2019 ᠤᠨ ᠤ ᠲᠦᠷᠦᠭᠦᠤ ᠭᠤᠷᠪᠠᠨ ᠤᠯᠠᠷᠢᠯ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠯᠴᠢᠨ ᠲᠠᠷᠢᠶᠠᠴᠢᠨ ᠤ ᠠᠮᠢᠳᠤᠷᠠᠯ ᠤᠨ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2019-11-01
     ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠡᠷᠦᠬᠡ ᠶᠢᠨ ᠰᠤᠭᠤᠴᠢᠨ ᠪᠠᠶᠢᠴᠠᠭᠠᠯᠲᠡ ᠠᠴᠠ ᠦᠢᠯᠠᠭᠠᠬᠰᠡᠨ  ᠨᠢ᠂ 2019 ᠤᠨ ᠤ ᠲᠦᠷᠦᠭᠦᠤ ᠭᠤᠷᠪᠠᠨ ᠤᠯᠠᠷᠢᠯ ᠳᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 6247 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃ ᠡᠭᠦᠨ ᠳᠤ᠄ ᠢᠳᠡᠭᠡᠨ ᠪᠠ ᠠᠷᠢᠬᠢ ᠲᠠᠮᠠᠬᠢᠨ ᠤ ᠵᠠᠷᠤᠯᠭ᠎ᠠ 1891 ᠲᠥᠭᠦᠷᠢᠭ᠂ 6.2% ᠢᠶᠠᠷ ᠨᠡᠮᠡᠭᠳᠡᠪᠡ︔ ᠬᠤᠪᠴᠠᠰᠤ ᠬᠤᠨᠠᠷ ᠤᠨ ᠵᠠᠷᠤᠯᠭ᠎ᠠ 581 ᠲᠥᠭᠦᠷᠢᠭ᠂ 7.6% ᠪᠠᠷ ᠨᠡᠮᠡᠭᠳᠡᠪᠡ︔ ᠣᠷᠣᠨ ᠰᠠᠭᠤᠴᠠ ᠶᠢᠨ ᠵᠠᠷᠤᠯᠭ᠎ᠠ 560 ᠲᠦᠭᠦᠷᠢᠭ᠂ 9.8% ᠪᠠᠷ ᠨᠡᠮᠡᠭᠲᠡᠪᠡ︔ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ 372 ᠲᠥᠭᠦᠷᠢᠭ᠂ 24% ᠪᠠᠷ ᠨᠡᠮᠡᠭᠳᠡᠪᠡ︔ ᠵᠠᠮ ᠬᠠᠷᠢᠯᠴᠠᠭ᠎ᠠ ᠴᠢᠮᠡᠭᠡ ᠬᠤᠯᠪᠣᠭ᠎ᠠ ᠶᠢᠨ ᠵᠠᠷᠤᠯᠭ᠎ᠠ 1400 ᠲᠦᠭᠦᠷᠢᠭ᠂ 6.9% ᠪᠠᠷ ᠨᠡᠮᠡᠭᠲᠡᠪᠡ︔ ᠰᠤᠷᠭᠠᠨ ᠬᠥᠮᠦᠵᠢᠯ ᠰᠣᠶᠣᠯ ᠴᠡᠩᠭᠡᠯ ᠤᠨ ᠵᠠᠷᠤᠯᠭ᠎ᠠ 602 ᠲᠥᠭᠦᠷᠢᠭ᠂ 15.8% ᠪᠠᠷ ᠨᠡᠮᠡᠭᠳᠡᠪᠡ︔ ᠡᠮ ᠡᠮᠨᠡᠯᠭᠡ ᠡᠷᠡᠭᠦᠯ ᠴᠢᠬᠢᠷᠠᠭ ᠤᠨ ᠵᠠᠷᠤᠯᠭ᠎ᠠ 762 ᠲᠥᠭᠦᠷᠢᠭ᠂ 4.8% ᠪᠠᠷ ᠨᠡᠮᠡᠭᠳᠡᠪᠡ︔ ᠪᠤᠰᠤᠳ ᠬᠡᠷᠡᠭᠯᠡᠭᠡᠨ  ᠤ ᠵᠦᠶᠯ ᠪᠠ ᠦᠶᠯᠡᠴᠢᠯᠡᠭᠡᠨ ᠤ ᠵᠠᠷᠤᠯᠭ᠎ᠠ 79 ᠲᠥᠭᠦᠷᠢᠭ ᠪᠠᠶᠢᠵᠤ᠂ 12.9% ᠪᠠᠷ ᠨᠡᠮᠡᠭᠳᠡᠪᠡ᠃
 
ᠢᠷᠡᠯᠲᠡ᠄ ᠲᠠᠷᠬᠠᠨ ᠮᠤᠤᠮᠢᠩᠭᠠᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号