| ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤ | ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠬᠦ ᠶᠢᠨ ᠬᠠᠮᠲᠤ ᠰᠦᠶᠳᠬᠡᠯ ᠬᠤᠷᠢᠶᠠᠬᠤ ᠦᠭᠡᠢ ᠪᠠᠷ ᠬᠢᠴᠢᠶᠡᠯ | ᠤᠨ ᠪᠢᠴᠢᠭ ᠬᠠᠩᠭᠠᠵᠤ᠂ ᠪᠠᠶᠢᠷᠢ ᠳᠤ ᠰᠠᠭᠤᠬᠤ ᠰᠤᠷᠤᠭᠴᠢ ᠳᠤ ᠪᠠᠶᠢᠷᠢ ᠳᠤ ᠰᠠᠭᠤᠬᠤ ᠰᠦᠶᠳᠬᠡᠯ ᠨᠥᠬᠦᠪᠥᠷᠢᠯᠡᠵᠦ᠂ | ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠪᠠᠶᠢᠷᠢ ᠳᠤ ᠰᠠᠭᠤᠬᠤ ᠰᠤᠷᠤᠭᠴᠢ ᠪᠣᠯᠤᠨ ᠬᠤᠤᠰ ᠬᠡᠯᠡ ᠪᠠᠷ | ᠬᠢᠴᠢᠶᠡᠯᠯᠡᠬᠦ ᠪᠠᠶᠢᠷᠢ ᠳᠤ ᠰᠠᠭᠤᠬᠤ ᠰᠤᠷᠤᠭᠴᠢ ᠳᠤ ᠠᠮᠢᠳᠤᠷᠠᠯ ᠤᠨ ᠨᠥᠬᠦᠪᠥᠷᠢ ᠬᠠᠩᠭᠠᠨ᠎ᠡ ︵2019 ᠣᠨ ᠤ | ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ | ᠤᠨ ᠱᠠᠲᠤ ᠦᠶ᠎ᠡ ᠳᠤᠨᠢ ᠳᠠᠩᠰᠠᠯᠠᠨ ᠺᠠᠷᠲᠯᠠᠭᠰᠠᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠵᠡᠮᠳᠡᠭ | ᠰᠤᠷᠤᠭᠴᠢ᠂ ᠬᠥᠳᠡᠭᠡ ᠲᠤᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠲᠡᠵᠦ ᠪᠠᠶᠢᠭ᠎ᠠ ᠭᠡᠷ | ᠪᠦᠯᠢ ᠶᠢᠨ ᠰᠤᠷᠤᠭᠴᠢ᠂ ᠬᠥᠳᠡᠭᠡ ᠲᠤᠰᠬᠤᠨ ᠤ ᠣᠨᠴᠠ ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠵᠦ | ᠪᠠᠶᠢᠭ᠎ᠠ ᠰᠤᠷᠤᠭᠴᠢ ᠵᠡᠷᠭᠡ ᠳᠥᠷᠪᠡᠨ ᠲᠥᠷᠥᠯ ᠤᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠪᠠᠶᠢᠷᠢ ᠳᠤ | ᠰᠠᠭᠤᠬᠤ ᠦᠬᠡᠢ ᠰᠤᠷᠤᠭᠴᠢ ᠶᠢ ᠠᠮᠢᠳᠤᠷᠠᠯ ᠤᠨ ᠨᠥᠬᠦᠪᠥᠷᠢ ᠤᠯᠭᠤᠬᠤ ᠬᠡᠪᠴᠢᠶᠡᠨ ᠳᠤ ᠤᠷᠤᠭᠤᠯᠤᠨ᠎ᠡ︶᠃ | ᠤᠯᠤᠰ ᠠᠴᠠ 31 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠲᠤ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ | ᠬᠡᠷᠡᠭᠵᠢᠭᠦᠯᠦᠨ᠎ᠡ᠃ | ᠪᠠᠷᠢᠮᠵᠢᠶ᠎ᠡ | ᠬᠢᠲᠠᠳ ᠢᠶᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠵᠠᠷᠤᠳᠠᠯ ᠤᠨ | ᠨᠥᠬᠦᠪᠥᠷᠢ ᠶᠢᠨ ᠪᠠᠷᠢᠮᠵᠢᠶ᠎ᠡ ᠨᠢ ᠰᠤᠷᠤᠭᠴᠢ ᠨᠢᠭᠡ ᠪᠦᠷᠢ ᠳᠤ ᠵᠢᠯ ᠪᠦᠷᠢ ᠪᠠᠭ᠎ᠠ ᠰᠤᠷᠭᠠᠭᠤᠯᠢ 1000 ᠲᠥᠭᠦᠷᠢᠭ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 1250 ᠲᠥᠭᠦᠷᠢᠭ᠂ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ | ᠰᠠᠭᠤᠭ᠎ᠠ ᠰᠤᠷᠤᠭᠴᠢ ᠨᠢᠭᠡᠪᠦᠷᠢ ᠳᠤ ᠵᠢᠯ ᠪᠦᠷᠢ ᠪᠠᠭ᠎ᠠ ᠰᠤᠷᠭᠠᠭᠤᠯᠢ 1350 ᠲᠥᠭᠦᠷᠢᠭ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ 1620 ᠲᠥᠭᠦᠷᠢᠭ ᠤᠯᠭᠤᠨ᠎ᠡ︔ ᠪᠠᠶᠢᠷᠢ ᠳᠤ ᠰᠠᠭᠤᠬᠤ ᠰᠤᠷᠤᠭᠴᠢ ᠶᠢᠨ ᠪᠠᠶᠢᠷᠢ ᠳᠤ | ᠰᠠᠭᠤᠬᠤ ᠰᠦᠢᠳᠭᠡᠯ ᠤᠨ ᠨᠦᠬᠦᠪᠦᠷᠢ ᠶᠢᠨ ᠪᠠᠷᠢᠮᠵᠢᠶ᠎ᠡ ᠪᠤᠯ ᠰᠤᠷᠤᠭᠴᠢ ᠨᠢᠭᠡᠪᠦᠷᠢ ᠳᠤ ᠵᠢᠯ ᠪᠦᠷᠢ ᠪᠠᠭ᠎ᠠ | ᠰᠤᠷᠭᠠᠭᠤᠯᠢ 100 ᠲᠥᠭᠦᠷᠢᠭ᠂ ᠠᠩᠬ᠎ᠠ ᠵᠡᠷᠭᠡ ᠶᠢᠨ ᠲᠤᠮᠳᠠᠲᠦ ᠰᠤᠷᠭᠠᠭᠤᠯᠢ 120 ᠲᠥᠭᠦᠷᠢᠭ ᠪᠤᠯᠤᠨ᠎ᠡ᠃ | ᠡᠩ ᠤᠨ ᠦᠨᠳᠦᠷ ᠲᠤᠮᠳᠠᠲᠦ ᠶᠢᠨ ᠱᠠᠳᠤ | ︽ᠬᠤᠶᠠᠷ ᠢ ᠬᠡᠯᠳᠤᠷᠢᠭᠦᠯᠵᠦ ᠨᠢᠭᠡ ᠶᠢ ᠨᠦᠬᠦᠪᠦᠷᠢᠯᠡᠵᠦ ᠨᠢᠭᠡ ᠶᠢ ᠲᠡᠮᠵᠢᠬᠦ︾ ᠳᠤᠰᠠᠯᠠᠨ ᠳᠡᠮᠵᠢᠬᠦ ᠲᠥᠷᠥ | ᠶᠢᠨ ᠪᠤᠳᠤᠯᠭ᠎ᠠ᠂ ᠲᠤᠬᠠᠶᠢᠯᠠᠪᠠᠯ ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠤᠨ | ᠰᠦᠶᠳᠬᠡᠯ ᠬᠤᠷᠢᠶᠠᠬᠤ ᠦᠭᠡᠢ ᠪᠠᠷ ᠬᠠᠩᠭᠠᠵᠤ᠂ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠭ᠎ᠠ | ᠰᠤᠷᠤᠭᠴᠢᠳ ᠤᠨ ᠠᠮᠢᠳᠤᠷᠠᠯ ᠤᠨ ᠵᠠᠷᠤᠳᠡᠯ ᠢ ᠨᠦᠬᠦᠪᠦᠷᠢᠯᠡᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ | ᠮᠦᠩᠭᠦ ᠪᠠᠷ ᠲᠤᠰᠠᠯᠠᠨᠡ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ | ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠳᠤ ᠠᠳᠠᠯᠢ ᠪᠠᠷᠢᠮᠵᠢᠶ᠎ᠡ ᠶᠣᠰᠣᠭᠠᠷ ᠨᠥᠬᠦᠪᠥᠷᠢ | ᠦᠭᠭᠦᠨ᠎ᠡ᠂ ᠲᠡᠭᠦᠨ ᠤ ᠰᠤᠷᠤᠯᠭ᠎ᠠ ᠶᠢᠨ ᠰᠦᠶᠳᠬᠡᠯ ᠨᠢ ᠨᠥᠬᠦᠪᠥᠷᠢ ᠶᠢᠨ ᠪᠠᠷᠢᠮᠵᠢᠶ᠎ᠡ ᠠᠴᠠ ᠥᠨᠳᠥᠷ ᠪᠠᠶᠢᠪᠠᠯ᠂ | ᠰᠤᠷᠤᠭᠴᠢᠳ ᠠᠴᠠ ᠵᠦᠷᠢᠶᠠᠲᠦ ᠲᠤᠭᠠᠨ ᠤ ᠬᠡᠰᠡᠭ ᠢ ᠨᠢ ᠬᠤᠷᠢᠶᠠᠨ ᠠᠪᠤᠨ᠎ᠡ᠃ | ᠪᠠᠷᠢᠮᠵᠢᠶ᠎ᠡ | ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠬᠦ ᠨᠢ ᠰᠤᠷᠤᠭᠴᠢ ᠨᠢᠭᠡ ᠪᠦᠷᠢ ᠵᠢᠯ ᠤᠨ 2000 ᠲᠥᠭᠦᠷᠢᠭ | ᠪᠤᠯᠤᠨ᠎ᠡ᠃ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠬᠢᠴᠢᠶᠡᠯ ᠤᠨ ᠪᠢᠴᠢᠭ ᠤᠨ ᠪᠠᠷᠢᠮᠵᠢᠶ᠎ᠡ ᠪᠣᠯ ᠮᠣᠩᠭᠤᠯ | ᠬᠡᠯᠡ ᠪᠠᠷ ᠬᠢᠴᠢᠶᠡᠯᠯᠡᠬᠦ ᠪᠠ ᠰᠣᠯᠣᠩᠭᠤᠰ ᠬᠡᠯᠡ ᠪᠠᠷ ᠬᠢᠴᠢᠶᠡᠯᠯᠡᠬᠦ ᠱᠠᠳᠤᠨ ᠤ ᠰᠤᠷᠤᠭᠴᠢ ᠪᠤᠯᠤᠨ᠎ᠡ᠂ ᠥᠨᠳᠥᠷ | ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠤᠨ ᠤ ᠰᠤᠷᠤᠭᠴᠢ ᠨᠢᠭᠡᠪᠦᠷᠢ ᠵᠢᠯ ᠳᠤ 