︽10·1︾ ᠠᠴᠠ ᠬᠡᠷᠡᠭᠵᠢᠭᠦᠯᠬᠦ ᠲᠦᠷᠭᠡᠨ ᠬᠦᠷᠭᠡᠯᠲᠡ ᠶᠢᠨ ᠰᠢᠨ᠎ᠡ ᠲᠤᠬᠳᠠᠭᠠᠯ
ᠨᠡᠶᠢᠲᠡᠯᠡᠭᠰᠡᠨ ᠴᠠᠭ᠄
2019-10-14
     ᠲᠡ ᠭᠡᠷ ᠲᠡᠭᠡᠨ ᠰᠠᠭᠤᠵᠦ ᠪᠠᠶᠢᠬᠤ ᠳᠤ᠂ ᠰᠦᠯᠵᠢᠶᠡᠨ ᠲᠡᠭᠡᠷ᠎ᠡ ᠬᠤᠳᠠᠯᠳᠤᠨ ᠠᠪᠤᠬᠰᠠᠨ ᠪᠤᠭᠤᠲᠠᠯ ᠪᠠᠭᠯᠠᠭ᠎ᠠ  ᠶᠢ ᠴᠢᠨᠢ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠲᠤ ᠬᠢᠴᠢᠬᠡᠯ᠎ᠡ ᠭᠡᠰᠡᠨ ᠮᠡᠲᠡᠭᠡ ᠭᠠᠷ ᠤᠳᠠᠰᠤᠨ ᠳᠤ ᠴᠢᠨᠢ ᠬᠦᠷᠬᠡᠭᠲᠡᠵᠦ ᠦᠩᠭᠡᠷᠡᠭᠰᠡᠨ ᠤᠤ︖ ᠲᠠᠨ ᠤ ᠲᠤᠰᠴᠤ ᠤᠯᠤᠬᠰᠠᠨ ᠪᠤᠭᠤᠲᠠᠯ ᠪᠠᠭᠯᠠᠭ᠎ᠠ ᠴᠢᠨᠢ ᠶᠠᠰᠦ ᠴᠢᠨᠠᠷ  ᠤᠨ ᠠᠰᠠᠭᠤᠲᠠᠯ ᠲᠠᠢ ᠪᠤᠯᠪᠠᠴᠤ ᠲᠦᠷᠬᠡᠨ ᠬᠦᠷᠭᠡᠯᠲᠡ ᠶᠢᠨ ᠬᠠᠶᠢᠷᠴᠠᠭ ᠲᠤ ᠬᠢᠴᠢᠭᠡᠭᠰᠡᠨ ᠪᠤᠯᠬᠤᠷ ᠲᠡᠷᠡ ᠲᠤᠤᠷ᠎ᠡ ᠨᠢ ᠪᠤᠴᠠᠭᠠᠵᠦ ᠴᠢᠲᠠᠬᠤ ᠦᠭᠡᠢ ᠲᠠᠬᠢᠨ ᠲᠦᠷᠬᠡᠨ ᠬᠦᠷᠬᠡᠭᠴᠢ ᠲᠠᠢ ᠬᠠᠷᠢᠯᠴᠠᠬᠤ ᠪᠠᠶᠢᠲᠡᠯ ᠲᠤᠯᠭᠠᠷᠠᠵᠦ ᠦᠩᠭᠡᠷᠡᠭᠰᠡᠨ ᠤᠤ︖ ᠲᠠᠨ ᠤ ᠰᠦᠯᠵᠢᠶᠡᠨ ᠲᠡᠭᠡᠷ᠎ᠡ ᠬᠤᠳᠠᠯᠳᠤᠨ ᠠᠪᠤᠬᠰᠠᠨ ᠲᠦᠭᠦᠭᠡᠢ ᠰᠢᠨ᠎ᠡ ᠰᠤᠷᠭᠤᠭ ᠦᠢᠯᠡᠳᠬᠦᠨ ᠢ ᠴᠢᠨᠢ ᠲᠠᠨ ᠲᠠᠢ ᠬᠠᠷᠢᠯᠴᠠᠬᠰᠠᠨ ᠦᠭᠡᠢ ᠪᠠᠷ ᠰᠢᠭᠤᠳ ᠲᠦᠷᠭᠡᠨ ᠬᠦᠷᠭᠡᠯᠲᠡ ᠶᠢᠨ ᠬᠠᠶᠢᠷᠴᠠᠭ ᠲᠤ ᠬᠢᠵᠦ᠂ ᠬᠦᠷᠭᠡᠵᠦ ᠢᠷᠡᠭᠰᠡᠨ ᠲᠠᠷᠤᠢ ᠳᠤᠨᠢ ᠭᠠᠷᠭᠠᠨ ᠠᠪᠴᠦ ᠴᠢᠲᠠᠬᠰᠠᠨ ᠦᠭᠡᠢ ᠠᠴᠠ ᠪᠤᠯᠵᠦ ᠡᠪᠲᠡᠷᠡᠭᠰᠡᠨ ᠪᠠᠶᠢᠲᠡᠯ ᠲᠤᠬᠢᠶᠠᠯᠳᠤᠵᠦ ᠦᠩᠭᠡᠷᠡᠭᠰᠡᠨ ᠤᠤ︖ ᠪᠤᠭᠤᠲᠠᠯ ᠪᠠᠭᠯᠠᠭ᠎ᠠ ᠶᠢ ᠴᠢᠨᠢ ᠲᠦᠷᠬᠡᠨ ᠬᠦᠷᠭᠡᠯᠲᠡ ᠶᠢᠨ ᠬᠠᠶᠢᠷᠴᠠᠭ ᠲᠤ ᠬᠢᠵᠦ᠂ ᠬᠤᠭᠤᠴᠠᠭᠠᠨ ᠠᠴᠠ ᠬᠡᠳᠤᠷᠡᠭᠰᠡᠨ ᠬᠤᠶᠢᠨ᠎ᠡ ᠤᠷᠤᠯᠠᠨ ᠬᠠᠳᠠᠭᠠᠯᠠᠬᠤ ᠰᠦᠢᠳᠭᠡᠯ ᠠᠪᠴᠦ ᠦᠩᠭᠡᠷᠡᠭᠰᠡᠨ ᠤᠤ︖      ᠰᠦᠯᠵᠢᠶᠡᠨ ᠬᠤᠳᠠᠯᠳᠤᠭᠠᠨ ᠤ ᠦᠳᠲᠡᠷ ᠲᠦᠷᠬᠡᠨ ᠬᠦᠭᠵᠢᠯᠲᠡ ᠶᠢ ᠲᠠᠭᠠᠯᠲᠤᠨ᠂ ᠤᠶᠤᠨᠲᠤ ᠲᠦᠷᠭᠡᠨ ᠬᠦᠷᠭᠡᠯᠲᠡ ᠶᠢᠨ ᠬᠠᠶᠢᠷᠴᠠᠭ ᠪᠣᠶ ᠪᠣᠯᠤᠭᠠᠳ ᠨᠢᠭᠡᠨᠲᠡ 7 ᠵᠢᠯ ᠪᠤᠯᠵᠦ᠂ ᠣᠳᠣᠬᠠᠨ ᠳᠤ ᠮᠠᠨ ᠤ ᠤᠷᠤᠨ ᠤ ᠠᠰᠢᠬᠯᠠᠯᠳᠠ ᠳᠤ ᠤᠷᠤᠭᠰᠡᠨ ᠤᠶᠤᠨᠲᠦ ᠲᠦᠷᠭᠡᠨ ᠬᠦᠷᠭᠡᠯᠲᠡ ᠶᠢᠨ ᠬᠤᠷᠭᠤ 2985 ᠪᠠᠶᠢᠵᠤ᠂ ᠨᠡᠶᠢᠲᠡ 17 ᠲᠦᠮᠡᠨ ᠬᠠᠶᠢᠷᠴᠠᠭ ᠪᠣᠶ᠃ ᠤᠶᠤᠨᠲᠤ ᠲᠦᠷᠭᠡᠨ ᠬᠦᠷᠭᠡᠯᠲᠡ ᠶᠢᠨ ᠬᠠᠶᠢᠷᠴᠠᠭ ᠢᠯᠡᠷᠡᠭᠰᠡᠨ ᠨᠢ᠂ ᠲᠦᠷᠬᠡᠨ ᠬᠦᠷᠭᠡᠯᠲᠡ  ᠶᠢᠨ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠭᠦᠯᠦᠨ᠂ ᠬᠡᠷᠡᠭᠯᠡᠭᠴᠢᠳ ᠤᠨ ᠬᠤᠪᠢ ᠶᠢᠨ ᠨᠢᠭᠤᠴᠠ ᠶᠢ ᠬᠠᠮᠠᠭᠠᠯᠠᠵᠦ᠂ ᠠᠵᠢᠯ ᠳᠤ ᠪᠠᠶᠢᠭ᠎ᠠ ᠬᠦᠮᠦᠰ ᠤᠨ ᠪᠤᠭᠤᠲᠠᠯ ᠪᠠᠭᠯᠠᠭ᠎ᠠ ᠪᠠᠨ ᠠᠪᠬᠤ ᠳᠤ ᠲᠦᠭᠦᠮ ᠪᠤᠯᠭᠠᠬᠰᠠᠨ ᠪᠤᠯᠪᠠᠴᠤ᠂ ᠪᠠᠰᠠ ᠲᠡᠭᠡᠷᠡᠬᠢ ᠮᠡᠲᠦ ᠵᠠᠷᠢᠮ ᠰᠢᠨ᠎ᠡ ᠠᠰᠠᠭᠤᠲᠠᠯ ᠢ ᠠᠪᠴᠢᠷᠠᠬᠰᠠᠨ ᠪᠢᠯᠡ᠃ ᠤᠯᠠᠨ ᠲᠦᠮᠡᠨ ᠤ ᠬᠤᠪᠢ ᠪᠡᠶ᠎ᠡ ᠶᠢᠨ ᠠᠰᠢᠬ ᠲᠤᠰᠠ ᠲᠠᠢ ᠬᠤᠯᠪᠤᠬᠲᠠᠬᠰᠠᠨ ᠡᠲᠡᠭᠡᠷ ᠠᠰᠠᠭᠤᠲᠠᠯ ᠤᠨ ᠲᠤᠬᠠᠢ᠂ 10 ᠰᠡᠷ᠎ᠡ ᠶᠢᠨ 1 ᠤ ᠡᠲᠦᠷ ᠠᠴᠠ ᠡᠬᠢᠯᠡᠨ ᠭᠡᠷᠡᠭᠵᠢᠬᠦᠯᠬᠦ ᠪᠠᠷ ᠪᠠᠶᠢᠭ᠎ᠠ ︽ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠲᠤ ᠢᠯᠡᠭᠡᠨ ᠬᠦᠷᠬᠡᠬᠦ ᠦᠢᠯᠡᠴᠢᠯᠡᠭᠡ ᠶᠢᠨ ᠬᠠᠮᠢᠶᠠᠷᠤᠯᠲᠠ ᠶᠢᠨ ᠠᠷᠭ᠎ᠠ︾ ︵ᠲᠤᠤᠷ᠎ᠡ ︽ᠠᠷᠭ᠎ᠠ︾ ᠬᠡᠵᠦ  ᠲᠦᠭᠦᠮᠴᠢᠯᠡᠶ᠎ᠡ︶ ᠲᠤᠲᠤᠷᠬᠠᠢ ᠬᠠᠷᠢᠭᠤᠯᠲᠠ ᠦᠭᠴᠦ᠂ ᠲᠤᠰ ︽ᠠᠷᠭ᠎ᠠ︾ ᠶᠢᠨ ᠭᠤᠴᠢᠨ ᠲᠠᠪᠤᠳᠤᠭᠠᠷ ᠵᠦᠢᠯ ᠳᠤ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠤᠨ ᠲᠤᠬᠠᠢ ᠴᠢᠩᠭ᠎ᠠ ᠵᠢᠷᠤᠮᠵᠢᠯ ᠭᠠᠷᠭᠠᠵᠦ᠂ ᠲᠡᠭᠡᠷᠡᠬᠢ ᠠᠰᠠᠭᠤᠲᠠᠯ ᠤᠨ ᠲᠤᠬᠠᠢ ᠲᠤᠳᠤᠷᠬᠠᠢ ᠲᠤᠬᠳᠠᠭᠠᠯ ᠭᠠᠷᠭᠠᠭᠰᠡᠨ ᠪᠠᠶᠢᠨ᠎ᠡ᠃      ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠬᠦ ᠳᠤ ᠪᠤᠭᠤᠲᠠᠯ ᠪᠠᠭᠯᠠᠭ᠎ᠠ ᠲᠤᠰᠤᠭᠴᠢ ᠶᠢᠨ ᠵᠦᠪᠰᠢᠶᠡᠷᠡᠯ ᠢ ᠤᠯᠬᠤ ᠬᠡᠷᠡᠭᠲᠠᠢ      ︽ᠠᠷᠭ᠎ᠠ︾ ᠳᠤ᠂ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠬᠦ ᠠᠵᠦ ᠠᠬᠤᠶᠢᠯᠠᠯ ᠨᠢ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠨ ᠪᠤᠭᠤᠲᠠᠯ ᠪᠠᠭᠯᠠᠭ᠎ᠠ ᠬᠦᠷᠭᠡᠬᠦ ᠳᠡᠭᠡᠨ᠂ ᠡᠷᠬᠡᠪᠰᠢ ᠪᠤᠭᠤᠲᠠᠯ ᠪᠠᠭᠯᠠᠭ᠎ᠠ ᠲᠤᠰᠤᠬᠴᠢ ᠶᠢᠨ ᠵᠦᠪᠰᠢᠶᠡᠷᠡᠯ ᠢ ᠤᠯᠬᠤ ᠬᠡᠷᠡᠭᠲᠠᠢ︔ ᠪᠤᠭᠤᠲᠠᠯ ᠪᠠᠭᠯᠠᠭ᠎ᠠ ᠲᠤᠰᠤᠬᠴᠢ ᠶᠢᠨ ᠵᠦᠪᠰᠢᠶᠡᠷᠡᠯ ᠢ ᠤᠯᠤᠭᠰᠡᠨ ᠪᠠᠶᠢᠲᠡᠯ ᠲᠤᠤᠷ᠎ᠡ ᠤᠶᠤᠨᠲᠦ ᠲᠦᠷᠭᠡᠨ ᠬᠦᠷᠭᠡᠯᠲᠡ ᠶᠢᠨ ᠬᠠᠶᠢᠷᠴᠠᠭ ᠲᠤ ᠪᠤᠭᠤᠲᠠᠯ ᠪᠠᠭᠯᠠᠭ᠎ᠠ ᠶᠢ ᠲᠠᠯᠪᠢᠪᠠᠯ᠂ ᠤᠶᠤᠨᠲᠦ ᠪᠤᠭᠤᠲᠠᠯ ᠪᠠᠭᠯᠠᠭ᠎ᠠ ᠶᠢᠨ ᠬᠠᠶᠢᠷᠴᠠᠭ ᠢ ᠬᠡᠷᠡᠭᠯᠡᠭᠰᠡᠨ ᠠᠵᠦ ᠠᠬᠤᠶᠢᠯᠠᠯ ᠨᠢ ᠲᠦᠷᠬᠡᠨ ᠬᠦᠷᠭᠡᠯᠲᠡ ᠶᠢᠨ ᠦᠢᠯᠡᠴᠢᠯᠡᠭᠡᠨ ᠤ ᠬᠡᠷ᠎ᠡ ᠳᠤ ᠪᠤᠯᠵᠤᠨ ᠲᠤᠬᠲᠠᠬᠰᠠᠨ ᠨᠡᠷ᠎ᠡ ᠬᠠᠶ᠋ᠢᠬ ᠢᠶᠠᠷ ᠬᠦᠷᠬᠡᠬᠦ ᠦᠢᠯᠡᠴᠢᠯᠡᠭᠡ ᠬᠠᠩᠭᠠᠬᠤ ᠬᠡᠷᠡᠭᠲᠡᠢ᠃ ᠡᠳ᠋ ᠪᠤᠲᠠᠰ ᠢᠯᠡᠭᠡᠬᠦ ᠳᠡᠭᠡᠨ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠢ ᠵᠢᠭᠠᠨ ᠲᠤᠬᠲᠠᠭᠠᠵᠦ ᠬᠠᠶ᠋ᠢᠬ ᠪᠤᠯᠭᠠᠬᠰᠠᠨ ᠪᠠᠶᠢᠲᠡᠯ ᠨᠢ ᠡᠭᠦᠨ ᠳᠤ ᠪᠠᠭᠲᠠᠬᠤ ᠦᠭᠡᠢ ᠭᠡᠵᠦ ᠲᠤᠬᠲᠠᠭᠠᠪᠠ᠃      ᠠᠰᠠᠭᠤᠳᠠᠯ ᠲᠠᠢ ᠪᠤᠭᠤᠲᠠᠯ ᠪᠠᠭᠯᠠᠭ᠎ᠠ ᠶᠢ ᠲᠦᠷᠬᠡᠨ ᠬᠦᠷᠭᠡᠯᠲᠡ ᠶᠢᠨ ᠬᠠᠶᠢᠷᠴᠠᠭ ᠲᠤ ᠬᠢᠵᠦ ᠪᠤᠯᠬᠤ ᠦᠭᠡᠢ       ︽ᠠᠷᠭ᠎ᠠ︾ ᠳᠤ᠂ ᠪᠤᠭᠤᠲᠠᠯ ᠪᠠᠭᠯᠠᠭ᠎ᠠ ᠶᠢᠨ ᠭᠠᠳᠠᠷ ᠪᠣᠭᠤᠳᠠᠯ ᠨᠢ ᠢᠯᠡᠳᠲᠡ ᠡᠪᠳᠡᠷᠡᠵᠦ᠂ ᠬᠦᠨᠳᠦ ᠶᠢᠨ ᠬᠡᠮᠵᠢᠶ᠎ᠡ ᠨᠢ ᠢᠯᠡᠭᠡᠭᠰᠡᠨ ᠪᠠᠶᠢᠲᠡᠯ ᠤᠨ ᠬᠠᠭᠤᠳᠠᠰᠦ ᠲᠠᠢ ᠢᠯᠡᠳᠲᠡ ᠨᠡᠶᠢᠴᠡᠬᠦ ᠦᠭᠡᠢ ᠵᠡᠷᠭᠡ ᠪᠠᠶᠢᠲᠡᠯ ᠢᠯᠡᠷᠡᠭᠰᠡᠨ ᠪᠠᠶᠢᠪᠠᠯ᠂ ᠣᠶᠤᠨᠳᠤ ᠲᠦᠷᠭᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠬᠦ ᠠᠵᠤ ᠠᠬᠤᠶᠢᠯᠠᠯ ᠨᠢ ᠣᠶᠤᠨᠳᠤ ᠲᠦᠷᠭᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠵᠦ ᠪᠣᠯᠬᠤ ᠭᠡᠵᠦ ᠲᠤᠬᠳᠠᠭᠠᠵᠠᠢ᠃      ᠪᠤᠭᠤᠲᠠᠯ ᠪᠠᠭᠯᠠᠭ᠎ᠠ ᠶᠢ ᠤᠳᠠᠭᠠᠰᠢᠷᠠᠭᠤᠯᠤᠭᠰᠠᠨ᠂ ᠡᠪᠳᠡᠨ ᠰᠦᠶᠳᠬᠡᠭᠰᠡᠨ᠂ ᠳᠣᠲᠣᠷᠡᠬᠢ ᠬᠡᠷᠡᠭᠰᠡᠯ ᠨᠢ ᠳᠤᠲᠠᠭᠳᠠᠭᠰᠠᠨ ᠪᠠᠶᠢᠪᠠᠯ᠂ ᠪᠤᠭᠤᠲᠠᠯ ᠪᠠᠭᠯᠠᠭ᠎ᠠ ᠲᠤᠰᠤᠬᠴᠢ ᠠᠴᠠ ᠲᠤᠬᠠᠶ ᠶᠢᠨ ᠭᠠᠵᠠᠷ ᠲᠤᠨᠢ ᠭᠠᠷ ᠤᠨ ᠦᠰᠦᠭ ᠵᠢᠷᠤᠵᠤ ᠬᠦᠯᠢᠶᠡᠨ ᠠᠪᠬᠤ ᠶᠢ ᠲᠡᠪᠴᠢᠵᠦ ᠪᠣᠯᠬᠤ ᠪᠥᠭᠡᠳ ᠤᠶᠤᠨᠲᠤ ᠲᠦᠷᠭᠡᠨ ᠬᠦᠷᠭᠡᠯᠲᠡ ᠶᠢᠨ ᠬᠠᠶᠢᠷᠴᠠᠭ ᠢ ᠡᠵᠡᠩᠨᠡᠬᠦ ᠠᠵᠤ ᠠᠬᠤᠶᠢᠯᠠᠯ ᠤᠨ ᠰᠠᠨᠠᠭᠤᠯᠤᠮᠵᠢ ᠶᠣᠰᠣᠭᠠᠷ ᠪᠤᠭᠤᠲᠠᠯ ᠪᠠᠭᠯᠠᠭ᠎ᠠ ᠪᠠᠨ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠲᠤ ᠪᠤᠴᠠᠭᠠᠨ ᠥᠭᠬᠦ ᠬᠡᠷᠡᠭᠲᠡᠶ᠃      ᠲᠦᠷᠭᠡᠨ ᠬᠦᠷᠭᠡᠯᠲᠡ ᠶᠢᠨ ᠬᠠᠶᠢᠷᠴᠠᠭ ᠲᠤ ᠲᠦᠭᠦᠬᠡᠶ ᠰᠢᠨ᠎ᠡ ᠰᠤᠷᠭᠤᠭ ᠦᠢᠯᠡᠳᠭᠦᠨ ᠢ ᠬᠢᠵᠦ ᠪᠤᠯᠬᠤ ᠦᠭᠡᠢ      ︽ᠠᠷᠭ᠎ᠠ︾ ᠳᠤ᠂ ᠢᠯᠡᠭᠡᠯᠲᠡ ᠶᠢᠨ ᠨᠠᠷᠢᠨ ᠪᠠᠶᠢᠲᠡᠯ ᠤᠨ ᠬᠠᠭᠤᠳᠠᠰᠤᠨ ᠳᠤ ᠪᠤᠭᠤᠲᠠᠯ ᠪᠠᠭᠯᠠᠭ᠎ᠠ ᠶᠢᠨ ᠳᠣᠲᠣᠷᠠᠬᠢ ᠡᠳ᠋ ᠪᠣᠳᠠᠰ ᠨᠢ ᠲᠦᠭᠦᠬᠡᠶ ᠰᠢᠨ᠎ᠡ ᠰᠤᠷᠭᠤᠭ ᠦᠶᠯᠡᠳᠬᠦᠨ᠂ ᠦᠨᠡᠲᠦ ᠡᠳ᠋ ᠪᠣᠳᠠᠰ ᠪᠣᠯᠬᠤ ᠶᠢ ᠲᠣᠳᠣᠷᠬᠠᠶᠢᠯᠠᠭᠰᠠᠨ ᠪᠠᠶᠢᠪᠠᠯ᠂ ᠣᠶᠤᠨᠲᠦ ᠲᠦᠷᠭᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠬᠦ ᠠᠵᠤ ᠠᠬᠤᠶᠢᠯᠠᠯ ᠣᠶᠤᠨᠳᠤ ᠲᠦᠷᠭᠡᠨ ᠬᠦᠷᠭᠡᠯᠲᠡ ᠶᠢᠨ ᠬᠠᠶᠢᠷᠴᠠᠭ ᠢ ᠬᠡᠷᠡᠭᠯᠡᠵᠦ ᠪᠣᠯᠬᠤ ᠥᠬᠡᠶ᠂ ᠢᠯᠡᠭᠡᠭᠴᠢ ᠲᠠᠢ ᠠᠰᠲᠠᠭᠠᠨ ᠪᠤᠯᠵᠤᠭ᠎ᠠ ᠲᠠᠢ ᠪᠠᠶᠢᠲᠠᠯ ᠨᠢ ᠡᠭᠦᠨ ᠳᠤ ᠪᠠᠭᠲᠠᠬᠤ ᠥᠬᠡᠶ ᠬᠡᠵᠦ ᠲᠣᠭᠲᠠᠭᠠᠪᠠ᠃      ᠬᠠᠳᠠᠭᠠᠯᠠᠨ ᠬᠠᠮᠢᠶᠠᠷᠬᠤ ᠬᠤᠭᠤᠴᠠᠭᠠᠨ ᠳᠤ ᠪᠤᠭᠤᠲᠠᠯ ᠪᠠᠭᠯᠠᠭ᠎ᠠ ᠲᠤᠰᠤᠬᠴᠢ ᠠᠴᠠ ᠰᠦᠢᠳᠭᠡᠯ ᠬᠤᠷᠢᠶᠠᠵᠦ ᠪᠤᠯᠬᠤ ᠦᠭᠡᠢ      ︽ᠠᠷᠭ᠎ᠠ︾ ᠳᠤ ᠲᠣᠳᠣᠷᠬᠠᠶ ᠲᠣᠭᠲᠠᠭᠠᠭᠰᠠᠨ ᠨᠢ᠂ ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠢ ᠡᠵᠡᠩᠨᠡᠬᠦ ᠠᠵᠤ ᠠᠬᠤᠶᠢᠯᠠᠯ ᠪᠤᠭᠤᠲᠠᠯ ᠪᠠᠭᠯᠠᠭ᠎ᠠ ᠶᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠶᠢ ᠵᠦᠶ ᠵᠣᠬᠢᠰᠲᠠᠶ ᠲᠤᠬᠢᠷᠠᠭᠤᠯᠬᠤ ᠬᠡᠷᠡᠭᠲᠠᠢ᠂ ᠬᠠᠳᠠᠭᠠᠯᠠᠨ ᠬᠠᠮᠢᠶᠠᠷᠬᠤ ᠬᠤᠭᠤᠴᠠᠭᠠᠨ ᠳᠤ ᠰᠦᠢᠳᠭᠡᠯ ᠬᠤᠷᠢᠶᠡᠵᠦ ᠪᠤᠯᠬᠤ ᠦᠭᠡᠢ ᠬᠡᠰᠡᠨ ᠪᠠᠶᠢᠨ᠎ᠡ᠃      ᠡᠭᠦᠨ ᠠᠴᠠ ᠭᠠᠳᠠᠨ᠎ᠡ᠂ ︽ᠠᠷᠭ᠎ᠠ︾ ᠳᠤ ᠪᠠᠰᠡ ᠤᠶᠤᠨᠲᠦ ᠲᠦᠷᠭᠡᠨ ᠬᠦᠷᠭᠡᠯᠲᠡ ᠶᠢᠨ ᠬᠠᠶᠢᠷᠴᠠᠭ ᠢ ᠡᠵᠡᠩᠨᠡᠬᠦ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢᠨ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠵᠢᠴᠢ ᠮᠡᠳᠡᠭᠡ ᠵᠠᠩᠭᠢ ᠶᠢᠨ ᠦᠨᠡᠨ ᠨᠡᠷ᠎ᠡ ᠶᠢᠨ ᠳᠦᠷᠢᠮ ᠵᠡᠷᠭᠡ ᠠᠰᠠᠭᠤᠳᠠᠯ ᠢ ᠴᠢᠬᠤᠯᠠᠴᠢᠯᠠᠵᠠᠶ᠃      ᠲᠦᠷᠬᠡᠨ ᠬᠦᠷᠭᠡᠯᠲᠡ ᠶᠢᠨ ᠡᠶᠢᠮᠦᠷᠬᠦ ᠰᠢᠨ᠎ᠡ ᠠᠷᠭ᠎ᠠ ᠶᠢᠨ ᠲᠤᠬᠠᠢ᠂ ᠬᠦᠬᠡᠬᠤᠲᠡ ᠶᠢᠨ ᠰᠠᠶᠢᠬᠠᠨ ᠲᠣᠭᠤᠷᠢᠭ  ᠤᠨ ᠰᠠᠭᠤᠭᠠᠯᠢ ᠠᠷᠠᠳ ᠽᠠᠨᠲᠠᠨ᠄ ︽ᠤᠶᠤᠨᠲᠤ ᠲᠦᠷᠭᠡᠨ ᠬᠦᠷᠭᠡᠯᠲᠡ ᠶᠢᠨ ᠬᠠᠶᠢᠷᠴᠠᠭ ᠨᠢ ᠨᠠᠲᠠ ᠰᠢᠬ ᠰᠦᠯᠵᠢᠶᠡᠨ ᠠᠴᠠ ᠪᠠᠷᠠᠭ᠎ᠠ ᠬᠤᠳᠠᠯᠳᠤᠨ ᠠᠪᠲᠠᠭ ᠬᠦᠮᠦᠰ ᠲᠤ ᠮᠠᠰᠢ ᠲᠦᠭᠦᠮ ᠦᠵᠡᠭᠦᠯᠲᠡᠭ᠂ ᠬᠡᠪᠡᠴᠦ ᠲᠦᠷᠬᠡᠨ ᠬᠦᠷᠭᠡᠭᠴᠢ ᠠᠴᠠ ᠤᠳᠠᠰᠤ ᠠᠪᠴᠤ ᠮᠡᠲᠡᠭᠲᠡᠬᠦ ᠶᠢ ᠬᠦᠰᠡᠵᠦ ᠪᠠᠶᠢᠨ᠎ᠡ᠂ ᠪᠣᠳᠠᠲᠠᠶ ᠪᠠᠶᠢᠲᠡᠯ ᠢ ᠦᠨᠳᠦᠰᠦᠯᠡᠨ ᠪᠣᠳᠠᠲᠠᠶ ᠰᠣᠩᠭᠤᠯᠲᠠ ᠬᠢᠪᠡᠯ᠂ ᠮᠠᠰᠢ ᠣᠯᠠᠨ ᠴᠢᠬᠤᠯᠠ ᠪᠤᠰᠤ ᠶᠠᠷᠰᠢᠭ ᠢ ᠪᠠᠭᠠᠰᠬᠠᠵᠦ ᠴᠢᠳᠡᠨ᠎ᠡ᠃ ︿ᠤᠶᠤᠨᠲᠦ ᠲᠦᠷᠬᠡᠨ ᠬᠦᠷᠭᠡᠯᠲᠡ ᠶᠢᠨ ᠬᠠᠶᠢᠷᠴᠠᠭ ᠲᠤ ᠢᠯᠡᠭᠡᠨ ᠬᠦᠷᠬᠡᠬᠦ ᠦᠢᠯᠡᠴᠢᠯᠡᠭᠡ ᠶᠢᠨ ᠬᠠᠮᠢᠶᠠᠷᠤᠯᠲᠠ ᠶᠢᠨ ᠠᠷᠭ᠎ᠠ﹀ ᠨᠢ ᠪᠢᠲᠡᠨ ᠤ ᠰᠦᠯᠵᠢᠶᠡᠨ ᠠᠴᠠ ᠪᠠᠷᠠᠭ᠎ᠠ ᠬᠤᠳᠠᠯᠳᠤᠨ ᠠᠪᠬᠤ ᠳᠤ ᠨᠡᠩ ᠰᠠᠶᠢᠨ ᠪᠠᠳᠤᠯᠠᠭ᠎ᠠ ᠬᠠᠩᠭᠠᠵᠦ᠂ ᠭᠡᠷᠡᠭᠯᠡᠭᠴᠢᠳ ᠤᠨ ᠠᠰᠢᠬ ᠲᠤᠰᠠ ᠶᠢ ᠨᠡᠩ ᠰᠠᠶᠢᠳᠤᠷ ᠬᠠᠮᠠᠭᠠᠯᠠᠬᠤ ᠪᠤᠯᠤᠨ᠎ᠡ︾ ᠬᠡᠵᠦ ᠪᠠᠶᠠᠷᠳᠠᠶᠢᠬᠠᠨ ᠶᠠᠷᠢᠯ᠎ᠡ᠃
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号