ᠠᠷᠡᠳ ᠤᠨ ᠪᠠᠭᠰᠢ ᠶᠢᠨ ᠢᠷᠠᠭᠤ ᠠᠯᠳᠠᠷ ᠢᠶᠠᠨ ᠡᠷᠭᠦᠵᠦ ᠶᠠᠪᠤᠭ᠎ᠠ ᠵᠠᠯᠠᠭᠤ ᠪᠠᠭᠰᠢ — ᠶᠢᠨ ᠼᠠᠢ
ᠨᠡᠶᠢᠲᠡᠯᠡᠭᠰᠡᠨ ᠴᠠᠭ᠄
2019-10-10
      ᠶᠢᠨ ᠼᠠᠢ᠂ ᠲᠦᠩᠯᠢᠶᠤᠤ ᠬᠤᠲᠡ ᠶᠢᠨ ᠨᠠᠢᠮᠠᠨ ᠬᠤᠰᠢᠭᠤ ᠪᠠᠷ ᠨᠤᠳᠤᠬᠲᠠᠢ᠃ 2006 ᠤᠨ ᠳᠤ ᠵᠠᠭᠦᠨ ᠬᠤᠶᠢᠲᠦ ᠶᠢᠨ ᠪᠠᠭᠰᠢ ᠶᠢᠨ ᠶᠡᠭᠡ ᠰᠤᠷᠭᠠᠭᠤᠯᠢ ᠠᠴᠠ ᠨᠠᠶᠢᠭᠡᠮ ᠤᠨ ᠤᠬᠠᠭᠠᠨ ᠤ ᠲᠤᠰᠬᠠᠢ ᠮᠡᠷᠭᠡᠵᠢᠯ ᠢᠶᠠᠷ ᠲᠡᠭᠦᠰᠴᠦ᠂ 2018 ᠤᠨ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠠᠰᠫᠢᠷᠠᠨᠲ ᠢᠶᠠᠷ ᠲᠡᠭᠦᠰᠦᠭᠰᠡᠨ ᠪᠦᠭᠡᠳ ᠤᠳᠤ ᠪᠤᠭᠤᠲᠦ ᠬᠤᠲᠡ ᠶᠢᠨ ᠪᠠᠭᠰᠢ ᠶᠢᠨ ᠲᠡᠭᠡᠲᠦ ᠰᠤᠷᠭᠠᠭᠤᠯᠢ ᠳᠤ ᠲᠤᠭᠠᠨ ᠤ ᠤᠬᠠᠭᠠᠨ  ᠤ ᠲᠤᠰᠬᠠᠢ ᠮᠡᠷᠭᠡᠵᠢᠯ ᠰᠤᠷᠤᠯᠴᠠᠵᠦ ᠠᠵᠢᠯ ᠤᠨ ᠬᠢᠷᠢ ᠲᠦᠪᠰᠢᠨ ᠢᠶᠠᠨ ᠲᠡᠭᠡᠭᠰᠢᠯᠡᠭᠦᠯᠵᠦ ᠪᠤᠢ᠃ 2011 ᠤᠨ ᠳᠤ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠮᠤᠩᠭᠤᠯ ᠰᠤᠷᠭᠠᠭᠤᠯᠢ ᠳᠤ ᠢᠷᠡᠵᠦ᠂ ᠠᠩᠬ᠎ᠠ ᠡᠬᠢᠯᠡᠨ ᠲᠡᠦᠭᠡ  ᠶᠢᠨ ᠬᠢᠴᠢᠶᠡᠯ᠂ ᠰᠡᠳᠬᠢᠴᠡ ᠶᠢᠨ ᠬᠢᠴᠢᠶᠡᠯ᠂ ᠲᠤᠭᠠᠨ ᠤ ᠤᠬᠠᠭᠠᠨ ᠤ ᠬᠢᠴᠢᠶᠡᠯ ᠢ ᠲᠤᠰ ᠲᠤᠰ ᠵᠢᠭᠠᠨ ᠵᠢᠯᠤᠭᠤᠳᠴᠦ᠂ ᠤᠳᠤ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠮᠤᠩᠭᠤᠯ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠤᠶᠠᠳᠤᠭᠠᠷ ᠤᠨ ᠤ ᠲᠤᠭᠠᠨ ᠤ ᠤᠬᠠᠭᠠᠨ ᠤ ᠬᠢᠴᠢᠶᠡᠯ ᠢ ᠵᠢᠭᠠᠬᠤ ᠶᠢᠨ ᠬᠠᠮᠲᠦ ᠰᠤᠷᠭᠠᠭᠤᠯᠢ ᠶᠢᠨ ᠲᠠᠩᠰᠡ ᠡᠪᠬᠡᠮᠡᠯ ᠤᠨ ᠲᠠᠰᠤᠭ ᠤᠨ ᠠᠵᠢᠯ ᠢ ᠬᠠᠷᠢᠭᠤᠴᠠᠵᠦ ᠪᠤᠢ᠃      

