ᠡᠮᠡᠭᠳᠡᠶᠢᠴᠤᠳ ᠤᠨ ᠭᠠᠷ ᠤᠷᠠᠯᠠᠯ ᠤᠨ ᠪᠤᠯᠪᠠᠰᠤᠷᠡᠯ ᠤᠨ ᠠᠩᠭᠢ ᠵᠢᠴᠢ ᠭᠠᠷ ᠤᠷᠠᠯᠠᠯ ᠤᠨ ᠰᠢᠨ᠎ᠡ ᠪᠦᠲᠦᠭᠡᠯ ᠤᠨ ᠤᠷᠤᠯᠳᠤᠭᠠᠨ ᠠᠮᠵᠢᠯᠲᠡ ᠲᠠᠢ ᠶᠠᠪᠤᠬᠳᠠᠭᠰᠡᠨ
ᠨᠡᠶᠢᠲᠡᠯᠡᠭᠰᠡᠨ ᠴᠠᠭ᠄
2019-10-12
     ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠪᠠᠶᠢᠴᠠᠭᠠᠨ ᠰᠢᠨᠵᠢᠯᠡᠬᠦ ᠦᠶ᠎ᠡ ᠶᠢᠨ ᠶᠠᠷᠢᠶᠠᠨ  ᠤ ᠭᠤᠤᠯ ᠰᠠᠨᠠᠭ᠎ᠠ ᠶᠢ ᠪᠤᠳᠠᠳᠠᠶᠢᠵᠢᠭᠤᠯᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠦ ᠠᠬᠤᠢ  ᠶᠢᠨ ᠬᠦᠭᠵᠢᠯᠲᠡ ᠶᠢ ᠲᠦᠯᠬᠢᠨ ᠠᠬᠢᠭᠤᠯᠬᠤ ᠪᠠᠷ ᠭᠤᠤᠯ ᠰᠡᠳᠤᠪ ᠪᠤᠯᠭᠠᠭᠰᠡᠨ ᠡᠮᠡᠭᠳᠡᠶᠢᠴᠤᠳ ᠤᠨ ᠭᠠᠷ ᠤᠷᠠᠯᠠᠯ  ᠤᠨ ᠪᠤᠯᠪᠠᠰᠤᠷᠡᠯ ᠤᠨ ᠠᠩᠭᠢ ᠵᠢᠴᠢ ᠪᠤᠭᠤᠲᠦ ᠬᠤᠲᠡ ᠶᠢᠨ ᠭᠤᠷᠪᠠᠳᠤᠭᠠᠷ ᠬᠤᠭᠤᠴᠠᠭᠠᠨ ᠤ ᠡᠮᠡᠭᠳᠡᠶᠢᠴᠤᠳ ᠤᠨ ᠭᠠᠷ ᠤᠷᠠᠯᠠᠯ ᠤᠨ ᠰᠢᠨ᠎ᠡ ᠪᠦᠲᠦᠭᠡᠯ ᠤᠨ ᠤᠷᠤᠯᠳᠤᠭᠠᠨ ᠨᠢ 9 ᠰᠡᠷ᠎ᠡ ᠶᠢᠨ 28 ᠠᠴᠠ 30 ᠪᠤᠯᠳᠠᠯ᠎ᠡ᠂ ᠲᠠᠷᠬᠠᠨ ᠮᠤᠤᠮᠢᠩᠭᠠᠨ ᠬᠤᠯᠪᠤᠭᠠᠲᠦ ᠬᠤᠰᠢᠭᠤᠨ ᠤ ᠰᠢᠷᠠᠮᠦ᠋ᠷᠡᠨ ᠪᠠᠯᠭᠠᠰᠤᠨ ᠳᠤ ᠶᠠᠪᠤᠬᠳᠠᠭᠰᠡᠨ ᠪᠠᠶᠢᠨ᠎ᠡ᠃ ᠲᠤᠰ ᠤᠳᠠᠭᠠᠨ  ᠤ ᠪᠤᠯᠪᠠᠰᠤᠷᠡᠯ ᠢ ᠦᠪᠡᠷᠲᠡᠭᠡᠨ ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭᠠᠲᠦ ᠬᠤᠷᠡᠯ ᠠᠴᠠ ᠭᠤᠤᠯᠯᠠᠨ ᠡᠷᠬᠢᠯᠡᠵᠦ᠂ ᠦᠪᠦᠷ ᠮᠤᠩᠭᠤᠯ ᠤᠨ ᠮᠤᠩᠭᠤᠯ ᠡᠯᠧᠮᠧᠨ᠋ᠲ ᠰᠤᠶᠤᠯ ᠤᠨ ᠠᠵᠦ ᠦᠢᠯᠡᠰ ᠤᠨ ᠬᠢᠵᠠᠭᠠᠷᠲᠦ ᠺᠤᠮᠫᠠᠨᠢ ᠲᠠᠭᠠᠭᠠᠴᠢᠯᠠᠨ ᠡᠷᠬᠢᠯᠡᠪᠡ᠃      ᠪᠤᠯᠪᠠᠰᠤᠷᠡᠯ ᠤᠨ ᠠᠩᠭᠢ ᠨᠢ ᠬᠦᠴᠦᠨ᠂ ᠦ᠋ ᡁᠢ᠂ ᠹᠦ᠋ ᠶᠢᠨ ᠫᠢᠩ᠂ ᠨᠠᠷᠠᠨᠬᠤᠸᠠᠷ ᠵᠡᠷᠭᠡ ᠪᠠᠭᠰᠢ ᠶᠢᠨ ᠬᠢᠴᠢᠶᠡᠯᠯᠡᠭᠡ᠂ ᠬᠤᠯᠠ ᠤᠶᠢᠷ᠎ᠡ ᠠᠴᠠ ᠬᠦᠷᠦᠯᠴᠠᠨ ᠢᠷᠡᠭᠰᠡᠨ ᠬᠢᠴᠢᠶᠡᠯ ᠰᠤᠷᠤᠯᠭᠠᠳᠠᠳ ᠤᠨ ᠤᠷ᠎ᠡ ᠮᠡᠷᠭᠡᠵᠢᠯ ᠤᠨ ᠬᠤᠪᠢᠶᠠᠯᠴᠠᠭ᠎ᠠ ᠪᠡ ᠦᠢᠯᠡᠳᠤᠯᠭᠡ ᠲᠤᠷᠰᠢᠯᠭ᠎ᠠ ᠪᠠᠨ ᠰᠤᠯᠢᠯᠴᠠᠵᠦ᠂ ᠦᠨᠳᠦᠰᠦᠲᠡᠨ ᠤ ᠤᠯᠠᠮᠵᠢᠯᠠᠯᠲᠦ ᠭᠠᠷ ᠤᠷᠠᠯᠠᠯ  ᠢ ᠰᠤᠳᠤᠯᠤᠨ ᠰᠤᠷᠤᠯᠴᠠᠬᠤ ᠠᠭᠤᠯᠭ᠎ᠠ ᠪᠠᠷ ᠶᠠᠪᠤᠬᠳᠠᠵᠦ᠂ ᠡᠨᠡ ᠨᠢ ᠦᠨᠳᠦᠰᠦᠲᠡᠨ ᠤ ᠰᠤᠶᠤᠯ ᠢ ᠲᠡᠯᠭᠡᠷᠡᠭᠦᠯᠦᠨ᠂ ᠦᠷᠭᠡᠨ ᠤᠯᠠᠨ ᠡᠮᠡᠭᠳᠡᠶᠢᠴᠤᠳ ᠲᠤ ᠲᠦᠷᠦ ᠶᠢᠨ ᠪᠤᠳᠤᠯᠭ᠎ᠠ ᠪᠤᠯᠤᠨ ᠵᠠᠬ᠎ᠠ ᠲᠡᠯᠭᠡᠬᠦᠷ ᠤᠨ ᠤᠳᠤᠬᠢ ᠮᠠᠶ᠋ᠢᠭ ᠢ ᠦᠢᠯᠠᠭᠠᠭᠤᠯᠵᠦ᠂ ᠭᠠᠷ ᠤᠷᠠᠯᠠᠯ ᠤᠨ ᠮᠡᠷᠭᠡᠵᠢᠯ ᠢᠶᠠᠷ ᠠᠵᠢᠯ ᠤᠯᠬᠤ ᠠᠷᠭ᠎ᠠ ᠵᠠᠮ ᠢᠶᠠᠨ ᠦᠷᠭᠡᠳᠭᠡᠵᠦ᠂ ᠵᠤᠷᠢᠭ ᠲᠠᠢ  ᠪᠠᠷ ᠦᠢᠯᠡᠰ ᠪᠤᠰᠬᠠᠨ ᠰᠢᠨ᠎ᠡ ᠶᠢ ᠡᠭᠦᠳᠴᠦ ᠠᠮᠢᠳᠤᠷᠡᠯ ᠤᠨ ᠬᠢᠷᠢ ᠲᠦᠪᠰᠢᠨ ᠢᠶᠠᠨ ᠲᠡᠭᠡᠭᠰᠢᠯᠡᠭᠦᠯᠭᠦ ᠪᠡ ᠠᠵᠦ ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠬᠤ ᠰᠢᠨ᠎ᠡ ᠴᠠᠭ ᠡᠷᠡᠨ ᠤ ᠡᠮᠡᠭᠳᠡᠶᠢᠴᠤᠳ ᠤᠨ ᠴᠤᠴᠠᠯᠲᠡ ᠦᠭᠡᠢ ᠮᠠᠷᠡᠶᠢᠨ ᠴᠢᠷᠮᠠᠶᠢᠬᠤ ᠰᠡᠴᠡᠨ ᠮᠡᠷᠭᠡᠨ ᠤᠷ᠎ᠡ ᠤᠬᠠᠭᠠᠨ ᠢ ᠬᠠᠷᠠᠭᠤᠯᠤᠭᠰᠡᠨ ᠪᠠᠶᠢᠨ᠎ᠡ᠃      

     ᠡᠭᠦᠨ ᠤ ᠬᠠᠮᠲᠦ᠂ ᠰᠢᠷᠡᠮᠦ᠋ᠷᠡᠨ ᠪᠠᠯᠭᠠᠰᠤᠨ ᠳᠤ ᠪᠠᠰᠡ ᠪᠤᠭᠤᠲᠦ ᠬᠤᠲᠡ ᠶᠢᠨ ᠭᠤᠷᠪᠠᠳᠤᠭᠠᠷ ᠬᠤᠭᠤᠴᠠᠭᠠᠨ

 ᠤ ᠡᠮᠡᠭᠳᠡᠶᠢᠴᠤᠳ ᠤᠨ ᠭᠠᠷ ᠤᠷᠠᠯᠠᠯ ᠤᠨ ᠰᠢᠨ᠎ᠡ ᠪᠦᠲᠦᠭᠡᠯ ᠤᠨ ᠤᠷᠤᠯᠳᠤᠭᠠᠨ ᠶᠠᠪᠤᠬᠳᠠᠵᠦ᠂ ᠰᠤᠩᠭᠤᠨ

ᠰᠢᠯᠭᠠᠷᠠᠭᠤᠯᠤᠯᠲᠡ ᠶᠢᠨ ᠮᠠᠶ᠋ᠢᠭ ᠢᠶᠠᠷ ᠲᠡᠷᠢᠭᠦᠨ ᠲᠡᠳ᠋ ᠢ ᠰᠤᠩᠭᠤᠨ ᠱᠠᠩᠨᠠᠵᠦ᠂ ᠦᠪᠡᠷ ᠦᠪᠡᠷ ᠤᠨ ᠤᠨᠴᠠᠯᠢᠭ ᠲᠠᠢ

ᠰᠢᠨ᠎ᠡ ᠮᠠᠶ᠋ᠢᠭ ᠤᠨ ᠦᠨᠳᠦᠰᠦᠲᠡᠨ ᠤ ᠭᠠᠷ ᠤᠷᠠᠯᠠᠯ ᠨᠢ ᠬᠦᠮᠦᠰ ᠤᠨ ᠪᠠᠭ᠋ᠠᠷᠬᠠᠯ ᠰᠤᠨᠢᠷᠬᠠᠯ ᠢ ᠶᠠᠭᠡᠲᠡ ᠲᠠᠳᠠᠭᠰᠡᠨ

ᠪᠠᠶᠢᠨ᠎ᠡ᠃

         

                                  ᠨᠠᠶᠢᠷᠠᠭᠤᠯᠤᠭᠴᠢ᠄ ᠤᠶᠠᠬᠠᠨ

                                  ᠬᠦᠢᠴᠡᠳᠭᠡᠭᠴᠢ ᠬᠢᠨᠠᠬᠴᠢ᠄ ᠸᠠᠩ ᠸᠧᠨ ᠶᠢᠩ

                                  ᠶᠡᠷᠦᠩᠭᠡᠢ ᠬᠢᠨᠠᠬᠴᠢ᠄ ᠵᠠᠩ ᠬᠦᠢ ᠵᠧᠨ

                                 ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号