ᠲᠤᠯᠠᠭᠠᠨ ᠭᠡᠷ ᠨᠡᠶᠢᠭᠡᠮ ᠲᠤᠭᠤᠷᠢᠭ ᠤᠨ ︽1241︾ ᠦᠢᠯᠡᠴᠢᠯᠡᠭᠡᠨ ᠤ ᠬᠡᠪ ᠵᠠᠬᠪᠦᠷ
ᠨᠡᠶᠢᠲᠡᠯᠡᠭᠰᠡᠨ ᠴᠠᠭ᠄
2019-10-23
     ᠲᠤᠯᠠᠭᠠᠨ ᠭᠡᠷ ᠨᠡᠶᠢᠭᠡᠮ ᠲᠤᠭᠤᠷᠢᠭ ᠲᠤ ᠨᠡᠶᠢᠲᠡ 2866 ᠡᠷᠦᠭᠡ᠂ 8056 ᠰᠠᠭᠤᠭᠠᠯᠢ ᠠᠷᠡᠳ ᠪᠤᠢ᠃ ᠡᠭᠦᠨ ᠳᠤ ᠪᠡᠯᠴᠢᠭᠡᠷᠯᠡᠭᠦᠯᠭᠦ ᠶᠢ ᠵᠤᠬᠰᠤᠭᠠᠬᠰᠡᠨ ᠠᠴᠠ ᠪᠤᠯᠵᠦ ᠨᠡᠭᠦᠨ ᠢᠷᠡᠭᠰᠡᠨ ᠮᠠᠯᠴᠢᠨ 1701 ᠡᠷᠦᠭᠡ ᠪᠠᠶᠢᠵᠦ᠂ ᠲᠡᠳᠡ ᠦᠷᠭᠦᠯᠵᠢ ᠬᠦᠲᠡᠭᠡ᠂ ᠨᠡᠶᠢᠭᠡᠮ ᠲᠤᠭᠤᠷᠢᠭ ᠬᠤᠶᠠᠷ ᠭᠠᠵᠠᠷ ᠡᠭᠡᠯᠵᠢᠯᠡᠨ ᠰᠠᠭᠤᠵᠦ ᠪᠠᠶᠢᠳᠠᠭ᠃      ᠤᠶᠢᠷ᠎ᠡ ᠶᠢᠨ ᠵᠢᠯ ᠳᠤ᠂ ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠨᠢ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠡ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠦ᠂ ᠰᠠᠭᠤᠭᠠᠯᠢ ᠠᠷᠡᠳ ᠲᠤ ᠦᠢᠯᠡᠴᠢᠯᠡᠬᠦ ᠳᠤ ᠲᠦᠭᠦᠮ ᠦᠵᠡᠭᠦᠯᠬᠦ ᠶᠢᠨ ᠲᠦᠯᠦᠭᠡ᠂ ︽1241︾ ᠦᠢᠯᠡᠴᠢᠯᠡᠭᠡᠨ ᠤ ᠬᠡᠪ ᠵᠠᠬᠪᠦᠷ ᠢ ᠭᠠᠷᠭᠠᠭᠰᠡᠨ ᠪᠠᠶᠢᠨ᠎ᠡ᠃      

     ᠲᠤᠬᠠᠶᠢᠯᠠᠪᠡᠯ᠄

     ︽1︾ ᠬᠡᠲᠡᠭ ᠨᠢ ᠰᠠᠭᠤᠭᠠᠯᠢ ᠠᠷᠡᠳ ᠲᠤ ᠨᠡᠩ ᠰᠠᠶᠢᠨ ᠦᠢᠯᠡᠴᠢᠯᠡᠬᠦ ᠳᠤ ᠰᠠᠭᠤᠷᠢ ᠲᠠᠯᠪᠢᠬᠤ ᠶᠢᠨ

ᠲᠦᠯᠦᠭᠡ ᠬᠤᠯᠪᠤᠭᠠᠰᠦ ᠪᠠᠶᠢᠭᠤᠯᠤᠨ᠎ᠡ᠃

     ᠨᠡᠶᠢᠭᠡᠮ ᠲᠤᠭᠤᠷᠢᠭ ᠤᠨ ᠪᠡᠯᠴᠢᠭᠡᠷᠯᠡᠭᠦᠯᠬᠦ ᠶᠢ ᠵᠤᠬᠰᠤᠭᠠᠬᠰᠡᠨ ᠠᠴᠠ ᠪᠤᠯᠵᠦ ᠨᠡᠭᠦᠵᠦ ᠢᠷᠡᠭᠰᠡᠨ ᠮᠠᠯᠴᠢᠳ

ᠬᠢᠭᠡᠳ ᠰᠠᠭᠤᠭᠠᠯᠢ ᠠᠷᠡᠳ ᠤᠨ ᠡᠷᠦᠭᠡ ᠠᠮᠠ ᠪᠠᠶᠢᠭ᠎ᠠ ᠰᠤᠮᠤ ᠪᠠᠯᠭᠠᠰᠤᠨ ᠤ ᠬᠤᠭᠤᠷᠤᠨᠲᠦ ᠨᠡᠪᠳᠡᠷᠡᠯᠴᠡᠭᠡᠨ ᠤ

ᠬᠤᠯᠪᠤᠭᠠᠰᠦ ᠪᠠᠶᠢᠭᠤᠯᠵᠦ᠂ ᠡᠷᠦᠭᠡ ᠠᠮᠠ ᠶᠢᠨ ᠬᠠᠷᠢᠶᠠᠨ ᠤ ︽ᠬᠤᠤᠰ ᠴᠢᠭᠯᠡᠯᠲᠦ ᠬᠠᠮᠢᠶᠠᠷᠤᠯᠲᠡ᠂ ᠬᠤᠤᠰ ᠴᠢᠭᠯᠡᠯᠲᠦ

ᠬᠢᠨᠠᠯᠲᠡ᠂ ᠬᠤᠤᠰ ᠴᠢᠭᠯᠡᠯᠲᠦ ᠦᠢᠯᠡᠴᠢᠯᠡᠭᠡ︾ ᠶᠢᠨ ᠬᠦᠮᠦᠨ ᠠᠮᠠ ᠶᠢᠨ ᠬᠠᠮᠢᠶᠠᠷᠤᠯᠲᠡ ᠶᠢᠨ ᠰᠢᠨ᠎ᠡ ᠲᠤᠬᠳᠠᠯᠴᠠᠭ᠎ᠠ

 ᠶᠢ ᠪᠤᠢ ᠪᠤᠯᠭᠠᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠡᠳ ᠲᠤ ᠨᠡᠩ ᠰᠠᠶᠢᠨ ᠦᠢᠯᠡᠴᠢᠯᠡᠬᠦ ᠳᠤ ᠪᠠᠲᠦ ᠪᠠᠬᠢ

ᠰᠠᠭᠤᠷᠢ ᠶᠢ ᠲᠠᠯᠪᠢᠪᠡ᠃

    ︽2︾ ᠬᠡᠲᠡᠭ ᠨᠢ ᠮᠤᠩᠭᠤᠯ ᠬᠢᠲᠡᠳ ᠬᠤᠤᠰ ᠬᠡᠯᠡᠨ ᠤ ᠦᠢᠯᠡᠴᠢᠯᠡᠭᠡ ᠬᠠᠩᠭᠠᠵᠦ᠂ ᠨᠡᠶᠢᠭᠡᠮ ᠲᠤᠭᠤᠷᠢᠭ ᠤᠨ

ᠰᠠᠭᠤᠭᠠᠯᠢ ᠠᠷᠡᠳ ᠲᠤ ᠦᠢᠯᠡᠴᠢᠯᠡᠬᠦ ᠬᠠᠨᠳᠤᠯᠭᠠᠲᠦ ᠴᠢᠨᠠᠷ ᠪᠡ ᠪᠦᠲᠦᠮᠵᠢᠲᠦ ᠴᠢᠨᠠᠷ ᠢ ᠲᠡᠭᠡᠭᠰᠢᠯᠡᠭᠦᠯᠵᠦ ᠪᠠᠶᠢᠨ᠎ᠡ᠃

     ᠬᠡᠯᠡᠨ ᠤ ᠪᠡᠷᠭᠡᠰᠢᠶᠠᠯ ᠢ ᠲᠠᠪᠠᠭ᠋ᠤ ᠡᠭᠦᠲᠡᠨ ᠠᠴᠠ ᠨᠡᠶᠢᠭᠡᠮ ᠲᠤᠭᠤᠷᠢᠭ ᠠᠴᠠ ᠮᠤᠩᠭᠤᠯ ᠬᠢᠲᠡᠳ ᠬᠤᠤᠰ

ᠬᠡᠯᠡᠨ ᠤ ᠦᠢᠯᠡᠴᠢᠯᠡᠭᠡ ᠶᠢ ᠬᠠᠩᠭᠠᠪᠡ᠃ ᠮᠠᠯᠴᠢᠳ ᠤᠨ ᠦᠢᠯᠡᠰ ᠡᠷᠬᠢᠯᠡᠬᠦ ᠵᠡᠭᠡᠯᠢ ᠶᠢ ᠪᠠᠶᠢᠭᠤᠯᠵᠦ᠂ ᠮᠤᠩᠭᠤᠯ

ᠦᠨᠳᠦᠰᠦᠲᠡᠨ ᠤ ᠤᠯᠠᠮᠵᠢᠯᠠᠯᠲᠦ ᠭᠠᠷ ᠤᠷᠠᠯᠠᠯ ᠤᠨ ᠲᠠᠪᠳᠠᠨ ᠪᠤᠯᠪᠠᠰᠤᠷᠡᠯ ᠤᠨ ᠠᠩᠭᠢ ᠶᠢ ᠲᠤᠬᠳᠠᠭᠰᠡᠨ

ᠬᠤᠭᠤᠴᠠᠭ᠎ᠠ ᠲᠠᠢ ᠪᠠᠷ ᠮᠤᠩᠭᠤᠯ ᠬᠢᠲᠡᠳ ᠬᠤᠤᠰ ᠬᠡᠯᠡ ᠪᠠᠷ ᠶᠠᠪᠤᠬᠳᠠᠭᠤᠯᠳᠠᠭ ᠶᠤᠮ᠃

     ︽4︾ ᠬᠡᠲᠡᠭ ᠨᠢ ᠲᠦᠷᠪᠠᠨ 15 ᠮᠢᠨᠦ᠋ᠲ ᠤᠨ ᠦᠢᠯᠡᠴᠢᠯᠡᠭᠡᠨ ᠢᠶᠠᠷ ᠰᠠᠭᠤᠭᠠᠯᠢ ᠠᠷᠡᠳ ᠲᠤ ᠦᠢᠯᠡᠴᠢᠯᠡᠬᠦ

ᠴᠢᠨᠠᠷ ᠴᠢᠨᠰᠠᠭ᠎ᠠ ᠪᠡ ᠬᠢᠷᠢ ᠲᠦᠪᠰᠢᠨ ᠢᠶᠠᠨ ᠲᠡᠭᠡᠭᠰᠢᠯᠡᠭᠦᠯᠵᠦ ᠪᠠᠶᠢᠨ᠎ᠡ᠃

     ᠠᠮᠢᠳᠤᠷᠡᠯ ᠤᠨ ᠬᠠᠷᠠᠭᠠᠯᠵᠠᠯ ᠤᠨ 15 ᠮᠢᠨᠦ᠋ᠲ ᠤᠨ ᠦᠢᠯᠡᠴᠢᠯᠡᠭᠡ  ᠨᠢ ᠨᠡᠶᠢᠭᠡᠮ ᠲᠤᠭᠤᠷᠢᠭ ᠤᠨ ᠰᠠᠶᠢᠨ

ᠲᠤᠷ᠎ᠡ ᠶᠢᠨ ᠦᠢᠯᠡᠴᠢᠯᠡᠭᠴᠢᠳ ᠠᠴᠠ ᠦᠨᠦᠴᠢᠨ ᠪᠡᠯᠪᠡᠰᠦᠨ ᠡᠪᠦᠭᠡᠳ ᠬᠦᠭᠰᠢᠳ᠂ ᠵᠠᠮᠲᠡᠭ ᠬᠦᠮᠦᠰ᠂ ᠬᠡᠷ ᠲᠡᠭᠡᠨ

ᠬᠤᠴᠤᠷᠤᠭᠰᠡᠨ ᠪᠠᠭᠠᠴᠤᠤᠯ ᠬᠢᠭᠡᠳ ᠤᠨᠴᠠᠭᠠᠢ ᠬᠦᠴᠢᠷᠲᠠᠯ ᠲᠠᠢ ᠰᠠᠭᠤᠭᠠᠯᠢ ᠠᠷᠡᠳ ᠢ ᠲᠤᠬᠳᠠᠭᠰᠡᠨ ᠬᠤᠭᠤᠴᠠᠭ᠎ᠠ