      ᠶᠢᠨ ᠼᠠᠢ ᠪᠠᠭᠰᠢ᠂ ᠰᠤᠷᠤᠭᠴᠢᠳ ᠤᠨ ᠦᠪᠡᠷᠰᠡᠳ ᠢᠶᠠᠨ ᠭᠠᠷ ᠬᠦᠲᠡᠯᠦᠯᠴᠠᠨ ᠬᠢᠬᠦ ᠪᠤᠶᠦ ᠶᠠᠷᠢᠭᠤᠯᠬᠤ᠂

ᠰᠢᠨ᠎ᠡ ᠶᠢ ᠰᠦᠪᠡᠭᠴᠢᠯᠡᠬᠦ ᠵᠡᠷᠭᠡ ᠠᠷᠭ᠎ᠠ ᠬᠡᠯᠪᠡᠷᠢ ᠪᠠᠷ ᠰᠤᠷᠤᠭᠴᠢᠳ ᠢᠶᠠᠨ ᠵᠢᠯᠤᠭᠤᠳᠤᠨ ᠬᠦᠮᠦᠵᠢᠭᠦᠯᠵᠦ᠂

ᠰᠤᠷᠤᠭᠴᠢᠳ ᠤᠨ ᠡᠯ᠎ᠡ ᠲᠡᠯ᠎ᠡ ᠶᠢᠨ ᠮᠡᠲᠡᠯᠭᠡ ᠬᠤᠷᠠᠮᠳᠤᠭᠤᠯᠬᠤ ᠶᠢ ᠠᠩᠬᠠᠷᠴᠦ᠂ ᠤᠷ᠎ᠡ ᠵᠤᠷᠢᠭ ᠢ ᠨᠢ ᠬᠦᠪᠴᠢᠯᠡᠵᠦ᠂

ᠤᠶᠢᠯᠠᠭᠠᠬᠤ ᠳᠤ ᠬᠦᠴᠢᠷ᠂ ᠮᠠᠳᠠᠭ ᠲᠠᠢ ᠰᠡᠳᠤᠪ ᠢ ᠨᠠᠷᠢᠨ ᠨᠢᠮᠪᠠᠢ ᠲᠠᠶᠢᠯᠪᠦᠷᠢᠯᠡᠨ ᠦᠭᠴᠦ᠂ ᠦᠪᠡᠷ ᠤᠨ ᠪᠠᠭᠰᠢ

ᠬᠦᠮᠦᠨ ᠤ ᠲᠠᠷᠬᠠᠨ ᠬᠠᠷᠢᠭᠤᠴᠠᠯᠭ᠎ᠠ ᠪᠠᠨ ᠴᠠᠭ ᠢᠮᠠᠬᠲᠡ ᠴᠡᠭᠡᠵᠢᠯᠡᠵᠦ᠂ ᠡᠭᠡᠯ ᠶᠡᠷᠦᠮᠲᠡᠭ ᠲᠠᠷᠤᠤ ᠬᠢᠴᠢᠶᠠᠩᠭᠦᠢ

ᠵᠠᠩ ᠠᠭᠠᠯᠢ ᠪᠠᠷ ᠢᠶᠠᠨ ᠬᠠᠮᠲᠦ ᠠᠵᠢᠯᠲᠡᠳ ᠤᠨ ᠢᠶᠠᠨ ᠬᠦᠷᠢᠶᠠᠯᠡᠯ ᠲᠠᠭᠠᠰᠢᠶᠠᠯ ᠢ ᠬᠦᠷᠲᠡᠵᠦ᠂ ᠰᠤᠷᠭᠠᠭᠤᠯᠢ᠂ ᠭᠡᠷ

