| ᠨᠢᠭᠡ᠂ ᠵᠠᠰᠠᠭ ᠵᠠᠬᠢᠷᠭᠠᠨ ᠤ ᠬᠦᠨᠲᠦ ᠴᠢᠬᠤᠯᠠ ᠰᠢᠢᠳᠪᠦᠷᠢ ᠲᠤᠬᠳᠠᠭᠠᠬᠤ ᠶᠠᠪᠤᠴᠡ ᠶᠢ ᠤᠯᠠᠮ ᠨᠢᠭᠡ | ᠠᠯᠬᠤᠮ ᠲᠦᠷᠢᠮᠵᠢᠭᠦᠯᠪᠡ | ︽ᠵᠠᠰᠠᠭ ᠵᠠᠬᠢᠷᠭᠠᠨ ᠤ ᠬᠦᠨᠲᠦ ᠴᠢᠬᠤᠯᠠ ᠰᠢᠢᠳᠪᠦᠷᠢ ᠲᠤᠬᠳᠠᠭᠠᠬᠤ ᠲᠦᠷ ᠬᠡᠷᠡᠭᠵᠢᠭᠦᠯᠬᠦ ᠲᠦᠷᠢᠮ︾ ᠢ 9 | ᠰᠡᠷ᠎ᠡ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠵᠠᠰᠠᠭ ᠵᠠᠬᠢᠷᠭᠠᠨ ᠤ ᠬᠦᠨᠲᠦ ᠴᠢᠬᠤᠯᠠ | ᠰᠢᠢᠳᠪᠦᠷᠢ ᠲᠤᠬᠳᠠᠭᠠᠬᠤ ᠬᠡᠷᠡᠭ ᠶᠠᠪᠤᠳᠡᠯ ᠤᠨ ᠬᠡᠪᠴᠢᠶ᠎ᠡ ᠶᠢ ᠲᠤᠬᠳᠠᠭᠠᠵᠦ᠂ ᠵᠠᠰᠠᠭ ᠵᠠᠬᠢᠷᠭᠠᠨ ᠤ ᠬᠦᠨᠲᠦ ᠴᠢᠬᠤᠯᠠ | ᠰᠢᠢᠳᠪᠦᠷᠢ ᠲᠤᠬᠳᠠᠭᠠᠬᠤ ᠶᠠᠪᠤᠴᠡ ᠶᠢ ᠤᠯᠠᠮ ᠨᠠᠷᠢᠯᠢᠬᠵᠢᠭᠤᠯᠤᠭᠰᠡᠨ ᠪᠠᠶᠢᠨ᠎ᠡ᠃ ᠲᠦᠷᠢᠮ ᠳᠤ ᠪᠠᠰᠡ ᠡᠯ᠎ᠡ ᠲᠡᠯ᠎ᠡ | ᠶᠢᠨ ᠰᠠᠨᠠᠯ ᠢ ᠪᠦᠷᠢᠨ ᠰᠤᠨᠤᠰᠴᠦ᠂ ᠤᠯᠠᠨ ᠲᠦᠮᠡᠨ ᠤ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠢᠢᠳᠪᠦᠷᠢ | ᠲᠤᠬᠳᠠᠭᠠᠬᠤ ᠶᠠᠪᠣᠳᠡᠯ ᠳᠤ ᠤᠷᠤᠯᠴᠠᠬᠤ ᠶᠢ ᠪᠠᠳᠤᠯᠠᠬᠤ ᠬᠡᠷᠡᠭᠲᠠᠢ ᠬᠡᠵᠦ ᠱᠠᠭᠠᠷᠳᠠᠭᠰᠡᠨ ᠪᠠᠶᠢᠨ᠎ᠡ᠃ | ᠬᠤᠶᠠᠷ᠂ ᠲᠠᠷᠢᠶᠠᠨ ᠭᠠᠵᠠᠷ ᠢ ᠡᠵᠡᠯᠡᠭᠰᠡᠨ ᠭᠠᠶᠢᠯᠢ ᠶᠢᠨ ᠬᠠᠦᠯᠢ ᠶᠢ ᠵᠢᠩᠭᠢᠨᠢ ᠪᠠᠷ ᠬᠡᠷᠡᠭᠵᠢᠭᠦᠯᠦᠨ᠎ᠡ | 9 ᠰᠡᠷ᠎ᠡ ᠶᠢᠨ 1 ᠤ ᠡᠳᠤᠷ ᠠᠴᠠ ᠡᠬᠢᠯᠡᠨ᠂ ︽ᠪᠦᠬᠦᠲᠡ ᠨᠠᠶᠢᠷᠠᠮᠳᠠᠬᠤ ᠲᠤᠮᠳᠠᠲᠦ ᠠᠷᠡᠳ ᠤᠯᠤᠰ ᠤᠨ | ᠲᠠᠷᠢᠶᠠᠨ ᠭᠠᠵᠠᠷ ᠢ ᠡᠵᠡᠯᠡᠭᠰᠡᠨ ᠭᠠᠶᠢᠯᠢ ᠶᠢᠨ ᠬᠠᠦᠯᠢ︾ ᠶᠢ ᠵᠢᠩᠭᠢᠨᠢ ᠪᠠᠷ ᠭᠡᠷᠡᠭᠵᠢᠭᠦᠯᠵᠦ ᠡᠬᠢᠯᠡᠨ᠎ᠡ᠃ ᠲᠠᠷᠢᠶᠠᠨ | ᠭᠠᠵᠠᠷ ᠢ ᠡᠵᠡᠯᠡᠵᠦ ᠪᠠᠷᠢᠯᠭ᠎ᠠ ᠪᠠᠷᠢᠭᠰᠡᠨ ᠪᠤᠶᠦ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠡ ᠶᠢ ᠡᠷᠬᠢᠯᠡᠵᠦ | ᠪᠠᠶᠢᠭ᠎ᠠ ᠪᠠᠶᠢᠭᠤᠯᠤᠯᠲᠡ ᠨᠢᠭᠡᠴᠡ ᠪᠡ ᠬᠤᠪᠢ ᠬᠦᠮᠦᠨ ᠲᠤᠰ ᠬᠠᠦᠯᠢ ᠶᠢᠨ ᠲᠤᠬᠳᠠᠭᠠᠯ ᠶᠤᠰᠤᠭᠠᠷ ᠲᠠᠷᠢᠶᠠᠨ ᠭᠠᠵᠠᠷ | ᠢ ᠡᠵᠡᠯᠡᠭᠰᠡᠨ ᠭᠠᠶᠢᠯᠢ ᠲᠤᠰᠢᠶᠠᠪᠡᠯ ᠵᠤᠬᠢᠨ᠎ᠡ᠃ ᠡᠭᠦᠨ ᠤ ᠬᠠᠮᠲᠦ ᠲᠦᠷᠪᠠᠨ ᠲᠦᠷᠦᠯ ᠤᠨ ᠭᠠᠶᠢᠯᠢ ᠠᠴᠠ | ᠬᠡᠯᠳᠤᠷᠢᠭᠦᠯᠬᠦ ᠪᠠᠶᠢᠲᠡᠯ ᠢ ᠲᠤᠳᠤᠷᠬᠠᠶᠢᠯᠠᠭᠰᠡᠨ ᠪᠠᠶᠢᠨ᠎ᠡ᠃ | ᠭᠤᠷᠪᠡ᠂ ᠰᠢᠶᠠᠩᠭᠠᠩ ᠤᠤᠮᠧᠨ ᠲᠠᠶᠢᠸᠠᠨ ᠢᠶᠠᠷ ᠵᠤᠷᠴᠢᠬᠤ ᠦᠨᠡᠮᠯᠡᠯ ᠤᠨ ᠬᠡᠯᠪᠡᠷᠢ ᠶᠢᠨ ᠨᠡᠪᠳᠠᠷᠠᠬᠦ ᠦᠨᠡᠮᠯᠡᠯ | ᠬᠦᠴᠦᠨ ᠦᠭᠡᠢ ᠪᠤᠯᠤᠨ᠎ᠡ | ᠤᠯᠤᠰ ᠤᠨ ᠨᠡᠭᠦᠲᠡᠯ ᠠᠷᠡᠳ ᠤᠨ ᠬᠠᠮᠢᠶᠠᠷᠤᠯᠲᠡ ᠶᠢᠨ ᠲᠤᠪᠴᠢᠶ᠎ᠡ ᠠᠴᠠ᠂ ᠤᠳᠤ ᠶᠢᠨ ᠬᠡᠷᠡᠭᠯᠡᠵᠦ ᠪᠠᠶᠢᠭ᠎ᠠ | ᠦᠨᠡᠮᠯᠡᠯ ᠤᠨ ᠬᠡᠯᠪᠡᠷᠢ ᠶᠢᠨ ᠰᠢᠶᠠᠩᠭᠠᠩ ᠤᠤᠮᠧᠨ ᠲᠠᠶᠢᠸᠠᠨ ᠢᠶᠠᠷ ᠵᠤᠷᠴᠢᠬᠤ ᠨᠡᠪᠳᠡᠷᠡᠬᠦ ᠦᠨᠡᠮᠯᠡᠯ ᠢ 2019 ᠤᠨ | ᠤ 9 ᠰᠡᠷ᠎ᠡ ᠶᠢᠨ 9 ᠰᠡᠷ᠎ᠡ ᠶᠢᠨ 13 ᠤ ᠡᠳᠤᠷ ᠪᠤᠯᠬᠤ ᠳᠤ ᠪᠦᠬᠦᠨ ᠢ ᠬᠦᠴᠦᠨ ᠦᠭᠡᠢ ᠪᠤᠯᠭᠠᠨ᠎ᠡ ᠭᠡᠰᠡᠨ | ᠰᠠᠨᠠᠭᠤᠯᠤᠮᠵᠢ ᠨᠠᠶᠢᠳᠡᠯᠡᠵᠠᠢ᠃ ᠰᠢᠶᠠᠩᠭᠠᠩ ᠤᠤᠮᠧᠨ ᠲᠠᠶᠢᠸᠠᠨ ᠳᠤ ᠤᠴᠢᠬᠤ ᠰᠠᠨᠠᠭ᠎ᠠ ᠲᠠᠢ ᠪᠤᠯ ᠤᠷᠢᠳᠡᠪᠡᠷ ᠺᠠᠷᠲ | ᠬᠡᠯᠪᠡᠷᠢ ᠶᠢᠨ ᠡᠯᠧᠺᠲᠷᠤᠨ ᠰᠢᠶᠠᠩᠭᠠᠩ ᠤᠤᠮᠧᠨ ᠲᠠᠶᠢᠸᠠᠨ ᠢᠶᠠᠷ ᠵᠤᠷᠴᠢᠬᠤ ᠦᠨᠡᠮᠯᠡᠯ ᠢ ᠭᠤᠶᠤᠴᠢᠯᠠᠵᠦ ᠠᠪᠤᠪᠡᠯ | ᠪᠤᠯᠴᠢᠬᠠᠨ᠎ᠡ᠃ | ᠲᠦᠷᠪᠡ᠂ ᠮᠡᠷᠭᠡᠵᠢᠯ ᠤᠨ ᠴᠤᠯᠠ ᠶᠢᠨ ᠬᠢᠨᠠᠨ ᠲᠤᠬᠳᠠᠭᠠᠯᠲᠡ ᠳᠤ ᠰᠢᠨ᠎ᠡ ᠬᠤᠪᠢᠷᠠᠯᠲᠡ ᠲᠠᠢ | ︽ᠮᠡᠷᠭᠡᠵᠢᠯ ᠤᠨ ᠴᠤᠯᠠ ᠶᠢᠨ ᠬᠢᠨᠠᠨ ᠲᠤᠬᠳᠠᠭᠠᠯᠲᠡ ᠶᠢᠨ ᠬᠠᠮᠢᠶᠠᠷᠤᠯᠲᠡ ᠶᠢᠨ ᠲᠦᠷ ᠬᠡᠷᠡᠭᠵᠢᠭᠦᠯᠬᠦ | ᠲᠤᠬᠳᠠᠭᠠᠯ︾ ᠢ 9 ᠰᠡᠷ᠎ᠡ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠦᠨ᠎ᠡ᠃ ᠡᠭᠦᠨ ᠳᠤ ᠮᠡᠷᠭᠡᠵᠢᠯ ᠤᠨ ᠴᠤᠯᠠ | ᠶᠢᠨ ᠬᠢᠨᠠᠨ ᠲᠤᠬᠳᠠᠭᠠᠯᠲᠡ ᠶᠢᠨ ᠬᠠᠮᠢᠶᠠᠷᠤᠯᠲᠡ ᠶᠢᠨ ᠭᠤᠤᠯ ᠪᠤᠯᠬᠤ ᠲᠤᠬᠳᠠᠭᠠᠯᠲᠡ ᠪᠡ ᠶᠠᠪᠤᠴᠡ ᠶᠢ | ᠲᠤᠳᠤᠷᠬᠠᠶᠢᠯᠠᠵᠦ᠂ ᠬᠢᠨᠠᠨ ᠲᠤᠬᠳᠠᠭᠠᠯᠲᠡ ᠶᠢᠨ ᠪᠦᠬᠦ ᠶᠠᠪᠤᠴᠡ ᠳᠤ ᠲᠦᠷᠢᠮᠵᠢᠭᠰᠡᠨ ᠬᠠᠮᠢᠶᠠᠷᠤᠯᠲᠡ ᠬᠢᠬᠦ ᠪᠤᠯᠤᠨ᠎ᠡ᠃ | ᠲᠤᠬᠳᠠᠭᠠᠯ ᠳᠤ᠂ ᠮᠡᠷᠭᠡᠵᠢᠯ ᠤᠨ ᠴᠤᠯᠠ ᠶᠢᠨ ᠬᠢᠨᠠᠨ ᠲᠤᠬᠳᠠᠭᠠᠯᠲᠡ ᠶᠢᠨ ᠠᠵᠢᠯ ᠢ ᠶᠠᠪᠤᠬᠳᠠᠭᠤᠯᠬᠤ ᠳᠤ ᠮᠡᠷᠭᠡᠵᠢᠯ | ᠤᠨ ᠴᠤᠯᠠ ᠶᠢᠨ ᠬᠢᠨᠠᠨ ᠲᠤᠬᠳᠠᠭᠠᠯᠲᠡ ᠶᠢᠨ ᠵᠦᠪᠯᠡᠯ ᠢ ᠵᠤᠬᠢᠶᠠᠨ ᠪᠠᠶᠢᠭᠤᠯᠬᠤ ᠠᠵᠢᠯ ᠢ ᠭᠤᠶᠤᠴᠢᠯᠠᠬᠤ ᠬᠡᠷᠡᠭᠲᠠᠢ | ᠭᠡᠵᠦ ᠱᠠᠭᠠᠷᠳᠠᠭᠰᠡᠨ ᠪᠠᠶᠢᠨ᠎ᠡ᠃ | ᠲᠠᠪᠤ᠂ ᠬᠡᠰᠡᠭ ᠪᠠᠭ᠎ᠠ ᠬᠡᠯᠪᠡᠷᠢ ᠶᠢᠨ ᠠᠶᠠᠨᠴᠢᠨ ᠤ ᠮᠠᠰᠢᠨ ᠲᠡᠷᠭᠡ ᠶᠢᠨ ᠨᠡᠪᠲᠡᠷᠡᠬᠦ ᠰᠦᠢᠳᠭᠡᠯ ᠢ | ᠪᠠᠭᠤᠷᠠᠭᠤᠯᠤᠨ᠎ᠡ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠠᠰᠠᠪᠦᠷᠢ ᠤᠷᠤᠭᠤᠯᠤᠭᠰᠡᠨ ᠤ ᠲᠠᠷᠠᠭᠠᠬᠢ ︽ᠵᠠᠰᠠᠮᠠᠯ ᠵᠠᠮ ᠢᠶᠠᠷ | ᠨᠡᠪᠲᠡᠷᠡᠬᠦ ᠮᠠᠰᠢᠨ ᠲᠡᠷᠭᠡ ᠶᠢ ᠲᠦᠷᠦᠯ ᠬᠤᠪᠢᠶᠠᠨ ᠰᠦᠢᠳᠭᠡᠯ ᠬᠤᠷᠢᠶᠠᠬᠤ ᠲᠤᠬᠳᠠᠭᠠᠯ︾ ᠢ ᠨᠠᠶᠢᠳᠠᠯᠡᠵᠦ᠂ 9 ᠰᠡᠷ᠎ᠡ | ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠦᠨ᠎ᠡ᠃ ᠰᠢᠨ᠎ᠡ ᠲᠤᠬᠳᠠᠭᠠᠯ ᠳᠤ᠂ 8 ᠬᠦᠮᠦᠨ ᠪᠤᠶᠦ 9 ᠬᠦᠮᠦᠨ | ᠰᠠᠭᠤᠵᠦ ᠲᠡᠶᠢᠯᠲᠡᠭ ᠮᠠᠰᠢᠨ ᠲᠡᠷᠭᠡ ᠶᠢ ᠤᠤᠯ ᠳᠠᠭᠠᠨ 2 ᠳ᠋ᠣᠭᠠᠷ ᠲᠦᠷᠦᠯ ᠤᠨ ᠮᠠᠰᠢᠨ ᠲᠡᠷᠭᠡ ᠪᠠᠶᠢᠬᠰᠡᠨ ᠠᠴᠠ | 1 ᠳ᠋ᠤᠭᠡᠷ ᠲᠦᠷᠦᠯ ᠤᠨ ᠮᠠᠰᠢᠨ ᠲᠡᠷᠭᠡ ᠪᠠᠷ ᠪᠤᠳᠤᠵᠦ᠂ ᠰᠦᠢᠳᠭᠡᠯ ᠬᠤᠷᠢᠶᠠᠬᠤ ᠪᠠᠷᠢᠮᠵᠢᠶ᠎ᠡ ᠶᠢ | ᠲᠤᠷᠤᠭᠰᠢᠯᠠᠭᠤᠯᠤᠭᠰᠡᠨ ᠪᠠᠶᠢᠨ᠎ᠡ᠃ | ᠵᠢᠷᠭᠤᠭ᠎ᠠ᠂ ᠡᠮᠴᠢᠯᠡᠭᠡᠨ ᠳᠤ ᠬᠡᠷᠡᠭᠯᠡᠬᠦ ᠬᠤᠷᠤᠬᠳᠠᠬᠤ ᠮᠠᠲ᠋ᠧᠷᠢᠶᠡᠯ ᠢ ᠬᠤᠳᠠᠯᠳᠤᠨ ᠠᠪᠬᠤ ᠬᠠᠮᠢᠶᠠᠷᠤᠯᠲᠡ ᠶᠢ | ᠨᠠᠩ ᠲᠦᠷᠢᠮᠵᠢᠭᠦᠯᠦᠨ᠎ᠡ | ︽ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠳᠤ ᠬᠡᠷᠡᠭᠯᠡᠬᠦ ᠬᠤᠷᠤᠭᠳᠠᠬᠤ ᠮᠠᠲ᠋ᠧᠷᠢᠶᠠᠯ ᠤᠨ | ᠬᠠᠮᠢᠶᠠᠷᠤᠯᠲᠡ ᠶᠢᠨ ᠠᠷᠭ᠎ᠠ ︵ᠲᠤᠷᠰᠢᠨ ᠬᠡᠷᠡᠭᠯᠡᠬᠦ︶︾ ᠶᠢ 9 ᠰᠡᠷ᠎ᠡ ᠶᠢᠨ 1 ᠤ ᠡᠳᠤᠷ ᠠᠴᠠ ᠡᠬᠢᠯᠡᠨ | ᠬᠡᠷᠡᠭᠵᠢᠭᠦᠯᠦᠨ᠎ᠡ᠃ ︽ᠠᠷᠭ᠎ᠠ︾ ᠳᠤ᠂ ᠡᠮᠴᠢᠯᠡᠭᠡᠨ ᠳᠤ ᠬᠡᠷᠡᠭᠯᠡᠬᠦ ᠬᠤᠷᠤᠭᠳᠠᠬᠤ ᠮᠠᠲ᠋ᠧᠷᠢᠶᠡᠯ ᠢ ᠬᠤᠳᠠᠯᠳᠤᠨ ᠠᠪᠬᠤ | ᠳᠠᠭᠠᠨ ᠨᠢᠭᠡᠳᠤᠯᠲᠠᠢ ᠬᠠᠮᠢᠶᠠᠷᠤᠯᠲᠡ ᠬᠢᠵᠦ᠂ ᠬᠤᠶᠠᠳᠤᠭᠠᠷ ᠲᠡᠰ ᠠᠴᠠ ᠲᠡᠭᠡᠭᠰᠢᠭᠢ ᠡᠮ ᠡᠮᠨᠡᠯᠭᠡ ᠶᠢᠨ ᠪᠠᠶᠢᠭᠤᠯᠤᠮᠵᠢ | ᠳᠤ ᠡᠮᠴᠢᠯᠡᠭᠡᠨ ᠳᠤ ᠬᠡᠷᠡᠭᠯᠡᠬᠦ ᠬᠤᠷᠤᠭᠳᠠᠬᠤ ᠮᠠᠲ᠋ᠧᠷᠢᠶᠡᠯ ᠤᠨ ᠬᠠᠮᠢᠶᠠᠷᠤᠯᠲᠡ ᠶᠢᠨ ᠬᠡᠯᠲᠡᠰ ᠢ ᠪᠠᠶᠢᠷᠢᠯᠠᠭᠤᠯᠵᠦ᠂ | ᠪᠤᠰᠤᠳ ᠬᠡᠯᠲᠡᠰ ᠪᠤᠶᠦ ᠰᠠᠯᠠᠭ᠎ᠠ ᠮᠦᠴᠢᠷ ᠬᠤᠳᠠᠯᠳᠤᠨ ᠠᠪᠬᠤ ᠠᠵᠢᠯᠯᠠᠭ᠎ᠠ ᠳᠤ ᠤᠷᠤᠯᠴᠠᠵᠦ ᠪᠤᠯᠬᠤ ᠦᠭᠡᠢ᠃ | ᠲᠤᠯᠤᠭ᠎ᠠ᠂ ᠭᠠᠭᠴᠠᠭᠠᠷ ᠡᠵᠡᠮᠰᠢᠯ ᠢ ᠡᠰᠡᠷᠭᠦᠴᠡᠬᠦ ᠢᠵᠢ ᠪᠦᠷᠢᠳᠦᠭᠰᠡᠨ ᠭᠤᠷᠪᠠᠨ ᠲᠦᠷᠢᠮ ᠲᠤᠬᠳᠠᠭᠠᠯ | ᠡᠬᠢᠯᠡᠵᠦ ᠬᠡᠷᠡᠭᠵᠢᠭᠦᠯᠦᠭᠲᠡᠨᠡ | 9 ᠰᠡᠷ᠎ᠡ ᠶᠢᠨ 1 ᠤ ᠡᠳᠤᠷ ᠠᠴᠠ ᠡᠬᠢᠯᠡᠨ᠂ ᠤᠯᠤᠰ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠲᠡ ᠶᠢᠨ | ᠶᠡᠷᠦᠩᠭᠡᠢ ᠲᠤᠪᠴᠢᠶ᠎ᠡ ᠠᠴᠠ ᠨᠡᠶᠢᠲᠡᠯᠡᠭᠰᠡᠨ ︽ᠭᠠᠭᠴᠠᠭᠠᠷ ᠡᠵᠡᠮᠰᠢᠯ ᠤᠨ ᠬᠡᠯᠡᠯᠴᠡᠭᠡᠷ ᠢ ᠴᠠᠭᠠᠵᠠᠯᠠᠬᠤ ᠲᠦᠷ | ᠬᠡᠷᠡᠭᠵᠢᠭᠦᠯᠬᠦ ᠲᠦᠷᠢᠮ︾᠂ ︽ᠵᠠᠬ᠎ᠠ ᠲᠡᠯᠭᠡᠭᠦᠷ ᠤᠨ ᠡᠵᠡᠮᠰᠢᠯ ᠤᠨ ᠪᠠᠶᠢᠷᠢ ᠰᠠᠭᠤᠷᠢ ᠶᠢᠨ ᠠᠵᠢᠯᠯᠠᠭ᠎ᠠ ᠶᠢ | ᠴᠠᠭᠠᠵᠠᠯᠠᠬᠤ ᠲᠦᠷ ᠬᠡᠷᠡᠭᠵᠢᠭᠦᠯᠬᠦ ᠲᠦᠷᠢᠮ︾᠂ ︽ᠵᠠᠰᠠᠭ ᠵᠠᠬᠢᠷᠭᠠᠨ ᠤ ᠡᠷᠭᠡ ᠶᠢ ᠠᠷᠢᠯᠭᠠᠬᠤ ᠦᠷᠢᠰᠦᠯᠳᠦᠭᠡᠨ ᠤ | ᠠᠵᠢᠯᠯᠠᠭ᠎ᠠ ᠶᠢ ᠬᠢᠵᠠᠭᠠᠷᠯᠠᠬᠤ ᠲᠦᠷ ᠬᠡᠷᠡᠭᠵᠢᠭᠦᠯᠬᠦ ᠲᠦᠷᠢᠮ︾ ᠵᠡᠷᠭᠡ ᠢᠵᠢ ᠪᠦᠷᠢᠳᠦᠭᠰᠡᠨ ᠭᠤᠷᠪᠠᠨ ᠲᠦᠷᠢᠮ | ᠲᠤᠬᠳᠠᠭᠠᠯ ᠵᠢᠩᠭᠢᠨᠢ ᠪᠠᠷ ᠬᠡᠷᠡᠭᠵᠢᠭᠦᠯᠦᠭᠲᠡᠬᠦ ᠪᠤᠯᠤᠨ᠎ᠡ᠃ | | ᠨᠠᠶᠢᠷᠠᠭᠤᠯᠤᠭᠴᠢ᠄ ᠤᠶᠠᠬᠠᠨ | ᠬᠦᠢᠴᠡᠳᠭᠡᠭᠴᠢ ᠬᠢᠨᠠᠬᠴᠢ᠄ ᠸᠠᠩ ᠸᠧᠨ ᠶᠢᠩ | ᠶᠡᠷᠦᠩᠭᠡᠢ ᠬᠢᠨᠠᠬᠴᠢ᠄ ᠵᠠᠩ ᠬᠦᠢ ᠵᠧᠨ | ︽ᠪᠠᠭᠠᠳᠤᠷᠯᠢᠭ ᠲᠠᠷᠬᠠᠨ ᠮᠤᠤᠮᠢᠩᠭᠠᠨ︾ ᠵᠢᠷᠬᠢᠶ᠎ᠡ ᠠᠴᠠ ᠪᠠᠭᠤᠯᠭᠠᠪᠡ |