 ᠲᠠᠢ ᠬᠠᠯᠠᠮᠵᠢᠯᠠᠨ ᠪᠤᠯᠭᠤᠭᠠᠵᠦ ᠠᠮᠢᠳᠤᠷᠡᠯ ᠳᠤᠨᠢ ᠲᠤᠰᠡ ᠲᠡᠮ ᠪᠤᠯᠳᠠᠭ᠃

     ᠡᠮᠨᠡᠯᠭᠡ ᠪᠡ ᠡᠷᠡᠭᠦᠯ ᠮᠡᠨᠲᠦ ᠶᠢᠨ 15 ᠮᠢᠨᠦ᠋ᠲ ᠤᠨ ᠦᠢᠯᠡᠴᠢᠯᠡᠭᠡ  ᠨᠢ ᠰᠠᠭᠤᠭᠠᠯᠢ ᠠᠷᠡᠳ ᠲᠤ

ᠡᠪᠡᠳᠴᠢᠨ ᠦᠵᠡᠭᠦᠯᠬᠦ᠂ ᠰᠤᠪᠢᠯᠠᠵᠦ ᠡᠷᠡᠭᠦᠯᠵᠢᠬᠦ ᠵᠢᠴᠢ ᠪᠠᠴᠢᠮ ᠠᠪᠤᠷᠠᠯᠲᠡ ᠬᠢᠬᠦ ᠦᠢᠯᠡᠴᠢᠯᠡᠭᠡ ᠶᠢ ᠬᠠᠩᠭᠠᠵᠦ᠂

60 ᠨᠠᠰᠦ ᠠᠴᠠ ᠲᠡᠭᠡᠭᠰᠢᠭᠢ ᠭᠠᠭᠴᠡ ᠬᠡᠦᠭᠡᠳ ᠲᠠᠢ ᠨᠠᠰᠤᠳᠠᠶᠢᠴᠤᠳ ᠲᠤ ᠲᠤᠰᠬᠠᠢ ᠭᠠᠷ ᠤᠳᠠᠰᠦ ᠪᠡ ᠡᠮᠨᠡᠯᠭᠡ