 ᠤᠨ ᠠᠬᠠᠮᠠᠳ᠂ ᠰᠤᠷᠤᠭᠴᠢᠳ ᠤᠨ ᠰᠠᠶᠢᠨ ᠦᠨᠡᠯᠡᠯᠲᠡ ᠶᠢ ᠬᠦᠷᠲᠡᠭᠰᠡᠭᠡᠷ ᠢᠷᠡᠭᠰᠡᠨ ᠶᠤᠮ᠃

     

     ᠵᠠᠯᠠᠭᠤ ᠪᠠᠭᠰᠢ ᠶᠢᠨ ᠼᠠᠢ ᠵᠢᠭᠠᠨ ᠰᠤᠷᠭᠠᠬᠤ ᠠᠵᠢᠯ ᠳᠠᠭᠠᠨ ᠰᠢᠮᠳᠠᠬᠤ ᠶᠢᠨ ᠵᠡᠷᠭᠡᠪᠡᠷ᠂ ᠤᠷᠢᠳ ᠬᠤᠵᠢᠳ

ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠲᠤᠷᠭᠠᠨ ᠵᠢᠯᠤᠭᠤ ᠰᠡᠳᠭᠦᠯ ᠳᠤ ᠨᠡᠶᠢᠲᠡᠯᠡᠭᠦᠯᠦᠭᠰᠡᠨ ︽ᠠᠩᠬ᠎ᠠ

ᠲᠤᠮᠳᠠᠲᠦ ᠶᠢᠨ ᠲᠡᠦᠭᠡᠨ ᠬᠢᠴᠢᠶᠡᠯᠯᠡᠭᠡ ᠳᠤ ᠠᠩᠬᠠᠷᠬᠤ ᠵᠦᠢᠯ︾ ᠭᠡᠬᠦ ᠦᠭᠦᠯᠡᠯ ᠨᠢ ᠨᠢᠭᠡᠳᠤᠭᠡᠷ ᠲᠡᠰ ᠤᠨ ᠱᠠᠩᠨᠠᠯ

ᠬᠦᠷᠲᠡᠭᠰᠡᠨ ᠪᠡ ︽ᠪᠠᠭ᠎ᠠ ᠰᠤᠷᠭᠠᠭᠤᠯᠢ ᠶᠢᠨ ᠰᠤᠷᠤᠭᠴᠢᠳ ᠢ ᠲᠤᠭᠠᠨ ᠤ ᠤᠬᠠᠭᠠᠨ ᠳᠤ ᠲᠤᠷ᠎ᠡ ᠪᠠᠭ᠋ᠠᠳᠠᠢ ᠪᠤᠯᠭᠠᠬᠤ︾

ᠦᠭᠦᠯᠡᠯ ᠨᠢ ᠲᠤᠮᠳᠠᠲᠦ ᠤᠯᠤᠰ ᠤᠨ ᠰᠠᠭᠤᠷᠢ ᠰᠤᠷᠭᠠᠨ ᠬᠦᠮᠦᠵᠢᠯ ᠤᠨ ᠰᠤᠳᠤᠯᠭᠠᠨ ᠤ ᠡᠪᠯᠡᠯ ᠤᠨ ᠭᠤᠤᠯᠯᠠᠨ

ᠡᠷᠬᠢᠯᠡᠭᠰᠡᠨ ︽ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠲᠤᠭᠠᠨ ᠤ ᠤᠬᠠᠭᠠᠨ ᠤ ᠪᠠᠭᠰᠢ ᠶᠢᠨ ᠵᠢᠭᠠᠨ

ᠰᠤᠷᠭᠠᠯᠲᠡ ᠶᠢᠨ ᠦᠭᠦᠯᠡᠯ ᠤᠨ ᠲᠦᠯᠦᠪᠯᠡᠭᠡᠨ︾ ᠤ ᠤᠷᠤᠯᠳᠤᠭᠠᠨ ᠤ ᠬᠤᠶᠠᠳᠤᠭᠠᠷ ᠲᠡᠰ ᠵᠡᠷᠭᠡ ᠢᠷᠡᠭᠤ ᠠᠯᠳᠠᠷ ᠢ