600 ᠲᠥᠭᠦᠷᠢᠭ᠂ | ᠥᠨᠳᠥᠷ ᠳᠤᠮᠳᠠᠳᠤ ᠶᠢᠨ ᠭᠤᠷᠪᠠᠳᠤᠭᠠᠷ ᠤᠨ ᠤ ᠰᠤᠷᠤᠭᠴᠢ ᠨᠢᠭᠡᠪᠦᠷᠢ ᠵᠢᠯ ᠳᠤ 200 ᠲᠥᠭᠦᠷᠢᠭ︔ ᠬᠢᠲᠠᠳ | ᠢᠶᠠᠷ ᠬᠢᠴᠢᠶᠠᠯᠯᠡᠬᠦ ᠦᠨᠳᠦᠷ ᠳᠤᠮᠳᠠᠳᠤ ᠶᠢᠨ ᠨᠢᠭᠡᠳᠦᠭᠡᠷ ᠤᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ | ᠰᠤᠷᠤᠭᠴᠢ ᠨᠢᠭᠡᠪᠦᠷᠢ ᠵᠢᠯ ᠤᠨ 550 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠤᠨ ᠤ ᠰᠤᠷᠤᠭᠴᠢ | ᠨᠢᠭᠡᠪᠦᠷᠢ ᠳᠤ ᠵᠢᠯ ᠳᠤ 100 ᠲᠥᠭᠦᠷᠢᠭ ᠪᠤᠯᠤᠨ᠎ᠡ᠃ | ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ | ᠵᠠᠷᠤᠳᠠᠯ ᠤᠨ ᠨᠥᠬᠦᠪᠥᠷᠢ ᠥᠭᠬᠦ ᠪᠠᠷᠢᠮᠵᠢᠶ᠎ᠡ ᠰᠤᠷᠤᠭᠴᠢ ᠨᠢᠭᠡ ᠪᠦᠷᠢ ᠳᠤ ᠡᠳᠤᠷ ᠪᠦᠷᠢ 7 ᠲᠦᠭᠦᠷᠢᠭ | ᠨᠦᠬᠦᠪᠦᠷᠢᠯᠡᠵᠦ᠂ ᠵᠢᠯ ᠳᠤ 1890 ᠲᠦᠭᠦᠷᠢᠭ ᠨᠦᠬᠦᠪᠦᠷᠢᠯᠡᠨ᠎ᠡ᠃ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠦᠩᠭᠦ ᠶᠢᠨ | ᠳᠤᠮᠳᠠᠴᠢ ᠲᠤᠰᠠᠯᠠᠮᠵᠢ ᠶᠢᠨ ᠪᠠᠷᠢᠮᠵᠢᠶ᠎ᠡ ᠪᠣᠯ 2000 ᠲᠥᠭᠦᠷᠢᠭ᠂ ᠪᠣᠳᠠᠲᠠᠶ ᠪᠠᠷᠢᠮᠵᠢᠶ᠎ᠡ ᠶᠢ 1000 — | 3000 ᠲᠥᠭᠦᠷᠢᠭ ᠤᠨ ᠬᠤᠭᠤᠷᠣᠨᠳᠣ ᠬᠤᠪᠢᠶᠠᠵᠤ᠂ ᠰᠤᠷᠭᠠᠭᠤᠯᠢ ᠶᠢᠨ ᠦᠨᠡᠯᠡᠨ ᠲᠣᠭᠲᠠᠭᠠᠭᠰᠠᠨ ᠪᠠᠶᠢᠳᠠᠯ ᠢ | ᠦᠨᠳᠦᠰᠦᠯᠡᠨ ᠲᠡᠰ ᠬᠤᠪᠢᠶᠠᠵᠦ ᠲᠤᠰᠠᠯᠠᠮᠵᠢ ᠤᠯᠭᠤᠨ᠎ᠡ᠃ | ᠲᠤᠮᠲᠡ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠱᠠᠳᠤ | ︽ᠬᠤᠶᠠᠷ ᠢ ᠬᠡᠯᠳᠤᠷᠢᠭᠦᠯᠵᠦ ᠨᠢᠭᠡ ᠶᠢ ᠨᠥᠬᠦᠪᠥᠷᠢᠯᠡᠵᠦ ᠨᠢᠬᠡ ᠶᠢ ᠳᠡᠮᠵᠢᠬᠦ︾ ᠳᠡᠳᠬᠦᠨ ᠳᠡᠮᠵᠢᠬᠦ ᠲᠥᠷᠥ | ᠶᠢᠨ ᠪᠤᠳᠤᠯᠭ᠎ᠠ᠂ ᠲᠤᠬᠠᠶᠢᠯᠠᠪᠠᠯ ᠰᠤᠷᠤᠯᠭ᠎ᠠ ᠶᠢᠨ ᠰᠦᠶᠳᠬᠡᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ | ᠰᠦᠶᠳᠬᠡᠯ ᠬᠤᠷᠢᠶᠠᠬᠤ ᠦᠭᠡᠢ ᠪᠠᠷ ᠬᠠᠩᠭᠠᠵᠤ᠂ ᠪᠠᠶᠢᠷᠢ ᠳᠤ ᠰᠠᠭᠤᠬᠤ ᠰᠤᠷᠤᠭᠴᠢ ᠶᠢᠨ ᠪᠠᠶᠢᠷᠢ ᠶᠢᠨ ᠵᠠᠷᠤᠲᠡᠯ ᠢ | ᠨᠦᠬᠦᠪᠦᠷᠢᠯᠡᠵᠦ᠂ ᠤᠯᠤᠰ ᠠᠴᠠ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠪᠠᠷ ᠲᠤᠰᠠᠯᠠᠨᠡ᠃ | ᠪᠠᠷᠢᠮᠵᠢᠶ᠎ᠡ | ᠰᠤᠷᠤᠯᠭ᠎ᠠ ᠶᠢᠨ ᠰᠦᠶᠳᠬᠡᠯ ᠥᠯᠥ ᠬᠤᠷᠢᠶᠠᠬᠤ ᠪᠠᠷᠢᠮᠵᠢᠶ᠎ᠡ ᠨᠢ ᠰᠤᠷᠤᠭᠴᠢ ᠨᠢᠭᠡ ᠪᠦᠷᠢ ᠳᠤ ᠵᠢᠯ ᠪᠦᠷᠢ | 2000 ᠲᠥᠭᠦᠷᠢᠭ ᠤᠯᠭᠤᠨ᠎ᠡ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠢᠶᠠᠷ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠳᠤ ᠠᠳᠠᠯᠢ | ᠪᠠᠷᠢᠮᠵᠢᠶ᠎ᠡ ᠶᠣᠰᠣᠭᠠᠷ ᠨᠥᠬᠦᠪᠥᠷᠢ ᠦᠭᠭᠦᠨ᠎ᠡ᠂ ᠲᠡᠭᠦᠨ ᠤ ᠰᠤᠷᠤᠯᠭ᠎ᠠ ᠶᠢᠨ ᠰᠦᠶᠳᠬᠡᠯ ᠨᠢ ᠨᠥᠬᠦᠪᠥᠷᠢ ᠶᠢᠨ | ᠪᠠᠷᠢᠮᠵᠢᠶ᠎ᠡ ᠠᠴᠠ ᠥᠨᠳᠥᠷ ᠪᠤᠯ᠂ ᠰᠤᠷᠤᠭᠴᠢᠳ ᠠᠴᠠ ᠵᠦᠷᠢᠶᠡᠲᠦ ᠲᠤᠭᠠᠨ ᠤ ᠬᠡᠰᠡᠭ ᠢ ᠨᠢ ᠬᠤᠷᠢᠶᠠᠨ ᠠᠪᠤᠨ᠎ᠡ᠃ | ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠬᠢᠴᠢᠶᠡᠯ ᠤᠨ ᠪᠢᠴᠢᠭ ᠤᠨ ᠪᠠᠷᠢᠮᠵᠢᠶ᠎ᠡ ᠪᠣᠯ ᠮᠣᠩᠭᠤᠯ | ᠬᠡᠯᠡ ᠪᠠᠷ ᠬᠢᠴᠢᠶᠡᠯᠯᠡᠬᠦ ᠪᠠ ᠰᠣᠯᠣᠩᠭᠤᠰ ᠬᠡᠯᠡ ᠪᠠᠷ ᠬᠢᠴᠢᠶᠡᠯᠯᠡᠬᠦ ᠱᠠᠳᠤᠨ ᠤ ᠰᠤᠷᠤᠭᠴᠢ ᠪᠤᠯᠤᠨ᠎ᠡ᠂ ᠥᠨᠳᠥᠷ | ᠳᠤᠮᠳᠠᠳᠤ ᠶᠢᠨ ᠨᠢᠭᠡᠳᠦᠭᠡᠷ ᠣᠨ᠂ ᠬᠤᠶᠠᠳᠤᠭᠠᠷ ᠣᠨ ᠤ ᠰᠤᠷᠤᠭᠴᠢ ᠨᠢᠭᠡᠪᠦᠷᠢ ᠵᠢᠯ ᠳᠤ 600 ᠲᠥᠭᠦᠷᠢᠭ᠂ | ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢ ᠨᠢᠭᠡᠪᠦᠷᠢ ᠵᠢᠯ ᠳᠤ 200 ᠲᠥᠭᠦᠷᠢᠭ︔ ᠬᠢᠲᠠᠳ | ᠢᠶᠠᠷ ᠬᠢᠴᠢᠶᠡᠯᠯᠡᠬᠦ ᠥᠨᠳᠥᠷ ᠳᠤᠮᠳᠠᠳᠤ ᠶᠢᠨ ᠨᠢᠭᠡᠳᠦᠭᠡᠷ ᠤᠨ᠂ ᠥᠨᠳᠥᠷ ᠳᠤᠮᠳᠠᠳᠤ ᠶᠢᠨ ᠬᠤᠶᠠᠳᠤᠭᠠᠷ ᠤᠨ ᠤ | ᠰᠤᠷᠤᠭᠴᠢ ᠨᠢᠭᠡ ᠪᠦᠷᠢ ᠳᠤ ᠵᠢᠯ ᠪᠦᠷᠢ 550 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠤᠨ ᠤ | ᠰᠤᠷᠤᠭᠴᠢ ᠨᠢᠭᠡᠪᠦᠷᠢ ᠵᠢᠯ ᠳᠤ 100 ᠲᠥᠭᠦᠷᠢᠭ ᠪᠤᠯᠤᠨ᠎ᠡ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ | ᠨᠢᠭᠡᠳᠦᠭᠡᠷ ᠬᠤᠶᠠᠳᠤᠭᠠᠷ ᠭᠤᠷᠪᠠᠳᠤᠭᠠᠷ ᠤᠨ ᠤ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠳᠤ ᠪᠠᠶᠢᠷᠢ ᠳᠤ | ᠰᠠᠭᠤᠬᠤ ᠨᠥᠬᠦᠪᠥᠷᠢ ᠮᠥᠩᠭᠦ ᠤᠯᠭᠤᠨ᠎ᠡ᠂ ᠪᠠᠷᠢᠮᠵᠢᠶ᠎ᠡ ᠨᠢ᠄ ᠲᠡᠭᠡᠲᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ | ᠶᠢᠨ ᠲᠤᠮᠲᠡ ᠵᠡᠷᠭᠡ ᠶᠢᠨ ᠲᠤᠰᠬᠠᠶ ᠮᠡᠷᠭᠡᠵᠢᠯ ᠤᠨ ᠬᠡᠯᠳᠡᠰ ᠰᠤᠷᠤᠭᠴᠢ ᠨᠢᠬᠡ ᠪᠦᠷᠢ ᠵᠢᠯ ᠤᠨ 800 ᠲᠥᠭᠦᠷᠢᠭ︔ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠰᠤᠷᠤᠭᠴᠢ ᠨᠢᠬᠡᠪᠦᠷᠢ ᠵᠢᠯ ᠤᠨ 500 ᠲᠥᠭᠦᠷᠢᠭ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠰᠤᠷᠤᠯᠭ᠎ᠠ ᠶᠢᠨ ᠬᠠᠷᠢᠶᠠᠯᠠᠯ ᠲᠠᠢ ᠨᠢᠭᠡᠳᠦᠭᠡᠷ᠂ ᠬᠤᠶᠠᠳᠤᠭᠠᠷ ᠤᠨ ᠤ ᠪᠤᠢ ᠪᠦᠬᠦᠢ ᠮᠠᠯᠵᠢᠬᠤ ᠲᠠᠷᠢᠶᠠᠯᠠᠬᠤ ᠣᠷᠣᠨ | ︵ᠰᠢᠶᠠᠨ ᠪᠠᠯᠭᠠᠰᠤ ᠪᠠᠭᠳᠠᠨ᠎ᠡ︶ ᠤ ᠰᠤᠷᠭᠠᠭᠤᠯᠢ ᠳᠤ ᠪᠠᠶᠢᠭ᠎ᠠ ᠰᠤᠷᠤᠭᠴᠢ ᠵᠢᠴᠢ ᠬᠤᠲᠠ ᠶᠢᠨ ᠲᠠᠷᠢᠶᠠᠯᠠᠩ ᠳᠤ | ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ | ᠰᠤᠷᠤᠭᠴᠢᠳ ᠲᠤ ᠤᠯᠤᠰ ᠠᠴᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠳᠦᠷᠢᠮ ᠢ ᠪᠠᠶᠢᠭᠤᠯᠵᠤ᠂ | ᠪᠠᠷᠢᠮᠵᠢᠶ᠎ᠡ ᠨᠢ ᠪᠦᠬᠦᠯᠢ ᠡᠳᠦᠷ ᠤᠨ ᠳᠦᠷᠢᠮᠲᠦ ᠵᠢᠩᠬᠢᠨᠢ ᠨᠢᠭᠡᠳᠦᠭᠡᠷ ᠣᠨ ᠲᠠᠷᠢᠶᠠᠯᠠᠩ ᠳᠤ ᠬᠤᠯᠪᠣᠭᠳᠠᠬᠤ | ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠲᠠᠷᠢᠶᠠᠯᠠᠩ ᠳᠤ ᠬᠤᠯᠪᠣᠭᠳᠠᠬᠤ ᠪᠤᠰᠤ ᠲᠤᠰᠬᠠᠶ ᠮᠡᠷᠭᠡᠵᠢᠯ ᠤᠨ ᠭᠡᠷ | ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢ ᠶᠢᠨ ᠰᠤᠷᠤᠭᠴᠢ ᠨᠢᠬᠡᠪᠦᠷᠢ ᠳᠤ ᠵᠢᠯ ᠤᠨ 2000 | ᠲᠥᠭᠦᠷᠢᠭ ᠤᠯᠭᠤᠨ᠎ᠡ᠂ ᠪᠤᠰᠤᠳ ᠰᠤᠷᠤᠭᠴᠢ ᠪᠣᠯ ᠵᠢᠯ ᠪᠦᠷᠢ 1500 ᠲᠥᠭᠦᠷᠢᠭ ᠤᠯᠭᠤᠨ᠎ᠡ᠃ | 2019 ᠤᠨ ᠠᠴᠠ ᠡᠬᠢᠯᠡᠨ᠂ ᠲᠥᠪ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠦᠩᠭᠦ ᠶᠢ ᠭᠠᠷᠭᠠᠵᠤ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠳᠠᠨ᠎ᠡ︶ ᠶᠢᠨ ᠪᠦᠬᠦᠯᠢ ᠡᠳᠦᠷ ᠤᠨ | ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠣᠲᠣᠷᠠᠬᠢ ᠣᠨᠴᠠᠭᠠᠢ ᠰᠢᠯᠢᠳᠡᠭ ᠰᠤᠷᠤᠭᠴᠢ ᠶᠢ | ᠱᠠᠩᠨᠠᠬᠤ ᠳᠤ ᠬᠡᠷᠡᠭᠯᠡᠨ᠎ᠡ᠃ ᠵᠢᠯ ᠪᠦᠷᠢ 2 ᠲᠦᠮᠡᠨ ᠬᠦᠮᠦᠨ ᠢ ᠱᠠᠩᠨᠠᠵᠤ᠂ ᠱᠠᠩᠨᠠᠬᠤ ᠪᠠᠷᠢᠮᠵᠢᠶ᠎ᠡ ᠨᠢ ᠰᠤᠷᠤᠭᠴᠢ | ᠨᠢᠬᠡᠪᠦᠷᠢ ᠶᠢ ᠵᠢᠯ ᠳᠤ 6000 ᠲᠥᠭᠦᠷᠢᠭ ᠢᠶᠠᠷ ᠱᠠᠩᠨᠠᠨ᠎ᠡ᠃ | | |