 ᠶᠢᠨ ᠺᠠᠷᠲ ᠲᠠᠷᠬᠠᠭᠠᠨ ᠦᠭᠴᠦ᠂ ᠪᠠᠴᠢᠮ ᠪᠠᠶᠢᠲᠡᠯ ᠲᠠᠢ ᠦᠶᠡᠰ ᠲᠤ ᠴᠠᠭ ᠲᠤᠬᠠᠢ ᠳᠤᠨᠢ ᠬᠦᠷᠴᠦ ᠠᠪᠤᠷᠠᠯᠲᠡ

ᠬᠢᠲᠡᠭ᠃

     ᠨᠠᠰᠤᠳᠠᠶᠢᠴᠤᠤᠯ ᠤᠨ ᠵᠤᠭ᠎ᠠ ᠴᠡᠩᠭᠡᠯ ᠤᠨ 15 ᠮᠢᠨᠦ᠋ᠲ ᠤᠨ ᠦᠢᠯᠡᠴᠢᠯᠡᠭᠡ ᠨᠢ ᠺᠤᠮᠫᠢᠥ᠋ᠲ᠋ᠧᠷ ᠤᠨ

ᠦᠷᠦᠭᠡ᠂ ᠨᠤᠮ ᠤᠨ ᠦᠷᠦᠭᠡ᠂ ᠤᠯᠠᠨ ᠦᠢᠯᠡᠳᠤᠯᠲᠦ ᠵᠤᠭ᠎ᠠ ᠴᠡᠩᠭᠡᠯ ᠤᠨ ᠦᠷᠦᠭᠡ ᠵᠡᠷᠭᠡ ᠲᠠᠯᠠᠪᠦᠷ ᠢ ᠭᠠᠷᠭᠠᠨ

ᠦᠭᠴᠦ᠂ ᠨᠠᠰᠤᠳᠠᠶᠢᠴᠤᠤᠯ ᠤᠨ ᠪᠡᠶ᠎ᠡ ᠰᠡᠳᠬᠢᠴᠡ ᠶᠢ ᠲᠠᠶᠢᠪᠤᠰᠢᠷᠠᠭᠤᠯᠬᠤ ᠳᠤ ᠲᠤᠰᠡ ᠦᠵᠡᠭᠦᠯᠲᠡᠭ᠃

     ᠤᠶᠤᠨ ᠰᠠᠨᠠᠭ᠎ᠠ ᠰᠡᠳᠬᠢᠴᠡ ᠶᠢ ᠲᠠᠶᠢᠳᠬᠤᠷᠠᠭᠤᠯᠬᠤ 15 ᠮᠢᠨᠦ᠋ᠲ ᠤᠨ ᠦᠢᠯᠡᠴᠢᠯᠡᠭᠡ  ᠨᠢ ᠰᠠᠭᠤᠭᠠᠯᠢ

ᠠᠷᠡᠳ ᠤᠨ ᠠᠶᠢᠯ ᠵᠡᠷᠭᠡᠯᠡᠲᠡᠭᠡ ᠪᠠᠷ ᠢᠶᠠᠨ ᠡᠪ ᠨᠠᠶᠢᠷᠠᠮᠳᠠᠭᠤ ᠪᠠᠶᠢᠬᠤ ᠶᠢ ᠡᠷᠬᠢᠮᠯᠡᠨ᠂ ᠡᠷᠡᠭᠦᠯ ᠰᠡᠳᠬᠢᠴᠡ ᠶᠢᠨ

ᠲᠠᠶᠢᠪᠦᠰᠢᠷᠡᠯ ᠢ ᠤᠯᠭᠤᠨ᠂ ᠪᠡᠶ᠎ᠡ ᠰᠡᠳᠬᠢᠴᠡ ᠶᠢᠨ ᠠᠰᠠᠭᠤᠳᠡᠯ ᠢ ᠲᠠᠷᠤᠢ ᠲᠦᠷᠭᠡᠨ ᠰᠢᠢᠳᠪᠦᠷᠢᠯᠡᠵᠦ ᠦᠭᠲᠡᠭ᠃

     ︽1︾ ᠭᠡᠲᠡᠭ ᠨᠢ᠂ ︽ᠲᠤᠯᠠᠭᠠᠨ ᠭᠡᠷ︾ ᠭᠡᠲᠡᠭ ᠨᠡᠷ᠎ᠡ ᠳᠡᠭᠡᠨ ᠵᠤᠬᠢᠴᠠᠭᠰᠡᠨ ᠠᠷᠡᠳ ᠲᠦᠮᠡᠨ ᠬᠠᠨᠤᠮᠵᠢᠳᠠᠢ

ᠲᠤᠯᠠᠭᠠᠨ ᠬᠠᠯᠠᠭᠤᠮᠰᠤᠭ ᠶᠡᠭᠡ ᠬᠡᠷ ᠪᠦᠯᠢ ᠶᠢ ᠪᠦᠲᠦᠭᠡᠨ ᠪᠠᠶᠢᠭᠤᠯᠤᠨ᠎ᠡ᠃

      ᠮᠠᠯᠴᠢᠨ ᠲᠦᠮᠡᠨ ᠳᠤ ᠦᠪᠡᠷ ᠤᠨ ᠭᠡᠷ ᠤᠨ ᠬᠦᠮᠦᠨ ᠰᠢᠭ ᠢᠶᠠᠨ ᠬᠠᠨᠳᠤᠵᠦ᠂ ᠰᠠᠭᠤᠭᠠᠯᠢ ᠠᠷᠡᠳ ᠤᠨ

ᠪᠠᠭ᠎ᠠ ᠤᠴᠢᠷ ᠢ ᠴᠦ ᠬᠡᠰᠡᠨ ᠶᠡᠭᠡ ᠶᠠᠪᠤᠳᠡᠯ ᠢᠶᠠᠷ ᠦᠵᠡᠨ᠂ ᠠᠷᠡᠳ ᠲᠦᠮᠡᠨ ᠤ ᠬᠦᠴᠢᠷ ᠵᠦᠲᠡᠬᠦᠷᠢ ᠶᠢ ᠴᠠᠭ

ᠲᠤᠬᠠᠢ ᠳᠤᠨᠢ ᠰᠢᠢᠳᠪᠦᠷᠢᠯᠡᠵᠦ ᠦᠭᠴᠦ ᠪᠠᠶᠢᠨ᠎ᠡ᠃

     ᠡᠭᠦᠨ ᠠᠴᠠ ᠭᠠᠳᠠᠨ᠎ᠡ᠂ ᠲᠤᠯᠠᠭᠠᠨ ᠭᠡᠷ ᠨᠡᠶᠢᠭᠡᠮ ᠲᠤᠭᠤᠷᠢᠭ ᠨᠢ ᠨᠠᠮ ᠤᠨ ᠶᠡᠷᠦᠩᠭᠡᠢ ᠡᠭᠦᠷ ᠪᠡ ᠰᠠᠭᠤᠭᠠᠯᠢ

ᠠᠷᠡᠳ ᠤᠨ ᠨᠠᠮ ᠤᠨ ᠡᠭᠦᠷ ᠢ ᠰᠢᠨᠵᠢᠯᠡᠬᠦ ᠤᠬᠠᠭᠠᠨᠴᠢ ᠦᠢᠯᠡᠴᠢᠯᠡᠭᠡᠨ ᠤ ᠬᠠᠮᠢᠶᠠᠷᠤᠯᠲᠡ ᠲᠠᠢ ᠨᠡᠮ ᠤᠨ

ᠪᠠᠶᠢᠭᠤᠯᠤᠯᠲᠡ ᠪᠤᠯᠭᠠᠨ ᠠᠳᠬᠤᠵᠦ᠂ ᠵᠤᠬᠢᠶᠠᠨ ᠪᠠᠶᠢᠭᠤᠯᠤᠯᠲᠡ ᠪᠠᠨ ᠴᠢᠩᠭᠠᠳᠬᠠᠵᠦ᠂ ︽ᠦᠨᠳᠦᠰᠦᠲᠡᠨ ᠤ

ᠪᠦᠯᠬᠦᠮᠲᠡᠯ ᠢ ᠠᠬᠢᠭᠤᠯᠬᠤ︾ ᠦᠪᠡᠷ ᠤᠨ ᠤᠨᠴᠠᠯᠢᠭ ᠳᠠᠭᠠᠨ ᠵᠤᠬᠢᠴᠠᠬᠰᠡᠨ ︽1241︾ ᠦᠢᠯᠡᠴᠢᠯᠡᠭᠡᠨ ᠤ ᠬᠡᠪ

ᠵᠠᠬᠪᠦᠷ ᠢ ᠲᠦᠯᠬᠢᠨ ᠠᠬᠢᠭᠤᠯᠵᠦ᠂ ᠨᠡᠶᠢᠭᠡᠮ ᠲᠤᠭᠤᠷᠢᠭ ᠤᠨ ᠺᠠᠳ᠋ᠷᠴᠤᠳ ᠤᠨ ᠡᠩᠨᠡᠭᠡᠨ ᠤ ᠬᠡᠪ ᠰᠤᠷᠳᠡᠯ ᠤᠨ

ᠪᠦᠲᠦᠭᠡᠨ ᠪᠠᠶᠢᠭᠤᠯᠤᠯᠲᠡ ᠪᠠᠨ ᠤᠯᠠᠮ ᠨᠢᠭᠡ ᠠᠯᠬᠤᠮ ᠴᠢᠩᠭᠠᠳᠬᠠᠬᠤ ᠪᠠᠷ ᠲᠠᠮᠵᠢᠨ ᠤᠯᠠᠨ ᠲᠦᠮᠡᠨ ᠳᠤ

ᠦᠢᠯᠡᠴᠢᠯᠡᠬᠦ ᠬᠢᠷᠢ ᠲᠦᠪᠰᠢᠨ ᠢᠶᠠᠨ ᠲᠡᠭᠡᠭᠰᠢᠯᠡᠭᠦᠯᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠡᠳ ᠲᠤ ᠲᠦᠭᠦᠮ

ᠦᠵᠡᠭᠦᠯᠦᠨ᠂ ᠨᠡᠮ ᠤᠨ ᠵᠤᠬᠢᠶᠠᠨ ᠪᠠᠶᠢᠭᠤᠯᠤᠯᠲᠡ ᠶᠢᠨ ᠨᠢᠬᠲᠡᠷᠡᠯ ᠤᠨ ᠬᠦᠴᠦᠨ ᠢ ᠡᠷᠴᠢᠯᠡᠭᠰᠡᠨ ᠪᠠᠶᠢᠨ᠎ᠡ᠃

                               

                                   ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ

 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号