠢᠦ ᠵᠢᠶᠠᠨ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠭᠤᠤ ᠬᠤᠩ ᠮᠧᠶ ᠰᠢᠷᠠᠮᠥ᠋ᠷᠡᠨ ᠲᠡᠯ᠎ᠡ ᠨᠤᠳᠤᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠴᠢᠭᠯᠡᠭᠦᠯᠦᠨ ᠬᠠᠮᠲᠤᠷᠠᠭᠰᠠᠨ ᠪᠠᠶᠢᠴᠠᠭᠠᠯᠲᠠ ᠬᠢᠪᠡ᠃ ᠰᠢᠷᠠᠮᠥ᠋ᠷᠡᠨ ᠲᠠᠯ᠎ᠠ ᠨᠤᠲᠤᠭ ᠤᠨ ᠵᠢᠭᠤᠯᠴᠢᠯᠠᠯ ᠤᠨ ᠬᠠᠮᠢᠶᠠᠷᠤᠯᠲᠠ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠᠷ᠎ᠡ ᠪᠤᠯᠤᠯᠴᠠᠨ ᠪᠠᠶᠢᠴᠠᠭᠠᠪᠡ᠃      ᠯᠢᠦ ᠵᠢᠶᠠᠨ᠂ ᠡᠯ᠎ᠡ ᠰᠠᠯᠠᠭ᠎ᠠ ᠮᠥᠴᠢᠷ ᠤᠨ ᠬᠢᠨ ᠵᠢᠭᠤᠯᠴᠢᠯᠠᠯ ᠤᠨ ᠠᠮᠤᠷ ᠲᠦᠪᠰᠢᠨ ᠤ ᠠᠰᠠᠭᠤᠳᠠᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠮᠤᠷ ᠲᠦᠪᠰᠢᠨ ᠤ ᠠᠰᠠᠭᠤᠳᠡᠯ ᠢ ᠤᠷᠢᠳᠴᠢᠯᠠᠨ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ ᠭᠡᠵᠦ ᠵᠢᠭᠠᠵᠦ ᠭᠠᠷᠭᠠᠪᠡ᠃ ᠪᠠᠶᠢᠴᠠᠭᠠᠯᠲᠠ ᠶᠢᠨ ᠳᠤᠮᠳᠠ᠂ ᠬᠦᠯᠢᠶᠡᠨ ᠵᠤᠴᠢᠯᠠᠬᠤ ᠭᠠᠵᠠᠷ ᠤᠨ ᠲᠣᠭᠤᠭᠠᠨ ᠭᠡᠷ ᠤᠨ ᠢᠳᠡᠭᠡᠨ ᠤᠮᠳᠠᠭᠠᠨ ᠤ ᠲᠦᠭᠦᠭᠡᠷᠦᠮᠵᠢ᠂ ᠮᠤᠷᠢ ᠤᠨᠤᠬᠤ ᠦᠢᠯᠡᠴᠢᠯᠡᠭᠡᠨ ᠤ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠰᠤᠭᠤᠴᠢᠨ ᠪᠠᠶᠢᠴᠠᠭᠠᠵᠦ ᠣᠶᠢᠯᠭᠠᠭᠰᠠᠨ ᠪᠥᠭᠡᠳ ᠪᠤᠰᠤᠳ ᠡᠭᠦᠰᠬᠦ ᠪᠤᠯᠤᠯᠴᠠᠭ᠎ᠠ ᠲᠠᠢ ᠠᠮᠤᠷ ᠲᠦᠪᠰᠢᠨ ᠤ ᠠᠰᠠᠭᠤᠳᠠᠯ ᠳᠤ ᠪᠠᠶᠢᠴᠠᠭᠠᠯᠲᠡ ᠬᠢᠪᠡ᠃

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号