ᠬᠦᠷᠲᠡᠵᠦ᠂ 2019 ᠤᠨ ᠳᠤ ᠬᠤᠰᠢᠭᠤᠨ ᠤ ᠲᠡᠰ ᠤᠨ ᠰᠢᠯᠢᠲᠡᠭ ᠪᠠᠭᠰᠢ ᠪᠠᠷ ᠦᠨᠡᠯᠡᠭᠲᠡᠭᠰᠡᠨ ᠪᠠᠶᠢᠨ᠎ᠡ᠃

     ᠬᠤᠶᠢᠰᠢᠲᠡ ᠶᠢᠨ ᠵᠢᠭᠠᠨ ᠰᠤᠷᠭᠠᠯᠲᠡ ᠶᠢᠨ ᠠᠵᠢᠯ ᠲᠤᠮᠲᠡ ᠪᠠᠨ ᠶᠢᠨ ᠼᠠᠢ ᠪᠠᠭᠰᠢ᠂ ᠦᠪᠡᠷ ᠤᠨ ᠲᠤᠰᠬᠠᠢ

ᠮᠡᠷᠭᠡᠵᠢᠯ ᠤᠨ ᠴᠢᠳᠠᠪᠦᠷᠢ ᠪᠠᠨ ᠲᠠᠰᠤᠷᠠᠯᠲᠡ ᠦᠭᠡᠢ ᠲᠡᠭᠡᠭᠰᠢᠯᠡᠭᠦᠯᠵᠦ᠂ ᠰᠤᠷᠤᠭᠴᠢᠳ ᠤᠨ ᠪᠦᠬᠦ ᠲᠡᠯ᠎ᠡ ᠶᠢᠨ ᠬᠡᠪ

ᠪᠤᠯᠪᠠᠰᠤᠷᠡᠯ ᠢ ᠴᠢᠩᠭ᠎ᠠ ᠠᠳᠬᠤᠨ᠂ ᠤᠶᠤᠨ ᠤᠬᠠᠭᠠᠨ ᠤᠷ᠎ᠡ ᠴᠢᠳᠠᠪᠦᠷᠢ ᠶᠢᠨ ᠬᠢᠷᠢ ᠲᠦᠪᠰᠢᠨ ᠢᠶᠠᠨ

ᠲᠡᠭᠡᠭᠰᠢᠯᠡᠭᠦᠯᠬᠦ ᠶᠢᠨ ᠬᠠᠮᠲᠦ ᠦᠪᠡᠷ ᠢ ᠪᠠᠨ ᠴᠢᠩᠭ᠎ᠠ ᠱᠠᠭᠠᠷᠳᠠᠨ᠂ ᠦᠨᠳᠦᠰᠦᠲᠡᠨ ᠤ ᠰᠤᠷᠭᠠᠨ ᠬᠦᠮᠦᠵᠢᠯ ᠤᠨ

ᠵᠢᠭᠠᠨ ᠰᠤᠷᠭᠠᠬᠤ ᠦᠢᠯᠡᠰ ᠲᠤ ᠭᠠᠯ ᠵᠠᠯᠠᠭᠤ ᠨᠠᠰᠤᠨ ᠤ ᠤᠶᠤᠨ ᠤᠬᠠᠭᠠᠨ ᠤᠷ᠎ᠡ ᠴᠢᠳᠠᠯ ᠢᠶᠠᠨ ᠰᠢᠪᠬᠠᠵᠦ᠂

ᠴᠢᠷᠮᠠᠶᠢᠨ ᠠᠵᠢᠯᠯᠠᠬᠤ ᠵᠢᠴᠢ ᠡᠷᠴᠢ ᠵᠤᠷᠢᠭ ᠢᠶᠠᠨ ᠡᠷᠴᠢᠯᠡᠭᠰᠡᠭᠡᠷ ᠪᠠᠶᠢᠨ᠎ᠡ᠃

                                 

                                         ᠨᠠᠶᠢᠷᠠᠭᠤᠯᠤᠭᠴᠢ᠄ ᠽᠠᠨᠳᠠᠨᠮᠦ᠋ᠴᠢᠷ

                                         ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                         ᠶᠡᠷᠦᠩᠭᠡᠢ ᠬᠢᠨᠠᠬᠴᠢ᠄ ᠵᠠᠩ ᠬᠦᠢ ᠵᠧᠨ

                              ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号